ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠦᠷᠢᠮ᠎ᠤᠨ ᠦᠭᠡᠷᠡᠴᠢᠯᠡᠯᠳᠠ ᠵᠢ ᠠᠬᠢᠭᠤᠯᠬᠤ ᠬᠦᠳᠡᠭᠡ ᠲᠤᠰᠬᠤᠨ᠎ᠤ ᠳᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠬᠠᠮᠢᠶᠠᠷᠤᠯᠳᠠ ᠵᠢᠨ ᠠᠵᠢᠯ᠎ᠢ ᠰᠠᠢ᠍ᠢ᠍ᠳᠤᠷ ᠬᠢᠬᠦ ᠲᠤᠬᠠᠢ ᠴᠢᠬᠤᠯᠠ ᠵᠢᠭ᠋ᠠᠪᠤᠷᠢ ᠥᠭᠪᠡ
ᠨᠡᠶ᠋ᠢᠲᠡᠯᠡᠭᠰᠡᠨ ᠴᠠᠭ᠄ 2020-11-03

      ᠰᠢ ᠵᠢᠨ ᠫᠢᠩ᠄ ᠲᠠᠷᠢᠶᠠᠴᠢᠨ᠎ᠤ ᠡᠷᠭᠡ ᠠᠰᠢᠬ᠎ᠢ ᠬᠠᠤᠯᠢ ᠶᠤᠰᠤᠭ᠋ᠠᠷ ᠬᠠᠮᠠᠭ᠋ᠠᠯᠠᠬᠤ᠎ᠪᠠᠷ ᠵᠤᠷᠢᠯᠳᠠ ᠪᠠ ᠲᠤᠰᠤᠯᠳᠠ ᠪᠤᠯᠭ᠋ᠠᠬᠤ ᠵᠢ ᠪᠠᠷᠢᠮᠳᠠᠯᠠᠵᠦ ᠬᠤᠶᠠᠳᠤᠭ᠋ᠠᠷ ᠡᠭᠡᠯᠵᠢ ᠵᠢᠨ ᠭᠠᠵᠠᠷ ᠰᠢᠷᠤᠢ ᠵᠢᠨ ᠳᠠᠭ᠋ᠠᠭ᠋ᠠᠴᠢᠯᠠᠯᠳᠠ ᠵᠢᠨ ᠬᠤᠭᠤᠴᠠᠭ᠎ᠠ ᠲᠠᠭᠤᠰᠤᠭᠰᠠᠨ᠎ᠤ ᠳᠠᠷᠠᠭ᠎ᠠ ᠲᠠᠬᠢᠨ 30 ᠵᠢᠯ ᠤᠷᠳᠤᠳᠬᠠᠬᠤ ᠠᠵᠢᠯ᠎ᠢ ᠯᠠᠪᠳᠠᠭᠤᠨ ᠪᠠᠳᠤᠳᠠᠢ ᠠᠬᠢᠭᠤᠯᠤᠨ ᠬᠦᠳᠡᠭᠡ ᠲᠤᠰᠬᠤᠨ᠎ᠤ ᠦᠨᠳᠦᠰᠦᠨ ᠡᠵᠡᠩᠨᠡᠯᠳᠠ ᠵᠢᠨ ᠲᠦᠷᠢᠮ᠎ᠢ ᠢᠮᠠᠬᠳᠠ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠪᠠᠢ᠍ᠢ᠍ᠯᠭ᠋ᠠᠬᠤ ᠭᠡᠷᠡᠭᠲᠡᠢ


      ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ᠎ᠳᠤ ᠰᠢᠨ᠎ᠠ ᠴᠠᠭ ᠦᠶ᠎ᠠ᠎ᠳᠤ ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠦᠷᠢᠮ᠎ᠤᠨ ᠦᠭᠡᠷᠡᠴᠢᠯᠡᠯᠳᠠ ᠵᠢ ᠠᠬᠢᠭᠤᠯᠬᠤ᠂ ᠬᠦᠳᠡᠭᠡ ᠲᠤᠰᠬᠤᠨ᠎ᠤ ᠳᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠬᠠᠮᠢᠶᠠᠷᠤᠯᠳᠠ ᠵᠢᠨ ᠠᠵᠢᠯ᠎ᠢ ᠰᠠᠢ᠍ᠢ᠍ᠳᠤᠷ ᠬᠢᠬᠦ ᠲᠤᠬᠠᠢ ᠴᠢᠬᠤᠯᠠ ᠵᠢᠭ᠋ᠠᠪᠤᠷᠢ ᠦᠭᠬᠦ᠎ᠳᠡᠭᠡᠨ᠂ ᠬᠦᠳᠡᠭᠡ ᠲᠤᠰᠬᠤᠨ᠎ᠤ ᠳᠠᠭ᠋ᠠᠭ᠋ᠠᠴᠢᠯᠠᠬᠰᠠᠨ ᠭᠠᠵᠠᠷ᠎ᠤᠨ ᠡᠷᠭᠡ ᠵᠢ ᠨᠤᠳᠠᠯᠠᠨ ᠲᠤᠬᠳᠠᠭ᠋ᠠᠵᠦ ᠪᠦᠷᠢᠳᠭᠡᠨ ᠲᠠᠨᠭ᠌ᠰᠠᠯᠠᠵᠦ ᠦᠨᠡᠮᠯᠡᠯ ᠤᠯᠭᠤᠬᠤ ᠠᠵᠢᠯ᠎ᠢ ᠦᠷᠨᠢᠬᠦᠯᠤᠭᠡᠳ ᠭᠠᠵᠠᠷ ᠰᠢᠷᠤᠢ ᠵᠢ ᠳᠠᠭ᠋ᠠᠭ᠋ᠠᠴᠢᠯᠠᠨ ᠡᠵᠡᠩᠨᠡᠬᠦ ᠡᠷᠭᠡ᠎ᠳᠠᠬᠢ ᠪᠤᠳᠠᠰ᠎ᠤᠨ ᠡᠷᠭᠡ ᠵᠢᠨ ᠬᠠᠮᠠᠭ᠋ᠠᠯᠠᠯᠳᠠ ᠵᠢ ᠲᠤᠭᠳᠠᠭ᠋ᠠᠵᠦ᠂ ᠲᠠᠷᠢᠶᠠᠴᠢᠨ᠎ᠢ ᠤᠷᠳᠤ ᠬᠤᠭᠤᠴᠠᠭ᠎ᠠ᠎ᠪᠠᠷ ᠰᠠᠨᠠᠭ᠎ᠠ ᠠᠮᠤᠷ ᠪᠠᠢ᠍ᠢ᠍ᠯᠭ᠋ᠠᠵᠦ᠂ ᠬᠦᠳᠡᠭᠡ ᠲᠤᠰᠬᠤᠨ᠎ᠤ ᠦᠨᠳᠦᠰᠦᠨ ᠡᠵᠡᠩᠨᠡᠯᠳᠠ ᠵᠢᠨ ᠲᠦᠷᠢᠮ᠎ᠢ ᠪᠡᠬᠢᠵᠢᠬᠦᠯᠦᠨ ᠳᠡᠬᠦᠯᠳᠡᠷᠵᠢᠬᠦᠯᠪᠡ᠃ ᠰᠢᠨ᠎ᠠ ᠴᠠᠭ ᠦᠶ᠎ᠠ᠎ᠳᠤ ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠦᠷᠢᠮ᠎ᠤᠨ ᠦᠭᠡᠷᠡᠴᠢᠯᠡᠯᠳᠠ ᠵᠢ ᠠᠬᠢᠭᠤᠯᠬᠤ᠎ᠳᠤ᠂ ᠲᠠᠷᠢᠶᠠᠴᠢᠨ᠎ᠤ ᠡᠷᠭᠡ ᠠᠰᠢᠬ᠎ᠢ ᠬᠠᠤᠯᠢ ᠶᠤᠰᠤᠭ᠋ᠠᠷ ᠬᠠᠮᠠᠭ᠋ᠠᠯᠠᠬᠤ᠎ᠪᠠᠷ ᠵᠤᠷᠢᠯᠳᠠ ᠪᠠ ᠲᠤᠰᠤᠯᠳᠠ ᠪᠤᠯᠭ᠋ᠠᠬᠤ ᠵᠢ ᠪᠠᠷᠢᠮᠳᠠᠯᠠᠵᠦ᠂ ᠬᠦᠳᠡᠭᠡ ᠲᠤᠰᠬᠤᠨ᠎ᠤ ᠭᠠᠵᠠᠷ ᠰᠢᠷᠤᠢ ᠵᠢ ᠲᠠᠷᠢᠶᠠᠴᠢᠳ ᠬᠠᠮᠳᠤ᠎ᠪᠠᠷ ᠦᠮᠴᠢᠯᠡᠬᠦ ᠲᠦᠷᠢᠮ᠎ᠢ ᠭᠤᠢ᠍ᠢ᠍ᠪᠢᠰᠢ ᠦᠭᠡᠢ ᠪᠠᠷᠢᠮᠳᠠᠯᠠᠨ᠂ ᠭᠡᠷ ᠪᠦᠯᠢ ᠵᠢᠨ ᠳᠠᠭ᠋ᠠᠭ᠋ᠠᠴᠢᠯᠠᠨ ᠡᠵᠡᠩᠨᠡᠬᠦ ᠰᠠᠭᠤᠷᠢ ᠴᠢᠨᠠᠷᠳᠠᠢ ᠪᠠᠢ᠍ᠢ᠍ᠷᠢ ᠰᠠᠭᠤᠷᠢ ᠵᠢ ᠭᠤᠢ᠍ᠢ᠍ᠪᠢᠰᠢ ᠦᠭᠡᠢ ᠪᠠᠷᠢᠮᠳᠠᠯᠠᠬᠤ ᠭᠡᠷᠡᠭᠲᠡᠢ᠃ ᠬᠦᠳᠡᠭᠡ ᠲᠤᠰᠬᠤᠨ᠎ᠤ ᠳᠠᠭ᠋ᠠᠭ᠋ᠠᠴᠢᠯᠠᠬᠰᠠᠨ ᠭᠠᠵᠠᠷ᠎ᠤᠨ ᠡᠷᠭᠡ ᠵᠢ ᠨᠤᠳᠠᠯᠠᠨ ᠲᠤᠬᠳᠠᠭ᠋ᠠᠵᠦ ᠪᠦᠷᠢᠳᠭᠡᠨ ᠲᠠᠨᠭ᠌ᠰᠠᠯᠠᠵᠦ ᠦᠨᠡᠮᠯᠡᠯ ᠤᠯᠭᠤᠬᠰᠠᠨ ᠦᠷ᠎ᠠ ᠪᠦᠳᠦᠭᠡᠯ᠎ᠢ ᠠᠰᠢᠬᠯᠠᠵᠦ᠂ ᠬᠤᠶᠠᠳᠤᠭ᠋ᠠᠷ ᠡᠭᠡᠯᠵᠢ ᠵᠢᠨ ᠭᠠᠵᠠᠷ ᠰᠢᠷᠤᠢ ᠵᠢᠨ ᠳᠠᠭ᠋ᠠᠭ᠋ᠠᠴᠢᠯᠠᠯᠳᠠ ᠵᠢᠨ ᠬᠤᠭᠤᠴᠠᠭ᠎ᠠ ᠲᠠᠭᠤᠰᠤᠭᠰᠠᠨ᠎ᠤ ᠳᠠᠷᠠᠭ᠎ᠠ ᠲᠠᠬᠢᠨ 30 ᠵᠢᠯ ᠤᠷᠳᠤᠳᠬᠠᠬᠤ ᠠᠵᠢᠯ᠎ᠢ ᠯᠠᠪᠳᠠᠭᠤᠨ ᠪᠠᠳᠤᠳᠠᠢ ᠠᠬᠢᠭᠤᠯᠤᠨ᠂ ᠬᠦᠳᠡᠭᠡ ᠲᠤᠰᠬᠤᠨ᠎ᠤ ᠭᠠᠵᠠᠷ ᠰᠢᠷᠤᠢ ᠵᠢ ᠳᠠᠭ᠋ᠠᠭ᠋ᠠᠴᠢᠯᠠᠬᠤ ᠬᠠᠷᠢᠴᠠᠭ᠎ᠠ ᠲᠤᠭᠳᠠᠭᠤᠨ ᠪᠦᠭᠡᠳ ᠤᠷᠳᠤ ᠬᠤᠭᠤᠴᠠᠭ᠎ᠠ᠎ᠪᠠᠷ ᠬᠤᠪᠢᠷᠠᠬᠤ ᠦᠭᠡᠢ ᠪᠠᠢ᠍ᠢ᠍ᠬᠤ ᠵᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠦᠢ᠍ᠯᠡᠳᠦᠯᠭᠡ ᠵᠢᠨ ᠬᠦᠭᠵᠢᠯᠳᠠ ᠵᠢᠨ ᠱᠠᠭ᠋ᠠᠷᠳᠠᠯᠭ᠎ᠡ ᠵᠢ ᠦᠨᠳᠤᠰᠤᠯᠡᠵᠤ᠂ ᠬᠠᠮᠳᠤ ᠵᠢᠨ ᠦᠮᠴᠢᠯᠠᠯ᠎ᠤᠨ ᠡᠷᠭᠡ᠂ ᠲᠡᠷᠢᠶᠠᠴᠢᠨ ᠡᠷᠦᠭᠡ ᠵᠢᠨ ᠲᠠᠭ᠋ᠠᠭ᠋ᠠᠴᠢᠯᠡᠯᠳᠠ ᠵᠢᠨ ᠡᠷᠭᠡ᠂ ᠭᠠᠵᠠᠷ ᠰᠢᠷᠤᠢ ᠵᠢᠨ ᠡᠵᠡᠨᠭᠨᠡᠯᠳᠠ ᠵᠢᠨ ᠡᠷᠭᠡ ᠵᠢᠨ ᠪᠦᠳᠦᠮᠵᠢᠳᠠᠢ ᠪᠠᠶᠠᠯᠡᠯ᠎ᠤᠨ ᠬᠡᠯᠪᠡᠷᠢ ᠵᠢ ᠪᠠᠶᠠᠯᠢᠬ᠍ᠵᠢᠭᠤᠯᠤᠨ᠂ ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠡᠬᠢ ᠪᠠᠶᠠᠯᠢᠭ᠎ᠢ ᠰᠢᠯᠢᠳᠡᠭᠵᠢᠬᠦᠯᠤᠨ ᠲᠤᠬᠢᠷᠠᠭᠤᠯᠬᠤ ᠵᠢ ᠠᠬᠢᠭᠤᠯᠵᠤ᠂ ᠰᠢᠨ᠎ᠡ ᠬᠡᠯᠪᠡᠷᠢ ᠵᠢᠨ ᠬᠦᠳᠡᠭᠡ ᠠᠵᠤ ᠠᠬᠤᠢ ᠵᠢᠨ ᠡᠵᠡᠨᠭᠨᠡᠯᠳᠠ ᠵᠢᠨ ᠭᠤᠤᠯ ᠴᠤᠬ᠍ᠴᠠ ᠵᠢ ᠢᠳᠡᠪᠬᠢᠳᠠᠢ ᠪᠤᠢ᠍ᠢ᠍ᠵᠢᠭᠤᠯᠤᠨ᠂ ᠬᠦᠳᠡᠭᠡ ᠠᠵᠤ ᠠᠬᠤᠢ ᠵᠢᠨ ᠨᠡᠢ᠍ᠢ᠍ᠭᠡᠮᠴᠢᠯᠡᠭᠰᠡᠨ ᠦᠢ᠍ᠯᠡᠴᠢᠯᠡᠭᠡᠨ᠎ᠤ ᠵᠤᠬᠢᠶᠠᠨ ᠪᠠᠢ᠍ᠢ᠍ᠭᠤᠯᠤᠯᠳᠠ ᠵᠢ ᠬᠦᠭᠵᠢᠬᠦᠯᠤᠨ ᠪᠤᠵᠠᠭ᠋ᠠᠢ᠍ᠢ᠍ᠷᠠᠭᠤᠯᠵᠤ᠂ ᠦᠷᠭᠡᠨ ᠤᠯᠠᠨ ᠵᠢᠵᠢᠭ ᠲᠠᠷᠢᠶᠠᠴᠢᠨ ᠡᠷᠦᠭᠡ ᠵᠢᠨ ᠤᠳᠤ ᠦᠶ᠎ᠡ ᠵᠢᠨ ᠬᠦᠳᠡᠭᠡ ᠠᠵᠤ ᠠᠬᠤᠢ᠎ᠯᠤᠭ᠎ᠠ ᠤᠶᠠᠯᠳᠤᠬᠰᠡᠨ ᠬᠦᠭᠵᠢᠯᠳᠠ ᠵᠢᠨ ᠵᠠᠮ ᠵᠶ᠋ᠠᠷ ᠵᠠᠮᠨᠠᠬᠤ ᠵᠢ ᠵᠤᠷᠢᠬ᠍ᠵᠢᠭᠤᠯᠤᠨ ᠲᠠᠮᠵᠢᠵᠤ᠂ ᠬᠦᠳᠡᠭᠡ ᠲᠤᠰᠬᠤᠨ᠎ᠤ ᠦᠨᠳᠤᠰᠤᠨ ᠡᠵᠡᠨᠭᠨᠡᠯᠳᠠ ᠵᠢᠨ ᠲᠦᠷᠢᠮ᠎ᠢ ᠢᠮᠠᠬᠳᠠ ᠠᠮᠢᠵᠢᠷᠠᠯ᠎ᠤᠨ ᠬᠦᠴᠤᠨ ᠵᠶ᠋ᠠᠷ ᠪᠢᠯᠬᠠᠮ᠎ᠠ ᠪᠠᠢ᠍ᠢ᠍ᠯᠭ᠋ᠠᠵᠦ᠂ ᠬᠦᠳᠡᠭᠡ ᠲᠤᠰᠬᠤᠨ᠎ᠤ ᠪᠦᠬᠦ ᠲᠠᠯ᠎ᠡ᠎ᠪᠠᠷ ᠬᠦᠭᠵᠢᠨ ᠮᠠᠨᠳᠤᠬᠤ ᠵᠢ ᠲᠠᠰᠤᠷᠠᠯᠳᠠ ᠦᠭᠡᠢ ᠠᠬᠢᠭᠤᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠤᠳᠤᠬᠢᠴᠢᠯᠠᠯᠳᠠ ᠵᠢ ᠪᠠᠶᠠᠯᠡᠬᠦᠯᠬᠦ᠎ᠳᠤ ᠠᠰᠢᠬᠳᠠᠢ ᠨᠦᠬᠦᠴᠡᠯ᠎ᠢ ᠪᠦᠷᠢᠯᠳᠦᠭᠦᠯᠵᠦ ᠦᠭᠬᠦ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠨᠭ᠌ᠭᠤ ᠵᠢᠨ ᠭᠡᠰᠢᠬᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠤᠨᠭ᠌ᠭᠡᠢ ᠰᠠᠢ᠍ᠢ᠍ᠳ ᠯᠢ ᠺᠸ ᠴᠢᠶᠠᠩ ᠴᠤᠬᠤᠯᠠᠪᠤᠷᠢ ᠦᠭᠬᠦ᠎ᠳᠡᠭᠡᠨ᠂ ᠬᠦᠳᠡᠭᠡ ᠲᠤᠰᠬᠤᠨ᠎ᠤ ᠲᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠡᠷᠭᠡ ᠵᠢ ᠨᠤᠳᠠᠯᠠᠨ ᠲᠤᠬᠳᠠᠭ᠋ᠠᠵᠦ ᠪᠦᠷᠢᠳᠭᠡᠨ ᠲᠠᠨᠭ᠌ᠰᠠᠯᠠᠵᠦ ᠦᠨᠡᠮᠯᠡᠯ ᠤᠯᠭᠤᠬᠤ ᠪᠤᠯ ᠬᠦᠳᠡᠭᠡ ᠲᠤᠰᠬᠤᠨ᠎ᠤ ᠦᠨᠳᠤᠰᠤᠨ ᠡᠵᠡᠨᠭᠨᠡᠯᠳᠠ ᠵᠢᠨ ᠡᠷᠭᠡ ᠵᠢ ᠪᠠᠬᠢᠵᠢᠬᠦᠯᠤᠨ ᠲᠡᠬᠦᠯᠳᠡᠷᠵᠢᠬᠦᠯᠬᠦ ᠴᠢᠬᠤᠯᠠ ᠠᠷᠭ᠎ᠡ ᠬᠡᠮᠵᠢᠶ᠎ᠡ ᠪᠤᠯᠤᠨ᠎ᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠡ᠎ᠪᠠᠷ ᠵᠢᠯᠤᠭᠤᠳᠤᠯᠭ᠎ᠡ ᠪᠤᠯᠭ᠋ᠠᠬᠤ ᠵᠢ ᠪᠠᠷᠢᠮᠳᠠᠯᠠᠵᠤ᠂ ᠨᠠᠮ᠎ᠤᠨ ᠲᠦᠪ ᠬᠤᠷᠢᠶ᠎ᠡ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ᠂ ᠡᠷᠭᠡ ᠵᠢ ᠨᠤᠳᠠᠯᠠᠨ ᠲᠤᠬᠳᠠᠭ᠋ᠠᠬᠰᠠᠨ ᠦᠷ᠎ᠡ ᠪᠦᠳᠦᠭᠡᠯ᠎ᠢ ᠪᠠᠬᠢᠵᠢᠬᠦᠯᠤᠨ ᠰᠠᠢ᠍ᠢ᠍ᠳᠤᠷ ᠭᠡᠷᠡᠭᠯᠡᠵᠤ᠂ ᠬᠦᠳᠡᠭᠡ ᠲᠤᠰᠬᠤᠨ᠎ᠤ ᠲᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠦᠮᠴᠢᠯᠡᠯ᠎ᠤᠨ ᠡᠷᠭᠡ᠂ ᠲᠠᠭ᠋ᠠᠭ᠋ᠠᠴᠢᠯᠠᠯᠳᠠ ᠵᠢᠨ ᠡᠷᠭᠡ᠂ ᠡᠵᠡᠨᠭᠨᠡᠯᠳᠠ ᠵᠢᠨ ᠡᠷᠭᠡ ᠵᠢ ᠰᠠᠯᠭ᠋ᠠᠬᠤ ᠲᠦᠷᠢᠮ᠎ᠤᠨ ᠰᠢᠰᠲ᠋ᠧᠮ᠎ᠢ ᠲᠠᠰᠤᠷᠠᠯᠳᠠ ᠦᠭᠡᠢ ᠲᠡᠬᠦᠯᠳᠡᠷᠵᠢᠬᠦᠯᠬᠦ ᠭᠡᠷᠡᠭᠳᠠᠢ᠃ ᠬᠤᠶᠠᠳᠤᠭ᠋ᠠᠷ ᠡᠭᠡᠯᠵᠢ ᠵᠢᠨ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠤᠭᠤᠴᠠᠭ᠎ᠡ ᠲᠠᠭᠤᠰᠤᠬᠰᠠᠨ᠎ᠤ ᠲᠠᠷᠠᠭ᠎ᠡ ᠲᠠᠬᠢᠨ ᠭᠤᠴᠢᠨ ᠵᠢᠯ ᠤᠷᠳᠤᠳᠬᠠᠬᠤ ᠲᠦᠷᠦ ᠵᠢᠨ ᠪᠤᠳᠤᠯᠭ᠎ᠡ ᠵᠢ ᠨᠠᠷᠢᠨ ᠬᠢᠨᠠᠮᠠᠭ᠋ᠠᠢ ᠨᠠᠢ᠍ᠢ᠍ᠳᠠᠪᠤᠷᠢᠵᠢᠭᠤᠯᠵᠤ᠂ ᠲᠦᠭ ᠲᠦᠮᠡᠨ ᠲᠠᠷᠢᠶᠠᠴᠢᠨ᠎ᠤ ᠬᠠᠤᠯᠢ ᠶᠤᠰᠤᠨ᠎ᠤ ᠡᠷᠭᠡ ᠠᠰᠢᠭ᠎ᠢ ᠦᠨᠡᠨ ᠬᠦ᠌ ᠰᠠᠢ᠍ᠢ᠍ᠳᠤᠷ ᠬᠠᠮᠠᠭ᠋ᠠᠯᠠᠬᠤ ᠭᠡᠷᠡᠭᠳᠠᠢ᠃ ᠭᠡᠷ ᠪᠦᠯᠢ ᠵᠢᠨ ᠡᠵᠨᠨᠭᠨᠡᠯᠳᠠ ᠵᠢ ᠪᠠᠷᠢᠮᠳᠠᠯᠠᠬᠤ ᠵᠢᠨ ᠰᠠᠭᠤᠷᠢᠨ᠎ᠳᠤ ᠤᠯᠠᠨ ᠵᠦᠢ᠍ᠯ᠎ᠤᠨ ᠬᠡᠯᠪᠡᠷᠢ ᠵᠢᠨ ᠵᠤᠬᠢᠰᠳᠠᠢ ᠬᠡᠪᠴᠢᠶᠡᠳᠦ ᠡᠵᠡᠨᠭᠨᠡᠯᠳᠠ ᠵᠢ ᠬᠦᠭᠵᠢᠬᠦᠯᠵᠤ᠂ ᠠᠮᠤ ᠪᠤᠳᠠᠭ᠎ᠡ ᠪᠠ ᠴᠢᠬᠤᠯᠠ ᠲᠠᠷᠢᠶᠠᠯᠠᠩ᠎ᠤᠨ ᠪᠦᠳᠦᠭᠡᠭᠳᠡᠬᠦᠨ᠎ᠤ ᠬᠠᠨᠭ᠌ᠭ᠋ᠠᠯᠭ᠎ᠡ ᠵᠢ ᠪᠠᠳᠤᠯᠠᠬᠤ ᠴᠢᠳᠠᠪᠤᠷᠢ᠎ᠪᠠᠨ ᠲᠡᠭᠡᠭᠰᠢᠯᠡᠬᠦᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠤᠳᠤᠬᠢᠴᠢᠯᠠᠯᠳᠠ ᠪᠠ ᠬᠦᠳᠡᠭᠡ ᠲᠤᠰᠬᠤᠨ᠎ᠢ ᠪᠦᠬᠦ ᠲᠠᠯ᠎ᠡ᠎ᠪᠠᠷ ᠬᠦᠭᠵᠢᠬᠦᠯᠤᠨ ᠮᠠᠨᠳᠤᠭᠤᠯᠬᠤ ᠵᠢ ᠠᠬᠢᠭᠤᠯᠬᠤ᠂ ᠨᠡᠢ᠍ᠢ᠍ᠭᠡᠮ ᠵᠢᠷᠤᠮᠳᠤ ᠤᠳᠤᠬᠢᠴᠢᠯᠠᠬᠰᠡᠨ ᠤᠯᠤᠰ᠎ᠢ ᠪᠦᠬᠦ ᠲᠠᠯ᠎ᠡ᠎ᠪᠠᠷ ᠪᠦᠳᠦᠭᠡᠨ ᠪᠠᠢ᠍ᠢ᠍ᠭᠤᠯᠬᠤ᠎ᠳᠤ ᠲᠤᠯᠭ᠋ᠠᠭᠤᠷᠢᠯᠠᠯ ᠬᠠᠨᠭ᠌ᠭ᠋ᠠᠬᠤ ᠭᠡᠷᠡᠭᠳᠠᠢ! ᠭᠡᠵᠤ ᠵᠢᠭ᠋ᠠᠵᠤ

ᠭᠠᠷᠭ᠋ᠠᠪᠠ᠃
      ᠪᠦᠬᠦ ᠤᠯᠤᠰ᠎ᠤᠨ ᠬᠦᠳᠡᠬᠡ ᠲᠤᠰᠬᠤᠨ᠎ᠤ ᠲᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠡᠷᠬᠡ ᠵᠢ ᠨᠤᠳᠠᠯᠠᠨ ᠲᠤᠬᠳᠠᠭ᠋ᠠᠵᠦ ᠪᠦᠷᠢᠳᠬᠡᠨ ᠲᠠᠨᠭ᠌ᠰᠠᠯᠠᠵᠦ ᠦᠨᠡᠮᠯᠡᠯ ᠤᠯᠭᠤᠬᠤ ᠠᠵᠢᠯ᠎ᠢ ᠳ᠋ᠦᠩᠨᠠᠬᠦ ᠵᠢᠴᠢ ᠬᠦᠬᠢᠬᠦᠯᠤᠨ ᠰᠠᠢ᠍ᠢ᠍ᠰᠢᠶᠠᠬᠤ ᠲᠸᠯᠸᠢᠰ ᠤᠳᠠᠰᠤ ᠬᠤᠷᠠᠯ 2᠎ᠤᠨ ᠡᠳᠤᠷ ᠪᠡᠬᠡᠵᠢᠩ᠎ᠳᠤ ᠬᠤᠷᠠᠯᠳᠤᠪᠠ᠃ ᠬᠤᠷᠠᠯ ᠲᠡᠭᠡᠷ᠎ᠠ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠤᠯᠤᠨ ᠯᠢ ᠺᠸ ᠴᠢᠶᠠᠩ᠎ᠤᠨ ᠴᠤᠬᠤᠯᠠᠪᠤᠷᠢ ᠵᠢ ᠤᠯᠠᠮᠵᠢᠯᠠᠨ ᠰᠤᠷᠤᠯᠴᠠᠪᠠ᠃ ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠬᠡᠰᠢᠬᠦᠨ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠲᠡᠳ᠋ ᠶᠠᠷᠤᠩᠬᠡᠢ ᠰᠠᠢ᠍ᠢ᠍ᠳ ᠬᠤ᠌ ᠴᠦᠨ ᠬᠤᠸᠠ ᠬᠤᠷᠠᠯ᠎ᠳᠤ ᠤᠷᠤᠯᠴᠠᠨ ᠶᠠᠷᠢᠶ᠎ᠠ ᠲᠠᠯᠪᠢᠵᠠᠢ᠃ ᠲᠡᠷᠡ᠂ ᠬᠦᠳᠡᠬᠡ ᠲᠤᠰᠬᠤᠨ᠎ᠤ ᠲᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠡᠷᠬᠡ ᠵᠢ ᠨᠤᠳᠠᠯᠠᠨ ᠲᠤᠬᠳᠠᠭ᠋ᠠᠵᠦ ᠪᠦᠷᠢᠳᠬᠡᠨ ᠲᠠᠨᠭ᠌ᠰᠠᠯᠠᠵᠦ ᠦᠨᠡᠮᠯᠡᠯ ᠤᠯᠭᠤᠬᠤ ᠠᠵᠢᠯ᠎ᠢ ᠦᠷᠨᠢᠬᠦᠯᠬᠦ ᠪᠤᠯ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶᠠᠨ᠎ᠤ ᠭᠠᠷᠭ᠋ᠠᠬᠰᠠᠨ ᠴᠢᠬᠤᠯᠠ ᠶᠡᠬᠡ ᠰᠢᠢ᠍ᠳᠪᠤᠷᠢᠳᠤ ᠪᠤᠳᠤᠯᠭ᠎ᠠ᠂ ᠬᠦᠳᠡᠬᠡ ᠲᠤᠰᠬᠤᠨ᠎ᠤ ᠦᠬᠡᠷᠡᠴᠢᠯᠠᠯᠳᠠ ᠵᠢ ᠬᠦᠨᠵᠡᠬᠡᠢ᠍ᠢ᠍ᠷᠡᠬᠦᠯᠬᠦ ᠴᠢᠬᠤᠯᠠ ᠶᠡᠬᠡ ᠡᠬᠦᠷᠬᠡ ᠪᠤᠯᠤᠨ᠎ᠠ᠃ ᠡᠷᠬᠡ ᠵᠢ ᠨᠤᠳᠠᠯᠠᠨ ᠲᠤᠬᠳᠠᠭ᠋ᠠᠵᠦ ᠪᠦᠷᠢᠳᠬᠡᠨ ᠲᠠᠨᠭ᠌ᠰᠠᠯᠠᠵᠦ ᠦᠨᠡᠮᠯᠡᠯ ᠤᠯᠭᠤᠬᠤ ᠠᠵᠢᠯ᠎ᠤᠨ ᠦᠷ᠎ᠠ ᠪᠦᠳᠦᠭᠡᠯ᠎ᠢ ᠦᠨᠡᠨ ᠬᠦ᠌ ᠪᠡᠬᠢᠵᠢᠬᠦᠯᠤᠨ ᠦᠷᠬᠡᠳᠬᠡᠵᠤ᠂ ᠲᠠᠷᠢᠶᠠᠴᠢᠨ᠎ᠤ ᠭᠠᠵᠠᠷ ᠰᠢᠷᠤᠢ ᠵᠢ ᠲᠠᠭ᠋ᠠᠭ᠋ᠠᠴᠢᠯᠠᠨ ᠡᠵᠡᠩᠨᠠᠬᠦ ᠡᠷᠬᠡ ᠵᠢᠨ ᠬᠠᠮᠠᠭ᠋ᠠᠯᠠᠯᠳᠠ ᠵᠢ ᠲᠠᠰᠤᠷᠠᠯᠳᠠ ᠦᠬᠡᠢ ᠴᠢᠩᠭ᠋ᠠᠳᠬᠠᠬᠤ ᠭᠡᠷᠡᠭᠳᠠᠢ᠃ ᠬᠤᠶᠠᠳᠤᠭ᠋ᠠᠷ ᠡᠬᠡᠯᠵᠢ ᠵᠢᠨ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠤᠭᠤᠴᠠᠭ᠎ᠠ ᠳᠠᠭᠤᠰᠴᠦ ᠦᠷᠬᠦᠯᠵᠢᠯᠠᠨ ᠲᠠᠭ᠋ᠠᠭ᠋ᠠᠴᠢᠯᠠᠬᠤ ᠲᠤᠷᠰᠢᠯᠳᠠ ᠵᠢ ᠯᠠᠪᠳᠠᠭᠤᠨ ᠪᠠᠳᠤᠳᠠᠢ ᠠᠬᠢᠭᠤᠯᠵᠤ᠂ ᠵᠤᠩᠬᠢᠯᠠᠬᠤ ᠤᠯᠠᠨ ᠲᠤᠭ᠋ᠠᠨ᠎ᠤ ᠲᠠᠷᠢᠶᠠᠴᠢᠨ ᠡᠷᠤᠬᠡ ᠵᠢᠨ ᠤᠤᠯ᠎ᠤᠨ ᠲᠠᠭ᠋ᠠᠭ᠋ᠠᠴᠢᠯᠠᠬᠰᠠᠨ ᠭᠠᠵᠠᠷ ᠰᠢᠷᠤᠢ ᠵᠢ ᠲᠤᠭᠳᠠᠭᠤᠨ ᠪᠠᠢ᠍ᠢ᠍ᠯᠭ᠋ᠠᠬᠤ ᠵᠢ ᠪᠠᠳᠤᠯᠠᠬᠤ ᠭᠡᠷᠡᠭᠳᠠᠢ᠃ ᠲᠠᠭ᠋ᠠᠭ᠋ᠠᠴᠢᠯᠠᠬᠰᠠᠨ ᠲᠠᠷᠢᠶᠠᠨ ᠭᠠᠵᠠᠷ᠎ᠤᠨ ᠭᠡᠷᠡᠭᠯᠡᠭᠡᠨ᠎ᠤ ᠬᠠᠮᠢᠶᠠᠷᠤᠯᠳᠠ ᠵᠢ ᠴᠢᠩᠭ᠋ᠠᠳᠬᠠᠵᠤ᠂ ᠲᠠᠷᠢᠶᠠᠯᠠᠩ᠎ᠳᠤ ᠭᠡᠷᠡᠭᠯᠡᠬᠦ ᠵᠢ ᠪᠠᠷᠢᠮᠳᠠᠯᠠᠵᠤ᠂ ᠠᠮᠤ ᠪᠤᠳᠠᠭ᠋ᠠᠨ᠎ᠤ ᠲᠠᠷᠢᠶᠠᠨ ᠭᠠᠵᠠᠷ᠎ᠢ ᠠᠮᠤ ᠪᠤᠳᠠᠭ᠋ᠠᠨ᠎ᠤ ᠪᠤᠰᠤ ᠪᠤᠯᠭ᠋ᠠᠬᠤ ᠵᠢ ᠪᠦᠳᠤᠮᠵᠢᠳᠠᠢ ᠬᠤᠷᠢᠬᠯᠠᠵᠦ᠂ ᠲᠠᠷᠢᠶᠠᠨ ᠭᠠᠵᠠᠷ᠎ᠢ ᠲᠠᠷᠢᠶᠠᠯᠠᠩ᠎ᠤᠨ ᠪᠤᠰᠤ ᠪᠤᠯᠭ᠋ᠠᠬᠤ ᠵᠢ ᠴᠢᠩᠭ᠎ᠠ ᠴᠠᠭ᠋ᠠᠵᠠᠯᠠᠬᠤ ᠭᠡᠷᠡᠭᠳᠠᠢ᠃ ᠬᠦᠳᠡᠬᠡ ᠲᠤᠰᠬᠤᠨ᠎ᠤ ᠲᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠡᠳᠤᠷ ᠳᠤᠳᠤᠮ᠎ᠤᠨ ᠬᠠᠮᠢᠶᠠᠷᠤᠯᠳᠠ ᠤᠢ᠍ᠢ᠍ᠯᠡᠴᠢᠯᠡᠬᠡᠨ᠎ᠤ ᠲᠤᠭᠳᠠᠴᠠ ᠵᠢ ᠲᠦᠷᠬᠡᠨ ᠪᠠᠢ᠍ᠢ᠍ᠭᠤᠯᠤᠨ ᠲᠡᠬᠦᠯᠳᠡᠷᠵᠢᠬᠦᠯᠵᠤ᠂ ᠬᠠᠮᠢᠶᠠᠷᠤᠯᠳᠠ ᠤᠢ᠍ᠢ᠍ᠯᠡᠴᠢᠯᠡᠬᠡᠨ᠎ᠤ ᠤᠨᠤᠴᠠᠳᠦ ᠴᠢᠨᠠᠷ ᠪᠤᠯᠤᠨ ᠪᠦᠳᠤᠮᠵᠢᠳᠤ ᠴᠢᠨᠠᠷ᠎ᠢ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
      ᠬᠤᠷᠠᠯ᠎ᠠᠴᠠ ᠪᠦᠬᠦ ᠤᠯᠤᠰ᠎ᠤᠨ ᠬᠦᠳᠡᠬᠡ ᠲᠤᠰᠬᠤᠨ᠎ᠤ ᠲᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠡᠷᠬᠡ ᠵᠢ ᠨᠤᠳᠠᠯᠠᠨ ᠲᠤᠬᠳᠠᠭ᠋ᠠᠵᠦ ᠪᠦᠷᠢᠳᠬᠡᠨ ᠲᠠᠨᠭ᠌ᠰᠠᠯᠠᠵᠦ ᠦᠨᠡᠮᠯᠡᠯ ᠤᠯᠭᠤᠬᠤ ᠠᠵᠢᠯ᠎ᠤᠨ ᠨᠡᠢ᠍ᠢ᠍ᠳᠡᠯᠢᠭ ᠭᠠᠵᠠᠷ ᠤᠷᠤᠨ᠎ᠢ ᠵᠠᠷᠯᠠᠵᠤ ᠬᠦᠬᠢᠬᠦᠯᠤᠨ ᠰᠠᠢ᠍ᠢ᠍ᠰᠢᠶᠠᠵᠤ᠂ ᠲᠡᠷᠢᠬᠦᠨ᠎ᠤ ᠬᠠᠮᠳᠤ ᠪᠤᠯᠤᠨ ᠬᠤᠪᠢ ᠬᠦᠮᠤᠨ᠎ᠢ ᠬᠦᠬᠢᠬᠦᠯᠤᠨ ᠰᠠᠢ᠍ᠢ᠍ᠰᠢᠶᠠᠵᠤ᠂ ᠬᠤᠶᠠᠳᠤᠭ᠋ᠠᠷ ᠡᠬᠡᠯᠵᠢ ᠵᠢᠨ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠤᠭᠤᠴᠠᠭ᠎ᠠ ᠳᠠᠭᠤᠰᠴᠦ ᠦᠷᠬᠦᠯᠵᠢᠯᠠᠨ ᠲᠠᠭ᠋ᠠᠭ᠋ᠠᠴᠢᠯᠠᠬᠤ ᠲᠤᠷᠰᠢᠯᠳᠠ ᠵᠢᠨ ᠠᠵᠢᠯ ᠵᠡᠷᠬᠡ ᠲᠠᠭ᠋ᠠᠭ᠋ᠠᠴᠢᠯᠠᠯᠳᠠ ᠵᠢᠨ ᠭᠠᠵᠠᠷ ᠰᠢᠷᠤᠢ ᠵᠢᠨ ᠬᠠᠮᠢᠶᠠᠷᠤᠯᠳᠠ ᠪᠤᠯᠤᠨ ᠦᠬᠡᠷᠡᠴᠢᠯᠠᠯᠳᠠ ᠵᠢᠨ ᠠᠵᠢᠯ᠎ᠢ ᠪᠠᠢ᠍ᠢ᠍ᠷᠢᠯᠠᠭᠤᠯᠪᠠ᠃
      ᠨᠠᠮ᠎ᠤᠨ ᠲᠦᠪ ᠬᠤᠷᠢᠶᠠᠨ᠎ᠤ ᠬᠦᠳᠡᠬᠡ ᠲᠤᠰᠬᠤᠨ᠎ᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠬᠡᠰᠡᠭ ᠪᠦᠷᠢᠯᠳᠤᠬᠦᠨ ᠨᠢᠬᠡᠴᠢ᠂ ᠪᠦᠬᠦ ᠤᠯᠤᠰ᠎ᠤᠨ ᠬᠦᠳᠡᠬᠡ ᠲᠤᠰᠬᠤᠨ᠎ᠤ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠡᠵᠡᠩᠨᠠᠯᠳᠠ ᠵᠢᠨ ᠡᠷᠬᠡ ᠵᠢ ᠪᠦᠷᠢᠳᠬᠡᠨ ᠲᠠᠨᠭ᠌ᠰᠠᠯᠠᠬᠤ ᠲᠤᠷᠰᠢᠯᠳᠠ ᠵᠢᠨ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠪᠦᠷᠢᠯᠳᠤᠬᠦᠨ ᠨᠢᠬᠡᠴᠢ ᠵᠢᠨ ᠬᠠᠷᠢᠭᠤᠴᠠᠯᠭ᠋ᠠᠳᠠᠨ ᠨᠦᠬᠦᠳ᠂ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠵᠢᠨ ᠬᠤᠯᠪᠤᠬᠳᠠᠯ ᠪᠦᠬᠦᠢ ᠨᠢᠬᠡᠴᠢ᠂ ᠬᠤᠶᠠᠳᠤᠭ᠋ᠠᠷ ᠡᠬᠡᠯᠵᠢ ᠵᠢᠨ ᠭᠠᠵᠠᠷ ᠰᠢᠷᠤᠢ ᠵᠢᠨ ᠲᠠᠭ᠋ᠠᠭ᠋ᠠᠴᠢᠯᠠᠯᠳᠠ ᠵᠢᠨ ᠬᠤᠭᠤᠴᠠᠭ᠎ᠠ ᠳᠠᠭᠤᠰᠴᠦ ᠦᠷᠬᠦᠯᠵᠢᠯᠠᠨ ᠲᠠᠭ᠋ᠠᠭ᠋ᠠᠴᠢᠯᠠᠬᠤ ᠲᠤᠷᠰᠢᠯᠳᠠ ᠵᠢᠨ ᠰᠢᠶᠠᠨ᠎ᠤ ᠬᠠᠷᠢᠭᠤᠴᠠᠯᠭ᠋ᠠᠳᠠᠨ ᠨᠦᠬᠦᠳ᠂ ᠬᠦᠬᠢᠬᠦᠯᠦᠭᠳᠡᠨ ᠰᠠᠢ᠍ᠢ᠍ᠰᠢᠶᠠᠬᠳᠠᠬᠰᠠᠨ ᠲᠡᠷᠢᠬᠦᠨ᠎ᠤ ᠬᠠᠮᠳᠤ ᠪᠤᠯᠤᠨ ᠬᠤᠪᠢ ᠬᠦᠮᠤᠨ ᠵᠡᠷᠬᠡ ᠲᠤᠰ ᠲᠤᠰ ᠭᠤᠤᠯ ᠬᠤᠷᠠᠯ᠎ᠤᠨ ᠲᠠᠯᠠᠪᠠᠢ ᠪᠤᠯᠤᠨ ᠡᠯ᠎ᠠ ᠭᠠᠵᠠᠷ᠎ᠤᠨ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠤᠷᠤᠯᠴᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠠᠤᠭ᠎ᠠ ᠰᠠᠨᠠᠭ᠎ᠠ ᠡᠷᠡᠯᠭᠡᠭ ᠵᠤᠷᠢᠭ᠎ᠢ ᠬᠦᠪᠴᠢᠯᠡᠬᠦ ᠲᠦᠷᠦᠬᠦᠴᠤᠳ᠎ᠤᠨ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ
ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠤᠯᠤᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠶᠠᠪᠤᠭᠳᠠᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠢᠲᠡᠭᠡᠯ ᠠᠯᠳᠠᠭᠰᠠᠳ᠎ᠢ ᠬᠢᠵᠠᠭ᠋ᠠᠷᠯᠠᠬᠤ ᠲᠦᠷᠢᠮ᠎ᠢ ᠲᠡᠭᠦᠯᠳᠡᠷᠵᠢᠭᠦᠯᠬᠦ ᠪᠠ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢ ᠪᠦᠷᠢᠨᠰᠢᠭᠦᠯᠬᠦ ᠠᠷᠭ᠎ᠠ ᠬᠡᠮᠵᠢᠶ᠎ᠡ ᠵᠡᠷᠭᠡ ᠵᠢ ᠲᠣᠭᠲᠠᠭ᠋ᠠᠪᠠ
《ᠦᠨᠡᠨ》 ᠰᠡᠳᠬᠦᠯ ᠶᠡᠷᠤᠨᠭ᠌ᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠠᠢ᠍ᠢ᠍ᠳᠡᠯᠡᠪᠡ 《ᠴᠠᠭ ᠦᠶ᠎ᠡ ᠵᠢᠨ ᠬᠠᠷᠢᠭᠤᠴᠠᠯᠭ᠎ᠡ ᠵᠢ ᠬᠠᠮᠳᠤ᠎ᠪᠠᠷ ᠡᠬᠦᠷᠭᠡᠯᠡᠵᠤ ᠪᠦᠬᠦ ᠪᠦᠮᠪᠦᠷᠴᠡᠭ᠎ᠤᠨ ᠬᠦᠭᠵᠢᠯᠳᠠ ᠵᠢ ᠬᠠᠮᠳᠤ᠎ᠪᠠᠷ ᠠᠬᠢᠭᠤᠯᠤᠶ᠎ᠡ》
ᠰᠢ ᠵᠢᠨ ᠫᠢᠩ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠢ ᠰᠠᠢ᠌ᠲᠤᠷ ᠬᠢᠬᠦ ᠲᠣᠬᠠᠢ ᠴᠢᠬᠤᠯᠠ ᠵᠢᠭ᠋ᠠᠪᠤᠷᠢ ᠥᠭᠪᠡ
 
            