ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ᠎ᠳᠤ ᠭᠤᠤᠯ ᠵᠤᠷᠢᠯᠳᠠᠳᠤ ᠶᠠᠷᠢᠶ᠎ᠠ ᠢᠯᠡᠳᠭᠡᠯ ᠬᠢᠪᠠ
ᠨᠡᠶ᠋ᠢᠲᠡᠯᠡᠭᠰᠡᠨ ᠴᠠᠭ᠄ 2020-11-06

      ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ 4᠎ᠤ ᠤᠷᠤᠢ ᠱᠠᠩᠬᠠᠢ᠎ᠳᠤ ᠶᠠᠪᠤᠬᠳᠠᠵᠦ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠸᠢᠳᠢᠣ᠋᠎ᠪᠠᠷ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠵᠠᠢ᠃ ᠰᠢ ᠵᠢᠨ ᠫᠢᠩ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ ᠳᠡᠯᠡᠭᠡᠢ ᠵᠢᠨ ᠠᠵᠤ ᠠᠬᠤᠢ ᠵᠢᠨ ᠲᠤᠭᠳᠠᠪᠤᠷᠢᠳᠦ ᠪᠤᠰᠤ ᠲᠤᠭᠳᠠᠭ᠋ᠠᠯᠳᠦ ᠪᠤᠰᠤ ᠡᠯᠸᠮᠸᠨ᠋ᠲ᠎ᠢ ᠨᠡᠮᠡᠭᠳᠡᠬᠦᠯᠪᠡ᠂ ᠭᠡᠪᠡᠴᠦ ᠳᠤᠮᠳᠠᠳᠤ ᠤᠯᠤᠰ᠎ᠤᠨ ᠨᠡᠭᠡᠭᠡᠯᠳᠠ᠎ᠪᠠᠨ ᠦᠷᠭᠡᠳᠭᠡᠬᠦ ᠠᠯᠬᠤᠭ᠎ᠠ ᠮᠦᠨ ᠬᠦ᠌ ᠲᠦᠷᠭᠡᠳᠴᠦ᠂ ᠡᠯ᠎ᠠ ᠤᠯᠤᠰ᠎ᠤᠨ ᠨᠡᠭᠡᠭᠡᠯᠳᠠ ᠬᠢᠬᠦ᠂ ᠬᠠᠮᠳᠤᠷᠠᠯᠴᠠᠭ᠎ᠠ ᠬᠢᠬᠦ ᠲᠡᠢ᠍ᠢ᠍ᠰᠢ ᠤᠷᠤᠬᠰᠢᠯᠠᠬᠤ ᠶᠡᠭᠡ ᠬᠠᠨᠳᠤᠰᠢ ᠬᠤᠪᠢᠷᠠᠭᠰᠠᠨ ᠦᠭᠡᠢ᠃ ᠡᠯ᠎ᠠ ᠤᠯᠤᠰ᠎ᠤᠨ᠎ᠬᠢᠨ ᠭᠠᠷ ᠬᠤᠯᠪᠤᠨ ᠬᠠᠮᠳᠤᠷᠠᠯᠴᠠᠵᠦ ᠬᠠᠮᠳᠤ᠎ᠪᠠᠷ ᠠᠰᠢᠬ ᠬᠦᠷᠳᠡᠬᠦ᠂ ᠬᠠᠮᠳᠤᠷᠠᠯᠴᠠᠵᠦ ᠬᠠᠮᠳᠤ᠎ᠪᠠᠷ ᠬᠠᠷᠢᠭᠤᠴᠠᠯᠭ᠎ᠠ ᠡᠬᠦᠷᠭᠡᠯᠡᠬᠦ᠂ ᠬᠠᠮᠳᠤᠷᠠᠯᠴᠠᠵᠦ ᠬᠠᠮᠳᠤ᠎ᠪᠠᠷ ᠵᠠᠰᠠᠬᠤ ᠬᠠᠮᠳᠦ ᠵᠢᠨ ᠨᠡᠭᠡᠭᠡᠯᠳᠠ ᠵᠢ ᠠᠬᠢᠭᠤᠯᠬᠤ᠎ᠪᠠᠷ ᠬᠦᠴᠦᠯᠡᠵᠡᠭᠡᠶ᠎ᠠ᠃ ᠳᠤᠮᠳᠠᠳᠤ ᠤᠯᠤᠰ ᠨᠡᠭᠡᠭᠡᠯᠳᠠᠳᠠᠢ᠂ ᠬᠠᠮᠳᠤᠷᠠᠯᠴᠠᠬᠤ᠂ ᠪᠦᠯᠬᠦᠮᠳᠡᠬᠦ᠂ ᠬᠠᠮᠳᠤ᠎ᠪᠠᠷ ᠠᠰᠢᠬ ᠬᠦᠷᠳᠡᠬᠦ ᠢᠳᠡᠭᠡᠯ ᠪᠢᠰᠢᠷᠡᠯ᠎ᠢ ᠪᠠᠷᠢᠮᠳᠠᠯᠠᠵᠦ᠂ ᠡᠷᠡᠰ ᠭᠤᠢ᠍ᠢ᠍ᠪᠢᠰᠢ ᠦᠭᠡᠢ᠎ᠪᠠᠷ ᠨᠡᠭᠡᠭᠡᠯᠳᠠ ᠵᠢ ᠪᠦᠬᠦ ᠲᠠᠯ᠎ᠠ᠎ᠪᠠᠷ ᠦᠷᠭᠡᠳᠭᠡᠵᠦ᠂ ᠳᠤᠮᠳᠠᠳᠤ ᠤᠯᠤᠰ᠎ᠤᠨ ᠵᠠᠬ᠎ᠠ ᠳᠡᠯᠭᠡᠬᠦᠷ᠎ᠢ ᠳᠡᠯᠡᠭᠡᠢ ᠵᠢᠨ ᠵᠠᠬ᠎ᠠ ᠳᠡᠯᠭᠡᠬᠦᠷ᠂ ᠬᠠᠮᠳᠤ᠎ᠪᠠᠷ ᠡᠳ᠋ᠯᠡᠬᠦ ᠵᠠᠬ᠎ᠠ ᠳᠡᠯᠭᠡᠬᠦᠷ᠂ ᠤᠯᠠᠨ᠎ᠤ ᠵᠠᠬ᠎ᠠ ᠳᠡᠯᠭᠡᠬᠦᠷ ᠪᠤᠯᠭ᠋ᠠᠵᠦ᠂ ᠳᠡᠯᠡᠭᠡᠢ ᠵᠢᠨ ᠠᠵᠤ ᠠᠬᠤᠢ ᠵᠢᠨ ᠰᠡᠷᠬᠦᠯᠳᠠ ᠵᠢ ᠠᠬᠢᠭᠤᠯᠤᠨ᠂ ᠳᠡᠯᠡᠭᠡᠢ ᠨᠡᠢ᠍ᠢ᠍ᠭᠡᠮ᠎ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠠ ᠭᠡᠵᠦ ᠵᠢᠭ᠋ᠠᠵᠦ ᠭᠠᠷᠭ᠋ᠠᠪᠠ᠃


     11 ᠰᠠᠷ᠎ᠠ ᠵᠢᠨ 4᠎ᠤ ᠤᠷᠤᠢ᠂ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ ᠱᠠᠩᠬᠠᠢ᠎ᠳᠤ ᠶᠠᠪᠤᠬᠳᠠᠪᠠ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠸᠢᠳᠢᠣ᠋᠎ᠪᠠᠷ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠵᠠᠢ᠃
      ᠰᠢ ᠵᠢᠨ ᠫᠢᠩ᠂ ᠲᠤᠰ ᠬᠤᠭᠤᠴᠠᠭ᠋ᠠᠨ᠎ᠤ ᠭᠠᠳᠠᠭ᠋ᠠᠳᠦ ᠤᠷᠤᠭᠤᠯᠤᠯᠳᠠ ᠵᠢᠨ ᠦᠵᠡᠰᠬᠦᠯᠡᠩ᠎ᠤᠨ ᠴᠤᠬᠯᠠᠭ᠋ᠠᠨ ᠪᠤᠯ ᠤᠨᠴᠠᠭ᠋ᠠᠢ ᠴᠠᠭ ᠦᠶ᠎ᠠ᠎ᠳᠤ ᠶᠠᠪᠤᠬᠳᠠᠭᠰᠠᠨ ᠶᠤᠮ᠃ ᠭᠡᠨᠡᠳᠳᠡ᠎ᠪᠠᠷ ᠲᠠᠭ᠋ᠠᠷᠢᠨ ᠢᠷᠡᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠨᠢ ᠡᠯ᠎ᠠ ᠤᠯᠤᠰ᠎ᠢ ᠬᠦᠨᠳᠦ ᠨᠤᠴᠢᠳᠠᠢ ᠳᠠᠭ᠋ᠠᠷᠢᠯᠳᠠ᠎ᠳᠤ ᠤᠴᠠᠷᠠᠭᠤᠯᠤᠭᠰᠠᠨ ᠪᠦᠭᠡᠳ ᠪᠠᠰᠠ ᠳᠡᠯᠡᠭᠡᠢ ᠵᠢᠨ ᠠᠵᠤ ᠠᠬᠤᠢ᠎ᠳᠤ ᠬᠦᠨᠳᠦ ᠴᠤᠬᠢᠯᠳᠠ ᠦᠭᠴᠠᠢ᠃ ᠳᠤᠮᠳᠠᠳᠤ ᠤᠯᠤᠰ ᠬᠢᠵᠢᠭ᠎ᠢ ᠰᠡᠷᠭᠡᠢ᠍ᠢ᠍ᠯᠡᠨ ᠠᠮᠤᠷ ᠲᠦᠪᠰᠢᠨ᠎ᠢ ᠪᠠᠳᠤᠯᠠᠭᠰᠠᠨ ᠤᠷᠢᠳᠠᠯ ᠳᠤᠤᠷ᠎ᠠ ᠡᠨᠡ ᠬᠦ᠌ ᠪᠦᠬᠦ ᠪᠦᠮᠪᠦᠷᠴᠡᠭ᠎ᠤᠨ ᠠᠷᠠᠯᠵᠢᠶᠠᠨ᠎ᠤ ᠦᠪᠡᠳᠡᠭᠰᠢ ᠴᠤᠬᠯᠠᠭ᠋ᠠᠨ᠎ᠢ ᠲᠤᠭᠳᠠᠭᠰᠠᠨ ᠬᠤᠭᠤᠴᠠᠭ᠎ᠠ ᠶᠤᠰᠤᠭ᠋ᠠᠷ ᠡᠷᠬᠢᠯᠡᠵᠦ ᠪᠠᠢ᠍ᠢ᠍ᠭ᠎ᠠ᠎ᠨᠢ ᠳᠤᠮᠳᠠᠳᠤ ᠤᠯᠤᠰ ᠳᠡᠯᠡᠭᠡᠢ ᠳ᠋ᠠᠬᠢᠨ᠎ᠯᠤᠭ᠎ᠠ ᠵᠠᠬ᠎ᠠ ᠳᠡᠯᠭᠡᠬᠦᠷ᠎ᠤᠨ ᠠᠵᠠ ᠲᠤᠬᠢᠶᠠᠯ᠎ᠢ ᠬᠤᠪᠢᠶᠠᠯᠴᠠᠨ᠂ ᠳᠡᠯᠡᠭᠡᠢ ᠵᠢᠨ ᠠᠵᠤ ᠠᠬᠤᠢ ᠵᠢᠨ ᠰᠡᠷᠬᠦᠯᠳᠠ ᠵᠢ ᠠᠬᠢᠭᠤᠯᠬᠤ ᠭᠡᠰᠡᠨ ᠴᠢᠩ ᠦᠨᠡᠨᠴᠢ ᠬᠦᠰᠡᠯ ᠡᠷᠡᠮᠡᠯᠵᠡᠯ᠎ᠢ ᠢᠯᠡᠷᠡᠬᠦᠯᠦᠭᠰᠡᠨ ᠶᠤᠮ ᠭᠡᠵᠦ ᠵᠢᠭ᠋ᠠᠵᠦ ᠭᠠᠷᠭ᠋ᠠᠵᠠᠢ᠃
      ᠰᠢ ᠵᠢᠨ ᠫᠢᠩ᠂ ᠭᠡᠳᠦᠢ᠍ᠢ᠍ᠪᠡᠷ ᠬᠢᠵᠢᠭ᠎ᠤᠨ ᠪᠠᠢ᠍ᠢ᠍ᠳᠠᠯ᠎ᠤᠨ ᠨᠦᠯᠦᠭᠡ᠎ᠳᠤ ᠤᠴᠠᠷᠠᠭᠰᠠᠨ ᠴᠦ᠍ ᠡᠨᠡ ᠵᠢᠯ᠎ᠤᠨ ᠳᠤᠮᠳᠠᠳᠤ ᠤᠯᠤᠰ᠎ᠤᠨ ᠨᠡᠭᠡᠭᠡᠯᠳᠠ᠎ᠪᠠᠨ ᠦᠷᠭᠡᠳᠭᠡᠬᠦ ᠠᠯᠬᠤᠭ᠎ᠠ ᠮᠦᠨ ᠬᠦ᠌ ᠲᠦᠷᠭᠡᠳᠴᠦ ᠪᠤᠢ᠃ ᠮᠢᠨᠤ ᠬᠤᠶᠠᠳᠤᠭ᠋ᠠᠷ ᠬᠤᠭᠤᠴᠠᠭ᠋ᠠᠨ᠎ᠤ ᠭᠠᠳᠠᠭ᠋ᠠᠳᠦ ᠤᠷᠤᠭᠤᠯᠤᠯᠳᠠ ᠵᠢᠨ ᠦᠵᠡᠰᠬᠦᠯᠡᠩ᠎ᠤᠨ ᠴᠤᠬᠯᠠᠭ᠋ᠠᠨ ᠳᠡᠭᠡᠷ᠎ᠠ ᠨᠡᠢ᠍ᠢ᠍ᠳᠡᠯᠡᠭᠰᠡᠨ ᠭᠠᠳᠠᠭ᠋ᠠᠳᠦ ᠨᠡᠭᠡᠭᠡᠯᠳᠠ᠎ᠪᠠᠨ ᠦᠷᠭᠡᠳᠭᠡᠬᠦ ᠠᠯᠢ ᠤᠯᠠᠨ ᠠᠷᠭ᠎ᠠ ᠭᠡᠮᠵᠢᠶ᠎ᠠ ᠨᠢᠭᠡᠨᠳᠠ ᠪᠦᠬᠦ ᠲᠠᠯ᠎ᠠ᠎ᠪᠠᠷ ᠨᠠᠢ᠍ᠢ᠍ᠳᠠᠪᠤᠷᠢᠵᠢᠭᠤᠯᠤᠬᠳᠠᠪᠠ᠃ ᠳᠤᠮᠳᠠᠳᠤ ᠤᠯᠤᠰ ᠭᠠᠳᠠᠭ᠋ᠠᠳᠦ ᠤᠷᠤᠭᠤᠯᠤᠯᠳᠠ᠎ᠪᠠᠨ ᠦᠷᠬᠦᠯᠵᠢᠯᠡᠨ ᠦᠷᠭᠡᠳᠭᠡᠨ᠎ᠠ᠃ ᠬᠠᠢ᠍ᠢ᠍ᠨᠠᠨ᠎ᠤ ᠴᠢᠯᠦᠭᠡᠳᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢ᠍ᠢ᠍ᠭᠤᠯᠤᠯᠳᠠ ᠵᠢᠨ ᠶᠡᠷᠦᠩᠭᠡᠢ ᠲᠦᠰᠦᠯ᠂ ᠱᠸᠨᠵᠸᠨ᠎ᠤ ᠦᠭᠡᠷᠡᠴᠢᠯᠡᠯᠳᠠ ᠨᠡᠭᠡᠭᠡᠯᠳᠠ ᠵᠢ ᠴᠢᠨᠠᠬᠰᠢᠳᠠ ᠦᠷᠭᠡᠳᠭᠡᠬᠦ ᠭᠡᠷᠡᠭᠵᠢᠬᠦᠯᠬᠦ ᠲᠦᠰᠦᠯ᠎ᠢ ᠨᠡᠢ᠍ᠢ᠍ᠳᠡᠯᠡᠨ ᠭᠡᠷᠡᠭᠵᠢᠬᠦᠯᠵᠦ᠂ ᠦᠨᠳᠦᠷ ᠪᠠᠷᠢᠮᠵᠢᠶᠠᠳᠦ ᠴᠢᠯᠦᠭᠡᠳᠦ ᠠᠷᠠᠯᠵᠢᠶᠠᠨ᠎ᠤ ᠵᠦᠪᠳᠡᠯᠴᠡᠭᠡᠷ᠎ᠢ ᠵᠦᠪᠯᠡᠯᠴᠡᠨ ᠲᠤᠭᠳᠠᠬᠤ᠂ ᠭᠠᠳᠠᠭ᠋ᠠᠳᠦ ᠤᠷᠤᠭᠤᠯᠤᠯᠳᠠ ᠵᠢᠨ ᠠᠷᠠᠯᠵᠢᠶ᠎ᠠ ᠵᠢ ᠠᠬᠢᠭᠤᠯᠬᠤ ᠰᠢᠨ᠎ᠠ ᠵᠢ ᠡᠬᠦᠳᠬᠦ ᠵᠢᠱ᠌ᠢᠶ᠎ᠠ ᠦᠵᠡᠬᠦᠯᠬᠦ ᠤᠷᠤᠨ᠎ᠢ ᠪᠤᠢ᠍ᠢ᠍ᠵᠢᠭᠤᠯᠬᠤ᠂ ᠮᠡᠳᠡᠯᠭᠡ ᠵᠢᠨ ᠦᠮᠴᠢᠯᠡᠬᠦ ᠡᠷᠭᠡ ᠵᠢ ᠬᠠᠮᠠᠭ᠋ᠠᠯᠠᠬᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠍ᠢ᠍ᠳᠠᠢ ᠬᠠᠮᠳᠤ᠎ᠪᠠᠷ ᠪᠦᠳᠦᠭᠡᠨ ᠪᠠᠢ᠍ᠢ᠍ᠭᠤᠯᠬᠤ ᠵᠡᠷᠭᠡ ᠠᠷᠭ᠎ᠠ ᠭᠡᠮᠵᠢᠶ᠎ᠠ ᠴᠦᠮ ᠢᠳᠡᠪᠬᠢᠳᠠᠢ ᠠᠬᠢᠵᠦ ᠪᠤᠢ ᠭᠡᠵᠦ ᠴᠢᠬᠤᠯᠠᠴᠢᠯᠠᠵᠠᠢ᠃


     11 ᠰᠠᠷ᠎ᠠ ᠵᠢᠨ 4᠎ᠤ ᠤᠷᠤᠢ᠂ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ ᠱᠠᠩᠬᠠᠢ᠎ᠳᠤ ᠶᠠᠪᠤᠬᠳᠠᠪᠠ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠸᠢᠳᠢᠣ᠋᠎ᠪᠠᠷ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠵᠠᠢ
      ᠰᠢ ᠵᠢᠨ ᠫᠢᠩ᠂ ᠬᠢᠵᠢᠭ᠎ᠤᠨ ᠪᠠᠢ᠍ᠢ᠍ᠳᠠᠯ᠎ᠨᠢ ᠳᠡᠯᠡᠭᠡᠢ ᠵᠢᠨ ᠠᠵᠤ ᠠᠬᠤᠢ ᠵᠢᠨ ᠲᠤᠭᠳᠠᠪᠤᠷᠢᠳᠦ ᠪᠤᠰᠤ ᠲᠤᠭᠳᠠᠭ᠋ᠠᠯᠳᠦ ᠪᠤᠰᠤ ᠡᠯᠸᠮᠸᠨ᠋ᠲ᠎ᠢ ᠨᠡᠮᠡᠭᠳᠡᠬᠦᠯᠪᠡ᠃ ᠲᠡᠦᠭᠡ ᠵᠢᠨ ᠲᠠᠯ᠎ᠠ᠎ᠠᠴᠠ ᠠᠪᠴᠦ ᠦᠵᠡᠬᠦ᠎ᠳᠤ᠂ ᠶᠠᠮᠠᠷᠪᠠ ᠠᠶᠦᠯ ᠲᠦᠭᠰᠢᠬᠦᠷᠢ᠂ ᠶᠠᠮᠠᠷᠪᠠ ᠭᠠᠢ ᠭᠠᠮᠰᠢᠬ᠂ ᠶᠠᠮᠠᠷᠪᠠ ᠰᠦᠷᠭᠡᠦ ᠤᠷᠤᠰᠬᠠᠯ᠎ᠳᠤ ᠤᠴᠠᠷᠠᠭᠰᠠᠨ ᠴᠦ᠍᠂ ᠬᠦᠮᠦᠨ ᠲᠦᠷᠦᠯᠬᠢᠳᠡᠨ᠎ᠤ ᠨᠡᠢ᠍ᠢ᠍ᠭᠡᠮ ᠶᠡᠷᠦᠩᠭᠡᠢ᠎ᠳᠡᠭᠡᠨ ᠤᠷᠤᠬᠰᠢᠯᠠᠵᠦ ᠪᠠᠢ᠍ᠢ᠍ᠳᠠᠭ ᠮᠦᠷᠳᠡᠭᠡᠨ ᠯᠠᠪᠳᠠᠢ ᠦᠷᠬᠦᠯᠵᠢᠯᠡᠨ ᠤᠷᠤᠬᠰᠢᠯᠠᠬᠤ ᠪᠤᠯᠤᠨ᠎ᠠ᠃ ᠡᠯ᠎ᠠ ᠤᠯᠤᠰ᠎ᠤᠨ ᠨᠡᠭᠡᠭᠡᠯᠳᠠ ᠬᠢᠬᠦ᠂ ᠬᠠᠮᠳᠤᠷᠠᠯᠴᠠᠭ᠎ᠠ ᠬᠢᠬᠦ ᠲᠡᠢ᠍ᠢ᠍ᠰᠢ ᠤᠷᠤᠬᠰᠢᠯᠠᠬᠤ ᠶᠡᠭᠡ ᠬᠠᠨᠳᠤᠰᠢ ᠬᠤᠪᠢᠷᠠᠭᠰᠠᠨ ᠦᠭᠡᠢ᠃ ᠪᠢᠳᠠ ᠭᠠᠷ ᠬᠤᠯᠪᠤᠵᠦ᠂ ᠠᠶᠦᠯ ᠲᠦᠭᠰᠢᠬᠦᠷᠢ ᠦᠷᠢᠰᠦᠯᠳᠦᠭᠡᠨ᠎ᠢ ᠬᠠᠮᠳᠤ᠎ᠪᠠᠷ ᠠᠷᠭ᠋ᠠᠴᠠᠭ᠋ᠠᠨ᠂ ᠬᠠᠮᠳᠤᠷᠠᠯᠴᠠᠭ᠎ᠠ ᠤᠯᠤᠯᠴᠠᠭ᠎ᠠ᠎ᠪᠠᠨ ᠬᠠᠮᠳᠤ᠎ᠪᠠᠷ ᠴᠢᠩᠭ᠋ᠠᠳᠬᠠᠵᠦ᠂ ᠭᠠᠳᠠᠭ᠋ᠠᠳᠦ ᠨᠡᠭᠡᠭᠡᠯᠳᠠ ᠵᠢ ᠬᠠᠮᠳᠤ᠎ᠪᠠᠷ ᠦᠷᠭᠡᠳᠭᠡᠶ᠎ᠠ᠃ ᠬᠠᠮᠳᠤᠷᠠᠯᠴᠠᠵᠦ ᠬᠠᠮᠳᠤ᠎ᠪᠠᠷ ᠠᠰᠢᠬ ᠬᠦᠷᠳᠡᠬᠦ ᠬᠠᠮᠳᠤ ᠵᠢᠨ ᠨᠡᠭᠡᠭᠡᠯᠳᠠ ᠵᠢ ᠠᠬᠢᠭᠤᠯᠬᠤ᠎ᠪᠠᠷ ᠬᠦᠴᠦᠯᠡᠵᠦ᠂ ᠢᠳᠡᠭᠡᠯᠴᠡᠬᠦ᠎ᠠᠴᠠ ᠪᠢᠰᠢ ᠰᠡᠵᠢᠭᠯᠡᠬᠦ ᠦᠭᠡᠢ᠂ ᠭᠠᠷ ᠬᠤᠯᠪᠤᠬᠤ᠎ᠠᠴᠠ ᠪᠢᠰᠢ ᠨᠢᠲᠤᠷᠭ᠎ᠠ ᠡᠷᠬᠢᠬᠦᠯᠬᠦ ᠦᠭᠡᠢ᠂ ᠵᠦᠪᠳᠡᠯᠴᠡᠬᠦ᠎ᠠᠴᠠ ᠪᠢᠰᠢ ᠬᠠᠷᠢᠶᠠᠯᠴᠠᠬᠤ ᠦᠭᠡᠢ ᠪᠠᠢ᠍ᠢ᠍ᠵᠠᠭ᠋ᠠᠶ᠎ᠠ᠃ ᠬᠠᠮᠳᠤᠷᠠᠯᠴᠠᠵᠦ ᠬᠠᠮᠳᠤ᠎ᠪᠠᠷ ᠬᠠᠷᠢᠭᠤᠴᠠᠯᠭ᠎ᠠ ᠡᠬᠦᠷᠬᠡᠯᠡᠬᠦ ᠬᠠᠮᠳᠤ ᠵᠢᠨ ᠨᠡᠬᠡᠬᠡᠯᠳᠠ ᠵᠢ ᠠᠬᠢᠭᠤᠯᠬᠤ᠎ᠪᠠᠷ ᠴᠢᠷᠮᠠᠢ᠍ᠢ᠍ᠵᠤ᠂ ᠲᠤᠮᠤ ᠤᠯᠤᠰ ᠤᠷᠢᠳ ᠵᠶ᠋ᠠᠷ ᠦᠯᠢᠬᠡᠷ ᠵᠢᠱ᠌ᠢᠶ᠎ᠠ ᠦᠵᠡᠬᠦᠯᠵᠤ᠂ ᠭᠤᠤᠯ ᠪᠤᠯᠬᠤ ᠠᠵᠤ ᠠᠬᠤᠢ ᠵᠢᠨ ᠴᠤᠬ᠍ᠴᠠ ᠪᠠᠶ᠎ᠠ᠎ᠪᠠᠷ ᠵᠶ᠋ᠠᠨ ᠬᠡᠪ ᠲᠠᠭᠤᠷᠢᠶᠠᠯ ᠪᠤᠯᠵᠤ᠂ ᠬᠦᠭᠵᠢᠵᠤ ᠪᠠᠢ᠍ᠢ᠍ᠭ᠎ᠠ ᠤᠯᠤᠰ᠎ᠤᠳ ᠢᠳᠡᠪᠬᠢᠳᠠᠢ ᠵᠢᠳᠬᠦᠯ ᠴᠢᠷᠮᠠᠢ᠍ᠢ᠍ᠯᠭ᠎ᠠ ᠭᠠᠷᠭ᠋ᠠᠵᠠᠭ᠋ᠠᠶ᠎ᠠ᠃ ᠬᠠᠮᠳᠤᠷᠠᠯᠴᠠᠵᠦ ᠬᠠᠮᠳᠤ᠎ᠪᠠᠷ ᠵᠠᠰᠠᠬᠤ ᠬᠠᠮᠳᠤ ᠵᠢᠨ ᠨᠡᠬᠡᠬᠡᠯᠳᠠ ᠵᠢ ᠠᠬᠢᠭᠤᠯᠬᠤ᠎ᠪᠠᠷ ᠴᠢᠷᠮᠠᠢ᠍ᠢ᠍ᠵᠤ᠂ ᠭᠠᠬ᠍ᠴᠠ ᠲᠠᠯᠠᠳᠤ ᠦᠵᠡᠯ᠂ ᠬᠠᠮᠠᠭ᠋ᠠᠯᠠᠬᠤ ᠦᠵᠡᠯ᠎ᠤᠨ ᠲᠡᠯᠡᠬᠡᠢ ᠵᠢᠨ ᠡᠮᠬᠢ ᠲᠢᠭᠯᠢᠮ ᠪᠤᠯᠤᠨ ᠤᠯᠠᠨ ᠤᠯᠤᠰ᠎ᠤᠨ ᠶᠤᠰᠤ ᠵᠢᠷᠤᠮ᠎ᠢ ᠡᠪᠳᠡᠬᠦ ᠵᠢ ᠲᠤᠷ᠎ᠠ᠎ᠪᠠᠷ᠎ᠨᠢ ᠲᠠᠯᠪᠢᠵᠦ ᠪᠤᠯᠬᠤ ᠦᠭᠡᠢ᠂ ᠬᠠᠷᠢᠨ ᠪᠦᠳᠤᠬᠡᠯᠴᠢ ᠴᠢᠨᠠᠷᠳᠠᠢ ᠤᠪᠤᠷ ᠪᠠᠢ᠍ᠢ᠍ᠳᠠᠯ ᠵᠶ᠋ᠠᠷ ᠪᠦᠬᠦ ᠪᠦᠮᠪᠦᠷᠴᠡᠭ᠎ᠤᠨ ᠵᠠᠰᠠᠯᠳᠠ ᠵᠢᠨ ᠰᠢᠰᠲᠸᠮ᠎ᠳᠤ ᠦᠬᠡᠷᠡᠴᠢᠯᠠᠯᠳᠠ ᠬᠢᠵᠤ᠂ ᠨᠡᠬᠡᠬᠡᠯᠳᠡᠳᠤ ᠮᠠᠶᠢᠬ᠎ᠤᠨ ᠲᠡᠯᠡᠬᠡᠢ ᠵᠢᠨ ᠠᠵᠤ ᠠᠬᠤᠢ ᠵᠢ ᠪᠦᠳᠤᠬᠡᠨ ᠪᠠᠢ᠍ᠢ᠍ᠭᠤᠯᠬᠤ ᠵᠢ ᠠᠬᠢᠭᠤᠯᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠠᠶᠢᠬᠠᠨ ᠲᠡᠬᠦᠰᠦᠭᠰᠡᠨ ᠨᠠᠮ᠎ᠤᠨ ᠠᠷᠪᠠ ᠶᠢᠰᠤᠳᠤᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠠᠴᠠ ᠳᠤᠮᠳᠠᠳᠤ ᠤᠯᠤᠰ᠎ᠤᠨ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠤ ᠬᠦᠭᠵᠢᠯᠳᠠ᠎ᠳᠤ ᠪᠦᠬᠦ ᠲᠠᠯ᠎ᠠ᠎ᠪᠠᠷ ᠲᠦᠯᠤᠪᠵᠢᠬᠦᠯᠬᠡ ᠬᠢᠪᠠ᠃ ᠳᠤᠮᠳᠠᠳᠤ ᠤᠯᠤᠰ᠎ᠤᠨ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠠᠯᠳᠠ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠬᠦ ᠬᠠᠷᠠᠯᠳᠠ ᠤᠳᠠᠯ ᠦᠬᠡᠢ ᠪᠡᠶᠡᠯᠡᠭᠳᠡᠵᠤ᠂ ᠲᠠᠷᠠᠭ᠎ᠠ ᠵᠢᠯ᠎ᠠᠴᠠ ᠡᠬᠢᠯᠠᠵᠤ ᠨᠡᠢ᠍ᠢ᠍ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠤᠬᠡᠨ ᠪᠠᠢ᠍ᠢ᠍ᠭᠤᠯᠬᠤ ᠰᠢᠨ᠎ᠠ ᠠᠶᠠᠨ᠎ᠢ ᠡᠬᠢᠯᠡᠬᠦᠯᠵᠤ᠂ ᠳᠤᠮᠳᠠᠳᠤ ᠤᠯᠤᠰ ᠰᠢᠨ᠎ᠠ ᠬᠦᠭᠵᠢᠯᠳᠠ ᠵᠢᠨ ᠱᠠᠳᠤᠨ᠎ᠳᠤ ᠤᠷᠤᠬᠤ ᠪᠤᠯᠤᠨ᠎ᠠ᠃ ᠪᠢᠳᠠ ᠤᠯᠤᠰ᠎ᠤᠨ ᠳᠤᠳᠤᠭ᠋ᠠᠳᠤ ᠵᠢᠨ ᠶᠡᠬᠡ ᠤᠷᠴᠢᠯ ᠵᠶ᠋ᠠᠷ ᠭᠤᠤᠯ ᠴᠤᠬ᠍ᠴᠠ ᠪᠤᠯᠭ᠋ᠠᠵᠤ᠂ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠬᠤᠤᠰ ᠤᠷᠴᠢᠯ ᠬᠠᠷᠢᠯᠴᠠᠨ ᠠᠬᠢᠭᠤᠯᠤᠬᠰᠠᠨ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠪᠠᠢ᠍ᠢ᠍ᠭᠤᠯᠬᠤ᠎ᠪᠠᠷ ᠲᠤᠷᠡᠳᠴᠠᠢ᠃ ᠡᠨᠡ᠎ᠨᠢ ᠪᠢᠳᠡᠬᠦᠮᠵᠢᠯᠡᠭᠰᠡᠨ ᠤᠯᠤᠰ᠎ᠤᠨ ᠳᠤᠳᠤᠭ᠋ᠠᠳᠤ ᠵᠢᠨ ᠤᠷᠴᠢᠯ ᠤᠬᠳᠤ ᠪᠢᠰᠢ᠂ ᠬᠠᠷᠢᠨ ᠨᠡᠩ ᠨᠡᠬᠡᠬᠡᠯᠳᠠᠳᠠᠢ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠬᠤᠤᠰ ᠤᠷᠴᠢᠯ ᠮᠦᠨ᠂ ᠡᠨᠡ᠎ᠨᠢ ᠳᠤᠮᠳᠠᠳᠤ ᠤᠯᠤᠰ᠎ᠤᠨ ᠲᠤᠰ ᠪᠠᠶ᠎ᠠ ᠵᠢᠨ ᠬᠦᠭᠵᠢᠯᠳᠠ ᠵᠢᠨ ᠭᠡᠷᠡᠭᠴᠡᠬᠡ ᠪᠤᠯᠬᠤ᠎ᠪᠠᠷ ᠪᠠᠷᠠᠬᠤ ᠦᠬᠡᠢ᠂ ᠨᠡᠩ ᠴᠤ᠌ ᠡᠯ᠎ᠠ ᠤᠯᠤᠰ᠎ᠤᠨ ᠠᠷᠠᠳ ᠲᠦᠮᠡᠨ᠎ᠳᠤ ᠪᠤᠶᠠᠨ ᠤᠢ᠍ᠢ᠍ᠯᠡᠳᠬᠦ ᠪᠤᠯᠤᠨ᠎ᠠ᠃ ᠳᠤᠮᠳᠠᠳᠤ ᠤᠯᠤᠰ ᠪᠤᠯ ᠪᠦᠬᠦ ᠪᠦᠮᠪᠦᠷᠴᠡᠭ᠎ᠤᠨ ᠬᠠᠮᠤᠬ᠎ᠤᠨ ᠶᠡᠬᠡ ᠲᠠᠯᠳᠠ ᠬᠦᠴᠤᠨ᠎ᠲᠠᠢ ᠲᠤᠮᠤ ᠵᠠᠬ᠎ᠠ ᠲᠡᠯᠬᠡᠬᠦᠷ ᠪᠤᠯᠤᠨ᠎ᠠ᠃ ᠳᠤᠮᠳᠠᠳᠤ ᠤᠯᠤᠰ᠎ᠤᠨ ᠤᠢ᠍ᠢ᠍ᠯᠡᠳᠬᠡᠯ᠎ᠨᠢ ᠪᠦᠬᠦ ᠪᠦᠮᠪᠦᠷᠴᠡᠭ᠎ᠤᠨ ᠠᠵᠤ ᠤᠢ᠍ᠢ᠍ᠯᠡᠰ᠎ᠤᠨ ᠬᠡᠯᠬᠢᠶ᠎ᠠ ᠬᠠᠩᠭ᠋ᠠᠯᠭ᠎ᠠ ᠵᠢᠨ ᠬᠡᠯᠬᠢᠶᠠᠨ᠎ᠤ ᠴᠢᠬᠤᠯᠠ ᠪᠦᠷᠢᠯᠳᠤᠬᠦᠨ ᠬᠡᠰᠡᠭ ᠪᠤᠯᠵᠤ᠂ ᠢᠳᠡᠪᠬᠢᠳᠠᠢ ᠬᠤᠪᠢ ᠨᠡᠮᠡᠷᠢ ᠦᠵᠡᠬᠦᠯᠪᠠ᠃ ᠳᠤᠮᠳᠠᠳᠤ ᠤᠯᠤᠰ᠎ᠤᠨ ᠦᠷᠬᠡᠨ ᠠᠭᠤᠲᠠᠮ ᠳᠤᠳᠤᠭ᠋ᠠᠳᠤ ᠭᠡᠷᠡᠭᠴᠡᠬᠡ ᠵᠢᠨ ᠵᠠᠬ᠎ᠠ ᠲᠡᠯᠬᠡᠬᠦᠷ᠎ᠨᠢ ᠰᠢᠨ᠎ᠡ ᠵᠢ ᠡᠭᠦᠳᠬᠦ ᠰᠢᠷᠬᠢᠰᠢ ᠦᠭᠡᠢ ᠲᠠᠯᠳᠠ ᠬᠦᠴᠤᠨ᠎ᠢ ᠲᠠᠰᠤᠷᠠᠯᠳᠠ ᠦᠬᠡᠢ ᠬᠦᠭᠵᠢᠬᠡᠬᠦ ᠪᠤᠯᠤᠨ᠎ᠠ᠃ ᠳᠤᠮᠳᠠᠳᠤ ᠤᠯᠤᠰ ᠡᠷᠡᠰ ᠭᠤᠢ᠍ᠢ᠍ᠪᠢᠰᠢ ᠦᠬᠡᠢ᠎ᠪᠠᠷ ᠨᠡᠬᠡᠬᠡᠯᠳᠠ ᠵᠢ ᠪᠦᠬᠦ ᠲᠠᠯ᠎ᠠ᠎ᠪᠠᠷ ᠦᠷᠬᠡᠳᠬᠡᠵᠤ᠂ ᠳᠤᠮᠳᠠᠳᠤ ᠤᠯᠤᠰ᠎ᠤᠨ ᠵᠠᠬ᠎ᠠ ᠲᠡᠯᠬᠡᠬᠦᠷ᠎ᠢ ᠲᠡᠯᠡᠬᠡᠢ ᠵᠢᠨ ᠵᠠᠬ᠎ᠠ ᠲᠡᠯᠬᠡᠬᠦᠷ᠂ ᠬᠠᠮᠳᠤ᠎ᠪᠠᠷ ᠡᠳ᠋ᠯᠡᠬᠦ ᠵᠠᠬ᠎ᠠ ᠲᠡᠯᠬᠡᠬᠦᠷ᠂ ᠤᠯᠠᠨ᠎ᠤ ᠵᠠᠬ᠎ᠠ ᠲᠡᠯᠬᠡᠬᠦᠷ ᠪᠤᠯᠭ᠋ᠠᠵᠤ᠂ ᠲᠡᠯᠡᠬᠡᠢ ᠨᠡᠢ᠍ᠢ᠍ᠬᠡᠮ᠎ᠳᠤ ᠨᠡᠩ ᠶᠡᠬᠡ ᠢᠳᠡᠪᠬᠢ ᠬᠦᠴᠤᠨ᠎ᠢ ᠨᠠᠮᠠᠷᠢᠯᠠᠨ᠎ᠠ᠃
      ᠨᠢᠬᠡᠳᠤᠭᠡᠷ᠎ᠲᠤ᠂ ᠨᠡᠬᠡᠬᠡᠯᠳᠠ ᠵᠢᠨ ᠰᠢᠨ᠎ᠠ ᠦᠨᠳᠦᠷᠯᠢᠭ ᠭᠠᠵᠠᠷ᠎ᠢ ᠴᠤᠬ᠍ᠴᠠᠯᠠᠨ᠎ᠠ᠃ ᠳᠤᠮᠳᠠᠳᠤ ᠤᠯᠤᠰ ᠴᠢᠯᠤᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠂ ᠴᠢᠯᠤᠬᠡᠳᠤ ᠠᠷᠠᠯᠵᠢᠶᠠᠨ᠎ᠤ ᠭᠠᠷᠠᠮ᠎ᠤᠨ ᠬᠦᠳᠤᠯᠤᠨ ᠲᠠᠭ᠋ᠠᠭᠤᠯᠬᠤ ᠤᠢ᠍ᠢ᠍ᠯᠡᠳᠤᠯ᠎ᠢ ᠪᠦᠳᠤᠮᠵᠢᠳᠠᠢ ᠪᠠᠳᠠᠷᠠᠭᠤᠯᠵᠤ᠂ ᠬᠢᠯᠢ ᠠᠯᠤᠰᠯᠠᠬᠰᠠᠨ ᠤᠢ᠍ᠢ᠍ᠯᠡᠴᠢᠯᠡᠬᠡ ᠠᠷᠠᠯᠵᠢᠶᠠᠨ᠎ᠤ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠭᠠᠷᠭ᠋ᠠᠵᠤ᠂ ᠲᠤᠭ᠋ᠠᠴᠢᠯᠠᠬᠰᠠᠨ ᠠᠵᠤ ᠠᠬᠤᠢ᠂ ᠢᠨᠲᠸᠷ ᠰᠦᠯᠵᠢᠶ᠎ᠠ ᠵᠡᠷᠬᠡ ᠬᠦᠷᠢᠶᠠᠨ᠎ᠤ ᠨᠡᠬᠡᠬᠡᠯᠳᠠ ᠵᠢ ᠦᠷᠬᠦᠯᠵᠢᠯᠠᠨ ᠦᠷᠬᠡᠳᠬᠡᠵᠤ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠵᠢ ᠴᠢᠯᠤᠬᠡᠲᠡᠢ ᠪᠤᠯᠭ᠋ᠠᠬᠤ ᠲᠦᠬᠦᠮ ᠲᠦᠲᠡ ᠪᠤᠯᠭ᠋ᠠᠬᠤ ᠦᠬᠡᠷᠡᠴᠢᠯᠠᠯᠳᠠ ᠰᠢᠨᠡᠴᠢᠯᠡᠯᠳᠠ ᠵᠢ ᠬᠦᠨᠵᠡᠬᠡᠢ ᠦᠷᠨᠢᠬᠦᠯᠵᠤ᠂ ᠨᠡᠩ ᠦᠨᠳᠤᠷ ᠲᠦᠪᠰᠢᠨ᠎ᠲᠠᠢ ᠨᠡᠬᠡᠬᠡᠯᠳᠡᠳᠤ ᠮᠠᠶᠢᠬ᠎ᠤᠨ ᠠᠵᠤ ᠠᠬᠤᠢ ᠵᠢᠨ ᠰᠢᠨ᠎ᠠ ᠪᠠᠢ᠍ᠢ᠍ᠭᠤᠯᠤᠮᠵᠢ ᠵᠢ ᠪᠦᠳᠤᠬᠡᠨ ᠪᠠᠢ᠍ᠢ᠍ᠭᠤᠯᠬᠤ ᠵᠢ ᠠᠬᠢᠭᠤᠯᠤᠨ᠎ᠠ᠃
      ᠬᠤᠶᠠᠳᠤᠭ᠋ᠠᠷ᠎ᠲᠤ᠂ ᠭᠠᠳᠠᠭ᠋ᠠᠳᠤ ᠠᠷᠠᠯᠵᠢᠶ᠎ᠡ ᠵᠢᠨ ᠰᠢᠨ᠎ᠡ ᠵᠢ ᠡᠬᠦᠳᠦᠨ ᠬᠦᠭᠵᠢᠬᠦ ᠵᠢ ᠠᠬᠢᠭᠤᠯᠤᠨ᠎ᠡ᠃ ᠲᠤᠮᠳᠠᠳᠤ ᠤᠯᠤᠰ ᠦᠷᠬᠦᠯᠵᠢᠯᠡᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠬᠯᠠᠭ᠋ᠠᠨ ᠵᠡᠷᠭᠡ ᠨᠡᠭᠡᠭᠡᠯᠳᠡᠳᠤ ᠲᠠᠪᠴᠠᠩ ᠵᠶ᠋ᠠᠷ ᠲᠠᠮᠵᠢᠭᠤᠯᠵᠤ᠂ ᠡᠯ᠎ᠡ ᠤᠯᠤᠰ᠎ᠤᠨ ᠠᠵᠤ ᠠᠬᠤᠢ᠍ᠢ᠍ᠯᠠᠯ᠎ᠤᠨ ᠲᠤᠮᠳᠠᠳᠤ ᠤᠯᠤᠰ᠎ᠲᠠᠬᠢ ᠬᠤᠳᠠᠯᠳᠤᠭ᠋ᠠᠨ᠎ᠤ ᠠᠵᠠ ᠲᠤᠬᠢᠶᠠᠯ ᠵᠶ᠋ᠠᠨ ᠦᠷᠬᠡᠳᠭᠡᠬᠦ ᠵᠢ ᠲᠠᠮᠵᠢᠨ᠎ᠠ᠃ ᠲᠤᠮᠳᠠᠳᠤ ᠤᠯᠤᠰ ᠭᠠᠳᠠᠭ᠋ᠠᠳᠤ ᠠᠷᠠᠯᠵᠢᠶ᠎ᠡ ᠵᠢᠨ ᠨᠡᠮᠡᠭᠳᠡᠯ᠎ᠤᠨ ᠲᠠᠯᠳᠠ ᠬᠦᠴᠤᠨ᠎ᠢ ᠠᠭᠤᠳᠠᠯᠠᠵᠤ᠂ ᠤᠯᠠᠨ ᠤᠯᠤᠰ᠎ᠤᠨ ᠠᠷᠠᠯᠵᠢᠶ᠎ᠡ ᠵᠢᠨ ᠨᠡᠮᠡᠭᠳᠡᠯ᠂ ᠲᠡᠯᠡᠭᠡᠢ ᠵᠢᠨ ᠠᠵᠤ ᠠᠬᠤᠢ ᠵᠢᠨ ᠬᠦᠭᠵᠢᠯᠳᠠ ᠵᠢ ᠠᠬᠢᠭᠤᠯᠬᠤ᠎ᠳᠤ ᠢᠳᠡᠪᠬᠢᠳᠠᠢ ᠬᠤᠪᠢ ᠨᠠᠮᠡᠷᠢ ᠦᠵᠡᠬᠦᠯᠦᠨ᠎ᠠ᠃ ᠲᠤᠮᠳᠠᠳᠤ ᠤᠯᠤᠰ ᠬᠢᠯᠢ ᠠᠯᠤᠰᠯᠠᠬᠰᠡᠨ ᠡᠯᠸᠺᠲᠷᠤᠨ ᠬᠤᠳᠠᠯᠳᠤᠭ᠎ᠡ ᠵᠡᠷᠭᠡ ᠰᠢᠨ᠎ᠡ ᠡᠵᠡᠨᠭᠨᠡᠯᠳᠠ ᠵᠢᠨ ᠬᠡᠯᠪᠡᠷᠢ ᠰᠢᠨ᠎ᠡ ᠬᠡᠪ ᠵᠠᠬ᠍ᠪᠤᠷ᠎ᠢ ᠲᠦᠷᠭᠡᠳᠭᠡᠨ ᠬᠦᠭᠵᠢᠬᠦᠯᠬᠦ ᠵᠢ ᠠᠬᠢᠭᠤᠯᠵᠦ᠂ ᠭᠠᠳᠠᠭ᠋ᠠᠳᠤ ᠠᠷᠠᠯᠵᠢᠶ᠎ᠡ ᠵᠢᠨ ᠰᠢᠨ᠎ᠡ ᠬᠦᠳᠡᠯᠭᠡᠬᠦ ᠡᠨ᠋ᠸᠷᠬᠢ ᠵᠢ ᠪᠤᠢ᠍ᠢ᠍ᠵᠢᠭᠤᠯᠤᠨ᠎ᠠ᠃ ᠲᠤᠮᠳᠠᠳᠤ ᠤᠯᠤᠰ 《ᠲᠤᠮᠳᠠᠳᠤ ᠤᠯᠤᠰ᠎ᠤᠨ ᠭᠠᠳᠠᠭ᠋ᠠᠳᠤ᠎ᠠᠴᠠ ᠤᠷᠤᠭᠤᠯᠬᠤ ᠵᠢ ᠴᠠᠭ᠋ᠠᠵᠠᠯᠠᠬᠤ ᠭᠠᠳᠠᠭ᠋ᠠᠳᠤ᠎ᠠᠴᠠ ᠤᠷᠤᠭᠤᠯᠬᠤ ᠵᠢ ᠬᠢᠵᠠᠭ᠋ᠠᠷᠯᠠᠬᠤ ᠮᠡᠷᠭᠡᠵᠢᠯ᠎ᠤᠨ ᠭᠠᠷᠴᠠᠭ》᠎ᠢ ᠪᠠᠭ᠋ᠠᠰᠬᠠᠵᠤ᠂ ᠮᠡᠷᠭᠡᠵᠢᠯ᠎ᠤᠨ ᠡᠯᠸᠮᠸᠨ᠋ᠲ᠎ᠤᠨ ᠬᠢᠯᠢ ᠠᠯᠤᠰᠯᠠᠨ ᠴᠢᠯᠦᠭᠡᠳᠠᠢ ᠰᠢᠯᠵᠢᠬᠦ᠎ᠳᠤ ᠰᠠᠢ᠍ᠢ᠍ᠨ ᠰᠠᠢ᠍ᠢ᠍ᠬᠠᠨ ᠤᠷᠴᠢᠨ ᠲᠤᠭᠤᠷᠢᠨ᠎ᠢ ᠡᠬᠦᠳᠦᠨ᠎ᠠ᠃
      ᠭᠤᠷᠪᠠᠳᠤᠭ᠋ᠠᠷ᠎ᠲᠤ᠂ ᠬᠤᠳᠠᠯᠳᠤᠭ᠎ᠡ ᠡᠷᠬᠢᠯᠡᠬᠦ ᠤᠷᠴᠢᠨ ᠨᠦᠬᠦᠴᠡᠯ᠎ᠢ ᠦᠷᠬᠦᠯᠵᠢᠯᠡᠨ ᠰᠢᠯᠢᠳᠡᠭᠵᠢᠬᠦᠯᠤᠨ᠎ᠡ᠃ ᠲᠤᠮᠳᠠᠳᠤ ᠤᠯᠤᠰ ᠬᠢᠵᠢᠭ᠎ᠤᠨ ᠪᠠᠢ᠍ᠢ᠍ᠳᠠᠯ ᠦᠨᠭᠭᠡᠷᠡᠭᠰᠡᠨ᠎ᠤ ᠲᠠᠷᠠᠭ᠎ᠡ ᠲᠤᠬᠳᠠᠭ᠋ᠠᠬᠰᠡᠨ ᠡᠯ᠎ᠡ ᠵᠦᠢ᠍ᠯ᠎ᠤᠨ ᠬᠦᠴᠢᠷᠳᠡᠯ᠎ᠠᠴᠠ ᠮᠤᠯᠳᠤᠷᠠᠭᠤᠯᠵᠦ ᠠᠵᠤ ᠠᠬᠤᠢ᠍ᠢ᠍ᠯᠠᠯ᠎ᠳᠤ ᠠᠰᠢᠭ ᠬᠦᠷᠳᠡᠭᠡᠬᠦ ᠲᠦᠷᠦ ᠵᠢᠨ ᠪᠤᠳᠤᠯᠭ᠎ᠡ ᠵᠢᠨ ᠲᠠᠯ᠎ᠠ᠎ᠪᠠᠷ ᠲᠤᠮᠳᠠᠳᠤ ᠤᠯᠤᠰ᠎ᠤᠨ ᠬᠢᠯᠢ᠎ᠳᠤ ᠪᠦᠷᠢᠳᠭᠡᠭᠦᠯᠦᠭᠰᠡᠨ ᠠᠵᠤ ᠠᠬᠤᠢ᠍ᠢ᠍ᠯᠠᠯ᠎ᠳᠤ ᠨᠢᠭᠡ ᠯᠡ ᠠᠳᠠᠯᠢ᠎ᠪᠠᠷ ᠬᠠᠨᠳᠤᠨ᠎ᠡ᠃ ᠡᠨᠡ ᠵᠢᠯ᠂ ᠲᠤᠮᠳᠠᠳᠤ ᠤᠯᠤᠰ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠤᠷᠤᠭᠤᠯᠤᠯᠳᠠ ᠵᠢᠨ ᠬᠠᠤᠯᠢ ᠪᠠ ᠬᠤᠯᠪᠤᠬᠳᠠᠯ ᠪᠦᠬᠦᠢ ᠢᠵᠢ ᠪᠦᠷᠢᠳᠦᠭᠰᠡᠨ ᠬᠠᠤᠯᠢ ᠲᠤᠬᠳᠠᠭ᠋ᠠᠯ᠎ᠢ ᠭᠡᠷᠡᠭᠵᠢᠬᠦᠯᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠤᠷᠤᠭᠤᠯᠬᠤ ᠵᠢ ᠵᠦᠪᠰᠢᠶᠡᠷᠡᠬᠦ ᠨᠠᠵᠠᠭ᠋ᠠᠢ ᠲᠠᠯ᠎ᠡ ᠵᠢᠨ ᠨᠠᠷᠢᠨ ᠲᠠᠨᠭ᠌ᠰᠠ ᠵᠢ ᠤᠯᠠᠮ ᠴᠢᠨᠠᠬᠰᠢᠳᠠ ᠪᠠᠭ᠋ᠠᠰᠬᠠᠪᠠ᠃ ᠲᠤᠮᠳᠠᠳᠤ ᠤᠯᠤᠰ ᠢᠯᠡ ᠲᠤᠳᠤᠷᠬᠠᠢ ᠪᠠᠢ᠍ᠢ᠍ᠬᠤ ᠭᠠᠳᠠᠭ᠋ᠠᠳᠤ᠎ᠳᠤ ᠬᠤᠯᠪᠤᠬᠳᠠᠬᠰᠡᠨ ᠬᠠᠤᠯᠢ ᠴᠠᠭ᠋ᠠᠵᠠ ᠵᠢᠨ ᠰᠢᠰᠲᠸᠮ᠎ᠢ ᠦᠷᠬᠦᠯᠵᠢᠯᠡᠨ ᠲᠡᠬᠦᠯᠳᠡᠷᠵᠢᠬᠦᠯᠵᠤ᠂ ᠮᠠᠳᠡᠯᠭᠡ ᠵᠢᠨ ᠦᠮᠴᠢᠯᠡᠬᠦ ᠡᠷᠭᠡ ᠵᠢᠨ ᠬᠠᠮᠠᠭ᠋ᠠᠯᠠᠯᠳᠠ ᠵᠢ ᠴᠢᠨᠭ᠌ᠭ᠋ᠠᠳᠬᠠᠵᠤ᠂ ᠭᠠᠳᠠᠭ᠋ᠠᠳᠤ ᠪᠡᠯᠡᠳᠦ ᠠᠵᠤ ᠠᠬᠤᠢ᠍ᠢ᠍ᠯᠠᠯ᠎ᠤᠨ ᠬᠠᠤᠯᠢ ᠶᠤᠰᠤᠨ᠎ᠤ ᠡᠷᠭᠡ ᠠᠰᠢᠭ᠎ᠢ ᠬᠠᠮᠠᠭ᠋ᠠᠯᠠᠵᠤ᠂ ᠴᠢᠨᠠᠷ ᠰᠠᠢ᠍ᠢ᠍ᠳᠠᠢ ᠦᠢ᠍ᠯᠡᠴᠢᠯᠡᠭᠡ᠎ᠪᠠᠷ ᠨᠡᠩ ᠰᠠᠢ᠍ᠢ᠍ᠨ ᠤᠷᠴᠢᠨ ᠲᠤᠭᠤᠷᠢᠨ᠎ᠢ ᠪᠤᠢ ᠪᠤᠯᠭ᠋ᠠᠨ᠎ᠠ᠃
      ᠲᠦᠷᠪᠡᠳᠤᠭᠡᠷ᠎ᠲᠤ᠂ ᠬᠤᠶᠠᠷ ᠲᠠᠯ᠎ᠡ ᠵᠢᠨ᠂ ᠤᠯᠠᠨ ᠲᠠᠯ᠎ᠡ ᠵᠢᠨ᠂ ᠤᠷᠤᠨ ᠪᠦᠰᠡ ᠵᠢᠨ ᠬᠠᠮᠳᠤᠷᠠᠯᠴᠠᠭ᠎ᠡ ᠵᠢ ᠬᠦᠨᠵᠡᠭᠡᠢ᠍ᠢ᠍ᠷᠠᠬᠦᠯᠤᠨ᠎ᠡ᠃ ᠲᠤᠮᠳᠠᠳᠤ ᠤᠯᠤᠰ ᠲᠤᠷᠠᠳᠠᠶ᠎ᠡ ᠨᠡᠩ ᠤᠯᠠᠨ ᠤᠯᠤᠰ᠎ᠯᠤᠭ᠎ᠠ ᠦᠨᠳᠤᠷ ᠪᠠᠷᠢᠮᠵᠢᠶᠠᠳᠦ ᠴᠢᠯᠦᠭᠡᠳᠤ ᠠᠷᠠᠯᠵᠢᠶᠠᠨ᠎ᠤ ᠵᠦᠪᠳᠡᠯᠴᠡᠭᠡᠷ᠎ᠢ ᠵᠦᠪᠯᠡᠯᠴᠡᠨ ᠲᠤᠬᠢᠷᠠᠯᠴᠠᠵᠤ᠂ ᠤᠷᠤᠨ ᠪᠦᠰᠡ ᠵᠢᠨ ᠪᠦᠬᠦ ᠲᠠᠯ᠎ᠡ ᠵᠢᠨ ᠠᠵᠤ ᠠᠬᠤᠢ ᠵᠢᠨ ᠬᠠᠨᠢᠳᠠᠨ᠎ᠤ ᠬᠠᠷᠢᠯᠴᠠᠭ᠎ᠡ ᠵᠢᠨ ᠵᠦᠪᠳᠡᠯᠴᠡᠭᠡᠷ᠎ᠲᠤ ᠲᠠᠷᠤᠢ ᠲᠦᠷᠭᠡᠨ ᠭᠠᠷ᠎ᠤᠨ ᠦᠰᠦᠭ ᠵᠢᠷᠤᠬᠤ ᠵᠢ ᠠᠬᠢᠭᠤᠯᠵᠤ᠂ ᠲᠤᠮᠳᠠᠳᠤ ᠡᠸᠦ᠋ᠷᠤᠫᠠ ᠵᠢᠨ ᠪᠡᠯᠡ ᠤᠷᠤᠭᠤᠯᠤᠯᠳᠠ ᠵᠢᠨ ᠵᠦᠪᠳᠡᠯᠴᠡᠭᠡᠷ᠂ ᠲᠤᠮᠳᠠᠳᠤ ᠶᠠᠫᠤᠨ ᠺᠤᠷᠢᠶᠠ ᠵᠡᠷᠭᠡ ᠴᠢᠯᠦᠭᠡᠳᠤ ᠠᠷᠠᠯᠵᠢᠶᠠᠨ᠎ᠤ ᠵᠦᠪᠳᠡᠯᠴᠡᠭᠡᠷ᠎ᠤᠨ ᠬᠡᠯᠡᠯᠴᠡᠭᠡ ᠵᠢᠨ ᠠᠬᠢᠴᠠ ᠵᠢ ᠲᠦᠷᠭᠡᠳᠭᠡᠵᠤ᠂ ᠲᠡᠯᠡᠭᠡᠢ ᠵᠢᠨ ᠦᠨᠳᠤᠷ ᠪᠠᠷᠢᠮᠵᠢᠶᠠᠳᠦ ᠴᠢᠯᠦᠭᠡᠳᠤ ᠠᠷᠠᠯᠵᠢᠶᠠᠨ᠎ᠤ ᠤᠷᠤᠨ᠎ᠯᠤᠭ᠎ᠠ ᠵᠢᠨ ᠰᠤᠯᠢᠯᠴᠠᠭ᠎ᠡ ᠲᠤᠯᠢᠯᠠᠯ᠎ᠢ ᠴᠢᠨᠭ᠌ᠭ᠋ᠠᠳᠬᠠᠨ᠎ᠡ᠃ ᠲᠤᠮᠳᠠᠳᠤ ᠤᠯᠤᠰ ᠲᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠦᠭᠡᠷᠡᠴᠢᠯᠡᠯᠳᠠ᠎ᠳᠤ ᠢᠳᠡᠪᠬᠢᠳᠠᠢ ᠤᠷᠤᠯᠴᠠᠵᠤ᠂ ᠤᠯᠠᠨ ᠤᠯᠤᠰ᠎ᠤᠨ ᠬᠤᠯᠪᠤᠭ᠋ᠠᠳᠤ ᠪᠠᠢ᠍ᠢ᠍ᠭᠤᠯᠭ᠎ᠡ᠂ ᠬᠤᠷᠢᠨ ᠤᠯᠤᠰ᠎ᠤᠨ ᠪᠦᠯᠦᠭᠯᠡᠯ᠂ ᠠᠽᠢᠶ᠎ᠡ ᠲᠢᠪ ᠨᠤᠮᠤᠬᠠᠨ ᠲᠠᠯᠠᠢ ᠵᠢᠨ ᠤᠷᠤᠨ᠎ᠤ ᠠᠵᠤ ᠠᠬᠤᠢ ᠵᠢᠨ ᠵᠤᠬᠢᠶᠠᠨ ᠪᠠᠢ᠍ᠢ᠍ᠭᠤᠯᠤᠯᠳᠠ᠂ ᠠᠯᠳᠠᠨ ᠲᠤᠭᠤᠰᠬ᠎ᠡ ᠤᠯᠤᠰ᠎ᠤᠳ ᠵᠡᠷᠭᠡ ᠲᠤᠬᠳᠠᠴᠠ ᠵᠢᠨ ᠬᠠᠮᠳᠤᠷᠠᠯᠴᠠᠭ᠎ᠡ᠎ᠳᠤ ᠢᠳᠡᠪᠬᠢᠳᠠᠢ ᠤᠷᠤᠯᠴᠠᠨ᠎ᠠ᠃ ᠲᠤᠮᠳᠠᠳᠤ ᠤᠯᠤᠰ ᠬᠤᠯᠪᠤᠬᠳᠠᠯ ᠪᠦᠬᠦᠢ ᠤᠯᠤᠰ᠎ᠤᠳ᠎ᠯᠤᠭ᠎ᠠ 《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠴᠢᠨᠠᠷ ᠰᠠᠢ᠍ᠢ᠍ᠳᠠᠢ ᠪᠦᠳᠦᠭᠡᠨ ᠪᠠᠢ᠍ᠢ᠍ᠭᠤᠯᠵᠤ᠂ ᠬᠦᠮᠦᠨ ᠲᠦᠷᠦᠯᠬᠢᠳᠠᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢ ᠪᠠᠢ᠍ᠢ᠍ᠭᠤᠯᠬᠤ ᠵᠢ ᠠᠬᠢᠭᠤᠯᠤᠨ᠎ᠠ ᠬᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ ᠶᠠᠷᠢᠶᠠᠨ᠎ᠤ᠎ᠪᠠᠨ ᠲᠡᠬᠦᠰᠭᠡᠯ᠎ᠳᠡᠭᠡᠨ᠂ ᠲᠤᠮᠳᠠᠳᠤᠴᠤᠳ 《ᠤᠷᠳᠤ ᠴᠠᠭ᠋ᠠᠨ ᠭᠡᠷᠡᠮ᠎ᠳᠤᠷ ᠡᠰᠡ ᠬᠦᠷᠪᠡᠰᠦ ᠰᠠᠢ᠍ᠢ᠍ᠨ ᠡᠷ᠎ᠡ ᠪᠤᠰᠤ》 ᠭᠡᠵᠤ ᠦᠷᠬᠦᠯᠵᠢ ᠭᠡᠯᠡᠳᠡᠭ᠃ ᠤᠳᠤᠬᠠᠨ᠎ᠳᠤ᠂ ᠲᠡᠯᠡᠭᠡᠢ ᠵᠢᠨ ᠠᠵᠤ ᠠᠬᠤᠢ ᠵᠢᠨ ᠬᠦᠭᠵᠢᠯᠳᠠ ᠬᠦᠨᠳᠦ ᠭᠡᠴᠡᠭᠦᠤ ᠦᠷᠢᠰᠦᠯᠳᠤᠭᠡᠨ᠎ᠳᠤ ᠲᠤᠯᠭ᠋ᠠᠷᠠᠵᠤ ᠪᠠᠢ᠍ᠢ᠍ᠨ᠎ᠡ᠂ ᠪᠢᠳᠠ ᠢᠳᠡᠭᠡᠯ ᠵᠶ᠋ᠠᠨ ᠪᠠᠳᠤᠳᠬᠠᠨ᠂ ᠵᠤᠷᠢᠭ ᠵᠶ᠋ᠠᠨ ᠬᠦᠪᠴᠢᠯᠡᠵᠤ᠂ ᠴᠠᠭ᠎ᠤᠨ ᠪᠡᠷᠭᠡ ᠵᠢ ᠬᠠᠮᠳᠤ᠎ᠪᠠᠷ ᠲᠤᠭᠤᠯᠤᠶ᠎ᠡ᠃ ᠲᠤᠮᠳᠠᠳᠤ ᠤᠯᠤᠰ ᠲᠤᠷᠠᠳᠠᠶ᠎ᠡ ᠡᠯ᠎ᠡ ᠤᠯᠤᠰ᠎ᠯᠤᠭ᠎ᠠ ᠬᠠᠮᠳᠤ᠎ᠪᠠᠷ᠂ ᠨᠡᠭᠡᠭᠡᠯᠳᠠ ᠵᠢᠨ ᠲᠤᠮᠳᠠ ᠠᠵᠠ ᠲᠤᠬᠢᠶᠠᠯ᠎ᠢ ᠡᠬᠦᠳᠴᠤ᠂ ᠬᠠᠮᠳᠤᠷᠠᠯᠴᠠᠭ᠋ᠠᠨ᠎ᠤ ᠲᠤᠮᠳᠠ ᠬᠦᠴᠢᠷ ᠠᠰᠠᠭᠤᠳᠠᠯ᠎ᠢ ᠰᠢᠢ᠍ᠳᠪᠤᠷᠢᠯᠡᠨ᠂ ᠭᠠᠷ ᠬᠤᠯᠪᠤᠨ ᠬᠦᠮᠦᠨ ᠲᠦᠷᠦᠯᠬᠢᠳᠠᠨ᠎ᠤ ᠨᠡᠩ ᠰᠠᠢ᠍ᠢ᠍ᠨ ᠰᠠᠢ᠍ᠢ᠍ᠬᠠᠨ ᠮᠡᠷᠭ᠋ᠠᠰᠢ ᠵᠢ ᠴᠤᠬ᠍ᠴᠠᠯᠠᠨ᠎ᠡ! ᠭᠡᠵᠤ ᠵᠢᠭ᠋ᠠᠵᠤ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ᠎ᠳᠤ ᠴᠢᠬᠤᠯᠠ ᠵᠢᠭ᠋ᠠᠪᠤᠷᠢ ᠥᠭᠪᠡ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠰᠢ ᠵᠢᠨ ᠫᠢᠩ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠦ ᠴᠢᠬᠤᠯᠠ ᠶᠠᠷᠢᠶ᠎ᠠ ᠲᠠᠯᠪᠢᠪᠠ
ᠰᠢ ᠵᠢᠨ ᠫᠢᠩ ᠵᠠᠬᠢᠳᠠᠯ ᠢᠯᠡᠭᠡᠵᠦ 《ᠲᠡᠮᠡᠴᠡᠭᠴᠢ》 ᠨᠡᠷᠡᠮᠵᠢᠲᠦ ᠪᠥᠬᠥ ᠲᠡᠯᠡᠶ ᠵᠢᠨ ᠭᠦᠨ᠎ᠤ ᠬᠥᠮᠦᠨ ᠰᠠᠭᠤᠯᠭ᠋ᠠᠭᠰᠠᠨ ᠱᠤᠩᠭᠤᠭᠤᠷ ᠲᠦᠮᠡᠨ ᠮᠧᠲᠷ᠎ᠤᠨ ᠭᠦᠨ ᠲᠡᠯᠡᠶ᠎ᠳᠤ ᠱᠤᠩᠭᠤᠬᠤ ᠲᠤᠷᠰᠢᠯᠲᠠ ᠵᠢ ᠠᠮᠵᠢᠯᠲᠠ᠎ᠲᠠᠢ ᠪᠡᠶᠡᠯᠡᠭᠦᠯᠵᠤ ᠢᠯᠠᠯᠲᠠ᠎ᠲᠠᠢ᠎ᠪᠠᠷ ᠪᠤᠴᠠᠵᠤ ᠢᠷᠡᠭᠰᠡᠨ᠎ᠳᠤ ᠪᠠᠶᠠᠷ ᠬᠦᠷᠭᠡᠪᠡ
ᠰᠢ ᠵᠢᠨ ᠫᠢᠩ᠄ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠦ ᠰᠢᠨ᠎ᠠ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠨ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠬᠤ ᠬᠡᠷᠡᠭᠳᠡᠢ
 
            