ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠤᠨᠭ᠌ᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠠᠢ᠍ᠢ᠍ᠳᠡᠯᠡᠪᠡ 《ᠴᠠᠭ ᠦᠶ᠎ᠡ ᠵᠢᠨ ᠬᠠᠷᠢᠭᠤᠴᠠᠯᠭ᠎ᠡ ᠵᠢ ᠬᠠᠮᠳᠤ᠎ᠪᠠᠷ ᠡᠬᠦᠷᠭᠡᠯᠡᠵᠤ ᠪᠦᠬᠦ ᠪᠦᠮᠪᠦᠷᠴᠡᠭ᠎ᠤᠨ ᠬᠦᠭᠵᠢᠯᠳᠠ ᠵᠢ ᠬᠠᠮᠳᠤ᠎ᠪᠠᠷ ᠠᠬᠢᠭᠤᠯᠤᠶ᠎ᠡ》
ᠨᠡᠶ᠋ᠢᠲᠡᠯᠡᠭᠰᠡᠨ ᠴᠠᠭ᠄ 2020-12-16

     12 ᠰᠠᠷ᠎ᠡ ᠵᠢᠨ 16᠎ᠤ ᠡᠳᠤᠷ ᠬᠡᠪᠯᠡᠭᠳᠡᠭᠰᠡᠨ 24 ᠳ᠋ᠤᠭᠡᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠦᠪ ᠬᠤᠷᠢᠶᠠᠨ᠎ᠤ ᠶᠡᠷᠤᠨᠭ᠌ᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ᠎ᠤᠨ 《ᠴᠠᠭ ᠦᠶ᠎ᠡ ᠵᠢᠨ ᠬᠠᠷᠢᠭᠤᠴᠠᠯᠭ᠎ᠡ ᠵᠢ ᠬᠠᠮᠳᠤ᠎ᠪᠠᠷ ᠡᠬᠦᠷᠭᠡᠯᠡᠵᠤ ᠪᠦᠬᠦ ᠪᠦᠮᠪᠦᠷᠴᠡᠭ᠎ᠤᠨ ᠬᠦᠭᠵᠢᠯᠳᠠ ᠵᠢ ᠬᠠᠮᠳᠤ᠎ᠪᠠᠷ ᠠᠬᠢᠭᠤᠯᠤᠶ᠎ᠡ》 ᠭᠡᠬᠦ ᠴᠢᠬᠤᠯᠠ ᠵᠤᠬᠢᠶᠠᠯ᠎ᠢ ᠨᠡᠢ᠍ᠢ᠍ᠳᠡᠯᠡᠪᠡ᠃
      ᠵᠤᠬᠢᠶᠠᠯ᠎ᠳᠤ᠂ ᠠᠵᠤ ᠠᠬᠤᠢ ᠵᠢᠨ ᠲᠡᠯᠡᠭᠡᠢ᠍ᠢ᠍ᠵᠢᠯᠳᠠ ᠪᠤᠯ ᠨᠡᠢ᠍ᠢ᠍ᠭᠡᠮ᠎ᠤᠨ ᠦᠢ᠍ᠯᠡᠳᠪᠤᠷᠢᠯᠡᠯ᠎ᠤᠨ ᠬᠦᠴᠤᠨ᠎ᠤ ᠬᠦᠭᠵᠢᠯᠳᠠ ᠵᠢᠨ ᠪᠤᠰᠤᠳᠴᠢ ᠱᠠᠭ᠋ᠠᠷᠳᠠᠯᠭ᠎ᠡ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠪᠰᠢᠯᠳᠠ ᠵᠢᠨ ᠵᠠᠢ᠍ᠢ᠍ᠯᠠᠰᠢ ᠦᠭᠡᠢ ᠦᠷ᠎ᠡ ᠳ᠋ᠦᠩ ᠮᠦᠨ᠂ ᠡᠨᠡ᠎ᠨᠢ ᠲᠡᠯᠡᠭᠡᠢ ᠵᠢᠨ ᠠᠵᠤ ᠠᠬᠤᠢ ᠵᠢᠨ ᠨᠡᠮᠡᠭᠳᠡᠯ᠎ᠳᠤ ᠬᠦᠴᠦᠳᠠᠢ ᠬᠦᠳᠡᠯᠭᠡᠬᠦ ᠬᠦᠴᠤ ᠬᠠᠨᠭ᠌ᠭ᠋ᠠᠵᠤ᠂ ᠲᠠᠸᠠᠷ ᠪᠠ ᠬᠦᠷᠤᠨᠭ᠌ᠭᠡ ᠵᠢᠨ ᠬᠦᠢ᠍ᠯᠭᠡᠭᠡ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠠ ᠰᠤᠶᠤᠯ᠎ᠤᠨ ᠲᠠᠪᠰᠢᠯᠳᠠ᠂ ᠡᠯ᠎ᠡ ᠤᠯᠤᠰ᠎ᠤᠨ ᠠᠷᠠᠳ ᠲᠦᠮᠡᠨ᠎ᠤ ᠶᠠᠪᠤᠯᠴᠠᠭ᠎ᠡ ᠵᠢ ᠠᠬᠢᠭᠤᠯᠪᠠ᠃ ᠳᠡᠯᠡᠭᠡᠢ ᠳ᠋ᠠᠬᠢᠨ᠎ᠢ ᠲᠦᠪᠡᠭᠳᠡᠭᠦᠯᠵᠦ ᠪᠠᠢ᠍ᠢ᠍ᠭ᠎ᠠ ᠠᠰᠠᠭᠤᠳᠠᠯ᠎ᠢ ᠲᠦᠬᠦᠮᠭᠡᠨ ᠵᠶ᠋ᠠᠷ ᠠᠵᠤ ᠠᠬᠤᠢ ᠵᠢᠨ ᠳᠡᠯᠡᠭᠡᠢ᠍ᠢ᠍ᠵᠢᠯ᠎ᠤᠨ ᠤᠷᠰᠢᠭ ᠭᠡᠮᠡᠨ ᠦᠵᠡᠬᠦ᠎ᠨᠢ ᠪᠤᠳᠠᠳᠦ ᠪᠠᠢ᠍ᠢ᠍ᠳᠠᠯ᠎ᠲᠠᠢ ᠨᠡᠢ᠍ᠢ᠍ᠴᠡᠬᠦ ᠦᠭᠡᠢ ᠮᠦᠷᠳᠡᠭᠡᠨ ᠪᠠᠰᠠ ᠠᠰᠠᠭᠤᠳᠠᠯ᠎ᠢ ᠰᠢᠢ᠍ᠳᠪᠤᠷᠢᠯᠡᠬᠦ᠎ᠳᠤ ᠴᠦ᠍ ᠠᠰᠢᠬ ᠦᠭᠡᠢ ᠶᠤᠮ᠃ ᠠᠵᠤ ᠠᠬᠤᠢ ᠵᠢᠨ ᠲᠡᠯᠡᠭᠡᠢ᠍ᠢ᠍ᠵᠢᠯᠳᠠ᠎ᠠᠴᠠ ᠪᠤᠯᠤᠬᠰᠠᠨ ᠠᠵᠠ ᠲᠤᠬᠢᠶᠠᠯ ᠪᠠ ᠦᠷᠢᠰᠦᠯᠳᠦᠭᠡᠨ᠎ᠳᠤ ᠬᠠᠨᠳᠤᠬᠤ ᠵᠦᠪ ᠰᠤᠨᠭ᠌ᠭᠤᠯᠳᠠ ᠪᠤᠯ ᠠᠯᠢᠪᠠ ᠠᠵᠠ ᠲᠤᠬᠢᠶᠠᠯ᠎ᠢ ᠬᠦᠢ᠍ᠴᠡᠳ ᠠᠰᠢᠬᠯᠠᠵᠤ᠂ ᠠᠯᠢᠪᠠ ᠦᠷᠢᠰᠦᠯᠳᠤᠭᠡᠨ᠎ᠢ ᠬᠠᠮᠳᠤᠷᠠᠯᠴᠠᠵᠤ ᠠᠷᠭ᠋ᠠᠴᠠᠭ᠋ᠠᠨ᠂ ᠠᠵᠤ ᠠᠬᠤᠢ ᠵᠢᠨ ᠲᠡᠯᠡᠭᠡᠢ᠍ᠢ᠍ᠵᠢᠯᠳᠠ ᠵᠢᠨ ᠬᠠᠨᠳᠤᠰᠢ ᠵᠢ ᠰᠠᠢ᠍ᠢ᠍ᠳᠤᠷ ᠬᠦᠳᠤᠯᠤᠨ ᠲᠠᠭ᠋ᠠᠭᠤᠯᠬᠤ ᠶᠠᠪᠤᠳᠠᠯ ᠪᠤᠯᠤᠨ᠎ᠡ ᠭᠡᠵᠤ ᠴᠢᠬᠤᠯᠠᠴᠢᠯᠠᠪᠠ᠃
      ᠵᠤᠬᠢᠶᠠᠯ᠎ᠳᠤ᠂ ᠤᠳᠤᠬᠠᠨ᠎ᠤ ᠬᠠᠮᠤᠭ᠎ᠤᠨ ᠲᠤᠯᠭ᠋ᠠᠮ ᠡᠬᠦᠷᠭᠡ ᠪᠤᠯ ᠲᠡᠯᠡᠭᠡᠢ ᠵᠢᠨ ᠠᠵᠤ ᠠᠬᠤᠢ ᠵᠢ ᠬᠦᠳᠤᠯᠤᠨ ᠲᠠᠭ᠋ᠠᠭᠤᠯᠵᠤ ᠬᠦᠴᠢᠷᠳᠡᠯ᠎ᠠᠴᠠ ᠮᠤᠯᠳᠤᠷᠠᠬᠤ ᠶᠠᠪᠤᠳᠠᠯ ᠪᠤᠯᠤᠨ᠎ᠡ᠃ ᠲᠡᠯᠡᠭᠡᠢ ᠵᠢᠨ ᠠᠵᠤ ᠠᠬᠤᠢ ᠤᠷᠳᠤ ᠬᠤᠭᠤᠴᠠᠭ᠋ᠠᠨ᠎ᠤ ᠲᠤᠷᠰᠢ ᠡᠷᠴᠢ ᠰᠤᠯᠠᠷᠠᠵᠦ᠂ ᠶᠠᠳᠠᠭᠤ ᠪᠠᠶᠠᠨ᠎ᠤ ᠵᠦᠷᠢᠶ᠎ᠡ᠂ ᠡᠮᠤᠨᠠᠳᠤ ᠤᠮᠠᠷᠠᠳᠤ ᠵᠢᠨ ᠵᠦᠷᠢᠶ᠎ᠡ ᠵᠢᠨ ᠠᠰᠠᠭᠤᠳᠠᠯ ᠨᠡᠩ ᠲᠤᠪᠤᠢ᠍ᠢ᠍ᠮ᠎ᠡ ᠪᠤᠯᠪᠠ᠃ ᠦᠨᠳᠤᠰᠤ ᠰᠤᠷᠪᠤᠯᠵᠢ ᠵᠢ᠎ᠨᠢ ᠤᠬᠤᠴᠢᠯᠠᠪᠡᠯ᠂ ᠠᠵᠤ ᠠᠬᠤᠢ ᠵᠢᠨ ᠬᠦᠷᠢᠶᠠᠨ᠎ᠤ ᠪᠦᠬᠦ ᠪᠦᠮᠪᠦᠷᠴᠡᠭ᠎ᠤᠨ ᠨᠡᠮᠡᠭᠳᠡᠯ᠎ᠤᠨ ᠬᠦᠳᠡᠯᠭᠡᠬᠦ ᠡᠨ᠋ᠸᠷᠬᠢ ᠬᠦᠷᠤᠯᠴᠡᠬᠦ ᠦᠭᠡᠢ᠂ ᠪᠦᠬᠦ ᠪᠦᠮᠪᠦᠷᠴᠡᠭ᠎ᠤᠨ ᠠᠵᠤ ᠠᠬᠤᠢ ᠵᠢᠨ ᠵᠠᠰᠠᠯᠳᠠ ᠤᠳᠠᠭ᠋ᠠᠰᠢᠷᠠᠵᠦ᠂ ᠪᠦᠬᠦ ᠪᠦᠮᠪᠦᠷᠴᠡᠭ᠎ᠤᠨ ᠬᠦᠭᠵᠢᠯᠳᠠ ᠲᠠᠨᠭ᠌ᠴᠡᠬᠦᠷᠢ᠎ᠪᠠᠨ ᠠᠯᠳᠠᠬᠰᠡᠨ ᠭᠤᠷᠪᠡᠨ ᠶᠡᠭᠡ ᠲᠤᠪᠤᠢ᠍ᠢ᠍ᠮ᠎ᠡ ᠵᠦᠷᠢᠴᠡᠯ᠎ᠢ ᠪᠦᠳᠦᠮᠵᠢᠳᠠᠢ ᠰᠢᠢ᠍ᠳᠪᠤᠷᠢᠯᠡᠭᠰᠡᠨ ᠦᠭᠡᠢ᠎ᠠᠴᠠ ᠪᠤᠯᠵᠠᠢ᠃ ᠪᠢᠳᠠ ᠠᠰᠠᠭᠤᠳᠠᠯ᠎ᠢ ᠵᠠᠳᠠᠯᠬᠤ ᠤᠶᠤᠨ ᠤᠬᠠᠭ᠋ᠠᠨ ᠪᠠᠢ᠍ᠢ᠍ᠬᠤ ᠴᠢᠬᠤᠯᠠᠳᠠᠢ ᠪᠦᠭᠡᠳ ᠨᠡᠩ ᠴᠤ᠌ ᠠᠵᠢᠯᠯᠠᠭ᠎ᠡ ᠠᠪᠬᠤ ᠰᠦᠰᠤ ᠵᠤᠷᠢᠭ᠎ᠲᠠᠢ ᠪᠠᠢ᠍ᠢ᠍ᠬᠤ ᠭᠡᠷᠡᠭᠳᠠᠢ᠃ ᠨᠢᠭᠡᠲᠦᠭᠡᠷ᠎ᠲᠤ᠂ ᠰᠢᠨ᠎ᠠ ᠵᠢ ᠡᠭᠦᠳᠬᠦ᠎ᠪᠠᠷ ᠬᠦᠲᠡᠯᠭᠡᠭᠦᠷ ᠪᠤᠯᠭ᠋ᠠᠬᠤ ᠵᠢ ᠪᠠᠷᠢᠮᠲᠠᠯᠠᠵᠦ᠂ ᠠᠮᠢᠵᠢᠷᠠᠯ᠎ᠤᠨ ᠬᠦᠴᠤᠨ ᠵᠶ᠋ᠠᠷ ᠪᠠᠶᠠᠯᠢᠭ ᠨᠡᠮᠡᠭᠲᠡᠯ᠎ᠤᠨ ᠵᠠᠬ᠍ᠪᠤᠷ᠎ᠢ ᠴᠤᠬ᠍ᠴᠠᠯᠠᠬᠤ ᠭᠡᠷᠡᠭᠲᠡᠢ; ᠬᠤᠶᠠᠲᠤᠭ᠋ᠠᠷ᠎ᠲᠤ᠂ ᠬᠠᠮᠵᠢᠯᠴᠠᠠ ᠬᠠᠮᠲᠤᠷᠠᠠ ᠠᠵᠢᠯᠯᠠᠬᠤ ᠵᠢ ᠪᠠᠷᠢᠮᠲᠠᠯᠠᠵᠦ᠂ ᠨᠡᠭᠡᠭᠡᠯᠲᠠ᠎ᠲᠠᠢ ᠬᠠᠮᠲᠤ᠎ᠪᠠᠷ ᠠᠰᠢᠭ ᠬᠦᠷᠲᠡᠬᠦ ᠬᠠᠮᠲᠤᠷᠠᠯᠴᠠᠭ᠋ᠠᠠ᠎ᠤ ᠵᠠᠬ᠍ᠪᠤᠷ᠎ᠢ ᠴᠤᠬ᠍ᠴᠠᠯᠠᠬᠤ ᠭᠡᠷᠡᠭᠲᠡᠢ; ᠭᠤᠷᠪᠠᠲᠤᠭ᠋ᠠᠷ᠎ᠲᠤ᠂ ᠴᠠᠭ ᠦᠶ᠎ᠠ ᠵᠢ᠎ᠲᠠᠭᠠᠨ ᠪᠦᠬᠦ ᠲᠠᠯ᠎ᠠ᠎ᠪᠠᠷ ᠤᠷᠤᠭᠰᠢᠯᠠᠬᠤ ᠵᠢ ᠪᠠᠷᠢᠮᠲᠠᠯᠠᠵᠦ᠂ ᠲᠦᠪ ᠭᠤᠤᠯᠴᠢ ᠵᠦᠢ ᠵᠤᠬᠢᠰᠲᠠᠢ ᠵᠠᠰᠠᠯᠲᠠ ᠵᠢᠨ ᠵᠠᠬ᠍ᠪᠤᠷ᠎ᠢ ᠴᠤᠬ᠍ᠴᠠᠯᠠᠬᠤ ᠭᠡᠷᠡᠭᠲᠡᠢ; ᠲᠦᠷᠪᠡᠲᠦᠭᠡᠷ᠎ᠲᠤ᠂ ᠡᠷᠭᠡ ᠲᠡᠭᠰᠢ ᠪᠠᠭᠲᠠᠭ᠋ᠠᠮᠵᠢᠲᠠᠢ ᠪᠠᠢ᠍ᠢ᠍ᠬᠤ ᠵᠢ ᠪᠠᠷᠢᠮᠲᠠᠯᠠᠵᠦ᠂ ᠲᠡᠩᠴᠡᠬᠦᠷᠢᠲᠠᠢ ᠨᠡᠢ᠍ᠢ᠍ᠲᠡᠮ ᠠᠰᠢᠭ ᠬᠦᠷᠲᠡᠭᠡᠬᠦ ᠬᠦᠭᠵᠢᠯᠲᠠ ᠵᠢᠨ ᠵᠠᠬ᠍ᠪᠤᠷ᠎ᠢ ᠴᠤᠬ᠍ᠴᠠᠯᠠᠬᠤ ᠭᠡᠷᠡᠭᠲᠡᠢ ᠭᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠳᠤᠮᠳᠠᠳᠦ ᠤᠯᠥᠰ᠎ᠤᠨ ᠬᠦᠭᠵᠢᠯᠳᠠ ᠵᠢᠨ ᠵᠠᠩᠬᠢᠯᠠᠭ᠎ᠠ᠎ᠨᠢ ᠳᠤᠮᠳᠠᠳᠦ ᠤᠯᠥᠰ᠎ᠤᠨ ᠠᠷᠠᠳ ᠳᠦᠮᠡᠡ ᠳᠤᠮᠳᠠᠳᠦ ᠤᠯᠥᠰ᠎ᠤᠨ ᠡᠪ ᠬᠠᠮᠳᠦ ᠨᠠᠮ᠎ᠤᠨ ᠤᠳᠦᠷᠢᠳᠤᠯᠭ᠎ᠠ ᠳᠤᠤᠷ᠎ᠠ᠂ ᠳᠤᠮᠳᠠᠳᠦ ᠤᠯᠥᠰ᠎ᠤᠨ ᠤᠯᠤᠰ᠎ᠤᠨ ᠪᠠᠢ᠍ᠢ᠍ᠳᠠᠯ᠎ᠳᠤ ᠳᠤᠬᠢᠷᠠᠬᠰᠠᠠ ᠬᠦᠭᠵᠢᠯᠳᠠ ᠵᠢᠨ ᠵᠠᠮ ᠵᠶ᠋ᠠᠷ ᠵᠠᠮᠨᠠᠬᠰᠠᠠ᠎ᠳᠤ ᠪᠤᠢ᠃ ᠡᠨᠡ ᠪᠤᠯ ᠤᠯᠤᠰ᠎ᠤᠨ ᠪᠠᠢ᠍ᠢ᠍ᠲᠠᠯ᠎ᠠᠴᠠ ᠡᠭᠦᠰᠴᠤ ᠲᠤᠭᠲᠠᠭ᠋ᠠᠭᠰᠠᠠ ᠵᠠᠮ ᠮᠦᠨ᠃ ᠡᠨᠡ ᠪᠤᠯ ᠠᠷᠠᠳ ᠲᠦᠮᠠᠠ᠎ᠤ ᠠᠰᠢᠭ ᠲᠤᠰᠠ ᠵᠢ ᠲᠡᠷᠢᠭᠦᠨ ᠪᠠᠢ᠍ᠢ᠍ᠷᠢᠨ᠎ᠳᠤ ᠲᠠᠯᠪᠢᠭᠰᠠᠠ ᠵᠠᠮ ᠮᠦᠨ᠃ ᠡᠨᠡ ᠪᠤᠯ ᠦᠭᠡᠷᠡᠴᠢᠯᠡᠯᠲᠡ ᠬᠢᠵᠦ ᠰᠢᠨ᠎ᠠ ᠵᠢ ᠡᠭᠦᠲᠦᠭᠰᠡᠡ ᠵᠠᠮ ᠮᠦᠨ᠃ ᠡᠨᠡ ᠪᠤᠯ ᠨᠡᠭᠡᠭᠡᠯᠲᠡ ᠵᠢᠨ ᠲᠤᠮᠲᠠ ᠬᠠᠮᠲᠤ ᠵᠢᠨ ᠬᠦᠭᠵᠢᠯᠲᠠ ᠵᠢ ᠡᠷᠢᠯᠬᠢᠯᠡᠭᠰᠡᠡ ᠵᠠᠮ ᠮᠦᠨ᠃ ᠳᠤᠮᠳᠠᠳᠤ ᠤᠯᠤᠰ᠎ᠤᠨ ᠬᠦᠭᠵᠢᠯᠲᠠ ᠪᠤᠯ ᠳᠡᠯᠡᠬᠡᠢ ᠳ᠋ᠠᠬᠢᠨ᠎ᠤ ᠠᠵᠠ ᠳᠤᠬᠢᠶᠠᠯ ᠮᠦᠨ᠂ ᠳᠤᠮᠳᠠᠳᠤ ᠤᠯᠤᠰ ᠪᠤᠯ ᠠᠵᠤ ᠠᠬᠤᠢ ᠵᠢᠨ ᠳᠡᠯᠡᠬᠡᠢ᠍ᠢ᠍ᠵᠢᠯ᠎ᠤᠨ ᠠᠰᠢᠭ ᠬᠦᠷᠲᠡᠭᠴᠢ ᠲᠡᠳᠦᠢ ᠦᠭᠡᠢ ᠨᠡᠩ ᠴᠤ᠌ ᠬᠤᠪᠢ ᠨᠡᠮᠡᠷᠢ ᠦᠵᠡᠬᠦᠯᠥᠭᠴᠢ ᠮᠦᠨ᠃ ᠡᠯ᠎ᠠ ᠤᠯᠤᠰ᠎ᠤᠨ ᠠᠷᠠᠳ ᠲᠦᠮᠡᠨ ᠳᠤᠮᠳᠠᠳᠤ ᠤᠯᠤᠰ᠎ᠤᠨ ᠬᠦᠭᠵᠢᠯᠲᠠ ᠵᠢᠨ 《ᠲᠦᠷᠭᠡᠨ ᠲᠡᠷᠭᠡ》᠂ 《ᠲᠦᠲᠡ ᠲᠡᠷᠭᠡ》᠎ᠳᠤ ᠰᠠᠭᠤᠬᠤ ᠵᠢ ᠳᠤᠮᠳᠠᠳᠤ ᠤᠯᠤᠰ᠎ᠤᠨ ᠠᠷᠠᠳ ᠲᠦᠮᠡᠨ ᠪᠠᠶᠠᠷᠯᠠᠨ ᠤᠭᠳᠤᠵᠤ ᠪᠠᠢ᠍ᠢ᠍ᠨ᠎ᠠ ᠭᠡᠵᠦ ᠵᠢᠭ᠋ᠠᠵᠦ ᠭᠠᠷᠭ᠋ᠠᠪᠠ᠃
      ᠵᠤᠬᠢᠶᠠᠯ᠎ᠳᠤ᠂ ᠬᠦᠮᠦᠨ ᠲᠦᠷᠦᠯᠬᠢᠲᠡᠨ᠎ᠤ ᠪᠤᠯᠪᠠᠰᠤᠨ᠎ᠤ ᠲᠠᠪᠰᠢᠯᠲᠠ ᠵᠢᠨ ᠶᠠᠪᠤᠴᠠ᠎ᠳᠤ ᠶᠡᠷᠦ᠎ᠠᠴᠠ ᠲᠡᠭᠰᠢ ᠲᠠᠷᠳᠠᠩ ᠵᠠᠮ ᠭᠡᠵᠦ ᠪᠠᠢ᠍ᠢ᠍ᠳᠠᠭ ᠦᠭᠡᠢ ᠶᠤᠮ᠂ ᠬᠦᠮᠦᠨ ᠲᠦᠷᠦᠯᠬᠢᠲᠡᠨ ᠬᠦᠴᠢᠷ ᠪᠡᠷᠭᠡᠰᠢᠶᠡᠯ᠎ᠲᠠᠢ ᠲᠡᠮᠡᠴᠡᠬᠦ ᠶᠠᠪᠤᠴᠠ ᠳᠤᠮᠳᠠ ᠤᠷᠤᠭᠰᠢᠯᠠᠵᠤ ᠢᠷᠡᠭᠰᠡᠡ ᠶᠤᠮ᠃ ᠬᠦᠴᠢᠷ ᠪᠡᠷᠬᠡᠰᠢᠶᠡᠯ ᠲᠤᠬᠢᠶᠠᠯᠳᠤᠪᠠᠯ ᠪᠡᠶ᠎ᠡ᠎ᠳᠡᠭᠡᠨ ᠭᠤᠮᠤᠳᠠᠬᠤ ᠬᠡᠷᠡᠭ ᠦᠭᠡᠢ᠂ ᠪᠤᠰᠤᠳ᠎ᠢ ᠵᠢᠮᠡᠯᠡᠬᠦ ᠬᠡᠷᠡᠭ ᠦᠭᠡᠢ᠂ ᠢᠲᠡᠭᠡᠯ ᠵᠤᠷᠢᠭ ᠵᠶ᠋ᠠᠨ ᠠᠯᠳᠠᠵᠤ ᠪᠤᠯᠬᠤ ᠦᠭᠡᠢ᠂ ᠬᠠᠷᠢᠭᠤᠴᠠᠯᠭ᠎ᠠ᠎ᠠᠴᠠ ᠵᠠᠢ᠍ᠢ᠍ᠯᠠᠵᠤ ᠪᠤᠯᠬᠤ ᠦᠭᠡᠢ᠂ ᠬᠠᠷᠢᠨ ᠬᠠᠮᠲᠦ᠎ᠪᠠᠷ ᠬᠦᠴᠢᠷ ᠪᠡᠷᠭᠡᠰᠢᠶᠡᠯ᠎ᠢ ᠢᠯᠠᠨ ᠲᠠᠪᠠᠬᠤ ᠬᠡᠷᠡᠭᠲᠠᠢ᠃ ᠪᠢᠲᠠ ᠢᠲᠡᠭᠡᠯ ᠵᠤᠷᠢᠭ᠎ᠢ ᠡᠪᠦᠷᠯᠡᠨ᠂ ᠪᠤᠳᠠᠲᠠᠢ ᠠᠵᠢᠯᠯᠠᠭ᠎ᠠ ᠠᠪᠴᠤ᠂ ᠬᠠᠮᠲᠦ᠎ᠪᠠᠷ ᠢᠷᠡᠭᠡᠳᠦᠢ ᠵᠦᠭ ᠤᠷᠤᠭᠰᠢᠯᠠᠶ᠎ᠠ! ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠢ ᠰᠠᠢ᠌ᠲᠤᠷ ᠬᠢᠬᠦ ᠲᠣᠬᠠᠢ ᠴᠢᠬᠤᠯᠠ ᠵᠢᠭ᠋ᠠᠪᠤᠷᠢ ᠥᠭᠪᠡ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠬᠤᠷᠠᠯ᠎ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠲᠠᠯᠪᠢᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠡᠬᠡ ᠬᠦᠤ ᠮᠥᠩᠭᠥ ᠵᠢ᠎ᠨᠢ ᠪᠤᠴᠠᠭ᠋ᠠᠬᠤ ᠵᠢ ᠬᠣᠢ᠌ᠰᠢᠯᠠᠭᠤᠯᠬᠤ ᠲᠥᠷᠥ ᠵᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ᠎ᠪᠠᠷ ᠳᠡᠮᠵᠢᠬᠦ ᠲᠥᠯᠥᠪᠯᠡᠭᠡ ᠵᠢ ᠦᠷᠭᠦᠯᠵᠢᠯᠡᠭᠦᠯᠬᠦ ᠵᠡᠷᠭᠡ ᠵᠢ ᠲᠣᠭᠲᠠᠭ᠋ᠠᠪᠠ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠰᠢ ᠵᠢᠨ ᠫᠢᠩ ᠬᠦᠮᠦᠨ ᠲᠦᠷᠦᠯᠬᠢᠳᠡᠨ᠎ᠤ ᠶᠠᠳᠠᠭᠤ ᠬᠦᠴᠢᠷᠳᠡᠯᠳᠠᠢ ᠬᠦᠮᠦᠨ ᠠᠮᠠ ᠵᠢ ᠴᠦᠭᠡᠳᠭᠡᠭᠰᠡᠨ ᠲᠤᠷᠰᠢᠯᠭ᠎ᠠ ᠰᠤᠯᠢᠯᠴᠠᠬᠤ ᠤᠯᠠᠨ ᠤᠯᠤᠰ᠎ᠤᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ
 
            