ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠵᠡᠷᠭᠡ ᠵᠢ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2020-12-17

      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 12 ᠳ᠋ᠤᠭ᠋ᠠᠷ ᠰᠠᠷ᠎ᠠ ᠵᠢᠨ 14᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠵᠦ᠂ ᠠᠵᠤ ᠠᠬᠤᠶ᠋ᠢᠯᠠᠯ᠎ᠳᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠪᠠ ᠬᠢᠷᠢ ᠲᠦᠪᠰᠢᠨ᠎ᠢ ᠳᠡᠭᠡᠭᠰᠢᠯᠡᠭᠦᠯᠬᠦ; ᠪᠥᠬᠥ ᠤᠯᠤᠰ᠎ᠲᠤ ᠬᠥᠳᠡᠯᠬᠦ ᠬᠥᠷᠥᠩᠭᠡ ᠪᠠ ᠡᠷᠬᠡ ᠵᠢᠨ ᠳᠠᠭ᠋ᠠᠭ᠋ᠠᠯᠲᠠ ᠬᠢᠬᠦ ᠵᠢ ᠨᠢᠭᠡᠳᠦᠯᠲᠡᠶ ᠳᠠᠩᠰᠠᠯᠠᠬᠤ᠎ᠪᠠᠷ ᠲᠣᠭᠲᠠᠭ᠋ᠠᠵᠤ᠂ ᠠᠵᠤ ᠠᠬᠤᠶ᠋ᠢᠯᠠᠯ᠎ᠤᠨ ᠳᠠᠭ᠋ᠠᠭ᠋ᠠᠯᠲᠠ ᠬᠢᠵᠦ ᠪᠠᠯᠠ ᠳᠣᠭᠢᠷᠠᠭᠤᠯᠬᠤ᠎ᠳᠤ ᠬᠦᠴᠦᠨ ᠨᠡᠮᠡᠷᠢᠯᠡᠬᠦ; 《ᠠᠵᠤ ᠠᠬᠤᠶ᠋ᠢᠯᠠᠯ᠎ᠤᠨ ᠨᠡᠷᠡᠶ᠋ᠢᠳᠦᠯ᠎ᠢ ᠳᠡᠩᠰᠡᠯᠡᠨ ᠬᠠᠮᠢᠶᠠᠷᠬᠤ ᠲᠣᠭᠲᠠᠭ᠋ᠠᠯ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠵᠤ᠂ ᠠᠵᠤ ᠠᠬᠤᠶ᠋ᠢᠯᠠᠯ᠎ᠤᠨ ᠨᠡᠷᠡᠶ᠋ᠢᠳᠦᠯ ᠵᠶ᠋ᠠᠨ ᠳᠡᠩᠰᠡᠯᠡᠨ ᠲᠡᠮᠳᠡᠭᠯᠡᠭᠦᠯᠬᠦ᠎ᠳᠤ ᠲᠥᠬᠥᠮ ᠦᠵᠡᠭᠦᠯᠵᠦ ᠵᠢᠷᠤᠮᠵᠢᠭᠤᠯᠬᠤ ᠲᠣᠬᠠᠢ ᠪᠠᠢ᠌ᠷᠢᠯᠠᠭᠤᠯᠤᠯᠲᠠ ᠬᠢᠪᠡ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠤᠢ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠠᠷᠠᠳ᠎ᠲᠤ ᠳᠥᠭᠥᠮ ᠦᠵᠡᠭᠦᠯᠬᠦ ᠬᠠᠯᠠᠮᠰᠢᠯ ᠤᠲᠠᠰᠤ᠎ᠨᠢ ᠠᠵᠤ ᠠᠬᠤᠢ᠌ᠯᠠᠯ ᠪᠠ ᠣᠯᠠᠨ ᠲᠦᠮᠡᠨ᠎ᠳᠤ ᠰᠢᠭᠤᠳ ᠬᠠᠨᠳᠤᠵᠤ ᠪᠠᠢ᠌ᠭ᠎ᠠ ᠪᠣᠯᠬᠣᠷ ᠠᠰᠠᠭᠤᠳᠠᠯ ᠪᠠ ᠰᠠᠨᠠᠭᠤᠯᠭ᠎ᠠ ᠵᠢ ᠲᠤᠰᠬᠠᠬᠤ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠠᠬᠢᠭᠤᠯᠬᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠤᠢ᠍ᠢ᠍ᠷ᠎ᠠ ᠵᠢᠨ ᠵᠢᠯ᠎ᠳᠤ ᠠᠵᠤ ᠠᠬᠤᠶ᠋ᠢᠯᠠᠯ ᠪᠣᠯᠣᠨ ᠠᠷᠠᠳ᠎ᠤᠨ ᠲᠥᠯᠥᠭᠡ ᠬᠦᠴᠢᠷ ᠵᠣᠪᠠᠭᠤᠷᠢ ᠵᠢ᠎ᠨᠢ ᠰᠢᠢ᠍ᠳᠪᠦᠷᠢᠯᠡᠵᠦ ᠥᠭᠬᠦ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠵᠡᠢ᠃ ᠲᠠᠷᠠᠭ᠋ᠠᠴᠢ ᠵᠢᠨ ᠠᠯᠬᠤᠮ᠎ᠳᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠱᠠᠭ᠋ᠠᠷᠳᠠᠯᠭ᠎ᠠ ᠶᠣᠰᠣᠭ᠋ᠠᠷ᠂ ᠣᠳᠣᠬᠠᠨ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠨ ᠨᠣᠮᠧᠷ ᠣᠯᠠᠨ ᠪᠠᠢ᠌ᠬᠤ᠂ ᠣᠯᠠᠨ ᠲᠦᠮᠡᠨ ᠠᠵᠢᠯ ᠶᠠᠪᠤᠳᠠᠯ ᠭᠦᠢ᠍ᠴᠡᠳᠬᠡᠬᠦ᠎ᠳᠤ᠎ᠪᠠᠨ ᠣᠯᠠᠨ ᠲᠠᠯ᠎ᠠ ᠵᠢ ᠡᠷᠢᠵᠦ ᠪᠠᠢ᠌ᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠵᠢ ᠳᠥᠯᠭᠢᠨ ᠠᠬᠢᠭᠤᠯᠬᠤ ᠴᠢᠬᠤᠯᠠᠲᠠᠢ ᠪᠠᠢ᠌ᠨ᠎ᠠ᠃ ᠠᠵᠤ ᠠᠬᠤᠶ᠋ᠢᠯᠠᠯ ᠪᠣᠯᠤᠨ ᠣᠯᠠᠨ ᠲᠦᠮᠡᠨ᠎ᠳᠤ ᠬᠣᠯᠪᠣᠭᠳᠠᠭᠰᠠᠨ ᠪᠠᠴᠢᠮ ᠪᠤᠰᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠨ ᠲᠠᠯ᠎ᠠ᠎ᠪᠠᠷ ᠣᠷᠣᠨ ᠨᠤᠲᠤᠭ ᠢᠯᠠᠩᠭᠤᠶ᠎ᠠ ᠬᠣᠲᠠ ᠰᠢᠶᠠᠨ᠎ᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠣᠷᠣᠨ ᠨᠤᠲᠤᠭ᠎ᠤᠨ ᠪᠠᠶ᠋ᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠴᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠣᠷᠣᠨ ᠨᠤᠲᠤᠭ ᠬᠦᠯᠢᠶᠡᠨ ᠲᠤᠰᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠨ ᠨᠣᠮᠧᠷ᠎ᠢ ᠠᠯᠢ ᠴᠢᠳᠠᠬᠤ᠎ᠪᠠᠷ ᠨᠡᠶ᠋ᠢᠯᠡᠭᠦᠯᠵᠦ᠂ ᠠᠯᠢ ᠴᠢᠳᠠᠬᠤ᠎ᠪᠠᠷ ᠨᠢᠭᠡ ᠯᠡ ᠨᠣᠮᠧᠷ᠎ᠢ ᠬᠡᠷᠡᠭᠯᠡᠨ᠂ ᠣᠯᠠᠨ ᠲᠦᠮᠡᠨ᠎ᠤ ᠴᠡᠭᠡᠵᠢᠯᠡᠬᠦ ᠪᠠ ᠬᠡᠷᠡᠭᠯᠡᠬᠦ᠎ᠳᠤ ᠳᠥᠭᠥᠮ ᠦᠵᠡᠭᠦᠯᠵᠦ᠂ ᠨᠢᠭᠡ ᠴᠣᠩᠬᠣᠪᠴᠢ᠎ᠪᠠᠷ ᠦᠢ᠍ᠯᠡᠴᠢᠯᠡᠬᠦ ᠵᠢ ᠲᠤᠰᠬᠠᠬᠤ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠷᠣᠨ ᠨᠤᠲᠤᠭ᠎ᠤᠨ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠠᠵᠢᠯ᠎ᠢ ᠵᠢᠯᠣᠭᠣᠳᠤᠨ ᠳᠡᠮᠵᠢᠬᠦ ᠬᠡᠷᠡᠭᠲᠡᠶ ᠭᠡᠪᠡ᠃ ᠬᠤᠷᠠᠯ᠎ᠠᠴᠠ ᠱᠠᠭ᠋ᠠᠷᠳᠠᠭᠰᠠᠨ᠎ᠨᠢ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠥᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ᠎ᠳᠤ᠂ ᠣᠯᠠᠨ ᠲᠦᠮᠡᠨ᠎ᠤ ᠤᠲᠠᠰᠤᠳᠠᠬᠤ᠎ᠳᠤ ᠳᠥᠭᠥᠮ ᠦᠵᠡᠭᠦᠯᠬᠦ᠎ᠪᠠᠷ ᠪᠠᠷᠠᠬᠤ ᠦᠭᠡᠢ᠂ ᠨᠡᠩ ᠴᠤ᠌ ᠴᠤᠪᠤᠷᠠᠯ ᠪᠣᠯᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠬᠠᠯᠠᠮᠰᠢᠯ ᠤᠲᠠᠰᠤ ᠵᠢ ᠬᠦᠯᠢᠶᠡᠨ ᠠᠪᠴᠤ ᠭᠦᠢ᠍ᠴᠡᠳᠬᠡᠬᠦ ᠪᠠ ᠠᠷᠤ ᠲᠠᠪᠴᠠᠩ᠎ᠤᠨ ᠭᠦᠢ᠍ᠴᠡᠳᠬᠡᠬᠦ ᠦᠢ᠍ᠯᠡᠴᠢᠯᠡᠭᠡ ᠵᠢ ᠨᠢᠭᠲᠠ ᠵᠣᠯᠭ᠋ᠠᠭᠤᠯᠬᠤ ᠵᠢ ᠪᠡᠶᠡᠯᠡᠭᠦᠯᠦᠨ᠂ ᠵᠠᠷᠭᠤ ᠬᠦᠯᠢᠶᠡᠨ ᠠᠪᠤᠪᠠᠯ ᠲᠡᠷᠡ ᠳᠠᠷᠤᠶ᠎ᠳᠤ᠎ᠨᠢ ᠰᠢᠢ᠍ᠳᠪᠦᠷᠢᠯᠡᠬᠦ ᠪᠠ ᠰᠢᠮᠳᠠᠭᠤᠯᠤᠨ ᠰᠢᠢ᠍ᠳᠪᠦᠷᠢᠯᠡᠭᠦᠯᠬᠦ ᠬᠠᠷᠢᠭᠤᠴᠠᠯᠭ᠎ᠠ ᠲᠤᠯᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ ᠪᠣᠯᠤᠨ ᠣᠯᠠᠨ ᠲᠦᠮᠡᠨ᠎ᠤ ᠲᠤᠰᠬᠠᠭᠰᠠᠨ ᠠᠰᠠᠭᠤᠳᠠᠯ ᠪᠣᠯᠤᠨ ᠵᠦᠶ ᠵᠣᠬᠢᠰᠲᠠᠶ ᠬᠦᠰᠡᠯ ᠱᠠᠭ᠋ᠠᠷᠳᠠᠯᠭ᠎ᠠ ᠵᠢ ᠴᠠᠭ ᠲᠤᠬᠠᠶ᠎ᠳᠤ᠎ᠨᠢ ᠰᠢᠢ᠍ᠳᠪᠦᠷᠢᠯᠡᠬᠦ ᠪᠠ ᠭᠦᠢ᠍ᠴᠡᠳᠬᠡᠵᠦ ᠥᠭᠬᠦ ᠵᠢ ᠦᠨᠡᠨ ᠬᠦ᠌ ᠪᠠᠲᠤᠯᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠥᠮ ᠦᠵᠡᠭᠦᠯᠬᠦ ᠬᠠᠯᠠᠮᠰᠢᠯ ᠤᠲᠠᠰᠤ ᠵᠢ ᠨᠠᠩ ᠲᠦᠷᠭᠡᠨ ᠨᠡᠪᠲᠡᠷᠡᠬᠦ᠂ ᠨᠠᠩ ᠣᠨᠣᠪᠴᠢᠲᠠᠢ᠎ᠪᠠᠷ ᠲᠥᠷᠥᠯ ᠬᠤᠪᠢᠶᠠᠬᠤ᠂ ᠨᠠᠩ ᠪᠣᠳᠠᠲᠠᠶ ᠬᠢᠬᠦ ᠪᠣᠯᠭ᠋ᠠᠬᠤ ᠬᠡᠷᠡᠭᠲᠡᠶ ᠭᠡᠪᠡ᠃
      ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠮᠥᠩᠭᠥᠨ ᠭᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠶ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠳᠤ ᠨᠠᠩ ᠰᠠᠢ᠌ᠲᠤᠷ ᠦᠢ᠍ᠯᠡᠴᠢᠯᠡᠬᠦ ᠵᠢ ᠠᠬᠢᠭᠤᠯᠬᠤ ᠵᠢᠨ ᠲᠥᠯᠥᠭᠡ᠂ ᠣᠢ᠌ᠷ᠎ᠠ ᠵᠢᠨ ᠬᠡᠳᠦᠨ ᠵᠢᠯ᠎ᠳᠤ ᠬᠡᠰᠡᠭ ᠮᠣᠵᠢ ᠬᠣᠲᠠ᠎ᠳᠤ ᠬᠥᠳᠡᠯᠬᠦ ᠬᠥᠷᠥᠩᠭᠡ ᠪᠠ ᠡᠷᠬᠡ ᠵᠢᠨ ᠳᠠᠭ᠋ᠠᠭ᠋ᠠᠯᠲᠠ ᠬᠢᠬᠦ ᠵᠢ ᠨᠢᠭᠡᠳᠦᠯᠲᠡᠶ ᠳᠠᠩᠰᠠᠯᠠᠬᠤ ᠲᠤᠷᠰᠢᠯᠲᠠ ᠬᠢᠵᠦ᠂ ᠠᠵᠤ ᠠᠬᠤᠶ᠋ᠢᠯᠠᠯ᠎ᠤᠨ ᠳᠠᠭ᠋ᠠᠭ᠋ᠠᠯᠲᠠ ᠬᠢᠵᠦ ᠪᠡᠯᠡ ᠲᠣᠬᠢᠷᠠᠭᠤᠯᠬᠤ᠎ᠳᠤ ᠳᠥᠭᠥᠮ ᠦᠵᠡᠭᠦᠯᠪᠡ᠃ ᠲᠤᠷᠰᠢᠯᠲᠠ ᠵᠢᠨ ᠳᠤᠮᠳᠠ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠰᠢᠨ᠎ᠡ᠎ᠪᠠᠷ ᠨᠡᠮᠡᠭᠳᠡᠭᠰᠡᠨ ᠳᠠᠭ᠋ᠠᠭ᠋ᠠᠯᠲᠠ ᠵᠢ ᠳᠠᠩᠰᠠᠯᠠᠬᠤ ᠲᠤᠬᠠᠶ᠋ᠢᠯᠠᠭᠰᠠᠨ ᠠᠵᠢᠯ᠎ᠤᠨ ᠡᠵᠡᠯᠡᠬᠦ ᠬᠠᠷᠢᠴᠠᠯ 95% ᠵᠢ ᠳᠠᠪᠠᠵᠤ᠂ ᠪᠠᠯᠠ ᠲᠣᠬᠢᠷᠠᠭᠤᠯᠬᠤ ᠵᠣᠭᠣᠰ᠎ᠤᠨ ᠲᠣᠭ᠎ᠠ ᠵᠢᠨ ᠡᠵᠡᠯᠡᠬᠦ ᠬᠠᠷᠢᠴᠠᠯ 80% ᠵᠢ ᠳᠠᠪᠠᠪᠠ᠃ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠥᠷᠭᠡᠳᠬᠡᠬᠦ ᠵᠢᠨ ᠲᠥᠯᠥᠭᠡ᠂ ᠬᠤᠷᠠᠯ᠎ᠠᠴᠠ᠂ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠥᠳᠡᠯᠬᠦ ᠬᠥᠷᠥᠩᠭᠡ ᠪᠠ ᠡᠷᠬᠡ ᠵᠢᠨ ᠳᠠᠭ᠋ᠠᠭ᠋ᠠᠯᠲᠠ᠎ᠳᠤ ᠪᠥᠬᠥ ᠤᠯᠤᠰ ᠵᠶ᠋ᠡᠷ ᠵᠶ᠋ᠡᠨ ᠨᠢᠭᠡᠳᠦᠯᠲᠡᠶ ᠳᠠᠩᠰᠠᠯᠠᠯ ᠬᠢᠬᠦ᠎ᠪᠠᠷ ᠲᠣᠭᠲᠠᠪᠠ᠃ ᠤᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠡᠭᠦᠷᠭᠡᠯᠡᠵᠦ ᠪᠠᠢ᠌ᠭᠰᠠᠨ ᠦᠢ᠍ᠯᠡᠳᠪᠦᠷᠢᠯᠡᠯ᠎ᠤᠨ ᠲᠦᠬᠦᠭᠡᠷᠦᠮᠵᠢ᠂ ᠲᠦᠭᠦᠬᠡᠶ ᠮᠠᠲ᠋ᠧᠷᠢᠶᠠᠯ᠂ ᠬᠠᠭ᠋ᠠᠰ ᠪᠦᠲᠦᠭᠡᠭᠳᠡᠬᠦᠨ᠂ ᠦᠢ᠍ᠯᠡᠳᠬᠦᠨ᠎ᠤ ᠪᠠᠷᠢᠴᠠᠭ᠎ᠠ ᠵᠢᠨ ᠳᠠᠩᠰᠠᠯᠠᠯᠲᠠ ᠪᠠ ᠠᠷᠠᠳ᠎ᠤᠨ ᠪᠠᠩᠬᠢ ᠵᠢᠨ ᠡᠭᠦᠷᠭᠡᠯᠡᠵᠦ ᠪᠠᠶ᠋ᠢᠭᠰᠠᠨ ᠬᠤᠷᠢᠶᠠᠪᠠᠰᠤ ᠵᠣᠬᠢᠬᠤ ᠳᠠᠩᠰᠠᠨ᠎ᠤ ᠳᠠᠨᠵᠢᠯᠠᠭ᠎ᠠ᠎ᠲᠠᠢ ᠳᠠᠩᠰᠠᠯᠠᠯᠲᠠ ᠵᠢᠴᠢ ᠵᠣᠭᠣᠰ ᠬᠠᠳᠠᠭ᠋ᠠᠯᠠᠮᠵᠢ ᠵᠢᠨ ᠬᠠᠭᠤᠳᠠᠰᠤ ᠵᠢᠨ ᠳᠠᠨᠵᠢᠯᠠᠭ᠎ᠠ᠂ ᠪᠡᠯᠡ ᠲᠣᠬᠢᠷᠠᠭᠤᠯᠭ᠎ᠠ ᠵᠢᠨ ᠲᠦᠷᠢᠶᠡᠰᠦᠯᠡᠯ᠂ ᠪᠠᠲᠤᠯᠠᠵᠤ ᠠᠬᠤᠢ᠌ᠯᠠᠬᠤ ᠵᠡᠷᠭᠡ ᠵᠢᠨ ᠳᠠᠩᠰᠠᠯᠠᠯᠲᠠ ᠵᠢ ᠠᠷᠠᠳ᠎ᠤᠨ ᠪᠠᠩᠬᠢ᠎ᠠᠴᠠ ᠨᠢᠭᠡᠳᠦᠯᠲᠡᠶ ᠡᠭᠦᠷᠭᠡᠯᠡᠬᠦ᠎ᠪᠠᠷ ᠥᠭᠡᠷᠡᠴᠢᠯᠡᠨ᠂ ᠢᠨᠲ᠋ᠧᠷ ᠰᠦᠯᠵᠢᠶᠡᠨ᠎ᠳᠤ ᠰᠠᠭᠤᠷᠢᠯᠠᠭᠰᠠᠨ 7 × 24 ᠴᠠᠭ᠎ᠤᠨ ᠪᠦᠬᠦᠯᠢ ᠡᠳᠦᠷ᠎ᠤᠨ ᠦᠢ᠍ᠯᠡᠴᠢᠯᠡᠭᠡ ᠬᠠᠩᠭ᠋ᠠᠬᠤ᠎ᠪᠠᠷ ᠪᠣᠯᠪᠠ᠃ ᠡᠭᠦᠨ᠎ᠠᠴᠠ ᠡᠮᠦᠨ᠎ᠡ ᠨᠢᠭᠡᠨᠲᠡ ᠬᠥᠳᠡᠯᠬᠦ ᠬᠥᠷᠥᠩᠭᠡ ᠪᠠ ᠡᠷᠬᠡ ᠵᠢᠨ ᠳᠠᠭ᠋ᠠᠭ᠋ᠠᠯᠲᠠ ᠵᠢᠨ ᠳᠡᠩᠰᠡᠯᠡᠯᠲᠡ ᠬᠢᠭᠰᠡᠨ ᠪᠠᠢ᠌ᠪᠠᠯ᠂ ᠳᠠᠭᠢᠵᠤ ᠳᠠᠩᠰᠠᠯᠠᠬᠤ ᠴᠢᠬᠤᠯᠠ ᠥᠬᠡᠶ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠦᠯᠡᠳᠡᠭᠡᠯ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠰᠢᠯᠵᠢᠭᠦᠯᠦᠨ ᠲᠤᠰᠢᠶᠠᠬᠤ ᠵᠡᠷᠭᠡ ᠵᠣᠯᠭ᠋ᠠᠭᠤᠯᠬᠤ ᠠᠵᠢᠯ᠎ᠢ ᠲᠣᠬᠢᠲᠠᠶ ᠰᠠᠢ᠌ᠲᠤᠷ ᠬᠢᠬᠦ ᠬᠡᠷᠡᠭᠲᠡᠶ᠃ ᠰᠢᠨ᠎ᠡ᠎ᠪᠠᠷ ᠳᠠᠩᠰᠠᠯᠠᠭᠤᠯᠬᠤ᠎ᠳᠤ ᠬᠦᠷᠪᠡᠯ ᠲᠤᠬᠠᠶ ᠵᠢᠨ ᠬᠥᠮᠦᠨ᠎ᠨᠢ ᠬᠥᠳᠡᠯᠬᠦ ᠬᠥᠷᠥᠩᠭᠡ ᠵᠢᠨ ᠪᠠᠯᠠ ᠲᠣᠬᠢᠷᠠᠭᠤᠯᠭ᠎ᠠ ᠵᠢᠨ ᠨᠢᠭᠡᠳᠦᠯᠲᠡᠶ ᠳᠠᠩᠰᠠᠯᠠᠯᠲᠠ ᠵᠢ ᠢᠯᠡ ᠨᠡᠶ᠋ᠢᠲᠡᠯᠡᠬᠦ ᠰᠢᠰᠲ᠋ᠧᠮ ᠵᠶ᠋ᠠᠷ ᠳᠡᠮᠵᠢᠨ ᠥᠪᠡᠰᠦᠪᠡᠨ ᠭᠦᠢ᠍ᠴᠡᠳᠬᠡᠬᠦ ᠵᠢᠨ ᠬᠠᠮᠲᠤ᠂ ᠳᠡᠩᠰᠡᠯᠡᠨ ᠲᠡᠮᠳᠡᠭᠯᠡᠭᠰᠡᠨ ᠠᠭᠤᠯᠭ᠎ᠠ ᠵᠢᠨ ᠦᠨᠡᠨ ᠪᠣᠳᠠᠲᠤ ᠴᠢᠨᠠᠷ᠂ ᠪᠦᠷᠢᠨ ᠭᠦᠢ᠍ᠴᠡᠳ ᠴᠢᠨᠠᠷ ᠪᠠ ᠬᠠᠤᠯᠢ ᠶᠣᠰᠣᠴᠢ ᠴᠢᠨᠠᠷ᠎ᠲᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ; ᠳᠠᠩᠰᠠᠯᠠᠬᠤ ᠪᠠᠶ᠋ᠢᠭᠤᠯᠤᠮᠵᠢ᠎ᠠᠴᠠ ᠳᠠᠩᠰᠠᠯᠠᠬᠤ ᠠᠭᠤᠯᠭ᠎ᠠ᠎ᠳᠤ ᠮᠥᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠬᠦ ᠦᠭᠡᠢ᠃ ᠨᠢᠭᠡᠳᠦᠯᠲᠡᠶ ᠳᠠᠩᠰᠠᠯᠠᠭᠤᠯᠬᠤ ᠵᠢ ᠬᠡᠷᠡᠭᠵᠢᠭᠦᠯᠬᠦ᠎ᠨᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠠᠵᠤ ᠠᠬᠤᠢ᠌ᠯᠠᠯ᠎ᠤᠨ ᠬᠥᠳᠡᠯᠬᠦ ᠬᠥᠷᠥᠩᠭᠡ ᠪᠣᠯᠤᠨ ᠬᠠᠮᠢᠶ᠎ᠠ ᠪᠦᠬᠦᠢ ᠡᠷᠬᠡ ᠵᠢᠨ ᠮᠡᠳᠡᠭᠡ ᠵᠠᠩᠭᠢ ᠵᠢ ᠪᠥᠬᠥ ᠲᠠᠯ᠎ᠠ᠎ᠪᠠᠷ ᠡᠵᠡᠮᠰᠢᠵᠦ᠂ ᠠᠵᠤ ᠠᠬᠤᠢ᠌ᠯᠠᠯ᠎ᠳᠤ ᠳᠠᠭ᠋ᠠᠭ᠋ᠠᠯᠲᠠ᠎ᠲᠠᠢ ᠪᠠᠯᠠ ᠲᠣᠬᠢᠷᠠᠭᠤᠯᠬᠤ ᠬᠦᠰᠡᠯ ᠡᠷᠡᠮᠡᠯᠵᠡᠯ ᠵᠶ᠋ᠠᠨ ᠨᠡᠮᠡᠭᠳᠡᠭᠦᠯᠬᠦ᠎ᠳᠤ ᠠᠰᠢᠭᠲᠠᠶ ᠶᠤᠮ᠃
      ᠬᠤᠷᠠᠯ᠎ᠠᠴᠠ 《ᠠᠵᠤ ᠠᠬᠤᠶ᠋ᠢᠯᠠᠯ᠎ᠤᠨ ᠨᠡᠷᠡᠶ᠋ᠢᠳᠦᠯ᠎ᠢ ᠳᠠᠩᠰᠠᠯᠠᠨ ᠬᠠᠮᠢᠶᠠᠷᠬᠤ ᠲᠣᠭᠲᠠᠭ᠋ᠠᠯ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠵᠤ᠂ ᠠᠵᠤ ᠠᠬᠤᠶ᠋ᠢᠯᠠᠯ᠎ᠤᠨ ᠨᠡᠷᠡᠶ᠋ᠢᠳᠦᠯ᠎ᠤᠨ ᠦᠨᠳᠦᠰᠦᠨ ᠵᠢᠷᠤᠮᠵᠢᠯ᠎ᠢ ᠪᠦᠷᠢᠨᠰᠢᠭᠦᠯᠵᠦ᠂ ᠠᠵᠤ ᠠᠬᠤᠶ᠋ᠢᠯᠠᠯ᠎ᠤᠨ ᠨᠡᠷᠡᠢ᠌ᠳᠦᠯ ᠵᠶ᠋ᠠᠨ ᠥᠪᠡᠰᠦᠪᠡᠨ ᠡᠵᠡᠨ ᠮᠡᠳᠡᠵᠦ ᠮᠡᠳᠡᠭᠦᠯᠬᠦ ᠳᠦᠷᠢᠮ᠎ᠢ ᠪᠠᠢ᠌ᠭᠤᠯᠤᠨ᠂ ᠭᠤᠶᠤᠴᠢᠯᠠᠭᠴᠢ᠎ᠨᠢ ᠲᠣᠭᠲᠠᠭ᠋ᠠᠯ᠎ᠳᠤ ᠨᠡᠶ᠋ᠢᠴᠡᠭᠰᠡᠨ ᠨᠡᠷᠡᠶ᠋ᠢᠳᠦᠯ᠎ᠢ ᠥᠪᠡᠰᠦᠪᠡᠨ ᠰᠣᠩᠭᠣᠵᠤ ᠪᠣᠯᠬᠤ ᠪᠥᠭᠡᠳ ᠨᠡᠷᠡᠶ᠋ᠢᠳᠦᠯ᠎ᠤᠨ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠬᠠᠤᠯᠢ ᠵᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠠᠮᠠᠯᠠᠬᠤ ᠬᠡᠷᠡᠭᠲᠡᠶ; ᠡᠭᠦᠨ᠎ᠤ ᠬᠠᠮᠲᠤ ᠲᠠᠯᠪᠢᠬᠤ ᠪᠠ ᠬᠠᠮᠢᠶᠠᠷᠬᠤ ᠵᠢ ᠵᠡᠷᠭᠡᠪᠡᠷ ᠴᠢᠬᠤᠯᠠᠴᠢᠯᠠᠵᠤ᠂ ᠳᠠᠩᠰᠠᠯᠠᠬᠤ ᠪᠠᠶ᠋ᠢᠭᠤᠯᠭ᠎ᠠ ᠵᠢᠨ ᠬᠡᠷᠡᠭ ᠶᠠᠪᠤᠳᠠᠯ᠎ᠤᠨ ᠳᠤᠮᠳᠠᠬᠢ ᠪᠠ ᠬᠡᠷᠡᠭ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠣᠭᠲᠠᠭ᠋ᠠᠯ᠎ᠳᠤ ᠨᠡᠶ᠋ᠢᠴᠡᠬᠦ ᠦᠭᠡᠢ ᠨᠡᠷᠡᠶ᠋ᠢᠳᠦᠯ᠎ᠢ ᠳᠠᠩᠰᠠᠯᠠᠵᠤ ᠥᠭᠬᠦ ᠦᠭᠡᠢ ᠡᠰᠡᠬᠦᠯ᠎ᠡ ᠵᠠᠯᠠᠷᠠᠭᠤᠯᠤᠨ ᠥᠭᠴᠦ᠂ ᠨᠡᠷᠡᠶ᠋ᠢᠳᠦᠯ᠎ᠤᠨ ᠲᠤᠬᠠᠶ ᠮᠠᠷᠭᠤᠭ᠋ᠠᠨ ᠭᠠᠷᠪᠠᠯ ᠬᠠᠤᠯᠢ ᠶᠣᠰᠣᠭ᠋ᠠᠷ ᠵᠠᠭ᠋ᠠᠯᠳᠤᠬᠤ ᠪᠤᠶᠤ ᠳᠠᠩᠰᠠᠯᠠᠬᠤ ᠪᠠᠶ᠋ᠢᠭᠤᠯᠭ᠎ᠠ᠎ᠠᠴᠠ ᠡᠶᠡᠳᠡᠭᠦᠯᠬᠦ ᠪᠤᠶᠤ ᠲᠠᠰᠤᠯᠤᠨ ᠲᠣᠭᠲᠠᠭ᠋ᠠᠬᠤ ᠬᠡᠷᠡᠭᠲᠡᠢ ᠭᠡᠵᠦ ᠲᠣᠭᠲᠠᠭ᠋ᠠᠵᠠᠢ᠃
      ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠡᠨᠧᠷᠭᠢ ᠵᠢᠨ ᠠᠶᠤᠯᠭᠦᠶ ᠲᠣᠭᠲᠠᠭᠤᠨ ᠬᠠᠩᠭ᠋ᠠᠯᠭ᠎ᠠ ᠵᠢ ᠪᠠᠲᠤᠯᠠᠵᠤ ᠤᠯᠠᠨ ᠲᠦᠮᠡᠨ᠎ᠤ ᠳᠤᠯᠠᠭ᠋ᠠᠨ ᠡᠪᠦᠯᠵᠢᠬᠦ ᠵᠢ ᠦᠨᠡᠨ ᠬᠦ᠌ ᠪᠠᠲᠤᠯᠠᠬᠤ ᠬᠣᠯᠪᠣᠭᠳᠠᠯ ᠪᠦᠬᠦᠢ ᠠᠵᠢᠯ᠎ᠢ ᠤᠯᠠᠮ ᠴᠢᠨᠠᠭᠰᠢᠳᠠ ᠰᠠᠢ᠌ᠲᠤᠷ ᠬᠢᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠬᠦᠴᠦ ᠶᠠᠪᠤᠭᠴᠢ ᠲᠠᠷᠢᠶᠠᠴᠢᠨ᠎ᠤ ᠴᠠᠯᠢᠩ᠎ᠢ ᠣᠯᠭᠣᠬᠤ ᠵᠢ ᠪᠠᠲᠤᠯᠠᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ ᠬᠦᠴᠦ ᠶᠠᠪᠤᠭᠴᠢ ᠲᠠᠷᠢᠶᠠᠴᠢᠨ᠎ᠤ ᠬᠥᠯᠥᠰᠥ ᠣᠯᠭᠣᠮᠵᠢ᠎ᠪᠠᠨ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠣᠯᠬᠤ ᠵᠢ᠎ᠨᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠬᠤᠷᠠᠯᠳᠤᠭᠤᠯᠵᠤ ᠰᠢᠨ᠎ᠡ ᠵᠢᠯ ᠴᠠᠭ᠋ᠠᠨ ᠰᠠᠷ᠎ᠠ 《ᠬᠣᠣᠰ ᠪᠠᠶᠠᠷ》᠎ᠤᠨ ᠬᠤᠭᠤᠴᠠᠭ᠋ᠠᠨ᠎ᠳᠤ ᠬᠢᠵᠢᠭ ᠭᠠᠮᠰᠢᠭ᠎ᠤᠨ ᠪᠠᠢ᠌ᠳᠠᠯ᠎ᠳᠤ ᠨᠥᠯᠥᠭᠡᠯᠡᠭᠳᠡᠭᠰᠡᠨ ᠶᠠᠳᠠᠭᠤ ᠬᠦᠴᠢᠷᠳᠡᠯᠲᠡᠢ ᠣᠯᠠᠨ ᠲᠦᠮᠡᠨ ᠪᠠ ᠳᠣᠣᠷ᠎ᠠ ᠪᠠᠲᠤᠯᠠᠭ᠋ᠠᠲᠤ ᠣᠯᠠᠨ ᠲᠦᠮᠡᠨ᠎ᠤ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠠᠵᠢᠯ᠎ᠢ ᠪᠠᠢ᠌ᠷᠢᠯᠠᠭᠤᠯᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ ᠠᠷᠭ᠎ᠠ ᠬᠡᠮᠵᠢᠶ᠎ᠡ ᠵᠢ ᠴᠢᠩᠭ᠋ᠠᠳᠬᠠᠨ ᠳᠦᠷᠢᠮ᠎ᠢ ᠲᠡᠭᠦᠯᠳᠡᠷᠵᠢᠭᠦᠯᠵᠦ ᠠᠵᠤ ᠠᠬᠤᠢ᠌ᠯᠠᠯ᠎ᠳᠤ ᠬᠣᠯᠪᠣᠭᠳᠠᠭᠰᠠᠨ ᠳᠤᠷ᠎ᠠ᠎ᠪᠠᠷ ᠰᠦᠢ᠍ᠳᠬᠡᠯ ᠬᠤᠷᠢᠶᠠᠬᠤ ᠶᠠᠪᠤᠳᠠᠯ᠎ᠢ ᠡᠷᠡᠰ ᠬᠣᠷᠢᠭᠯᠠᠬᠤ ᠵᠡᠷᠭᠡ ᠠᠵᠢᠯ᠎ᠢ ᠪᠠᠢ᠌ᠷᠢᠯᠠᠭᠤᠯᠪᠠ
 
            