ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠴᠠᠬᠢᠯᠭ᠋ᠠᠨ ᠴᠢᠮᠡᠬᠡ ᠢᠯᠡᠬᠡᠵᠥ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠡᠮᠤᠨ᠎ᠡ᠎ᠠᠴᠠ ᠰᠠᠷᠠᠨ ᠪᠥᠮᠪᠥᠷᠴᠡᠭ᠎ᠢ ᠬᠠᠶ᠋ᠢᠨ ᠰᠢᠨᠵᠢᠯᠡᠬᠦ ᠢᠨᠵᠧᠨᠧᠷᠢᠩ᠎ᠤᠨ ᠴᠠᠩ ᠧ ᠲᠠᠪᠤᠳᠤᠭ᠋ᠠᠷ᠎ᠤᠨ ᠡᠭᠦᠷᠭᠡ ᠲᠡᠭᠦᠰ ᠠᠮᠵᠢᠯᠲᠠ ᠣᠯᠤᠭᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2020-12-18

      12 ᠰᠠᠷ᠎ᠠ ᠵᠢᠨ 17᠎ᠤ ᠡᠳᠦᠷ᠎ᠤᠨ 1 ᠴᠠᠭ 59 ᠮᠢᠨᠦ᠋ᠲ᠎ᠲᠤ᠂ ᠴᠠᠩ ᠧ ᠲᠠᠪᠤᠳᠤᠭ᠋ᠠᠷ ᠪᠤᠴᠠᠯᠳᠠ ᠵᠢᠨ ᠮᠠᠰᠢᠨ ᠰᠠᠷᠠᠨ ᠪᠥᠮᠪᠥᠷᠴᠡᠭ᠎ᠠᠴᠠ ᠦᠯᠢᠬᠡᠷ ᠠᠪᠴᠤ ᠥᠪᠥᠷ ᠮᠣᠩᠭᠣᠯ᠎ᠤᠨ ᠳᠥᠷᠪᠡᠳ ᠬᠣᠰᠢᠭᠤᠨ᠎ᠤ ᠤᠷᠢᠳᠴᠢᠯᠠᠨ ᠲᠣᠭᠲᠠᠭ᠋ᠠᠭᠰᠠᠨ ᠣᠷᠣᠨ᠎ᠳᠤ ᠠᠮᠤᠷ ᠲᠦᠪᠰᠢᠨ ᠵᠶ᠋ᠠᠷ ᠪᠠᠭᠤᠵᠤ᠂ ᠰᠠᠷᠠᠨ ᠪᠥᠮᠪᠥᠷᠴᠡᠭ᠎ᠢ ᠬᠠᠶ᠋ᠢᠨ ᠰᠢᠨᠵᠢᠯᠡᠬᠦ ᠢᠨᠵᠧᠨᠧᠷᠢᠩ᠎ᠤᠨ ᠴᠠᠩ ᠧ ᠲᠠᠪᠤᠳᠤᠭ᠋ᠠᠷ᠎ᠤᠨ ᠡᠭᠦᠷᠭᠡ ᠲᠡᠭᠦᠰ ᠠᠮᠵᠢᠯᠲᠠ ᠣᠯᠵᠠᠶ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠬᠡ ᠢᠯᠡᠭᠡᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠡᠮᠤᠨ᠎ᠡ᠎ᠠᠴᠠ ᠰᠠᠷᠠᠨ ᠪᠥᠮᠪᠥᠷᠴᠡᠭ᠎ᠢ ᠬᠠᠶ᠋ᠢᠨ ᠰᠢᠨᠵᠢᠯᠡᠬᠦ ᠢᠨᠵᠧᠨᠧᠷᠢᠩ᠎ᠤᠨ ᠡᠭᠦᠷᠭᠡ ᠵᠢᠨ ᠵᠢᠯᠣᠭᠣᠳᠬᠤ ᠬᠡᠯᠳᠡᠰ ᠪᠠ ᠴᠠᠩ ᠧ ᠲᠠᠪᠤᠳᠤᠭ᠋ᠠᠷ᠎ᠤᠨ ᠡᠭᠦᠷᠭᠡ᠎ᠳᠤ ᠣᠷᠣᠯᠴᠠᠭᠰᠠᠨ ᠪᠦᠬᠦ ᠨᠥᠬᠥᠳ᠎ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠡᠶ᠃
      ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠴᠠᠩ ᠧ ᠲᠠᠪᠤᠳᠤᠭ᠋ᠠᠷ᠎ᠤᠨ ᠡᠭᠦᠷᠭᠡ᠎ᠨᠢ ᠮᠠᠨ᠎ᠤ ᠤᠯᠤᠰ᠎ᠤᠨ ᠪᠤᠳᠤᠯᠢᠶᠠᠨᠲᠠᠶ ᠬᠡᠮᠵᠢᠶ᠎ᠡ᠎ᠪᠠᠷ ᠬᠠᠮᠤᠭ᠎ᠤᠨ ᠦᠨᠳᠦᠷ᠂ ᠮᠡᠷᠭᠡᠵᠢᠯ᠎ᠤᠨ ᠠᠯᠭ᠋ᠠᠰᠠᠯ ᠵᠶ᠋ᠠᠷ ᠬᠠᠮᠤᠭ᠎ᠤᠨ ᠶᠡᠬᠡ ᠰᠠᠨᠰᠠᠷ᠎ᠤᠨ ᠠᠶᠠᠯᠠᠯ᠎ᠤᠨ ᠰᠢᠰᠲ᠋ᠧᠮ᠎ᠤᠨ ᠢᠨᠵᠧᠨᠧᠷᠢᠩ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ᠎ᠤᠨ ᠲᠡᠯᠡᠭᠡᠢ ᠵᠢᠨ ᠪᠦᠮᠪᠦᠷᠴᠡᠭ᠎ᠤᠨ ᠭᠠᠳᠠᠨᠠᠬᠢ ᠣᠳᠣᠨ ᠴᠣᠭᠴᠠᠰ᠎ᠠᠴᠠ ᠦᠯᠢᠭᠡᠷ ᠠᠪᠬᠤ ᠵᠢ ᠠᠩᠬ᠎ᠠ ᠤᠳᠠᠭ᠎ᠠ ᠪᠡᠶᠡᠯᠡᠭᠦᠯᠵᠡᠶ᠃ ᠡᠨᠡ ᠪᠣᠯ ᠰᠢᠨ᠎ᠡ ᠮᠠᠶᠢᠭ᠎ᠤᠨ ᠤᠯᠤᠰ ᠳᠠᠶᠠᠭ᠋ᠠᠷᠴᠢᠯᠠᠬᠰᠠᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ ᠬᠦᠴᠢᠷ᠎ᠢ ᠲᠤᠭᠤᠯᠤᠨ ᠪᠡᠷᠬᠡ ᠵᠢ ᠳᠠᠪᠠᠭ᠋ᠠᠳ ᠣᠯᠤᠭᠰᠠᠨ ᠪᠠᠰᠠ ᠨᠢᠭᠡᠨ ᠴᠢᠬᠤᠯᠠ ᠶᠡᠬᠡ ᠠᠮᠵᠢᠯᠲᠠ ᠪᠣᠯᠤᠨ᠎ᠠ᠂ ᠡᠨᠡ᠎ᠨᠢ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠤᠷᠤᠭᠰᠢ ᠨᠢᠭᠡ ᠶᠡᠬᠡ ᠠᠯᠬᠤᠮ ᠠᠯᠬᠤᠬᠰᠠᠨ᠎ᠢ ᠬᠠᠷᠠᠭᠤᠯᠵᠤ᠂ ᠰᠠᠷᠠᠨ ᠪᠥᠮᠪᠥᠷᠴᠡᠭ᠎ᠤᠨ ᠪᠦᠲᠦᠭᠰᠡᠨ ᠰᠢᠯᠲᠠᠭ᠋ᠠᠨ ᠪᠠ ᠨᠡᠷᠡᠨ᠎ᠤ ᠠᠶ᠋ᠢᠮᠠᠭ᠎ᠤᠨ ᠬᠤᠪᠢᠰᠤᠭᠰᠠᠨ ᠲᠡᠦᠬᠡ ᠵᠢᠨ ᠲᠤᠬᠠᠶ ᠬᠥᠮᠦᠨ ᠲᠥᠷᠥᠯᠬᠢᠲᠡᠨ᠎ᠤ ᠰᠢᠨᠵᠢᠯᠡᠬᠦ ᠤᠬᠠᠭ᠋ᠠᠨᠴᠢ ᠲᠠᠨᠢᠯᠲᠠ ᠵᠢ ᠭᠦᠨᠵᠡᠭᠡᠶ᠋ᠢᠷᠡᠭᠦᠯᠬᠦ᠎ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃ ᠲᠠ ᠨᠠᠷ᠎ᠤᠨ ᠭᠠᠷᠮᠠᠭ᠋ᠠᠶ ᠭᠠᠪᠢᠶ᠎ᠠ ᠵᠢᠳᠬᠦᠯ᠎ᠢ ᠡᠬᠡ ᠤᠯᠤᠰ ᠪᠠ ᠠᠷᠠᠳ ᠲᠦᠮᠡᠨ ᠥᠨᠢ ᠡᠭᠦᠷᠢᠳᠡ ᠪᠠᠲᠤ ᠴᠡᠭᠡᠵᠢᠯᠡᠬᠦ ᠪᠣᠯᠤᠨ᠎ᠠ ᠬᠡᠵᠥ ᠵᠢᠭ᠋ᠠᠵᠥ ᠭᠠᠷᠭ᠋ᠠᠪᠠ᠃
      ᠰᠢ ᠵᠢᠨ ᠫᠢᠩ᠂ ᠬᠥᠮᠦᠨ ᠲᠥᠷᠥᠯᠬᠢᠲᠡᠨ᠎ᠤ ᠰᠠᠨᠰᠠᠷ᠎ᠢ ᠬᠠᠶ᠋ᠢᠨ ᠰᠦᠪᠡᠭᠴᠢᠯᠡᠬᠦ ᠠᠯᠬᠤᠭ᠎ᠠ ᠥᠨᠢᠳᠡ ᠵᠤᠬᠰᠤᠰᠢ ᠦᠭᠡᠢ ᠶᠤᠮ᠃ ᠲᠠ ᠨᠠᠷ᠎ᠤᠨ ᠬᠦᠰᠡᠯ ᠵᠡᠭᠦᠳᠦ᠎ᠪᠠᠨ ᠬᠥᠭᠡᠭᠡᠴᠡᠯᠳᠦᠬᠦ᠂ ᠵᠣᠷᠢᠭᠲᠠᠢ᠎ᠪᠠᠷ ᠬᠠᠶ᠋ᠢᠨ ᠰᠦᠪᠡᠭᠴᠢᠯᠡᠬᠦ᠂ ᠬᠠᠮᠵᠢᠯᠴᠠᠨ ᠪᠣᠭᠣᠮᠲᠠ ᠰᠢᠪᠲᠤᠯᠬᠤ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ ᠰᠠᠷᠠᠨ ᠪᠥᠮᠪᠥᠷᠴᠡᠭ᠎ᠢ ᠬᠠᠶ᠋ᠢᠨ ᠰᠢᠨᠵᠢᠯᠡᠬᠦ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠥ᠂ ᠨᠢᠭᠡ ᠨᠢᠭᠡ ᠠᠯᠬᠤᠮ ᠵᠶ᠋ᠠᠷ ᠣᠳᠣᠨ ᠣᠷᠣᠨ᠎ᠢ ᠬᠠᠶ᠋ᠢᠨ ᠬᠡᠮᠵᠢᠬᠦ ᠰᠢᠨ᠎ᠡ ᠠᠶᠠᠨ ᠵᠶ᠋ᠠᠨ ᠡᠬᠢᠯᠡᠭᠦᠯᠵᠦ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠲᠠᠬᠢᠨ ᠰᠢᠨ᠎ᠡ ᠭᠠᠪᠢᠶ᠎ᠠ ᠪᠠᠶ᠋ᠢᠭᠤᠯᠵᠤ᠂ ᠬᠥᠮᠦᠨ ᠲᠥᠷᠥᠯᠬᠢᠲᠡᠨ᠎ᠤ ᠰᠠᠨᠰᠠᠷ ᠣᠭᠲᠠᠷᠭᠤᠢ ᠵᠢ ᠨᠠᠶ᠋ᠢᠷᠠᠮᠳᠠᠯ ᠵᠶ᠋ᠠᠷ ᠠᠰᠢᠬᠯᠠᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠠᠬᠢᠭᠤᠯᠬᠤ᠎ᠳᠤ ᠨᠡᠩ ᠶᠡᠬᠡ ᠡᠭᠦᠳᠦᠯᠳᠡ ᠵᠢᠨ ᠴᠢᠨᠠᠷᠲᠠᠢ ᠬᠤᠪᠢ ᠨᠡᠮᠡᠷᠢ ᠦᠵᠡᠭᠦᠯᠬᠦ ᠵᠢ ᠬᠦᠰᠡᠵᠥ ᠪᠠᠢ᠍ᠢ᠍ᠨ᠎ᠠ ᠬᠡᠵᠥ ᠴᠢᠬᠤᠯᠠᠴᠢᠯᠠᠪᠠ᠃
      ᠲᠦᠷᠦ ᠵᠢᠨ ᠶᠠᠪᠤᠳᠠᠯ᠎ᠤᠨ ᠭᠡᠰᠢᠭᠦᠨ ᠸᠠᠩ ᠶᠦᠩ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠤᠨ ᠴᠠᠩ ᠧ ᠲᠠᠪᠤᠳᠤᠭ᠋ᠠᠷ᠎ᠤᠨ ᠡᠭᠦᠷᠭᠡ ᠵᠢᠨ ᠨᠢᠰᠦᠯᠲᠡ ᠵᠢᠨ ᠡᠵᠡᠮᠳᠡᠯ᠎ᠤᠨ ᠲᠤᠬᠠᠢ ᠵᠢᠨ ᠲᠠᠯᠠᠪᠠᠢ᠎ᠳᠤ ᠰᠢ ᠵᠢᠨ ᠫᠢᠩ᠎ᠤᠨ ᠪᠠᠶᠠᠷ᠎ᠤᠨ ᠴᠠᠬᠢᠯᠭ᠋ᠠᠨ ᠴᠢᠮᠡᠬᠡ ᠵᠢ ᠤᠩᠰᠢᠨ ᠨᠡᠶ᠋ᠢᠲᠡᠯᠡᠪᠡ᠃
      ᠴᠠᠩ ᠧ ᠲᠠᠪᠤᠳᠤᠭ᠋ᠠᠷ᠎ᠤᠨ ᠡᠭᠦᠷᠭᠡ᠎ᠨᠢ ᠮᠠᠨ᠎ᠤ ᠤᠯᠤᠰ᠎ᠤᠨ ᠠᠩᠬ᠎ᠠ ᠤᠳᠠᠭ᠎ᠠ ᠰᠠᠷᠠᠨ ᠪᠥᠮᠪᠥᠷᠴᠡᠭ᠎ᠠᠴᠠ ᠦᠯᠢᠬᠡᠷ ᠠᠪᠬᠤ ᠪᠠ ᠪᠢᠲᠡᠭᠦᠮᠵᠢᠯᠡᠬᠦ᠂ ᠰᠠᠷᠠᠨ ᠪᠥᠮᠪᠥᠷᠴᠡᠭ᠎ᠠᠴᠠ ᠨᠢᠰᠬᠦ᠂ ᠰᠠᠷᠠᠨ ᠪᠥᠮᠪᠥᠷᠴᠡᠭ᠎ᠤᠨ ᠲᠣᠭᠣᠷᠢᠯᠳᠠ ᠵᠢᠨ ᠵᠠᠮ᠎ᠤᠨ ᠬᠣᠯᠪᠣᠯᠲᠠ᠂ ᠦᠯᠢᠭᠡᠷ ᠠᠪᠴᠤ ᠳᠠᠬᠢᠨ ᠪᠤᠴᠠᠬᠤ ᠵᠡᠷᠭᠡ ᠣᠯᠠᠨ ᠵᠦᠢ᠍ᠯ᠎ᠤᠨ ᠴᠢᠬᠤᠯᠠ ᠶᠡᠬᠡ ᠰᠢᠪᠲᠤᠯᠤᠯᠲᠠ ᠵᠢ ᠪᠡᠶᠡᠯᠡᠭᠦᠯᠪᠡ᠂ ᠡᠳᠡᠭᠡᠷ᠎ᠢ ᠠᠮᠵᠢᠯᠲᠠ᠎ᠲᠠᠢ ᠬᠡᠷᠡᠭᠵᠢᠭᠦᠯᠦᠭᠰᠡᠨ᠎ᠨᠢ ᠮᠠᠨ᠎ᠤ ᠤᠯᠤᠰ᠎ᠤᠨ ᠰᠠᠷᠠᠨ ᠪᠥᠮᠪᠥᠷᠴᠡᠭ᠎ᠢ ᠬᠠᠶ᠋ᠢᠨ ᠰᠢᠨᠵᠢᠯᠡᠬᠦ ᠢᠨᠵᠧᠨᠧᠷᠢᠩ᠎ᠤᠨ 《ᠲᠣᠭᠣᠷᠢᠬᠤ᠂ ᠪᠠᠭᠤᠬᠤ᠂ ᠪᠤᠴᠠᠬᠤ》 ᠭᠤᠷᠪᠠᠨ ᠠᠯᠬᠤᠮ ᠵᠶ᠋ᠠᠷ ᠶᠠᠪᠤᠬᠤ ᠲᠥᠯᠥᠪᠵᠢᠭᠦᠯᠭᠡ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠦᠭᠰᠡᠨ᠎ᠢ ᠬᠠᠷᠠᠭᠤᠯᠵᠤ ᠪᠠᠶ᠋ᠢᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ᠎ᠢ ᠬᠦᠴᠦᠨ᠎ᠲᠠᠢ ᠪᠣᠯᠭ᠋ᠠᠨ ᠬᠡᠷᠡᠭᠵᠢᠭᠦᠯᠬᠦ ᠬᠣᠯᠪᠣᠭᠳᠠᠯ ᠪᠦᠬᠦᠢ ᠠᠵᠢᠯ᠎ᠢ ᠲᠦᠷᠭᠡᠪᠴᠢᠯᠡᠨ ᠰᠠᠶ᠋ᠢᠲᠤᠷ ᠬᠢᠬᠦ ᠲᠤᠬᠠᠢ ᠪᠠᠢ᠌ᠷᠢᠯᠠᠭᠤᠯᠤᠯᠲᠠ ᠬᠢᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠵᠡᠷᠭᠡ ᠵᠢ ᠪᠠᠶ᠋ᠢᠷᠢᠯᠠᠭᠤᠯᠪᠠ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠡᠨᠧᠷᠭᠢ ᠵᠢᠨ ᠠᠶᠤᠯᠭᠦᠶ ᠲᠣᠭᠲᠠᠭᠤᠨ ᠬᠠᠩᠭ᠋ᠠᠯᠭ᠎ᠠ ᠵᠢ ᠪᠠᠲᠤᠯᠠᠵᠤ ᠤᠯᠠᠨ ᠲᠦᠮᠡᠨ᠎ᠤ ᠳᠤᠯᠠᠭ᠋ᠠᠨ ᠡᠪᠦᠯᠵᠢᠬᠦ ᠵᠢ ᠦᠨᠡᠨ ᠬᠦ᠌ ᠪᠠᠲᠤᠯᠠᠬᠤ ᠬᠣᠯᠪᠣᠭᠳᠠᠯ ᠪᠦᠬᠦᠢ ᠠᠵᠢᠯ᠎ᠢ ᠤᠯᠠᠮ ᠴᠢᠨᠠᠭᠰᠢᠳᠠ ᠰᠠᠢ᠌ᠲᠤᠷ ᠬᠢᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠬᠦᠴᠦ ᠶᠠᠪᠤᠭᠴᠢ ᠲᠠᠷᠢᠶᠠᠴᠢᠨ᠎ᠤ ᠴᠠᠯᠢᠩ᠎ᠢ ᠣᠯᠭᠣᠬᠤ ᠵᠢ ᠪᠠᠲᠤᠯᠠᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ ᠬᠦᠴᠦ ᠶᠠᠪᠤᠭᠴᠢ ᠲᠠᠷᠢᠶᠠᠴᠢᠨ᠎ᠤ ᠬᠥᠯᠥᠰᠥ ᠣᠯᠭᠣᠮᠵᠢ᠎ᠪᠠᠨ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠣᠯᠬᠤ ᠵᠢ᠎ᠨᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ
 
            