ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠬᠥᠲᠥᠯᠪᠦᠷᠢ ᠵᠢᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ ᠣᠳᠣᠬᠠᠨ᠎ᠤ ᠪᠠ ᠠᠯᠤᠰ ᠬᠡᠳᠦ ᠵᠢᠨ᠎ᠬᠢ ᠵᠢ ᠬᠠᠮᠲᠤᠳᠤᠨᠢ ᠬᠠᠷᠠᠭ᠋ᠠᠯᠵᠠᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠵᠦ ᠦᠢᠯᠡᠳᠦᠯᠭᠡ ᠪᠠ ᠲᠡᠦᠬᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠢ᠌ᠯᠬᠦ ᠲᠥᠯᠥᠪᠵᠢᠭᠦᠯᠭᠡ ᠵᠢᠨ ᠬᠥᠲᠥᠯᠪᠦᠷᠢ ᠵᠢ ᠨᠠᠢ᠌ᠷᠠᠭᠤᠯᠤᠨ ᠵᠣᠬᠢᠶᠠᠬᠤ ᠬᠡᠷᠡᠭᠲᠡᠶ ᠭᠡᠵᠦ ᠴᠢᠬᠤᠯᠠᠴᠢᠯᠠᠪᠠ ᠬᠠᠨ ᠵᠧᠩ ᠬᠤᠷᠠᠯ᠎ᠳᠤ ᠣᠷᠣᠯᠴᠠᠪᠠ
12 ᠳ᠋ᠤᠭ᠋ᠠᠷ ᠰᠠᠷ᠎ᠠ ᠵᠢᠨ 23᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢ᠌ᠳ ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠬᠥᠲᠥᠯᠪᠦᠷᠢ ᠵᠢᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠳᠠᠬᠢᠨᠲᠠ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠬᠠᠨ ᠵᠧᠩ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠬᠤ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ᠎ᠳᠤ ᠣᠷᠣᠯᠴᠠᠭᠰᠠᠨ ᠨᠥᠬᠥᠳ ᠰᠤᠳᠤᠯᠤᠨ ᠶᠠᠷᠢᠯᠴᠠᠵᠠᠭ᠋ᠠᠪᠠ᠃ ᠯᠢ ᠺᠸ ᠴᠢᠶᠠᠩ ᠬᠡᠯᠡᠭᠰᠡᠨ᠎ᠨᠢ᠂ ᠡᠯ᠎ᠡ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ᠂ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠬᠤ ᠠᠵᠢᠯ ᠴᠢᠬᠤᠯᠠ ᠠᠬᠢᠴᠠ᠎ᠲᠠᠢ ᠪᠣᠯᠪᠠ᠂ ᠤᠯᠠᠨ ᠪᠦᠭᠥᠳᠡᠪᠠᠷ ᠵᠶ᠋ᠡᠨ ᠦᠷᠭᠦᠯᠵᠢᠯᠡᠨ ᠤᠶᠤᠨ ᠤᠬᠠᠭ᠋ᠠᠨ ᠵᠶ᠋ᠡᠨ ᠲᠥᠪᠯᠡᠷᠡᠭᠦᠯᠦᠨ᠂ ᠭᠦᠨᠵᠡᠭᠡᠢ ᠰᠤᠳᠤᠯᠤᠨ ᠨᠤᠲᠠᠯᠠᠵᠤ᠂ ᠨᠢᠭᠲᠠ᠎ᠠᠴᠠ ᠨᠢᠭᠲᠠ ᠪᠠᠢ᠌ᠬᠤ ᠵᠢ ᠪᠡᠶᠡᠯᠡᠭᠦᠯᠬᠦ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ᠂ ᠪᠥᠬᠥᠳᠡ ᠬᠤᠷᠠᠯ᠎ᠤᠨ 《ᠰᠠᠨᠠᠭᠤᠯᠭ᠎ᠠ》 ᠶᠣᠰᠣᠭ᠋ᠠᠷ᠂ ᠬᠥᠲᠥᠯᠪᠦᠷᠢ ᠵᠢᠨ ᠲᠥᠰᠦᠯ᠎ᠢ ᠨᠠᠷᠢᠨ ᠨᠢᠮᠪᠠᠶ ᠨᠠᠢ᠌ᠷᠠᠭᠤᠯᠤᠨ ᠵᠣᠬᠢᠶᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠱᠠᠭ᠋ᠠᠷᠳᠠᠯᠭ᠎ᠠ᠎ᠳᠤ ᠲᠤᠭᠤᠰᠢᠯᠠᠭᠤᠯᠵᠤ᠂ ᠠᠷᠠᠳ ᠲᠦᠮᠡᠨ ᠵᠶ᠋ᠡᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠪᠣᠳᠠᠲᠠᠢ ᠠᠵᠢᠯ ᠳᠤᠮᠳᠠ ᠦᠵᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠵᠢᠨ ᠪᠠᠷᠠᠯᠠᠯᠲᠠ ᠵᠢᠯᠣᠭᠣᠳᠤᠯᠭ᠎ᠠ ᠵᠢᠨ ᠦᠢᠯᠡᠳᠦᠯ᠎ᠢ᠎ᠨᠢ ᠦᠨᠡᠨ ᠬᠦ᠌ ᠪᠠᠳᠠᠷᠠᠭᠤᠯᠵᠤ᠂ ᠦᠢᠯᠡᠳᠦᠯᠭᠡ ᠪᠠ ᠲᠡᠦᠬᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠢ᠌ᠯᠬᠦ ᠪᠣᠯᠭ᠋ᠠᠬᠤ ᠬᠡᠷᠡᠭᠲᠡᠶ ᠭᠡᠪᠡ᠃
ᠯᠢ ᠺᠸ ᠴᠢᠶᠠᠩ ᠵᠢᠭ᠋ᠠᠵᠤ ᠭᠠᠷᠭ᠋ᠠᠭᠰᠠᠨ᠎ᠨᠢ᠂ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠬᠤ᠎ᠳᠤ ᠣᠳᠣᠬᠠᠨ᠎ᠤ ᠪᠠ ᠠᠯᠤᠰ ᠬᠡᠳᠦ ᠵᠢᠨ᠎ᠬᠢ ᠵᠢ ᠬᠠᠮᠲᠤᠳᠤᠨᠢ ᠬᠠᠷᠠᠭ᠋ᠠᠯᠵᠠᠬᠤ ᠬᠡᠷᠡᠭᠲᠡᠶ᠃ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ 《ᠰᠠᠨᠠᠭᠤᠯᠭ᠎ᠠ》᠎ᠳᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ᠎ᠳᠤ ᠭᠣᠤᠯᠳᠠᠯᠭ᠎ᠠ᠎ᠲᠠᠢ ᠪᠠᠢ᠌ᠷᠢᠯᠠᠭᠤᠯᠤᠯᠲᠠ ᠬᠢᠭᠰᠡᠨ ᠪᠥᠭᠡᠳ ᠪᠠᠰᠠ 2035 ᠣᠨ᠎ᠤ ᠠᠯᠤᠰ᠎ᠤᠨ ᠬᠠᠷᠠᠯᠲᠠ ᠵᠢ ᠳᠤᠷᠠᠳᠴᠠᠶ᠃ ᠡᠨᠡ ᠵᠢᠯ᠎ᠤᠨ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠨᠢ ᠢᠷᠡᠬᠦ ᠵᠢᠯ ᠴᠢᠨᠠᠭᠰᠢᠯᠠᠪᠠᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠪᠦᠬᠦᠢ᠌ᠯᠡ ᠬᠤᠭᠤᠴᠠᠭ᠎ᠠ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠬᠣᠢ᠌ᠰᠢᠳᠠ ᠵᠢᠨ ᠬᠣᠶᠠᠷ ᠵᠢᠯ᠎ᠤᠨ ᠠᠵᠤ ᠠᠬᠤᠶ ᠵᠢᠨ ᠠᠵᠢᠯ᠎ᠢ ᠭᠣᠤᠯᠳᠠᠯᠭ᠎ᠠ᠎ᠲᠠᠢ ᠪᠠᠢ᠌ᠷᠢᠯᠠᠭᠤᠯᠪᠠ᠃ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠬᠤ᠎ᠳᠤ᠎ᠪᠠᠨ ᠢᠷᠡᠭᠡᠳᠦᠢ ᠵᠢᠨ ᠲᠠᠪᠤᠨ ᠵᠢᠯ᠎ᠤᠨ ᠬᠥᠭᠵᠢᠯᠲᠡ ᠵᠢ ᠪᠥᠬᠥ ᠲᠠᠯ᠎ᠠ᠎ᠪᠠᠷ ᠪᠣᠳᠣᠯᠬᠢᠯᠠᠵᠤ᠂ 2035 ᠣᠨ᠎ᠤ ᠠᠯᠤᠰ᠎ᠤᠨ ᠬᠠᠷᠠᠯᠲᠠ᠎ᠲᠠᠢ ᠵᠣᠯᠭ᠋ᠠᠯᠳᠤᠭᠤᠯᠬᠤ᠎ᠪᠠᠷ ᠪᠠᠷᠠᠬᠤ ᠥᠭᠡᠢ ᠪᠠᠰᠠ ᠬᠣᠢ᠌ᠰᠢᠳᠠ ᠵᠢᠨ ᠬᠣᠶᠠᠷ ᠵᠢᠯ᠎ᠤᠨ ᠠᠵᠤ ᠠᠬᠤᠢ ᠵᠢᠨ ᠬᠡᠪ᠎ᠤᠨ ᠨᠡᠮᠡᠭᠳᠡᠯ᠎ᠤᠨ ᠰᠡᠷᠭᠦᠯᠲᠡ ᠵᠢ ᠠᠬᠢᠭᠤᠯᠬᠤ᠂ ᠬᠥᠭᠵᠢᠯᠲᠡ ᠵᠢᠨ ᠰᠠᠭᠤᠷᠢ ᠵᠢ ᠪᠠᠲᠤᠳᠬᠠᠬᠤ ᠣᠨᠴᠠᠭ᠋ᠠᠢ ᠪᠠᠢ᠌ᠳᠠᠯ᠎ᠳᠤ ᠴᠢᠭᠯᠡᠭᠦᠯᠦᠨ ᠨᠢᠭᠡᠳᠦᠯᠲᠡᠢ ᠲᠥᠯᠥᠪᠯᠡᠨ ᠲᠤᠬᠢᠷᠠᠭᠤᠯᠬᠤ ᠬᠡᠷᠡᠭᠲᠡᠢ ᠭᠡᠪᠡ᠃

ᠯᠢ ᠺᠸ ᠴᠢᠶᠠᠩ ᠬᠡᠯᠡᠭᠰᠡᠨ᠎ᠨᠢ᠂ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠬᠤ᠎ᠳᠤ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠵᠢᠮ᠎ᠡ ᠶᠣᠰᠣ ᠵᠢ ᠵᠢᠷᠤᠮᠯᠠᠬᠤ ᠬᠡᠷᠡᠭᠲᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠂ ᠬᠥᠮᠦᠰ᠎ᠢ ᠵᠣᠷᠢᠭᠵᠢᠭᠤᠯᠬᠤ ᠪᠥᠭᠡᠳ ᠪᠠᠰᠠ ᠣᠷᠣᠨ ᠵᠠᠶ ᠦᠯᠡᠳᠡᠭᠡᠵᠦ᠂ ᠪᠥᠬᠥ ᠨᠡᠢ᠌ᠭᠡᠮ᠎ᠢ ᠬᠠᠮᠲᠤ ᠵᠢᠨ ᠲᠠᠨᠢᠯᠲᠠ᠎ᠲᠠᠢ ᠪᠣᠯᠭ᠋ᠠᠬᠤ ᠬᠡᠷᠡᠭᠲᠡᠶ᠃ ᠮᠠᠨ᠎ᠤ ᠤᠯᠤᠰ᠎ᠤᠨ ᠠᠵᠤ ᠠᠬᠤᠢ ᠵᠢᠨ ᠰᠠᠭᠤᠷᠢ ᠲᠣᠭ᠎ᠠ ᠨᠢᠭᠡᠨᠲᠡ ᠨᠡᠯᠢᠶᠡᠳ ᠶᠡᠬᠡ ᠪᠤᠯᠵᠤ᠂ ᠢᠷᠡᠭᠡᠳᠦᠢ ᠵᠢᠨ ᠲᠠᠪᠤᠨ ᠵᠢᠯ᠎ᠳᠤ ᠵᠣᠬᠢᠰᠲᠠᠢ ᠬᠤᠷᠳᠤᠴᠠ᠎ᠪᠠᠷ ᠲᠣᠭᠲᠠᠭᠤᠨ ᠨᠡᠮᠡᠭᠳᠡᠬᠦ ᠪᠣᠯᠣᠨ᠎ᠠ᠂ ᠬᠤᠷᠠᠮᠳᠤᠭᠤᠯᠤᠭ᠋ᠠᠳ ᠠᠪᠤᠪᠠᠯ ᠬᠢᠯᠪᠠᠷ ᠪᠤᠰᠤ ᠠᠮᠵᠢᠯᠲᠠ ᠪᠣᠯᠬᠤ ᠶᠤᠮ᠃ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠂ ᠰᠠᠭᠤᠷᠢ ᠪᠡᠯᠡᠳᠬᠡᠮᠵᠢ ᠵᠢ ᠴᠢᠩᠭ᠋ᠠᠳᠬᠠᠬᠤ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠬᠡᠷᠡᠭᠵᠢᠭᠦᠯᠬᠦ ᠵᠡᠷᠭᠡ ᠡᠭᠦᠷᠭᠡ ᠪᠠ ᠠᠷᠭ᠎ᠠ ᠬᠡᠮᠵᠢᠶ᠎ᠡ ᠵᠢ ᠳᠤᠷᠠᠳᠬᠤ᠎ᠳᠤ᠎ᠪᠠᠨ ᠴᠥᠮ ᠭᠣᠣᠯᠳᠠᠯᠭ᠎ᠠ ᠵᠢ ᠳᠤᠪᠤᠢ᠍ᠢ᠍ᠯᠭ᠋ᠠᠵᠤ᠂ ᠴᠢᠳᠠᠯ ᠵᠶ᠋ᠠᠷ ᠵᠶ᠋ᠠᠨ ᠴᠢᠷᠮᠠᠢ᠌ᠬᠤ ᠮᠥᠷᠲᠡᠭᠡᠨ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠰᠣᠬᠣᠷ ᠪᠠᠯᠠᠢ᠎ᠪᠠᠷ ᠪᠦᠲᠦᠭᠡᠨ ᠪᠠᠢ᠌ᠭᠤᠯᠬᠤ ᠦᠭᠡᠢ ᠪᠠᠢ᠌ᠵᠤ᠂ ᠳᠤᠷᠠᠳᠤᠭᠰᠠᠨ ᠪᠦᠬᠦᠨ᠎ᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠥᠲᠥᠯᠪᠦᠷᠢ ᠵᠢᠨ ᠲᠥᠰᠦᠯ᠎ᠢ ᠡᠯ᠎ᠡ ᠲᠤᠰᠬᠠᠶ ᠲᠥᠯᠥᠪᠵᠢᠭᠦᠯᠭᠡ᠂ ᠣᠷᠣᠨ ᠨᠤᠲᠤᠭ᠎ᠤᠨ ᠲᠥᠯᠥᠪᠵᠢᠭᠦᠯᠭᠡ᠎ᠯᠦᠭᠡ ᠵᠣᠯᠭ᠋ᠠᠯᠳᠤᠭᠤᠯᠬᠤ ᠵᠢ ᠴᠢᠩᠭ᠋ᠠᠳᠬᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠬᠦᠷᠢᠶᠡᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠬᠡᠷᠡᠭᠴᠡᠭᠡ᠎ᠪᠠᠨ ᠦᠨᠳᠦᠰᠦᠯᠡᠬᠦ ᠮᠦᠷᠲᠡᠭᠡᠨ ᠪᠠᠰᠠ ᠪᠣᠯᠤᠯᠴᠠᠭ᠎ᠠ ᠵᠢ ᠪᠣᠳᠣᠯᠬᠢᠯᠠᠵᠤ᠂ ᠬᠠᠷᠠᠯᠲᠠ ᠪᠣᠯᠤᠨ ᠡᠭᠦᠷᠭᠡ᠎ᠪᠠᠨ ᠰᠠᠢ᠌ᠲᠤᠷ ᠡᠵᠡᠮᠰᠢᠬᠦ ᠬᠡᠷᠡᠭᠲᠡᠶ; ᠡᠭᠦᠨ᠎ᠤ ᠬᠠᠮᠲᠤ ᠡᠯ᠎ᠡ ᠭᠠᠵᠠᠷ᠎ᠤᠨ ᠣᠷᠣᠨ ᠨᠤᠲᠤᠭ᠎ᠤᠨ ᠲᠥᠯᠥᠪᠵᠢᠭᠦᠯᠭᠡ᠎ᠪᠠᠨ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠬᠤ ᠵᠢ᠎ᠨᠢ ᠬᠥᠲᠥᠯᠥᠨ ᠵᠢᠯᠣᠭᠣᠳᠴᠤ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠪᠡ᠃
ᠯᠢ ᠺᠸ ᠴᠢᠶᠠᠩ ᠵᠢᠭ᠋ᠠᠵᠤ ᠭᠠᠷᠭ᠋ᠠᠭᠰᠠᠨ᠎ᠨᠢ᠂ ᠬᠥᠲᠥᠯᠪᠦᠷᠢ ᠵᠢᠨ ᠲᠥᠰᠦᠯ᠎ᠢ ᠨᠠᠢ᠌ᠷᠠᠭᠤᠯᠤᠨ ᠵᠣᠬᠢᠶᠠᠬᠤ᠎ᠳᠤ᠎ᠪᠠᠨ ᠥᠭᠡᠷᠡᠴᠢᠯᠡᠯᠲᠡ ᠨᠡᠬᠡᠬᠡᠯᠳᠡ ᠵᠢ ᠭᠦᠨᠵᠡᠭᠡᠢ᠌ᠷᠡᠭᠦᠯᠬᠦ ᠵᠢ ᠲᠤᠰᠬᠠᠵᠤ᠂ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ ᠵᠢ ᠡᠷᠡᠰ ᠠᠬᠢᠭᠤᠯᠬᠤ ᠡᠷᠴᠢ ᠵᠣᠷᠢᠭ᠎ᠢ ᠢᠯᠡᠷᠡᠭᠦᠯᠬᠦ ᠬᠡᠷᠡᠭᠲᠡᠢ᠃ ᠡᠬᠢ ᠪᠠᠶᠠᠯᠢᠭ᠎ᠤᠨ ᠲᠤᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠬᠡᠷᠡᠭᠲᠡᠢ᠃ ᠬᠥᠲᠥᠯᠪᠦᠷᠢ ᠵᠢᠨ ᠲᠥᠰᠦᠯ᠎ᠳᠤ ᠥᠭᠡᠷᠡᠴᠢᠯᠡᠯᠲᠡ ᠵᠢᠨ ᠰᠡᠳᠬᠢᠮᠵᠢ ᠪᠣᠯᠤᠨ ᠠᠷᠭ᠎ᠠ ᠵᠢ ᠲᠣᠪᠣᠢ᠌ᠮ᠎ᠠ ᠬᠡᠷᠡᠭᠯᠡᠬᠦ ᠬᠡᠷᠡᠭᠲᠡᠶ᠃ ᠠᠵᠢᠯ ᠣᠯᠭᠣᠯᠲᠠ ᠵᠢ ᠨᠡᠮᠡᠭᠳᠡᠭᠦᠯᠬᠦ᠂ ᠰᠢᠨ᠎ᠡ ᠵᠢ ᠡᠭᠦᠳᠬᠦ ᠵᠢ ᠠᠬᠢᠭᠤᠯᠬᠤ᠂ ᠡᠳ᠋ ᠪᠠᠶᠠᠯᠢᠭ᠎ᠢ ᠡᠭᠦᠳᠬᠦ᠂ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠴᠥᠮ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠠᠮᠢᠵᠢᠷᠠᠯ᠎ᠤᠨ ᠬᠦᠴᠦᠨ ᠪᠠ ᠨᠡᠢ᠌ᠭᠡᠮ᠎ᠤᠨ ᠪᠦᠲᠦᠭᠡᠯᠴᠢ ᠴᠢᠳᠠᠪᠤᠷᠢ ᠵᠢ ᠨᠡᠩ ᠶᠡᠬᠡ᠎ᠪᠠᠷ ᠬᠥᠭᠵᠢᠭᠡᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠬᠦ᠂ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ ᠵᠡᠷᠭᠡ ᠲᠠᠯ᠎ᠠ᠎ᠪᠠᠷ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ᠂ ᠵᠠᠰᠠᠭ᠎ᠤᠨ ᠣᠷᠳᠣᠨ᠎ᠤ ᠪᠡᠯᠡ ᠮᠥᠩᠭᠥ ᠵᠢᠨ ᠬᠥᠰᠢᠭᠦᠷᠭᠡ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠨᠡᠢ᠌ᠭᠡᠮ᠎ᠤᠨ ᠬᠥᠷᠥᠩᠭᠡ ᠵᠢᠨ ᠬᠠᠮᠲᠤ᠎ᠪᠠᠷ ᠣᠷᠣᠯᠴᠠᠬᠤ ᠵᠢ ᠬᠥᠲᠥᠯᠥᠨ ᠵᠢᠯᠣᠭᠣᠳᠬᠤ ᠬᠡᠷᠡᠭᠲᠡᠶ᠃ ᠭᠠᠳᠠᠭ᠋ᠠᠳᠤ ᠨᠡᠬᠡᠬᠡᠯᠳᠡ ᠵᠢ ᠥᠷᠭᠡᠳᠬᠡᠬᠦ ᠲᠠᠯ᠎ᠠ᠎ᠪᠠᠷ ᠨᠡᠩ ᠤᠯᠠᠨ ᠳᠦᠷᠢᠮ᠎ᠤᠨ ᠬᠡᠯᠪᠡᠷᠢ ᠵᠢᠨ ᠨᠡᠬᠡᠬᠡᠯᠳᠡ ᠵᠢᠨ ᠰᠢᠨ᠎ᠡ ᠠᠷᠭ᠎ᠠ ᠬᠡᠮᠵᠢᠶ᠎ᠡ ᠵᠢ ᠳᠤᠷᠠᠳᠴᠤ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠣᠷᠴᠢᠨ ᠨᠦᠭᠦᠴᠡᠯ᠎ᠢ ᠰᠠᠢ᠌ᠵᠢᠷᠠᠭᠤᠯᠵᠤ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠨ᠂ ᠬᠠᠮᠲᠤ᠎ᠪᠠᠷ ᠠᠰᠢᠭ ᠬᠦᠷᠳᠡᠬᠦ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠪᠡ᠃

ᠯᠢ ᠺᠸ ᠴᠢᠶᠠᠩ ᠬᠡᠯᠡᠭᠰᠡᠨ᠎ᠨᠢ᠂ ᠥᠭᠡᠷᠡᠴᠢᠯᠡᠯᠲᠡ ᠨᠡᠭᠡᠭᠡᠯᠳᠠ ᠬᠢᠭᠰᠡᠨ ᠳᠥᠴᠢ ᠭᠠᠷᠤᠢ ᠵᠢᠯ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠦᠬᠦ ᠠᠷᠠᠳ ᠲᠦᠮᠡᠨ ᠰᠢᠷᠭ᠋ᠠᠭᠤ ᠬᠠᠲᠠᠭᠤᠵᠢᠯᠲᠠᠢ ᠲᠡᠮᠡᠴᠡᠵᠦ ᠪᠠᠢ᠌ᠭ᠋ᠠᠳ ᠣᠯᠤᠭᠰᠠᠨ ᠶᠤᠮ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠷᠭᠦᠯᠵᠢᠯᠡᠨ ᠯᠠᠪᠳᠠᠭᠤᠨ ᠪᠠᠲᠤᠲᠠᠢ ᠴᠥᠬᠥᠷᠡᠰᠢ ᠦᠭᠡᠢ ᠲᠡᠮᠡᠴᠡᠬᠦ ᠬᠡᠷᠡᠭᠲᠡᠢ᠃ ᠢᠷᠡᠬᠦ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ ᠮᠦᠨ᠂ ᠲᠤᠢ᠌ᠯ᠎ᠤᠨ ᠵᠠᠩᠭᠢᠯᠠᠭ᠎ᠠ ᠪᠣᠯᠤᠨ᠎ᠠ᠂ ᠠᠵᠤ ᠠᠬᠤᠶ ᠵᠢᠨ ᠲᠣᠭᠲᠠᠭᠤᠨ ᠰᠡᠷᠭᠦᠯᠲᠡ ᠵᠢᠨ ᠪᠠᠢ᠌ᠳᠠᠯ᠎ᠢ ᠬᠦᠴᠦᠯᠡᠨ ᠪᠡᠬᠢᠵᠢᠭᠦᠯᠵᠦ᠂ ᠠᠵᠤ ᠠᠬᠤᠶ ᠵᠢᠨ ᠠᠵᠢᠯᠯᠠᠭ᠋ᠠᠨ᠎ᠢ ᠵᠣᠬᠢᠰᠲᠠᠶ ᠬᠡᠪᠴᠢᠶᠡᠨ᠎ᠳᠤ ᠪᠠᠢ᠌ᠯᠭ᠋ᠠᠬᠤ ᠵᠢ ᠪᠠᠲᠤᠯᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠰᠠᠢ᠌ᠨ ᠰᠠᠢ᠌ᠬᠠᠨ ᠡᠬᠢᠯᠡᠯᠲᠡ ᠵᠢ ᠪᠡᠶᠡᠯᠡᠭᠦᠯᠬᠦ ᠬᠡᠷᠡᠭᠲᠡᠶ
ᠭᠡᠪᠡ᠃
ᠰᠦᠨ ᠴᠦᠨ ᠯᠠᠨ᠂ ᠬᠤ᠌ ᠴᠦᠨ ᠬᠤᠸᠠ᠂ ᠸᠠᠩ ᠶᠦᠩ᠂ ᠸᠠᠩ ᠢ᠂ ᠰᠢᠶᠤᠤ ᠵᠢᠶᠸ᠂ ᠵᠤᠤ ᠺᠸ ᡁᠢ ᠬᠤᠷᠠᠯ᠎ᠳᠤ ᠣᠷᠣᠯᠴᠠᠪᠠ᠃