ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ᠎ᠢ ᠬᠦᠴᠦᠨ᠎ᠲᠠᠢ ᠪᠣᠯᠭ᠋ᠠᠨ ᠬᠡᠷᠡᠭᠵᠢᠭᠦᠯᠬᠦ ᠬᠣᠯᠪᠣᠭᠳᠠᠯ ᠪᠦᠬᠦᠢ ᠠᠵᠢᠯ᠎ᠢ ᠲᠦᠷᠭᠡᠪᠴᠢᠯᠡᠨ ᠰᠠᠶ᠋ᠢᠲᠤᠷ ᠬᠢᠬᠦ ᠲᠤᠬᠠᠢ ᠪᠠᠢ᠌ᠷᠢᠯᠠᠭᠤᠯᠤᠯᠲᠠ ᠬᠢᠪᠡ
ᠨᠡᠶ᠋ᠢᠲᠡᠯᠡᠭᠰᠡᠨ ᠴᠠᠭ᠄ 2020-12-03

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
      ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ᠎ᠢ ᠬᠦᠴᠦᠨ᠎ᠲᠠᠢ ᠪᠣᠯᠭ᠋ᠠᠨ ᠬᠡᠷᠡᠭᠵᠢᠭᠦᠯᠬᠦ ᠬᠣᠯᠪᠣᠭᠳᠠᠯ ᠪᠦᠬᠦᠢ ᠠᠵᠢᠯ᠎ᠢ ᠲᠦᠷᠭᠡᠪᠴᠢᠯᠡᠨ ᠰᠠᠶ᠋ᠢᠲᠤᠷ ᠬᠢᠬᠦ ᠲᠤᠬᠠᠢ ᠪᠠᠢ᠌ᠷᠢᠯᠠᠭᠤᠯᠤᠯᠲᠠ ᠬᠢᠪᠡ
      ᠴᠢᠯᠥᠭᠡᠲᠦ ᠠᠷᠠᠯᠵᠢᠶ᠎ᠠ ᠵᠢ ᠬᠠᠮᠠᠭ᠋ᠠᠯᠠᠵᠤ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠬᠦᠷᠲᠡᠬᠦ ᠰᠢᠨ᠎ᠡ ᠣᠷᠣᠨ ᠵᠠᠢ ᠵᠢ ᠦᠷᠭᠡᠳᠬᠡᠪᠡ
     《ᠵᠠᠰᠠᠭ᠎ᠤᠨ ᠣᠷᠳᠣᠨ᠎ᠤ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠲᠦᠷᠢᠮ (ᠲᠥᠰᠦᠯ)》᠎ᠢ ᠪᠠᠲᠤᠯᠠᠪᠠ


      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 12 ᠳ᠋ᠤᠭ᠋ᠠᠷ ᠰᠠᠷ᠎ᠠ ᠵᠢᠨ 1᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭ᠍ᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ᠎ᠢ ᠬᠦᠴᠦᠨ᠎ᠲᠠᠢ ᠪᠣᠯᠭ᠋ᠠᠨ ᠬᠡᠷᠡᠭᠵᠢᠭᠦᠯᠬᠦ ᠬᠣᠯᠪᠣᠭᠳᠠᠯ ᠪᠦᠬᠦᠢ ᠠᠵᠢᠯ᠎ᠢ ᠲᠦᠷᠭᠡᠪᠴᠢᠯᠡᠨ ᠰᠠᠶ᠋ᠢᠲᠤᠷ ᠬᠢᠬᠦ ᠲᠤᠬᠠᠢ ᠪᠠᠶ᠋ᠢᠷᠢᠯᠠᠭᠤᠯᠵᠤ᠂ ᠴᠢᠯᠦᠭᠡᠲᠦ ᠠᠷᠠᠯᠵᠢᠶ᠎ᠠ ᠵᠢ ᠬᠠᠮᠠᠭ᠋ᠠᠯᠠᠨ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠬᠦᠷᠲᠡᠬᠦ ᠰᠢᠨ᠎ᠡ ᠣᠷᠣᠨ ᠵᠠᠢ ᠵᠢ ᠦᠷᠭᠡᠳᠬᠡᠪᠡ; 《ᠵᠠᠰᠠᠭ᠎ᠤᠨ ᠣᠷᠳᠣᠨ᠎ᠤ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠲᠦᠷᠢᠮ (ᠲᠥᠰᠦᠯ)》᠎ᠢ ᠪᠠᠲᠤᠯᠠᠪᠠ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠣᠶ᠋ᠢᠷ᠎ᠠ᠎ᠳᠤ ᠵᠡᠭᠦᠨ ᠠᠽᠢᠶ᠎ᠠ ᠵᠢᠨ ᠬᠠᠮᠲᠤᠷᠠᠯᠴᠠᠭ᠋ᠠᠨ᠎ᠤ ᠤᠳᠤᠷᠢᠳᠬᠤ ᠬᠥᠮᠦᠰ᠎ᠤᠨ ᠰᠢᠷᠢᠰ ᠬᠤᠷᠠᠯ ᠳᠡᠭᠡᠷ᠎ᠡ ᠵᠢᠩᠬᠢᠨᠢ᠎ᠪᠠᠷ ᠭᠠᠷ᠎ᠤᠨ ᠦᠰᠦᠭ ᠵᠢᠷᠤᠭᠰᠠᠨ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠨᠢ ᠪᠦᠷᠢᠯᠳᠦᠭᠦᠨ ᠤᠯᠤᠰ᠎ᠤᠳ᠎ᠤᠨ ᠣᠯᠠᠨ ᠤᠯᠤᠰ᠎ᠤᠨ ᠣᠷᠴᠢᠨ ᠠᠬᠤᠢ ᠵᠢᠨ ᠲᠣᠭᠲᠠᠪᠤᠷᠢ ᠦᠭᠡᠶ ᠴᠢᠨᠠᠷ᠎ᠢ ᠬᠠᠮᠲᠤᠪᠠᠷ ᠠᠷᠭ᠋ᠠᠴᠠᠭ᠋ᠠᠨ᠂ ᠣᠷᠣᠨ ᠪᠦᠰᠡ ᠵᠢᠨ ᠳᠣᠲᠣᠷᠠᠬᠢ ᠴᠢᠯᠥᠭᠡᠲᠦ ᠠᠷᠠᠯᠵᠢᠶ᠎ᠠ ᠵᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠤᠨ᠂ ᠬᠠᠮᠢᠶ᠎ᠠ ᠪᠦᠬᠦᠢ ᠤᠯᠤᠰ᠎ᠤᠨ ᠠᠷᠠᠳ ᠲᠦᠮᠡᠨ᠎ᠤ ᠪᠣᠶᠠᠨ ᠵᠢᠷᠭ᠋ᠠᠯ᠎ᠢ ᠨᠡᠮᠡᠭᠳᠡᠭᠦᠯᠬᠦ ᠪᠠ ᠮᠠᠨ᠎ᠤ ᠤᠯᠤᠰ᠎ᠤᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠬᠡᠯᠡᠯᠴᠡᠭᠡᠷ᠎ᠤᠨ ᠪᠦᠷᠢᠯᠳᠦᠬᠦᠨ ᠤᠯᠤᠰ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ ᠥᠪᠡᠷ᠎ᠤᠨ ᠠᠵᠢᠯᠯᠠᠭ᠎ᠠ᠎ᠪᠠᠷ ᠵᠶ᠋ᠠᠨ ᠬᠡᠯᠡᠯᠴᠡᠭᠡᠷ᠎ᠢ ᠪᠣᠳᠠᠲᠠᠢ᠌ᠵᠢᠭᠤᠯᠤᠨ ᠬᠦᠴᠦᠨ᠎ᠲᠠᠢ ᠪᠣᠯᠭ᠋ᠠᠬᠤ ᠵᠢ ᠢᠳᠡᠪᠬᠢᠲᠡᠶ ᠠᠬᠢᠭᠤᠯᠬᠤ᠎ᠳᠤ ᠡᠨᠡ ᠲᠠᠯ᠎ᠠ᠎ᠪᠠᠷ ᠶᠡᠬᠡ ᠬᠡᠮᠵᠢᠶᠡᠨ᠎ᠤ ᠪᠠᠴᠢᠮ ᠲᠤᠯᠭ᠋ᠠᠮ ᠠᠵᠢᠯ᠎ᠢ ᠬᠢᠬᠦ ᠴᠢᠬᠤᠯᠠᠲᠠᠶ ᠪᠠᠶ᠋ᠢᠨ᠎ᠠ ᠭᠡᠪᠡ᠃ ᠬᠤᠷᠠᠯ᠎ᠠᠴᠠ ᠱᠠᠭ᠋ᠠᠷᠳᠠᠭᠰᠠᠨ᠎ᠨᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠡᠯᠡᠯᠴᠡᠭᠡᠷ᠎ᠲᠤ ᠲᠣᠳᠣᠷᠬᠠᠢ᠌ᠯᠠᠭᠰᠠᠨ ᠡᠭᠦᠷᠭᠡ ᠵᠢᠨ ᠬᠤᠪᠢᠶᠠᠷᠢᠯᠠᠯ ᠪᠠ ᠴᠠᠭ᠎ᠤᠨ ᠬᠢᠵᠠᠭ᠋ᠠᠷ᠎ᠲᠠᠢ ᠬᠠᠷᠢᠴᠠᠭᠤᠯᠤᠨ᠂ ᠬᠡᠯᠡᠯᠴᠡᠭᠡᠷ᠎ᠢ ᠬᠦᠴᠦᠨ᠎ᠲᠠᠢ ᠪᠣᠯᠭ᠋ᠠᠨ ᠬᠡᠷᠡᠭᠵᠢᠭᠦᠯᠬᠦ ᠲᠤᠬᠠᠢ ᠤᠯᠤᠰ᠎ᠤᠨ ᠳᠣᠲᠣᠭ᠋ᠠᠳᠤ ᠵᠢᠨ ᠬᠣᠯᠪᠣᠭᠳᠠᠯ ᠪᠦᠬᠦᠢ ᠠᠵᠢᠯ᠎ᠢ ᠡᠷᠲᠡᠬᠡᠨ ᠪᠡᠶᠡᠯᠡᠭᠦᠯᠬᠦ ᠬᠡᠷᠡᠭᠲᠡᠢ᠃ ᠨᠢᠭᠡ᠎ᠳᠤ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠵᠢᠯᠴᠠᠭ᠎ᠠ᠎ᠪᠠᠨ ᠴᠢᠩᠭ᠋ᠠᠳᠬᠠᠨ᠂ ᠤᠯᠤᠰ᠎ᠤᠨ ᠳᠣᠲᠣᠭ᠋ᠠᠳᠤ ᠵᠢᠨ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠲᠦᠷᠭᠡᠳᠬᠡᠨ ᠪᠡᠶᠡᠯᠡᠭᠦᠯᠵᠦ᠂ ᠪᠠᠷᠠᠭ᠋ᠠᠨ᠎ᠤ ᠠᠷᠠᠯᠵᠢᠶ᠎ᠠ᠂ ᠦᠢ᠍ᠯᠡᠴᠢᠯᠡᠭᠡᠨ᠎ᠤ ᠠᠷᠠᠯᠵᠢᠶ᠎ᠠ᠂ ᠪᠡᠯᠡ ᠣᠷᠣᠭᠤᠯᠤᠯᠲᠠ᠂ ᠪᠠᠶ᠋ᠢᠭ᠋ᠠᠯᠢ ᠬᠥᠮᠦᠨ᠎ᠤ ᠰᠢᠯᠵᠢᠯᠲᠡ ᠵᠡᠷᠭᠡ ᠬᠦᠷᠢᠶᠡᠨ᠎ᠤ ᠨᠡᠭᠡᠭᠡᠯᠳᠡ ᠵᠢ ᠲᠦᠯᠬᠢᠨ ᠠᠬᠢᠭᠤᠯᠵᠤ᠂ ᠠᠷᠠᠯᠵᠢᠶᠠᠨ᠎ᠤ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠥᠮᠴᠢᠯᠡᠯᠲᠡ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ᠂ ᠠᠷᠠᠯᠵᠢᠶᠠᠨ᠎ᠤ ᠲᠤᠰᠠᠯᠠᠮᠵᠢ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠤᠮᠳᠠ ᠵᠢᠵᠢᠭ ᠠᠵᠤ ᠠᠬᠤᠶ᠋ᠢᠯᠠᠯ ᠪᠠ ᠠᠵᠤ ᠠᠬᠤᠶ ᠵᠢᠨ ᠮᠡᠷᠭᠡᠵᠢᠯ᠎ᠤᠨ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠨᠡᠩ ᠥᠨᠳᠥᠷ ᠪᠠᠷᠢᠮᠵᠢᠶᠠᠲᠤ ᠲᠦᠷᠢᠮ᠎ᠢ ᠬᠡᠷᠡᠭᠵᠢᠭᠦᠯᠬᠦ ᠵᠢ ᠲᠦᠯᠬᠢᠨ ᠠᠬᠢᠭᠤᠯᠬᠤ ᠬᠡᠷᠡᠭᠲᠡᠢ᠃ ᠬᠣᠶᠠᠷ᠎ᠲᠤ ᠬᠡᠯᠡᠯᠴᠡᠭᠡᠷ᠎ᠢ ᠬᠡᠷᠡᠭᠵᠢᠭᠦᠯᠦᠭᠰᠡᠨ᠎ᠤ ᠳᠠᠷᠠᠭ᠎ᠠ ᠣᠷᠣᠨ ᠪᠦᠰᠡ ᠵᠢᠨ ᠳᠣᠲᠣᠷᠠᠬᠢ ᠪᠠᠷᠠᠭ᠋ᠠᠨ᠎ᠤ ᠠᠷᠠᠯᠵᠢᠶᠠᠨ᠎ᠤ ᠪᠣᠭᠣᠮᠲᠠ ᠵᠢᠨ ᠭᠠᠶ᠋ᠢᠯᠢ ᠵᠢᠨ ᠪᠤᠰᠤ ᠦᠢ᠍ᠯᠡᠳᠬᠦᠨ᠎ᠤ ᠲᠣᠭ᠎ᠠ ᠬᠡᠮᠵᠢᠶ᠎ᠡ ᠵᠢ ᠶᠡᠷᠦᠩᠬᠡᠶ᠎ᠳᠤ᠎ᠪᠠᠨ 90% ᠳᠡᠭᠡᠭᠰᠢ᠎ᠳᠤ ᠬᠦᠷᠬᠦ᠎ᠳᠤ ᠴᠢᠭᠯᠡᠭᠦᠯᠦᠨ ᠪᠣᠭᠣᠮᠲᠠ ᠵᠢᠨ ᠭᠠᠶ᠋ᠢᠯᠢ ᠵᠢ ᠬᠠᠰᠤᠬᠤ ᠬᠡᠯᠲᠦᠷᠢᠭᠦᠯᠬᠦ᠂ ᠪᠣᠭᠣᠮᠲᠠ ᠵᠢᠨ ᠳᠡᠰ ᠳᠠᠷᠠᠭ᠋ᠠᠯᠠᠯ᠎ᠢ ᠳᠥᠭᠥᠮᠴᠢᠯᠡᠬᠦ᠂ ᠤᠭ ᠭᠠᠷᠤᠯᠲᠠ ᠵᠢᠨ ᠣᠷᠣᠨ᠎ᠤ ᠳᠦᠷᠢᠮ᠎ᠤᠨ ᠮᠡᠷᠭᠡᠵᠢᠯ᠎ᠤᠨ ᠪᠡᠯᠡᠳᠬᠡᠯ ᠬᠢᠬᠦ᠂ ᠪᠦᠲᠦᠭᠡᠭᠳᠡᠬᠦᠨ᠎ᠤ ᠪᠠᠷᠢᠮᠵᠢᠶ᠎ᠠ ᠵᠢ ᠨᠢᠭᠡᠳᠬᠡᠬᠦ ᠪᠠ ᠬᠠᠷᠢᠯᠴᠠᠨ ᠮᠡᠳᠡᠷᠡᠬᠦ ᠵᠡᠷᠭᠡ ᠲᠠᠯ᠎ᠠ᠎ᠪᠠᠷ ᠬᠡᠯᠡᠯᠴᠡᠭᠡᠷ᠎ᠢ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠱᠠᠯᠠᠪᠳᠠᠨ ᠲᠣᠭᠲᠠᠭ᠋ᠠᠵᠤ᠂ ᠲᠦᠷᠭᠡᠨ ᠲᠡᠭᠡᠭᠡᠪᠦᠷᠢᠯᠡᠬᠦ᠂ ᠠᠮᠠᠷᠬᠠᠨ ᠢᠯᠵᠠᠷᠠᠬᠤ ᠵᠡᠷᠭᠡ ᠡᠳ᠋ ᠪᠠᠷᠠᠭ᠎ᠠ ᠵᠢ 6 ᠴᠠᠭ᠎ᠤᠨ ᠳᠣᠲᠣᠷ᠎ᠠ ᠦᠩᠭᠡᠷᠡᠭᠦᠯᠬᠦ᠎ᠪᠠᠷ ᠴᠢᠷᠮᠠᠢ᠌ᠬᠤ ᠬᠡᠷᠡᠭᠲᠡᠢ᠃ ᠬᠡᠯᠡᠯᠴᠡᠭᠡᠷ᠎ᠳᠠᠬᠢ ᠦᠢ᠍ᠯᠡᠴᠢᠯᠡᠭᠡᠨ᠎ᠤ ᠠᠷᠠᠯᠵᠢᠶ᠎ᠠ ᠵᠢ ᠶᠡᠷᠦᠩᠬᠡᠶ᠎ᠳᠤ᠎ᠨᠢ ᠴᠢᠯᠥᠭᠡᠲᠡᠶ ᠪᠣᠯᠭ᠋ᠠᠬᠤ ᠠᠮᠠᠯᠠᠯᠲᠠ᠎ᠨᠢ ᠪᠦᠷᠢᠯᠳᠦᠭᠦᠨ ᠤᠯᠤᠰ᠎ᠤᠨ ᠬᠣᠭᠣᠷᠣᠨᠳᠣᠬᠢ ᠣᠳᠣ ᠪᠠᠶ᠋ᠢᠭ᠎ᠠ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠤᠨ ᠬᠢᠷᠢ ᠲᠦᠪᠰᠢᠨ᠎ᠠᠴᠠ ᠢᠯᠡᠳᠲᠡ ᠥᠨᠳᠥᠷ ᠪᠣᠯᠬᠤ ᠲᠤᠯᠠ ᠮᠠᠨ᠎ᠤ ᠤᠯᠤᠰ᠎ᠤᠨ ᠰᠤᠳᠤᠯᠤᠨ ᠨᠡᠭᠡᠭᠡᠬᠦ᠂ ᠬᠠᠮᠢᠶᠠᠷᠤᠯᠲᠠ ᠵᠢᠨ ᠯᠠᠪᠯᠠᠯᠭ᠎ᠠ ᠥᠭᠬᠦ᠂ ᠦᠢ᠍ᠯᠡᠳᠬᠦ ᠦᠢ᠍ᠯᠡᠰ᠎ᠤᠨ ᠬᠠᠮᠢᠶ᠎ᠠ ᠪᠦᠬᠦᠢ ᠦᠢ᠍ᠯᠡᠴᠢᠯᠡᠭᠡ᠂ ᠨᠠᠰᠤᠵᠢᠯ᠎ᠤᠨ ᠦᠢ᠍ᠯᠡᠴᠢᠯᠡᠭᠡ᠂ ᠲᠤᠰᠬᠠᠶ ᠵᠢᠷᠤᠭ ᠲᠥᠯᠥᠪᠯᠡᠭᠡ᠂ ᠪᠠᠷᠢᠯᠭ᠎ᠠ ᠵᠡᠷᠭᠡ ᠦᠢ᠍ᠯᠡᠴᠢᠯᠡᠭᠡᠨ᠎ᠤ ᠣᠯᠠᠨ ᠰᠠᠯᠠᠭ᠎ᠠ ᠮᠥᠴᠢᠷ᠎ᠤᠨ ᠬᠢᠭᠰᠡᠨ ᠰᠢᠨ᠎ᠡ ᠨᠡᠭᠡᠭᠡᠯᠲᠡ ᠵᠢᠨ ᠠᠮᠠᠯᠠᠯᠲᠠ ᠶᠣᠰᠣᠭ᠋ᠠᠷ᠂ ᠨᠡᠭᠡᠭᠡᠯᠲᠡ ᠵᠢᠨ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠪᠡᠯᠡ ᠣᠷᠣᠭᠤᠯᠤᠯᠲᠠ ᠵᠢᠨ ᠨᠠᠵᠠᠭ᠋ᠠᠶ ᠲᠠᠯ᠎ᠠ ᠵᠢᠨ ᠨᠠᠷᠢᠨ ᠬᠠᠭᠤᠳᠠᠰᠤ ᠵᠢᠨ ᠠᠮᠠᠯᠠᠯᠲᠠ ᠵᠢ ᠨᠠᠢ᠌ᠳᠠᠪᠤᠷᠢᠵᠢᠭᠤᠯᠵᠤ᠂ ᠨᠠᠷᠢᠨ ᠬᠠᠭᠤᠳᠠᠰᠤ᠎ᠠᠴᠠ ᠭᠠᠳᠠᠨ᠎ᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠢᠵᠠᠭ᠋ᠠᠷᠯᠠᠯ᠎ᠢ ᠰᠢᠨ᠎ᠡ᠎ᠪᠠᠷ ᠨᠡᠮᠡᠭᠳᠡᠭᠦᠯᠵᠦ ᠪᠣᠯᠬᠤ ᠦᠭᠡᠢ᠃ ᠠᠩᠬ᠎ᠠ ᠤᠳᠠᠭ᠎ᠠ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠲᠤ ᠲᠣᠭᠲᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠪᠦᠬᠦ ᠲᠠᠯ᠎ᠠ᠎ᠪᠠᠷ ᠬᠠᠮᠠᠭ᠋ᠠᠯᠠᠬᠤ ᠠᠮᠠᠯᠠᠯᠲᠠ᠎ᠪᠠᠨ ᠪᠣᠳᠠᠲᠠᠢ᠌ᠵᠢᠭᠤᠯᠵᠤ᠂ ᠵᠣᠬᠢᠶᠠᠯ ᠪᠦᠲᠦᠭᠡᠯ᠎ᠤᠨ ᠡᠷᠬᠡ᠂ ᠲᠠᠸᠠᠷ᠎ᠤᠨ ᠲᠡᠮᠳᠡᠭ᠂ ᠭᠠᠵᠠᠷ ᠵᠦᠶ ᠵᠢᠨ ᠲᠡᠮᠳᠡᠭ᠂ ᠲᠤᠰᠬᠠᠶ ᠠᠰᠢᠭ᠂ ᠤᠳᠤᠮᠰᠢᠯ᠎ᠤᠨ ᠡᠬᠢ ᠪᠠᠶᠠᠯᠢᠭ ᠵᠡᠷᠭᠡ ᠵᠢ ᠪᠦᠬᠦᠨ᠎ᠢ ᠬᠠᠮᠠᠭ᠋ᠠᠯᠠᠬᠤ ᠬᠡᠪᠴᠢᠶᠡᠨ᠎ᠳᠤ ᠣᠷᠤᠭᠤᠯᠬᠤ ᠬᠡᠷᠡᠭᠲᠡᠢ᠃ ᠡᠯᠧᠺᠲᠷᠣᠨ ᠭᠡᠷᠡᠴᠢᠯᠡᠯᠲᠡ ᠬᠢᠬᠦ ᠪᠠ ᠭᠠᠷ᠎ᠤᠨ ᠦᠰᠦᠭ ᠵᠢᠷᠤᠬᠤ᠂ ᠰᠦᠯᠵᠢᠶᠡᠨ ᠳᠡᠭᠡᠷᠡᠬᠢ ᠬᠤᠪᠢ ᠬᠥᠮᠦᠨ᠎ᠤ ᠮᠡᠳᠡᠭᠡ ᠵᠠᠩᠬᠢ ᠵᠢ ᠬᠠᠮᠠᠭ᠋ᠠᠯᠠᠬᠤ᠂ ᠰᠦᠯᠵᠢᠶᠡᠨ᠎ᠤ ᠠᠮᠤᠷ ᠲᠦᠪᠰᠢᠨ᠎ᠢ ᠪᠠᠲᠤᠯᠠᠬᠤ᠂ ᠡᠯᠧᠺᠲᠷᠣᠨ ᠠᠷᠭ᠎ᠠ ᠮᠠᠶᠢᠭ ᠵᠶ᠋ᠠᠷ ᠬᠢᠯᠢ ᠠᠯᠤᠰᠯᠠᠨ ᠮᠡᠳᠡᠭᠡ ᠵᠠᠩᠭᠢ ᠳᠠᠮᠵᠢᠭᠤᠯᠬᠤ ᠵᠡᠷᠭᠡ ᠵᠦᠢ᠍ᠯ ᠵᠤᠷᠪᠤᠰ᠎ᠢ ᠨᠠᠢ᠌ᠳᠠᠪᠤᠷᠢᠵᠢᠭᠤᠯᠬᠤ ᠬᠡᠷᠡᠭᠲᠡᠢ᠃ ᠭᠤᠷᠪᠠ᠎ᠳᠤ ᠬᠡᠯᠡᠯᠴᠡᠭᠡᠷ᠎ᠤᠨ ᠬᠡᠷᠡᠭᠵᠢᠭᠦᠯᠦᠯᠲᠡ᠎ᠲᠠᠢ ᠬᠣᠯᠪᠣᠭᠳᠠᠬᠤ ᠳᠦᠷᠢᠮ ᠲᠣᠭᠲᠠᠭ᠋ᠠᠯ᠎ᠢ ᠱᠠᠯᠠᠪᠳᠠᠨ ᠡᠮᠬᠢᠯᠡᠵᠦ ᠪᠦᠷᠢᠨᠰᠢᠭᠦᠯᠦᠨ᠂ ᠬᠡᠯᠡᠯᠴᠡᠭᠡᠷ᠎ᠲᠤ ᠲᠣᠭᠲᠠᠭ᠋ᠠᠭᠰᠠᠨ ᠬᠢᠵᠠᠭ᠋ᠠᠷᠯᠠᠬᠤ ᠴᠢᠨᠠᠷᠲᠠᠶ ᠡᠭᠦᠷᠭᠡ ᠵᠢ ᠲᠤᠭᠤᠰᠢᠲᠠᠶ ᠬᠡᠷᠡᠭᠵᠢᠭᠦᠯᠬᠦ ᠵᠢ ᠦᠨᠡᠨ ᠬᠦ᠌ ᠪᠠᠲᠤᠯᠠᠵᠤ᠂ ᠤᠯᠤᠰ᠎ᠤᠨ ᠳᠣᠲᠣᠭ᠋ᠠᠳᠤ ᠵᠢᠨ ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ ᠪᠠ ᠳᠡᠰ ᠳᠠᠷᠠᠭ᠋ᠠᠯᠠᠯ ᠳᠥᠷᠢᠮ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠳᠥᠷᠪᠡ᠎ᠳᠤ᠂ ᠣᠷᠣᠨ ᠨᠤᠲᠤᠭ᠂ ᠬᠤᠳᠠᠯᠳᠤᠭ᠋ᠠᠨ᠎ᠤ ᠨᠡᠶ᠋ᠢᠭᠡᠮᠯᠢᠭ ᠪᠣᠯᠤᠨ ᠠᠵᠤ ᠠᠬᠤᠢ᠌ᠯᠠᠯ᠎ᠳᠤ ᠴᠢᠭᠯᠡᠭᠦᠯᠦᠨ ᠬᠡᠯᠡᠯᠴᠡᠭᠡᠷ᠎ᠤᠨ ᠬᠡᠷᠡᠭᠵᠢᠭᠦᠯᠦᠯᠲᠡ ᠵᠢᠨ ᠲᠠᠯ᠎ᠠ᠎ᠪᠠᠷ ᠤᠬᠠᠭᠤᠯᠤᠨ ᠲᠠᠨᠢᠯᠴᠠᠭᠤᠯᠬᠤ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠡᠯ᠎ᠡ ᠲᠠᠯ᠎ᠠ ᠢᠯᠠᠩᠭᠤᠶ᠎ᠠ ᠥᠷᠭᠡᠨ ᠣᠯᠠᠨ ᠠᠵᠤ ᠠᠬᠤᠶ᠋ᠢᠯᠠᠯ᠎ᠳᠤ ᠬᠡᠯᠡᠯᠴᠡᠭᠡᠷ᠎ᠤᠨ ᠳᠦᠷᠢᠮ᠎ᠢ ᠣᠶ᠋ᠢᠯᠠᠭ᠋ᠠᠭᠤᠯᠤᠨ ᠡᠵᠡᠮᠰᠢᠭᠦᠯᠵᠦ᠂ ᠨᠡᠩ ᠶᠡᠬᠡ ᠬᠦᠷᠢᠶ᠎ᠡ ᠬᠡᠪᠴᠢᠶ᠎ᠡ᠂ ᠨᠡᠩ ᠥᠨᠳᠥᠷ ᠪᠠᠷᠢᠮᠵᠢᠶ᠎ᠠ᠎ᠲᠠᠢ ᠨᠡᠭᠡᠭᠡᠯᠲᠡ ᠪᠣᠯᠤᠨ ᠥᠷᠢᠰᠥᠯᠳᠦᠭᠡᠨ᠎ᠠᠴᠠ ᠪᠣᠯᠣᠭᠰᠠᠨ ᠠᠵᠠ ᠲᠣᠬᠢᠶᠠᠯ ᠪᠣᠯᠤᠨ ᠥᠷᠢᠰᠥᠯᠳᠦᠭᠡᠨ᠎ᠢ ᠪᠦᠬᠦ ᠲᠠᠯ᠎ᠠ᠎ᠪᠠᠷ ᠲᠠᠨᠢᠭᠤᠯᠵᠤ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ ᠳᠤᠮᠳᠠ ᠬᠠᠮᠲᠤᠷᠠᠯᠴᠠᠨ ᠬᠥᠭᠵᠢᠬᠦ ᠣᠷᠣᠨ ᠵᠠᠶ ᠵᠢ ᠦᠷᠭᠡᠳᠬᠡᠬᠦ᠎ᠪᠠᠷ ᠴᠢᠷᠮᠠᠢ᠌ᠬᠤ ᠬᠡᠷᠡᠭᠲᠡᠢ ᠭᠡᠪᠡ᠃
      ᠬᠤᠷᠠᠯ᠎ᠠᠴᠠ 《ᠵᠠᠰᠠᠭ᠎ᠤᠨ ᠣᠷᠳᠣᠨ᠎ᠤ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠳᠦᠷᠢᠮ (ᠲᠥᠰᠦᠯ)》᠎ᠢ ᠪᠠᠲᠤᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ ᠵᠢ ᠪᠠᠲᠤᠯᠠᠵᠤ᠂ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠬᠠᠤᠯᠢ ᠶᠣᠰᠣᠭ᠋ᠠᠷ ᠵᠢᠷᠤᠮᠵᠢᠭᠤᠯᠤᠨ᠂ ᠵᠠᠰᠠᠭ᠎ᠤᠨ ᠣᠷᠳᠣᠨ᠎ᠤ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠪᠠᠶ᠋ᠢᠷᠢ ᠲᠣᠭᠲᠠᠭ᠋ᠠᠯᠲᠠ ᠪᠠ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠢ ᠲᠣᠭᠲᠠᠭ᠋ᠠᠵᠤ᠂ ᠳᠡᠰ ᠳᠠᠷᠠᠭ᠋ᠠᠯᠠᠯ᠎ᠤᠨ ᠱᠠᠭ᠋ᠠᠷᠳᠠᠯᠭ᠎ᠠ ᠪᠣᠯᠤᠨ ᠳᠡᠮᠵᠢᠯᠭᠡ ᠵᠢᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠰᠢᠮᠳᠠᠭᠤᠯᠤᠨ ᠪᠠᠢ᠌ᠴᠠᠭ᠋ᠠᠬᠤ ᠠᠵᠢᠯ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠂ ᠵᠠᠰᠠᠭ᠎ᠤᠨ ᠣᠷᠳᠣᠨ᠎ᠤ ᠵᠥᠪᠳᠡᠭᠴᠢ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠨ ᠵᠡᠷᠭᠡ ᠵᠢ ᠤᠷᠢᠨ ᠣᠷᠤᠯᠴᠠᠭᠤᠯᠬᠤ ᠵᠢ ᠲᠣᠳᠣᠷᠬᠠᠢ᠌ᠯᠠᠨ᠂ ᠠᠷᠠᠳᠴᠢᠯᠠᠯ ᠵᠶ᠋ᠠᠷ ᠬᠢᠨᠠᠯᠲᠠ ᠲᠠᠯᠪᠢᠬᠤ᠂ ᠪᠤᠰᠤᠳᠴᠢ ᠲᠥᠪ ᠭᠣᠣᠯᠴᠢ ᠪᠠᠢ᠌ᠬᠤ ᠵᠡᠷᠭᠡ ᠱᠠᠭ᠋ᠠᠷᠳᠠᠯᠭ᠎ᠠ ᠵᠢ ᠢᠯᠡᠷᠡᠭᠦᠯᠬᠦ ᠪᠦᠭᠡᠳ ᠳᠠᠬᠢᠨ ᠳᠠᠪᠲᠠᠨ ᠰᠢᠮᠳᠠᠭᠤᠯᠤᠨ ᠪᠠᠶ᠋ᠢᠴᠠᠭ᠋ᠠᠬᠤ᠂ ᠣᠯᠠᠨ ᠲᠠᠯ᠎ᠠ᠎ᠠᠴᠠ ᠰᠢᠮᠳᠠᠭᠤᠯᠤᠨ ᠪᠠᠶ᠋ᠢᠴᠠᠭ᠋ᠠᠬᠤ᠂ ᠡᠷᠬᠡ᠎ᠠᠴᠠ᠎ᠪᠠᠨ ᠳᠠᠪᠠᠵᠤ ᠰᠢᠮᠳᠠᠭᠤᠯᠤᠨ ᠪᠠᠶ᠋ᠢᠴᠠᠭ᠋ᠠᠬᠤ ᠵᠢ ᠴᠢᠩᠭ᠎ᠠ ᠴᠠᠭ᠋ᠠᠵᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠦᠨ᠂ ᠵᠠᠰᠠᠭ᠎ᠤᠨ ᠵᠠᠷᠯᠢᠭ᠎ᠤᠨ ᠰᠠᠭ᠋ᠠᠳ ᠦᠭᠡᠢ ᠶᠠᠪᠤᠭᠳᠠᠬᠤ ᠵᠢ ᠪᠠᠲᠤᠯᠠᠬᠤ ᠬᠡᠷᠡᠭᠲᠡᠢ ᠭᠡᠵᠡᠢ᠃
      ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠵᠢ ᠰᠢᠯᠢᠳᠡᠭᠵᠢᠭᠦᠯᠬᠦ ᠵᠡᠷᠭᠡ ᠵᠢ ᠪᠠᠶ᠋ᠢᠷᠢᠯᠠᠭᠤᠯᠪᠠ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠡᠨᠧᠷᠭᠢ ᠵᠢᠨ ᠠᠶᠤᠯᠭᠦᠶ ᠲᠣᠭᠲᠠᠭᠤᠨ ᠬᠠᠩᠭ᠋ᠠᠯᠭ᠎ᠠ ᠵᠢ ᠪᠠᠲᠤᠯᠠᠵᠤ ᠤᠯᠠᠨ ᠲᠦᠮᠡᠨ᠎ᠤ ᠳᠤᠯᠠᠭ᠋ᠠᠨ ᠡᠪᠦᠯᠵᠢᠬᠦ ᠵᠢ ᠦᠨᠡᠨ ᠬᠦ᠌ ᠪᠠᠲᠤᠯᠠᠬᠤ ᠬᠣᠯᠪᠣᠭᠳᠠᠯ ᠪᠦᠬᠦᠢ ᠠᠵᠢᠯ᠎ᠢ ᠤᠯᠠᠮ ᠴᠢᠨᠠᠭᠰᠢᠳᠠ ᠰᠠᠢ᠌ᠲᠤᠷ ᠬᠢᠬᠦ ᠵᠡᠷᠭᠡ ᠠᠵᠢᠯ᠎ᠤᠳ᠎ᠢ ᠪᠠᠢ᠌ᠷᠢᠯᠠᠭᠤᠯᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠬᠦᠴᠦ ᠶᠠᠪᠤᠭᠴᠢ ᠲᠠᠷᠢᠶᠠᠴᠢᠨ᠎ᠤ ᠴᠠᠯᠢᠩ᠎ᠢ ᠣᠯᠭᠣᠬᠤ ᠵᠢ ᠪᠠᠲᠤᠯᠠᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ ᠬᠦᠴᠦ ᠶᠠᠪᠤᠭᠴᠢ ᠲᠠᠷᠢᠶᠠᠴᠢᠨ᠎ᠤ ᠬᠥᠯᠥᠰᠥ ᠣᠯᠭᠣᠮᠵᠢ᠎ᠪᠠᠨ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠣᠯᠬᠤ ᠵᠢ᠎ᠨᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠬᠤᠷᠠᠯᠳᠤᠭᠤᠯᠵᠤ ᠰᠢᠨ᠎ᠡ ᠵᠢᠯ ᠴᠠᠭ᠋ᠠᠨ ᠰᠠᠷ᠎ᠠ 《ᠬᠣᠣᠰ ᠪᠠᠶᠠᠷ》᠎ᠤᠨ ᠬᠤᠭᠤᠴᠠᠭ᠋ᠠᠨ᠎ᠳᠤ ᠬᠢᠵᠢᠭ ᠭᠠᠮᠰᠢᠭ᠎ᠤᠨ ᠪᠠᠢ᠌ᠳᠠᠯ᠎ᠳᠤ ᠨᠥᠯᠥᠭᠡᠯᠡᠭᠳᠡᠭᠰᠡᠨ ᠶᠠᠳᠠᠭᠤ ᠬᠦᠴᠢᠷᠳᠡᠯᠲᠡᠢ ᠣᠯᠠᠨ ᠲᠦᠮᠡᠨ ᠪᠠ ᠳᠣᠣᠷ᠎ᠠ ᠪᠠᠲᠤᠯᠠᠭ᠋ᠠᠲᠤ ᠣᠯᠠᠨ ᠲᠦᠮᠡᠨ᠎ᠤ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠠᠵᠢᠯ᠎ᠢ ᠪᠠᠢ᠌ᠷᠢᠯᠠᠭᠤᠯᠪᠠ
 
            