ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ᠄ 《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠠᠰᠠᠭᠤᠳᠠᠯ᠎ᠢ ᠰᠠᠢ᠍ᠢ᠍ᠳᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠤᠯᠳᠠᠯᠭ᠎ᠠ ᠵᠢᠨ ᠭᠤᠤᠯᠳᠠᠯᠭ᠎ᠠ ᠪᠤᠯᠭ᠋ᠠᠬᠤ ᠵᠢ ᠪᠠᠷᠢᠮᠲᠠᠯᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2020-12-30

      ᠰᠢ ᠵᠢᠨ ᠫᠢᠩ ᠳᠦᠪ᠎ᠤᠨ ᠬᠦᠳᠡᠬᠡ ᠳᠤᠰᠬᠤᠨ᠎ᠤ ᠠᠵᠢᠯ᠎ᠤᠨ ᠬᠤᠷᠠᠯ ᠳᠡᠬᠡᠷ᠎ᠡ ᠴᠢᠬᠤᠯᠠᠴᠢᠯᠠᠬᠰᠠᠨ᠎ᠨᠢ

《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠠᠰᠠᠭᠤᠳᠠᠯ᠎ᠢ ᠰᠠᠢ᠍ᠢ᠍ᠳᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠤᠯᠳᠠᠯᠭ᠎ᠠ ᠵᠢᠨ ᠭᠤᠤᠯᠳᠠᠯᠭ᠎ᠠ ᠪᠤᠯᠭ᠋ᠠᠬᠤ ᠵᠢ ᠪᠠᠷᠢᠮᠳᠠᠯᠠᠵᠥ ᠬᠦᠳᠡᠬᠡ ᠠᠵᠥ ᠠᠬᠤᠢ ᠵᠢᠨ ᠴᠢᠨᠠᠷ ᠰᠠᠢ᠍ᠢ᠍ᠳᠠᠢ ᠦᠨᠳᠦᠷ ᠦᠷ᠎ᠡ ᠠᠰᠢᠭᠳᠠᠢ ᠪᠠᠢ᠍ᠢ᠍ᠬᠤ ᠬᠦᠳᠡᠬᠡ ᠳᠤᠰᠬᠤᠨ᠎ᠤ ᠤᠷᠤᠰᠢᠨ ᠠᠮᠢᠳᠤᠷᠠᠬᠤ᠎ᠳᠤ ᠳᠠᠭ᠋ᠠᠯᠠᠮᠵᠢᠳᠠᠢ ᠦᠢ᠍ᠯᠡᠰ ᠡᠷᠬᠢᠯᠡᠬᠦ᠎ᠳᠤ ᠳᠤᠬᠢᠷᠠᠮᠵᠢᠳᠠᠢ ᠪᠠᠢ᠍ᠢ᠍ᠬᠤ ᠳᠡᠷᠢᠶᠠᠴᠢᠳ᠎ᠤᠨ ᠴᠢᠨᠡᠬᠡᠯᠢᠭ ᠪᠠᠶᠠᠨ ᠳᠠᠩᠰᠤᠭ ᠪᠠᠢ᠍ᠢ᠍ᠬᠤ ᠵᠢ ᠠᠬᠢᠭᠤᠯᠬᠤ ᠬᠡᠷᠡᠭᠳᠡᠢ
      ᠯᠢ ᠺᠸ ᠴᠢᠶᠠᠩ ᠬᠤᠷᠠᠯ᠎ᠢ ᠡᠷᠬᠢᠯᠡᠵᠥ ᠯᠢ ᠵᠠᠨ ᠱᠤ᠌   ᠸᠠᠩ ᠶᠠᠩ   ᠸᠠᠩ ᠬᠤ᠌ ᠨᠢᠩ   ᠵᠤᠤ ᠯᠸ ᠵᠢᠢ   ᠬᠠᠨ ᠵᠸᠩ ᠤᠷᠤᠯᠴᠠᠪᠠ


      ᠳᠦᠪ᠎ᠤᠨ ᠬᠦᠳᠡᠬᠡ ᠳᠤᠰᠬᠤᠨ᠎ᠤ ᠠᠵᠢᠯ᠎ᠤᠨ ᠬᠤᠷᠠᠯ 12 ᠰᠠᠷ᠎ᠠ ᠵᠢᠨ 28᠎ᠠᠴᠠ 29᠎ᠤ ᠡᠳᠤᠷ ᠪᠤᠯᠳᠠᠯ᠎ᠠ ᠪᠡᠬᠡᠵᠢᠩ᠎ᠳᠤ ᠶᠠᠪᠤᠬᠳᠠᠪᠠ᠃ ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠰᠢ ᠵᠢᠨ ᠫᠢᠩ ᠬᠤᠷᠠᠯ᠎ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠤ᠂ ᠬᠤᠶᠠᠳᠤᠭ᠋ᠠᠷ ᠵᠠᠭᠤᠨ ᠵᠢᠯ᠎ᠤᠨ ᠳᠡᠮᠡᠴᠡᠬᠦ ᠬᠠᠷᠠᠯᠳᠠ ᠲᠡᠢ᠍ᠢ᠍ᠰᠢ ᠤᠷᠤᠭᠰᠢᠯᠠᠬᠤ ᠲᠡᠦᠬᠡ ᠵᠢᠨ ᠵᠠᠩᠬᠢᠯᠠᠭ᠎ᠠ ᠵᠢᠨ ᠴᠠᠭ ᠦᠶ᠎ᠠ᠎ᠳᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠵᠶ᠋ᠠᠨ ᠪᠡᠬᠢᠵᠢᠬᠦᠯᠦᠨ ᠦᠷᠬᠡᠳᠬᠡᠬᠦ᠂ ᠬᠦᠳᠡᠬᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠪᠦᠬᠦ ᠳᠠᠯ᠎ᠠ᠎ᠪᠠᠷ ᠠᠬᠢᠭᠤᠯᠬᠤ᠂ ᠬᠦᠳᠡᠬᠡ ᠠᠵᠥ ᠠᠬᠤᠢ ᠬᠦᠳᠡᠬᠡ ᠳᠤᠰᠬᠤᠨ᠎ᠤ ᠤᠳᠤᠬᠢᠴᠢᠯᠠᠯᠳᠠ ᠵᠢ ᠳᠦᠷᠬᠡᠳᠬᠡᠬᠦ ᠪᠤᠯ ᠪᠦᠬᠦ ᠨᠠᠮ ᠵᠶ᠋ᠠᠷ ᠵᠶ᠋ᠠᠨ ᠳᠡᠬᠡᠳᠤ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠳᠠᠢ ᠶᠡᠬᠡ ᠳᠠᠯ᠎ᠠ᠎ᠳᠤ ᠬᠤᠯᠪᠤᠬᠳᠠᠬᠤ ᠴᠢᠬᠤᠯᠠ ᠶᠡᠬᠡ ᠠᠰᠠᠭᠤᠳᠠᠯ ᠪᠤᠯᠤᠨ᠎ᠠ᠃ ᠰᠢᠨ᠎ᠡ ᠬᠦᠭᠵᠢᠯᠳᠡ ᠵᠢᠨ ᠱᠠᠳᠤᠨ᠎ᠳᠤ 《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠠᠵᠢᠯ᠎ᠢ ᠰᠠᠢ᠍ᠢ᠍ᠳᠤᠷ ᠬᠢᠬᠦ ᠵᠢᠨ ᠴᠢᠬᠤᠯᠠ ᠴᠢᠨᠠᠷ ᠪᠤᠯᠤᠨ ᠳᠤᠯᠭ᠋ᠠᠮ ᠴᠢᠨᠠᠷ᠎ᠢ ᠪᠦᠬᠦ ᠨᠠᠮ ᠵᠶ᠋ᠠᠷ ᠵᠶ᠋ᠠᠨ ᠡᠷᠬᠡᠪᠰᠢ ᠬᠦᠢ᠍ᠴᠡᠳ ᠳᠠᠨᠢᠵᠥ᠂ 《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠠᠰᠠᠭᠤᠳᠠᠯ᠎ᠢ ᠰᠠᠢ᠍ᠢ᠍ᠳᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠤᠯᠳᠠᠯᠭ᠎ᠠ ᠵᠢᠨ ᠭᠤᠤᠯᠳᠠᠯᠭ᠎ᠠ ᠪᠤᠯᠭ᠋ᠠᠬᠤ ᠵᠢ ᠪᠠᠷᠢᠮᠳᠠᠯᠠᠵᠥ᠂ ᠪᠦᠬᠦ ᠨᠠᠮ ᠪᠦᠬᠦ ᠨᠡᠢ᠍ᠢ᠍ᠬᠡᠮ᠎ᠤᠨ ᠬᠦᠴᠦᠨ ᠵᠶ᠋ᠠᠷ ᠬᠦᠳᠡᠬᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠠᠬᠢᠭᠤᠯᠵᠥ᠂ ᠬᠦᠳᠡᠬᠡ ᠠᠵᠥ ᠠᠬᠤᠢ ᠵᠢᠨ ᠴᠢᠨᠠᠷ ᠰᠠᠢ᠍ᠢ᠍ᠳᠠᠢ ᠦᠨᠳᠦᠷ ᠦᠷ᠎ᠡ ᠠᠰᠢᠭᠳᠠᠢ ᠪᠠᠢ᠍ᠢ᠍ᠬᠤ᠂ ᠬᠦᠳᠡᠬᠡ ᠳᠤᠰᠬᠤᠨ᠎ᠤ ᠤᠷᠤᠰᠢᠨ ᠠᠮᠢᠳᠤᠷᠠᠬᠤ᠎ᠳᠤ ᠳᠠᠭ᠋ᠠᠯᠠᠮᠵᠢᠳᠠᠢ ᠦᠢ᠍ᠯᠡᠰ ᠡᠷᠬᠢᠯᠡᠬᠦ᠎ᠳᠤ ᠳᠤᠬᠢᠷᠠᠮᠵᠢᠳᠠᠢ ᠪᠠᠢ᠍ᠢ᠍ᠬᠤ ᠳᠡᠷᠢᠶᠠᠴᠢᠳ᠎ᠤᠨ ᠴᠢᠨᠡᠬᠡᠯᠢᠭ ᠪᠠᠶᠠᠨ ᠳᠠᠩᠰᠤᠭ ᠪᠠᠢ᠍ᠢ᠍ᠬᠤ ᠵᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃


     12 ᠰᠠᠷ᠎ᠠ ᠵᠢᠨ 28᠎ᠠᠴᠠ 29᠎ᠤ ᠡᠳᠤᠷ ᠪᠤᠯᠳᠠᠯ᠎ᠠ᠂ ᠲᠦᠪ᠎ᠤᠨ ᠬᠦᠳᠡᠬᠡ ᠲᠤᠰᠬᠤᠨ᠎ᠤ ᠠᠵᠢᠯ᠎ᠤᠨ ᠬᠤᠷᠠᠯ ᠪᠡᠬᠡᠵᠢᠩ᠎ᠳᠤ ᠶᠠᠪᠤᠬᠳᠠᠪᠠ᠃ ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠬᠤᠷᠠᠯ᠎ᠳᠤ ᠤᠷᠤᠯᠴᠠᠭᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ᠃
              ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠯᠢ ᠰᠢᠤᠸᠠᠢ ᠷᠸᠨ ᠰᠡᠬᠦᠳᠡᠷᠯᠠᠪᠠ


      ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠍ᠢ᠍ᠩᠭᠤ ᠵᠢᠨ ᠬᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢ᠍ᠢ᠍ᠳ ᠯᠢ ᠺᠸ ᠴᠢᠶᠠᠩ ᠬᠤᠷᠠᠯ᠎ᠢ ᠡᠷᠬᠢᠯᠡᠪᠡ᠃ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠍ᠢ᠍ᠩᠭᠤ ᠵᠢᠨ ᠬᠡᠰᠢᠬᠦᠨ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠸᠩ ᠬᠤᠷᠠᠯ᠎ᠳᠤ ᠤᠷᠤᠯᠴᠠᠪᠠ᠃
      ᠰᠢ ᠵᠢᠨ ᠫᠢᠩ ᠶᠠᠷᠢᠶᠠᠨ᠎ᠳᠠᠭᠠᠨ᠂ ᠮᠠᠨ᠎ᠤ ᠨᠠᠮ ᠪᠠᠢ᠍ᠢ᠍ᠭᠤᠯᠤᠬᠳᠠᠬᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠬᠤᠪᠢᠰᠬᠠᠯ᠎ᠤᠨ ᠦᠨᠳᠦᠰᠦᠨ ᠠᠰᠠᠭᠤᠳᠠᠯ ᠪᠤᠯ ᠳᠠᠷᠢᠶᠠᠴᠢᠨ᠎ᠤ ᠠᠰᠠᠭᠤᠳᠠᠯ ᠮᠦᠨ ᠬᠡᠳᠡᠭ᠎ᠢ ᠬᠦᠢ᠍ᠴᠡᠳ ᠳᠠᠨᠢᠵᠥ᠂ ᠦᠷᠬᠡᠨ ᠤᠯᠠᠨ ᠳᠠᠷᠢᠶᠠᠴᠢᠨ᠎ᠳᠤ ᠵᠤᠯ ᠵᠢᠷᠭ᠋ᠠᠯ ᠡᠳ᠋ᠯᠡᠭᠦᠯᠬᠦ ᠵᠢ ᠴᠢᠬᠤᠯᠠ ᠬᠠᠷᠢᠭᠤᠴᠠᠯᠭ᠎ᠠ᠎ᠪᠠᠨ ᠪᠤᠯᠭ᠋ᠠᠵᠠᠢ᠃ ᠦᠬᠡᠷᠡᠴᠢᠯᠡᠯᠳᠡ ᠨᠡᠬᠡᠬᠡᠯᠳᠡ ᠬᠢᠭᠰᠡᠨ᠎ᠠᠴᠠ ᠨᠠᠭ᠋ᠠᠰᠢ᠂ ᠮᠠᠨ᠎ᠤ ᠨᠠᠮ ᠳᠠᠷᠢᠶᠠᠴᠢᠳ᠎ᠢ ᠤᠳᠤᠷᠢᠳᠤᠨ ᠶᠠᠭᠤᠨ᠎ᠤ ᠡᠮᠤᠨ᠎ᠡ ᠦᠬᠡᠷᠡᠴᠢᠯᠡᠯᠳᠡ ᠵᠢᠨ ᠳᠤᠮᠤ ᠬᠦᠰᠢᠬᠡ ᠵᠢ ᠰᠡᠭᠦᠵᠤ᠂ ᠬᠦᠳᠡᠬᠡ ᠳᠤᠰᠬᠤᠨ᠎ᠤ ᠨᠡᠢ᠍ᠢ᠍ᠬᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠳᠠᠰᠤᠷᠠᠯᠳᠠ ᠦᠬᠡᠢ ᠴᠢᠯᠦᠬᠡᠯᠡᠨ ᠬᠦᠭᠵᠢᠬᠦᠯᠵᠥ᠂ ᠬᠦᠳᠡᠬᠡ ᠳᠤᠰᠬᠤᠨ᠎ᠤ ᠪᠦᠬᠦ ᠳᠠᠯ᠎ᠠ ᠵᠢᠨ ᠳᠠᠪᠰᠢᠯᠳᠠ ᠵᠢ ᠠᠬᠢᠭᠤᠯᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠳᠦᠪ ᠬᠤᠷᠢᠶ᠎ᠠ᠎ᠠᠴᠠ 《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠠᠰᠠᠭᠤᠳᠠᠯ᠎ᠢ ᠰᠠᠢ᠍ᠢ᠍ᠳᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠤᠯᠳᠠᠯᠭ᠎ᠠ ᠵᠢᠨ ᠭᠤᠤᠯᠳᠠᠯᠭ᠎ᠠ ᠪᠤᠯᠭ᠋ᠠᠬᠤ ᠵᠢ ᠪᠠᠷᠢᠮᠳᠠᠯᠠᠵᠥ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠢ ᠴᠢᠨᠡᠬᠡᠯᠢᠭ ᠨᠡᠢ᠍ᠢ᠍ᠬᠡᠮ᠎ᠢ ᠪᠦᠬᠦ ᠳᠠᠯ᠎ᠠ᠎ᠪᠠᠷ ᠪᠡᠶᠡᠯᠡᠬᠦᠯᠬᠦ ᠵᠢᠨ ᠪᠡᠯᠬᠡ ᠳᠡᠮᠳᠡᠭ᠎ᠤᠨ ᠴᠢᠨᠠᠷᠳᠠᠢ ᠢᠨᠵᠸᠨ᠋ᠸᠷᠢᠩ ᠪᠤᠯᠭ᠋ᠠᠨ᠂ ᠬᠦᠮᠦᠨ ᠳᠦᠷᠦᠯᠬᠢᠳᠡᠨ᠎ᠤ ᠳᠡᠥᠬᠡᠨ ᠳᠡᠬᠡᠷᠡᠬᠢ ᠤᠷᠢᠳᠦ ᠡᠮᠤᠨ᠎ᠡ ᠪᠠᠢ᠍ᠢ᠍ᠭ᠎ᠠ ᠦᠬᠡᠢ ᠬᠦᠷᠢᠶ᠎ᠡ ᠬᠡᠪᠴᠢᠶ᠎ᠡ᠎ᠲᠠᠢ᠂ ᠡᠷᠴᠢᠮ ᠵᠶ᠋ᠠᠷ ᠬᠠᠮᠤᠭ᠎ᠤᠨ ᠶᠡᠬᠡ᠂ ᠠᠰᠢᠬ ᠬᠦᠷᠳᠡᠬᠡᠭᠰᠡᠨ ᠬᠦᠮᠦᠨ ᠠᠮᠠ᠎ᠪᠠᠷ ᠬᠠᠮᠤᠭ᠎ᠤᠨ ᠤᠯᠠᠨ ᠪᠠᠢ᠍ᠢ᠍ᠬᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠢ᠍ᠢ᠍ᠯᠠᠯᠳᠤᠭ᠋ᠠᠨ᠎ᠢ ᠵᠤᠬᠢᠶᠠᠨ ᠪᠠᠢ᠍ᠢ᠍ᠭᠤᠯᠤᠨ ᠠᠬᠢᠭᠤᠯᠵᠥ᠂ ᠬᠦᠳᠡᠬᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠢ ᠬᠡᠷᠡᠭᠵᠢᠬᠦᠯᠤᠨ᠂ ᠬᠦᠳᠡᠬᠡ ᠠᠵᠥ ᠠᠬᠤᠢ ᠬᠦᠳᠡᠬᠡ ᠳᠤᠰᠬᠤᠨ᠎ᠤ ᠳᠡᠥᠬᠡᠳᠤ ᠴᠢᠨᠠᠷᠳᠠᠢ ᠠᠮᠵᠢᠯᠳᠠ ᠵᠢ ᠤᠯᠵᠥ᠂ ᠳᠡᠥᠬᠡᠳᠤ ᠴᠢᠨᠠᠷᠳᠠᠢ ᠬᠤᠪᠢᠰᠤᠯᠳᠠ ᠡᠬᠦᠰᠬᠦ ᠵᠢ ᠠᠬᠢᠭᠤᠯᠪᠠ᠃ ᠬᠦᠳᠡᠬᠡ ᠠᠵᠥ ᠠᠬᠤᠢ ᠵᠢᠨ ᠶᠡᠷᠦᠩᠬᠡᠢ᠍ᠢ᠍ᠯᠡᠭᠰᠡᠨ ᠦᠢ᠍ᠯᠡᠳᠪᠦᠷᠢᠯᠡᠯ᠎ᠤᠨ ᠬᠦᠴᠦᠨ ᠶᠡᠬᠡ ᠳᠡᠭᠳᠡᠷ᠎ᠲᠤ ᠭᠠᠷᠴᠤ᠂ ᠳᠠᠷᠢᠶᠠᠴᠢᠳ᠎ᠤᠨ ᠤᠷᠤᠯᠭ᠎ᠠ 2010 ᠤᠨ᠎ᠤ᠎ᠬᠢ᠎ᠠᠴᠠ ᠨᠢᠭᠡ ᠳᠠᠬᠢᠨ ᠭᠠᠷᠤᠢ ᠨᠡᠮᠡᠭᠳᠡᠵᠦ᠂ ᠬᠦᠳᠡᠬᠡ ᠳᠤᠰᠬᠤᠨ᠎ᠤ ᠠᠷᠠᠳ᠎ᠤᠨ ᠠᠮᠢᠳᠤᠷᠠᠯ ᠢᠯᠡᠳᠳᠡ ᠰᠠᠢ᠍ᠢ᠍ᠵᠢᠷᠠᠵᠥ᠂ ᠬᠦᠳᠡᠬᠡ ᠳᠤᠰᠬᠤᠨ ᠴᠣ᠌ ᠰᠢᠨ᠎ᠠ ᠲᠦᠷᠰᠦ ᠪᠠᠢ᠍ᠢ᠍ᠳᠠᠯ᠎ᠲᠠᠢ ᠪᠤᠯᠵᠠᠢ᠃ ᠶᠠᠳᠠᠭᠤ ᠬᠦᠴᠢᠷᠳᠡᠯᠳᠡᠢ ᠭᠠᠵᠠᠷ ᠤᠷᠤᠨ᠎ᠳᠤ ᠳᠡᠭᠷᠢ ᠭᠠᠵᠠᠷ᠎ᠢ ᠳᠤᠩᠰᠤᠯᠭ᠋ᠠᠮ᠎ᠠ ᠬᠤᠪᠢᠷᠠᠯᠳᠠ ᠭᠠᠷᠴᠤ᠂ ᠳᠤᠮᠳᠠᠳᠤ ᠵᠢᠨ ᠦᠨᠳᠦᠰᠦᠳᠡᠨ᠎ᠢ ᠬᠡᠳᠤᠨ ᠮᠢᠩᠭ᠋ᠠᠨ ᠵᠢᠯ ᠵᠶ᠋ᠠᠷ ᠭᠠᠴᠢᠬᠳᠠᠭᠤᠯᠵᠥ ᠪᠠᠢ᠍ᠢ᠍ᠬᠰᠠᠨ ᠬᠠᠷᠢᠴᠠᠯᠠᠰᠢᠬᠦᠢ ᠶᠠᠳᠠᠭᠤ ᠬᠦᠴᠢᠷᠳᠡᠯ᠎ᠤᠨ ᠠᠰᠠᠭᠤᠳᠠᠯ᠎ᠢ ᠰᠢᠢ᠍ᠳᠪᠦᠷᠢᠯᠡᠬᠦ ᠲᠠᠯ᠎ᠠ᠎ᠪᠠᠷ ᠳᠡᠥᠬᠡᠳᠤ ᠴᠢᠨᠠᠷᠳᠠᠢ ᠠᠮᠵᠢᠯᠳᠠ ᠤᠯᠵᠤ᠂ ᠴᠢᠨᠡᠬᠡᠯᠢᠭ ᠨᠡᠢ᠍ᠢ᠍ᠬᠡᠮ᠎ᠢ ᠪᠦᠬᠦ ᠳᠠᠯ᠎ᠠ᠎ᠪᠠᠷ ᠪᠡᠶᠡᠯᠡᠬᠦᠯᠬᠦ᠎ᠳᠤ ᠴᠢᠬᠤᠯᠠ ᠶᠡᠬᠡ ᠬᠤᠪᠢ ᠨᠡᠮᠡᠷᠢ ᠦᠵᠡᠬᠦᠯᠵᠥ᠂ ᠨᠡᠢ᠍ᠢ᠍ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠳᠠᠯ᠎ᠠ᠎ᠪᠠᠷ ᠪᠦᠳᠦᠬᠡᠨ ᠪᠠᠢ᠍ᠢ᠍ᠭᠤᠯᠬᠤ ᠰᠢᠨ᠎ᠡ ᠠᠶᠠᠯᠠᠯ᠎ᠢ ᠡᠬᠢᠯᠡᠬᠦᠯᠬᠦ᠎ᠳᠤ ᠪᠠᠳᠤ ᠰᠠᠭᠤᠷᠢ ᠳᠠᠯᠪᠢᠭᠰᠠᠨ ᠪᠠᠢ᠍ᠢ᠍ᠨ᠎ᠠ ᠬᠡᠵᠥ ᠵᠢᠭ᠋ᠠᠵᠥ ᠭᠠᠷᠭ᠋ᠠᠪᠠ᠃
      ᠰᠢ ᠵᠢᠨ ᠫᠢᠩ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠬᠦᠨ ᠮᠠᠨᠳᠤᠯᠳᠠ ᠵᠢᠨ ᠪᠠᠢ᠍ᠢ᠍ᠯᠳᠤᠬᠤ ᠪᠤᠳᠤᠯᠭ᠎ᠠ ᠵᠢᠨ ᠪᠦᠬᠦ ᠳᠠᠯ᠎ᠠ᠎ᠠᠴᠠ ᠦᠵᠡᠪᠡᠯ᠂ ᠦᠨᠳᠦᠰᠦᠳᠡᠨ ᠰᠡᠷᠬᠦᠨ ᠮᠡᠨᠳᠤᠶ᠎ᠠ ᠭᠡᠪᠡᠯ ᠬᠦᠳᠡᠬᠡ ᠳᠤᠰᠬᠤᠨ᠎ᠢ ᠡᠷᠬᠡᠪᠰᠢ ᠬᠦᠭᠵᠢᠭᠦᠯᠦᠨ ᠮᠠᠨᠳᠤᠭᠤᠯᠬᠤ ᠬᠡᠷᠡᠭᠳᠡᠢ᠃ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠳᠤᠬᠢᠶᠠᠯᠳᠤᠭ᠎ᠠ ᠦᠬᠡᠢ ᠶᠡᠬᠡ ᠬᠤᠪᠢᠰᠤᠯᠳᠠ᠎ᠠᠴᠠ ᠦᠵᠡᠪᠡᠯ᠂ ᠬᠦᠳᠡᠬᠡ ᠠᠵᠥ ᠠᠬᠤᠢ ᠵᠢᠨ ᠦᠨᠳᠦᠰᠦᠨ ᠪᠠᠢ᠍ᠢ᠍ᠳᠠᠯ᠎ᠢ ᠳᠤᠬᠳᠠᠪᠤᠷᠢᠵᠢᠭᠤᠯᠬᠤ᠂ 《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠰᠠᠭᠤᠷᠢ ᠵᠢ ᠰᠠᠢ᠍ᠢ᠍ᠳᠤᠷ ᠰᠠᠬᠢᠬᠤ ᠪᠤᠯ ᠬᠤᠪᠢᠷᠠᠯᠳᠠ ᠵᠢ ᠠᠷᠭ᠋ᠠᠴᠠᠭ᠋ᠠᠬᠤ᠂ ᠰᠢᠨ᠎ᠡ ᠪᠠᠢ᠍ᠢ᠍ᠳᠠᠯ᠎ᠢ ᠡᠬᠦᠳᠬᠦ ᠵᠢᠨ 《ᠰᠠᠭᠤᠷᠢ ᠴᠢᠯᠠᠭᠤ》 ᠪᠤᠯᠤᠨ᠎ᠠ᠃ ᠰᠢᠨ᠎ᠡ ᠬᠦᠭᠵᠢᠯᠳᠡ ᠵᠢᠨ ᠪᠠᠢ᠍ᠢ᠍ᠷᠢᠰᠢᠯ᠎ᠢ ᠪᠠᠢ᠍ᠢ᠍ᠭᠤᠯᠬᠤ᠎ᠳᠤ᠂ ᠪᠠᠢ᠍ᠢ᠍ᠯᠳᠤᠬᠤ ᠪᠤᠳᠤᠯᠭ᠎ᠠ ᠵᠢᠨ ᠰᠠᠭᠤᠷᠢ ᠴᠡᠭ᠎ᠢ ᠳᠤᠳᠤᠭ᠋ᠠᠳᠤ ᠬᠡᠷᠡᠭᠴᠡᠬᠡ ᠵᠢ ᠦᠷᠬᠡᠳᠬᠡᠬᠦ ᠳᠡᠬᠡᠷ᠎ᠡ ᠳᠠᠯᠪᠢᠬᠤ ᠭᠡᠷᠡᠭᠳᠡᠢ᠂ ᠡᠭᠦᠨ᠎ᠳᠤ ᠬᠦᠳᠡᠬᠡ ᠳᠤᠰᠬᠤᠨ ᠯᠤᠳᠤ ᠶᠡᠬᠡ ᠤᠷᠤᠨ ᠵᠠᠢ᠎ᠲᠠᠢ ᠶᠤᠮ᠂ ᠶᠡᠬᠡ ᠬᠤᠪᠢ ᠨᠡᠮᠡᠷᠢ ᠦᠵᠡᠬᠦᠯᠵᠥ ᠪᠤᠯᠬᠤ ᠶᠤᠮ ᠬᠡᠵᠥ ᠴᠢᠬᠤᠯᠠᠴᠢᠯᠠᠪᠠ᠃


      ᠰᠢ ᠵᠢᠨ ᠫᠢᠩ᠂ ᠬᠦᠳᠡᠬᠡ ᠠᠵᠥ ᠠᠬᠤᠢ ᠪᠤᠯ ᠳᠦᠷᠦ ᠵᠢᠨ ᠦᠨᠳᠦᠰᠦ ᠮᠦᠨ᠂ ᠦᠨᠳᠦᠰᠦ ᠪᠡᠬᠢ ᠪᠤᠯ ᠳᠦᠷᠦ ᠲᠦᠪᠰᠢᠨ ᠲᠦᠮᠡᠨ ᠠᠮᠤᠭᠤᠯᠠᠩ ᠪᠠᠢ᠍ᠢ᠍ᠳᠠᠭ᠎ᠢ ᠳᠡᠥᠬᠡ ᠪᠠ ᠪᠤᠳᠠᠳᠤ ᠠᠬᠤᠢ ᠪᠢᠳᠡᠨ᠎ᠳᠤ ᠬᠡᠯᠡᠵᠥ ᠦᠭᠪᠡ᠃ ᠪᠢᠳᠡ ᠶᠡᠬᠡ ᠲᠡᠦᠬᠡᠨ ᠦᠵᠡᠯᠳᠡ᠎ᠪᠠᠷ ᠬᠦᠳᠡᠬᠡ ᠠᠵᠥ ᠠᠬᠤᠢ᠂ ᠬᠦᠳᠡᠬᠡ ᠳᠤᠰᠬᠤᠨ᠂ ᠳᠠᠷᠢᠶᠠᠴᠢᠨ᠎ᠤ ᠠᠰᠠᠭᠤᠳᠠᠯ᠎ᠳᠤ ᠬᠠᠨᠳᠤᠬᠤ ᠵᠢ ᠪᠠᠷᠢᠮᠳᠠᠯᠠᠬᠤ ᠬᠡᠷᠡᠭᠳᠡᠢ᠂ ᠭᠠᠭᠴᠠ ᠬᠦ᠌ 《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠠᠰᠠᠭᠤᠳᠠᠯ᠎ᠢ ᠬᠦᠨᠵᠡᠬᠡᠢ ᠤᠢ᠍ᠢ᠍ᠯᠠᠭ᠋ᠠᠪᠠᠯ ᠰᠠᠶᠢ ᠮᠠᠨ᠎ᠤ ᠨᠠᠮ᠂ ᠮᠠᠨ᠎ᠤ ᠤᠯᠤᠰ᠂ ᠮᠠᠨ᠎ᠤ ᠦᠨᠳᠦᠰᠦᠳᠡᠨ ᠵᠶ᠋ᠠᠨ ᠨᠡᠩ ᠰᠠᠢ᠍ᠢ᠍ᠳᠦᠷ ᠦᠢ᠍ᠯᠠᠭ᠋ᠠᠵᠥ ᠴᠢᠳᠠᠨ᠎ᠠ᠃ ᠨᠡᠢ᠍ᠢ᠍ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠳᠠᠯ᠎ᠠ᠎ᠪᠠᠷ ᠪᠦᠳᠦᠬᠡᠨ ᠪᠡᠢ᠍ᠢ᠍ᠭᠤᠯᠬᠤ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠬᠦᠨ ᠮᠡᠨᠳᠤᠯᠳᠡ ᠵᠢ ᠪᠡᠶᠡᠯᠡᠬᠦᠯᠬᠦ ᠵᠢᠨ ᠬᠠᠮᠤᠭ᠎ᠤᠨ ᠬᠠᠳᠠᠭᠤ ᠪᠡᠷᠬᠡᠰᠢᠶᠡᠯᠳᠡᠢ ᠬᠠᠮᠤᠭ᠎ᠤᠨ ᠨᠦᠰᠡᠷ ᠬᠦᠨᠳᠤ ᠡᠬᠦᠷᠬᠡ᠎ᠨᠢ ᠮᠦᠨ ᠬᠦ᠌ ᠬᠦᠳᠡᠬᠡ ᠳᠤᠰᠬᠤᠨ᠎ᠳᠤ ᠪᠤᠢ᠂ ᠬᠠᠮᠤᠭ᠎ᠤᠨ ᠦᠷᠬᠡᠨ ᠳᠡᠯᠬᠡᠷ ᠬᠠᠮᠤᠭ᠎ᠤᠨ ᠬᠦᠨ ᠵᠤᠵᠠᠭ᠋ᠠᠨ ᠰᠠᠭᠤᠷᠢ᠎ᠨᠢ ᠮᠦᠨ ᠬᠦ᠌ ᠬᠦᠳᠡᠬᠡ ᠳᠤᠰᠬᠤᠨ᠎ᠳᠤ ᠪᠤᠢ ᠬᠡᠳᠡᠭ᠎ᠢ ᠡᠷᠬᠡᠪᠰᠢ ᠤᠯᠵᠥ ᠬᠠᠷᠠᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
      ᠰᠢ ᠵᠢᠨ ᠫᠢᠩ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠢᠯᠠᠯᠳᠠ ᠤᠯᠤᠬᠰᠠᠨ᠎ᠤ ᠳᠠᠷᠠᠭ᠎ᠠ ᠬᠦᠳᠡᠬᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠪᠦᠬᠦ ᠳᠠᠯ᠎ᠠ᠎ᠪᠠᠷ ᠠᠬᠢᠭᠤᠯᠤᠨ᠎ᠠ᠂ ᠡᠨᠡ ᠪᠤᠯ

《ᠬᠦᠳᠡᠬᠡ ᠠᠵᠥ ᠠᠬᠤᠢ ᠬᠦᠳᠡᠬᠡ ᠳᠤᠰᠬᠤᠨ ᠳᠠᠷᠢᠶᠠᠴᠢᠨ》᠎ᠤ ᠠᠵᠢᠯ᠎ᠤᠨ ᠭᠤᠤᠯᠳᠠᠯᠭ᠎ᠠ ᠵᠢᠨ ᠳᠡᠥᠬᠡᠳᠤ ᠴᠢᠨᠠᠷᠳᠠᠢ ᠰᠢᠯᠵᠢᠯᠳᠠ ᠮᠦᠨ᠃ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠵᠶ᠋ᠠᠨ ᠪᠠᠳᠤ ᠰᠠᠬᠢᠵᠥ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠵᠶ᠋ᠠᠨ ᠪᠡᠬᠢᠵᠢᠬᠦᠯᠦᠨ ᠦᠷᠬᠡᠳᠬᠡᠬᠦ ᠵᠢ ᠬᠦᠳᠡᠬᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ᠎ᠲᠠᠢ ᠪᠦᠳᠦᠮᠵᠢᠳᠡᠢ ᠵᠤᠯᠭ᠋ᠠᠭᠤᠯᠬᠤ ᠵᠢ ᠰᠠᠢ᠍ᠢ᠍ᠳᠤᠷ ᠬᠢᠬᠦ ᠬᠡᠷᠡᠭᠳᠡᠢ᠂ ᠠᠵᠢᠯ᠎ᠳᠤ ᠬᠤᠭᠤᠰᠤᠨ ᠭᠠᠵᠠᠷ ᠦᠯᠡᠳᠡᠭᠡᠵᠦ ᠪᠤᠯᠬᠤ ᠦᠬᠡᠢ᠂ ᠳᠦᠷᠦ ᠵᠢᠨ ᠪᠤᠳᠤᠯᠭ᠎ᠠ᠎ᠳᠤ ᠬᠤᠭᠤᠰᠤᠨ ᠤᠷᠤᠨ ᠦᠯᠡᠳᠡᠭᠡᠵᠦ ᠪᠤᠯᠬᠤ ᠦᠭᠡᠢ᠃ ᠳᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠬᠢᠨᠠᠨ ᠡᠵᠡᠮᠳᠡᠬᠦ ᠪᠠ ᠬᠠᠪᠰᠤᠷᠤᠨ ᠳᠡᠳᠭᠦᠬᠦ ᠲᠤᠭᠳᠠᠴᠠ ᠵᠢ ᠪᠦᠷᠢᠨᠰᠢᠭᠦᠯᠵᠤ᠂ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠦᠮᠦᠨ ᠠᠮᠠ ᠵᠢ ᠪᠠᠢ᠍ᠢ᠍ᠩᠭᠤ ᠵᠢᠨ ᠴᠢᠨᠠᠷᠳᠠᠢ ᠬᠢᠨᠠᠨ ᠡᠵᠡᠮᠳᠡᠵᠦ᠂ ᠤᠷᠤᠯᠭ᠎ᠠ ᠵᠢᠨ ᠲᠦᠪᠰᠢᠨ᠎ᠤ ᠬᠤᠪᠢᠷᠠᠯᠳᠠ ᠪᠠ 《ᠬᠤᠶᠠᠷ᠎ᠲᠤ ᠵᠤᠪᠠᠬᠤ ᠦᠭᠡᠢ ᠭᠤᠷᠪᠠ ᠵᠢ ᠪᠠᠳᠤᠯᠠᠬᠤ》 ᠵᠢ ᠪᠡᠬᠢᠵᠢᠭᠦᠯᠦᠭᠰᠡᠨ ᠪᠠᠢ᠍ᠢ᠍ᠳᠠᠯ᠎ᠢ ᠭᠤᠤᠯᠳᠠᠯᠭ᠎ᠠ᠎ᠲᠠᠢ ᠬᠢᠨᠠᠨ ᠡᠵᠡᠮᠳᠡᠵᠦ᠂ ᠦᠷᠭᠦᠯᠵᠢᠯᠡᠨ ᠤᠨᠤᠴᠠᠳᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠳᠠᠢ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠤᠷᠤᠨ᠎ᠢ ᠠᠵᠤ ᠦᠢ᠍ᠯᠡᠰ ᠵᠶ᠋ᠠᠷ ᠬᠠᠪᠰᠤᠷᠤᠨ ᠳᠡᠳᠭᠦᠬᠦ ᠵᠢ ᠦᠷᠭᠦᠯᠵᠢᠯᠡᠨ ᠬᠢᠵᠤ᠂ ᠮᠡᠷᠭᠡᠵᠢᠯ᠂ ᠲᠦᠬᠦᠭᠡᠷᠤᠮᠵᠢ᠂ ᠡᠵᠡᠩᠨᠡᠯᠳᠡ ᠪᠤᠷᠤᠯᠠᠭᠤᠯᠭ᠎ᠠ ᠵᠡᠷᠭᠡ ᠳᠤᠳᠠᠭᠤᠳᠠᠯ᠎ᠢ ᠨᠦᠬᠦᠪᠦᠷᠢᠯᠡᠵᠤ᠂ ᠠᠵᠤ ᠦᠢ᠍ᠯᠡᠰ᠎ᠤᠨ ᠳᠡᠰ ᠳᠡᠪᠰᠢᠬᠦ ᠵᠢ ᠠᠬᠢᠭᠤᠯᠬᠤ ᠬᠡᠷᠡᠭᠳᠠᠢ᠃ ᠶᠠᠳᠠᠭᠤ ᠵᠢ ᠳᠡᠳᠬᠦᠬᠦ᠎ᠪᠠᠷ ᠤᠨᠳᠤᠤ ᠭᠠᠵᠠᠷ᠎ᠲᠤ ᠨᠡᠭᠦᠯᠭᠡᠭᠰᠡᠨ᠎ᠤ ᠳᠠᠷᠠᠭ᠋ᠠᠬᠢ ᠬᠠᠪᠰᠤᠷᠤᠨ ᠳᠡᠳᠭᠦᠬᠦ ᠵᠢ ᠴᠢᠩᠭ᠋ᠠᠳᠬᠠᠵᠤ᠂ ᠤᠯᠠᠨ ᠠᠷᠭ᠎ᠠ ᠵᠠᠮ ᠵᠶ᠋ᠠᠷ ᠠᠵᠢᠯ ᠤᠯᠭᠤᠯᠳᠠ ᠵᠢ ᠠᠬᠢᠭᠤᠯᠵᠤ᠂ ᠢᠵᠢ ᠪᠦᠷᠢᠳᠦᠭᠦᠯᠦᠭᠰᠡᠨ ᠰᠠᠭᠤᠷᠢ ᠲᠦᠬᠦᠭᠡᠷᠤᠮᠵᠢ ᠪᠠ ᠤᠯᠠᠨ ᠨᠡᠢ᠍ᠢ᠍ᠳᠡ ᠵᠢᠨ ᠦᠢ᠍ᠯᠡᠴᠢᠯᠡᠭᠡ ᠵᠢ ᠴᠢᠩᠭ᠋ᠠᠳᠬᠠᠨ᠂ ᠨᠡᠢ᠍ᠢ᠍ᠭᠡᠮ᠎ᠤᠨ ᠬᠠᠮᠢᠶᠠᠷᠤᠯᠳᠠ ᠵᠢ ᠰᠠᠢ᠍ᠢ᠍ᠳᠤᠷ ᠬᠢᠵᠤ᠂ ᠨᠡᠭᠦᠯᠭᠡᠭᠰᠡᠨ ᠤᠯᠠᠨ ᠲᠦᠮᠡᠨ᠎ᠤ ᠲᠤᠭᠳᠠᠪᠤᠷᠢᠵᠢᠵᠤ ᠳᠡᠢ᠍ᠢ᠍ᠯᠬᠦ᠂ ᠠᠵᠢᠯ ᠤᠯᠵᠤ ᠳᠡᠢ᠍ᠢ᠍ᠯᠬᠦ᠂ ᠠᠯᠬᠤᠮ ᠠᠯᠬᠤᠮ ᠵᠶ᠋ᠠᠷ ᠪᠠᠶᠠᠵᠢᠵᠤ ᠳᠡᠢ᠍ᠢ᠍ᠯᠬᠦ ᠵᠢ ᠪᠠᠳᠤᠯᠠᠬᠤ ᠬᠡᠷᠡᠭᠳᠠᠢ᠃ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠭᠦᠷᠭᠡ ᠵᠢ ᠪᠡᠶᠡᠯᠡᠭᠦᠯᠦᠭᠰᠡᠨ᠎ᠤ ᠳᠠᠷᠠᠭ᠎ᠠ ᠶᠠᠳᠠᠭᠤ᠎ᠠᠴᠠ ᠠᠩᠭᠢᠵᠢᠷᠠᠭᠰᠠᠨ ᠰᠢᠶᠠᠨ᠎ᠳᠤ ᠬᠠᠨᠳᠤᠭᠤᠯᠤᠨ ᠶᠠᠳᠠᠭᠤ᠎ᠠᠴᠠ ᠠᠩᠭᠢᠵᠢᠷᠠᠭᠰᠠᠨ ᠡᠳᠦᠷ᠎ᠠᠴᠠ᠎ᠨᠢ ᠡᠬᠢᠯᠡᠨ 5 ᠵᠢᠯ᠎ᠤᠨ ᠰᠢᠯᠵᠢᠯᠳᠡ ᠵᠢᠨ ᠬᠤᠭᠤᠴᠠᠭ᠎ᠠ ᠲᠤᠬᠢᠷᠠᠭᠤᠯᠬᠤ᠎ᠪᠠᠷ ᠨᠠᠮ᠎ᠤᠨ ᠲᠦᠪ ᠬᠤᠷᠢᠶ᠎ᠠ᠎ᠠᠴᠠ ᠲᠤᠭᠳᠠᠵᠠᠢ᠃ ᠰᠢᠯᠵᠢᠯᠳᠡ ᠵᠢᠨ ᠬᠤᠭᠤᠴᠠᠭ᠋ᠠᠨ᠎ᠳᠤ ᠭᠤᠤᠯ ᠪᠤᠯᠬᠤ ᠬᠠᠪᠰᠤᠷᠤᠨ ᠳᠡᠳᠭᠦᠬᠦ ᠲᠦᠷᠦ ᠵᠢᠨ ᠪᠤᠳᠤᠯᠭ᠎ᠠ ᠵᠢ ᠲᠤᠭᠳᠠᠭᠤᠨ ᠪᠠᠢ᠍ᠢ᠍ᠯᠭ᠋ᠠᠬᠤ ᠵᠢ ᠪᠠᠳᠤᠯᠠᠬᠤ ᠬᠡᠷᠡᠭᠳᠠᠢ᠃ ᠤᠳᠤᠬᠠᠨ᠎ᠤ ᠬᠠᠪᠰᠤᠷᠤᠨ ᠳᠡᠳᠭᠦᠬᠦ ᠲᠦᠷᠦ ᠵᠢᠨ ᠪᠤᠳᠤᠯᠭ᠎ᠠ ᠵᠢ ᠨᠢᠭᠡᠳ ᠨᠢᠭᠡ᠎ᠪᠠᠷ ᠲᠦᠷᠦᠯ ᠬᠤᠪᠢᠶᠠᠨ ᠰᠢᠯᠢᠳᠡᠭᠵᠢᠭᠦᠯᠦᠨ ᠲᠤᠬᠢᠷᠠᠭᠤᠯᠵᠤ᠂ ᠭᠦᠭ᠂ ᠡᠷᠴᠢᠮ᠂ ᠴᠠᠭ᠎ᠤᠨ ᠬᠢᠵᠠᠭ᠋ᠠᠷ᠎ᠢ ᠵᠤᠬᠢᠰᠳᠠᠢ ᠡᠵᠡᠮᠳᠡᠨ ᠳᠤᠬᠢᠷᠠᠭᠤᠯᠵᠤ᠂ ᠡᠬᠢ ᠪᠠᠶᠠᠯᠢᠭ ᠵᠶ᠋ᠠᠨ ᠲᠦᠪᠯᠡᠷᠡᠭᠦᠯᠦᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠢ ᠳᠡᠮᠵᠢᠵᠤ ᠪᠠᠢ᠍ᠢ᠍ᠭᠰᠠᠨ᠎ᠠᠴᠠ ᠠᠯᠬᠤᠮ ᠠᠯᠬᠤᠮ ᠵᠶ᠋ᠠᠷ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠲᠡᠢ᠍ᠢ᠍ᠰᠢ ᠯᠠᠪᠳᠠᠭᠤᠨ ᠵᠶ᠋ᠠᠷ ᠰᠢᠯᠵᠢᠬᠦ ᠵᠢ ᠪᠡᠶᠡᠯᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃
      ᠰᠢ ᠵᠢᠨ ᠫᠢᠩ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠨᠠᠭ᠋ᠠᠴᠢᠯᠠᠭ᠋ᠠᠳᠤ ᠡᠷᠬᠡ ᠵᠢ ᠪᠠᠳᠤ ᠡᠵᠡᠮᠳᠡᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠵᠢᠯ ᠪᠤᠯᠭ᠋ᠠᠨ ᠴᠢᠩᠭ᠎ᠠ ᠠᠳᠬᠤᠬᠤ ᠬᠡᠷᠡᠭᠳᠠᠢ᠃ 18 ᠳ᠋ᠦᠩᠰᠢᠭᠤᠷ ᠮᠦ᠍ ᠵᠢᠨ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠳᠤ ᠰᠠᠬᠢᠵᠤ᠂ ᠬᠠᠳᠠᠭᠤ ᠴᠢᠩᠭ᠎ᠠ ᠠᠷᠭ᠎ᠠ ᠬᠡᠮᠵᠢᠶ᠎ᠠ ᠵᠢ ᠬᠡᠷᠡᠭᠵᠢᠭᠦᠯᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠨᠠᠢ᠍ᠢ᠍ᠳᠠᠪᠤᠷᠢᠵᠢᠭᠤᠯᠬᠤ ᠬᠡᠷᠡᠭᠳᠠᠢ᠃ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠢ ᠪᠦᠲᠦᠭᠡᠨ ᠪᠠᠢ᠍ᠢ᠍ᠭᠤᠯᠵᠤ᠂ ᠭᠠᠩ ᠤᠰᠤᠳᠤᠯ᠎ᠤᠨ ᠭᠠᠮᠰᠢᠭ᠎ᠲᠤ ᠳᠠᠭ᠋ᠠᠷᠢᠭᠳᠠᠭᠰᠠᠨ ᠴᠤ᠌ ᠤᠨᠠᠯᠳᠠ᠎ᠪᠠᠨ ᠪᠠᠳᠤᠯᠠᠵᠤ᠂ ᠦᠨᠳᠦᠷ ᠤᠨᠠᠯᠳᠠ ᠲᠤᠭᠳᠠᠭᠤᠨ ᠤᠨᠠᠯᠳᠠ᠎ᠲᠠᠢ ᠪᠠᠢ᠍ᠢ᠍ᠬᠤ ᠵᠢ ᠦᠨᠡᠨ ᠬᠦ᠌ ᠪᠡᠶᠡᠯᠡᠭᠦᠯᠬᠦ ᠬᠡᠷᠡᠭᠳᠠᠢ᠃ ᠬᠠᠷ᠎ᠠ ᠬᠦᠷᠦᠰᠦ ᠵᠢ ᠬᠠᠮᠠᠭ᠋ᠠᠯᠠᠬᠤ ᠵᠢ ᠲᠤᠮᠤ ᠶᠠᠪᠤᠳᠠᠯ ᠪᠤᠯᠭ᠋ᠠᠨ ᠠᠳᠬᠤᠵᠤ᠂ ᠬᠠᠷ᠎ᠠ ᠬᠦᠷᠦᠰᠦ ᠵᠢ ᠰᠠᠢ᠍ᠢ᠍ᠳᠤᠷ ᠠᠰᠢᠡᠡᠯᠠᠵᠤ ᠰᠠᠢ᠍ᠢ᠍ᠳᠤᠷ ᠠᠷᠠᠴᠢᠯᠠᠬᠤ ᠬᠡᠷᠡᠭᠳᠠᠢ᠃ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠳᠤ ᠪᠡᠶ᠎ᠠ᠎ᠪᠠᠨ ᠳᠠᠭ᠋ᠠᠭ᠋ᠠᠵᠤ ᠬᠦᠴᠦᠷᠬᠡᠭᠵᠢᠭᠦ ᠵᠢ ᠪᠠᠷᠢᠮᠳᠠᠯᠠᠵᠤ᠂ ᠲᠠᠷᠢᠶᠠᠯᠠᠩ᠎ᠤᠨ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠤᠨ ᠪᠤᠭᠤᠮᠳᠠ ᠰᠢᠪᠳᠤᠯᠬᠤ ᠵᠢ ᠲᠦᠷᠭᠡᠳᠭᠡᠨ ᠠᠬᠢᠭᠤᠯᠬᠤ ᠬᠡᠷᠡᠭᠳᠠᠢ᠃ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠳᠠᠢ᠍ᠢ᠍ᠴᠢᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠲᠤ ᠨᠦᠬᠦᠪᠦᠷᠢ ᠦᠭᠬᠦ ᠵᠢ ᠲᠤᠭᠳᠠᠪᠤᠷᠢᠵᠢᠭᠤᠯᠬᠤ ᠪᠠ ᠴᠢᠩᠭ᠋ᠠᠳᠬᠠᠨ᠂ ᠬᠤᠳᠠᠯᠳᠤᠨ ᠠᠪᠬᠤ ᠪᠠ ᠨᠦᠭᠡᠴᠡᠯᠡᠬᠦ ᠵᠢ ᠳᠤᠬᠢᠷᠠᠭᠤᠯᠤᠨ ᠡᠵᠡᠮᠳᠡᠬᠦ ᠴᠢᠳᠠᠪᠤᠷᠢ᠎ᠪᠠᠨ ᠳᠡᠭᠡᠭᠰᠢᠯᠡᠭᠦᠯᠵᠤ᠂ ᠨᠠᠭ᠋ᠠᠳᠤ ᠵᠠᠬ᠎ᠠ ᠵᠢᠨ ᠬᠤᠳᠠᠯᠳᠤᠨ ᠠᠪᠬᠤ ᠦᠨ᠎ᠠ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ ᠵᠢ ᠪᠠᠷᠢᠮᠳᠠᠯᠠᠵᠤ᠂ ᠪᠦᠬᠦᠢ᠍ᠢ᠍ᠯᠡ ᠦᠪᠡᠷ᠎ᠤᠨ ᠦᠷᠳᠡᠭ ᠪᠤᠯᠤᠨ ᠤᠷᠤᠯᠭ᠎ᠠ ᠵᠢᠨ ᠳᠠᠭ᠋ᠠᠳᠬᠠᠯ ᠤᠯᠭᠤᠬᠤ ᠬᠡᠪᠴᠢᠶ᠎ᠠ ᠵᠢ ᠦᠷᠭᠡᠳᠭᠡᠬᠦ ᠬᠡᠷᠡᠭᠳᠠᠢ᠃ ᠤᠷᠤᠨ ᠨᠤᠲᠤᠭ᠎ᠤᠨ ᠡᠯ᠎ᠠ ᠱᠠᠳᠤᠨ᠎ᠤ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠳᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠤ᠂ ᠨᠠᠮ ᠵᠠᠰᠠᠭ ᠠᠳᠠᠯᠢᠬᠠᠨ ᠬᠠᠷᠢᠭᠤᠴᠠᠯᠭ᠎ᠠ᠎ᠲᠠᠢ ᠪᠠᠢ᠍ᠢ᠍ᠬᠤ ᠵᠢ ᠬᠡᠷᠡᠭᠵᠢᠭᠦᠯᠵᠤ᠂

《ᠠᠮᠤ ᠪᠤᠳᠠᠭ᠎ᠠ》 ᠵᠢᠨ ᠠᠰᠠᠭᠤᠳᠠᠯ᠎ᠢ ᠮᠤᠵᠢ ᠵᠢᠨ ᠳᠠᠷᠤᠭ᠎ᠠ ᠬᠠᠷᠢᠭᠤᠴᠠᠬᠤ ᠪᠦᠭᠡᠳ ᠱᠦᠵᠢ ᠴᠤ᠌ ᠬᠠᠷᠢᠭᠤᠴᠠᠬᠤ ᠬᠡᠷᠡᠭᠳᠠᠢ᠃ ᠬᠦᠳᠡᠭᠡ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠳᠠᠢ ᠦᠭᠡᠷᠡᠴᠢᠯᠡᠯᠳᠡ ᠵᠢ ᠭᠦᠨᠵᠡᠭᠡᠢ ᠠᠬᠢᠭᠤᠯᠵᠤ᠂ ᠡᠭᠦᠯᠳᠡᠷ᠎ᠢ ᠰᠢᠯᠢᠳᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠲᠦᠷᠦᠯ ᠲᠡᠮᠳᠡᠭ ᠡᠭᠦᠳᠬᠦ ᠪᠤᠯᠤᠨ ᠪᠠᠷᠢᠮᠵᠢᠶᠠᠵᠢᠭᠰᠠᠨ ᠦᠢ᠍ᠯᠡᠳᠪᠦᠷᠢᠯᠡᠯ ᠬᠢᠬᠦ ᠵᠢ ᠠᠬᠢᠭᠤᠯᠬᠤ ᠬᠡᠷᠡᠭᠳᠠᠢ᠃ ᠠᠯᠠᠰᠢᠨ ᠭᠠᠬᠠᠢ ᠲᠡᠵᠢᠭᠡᠨ ᠦᠷᠡᠵᠢᠭᠦᠯᠬᠦ ᠦᠢ᠍ᠯᠡᠰ᠎ᠢ ᠰᠡᠷᠭᠦᠭᠡᠬᠦ ᠵᠢ ᠦᠷᠭᠦᠯᠵᠢᠯᠡᠨ ᠰᠠᠢ᠍ᠢ᠍ᠳᠤᠷ ᠠᠳᠬᠤᠵᠤ᠂ ᠠᠵᠤ ᠦᠢ᠍ᠯᠡᠰ᠎ᠤᠨ ᠲᠤᠭᠳᠠᠭᠤᠨ ᠬᠦᠭᠵᠢᠯᠳᠡ ᠵᠢ ᠠᠬᠢᠭᠤᠯᠬᠤ ᠬᠡᠷᠡᠭᠳᠠᠢ᠃ ᠠᠵᠤ ᠠᠬᠤᠢ᠍ᠢ᠍ᠯᠠᠯ᠎ᠤᠨ ᠭᠠᠳᠠᠭᠰᠢ ᠭᠠᠷᠬᠤ ᠵᠢ ᠳᠡᠮᠵᠢᠬᠦ ᠬᠡᠷᠡᠭᠳᠠᠢ᠃ ᠬᠤᠭᠤᠯᠠ ᠤᠮᠳᠠ ᠵᠢ ᠪᠦᠷᠢᠯᠭᠡᠨ ᠰᠦᠢ᠍ᠳᠭᠡᠬᠦ ᠵᠢ ᠴᠦᠬᠦᠷᠡᠰᠢ ᠦᠭᠡᠢ ᠬᠤᠷᠢᠡᠡᠯᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢᠨ ᠭᠦᠨᠴᠡ᠂ ᠦᠷᠭᠡᠴᠡ ᠪᠠ ᠬᠦᠴᠢᠷ᠎ᠤᠨ ᠬᠡᠮᠵᠢᠶ᠎ᠠ ᠴᠦᠮ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠎ᠠᠴᠠ ᠳᠤᠤᠷ᠎ᠠ ᠦᠭᠡᠢ ᠶᠤᠮ᠂ ᠡᠷᠬᠡᠪᠰᠢ ᠦᠵᠦ ᠲᠦᠯᠦᠪᠯᠡᠭᠡ᠎ᠪᠠᠨ ᠴᠢᠩᠭ᠋ᠠᠳᠬᠠᠵᠤ᠂ ᠨᠡᠩ ᠬᠦᠴᠦᠳᠠᠢ ᠠᠷᠭ᠎ᠠ ᠬᠡᠮᠵᠢᠶ᠎ᠠ᠂ ᠨᠡᠩ ᠬᠦᠴᠦᠷᠬᠡᠭ ᠶᠡᠬᠡ ᠬᠦᠴᠦᠨ᠎ᠢ ᠨᠢᠭᠳᠠᠷᠠᠭᠤᠯᠤᠨ ᠠᠬᠢᠭᠤᠯᠬᠤ ᠬᠡᠷᠡᠭᠳᠠᠢ᠃ ᠨᠢᠭᠡ᠎ᠳᠤ ᠬᠦᠳᠡᠭᠡ ᠲᠤᠰᠬᠤᠨ᠎ᠤ ᠠᠵᠤ ᠦᠢ᠍ᠯᠡᠰ᠎ᠢ ᠲᠦᠷᠭᠡᠳᠭᠡᠨ ᠬᠦᠭᠵᠢᠭᠦᠯᠵᠤ᠂ ᠠᠵᠤ ᠦᠢ᠍ᠯᠡᠰ᠎ᠤᠨ ᠬᠦᠭᠵᠢᠯᠳᠡ ᠵᠢᠨ ᠵᠢᠮ᠎ᠠ ᠶᠤᠰᠤᠨ᠎ᠳᠤ ᠵᠤᠬᠢᠴᠠᠭᠤᠯᠤᠨ᠂ ᠤᠷᠤᠨ ᠨᠤᠳᠤᠭ᠎ᠤᠨ ᠦᠪᠡᠷᠮᠢᠴᠠ ᠡᠬᠢ ᠪᠠᠶᠠᠯᠢᠭ᠎ᠲᠤ ᠰᠠᠭᠤᠷᠢᠯᠠᠵᠤ᠂ ᠬᠦᠳᠡᠭᠡ ᠲᠤᠰᠬᠤᠨ᠎ᠤ ᠠᠵᠤ ᠦᠢ᠍ᠯᠡᠰ᠎ᠤᠨ ᠬᠦᠭᠵᠢᠨ ᠪᠤᠵᠠᠭ᠋ᠠᠢ᠍ᠢ᠍ᠷᠠᠬᠤ ᠵᠢ ᠠᠬᠢᠭᠤᠯᠵᠤ᠂ ᠠᠵᠤ ᠦᠢ᠍ᠯᠡᠰ᠎ᠤᠨ ᠪᠠᠢ᠍ᠢ᠍ᠷᠢᠰᠢᠭᠤᠯᠤᠯᠳᠠ ᠵᠢ ᠰᠢᠯᠢᠳᠡᠭᠵᠢᠭᠦᠯᠤᠨ᠂ ᠠᠰᠢᠭ ᠲᠤᠰᠠ ᠵᠢᠨ ᠬᠤᠯᠪᠤᠭ᠋ᠠᠨ᠎ᠤ ᠲᠤᠭᠳᠠᠴᠠ ᠵᠢ ᠲᠡᠭᠦᠯᠳᠡᠷᠵᠢᠭᠦᠯᠵᠤ᠂ ᠠᠵᠤ ᠦᠢ᠍ᠯᠡᠰ᠎ᠤᠨ ᠦᠷᠳᠡᠭ᠎ᠤᠨ ᠨᠡᠮᠡᠭᠳᠡᠯ᠎ᠤᠨ ᠦᠷ᠎ᠠ ᠠᠰᠢᠭ᠎ᠢ ᠲᠠᠷᠢᠶᠠᠴᠢᠳ᠎ᠲᠤ ᠨᠡᠩ ᠤᠯᠠᠨ ᠡᠳ᠋ᠯᠡᠭᠦᠯᠬᠦ ᠬᠡᠷᠡᠭᠳᠠᠢ᠃ ᠬᠤᠶᠠᠷ᠎ᠲᠤ ᠨᠡᠢ᠍ᠢ᠍ᠭᠡᠮ ᠵᠢᠷᠤᠮ᠎ᠤᠨ ᠤᠶᠤᠨ᠎ᠤ ᠪᠤᠯᠪᠠᠰᠤᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠵᠤ᠂ ᠬᠦᠳᠡᠭᠡ ᠲᠤᠰᠬᠤᠨ᠎ᠤ ᠦᠵᠡᠯ ᠰᠠᠨᠠᠭ᠎ᠠ ᠶᠤᠰᠤ ᠰᠤᠷᠳᠠᠬᠤᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠨ᠂ ᠨᠡᠢ᠍ᠢ᠍ᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠳᠡ ᠵᠢ ᠪᠠᠳᠠᠷᠠᠭᠤᠯᠤᠨ ᠦᠢ᠍ᠯᠡᠳᠦᠯᠭᠡᠵᠢᠭᠦᠯᠵᠤ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠤᠨ᠂ ᠬᠦᠳᠡᠭᠡ ᠲᠤᠰᠬᠤᠨ᠎ᠤ ᠬᠠᠭᠤᠴᠢᠨ ᠬᠡᠪ ᠵᠠᠩᠰᠢᠯ᠎ᠢ ᠦᠭᠡᠷᠡᠴᠢᠯᠡᠬᠦ ᠵᠢ ᠠᠬᠢᠭᠤᠯᠵᠤ᠂ ᠬᠦᠳᠡᠭᠡ ᠨᠤᠳᠤᠬ᠎ᠤᠨ ᠪᠤᠯᠪᠠᠰᠤᠨ ᠰᠤᠷᠳᠠᠯ᠂ ᠭᠡᠷ ᠪᠦᠯᠢ ᠵᠢᠨ ᠰᠠᠢ᠍ᠢ᠍ᠬᠠᠨ ᠰᠤᠷᠳᠠᠯ᠂ ᠠᠷᠠᠳ ᠢᠷᠭᠡᠳ᠎ᠤᠨ ᠪᠤᠷᠤᠬ᠍ᠵᠢᠭᠤᠨ ᠰᠤᠷᠳᠠᠯ ᠪᠦᠷᠢᠯᠳᠦᠬᠦ ᠵᠢ ᠠᠬᠢᠭᠤᠯᠬᠤ ᠬᠡᠷᠡᠭᠳᠠᠢ᠃ ᠭᠤᠷᠪᠠ᠎ᠳᠤ ᠬᠦᠳᠡᠭᠡ ᠲᠤᠰᠬᠤᠨ᠎ᠤ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠵᠤ᠂ ᠪᠠᠢ᠍ᠢ᠍ᠯᠳᠤᠬᠤ ᠪᠤᠳᠤᠯᠭ᠎ᠠ ᠵᠢᠨ ᠲᠤᠭᠳᠠᠯ ᠬᠦᠴᠦᠨ ᠵᠶ᠋ᠠᠨ ᠪᠠᠳᠤᠯᠠᠵᠤ᠂ ᠬᠠᠳᠠᠭ᠋ᠠᠰᠤ ᠬᠠᠳᠠᠬᠤ ᠵᠤᠷᠢᠭ ᠰᠠᠨᠠᠭ᠎ᠠ᠎ᠪᠠᠷ ᠲᠠᠷᠢᠶᠠᠯᠠᠩ᠎ᠤᠨ ᠤᠯᠠᠨ ᠡᠬᠢᠳᠤ ᠪᠤᠬᠢᠷᠳᠤᠯ᠎ᠢ ᠰᠡᠷᠭᠡᠢ᠍ᠢ᠍ᠯᠡᠨ ᠵᠠᠰᠠᠬᠤ ᠵᠢ ᠠᠬᠢᠭᠤᠯᠵᠤ᠂ ᠬᠦᠷᠦᠰᠦ ᠰᠢᠷᠤᠢ ᠵᠢᠨ ᠪᠤᠬᠢᠷᠳᠤᠯ᠂ ᠭᠠᠵᠠᠷ ᠳᠤᠤᠷᠠᠬᠢ ᠤᠰᠤ ᠵᠢ ᠬᠡᠳᠦ ᠠᠰᠢᠡᠡᠯᠠᠬᠤ᠂ ᠬᠦᠷᠦᠰᠦ ᠰᠢᠷᠤᠢ ᠵᠢᠨ ᠢᠳᠡᠭᠳᠡᠯ ᠵᠡᠷᠭᠡ ᠵᠢ ᠵᠠᠰᠠᠨ ᠰᠡᠷᠭᠦᠭᠡᠬᠦ ᠵᠢ ᠴᠢᠩᠭ᠋ᠠᠳᠬᠠᠬᠤ ᠬᠡᠷᠡᠭᠳᠠᠢ᠃ ᠳᠦᠷᠪᠡ᠎ᠳᠤ ᠬᠦᠳᠡᠭᠡ ᠲᠤᠰᠬᠤᠨ᠎ᠤ ᠦᠭᠡᠷᠡᠴᠢᠯᠡᠯᠳᠡ ᠵᠢ ᠭᠦᠨᠵᠡᠭᠡᠢ᠍ᠢ᠍ᠷᠡᠭᠦᠯᠵᠤ᠂ ᠬᠦᠳᠡᠭᠡ ᠲᠤᠰᠬᠤᠨ᠎ᠤ ᠭᠤᠤᠯᠳᠠᠯᠭ᠎ᠠ᠎ᠲᠠᠢ ᠬᠦᠷᠢᠶ᠎ᠠ ᠪᠠ ᠵᠠᠩᠭᠢᠯᠠᠭ᠎ᠠ ᠵᠢᠨ ᠭᠤᠭᠴᠤᠭ᠋ᠠᠨ᠎ᠤ ᠦᠭᠡᠷᠡᠴᠢᠯᠡᠯᠳᠡ ᠵᠢ ᠲᠦᠷᠭᠡᠳᠭᠡᠨ ᠠᠬᠢᠭᠤᠯᠵᠤ᠂ ᠬᠦᠳᠡᠭᠡ ᠲᠤᠰᠬᠤᠨ᠎ᠤ ᠡᠬᠢ ᠪᠠᠶᠠᠯᠢᠭ᠎ᠤᠨ ᠡᠯᠸᠮᠸᠨ᠋ᠲ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠵᠤ᠂ ᠬᠦᠳᠡᠭᠡ ᠠᠵᠤ ᠠᠬᠤᠢ ᠵᠢ ᠳᠡᠳᠬᠦᠨ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠤᠨ᠂ ᠦᠨᠳᠦᠰᠦᠨ ᠱᠠᠳᠤ ᠪᠠ ᠤᠯᠠᠨ ᠲᠦᠮᠡᠨ᠎ᠤ ᠡᠭᠦᠳᠦᠯᠳᠡ ᠵᠢ ᠬᠦᠨᠳᠦᠳᠭᠡᠵᠤ᠂ ᠦᠭᠡᠷᠡᠴᠢᠯᠡᠯᠳᠡ ᠵᠢᠨ ᠲᠠᠰᠤᠷᠠᠯᠳᠠ ᠦᠭᠡᠢ ᠰᠢᠨ᠎ᠠ ᠰᠢᠪᠳᠤᠯᠤᠯᠳᠠ᠎ᠲᠠᠢ ᠪᠤᠯᠬᠤ ᠵᠢ ᠠᠬᠢᠭᠤᠯᠬᠤ ᠬᠡᠷᠡᠭᠳᠠᠢ᠃ ᠲᠠᠪᠤ᠎ᠳᠤ ᠬᠦᠳᠡᠭᠡ ᠲᠤᠰᠬᠤᠨ᠎ᠢ ᠪᠦᠲᠦᠭᠡᠨ ᠪᠠᠢ᠍ᠢ᠍ᠭᠤᠯᠬᠤ ᠠᠵᠢᠯᠯᠠᠭ᠎ᠠ ᠵᠢ ᠬᠡᠷᠡᠭᠵᠢᠭᠦᠯᠵᠤ᠂ ᠤᠯᠠᠨ ᠨᠡᠢ᠍ᠢ᠍ᠳᠡ ᠵᠢᠨ ᠰᠠᠭᠤᠷᠢ ᠲᠦᠬᠦᠭᠡᠷᠤᠮᠵᠢ ᠵᠢᠨ ᠪᠦᠲᠦᠭᠡᠨ ᠪᠠᠢ᠍ᠢ᠍ᠭᠤᠯᠤᠯᠳᠠ ᠵᠢᠨ ᠭᠤᠤᠯᠳᠠᠯᠭ᠎ᠠ ᠵᠢ ᠦᠷᠭᠦᠯᠵᠢᠯᠡᠨ ᠬᠦᠳᠡᠭᠡ ᠲᠤᠰᠬᠤᠨ᠎ᠳᠤ ᠲᠠᠯᠪᠢᠵᠤ᠂ ᠬᠤᠳᠠ ᠬᠦᠳᠡᠭᠡ ᠵᠢᠨ ᠦᠨᠳᠦᠰᠦᠨ ᠤᠯᠠᠨ ᠨᠡᠢ᠍ᠢ᠍ᠳᠡ ᠵᠢᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠲᠦᠭᠡᠮᠡᠯ ᠬᠠᠷᠠᠭ᠋ᠠᠯᠵᠠᠯᠳᠤ ᠴᠢᠨᠠᠷᠳᠠᠢ᠂ ᠦᠨᠳᠦᠰᠦᠨ ᠵᠦᠢ᠍ᠯ᠎ᠢ ᠪᠠᠳᠤᠯᠠᠬᠤ ᠴᠢᠨᠠᠷᠳᠠᠢ᠂ ᠰᠠᠭᠤᠷᠢ ᠴᠢᠨᠠᠷᠳᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢ᠍ᠢ᠍ᠭᠤᠯᠤᠯᠳᠠ ᠵᠢ ᠴᠢᠩᠭ᠋ᠠᠳᠬᠠᠬᠤ ᠵᠢ ᠴᠢᠬᠤᠯᠠᠴᠢᠯᠠᠬᠤ ᠬᠡᠷᠡᠭᠳᠠᠢ᠃ ᠬᠦᠳᠡᠭᠡ ᠲᠤᠰᠬᠤᠨ᠎ᠤ ᠬᠦᠮᠦᠰ᠎ᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ᠎ᠢ ᠴᠡᠭᠴᠡᠯᠡᠨ ᠵᠠᠰᠠᠵᠤ ᠰᠠᠢ᠍ᠢ᠍ᠵᠢᠷᠠᠭᠤᠯᠬᠤ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠵᠤᠷᠯᠤᠩ᠎ᠢ ᠦᠭᠡᠷᠡᠴᠢᠯᠡᠨ ᠪᠠᠢ᠍ᠢ᠍ᠭᠤᠯᠬᠤ ᠪᠤᠯᠤᠨ ᠪᠤᠬᠢᠷ ᠤᠰᠤ᠂ ᠬᠤᠭ ᠨᠤᠪᠰᠢ ᠵᠢ ᠰᠢᠢ᠍ᠳᠪᠦᠷᠢᠯᠡᠬᠦ ᠵᠢ ᠭᠤᠤᠯᠳᠠᠯᠭ᠎ᠠ᠎ᠲᠠᠢ ᠰᠠᠢ᠍ᠢ᠍ᠳᠤᠷ ᠠᠳᠬᠤᠬᠤ ᠬᠡᠷᠡᠭᠳᠠᠢ᠃ ᠠᠢ᠍ᠢ᠍ᠯ ᠲᠤᠰᠬᠤᠨ᠎ᠤ ᠪᠠᠢ᠍ᠢ᠍ᠷᠢᠰᠢᠭᠤᠯᠤᠯᠳᠠ ᠪᠠ ᠲᠦᠷᠦᠯ ᠬᠤᠪᠢᠶᠠᠬᠤ ᠠᠵᠢᠯ᠎ᠢ ᠵᠤᠬᠢᠰᠳᠠᠢ ᠲᠤᠭᠳᠠᠭ᠋ᠠᠵᠤ᠂ ᠤᠯᠠᠮᠵᠢᠯᠠᠯᠳᠤ ᠠᠢ᠍ᠢ᠍ᠯ ᠲᠤᠰᠬᠤᠨ ᠪᠤᠯᠤᠨ ᠬᠦᠳᠡᠭᠡ ᠲᠤᠰᠬᠤᠨ᠎ᠤ ᠦᠪᠡᠷᠮᠢᠴᠡ ᠳᠦᠷᠢ ᠳᠦᠷᠬᠦ ᠵᠢ ᠬᠠᠮᠠᠭ᠋ᠠᠯᠠᠬᠤ ᠵᠢ ᠴᠢᠬᠤᠯᠠᠴᠢᠯᠠᠵᠤ᠂ ᠲᠦᠷᠦᠯ ᠬᠤᠪᠢᠶᠠᠨ ᠵᠢᠯᠤᠭᠤᠳᠬᠤ ᠵᠢ ᠴᠢᠩᠭ᠋ᠠᠳᠬᠠᠬᠤ ᠬᠡᠷᠡᠭᠳᠠᠢ᠃ ᠵᠢᠷᠭᠤᠭ᠎ᠠ᠎ᠳᠤ ᠬᠤᠳᠠ ᠬᠦᠳᠡᠭᠡ ᠵᠢ ᠠᠭᠤᠰᠤᠯᠴᠠᠭᠤᠯᠤᠨ ᠬᠦᠭᠵᠢᠭᠦᠯᠬᠦ ᠲᠠᠯ᠎ᠠ᠎ᠪᠠᠷ ᠪᠤᠳᠠᠳᠠᠢ ᠦᠷ᠎ᠠ ᠪᠦᠲᠦᠮᠵᠢ ᠤᠯᠬᠤ ᠵᠢ ᠠᠬᠢᠭᠤᠯᠵᠤ᠂ ᠬᠤᠳᠠ ᠬᠦᠳᠡᠭᠡ ᠵᠢ ᠠᠭᠤᠰᠤᠯᠴᠠᠭᠤᠯᠤᠨ ᠬᠦᠭᠵᠢᠭᠦᠯᠬᠦ ᠪᠠᠢ᠍ᠢ᠍ᠭᠤᠯᠤᠮᠵᠢ ᠲᠤᠭᠳᠠᠴᠠ ᠵᠢ ᠪᠦᠷᠢᠨᠰᠢᠭᠦᠯᠤᠨ᠂ ᠬᠦᠳᠡᠭᠡ ᠠᠵᠤ ᠠᠬᠤᠢ᠎ᠠᠴᠠ ᠰᠢᠯᠵᠢᠭᠰᠡᠨ ᠬᠦᠮᠦᠨ ᠠᠮᠠ ᠵᠢ ᠬᠤᠳᠠ ᠵᠢᠨ ᠠᠷᠠᠳ ᠪᠤᠯᠭ᠋ᠠᠬᠤ ᠵᠢ ᠠᠬᠢᠭᠤᠯᠬᠤ ᠬᠡᠷᠡᠭᠳᠠᠢ᠃ ᠬᠤᠰᠢᠭᠤ ᠰᠢᠶᠠᠨ᠎ᠢ ᠬᠤᠳᠠ ᠬᠦᠳᠡᠬᠡ ᠵᠢ ᠠᠭᠤᠰᠤᠯᠴᠠᠭᠤᠯᠤᠨ ᠬᠦᠭᠵᠢᠬᠦᠯᠬᠦ ᠴᠢᠬᠤᠯᠠ ᠭᠠᠷᠳᠠᠴᠠ ᠪᠤᠯᠭ᠋ᠠᠵᠤ᠂ ᠰᠢᠶᠠᠨ᠎ᠤ ᠱᠠᠳᠤᠨ᠎ᠳᠤ ᠡᠬᠢ ᠪᠡᠶᠡᠯᠢᠬ᠎ᠢ ᠨᠡᠢ᠍ᠢ᠍ᠳᠬᠡᠨ ᠭᠡᠷᠡᠭᠯᠡᠬᠦ ᠡᠵᠡᠨ ᠮᠡᠳᠡᠬᠦ ᠡᠷᠬᠡ ᠵᠢ ᠨᠡᠩ ᠢᠯᠡᠭᠦᠦ ᠤᠯᠭᠤᠵᠤ᠂ ᠰᠢᠶᠠᠨ᠎ᠤ ᠬᠤᠳᠠ ᠵᠢᠨ ᠶᠠᠷᠤᠩᠬᠡᠢ᠍ᠢ᠍ᠯᠡᠭᠰᠡᠨ ᠤᠢ᠍ᠢ᠍ᠯᠡᠴᠢᠯᠡᠬᠡᠨ᠎ᠤ ᠴᠢᠳᠠᠪᠤᠷᠢ ᠵᠢ ᠴᠢᠩᠭ᠋ᠠᠳᠬᠠᠬᠤ ᠭᠡᠷᠡᠭᠳᠠᠢ᠃ ᠲᠤᠯᠤᠭ᠎ᠠ᠎ᠳᠤ ᠬᠦᠳᠡᠬᠡ ᠲᠤᠰᠬᠤᠨ᠎ᠤ ᠵᠠᠰᠠᠯᠳᠠ ᠵᠢ ᠴᠢᠩᠭ᠋ᠠᠳᠬᠠᠨ ᠰᠠᠢ᠍ᠢ᠍ᠵᠢᠷᠠᠭᠤᠯᠵᠤ᠂ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠤᠳᠤᠷᠢᠳᠤᠬᠰᠠᠨ ᠬᠦᠳᠡᠬᠡ ᠲᠤᠰᠬᠤᠨ᠎ᠤ ᠵᠠᠰᠠᠯᠳᠠ ᠵᠢᠨ ᠰᠢᠰᠲᠸᠮ᠎ᠢ ᠱᠠᠯᠠᠪᠳᠠᠨ ᠪᠠᠢ᠍ᠢ᠍ᠭᠤᠯᠵᠤ᠂ ᠠᠮᠤᠭᠤᠯᠠᠩᠳᠤ ᠬᠦᠳᠡᠬᠡ ᠲᠤᠰᠬᠤᠨ᠎ᠤ ᠪᠠᠢ᠍ᠢ᠍ᠭᠤᠯᠤᠯᠳᠠ ᠵᠢ ᠬᠦᠨᠵᠡᠬᠡᠢ ᠠᠬᠢᠭᠤᠯᠵᠤ᠂ ᠬᠦᠳᠡᠬᠡ ᠲᠤᠰᠬᠤᠨ᠎ᠤ ᠵᠠᠰᠠᠯᠳᠠ ᠵᠢᠨ ᠠᠷᠭ᠎ᠠ ᠬᠡᠯᠪᠡᠷᠢ ᠵᠢᠨ ᠰᠢᠨ᠎ᠠ ᠵᠢ ᠡᠬᠦᠳᠴᠤ᠂ ᠬᠦᠳᠡᠬᠡ ᠲᠤᠰᠬᠤᠨ᠎ᠢ ᠴᠢᠳᠠᠮᠠᠭ᠋ᠠᠢ᠎ᠪᠠᠷ ᠵᠠᠰᠠᠬᠤ ᠲᠦᠪᠰᠢᠨ᠎ᠢ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
      ᠰᠢ ᠵᠢᠨ ᠫᠢᠩ᠂ 《ᠬᠦᠳᠡᠬᠡ ᠠᠵᠤ ᠠᠬᠤᠢ ᠬᠦᠳᠡᠬᠡ ᠲᠤᠰᠬᠤᠨ ᠲᠠᠷᠢᠶᠠᠴᠢᠨ》᠎ᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠭᠡᠷᠡᠭᠳᠠᠢ᠃ ᠡᠯ᠎ᠠ ᠱᠠᠳᠤᠨ᠎ᠤ ᠨᠠᠮ᠎ᠤᠨ ᠬᠤᠷᠢᠶ᠎ᠠ ᠤᠯᠤᠰ ᠲᠦᠷᠤ ᠵᠢᠨ ᠬᠠᠷᠢᠭᠤᠴᠠᠯᠭ᠎ᠠ᠎ᠪᠠᠨ ᠡᠬᠦᠷᠬᠡᠯᠠᠵᠤ᠂ ᠬᠦᠳᠡᠬᠡ ᠠᠵᠤ ᠠᠬᠤᠢ ᠬᠦᠳᠡᠬᠡ ᠲᠤᠰᠬᠤᠨ᠎ᠢ ᠤᠷᠢᠳ ᠵᠶ᠋ᠠᠷ ᠬᠦᠭᠵᠢᠬᠦᠯᠬᠦ ᠴᠢᠭᠯᠡᠯᠳᠠ ᠵᠢ ᠨᠠᠢ᠍ᠢ᠍ᠳᠠᠪᠤᠷᠢᠵᠢᠭᠤᠯᠤᠨ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠨᠡᠩ ᠶᠡᠬᠡ ᠡᠷᠴᠢᠮ ᠵᠶ᠋ᠠᠷ ᠠᠬᠢᠭᠤᠯᠬᠤ ᠭᠡᠷᠡᠭᠳᠠᠢ᠃ ᠰᠢᠶᠠᠨ᠎ᠤ ᠨᠠᠮ᠎ᠤᠨ ᠬᠤᠷᠢᠶᠠᠨ᠎ᠤ ᠱᠦᠵᠢ 《ᠬᠦᠳᠡᠬᠡ ᠠᠵᠤ ᠠᠬᠤᠢ ᠬᠦᠳᠡᠬᠡ ᠲᠤᠰᠬᠤᠨ ᠲᠠᠷᠢᠶᠠᠴᠢᠨ》᠎ᠤ ᠠᠵᠢᠯ᠎ᠳᠤ ᠭᠤᠤᠯ ᠬᠦᠴᠦ᠎ᠪᠠᠨ ᠲᠠᠯᠪᠢᠵᠤ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ 《ᠡᠮᠤᠨ᠎ᠠ ᠹᠷᠤᠨᠲ᠎ᠤᠨ ᠵᠢᠯᠤᠭᠤᠳᠤᠬ᠍ᠴᠢ》 ᠰᠠᠢ᠍ᠢ᠍ᠳᠦᠷ ᠪᠤᠯᠬᠤ ᠭᠡᠷᠡᠭᠳᠠᠢ᠃ ᠰᠢᠶᠠᠩ ᠪᠠᠯᠭ᠋ᠠᠰᠤᠨ᠎ᠤ ᠤᠳᠤᠷᠢᠳᠬᠤ ᠪᠠᠭ᠂ ᠲᠤᠰᠬᠤᠨ᠎ᠤ 《ᠬᠤᠶᠠᠷ ᠵᠦᠪᠯᠠᠯ》᠎ᠤᠨ ᠪᠦᠷᠢᠯᠳᠤᠬᠦᠨ ᠢᠯᠠᠩᠭᠤᠶ᠎ᠠ ᠲᠤᠰᠬᠤᠨ᠎ᠤ ᠨᠠᠮ᠎ᠤᠨ ᠡᠬᠦᠷ᠎ᠤᠨ ᠱᠦᠵᠢ ᠵᠢᠨ ᠤᠷᠤᠨ᠎ᠳᠤ ᠰᠢᠯᠢᠳᠡᠭ ᠭᠠᠷᠮᠠᠭ᠋ᠠᠢ ᠭᠠᠷ᠎ᠢ ᠲᠤᠬᠢᠷᠠᠭᠤᠯᠬᠤ ᠭᠡᠷᠡᠭᠳᠠᠢ᠃ ᠦᠨᠳᠤᠰᠤᠨ ᠱᠠᠳᠤ ᠵᠢ ᠠᠳᠬᠤᠬᠤ᠂ ᠰᠠᠭᠤᠷᠢ ᠵᠢ ᠪᠠᠳᠤᠳᠬᠠᠵᠤ᠂ ᠦᠨᠳᠤᠰᠤᠨ ᠵᠦᠢ᠍ᠯ᠎ᠢ ᠪᠡᠬᠢᠵᠢᠬᠦᠯᠬᠦ ᠠᠵᠢᠯ᠎ᠤᠨ ᠤᠳᠤᠷᠢᠳᠤᠮᠵᠢ ᠵᠢ ᠲᠤᠪᠤᠢ᠍ᠢ᠍ᠯᠭ᠋ᠠᠵᠤ᠂ ᠡᠯ᠎ᠠ ᠵᠤᠢ᠍ᠢ᠍ᠯ᠎ᠤᠨ ᠡᠬᠢ ᠪᠠᠶᠠᠯᠢᠬ᠎ᠤᠨ ᠦᠨᠳᠤᠰᠤᠨ ᠱᠠᠳᠤᠨ᠎ᠳᠤ ᠤᠴᠢᠬᠤ ᠵᠢ ᠠᠬᠢᠭᠤᠯᠵᠤ᠂ ᠦᠨᠳᠤᠰᠤᠨ ᠱᠠᠳᠤᠨ᠎ᠳᠤ ᠠᠵᠢᠯ ᠬᠢᠵᠤ ᠤᠢ᠍ᠢ᠍ᠯᠡᠰ ᠪᠤᠰᠬᠠᠬᠤ᠎ᠳᠤ ᠨᠡᠩ ᠰᠠᠢ᠍ᠢ᠍ᠨ ᠨᠦᠬᠦᠴᠠᠯ᠎ᠢ ᠪᠦᠷᠢᠯᠳᠤᠬᠦᠯᠵᠤ ᠦᠭᠬᠦ ᠭᠡᠷᠡᠭᠳᠠᠢ᠃ ᠤᠯᠤᠰ ᠲᠦᠷᠤ ᠵᠢᠨ ᠲᠠᠯ᠎ᠠ᠎ᠪᠠᠷ ᠰᠢᠯᠭ᠋ᠠᠷᠠᠬᠰᠠᠨ᠂ ᠡᠷᠳᠡᠮ ᠴᠢᠳᠠᠪᠤᠷᠢ᠎ᠪᠠᠷ ᠴᠢᠳᠠᠮᠠᠭ᠋ᠠᠢ᠂ ᠬᠡᠪ ᠰᠤᠷᠳᠠᠯ ᠰᠢᠯᠢᠳᠡᠭ ᠰᠠᠢ᠍ᠢ᠍ᠨ ᠪᠠᠢ᠍ᠢ᠍ᠬᠤ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠺᠠᠳ᠋ᠷ᠎ᠤᠨ ᠡᠩᠨᠡᠬᠡ ᠵᠢ ᠪᠠᠢ᠍ᠢ᠍ᠭᠤᠯᠵᠤ᠂ ᠨᠢᠬᠡ ᠪᠦᠯᠦᠭ ᠰᠢᠯᠢᠳᠡᠭ ᠺᠠᠳ᠋ᠷ᠎ᠢ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠡᠮᠤᠨ᠎ᠠ ᠹᠷᠤᠨᠲ᠎ᠤᠨ ᠠᠵᠢᠯ᠎ᠤᠨ ᠪᠠᠢ᠍ᠢ᠍ᠷᠢᠨ᠎ᠳᠤ ᠰᠤᠩᠭᠤᠨ ᠲᠤᠮᠢᠯᠠᠵᠤ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠺᠠᠳ᠋ᠷ᠎ᠢ ᠬᠦᠮᠤᠵᠢᠬᠦᠯᠤᠨ ᠪᠤᠯᠪᠠᠰᠤᠷᠠᠭᠤᠯᠬᠤ ᠦᠷᠬᠡᠨ ᠠᠭᠤᠳᠠᠮ ᠲᠠᠪᠴᠠᠩ ᠪᠤᠯᠭ᠋ᠠᠬᠤ ᠭᠡᠷᠡᠭᠳᠠᠢ᠃ ᠡᠯ᠎ᠠ ᠵᠤᠢ᠍ᠢ᠍ᠯ᠎ᠤᠨ ᠴᠢᠳᠠᠪᠤᠷᠢᠳᠠᠨ᠎ᠢ ᠳᠠᠳᠠᠵᠤ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠶᠠᠪᠤᠴᠠ᠎ᠳᠤ ᠤᠢ᠍ᠢ᠍ᠯᠡᠰ ᠪᠦᠳᠤᠬᠡᠨ ᠭᠠᠪᠢᠶ᠎ᠠ ᠪᠠᠢ᠍ᠢ᠍ᠭᠤᠯᠬᠤ᠎ᠪᠠᠷ ᠤᠴᠢᠭᠤᠯᠵᠤ᠂ ᠦᠷᠬᠡᠨ ᠤᠯᠠᠨ ᠲᠠᠷᠢᠶᠠᠴᠢᠨ ᠲᠦᠮᠡᠨ᠎ᠤ ᠢᠳᠡᠪᠬᠢᠵᠢᠯ᠂ ᠰᠠᠨᠠᠭ᠋ᠠᠴᠢᠯᠭ᠋ᠠᠳᠤ ᠴᠢᠨᠠᠷ᠂ ᠪᠦᠳᠤᠬᠡᠯᠴᠢ ᠴᠢᠨᠠᠷ᠎ᠢ ᠲᠠᠢ᠍ᠢ᠍ᠴᠢᠯᠠᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃


      ᠯᠢ ᠺᠸ ᠴᠢᠶᠠᠩ ᠬᠤᠷᠠᠯ᠎ᠢ ᠡᠷᠬᠢᠯᠡᠬᠦ᠎ᠳᠡᠭᠡᠨ᠂ ᠶᠠᠷᠤᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠮᠠᠨ᠎ᠤ ᠤᠯᠤᠰ᠎ᠤᠨ ᠬᠦᠳᠡᠬᠡ ᠠᠵᠤ ᠠᠬᠤᠢ ᠬᠦᠳᠡᠬᠡ ᠲᠤᠰᠬᠤᠨ᠎ᠤ ᠬᠦᠭᠵᠢᠯᠳᠠ᠎ᠳᠤ ᠤᠯᠤᠬᠰᠠᠨ ᠲᠡᠤᠬᠡᠳᠤ ᠴᠢᠨᠠᠷᠳᠠᠢ ᠠᠮᠵᠢᠯᠳᠠ᠂ ᠡᠭᠦᠰᠦᠭᠰᠡᠨ ᠲᠡᠤᠬᠡᠳᠤ ᠴᠢᠨᠠᠷᠳᠠᠢ ᠬᠤᠪᠢᠰᠤᠯᠳᠠ ᠵᠢ ᠪᠦᠬᠦ ᠲᠠᠯ᠎ᠠ᠎ᠪᠠᠷ ᠳ᠋ᠦᠩᠨᠠᠵᠤ᠂ ᠨᠡᠢ᠍ᠢ᠍ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠤᠬᠡᠨ ᠪᠠᠢ᠍ᠢ᠍ᠭᠤᠯᠬᠤ ᠪᠦᠬᠦ ᠲᠠᠯ᠎ᠠ᠎ᠠᠴᠠ ᠡᠬᠦᠰᠴᠤ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠂ ᠬᠦᠳᠡᠬᠡ ᠠᠵᠤ ᠠᠬᠤᠢ ᠬᠦᠳᠡᠬᠡ ᠲᠤᠰᠬᠤᠨ᠎ᠤ ᠤᠳᠤᠬᠢᠴᠢᠯᠠᠯᠳᠠ ᠵᠢ ᠲᠦᠷᠬᠡᠳᠬᠡᠬᠦ ᠴᠢᠬᠤᠯᠠ ᠶᠡᠬᠡ ᠠᠴᠢ ᠬᠤᠯᠪᠤᠬᠳᠠᠯ᠂ ᠵᠢᠯᠤᠭᠤᠳᠬᠤ ᠦᠵᠡᠯ ᠰᠠᠨᠠᠭ᠎ᠠ᠂ ᠶᠠᠷᠤᠩᠬᠡᠢ ᠱᠠᠭ᠋ᠠᠷᠳᠠᠯᠭ᠎ᠠ ᠵᠢ ᠬᠦᠨᠵᠡᠬᠡᠢ ᠳᠤᠳᠤᠷᠬᠠᠢ᠍ᠢ᠍ᠯᠠᠨ ᠦᠬᠦᠯᠠᠵᠤ᠂ ᠰᠢᠨ᠎ᠠ ᠬᠦᠭᠵᠢᠯᠳᠠ ᠵᠢᠨ ᠱᠠᠳᠤᠨ᠎ᠳᠤ 《ᠬᠦᠳᠡᠬᠡ ᠠᠵᠤ ᠠᠬᠤᠢ ᠬᠦᠳᠡᠬᠡ ᠲᠤᠰᠬᠤᠨ ᠲᠠᠷᠢᠶᠠᠴᠢᠨ》᠎ᠤ ᠠᠵᠢᠯ᠎ᠢ ᠰᠠᠢ᠍ᠢ᠍ᠳᠤᠷ ᠬᠢᠬᠦ ᠵᠢᠨ ᠠᠯᠢ ᠤᠯᠠᠨ ᠴᠢᠬᠤᠯᠠ ᠶᠡᠬᠡ ᠤᠨᠤᠯ ᠪᠤᠯᠤᠨ ᠤᠢ᠍ᠢ᠍ᠯᠡᠳᠤᠯᠬᠡ ᠵᠢᠨ ᠠᠰᠠᠭᠤᠯᠳᠠ ᠵᠢ ᠰᠢᠨᠵᠢᠯᠡᠬᠦ ᠤᠬᠠᠭ᠋ᠠᠨᠴᠢ᠎ᠪᠠᠷ ᠬᠠᠷᠢᠭᠤᠯᠵᠠᠢ᠃ ᠡᠨᠡ᠎ᠨᠢ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠬᠡᠳᠬᠡᠨ᠂ ᠬᠦᠴᠤᠨ ᠵᠶ᠋ᠠᠨ ᠨᠢᠬᠳᠠᠷᠠᠭᠤᠯᠵᠤ᠂ ᠰᠢᠨ᠎ᠠ ᠴᠠᠭ ᠦᠶ᠎ᠠ ᠵᠢᠨ 《ᠬᠦᠳᠡᠬᠡ ᠠᠵᠤ ᠠᠬᠤᠢ ᠬᠦᠳᠡᠬᠡ ᠲᠤᠰᠬᠤᠨ ᠲᠠᠷᠢᠶᠠᠴᠢᠨ》᠎ᠤ ᠠᠵᠢᠯ᠎ᠢ ᠰᠠᠢ᠍ᠢ᠍ᠳᠤᠷ ᠬᠢᠬᠦ᠎ᠳᠤ ᠲᠤᠢ᠍ᠢ᠍ᠯ᠎ᠤᠨ ᠴᠢᠬᠤᠯᠠ ᠵᠢᠯᠤᠭᠤᠳᠬᠤ ᠠᠴᠢ ᠬᠤᠯᠪᠤᠬᠳᠠᠯ᠎ᠲᠠᠢ ᠶᠤᠮ᠃ ᠨᠠᠷᠢᠨ ᠬᠢᠨᠠᠮᠠᠭ᠋ᠠᠢ ᠰᠤᠷᠤᠯᠴᠠᠨ ᠤᠢ᠍ᠢ᠍ᠯᠠᠭ᠋ᠠᠵᠤ᠂ ᠰᠢ ᠵᠢᠨ ᠫᠢᠩ᠎ᠤᠨ ᠰᠢᠨ᠎ᠠ ᠴᠠᠬ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢ᠍ᠢ᠍ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂ ᠠᠵᠢᠯ᠎ᠤᠨ ᠪᠤᠳᠠᠳᠤ ᠪᠠᠢ᠍ᠢ᠍ᠳᠠᠯ᠎ᠲᠠᠢ᠎ᠪᠠᠨ ᠤᠶᠠᠯᠳᠤᠭᠤᠯᠤᠨ᠂ ᠬᠦᠳᠡᠬᠡ ᠠᠵᠤ ᠠᠬᠤᠢ ᠬᠦᠳᠡᠬᠡ ᠲᠤᠰᠬᠤᠨ᠎ᠢ ᠤᠷᠢᠳ ᠵᠶ᠋ᠠᠷ ᠬᠦᠭᠵᠢᠬᠦᠯᠬᠦ᠎ᠪᠠᠷ ᠭᠤᠤᠯᠳᠠᠭᠤᠯᠵᠤ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠂ ᠬᠦᠳᠡᠬᠡ ᠠᠵᠤ ᠠᠬᠤᠢ ᠬᠦᠳᠡᠬᠡ ᠲᠤᠰᠬᠤᠨ᠎ᠤ ᠤᠳᠤᠬᠢᠴᠢᠯᠠᠯᠳᠠ ᠵᠢ ᠲᠦᠷᠬᠡᠳᠬᠡᠵᠤ᠂ ᠲᠠᠷᠠᠭ᠎ᠠ ᠵᠢᠯ ᠵᠢᠴᠢ 《ᠠᠷᠪᠠᠨ ᠲᠦᠷᠪᠡᠳᠤᠭᠡᠷ ᠲᠠᠪᠤᠨ ᠵᠢᠯ》᠎ᠤᠨ ᠬᠤᠭᠤᠴᠠᠭ᠋ᠠᠨ᠎ᠤ 《ᠬᠦᠳᠡᠬᠡ ᠠᠵᠤ ᠠᠬᠤᠢ ᠬᠦᠳᠡᠬᠡ ᠲᠤᠰᠬᠤᠨ ᠲᠠᠷᠢᠶᠠᠴᠢᠨ》᠎ᠤ ᠠᠵᠢᠯ᠎ᠢ ᠰᠠᠢ᠍ᠢ᠍ᠳᠤᠷ ᠬᠢᠵᠤ᠂ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠪᠠᠢ᠍ᠢ᠍ᠷᠢᠯᠠᠭᠤᠯᠤᠯᠳᠠ ᠵᠢ ᠰᠠᠢ᠍ᠢ᠍ᠳᠤᠷ ᠨᠠᠢ᠌ᠳᠠᠪᠤᠷᠢᠵᠢᠭᠤᠯᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠬᠡᠰᠢᠬᠦᠨ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠲᠡᠳ᠋ ᠶᠠᠷᠤᠩᠬᠡᠢ ᠰᠠᠢ᠍ᠢ᠍ᠳ ᠬᠤ᠌ ᠴᠦᠨ ᠬᠤᠸᠠ ᠳ᠋ᠦᠩᠨᠡᠯᠳᠠ ᠵᠢᠨ ᠶᠠᠷᠢᠶᠠᠠ᠎ᠳᠠᠭᠠᠨ᠂ ᠶᠠᠷᠤᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠤᠯ ᠰᠢᠨ᠎ᠠ ᠬᠦᠭᠵᠢᠯᠳᠠ ᠵᠢᠨ ᠱᠠᠳᠤᠨ᠎ᠳᠤ 《ᠬᠦᠳᠡᠬᠡ ᠠᠵᠤ ᠠᠬᠤᠢ ᠬᠦᠳᠡᠬᠡ ᠲᠤᠰᠬᠤᠨ ᠲᠠᠷᠢᠶᠠᠴᠢᠨ》᠎ᠤ ᠠᠵᠢᠯ᠎ᠢ ᠰᠠᠢ᠍ᠢ᠍ᠳᠤᠷ ᠬᠢᠬᠦ ᠠᠵᠢᠯᠯᠠᠭ᠋ᠠᠨ᠎ᠤ ᠬᠦᠳᠤᠯᠪᠤᠷᠢ ᠪᠠ ᠦᠨᠳᠤᠰᠤᠨ ᠵᠢᠷᠤᠮᠯᠠᠯ ᠪᠤᠯᠤᠨ᠎ᠠ᠃ ᠶᠠᠷᠤᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ ᠨᠠᠢ᠍ᠢ᠍ᠳᠠᠪᠤᠷᠢᠵᠢᠭᠤᠯᠤᠨ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠵᠢ ᠱᠠᠯᠠᠪᠳᠠᠨ ᠲᠦᠯᠦᠪᠵᠢᠭᠦᠯᠵᠦ᠂ ᠶᠠᠳᠠᠭᠤ᠎ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠤᠭᠰᠠᠨ ᠦᠷ᠎ᠠ ᠪᠦᠲᠦᠭᠡᠯ᠎ᠢ ᠪᠡᠬᠢᠵᠢᠭᠦᠯᠦᠨ ᠦᠷᠬᠡᠳᠬᠡᠬᠦ ᠵᠢ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ᠎ᠲᠠᠢ ᠪᠦᠳᠤᠮᠵᠢᠳᠠᠢ ᠵᠤᠯᠭ᠋ᠠᠭᠤᠯᠬᠤ ᠵᠢ ᠰᠠᠢ᠍ᠢ᠍ᠳᠦᠷ ᠬᠢᠵᠦ᠂ ᠠᠮᠤ ᠪᠤᠳᠠᠭ᠎ᠠ ᠪᠤᠯᠤᠨ ᠬᠦᠳᠡᠭᠡ ᠠᠵᠤ ᠠᠬᠤᠢ ᠵᠢᠨ ᠴᠢᠬᠤᠯᠠ ᠳᠠᠭ᠋ᠠᠯᠳᠠ ᠪᠦᠲᠦᠭᠡᠭᠳᠡᠭᠦᠨ᠎ᠤ ᠤᠢ᠍ᠢ᠍ᠯᠡᠳᠪᠤᠷᠢᠯᠡᠯ ᠬᠠᠩᠭ᠋ᠠᠯᠭ᠎ᠠ ᠵᠢ ᠰᠠᠢ᠍ᠢ᠍ᠳᠤᠷ ᠠᠳᠬᠤᠵᠤ᠂ ᠬᠦᠳᠡᠬᠡ ᠲᠤᠰᠬᠤᠨ᠎ᠤ ᠠᠵᠤ ᠤᠢ᠍ᠢ᠍ᠯᠡᠰ᠎ᠢ ᠲᠦᠷᠭᠡᠳᠭᠡᠨ ᠬᠦᠭᠵᠢᠬᠦᠯᠵᠤ᠂ ᠤᠳᠤ ᠦᠶ᠎ᠠ ᠵᠢᠨ ᠬᠦᠳᠡᠬᠡ ᠠᠵᠤ ᠠᠬᠤᠢ ᠵᠢᠨ ᠬᠦᠭᠵᠢᠯᠳᠠ ᠵᠢᠨ ᠦᠨᠳᠦᠰᠦᠨ ᠲᠤᠯᠭ᠋ᠠᠭᠤᠷᠢᠯᠠᠯ᠎ᠢ ᠪᠡᠬᠢᠵᠢᠬᠦᠯᠤᠨ᠂ ᠲᠠᠷᠢᠮᠠᠯ᠎ᠤᠨ ᠦᠷ᠎ᠠ ᠵᠢᠨ ᠦᠢ᠍ᠯᠡᠰ᠎ᠤᠨ ᠪᠡᠶ᠎ᠠ᠎ᠪᠠᠨ ᠳᠠᠭ᠋ᠠᠭ᠋ᠠᠬᠤ ᠲᠠᠢ᠍ᠢ᠍ᠯᠠᠯᠳᠤᠭ᠋ᠠᠨ᠎ᠢ ᠡᠷᠡᠰ ᠰᠠᠢ᠍ᠢ᠍ᠳᠤᠷ ᠬᠢᠵᠦ᠂ ᠬᠦᠳᠡᠬᠡ ᠲᠤᠰᠬᠤᠨ᠎ᠤ ᠪᠦᠳᠤᠬᠡᠨ ᠪᠠᠢ᠍ᠢ᠍ᠭᠤᠯᠤᠯᠳᠠ ᠵᠢᠨ ᠠᠵᠢᠯᠯᠠᠭ᠎ᠠ ᠵᠢ ᠪᠦᠬᠦ ᠲᠠᠯ᠎ᠠ᠎ᠪᠠᠷ ᠡᠬᠢᠯᠡᠬᠦᠯᠵᠤ᠂ ᠬᠤᠰᠢᠭᠤ ᠰᠢᠶᠠᠨ᠎ᠤ ᠬᠡᠪᠴᠢᠶᠠᠨ᠎ᠳᠠᠬᠢ ᠬᠤᠳᠠ ᠬᠦᠳᠡᠬᠡ ᠵᠢᠨ ᠠᠭᠤᠰᠤᠯᠴᠠᠭᠰᠠᠨ ᠬᠦᠭᠵᠢᠯᠳᠠ ᠵᠢ ᠠᠬᠢᠭᠤᠯᠵᠤ᠂ ᠬᠦᠳᠡᠬᠡ ᠲᠤᠰᠬᠤᠨ᠎ᠤ ᠵᠠᠰᠠᠯᠳᠠ ᠵᠢ ᠴᠢᠩᠭ᠋ᠠᠳᠬᠠᠨ ᠰᠠᠢ᠍ᠢ᠍ᠵᠢᠷᠠᠭᠤᠯᠵᠤ᠂ ᠵᠤᠬᠢᠶᠠᠨ ᠪᠠᠢ᠍ᠢ᠍ᠭᠤᠯᠵᠤ ᠤᠳᠤᠷᠢᠳᠬᠤ᠎ᠪᠠᠨ ᠴᠢᠩᠭ᠋ᠠᠳᠬᠠᠨ᠂ 《ᠠᠷᠪᠠᠨ ᠲᠦᠷᠪᠡᠳᠤᠭᠡᠷ ᠲᠠᠪᠤᠨ ᠵᠢᠯ》᠎ᠤᠨ ᠰᠠᠢ᠍ᠢ᠍ᠨ ᠡᠬᠢᠯᠡᠯᠳᠡ᠎ᠲᠠᠢ ᠪᠤᠯᠬᠤ ᠵᠢ ᠪᠠᠳᠤᠯᠠᠬᠤ ᠭᠡᠷᠡᠭᠳᠠᠢ ᠬᠡᠵᠤ ᠢᠯᠡᠳᠬᠡᠪᠡ᠃
      ᠬᠤᠷᠠᠯ᠎ᠠᠴᠠ 《ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ ᠬᠦᠳᠡᠬᠡ ᠠᠵᠤ ᠠᠬᠤᠢ ᠬᠦᠳᠡᠬᠡ ᠲᠤᠰᠬᠤᠨ᠎ᠤ ᠤᠳᠤᠬᠢᠴᠢᠯᠠᠯᠳᠠ ᠵᠢ ᠲᠦᠷᠬᠡᠳᠬᠡᠬᠦ ᠲᠤᠬᠠᠢ ᠨᠠᠮ᠎ᠤᠨ ᠲᠦᠪ ᠬᠤᠷᠢᠶ᠎ᠠ ᠲᠦᠷᠤ ᠵᠢᠨ ᠶᠠᠪᠤᠳᠠᠯ᠎ᠤᠨ ᠬᠤᠷᠢᠶᠠᠨ᠎ᠤ ᠰᠠᠨᠠᠯ (ᠶᠠᠷᠢᠯᠴᠠᠬᠤ ᠨᠤᠤᠷᠠᠬ)》᠎ᠢ ᠶᠠᠷᠢᠯᠴᠠᠪᠠ᠃
      ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠬᠡᠰᠡᠭ ᠬᠡᠰᠢᠬᠦᠨ᠂ ᠲᠦᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠦᠯᠤᠬᠡᠯᠡᠭᠴᠢᠳ᠎ᠤᠨ ᠶᠡᠬᠡ ᠬᠤᠷᠠᠯ᠎ᠤᠨ ᠪᠠᠢ᠍ᠢ᠍ᠩᠭᠤ ᠵᠢᠨ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠂ ᠪᠦᠬᠦ ᠤᠯᠤᠰ᠎ᠤᠨ ᠤᠯᠤᠰ ᠲᠦᠷᠤ ᠵᠢᠨ ᠵᠦᠪᠯᠡᠯᠬᠡᠨ᠎ᠤ ᠬᠤᠯᠪᠤᠬᠳᠠᠯ ᠪᠦᠬᠦᠢ ᠤᠳᠤᠷᠢᠳᠬᠤ ᠨᠦᠬᠦᠳ ᠬᠤᠷᠠᠯ᠎ᠳᠤ ᠤᠷᠤᠯᠴᠠᠵᠠᠢ᠃
      ᠲᠦᠪ᠎ᠤᠨ ᠬᠦᠳᠡᠬᠡ ᠲᠤᠰᠬᠤᠨ᠎ᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠪᠦᠷᠢᠯᠳᠤᠬᠦᠨ᠂ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠪᠤᠯᠤᠨ ᠲᠤᠰᠠᠭ᠋ᠠᠷ ᠲᠦᠯᠤᠪᠯᠡᠬᠡᠳᠤ ᠬᠤᠳᠠ᠂ ᠰᠢᠨᠵᠢᠶᠠᠩ᠎ᠤᠨ ᠤᠢ᠍ᠢ᠍ᠯᠡᠳᠪᠤᠷᠢᠯᠡᠯ ᠪᠦᠳᠤᠬᠡᠨ ᠪᠠᠢ᠍ᠢ᠍ᠭᠤᠯᠤᠯᠳᠠ ᠵᠢᠨ ᠪᠢᠩᠲ᠋ᠤᠸᠠᠨ᠎ᠤ ᠨᠠᠮ ᠵᠠᠰᠠᠬ᠎ᠤᠨ ᠭᠤᠤᠯ ᠬᠠᠷᠢᠭᠤᠴᠠᠯᠭ᠋ᠠᠳᠠᠨ ᠨᠦᠬᠦᠳ ᠪᠤᠯᠤᠨ ᠬᠦᠳᠡᠬᠡ ᠠᠵᠤ ᠠᠬᠤᠢ ᠬᠦᠳᠡᠬᠡ ᠲᠤᠰᠬᠤᠨ᠎ᠤ ᠠᠵᠢᠯ᠎ᠢ ᠬᠤᠪᠢᠳᠠᠨ ᠬᠠᠮᠢᠶᠠᠷᠴᠤ ᠪᠠᠢ᠍ᠢ᠍ᠭ᠎ᠠ ᠬᠠᠷᠢᠭᠤᠴᠠᠯᠭ᠋ᠠᠳᠠᠨ ᠨᠦᠬᠦᠳ᠂ ᠲᠦᠪ᠎ᠤᠨ ᠪᠠ ᠲᠦᠷᠤ ᠵᠢᠨ ᠪᠠᠢ᠍ᠢ᠍ᠭᠤᠯᠭ᠎ᠠ ᠵᠢᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠬᠤᠯᠪᠤᠬᠳᠠᠯ ᠪᠦᠬᠦᠢ ᠠᠷᠠᠳ᠎ᠤᠨ ᠪᠦᠯᠬᠦᠮ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠪᠠᠢ᠍ᠢ᠍ᠭᠤᠯᠭ᠎ᠠ ᠵᠢᠨ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠨᠦᠬᠦᠳ ᠵᠡᠷᠬᠡ ᠬᠤᠷᠠᠯ᠎ᠳᠤ ᠤᠷᠤᠯᠴᠠᠪᠠ᠃ ᠬᠤᠷᠠᠯ᠎ᠨᠢ ᠲᠸᠯᠸᠢᠰ ᠤᠳᠠᠰᠤ ᠬᠤᠷᠠᠯ᠎ᠤᠨ ᠬᠡᠯᠪᠡᠷᠢ᠎ᠪᠠᠷ ᠶᠠᠪᠤᠬᠳᠠᠵᠤ᠂ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠪᠤᠯᠤᠨ ᠰᠢᠨᠵᠢᠶᠠᠩ᠎ᠤᠨ ᠤᠢ᠍ᠢ᠍ᠯᠡᠳᠪᠤᠷᠢᠯᠡᠯ ᠪᠦᠳᠤᠬᠡᠨ ᠪᠠᠢ᠍ᠢ᠍ᠭᠤᠯᠤᠯᠳᠠ ᠵᠢᠨ ᠪᠢᠩᠲ᠋ᠤᠸᠠᠨ᠎ᠳᠤ ᠬᠤᠪᠢᠶᠠᠷᠢ ᠬᠤᠷᠠᠯ᠎ᠤᠨ ᠲᠠᠯᠠᠪᠠᠢ ᠭᠠᠷᠭ᠋ᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠄ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠤᠨ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠵᠤ ᠠᠵᠤ ᠠᠬᠤᠢ ᠨᠡᠢ᠍ᠢ᠍ᠭᠡᠮ᠎ᠤᠨ ᠴᠢᠨᠠᠷ ᠰᠠᠢ᠍ᠢ᠍ᠳᠠᠢ ᠬᠦᠭᠵᠢᠯᠳᠠ ᠦᠷᠬᠦᠯᠵᠢᠯᠡᠬᠦ ᠬᠦᠭᠵᠢᠯᠳᠠ ᠵᠢ ᠠᠬᠢᠭᠤᠯᠬᠤ ᠭᠡᠷᠡᠭᠲᠡᠢ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ᠎ᠢ ᠡᠷᠭᠢᠯᠡᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠬᠥᠲᠥᠯᠪᠦᠷᠢ ᠵᠢᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠴᠠᠬᠢᠯᠭ᠋ᠠᠨ ᠴᠢᠮᠡᠬᠡ ᠢᠯᠡᠬᠡᠵᠥ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠡᠮᠤᠨ᠎ᠡ᠎ᠠᠴᠠ ᠰᠠᠷᠠᠨ ᠪᠥᠮᠪᠥᠷᠴᠡᠭ᠎ᠢ ᠬᠠᠶ᠋ᠢᠨ ᠰᠢᠨᠵᠢᠯᠡᠬᠦ ᠢᠨᠵᠧᠨᠧᠷᠢᠩ᠎ᠤᠨ ᠴᠠᠩ ᠧ ᠲᠠᠪᠤᠳᠤᠭ᠋ᠠᠷ᠎ᠤᠨ ᠡᠭᠦᠷᠭᠡ ᠲᠡᠭᠦᠰ ᠠᠮᠵᠢᠯᠲᠠ ᠣᠯᠤᠭᠰᠠᠨ᠎ᠳᠤ ᠪᠠᠶᠠᠷ ᠬᠦᠷᠭᠡᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ᠎ᠢ ᠬᠦᠴᠦᠨ᠎ᠲᠠᠢ ᠪᠣᠯᠭ᠋ᠠᠨ ᠬᠡᠷᠡᠭᠵᠢᠭᠦᠯᠬᠦ ᠬᠣᠯᠪᠣᠭᠳᠠᠯ ᠪᠦᠬᠦᠢ ᠠᠵᠢᠯ᠎ᠢ ᠲᠦᠷᠭᠡᠪᠴᠢᠯᠡᠨ ᠰᠠᠶ᠋ᠢᠲᠤᠷ ᠬᠢᠬᠦ ᠲᠤᠬᠠᠢ ᠪᠠᠢ᠌ᠷᠢᠯᠠᠭᠤᠯᠤᠯᠲᠠ ᠬᠢᠪᠡ
 
            