ᠰᠢᠨᠬᠤᠸᠠ ᠬᠤᠷᠢᠶᠠᠨ᠎ᠤ ᠪᠡᠭᠡᠵᠢᠩ᠎ᠤᠨ 12 ᠰᠠᠷ᠎ᠠ ᠵᠢᠨ 1᠎ᠤ ᠴᠠᠬᠢᠯᠭ᠋ᠠᠨ ᠮᠡᠳᠡᠭᠡ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ 11 ᠰᠠᠷ᠎ᠠ ᠵᠢᠨ 30᠎ᠤ ᠦᠳᠡ ᠵᠢᠨ ᠬᠤᠢ᠍ᠢ᠍ᠨ᠎ᠠ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠡᠳᠦᠪ ᠵᠶ᠋ᠠᠷ ᠬᠤᠷᠢᠨ ᠳᠠᠪᠤᠳᠤᠭ᠋ᠠᠷ ᠤᠳᠠᠭ᠎ᠠ ᠵᠢᠨ ᠬᠠᠮᠳᠦ ᠵᠢᠨ ᠰᠤᠷᠤᠯᠴᠠᠯᠭ᠎ᠠ ᠬᠢᠪᠠ᠃ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠨᠢ ᠤᠯᠤᠰ᠎ᠤᠨ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ᠎ᠲᠠᠢ ᠬᠤᠯᠪᠤᠭᠳᠠᠵᠦ᠂ ᠴᠢᠨᠠᠷ ᠰᠠᠢ᠍ᠢ᠍ᠳᠠᠢ ᠬᠦᠭᠵᠢᠯᠳᠠ᠎ᠲᠠᠢ ᠬᠤᠯᠪᠤᠭᠳᠠᠨ᠂ ᠠᠷᠠᠳ᠎ᠤᠨ ᠠᠮᠢᠳᠤᠷᠠᠯ᠎ᠤᠨ ᠵᠤᠯ ᠵᠢᠷᠭ᠋ᠠᠯ᠎ᠲᠠᠢ ᠬᠤᠯᠪᠤᠭᠳᠠᠵᠦ᠂ ᠤᠯᠤᠰ᠎ᠤᠨ ᠭᠠᠳᠠᠭ᠋ᠠᠳᠦ ᠨᠡᠭᠡᠭᠡᠯᠳᠠ ᠵᠢᠨ ᠶᠡᠭᠡ ᠲᠠᠯ᠎ᠠ᠎ᠲᠠᠢ ᠬᠤᠯᠪᠤᠭᠳᠠᠨ᠂ ᠤᠯᠤᠰ᠎ᠤᠨ ᠠᠮᠤᠷ ᠲᠦᠪᠰᠢᠨ᠎ᠲᠠᠢ ᠬᠤᠯᠪᠤᠭᠳᠠᠨ᠎ᠠ᠃ ᠨᠡᠢ᠍ᠢ᠍ᠭᠡᠮ ᠵᠢᠷᠤᠮᠳᠦ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠍ᠢ᠍ᠭᠤᠯᠬᠤ᠎ᠳᠤ ᠡᠷᠭᠡᠪᠰᠢ ᠤᠯᠤᠰ᠎ᠤᠨ ᠪᠠᠢ᠍ᠢ᠍ᠯᠳᠤᠬᠤ ᠪᠤᠳᠤᠯᠭ᠎ᠠ ᠵᠢᠨ ᠦᠨᠳᠦᠷᠴᠡ ᠪᠤᠯᠤᠨ ᠰᠢᠨ᠎ᠠ ᠬᠦᠭᠵᠢᠯᠳᠠ ᠵᠢᠨ ᠱᠠᠳᠤᠨ᠎ᠳᠤ ᠤᠷᠤᠬᠰᠠᠨ ᠱᠠᠭ᠋ᠠᠷᠳᠠᠯᠭ᠎ᠠ᠎ᠠᠴᠠ ᠡᠬᠦᠰᠴᠦ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ᠂ ᠤᠳᠤᠬᠢᠴᠢᠯᠠᠬᠰᠠᠨ ᠠᠵᠤ ᠠᠬᠤᠢ ᠵᠢᠨ ᠰᠢᠰᠲᠸᠮ᠎ᠢ ᠪᠠᠢ᠍ᠢ᠍ᠭᠤᠯᠬᠤ ᠵᠢ ᠠᠬᠢᠭᠤᠯᠵᠦ᠂ ᠪᠦᠬᠦ ᠨᠡᠢ᠍ᠢ᠍ᠭᠡᠮ᠎ᠤᠨ ᠰᠢᠨ᠎ᠠ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠨ᠂ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
ᠪᠡᠭᠡᠵᠢᠩ ᠶᠡᠭᠡ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠫᠷᠦᠹᠸᠰᠰᠤᠷ᠂ ᠪᠡᠭᠡᠵᠢᠩ ᠶᠡᠭᠡ ᠰᠤᠷᠭ᠋ᠠᠭᠤᠯᠢ ᠵᠢᠨ ᠤᠯᠠᠨ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠰᠤᠳᠤᠯᠭ᠋ᠠᠨ᠎ᠤ ᠲᠦᠪ᠎ᠤᠨ ᠡᠷᠬᠢᠯᠡᠭᠴᠢ ᠢ ᠵᠢᠢ ᠮᠢᠩ ᠡᠨᠡ ᠬᠦ᠌ ᠠᠰᠠᠭᠤᠳᠠᠯ᠎ᠤᠨ ᠲᠤᠬᠠᠢ ᠲᠠᠢ᠍ᠢ᠍ᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠲᠦᠪ᠎ᠤᠨ ᠤᠯᠤᠰ ᠲᠦᠷᠦ ᠵᠢᠨ ᠲᠤᠪᠴᠢᠶᠠᠨ᠎ᠤ ᠨᠦᠬᠦᠳ ᠲᠡᠬᠦᠨ᠎ᠤ ᠲᠠᠢ᠍ᠢ᠍ᠯᠤᠮᠵᠢ ᠵᠢ ᠨᠠᠷᠢᠨ ᠬᠢᠨᠠᠮᠠᠭ᠋ᠠᠢ ᠰᠤᠨᠤᠰᠤᠭᠰᠠᠨ ᠪᠦᠬᠡᠳ ᠶᠠᠷᠢᠯᠴᠠᠭ᠎ᠠ ᠦᠷᠨᠢᠬᠦᠯᠵᠡᠢ᠃
ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ ᠦᠶ᠎ᠠ᠎ᠳᠤ ᠶᠠᠷᠢᠶ᠎ᠠ ᠲᠠᠯᠪᠢᠪᠠ᠃ ᠲᠡᠷᠡ᠂ ᠰᠢᠨ᠎ᠠ ᠡᠬᠦᠳᠤᠯᠳᠠ ᠪᠤᠯ ᠬᠦᠭᠵᠢᠯᠳᠠ ᠵᠢ ᠬᠦᠳᠦᠯᠦᠨ ᠳᠠᠭ᠋ᠠᠭᠤᠯᠬᠤ ᠨᠢᠭᠡᠳᠦᠭᠡᠷ ᠬᠦᠳᠡᠯᠭᠡᠬᠦ ᠬᠦᠴᠦᠨ ᠮᠦᠨ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠵᠦ ᠪᠠᠢ᠍ᠢ᠍ᠭ᠎ᠠ᠎ᠨᠢ ᠳᠠᠷᠤᠢ ᠰᠢᠨ᠎ᠠ ᠵᠢ ᠡᠬᠦᠳᠬᠦ ᠵᠢ ᠬᠠᠮᠠᠭ᠋ᠠᠯᠠᠵᠦ ᠪᠠᠢ᠍ᠢ᠍ᠭ᠎ᠠ ᠶᠠᠪᠤᠳᠠᠯ ᠮᠦᠨ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠳᠠᠪᠤᠳᠤᠭ᠋ᠠᠷ ᠪᠦᠬᠦᠳᠠ ᠬᠤᠷᠠᠯ᠎ᠤᠨ 《ᠰᠠᠨᠠᠭᠤᠯᠭ᠎ᠠ》᠎ᠳᠤ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠳᠤᠳᠤᠷᠬᠠᠢ ᠱᠠᠭ᠋ᠠᠷᠳᠠᠯᠭ᠎ᠠ ᠳᠤᠷᠠᠳᠴᠠᠢ᠃ ᠤᠳᠤ ᠮᠠᠨ᠎ᠤ ᠤᠯᠤᠰ ᠮᠡᠳᠡᠯᠭᠡ ᠵᠢᠨ ᠦᠮᠴᠢᠯᠡᠯ᠎ᠤᠨ ᠡᠷᠭᠡ ᠵᠢ ᠤᠷᠤᠭᠤᠯᠤᠨ ᠠᠪᠴᠢᠷᠠᠬᠤ ᠲᠤᠮᠤ ᠤᠯᠤᠰ᠎ᠠᠴᠠ᠎ᠪᠠᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠡᠬᠦᠳᠦᠨ ᠪᠦᠳᠦᠭᠡᠬᠦ ᠲᠤᠮᠤ ᠤᠯᠤᠰ ᠲᠡᠢ᠍ᠢ᠍ᠰᠢ ᠬᠤᠪᠢᠷᠠᠵᠦ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠠᠵᠢᠯ ᠲᠤᠭ᠎ᠠ ᠭᠡᠮᠵᠢᠶ᠎ᠠ ᠵᠢ ᠬᠦᠭᠡᠭᠡᠴᠡᠯᠳᠦᠵᠦ ᠪᠠᠢ᠍ᠢ᠍ᠭᠰᠠᠨ᠎ᠠᠴᠠ᠎ᠪᠠᠨ ᠶᠠᠰᠤ ᠴᠢᠨᠠᠷ᠎ᠢ ᠳᠡᠭᠡᠭᠰᠢᠯᠡᠬᠦᠯᠬᠦ ᠲᠡᠢ᠍ᠢ᠍ᠰᠢ ᠬᠤᠪᠢᠷᠠᠵᠦ ᠪᠠᠢ᠍ᠢ᠍ᠨ᠎ᠠ᠃ ᠪᠢᠳᠠ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠤᠨ ᠪᠠᠢ᠍ᠢ᠍ᠳᠠᠯ ᠪᠠ ᠡᠬᠦᠷᠭᠡ ᠵᠢ ᠳᠤᠳᠤᠷᠬᠠᠢ ᠲᠠᠨᠢᠵᠦ᠂ ᠠᠮᠵᠢᠯᠲᠠ ᠪᠦᠳᠦᠮᠵᠢ᠎ᠪᠠᠨ ᠳ᠋ᠦᠩᠨᠡᠨ᠂ ᠬᠦᠷᠦᠯᠴᠡᠬᠦ ᠦᠭᠡᠢ ᠲᠠᠯ᠎ᠠ᠎ᠪᠠᠨ ᠡᠷᠢᠵᠦ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠤᠨ ᠴᠢᠬᠤᠯᠠ ᠴᠢᠨᠠᠷ᠎ᠤᠨ ᠲᠤᠬᠠᠢ ᠲᠠᠨᠢᠯᠳᠠ᠎ᠪᠠᠨ ᠳᠡᠭᠡᠭᠰᠢᠯᠡᠬᠦᠯᠦᠨ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠠᠯ᠎ᠠ᠎ᠠᠴᠠ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠬᠤ᠂ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ᠎ᠳᠤ ᠬᠦᠴᠦᠳᠠᠢ ᠪᠠᠳᠤᠯᠠᠭ᠎ᠠ ᠬᠠᠩᠭ᠋ᠠᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠨᠢ ᠰᠢᠨ᠎ᠠ ᠳᠤᠮᠳᠠᠳᠤ ᠤᠯᠤᠰ ᠪᠠᠢ᠍ᠢ᠍ᠭᠤᠯᠤᠭᠳᠠᠭᠰᠠᠨᠤ ᠳᠠᠷᠠᠭ᠎ᠠ ᠲᠡᠮᠡᠢ ᠤᠳᠠᠭᠰᠠᠨ ᠦᠭᠡᠢ᠎ᠪᠠᠷ ᠡᠬᠢᠯᠡᠵᠠᠢ᠃ ᠨᠠᠮ᠎ᠤᠨ ᠠᠷᠪᠡᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠦᠪ ᠬᠤᠷᠢᠶ᠎ᠠ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠨᠡᠩ ᠲᠤᠪᠤᠢ᠍ᠢ᠍ᠮ᠎ᠠ ᠪᠠᠢ᠍ᠢ᠍ᠷᠢᠨ᠎ᠳᠤ ᠲᠠᠯᠪᠢᠵᠦ᠂ ᠠᠯᠢ ᠤᠯᠠᠨ ᠦᠭᠡᠷᠡᠴᠢᠯᠡᠯᠳᠠ ᠵᠢ ᠪᠠᠢ᠍ᠢ᠍ᠷᠢᠯᠠᠭᠤᠯᠤᠨ ᠠᠬᠢᠭᠤᠯᠵᠦ᠂ ᠠᠯᠢ ᠤᠯᠠᠨ ᠴᠢᠬᠤᠯᠠ ᠶᠡᠭᠡ ᠲᠦᠷᠦ ᠵᠢᠨ ᠪᠤᠳᠤᠯᠭ᠎ᠠ᠂ ᠠᠵᠢᠯᠯᠠᠭ᠎ᠠ ᠪᠠ ᠲᠦᠯᠤᠪᠵᠢᠬᠦᠯᠭᠡ ᠵᠢ ᠲᠤᠭᠲᠠᠭ᠋ᠠᠨ ᠨᠡᠢ᠍ᠢ᠍ᠳᠡᠯᠡᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠲᠦᠷᠢᠮ᠎ᠢ ᠴᠢᠩᠭ᠎ᠠ ᠭᠡᠷᠡᠭᠵᠢᠬᠦᠯᠤᠨ᠂ ᠬᠠᠤᠯᠢ ᠶᠤᠰᠤᠨ᠎ᠤ ᠡᠷᠭᠡ ᠠᠰᠢᠬᠲᠤ ᠬᠠᠯᠳᠠᠭᠰᠠᠨ᠂ ᠢᠯᠠᠩᠭᠤᠶ᠎ᠠ ᠮᠡᠳᠡᠯᠭᠡ ᠵᠢᠨ ᠦᠮᠴᠢᠯᠡᠯ᠎ᠤᠨ ᠡᠷᠭᠡ᠎ᠳᠤ ᠬᠠᠯᠳᠠᠭᠰᠠᠨ ᠠᠵᠢᠯᠯᠠᠭ᠎ᠠ ᠵᠢ ᠡᠷᠡᠰ ᠴᠢᠨᠭᠭ᠎ᠠ᠎ᠪᠠᠷ ᠬᠠᠤᠯᠢ ᠶᠤᠰᠤᠭ᠋ᠠᠷ ᠵᠠᠯᠬᠠᠭ᠋ᠠᠨ ᠰᠢᠢ᠍ᠳᠭᠡᠪᠡ᠃ ᠶᠡᠷᠦᠩᠭᠡᠢ᠎ᠳᠤᠨᠢ ᠠᠪᠴᠦ ᠦᠵᠡᠪᠡᠯ᠂ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠦᠢ᠍ᠯᠡᠰ ᠳᠠᠰᠤᠷᠠᠯᠳᠠ ᠦᠭᠡᠢ ᠬᠦᠭᠵᠢᠵᠦ᠂ ᠳᠤᠮᠳᠠᠳᠤ ᠤᠯᠤᠰ᠎ᠤᠨ ᠤᠨᠴᠠᠯᠢᠭ᠎ᠲᠠᠢ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠦᠭᠵᠢᠯᠳᠠ ᠵᠢᠨ ᠵᠠᠮ ᠵᠶ᠋ᠠᠷ ᠵᠠᠮᠨᠠᠨ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ ᠲᠡᠦᠭᠡᠳᠦ ᠴᠢᠨᠠᠷᠳᠠᠢ ᠠᠮᠵᠢᠯᠳᠠ ᠤᠯᠵᠦ᠂ ᠪᠦᠬᠦ ᠨᠡᠢ᠍ᠢ᠍ᠭᠡᠮ ᠵᠶ᠋ᠠᠷ ᠵᠶ᠋ᠠᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠦᠨᠳᠦᠳᠭᠡᠨ ᠬᠠᠮᠠᠭ᠋ᠠᠯᠠᠬᠤ ᠤᠬᠠᠮᠰᠠᠷ ᠮᠡᠳᠡᠭᠳᠡᠮ᠎ᠠ ᠳᠡᠭᠡᠭᠰᠢᠯᠡᠵᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠦᠵᠦ ᠲᠥᠯᠥᠪᠯᠡᠭᠡ ᠵᠢ ᠴᠢᠩᠭ᠋ᠠᠳᠬᠠᠬᠤ ᠬᠡᠷᠡᠭᠲᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠪᠠ ᠬᠡᠷᠡᠭᠯᠡᠬᠦ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠵᠤ᠂ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠵᠢᠷᠤᠭ ᠲᠥᠯᠥᠪᠯᠡᠭᠡ ᠵᠢ ᠲᠣᠳᠣᠷᠬᠠᠶ᠋ᠢᠯᠠᠬᠤ ᠬᠡᠷᠡᠭᠲᠡᠶ᠃ ᠮᠠᠨ᠎ᠤ ᠤᠯᠤᠰᠤᠨᠬᠢᠪᠠᠷ ᠭᠣᠣᠯ ᠪᠣᠯᠭ᠋ᠠᠬᠤ᠂ ᠠᠷᠠᠳ ᠲᠦᠮᠡᠨ᠎ᠤ ᠠᠰᠢᠭ ᠲᠤᠰᠠ ᠵᠢ ᠳᠡᠭᠡᠳᠦᠯᠡᠬᠦ᠂ ᠲᠥᠪ ᠭᠣᠣᠯᠴᠢ ᠵᠦᠢ ᠵᠣᠬᠢᠰᠲᠠᠢ᠎ᠪᠠᠷ ᠬᠠᠮᠠᠭ᠋ᠠᠯᠠᠬᠤ ᠵᠢ ᠪᠠᠷᠢᠮᠲᠠᠯᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠴᠢᠩᠭ᠎ᠠ ᠬᠠᠮᠠᠭ᠋ᠠᠯᠠᠬᠤ ᠮᠥᠷᠲᠡᠭᠡᠨ ᠪᠠᠰᠠ ᠤᠯᠠᠨ ᠨᠡᠶ᠋ᠢᠲᠡ ᠵᠢᠨ ᠠᠰᠢᠭ ᠲᠤᠰᠠ ᠵᠢ ᠦᠨᠡᠨ ᠬᠦ᠌ ᠪᠠᠲᠤᠯᠠᠬᠤ ᠪᠠ ᠰᠢᠨ᠎ᠡ ᠵᠢ ᠡᠭᠦᠳᠬᠦ ᠵᠢ ᠤᠷᠮᠠᠰᠢᠭᠤᠯᠬᠤ ᠵᠢ ᠵᠡᠷᠭᠡ᠎ᠪᠠᠷ ᠬᠦᠢ᠍ᠴᠡᠳᠬᠡᠬᠦ ᠭᠡᠷᠡᠭᠳᠠᠢ᠃ ᠵᠠᠩᠭᠢᠯᠠᠭ᠎ᠠ ᠵᠢᠨ ᠬᠦᠷᠢᠶᠡᠨ᠎ᠳᠠᠬᠢ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠯᠲᠡ ᠪᠠ ᠨᠥᠭᠡᠴᠡᠯᠡᠯᠲᠡ ᠵᠢ ᠴᠢᠩᠭ᠋ᠠᠳᠬᠠᠬᠤ ᠬᠡᠷᠡᠭᠲᠡᠶ ᠬᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠬᠠᠤᠯᠢᠵᠢᠯ᠎ᠤᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠢᠷᠭᠡᠨ᠎ᠤ ᠬᠠᠤᠯᠢ ᠵᠢᠨ ᠪᠢᠴᠢᠭ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠵᠢᠨ ᠬᠠᠮᠲᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠷᠭᠡᠬᠡᠨ ᠲᠡᠭᠦᠯᠳᠡᠷᠵᠢᠭᠦᠯᠵᠤ᠂ ᠲᠤᠰᠬᠠᠶ ᠠᠰᠢᠭ᠎ᠤᠨ ᠬᠠᠤᠯᠢ᠂ ᠲᠠᠸᠠᠷ᠎ᠤᠨ ᠲᠡᠮᠳᠡᠭ᠎ᠤᠨ ᠬᠠᠤᠯᠢ᠂ ᠵᠤᠬᠢᠶᠠᠨ ᠪᠦᠳᠦᠭᠡᠬᠦ ᠡᠷᠬᠡ ᠵᠢᠨ ᠬᠠᠤᠯᠢ᠂ ᠭᠠᠬ᠍ᠴᠠᠭ᠋ᠠᠷ ᠡᠵᠡᠮᠰᠢᠬᠦ ᠵᠢ ᠡᠰᠡᠷᠭᠦᠴᠡᠬᠦ ᠬᠠᠤᠯᠢ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠪᠰᠢᠯᠳᠠ ᠵᠢᠨ ᠬᠠᠤᠯᠢ ᠵᠡᠷᠭᠡ᠎ᠳᠤ ᠵᠠᠰᠠᠪᠤᠷᠢ ᠣᠷᠣᠭᠤᠯᠬᠤ ᠠᠵᠢᠯ᠎ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ᠬᠠᠤᠯᠢ ᠴᠠᠭ᠋ᠠᠵᠠ ᠵᠢᠨ ᠬᠣᠭᠣᠷᠣᠨᠳᠣᠬᠢ ᠨᠢᠭᠡᠳᠦᠯᠲᠦ ᠴᠢᠨᠠᠷ᠎ᠢ ᠴᠢᠩᠭ᠋ᠠᠳᠬᠠᠬᠤ ᠭᠡᠷᠡᠭᠳᠠᠢ᠃ ᠭᠠᠵᠠᠷ ᠵᠦᠢ ᠵᠢᠨ ᠢᠯᠡᠷᠭᠡᠢ᠍ᠢ᠍ᠯᠡᠯᠳᠦ᠂ ᠬᠤᠳᠠᠯᠳᠤᠭ᠋ᠠᠨ᠎ᠤ ᠨᠢᠭᠤᠴᠠ ᠵᠡᠷᠭᠡ ᠬᠦᠷᠢᠶᠡᠨ᠎ᠳᠠᠬᠢ ᠬᠠᠤᠯᠢ ᠲᠣᠭᠲᠠᠭ᠋ᠠᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠢᠷᠭᠡᠨ᠎ᠤ ᠬᠡᠷᠡᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠷᠡᠭ᠎ᠤᠨ ᠵᠢᠮ᠎ᠡ ᠶᠣᠰᠣᠨ᠎ᠳᠤ ᠨᠡᠶ᠋ᠢᠴᠡᠭᠰᠡᠨ ᠵᠠᠷᠭᠤ ᠵᠢᠨ ᠵᠢᠷᠤᠮᠵᠢᠯ᠎ᠢ ᠰᠤᠳᠤᠯᠤᠨ ᠲᠣᠭᠲᠠᠭ᠋ᠠᠬᠤ ᠬᠡᠷᠡᠭᠲᠡᠶ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠢᠭᠦᠨ ᠲᠠᠰᠤᠯᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠤᠯᠠᠨ ᠨᠡᠶ᠋ᠢᠲᠡ ᠵᠢᠨ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠷᠢᠮᠵᠢᠶ᠎ᠠ ᠪᠤᠯᠤᠨ ᠬᠠᠤᠯᠢ ᠴᠠᠭ᠋ᠠᠵᠠ ᠵᠢᠨ ᠲᠠᠰᠤᠯᠤᠨ ᠲᠣᠭᠲᠠᠭ᠋ᠠᠬᠤ ᠪᠠᠷᠢᠮᠵᠢᠶ᠎ᠠ ᠵᠢ ᠨᠢᠭᠡᠳᠦᠯᠲᠡᠶ ᠪᠠᠶ᠋ᠢᠯᠭ᠋ᠠᠬᠤ ᠵᠢ ᠠᠬᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠬᠠᠤᠯᠢ ᠪᠠᠷᠢᠬᠤ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃ ᠡᠷᠡᠭᠦᠤ ᠵᠢᠨ ᠬᠡᠷᠡᠭ᠎ᠤᠨ ᠬᠠᠤᠯᠢ ᠴᠠᠭ᠋ᠠᠵᠠ ᠪᠤᠯᠤᠨ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢ ᠲᠡᠭᠦᠯᠳᠡᠷᠵᠢᠭᠦᠯᠵᠦ᠂ ᠡᠷᠡᠭᠦᠤ ᠵᠢᠨ ᠬᠡᠷᠡᠭ᠎ᠲᠤ ᠴᠣᠬᠢᠯᠲᠠ ᠥᠭᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠣᠯᠠᠨ ᠲᠦᠮᠡᠨ᠎ᠤ ᠲᠤᠰᠬᠠᠯ ᠵᠶ᠋ᠠᠷ ᠴᠢᠩᠭ᠎ᠠ᠂ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠠᠩᠬᠠᠷᠤᠯ ᠲᠦᠪᠯᠡᠷᠡᠯ ᠪᠤᠯᠵᠤ ᠪᠠᠢ᠍ᠢ᠍ᠭ᠎ᠠ᠂ ᠡᠷᠬᠡ᠎ᠳᠤ ᠬᠠᠯᠳᠠᠵᠤ ᠬᠠᠭᠤᠷᠮᠠᠭᠯᠠᠨ ᠦᠢ᠍ᠯᠡᠳᠬᠦ ᠶᠠᠪᠤᠳᠠᠯ ᠣᠯᠠᠨ ᠭᠠᠷᠳᠠᠭ ᠭᠣᠤᠯᠳᠠᠯᠭ᠎ᠠ᠎ᠲᠠᠢ ᠬᠦᠷᠢᠶ᠎ᠡ ᠪᠠ ᠣᠷᠣᠨ ᠪᠦᠰᠡ᠎ᠳᠤ ᠬᠦᠴᠦᠲᠡᠶ ᠴᠣᠬᠢᠯᠲᠠ ᠥᠭᠴᠦ᠂ ᠡᠴᠦᠰ᠎ᠲᠤᠨᠢ ᠲᠤᠯᠲᠠᠯ᠎ᠠ ᠲᠦᠢ᠍ᠯᠪᠤᠷᠢᠲᠠᠢ ᠴᠡᠭᠴᠡᠯᠡᠨ ᠵᠠᠰᠠᠵᠤ᠂ ᠰᠦᠷ ᠬᠦᠴᠦᠳᠦ ᠪᠠᠢ᠍ᠢ᠍ᠳᠠᠯ ᠵᠶ᠋ᠠᠨ ᠪᠠᠳᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃
ᠰᠢ ᠵᠢᠨ ᠫᠢᠩ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠦᠬᠦ ᠬᠡᠯᠬᠢᠶᠡᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ᠃ ᠬᠠᠤᠯᠢ ᠴᠠᠭ᠋ᠠᠵᠠ᠂ ᠵᠠᠰᠠᠭ ᠵᠠᠬᠢᠷᠭ᠎ᠠ᠂ ᠠᠵᠤ ᠠᠬᠤᠶ᠂ ᠮᠡᠷᠭᠡᠵᠢᠯ᠂ ᠨᠡᠶ᠋ᠢᠭᠡᠮ᠎ᠤᠨ ᠵᠠᠰᠠᠯᠲᠠ ᠵᠡᠷᠭᠡ ᠣᠯᠠᠨ ᠵᠦᠢ᠍ᠯ᠎ᠤᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠬᠢᠨᠠᠨ ᠪᠠᠶ᠋ᠢᠴᠠᠭ᠋ᠠᠬᠤ ᠡᠷᠬᠡ ᠣᠯᠭᠣᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠬᠠᠤᠯᠢ ᠴᠠᠭ᠋ᠠᠵᠠ ᠵᠢᠨ ᠬᠠᠮᠠᠭ᠋ᠠᠯᠠᠯᠲᠠ᠂ ᠬᠥᠨᠳᠡᠯᠡᠨ᠎ᠠᠴᠠ ᠲᠠᠰᠤᠯᠬᠤ ᠡᠶᠡᠳᠡᠭᠦᠯᠭᠡ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ᠂ ᠠᠷᠠᠳ ᠢᠷᠭᠡᠨ᠎ᠤ ᠦᠨᠡᠨᠴᠢ ᠢᠲᠡᠭᠡᠮᠵᠢ ᠵᠡᠷᠭᠡ ᠭᠣᠭᠴᠣᠭ᠎ᠠ᠎ᠠᠴᠠ ᠬᠠᠮᠠᠭ᠋ᠠᠯᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠵᠤᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠨ᠂ ᠶᠡᠬᠡ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠷᠢᠰᠢᠯ᠎ᠢ ᠴᠤᠭᠴᠠᠯᠠᠬᠤ ᠭᠡᠷᠡᠭᠳᠠᠢ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ᠂ ᠦᠢ᠍ᠯᠡᠴᠢᠯᠡᠬᠦ ᠪᠦᠬᠦ ᠬᠡᠯᠬᠢᠶ᠎ᠡ ᠵᠢ ᠨᠡᠪᠲᠡᠷᠡᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠲᠡᠭᠦᠯᠳᠡᠷᠵᠢᠭᠦᠯᠤᠨ᠂ ᠰᠢᠰᠲ᠋ᠧᠮ᠎ᠲᠠᠢ᠎ᠪᠠᠷ ᠬᠠᠮᠠᠭ᠋ᠠᠯᠠᠬᠤ ᠴᠢᠳᠠᠪᠤᠷᠢ ᠵᠢ ᠴᠢᠩᠭ᠋ᠠᠳᠬᠠᠬᠤ ᠭᠡᠷᠡᠭᠳᠠᠢ᠃ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠂ ᠭᠠᠬ᠍ᠴᠠᠭ᠋ᠠᠷ ᠡᠵᠡᠮᠰᠢᠬᠦ ᠵᠢ ᠡᠰᠡᠷᠭᠦᠴᠡᠬᠦ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠬᠦᠯᠤᠨ ᠰᠠᠶ᠋ᠢᠲᠤᠷ ᠬᠢᠵᠦ᠂ ᠰᠢᠨ᠎ᠡ ᠵᠢ ᠡᠭᠦᠳᠬᠦ ᠬᠦᠴᠦᠨ ᠵᠤᠢ᠍ᠢ᠍ᠯ᠎ᠤᠨ ᠪᠡᠶ᠎ᠡ᠎ᠪᠠᠨ ᠳᠠᠭ᠋ᠠᠭ᠋ᠠᠵᠤ ᠡᠮᠬᠢ ᠵᠢᠷᠤᠮ᠎ᠲᠠᠢ᠎ᠪᠠᠷ ᠰᠢᠯᠵᠢᠬᠦ᠂ ᠥᠨᠳᠥᠷ ᠪᠦᠲᠦᠮᠵᠢᠲᠡᠶ᠎ᠪᠠᠷ ᠲᠣᠬᠢᠷᠠᠭᠤᠯᠬᠤ ᠵᠢ ᠠᠬᠢᠭᠤᠯᠬᠤ ᠬᠡᠷᠡᠭᠲᠡᠶ᠃ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠯᠳᠦᠭᠦᠯᠵᠦ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠨᠡᠩ ᠰᠠᠢ᠍ᠢ᠍ᠨ ᠬᠦᠷᠲᠡᠭᠡᠬᠦ ᠬᠡᠷᠡᠭᠲᠡᠢ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠡᠳᠡᠭᠡ ᠵᠠᠩᠭᠢᠵᠢᠭᠰᠠᠨ᠂ ᠤᠶᠤᠨᠴᠢᠯᠠᠬᠰᠠᠨ ᠰᠠᠭᠤᠷᠢ ᠲᠥᠬᠥᠭᠡᠷᠦᠮᠵᠢ ᠵᠢᠨ ᠪᠦᠳᠦᠬᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠳᠠ ᠵᠢᠨ ᠠᠵᠢᠯ᠎ᠤᠨ ᠰᠦᠯᠵᠢᠶᠡᠨ ᠳᠡᠭᠡᠷ᠎ᠠ ᠬᠢᠬᠡᠳ ᠰᠦᠯᠵᠢᠶᠡᠨ ᠭᠠᠳᠠᠨ᠎ᠠ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠶ᠃ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠵᠤ ᠥᠪᠡᠷ᠎ᠢ᠎ᠪᠠᠨ ᠱᠠᠭ᠋ᠠᠷᠳᠠᠬᠤ ᠲᠣᠭᠲᠠᠴᠠ ᠪᠠᠶ᠋ᠢᠭᠤᠯᠬᠤ ᠵᠢ ᠵᠣᠷᠢᠭᠵᠢᠭᠤᠯᠵᠤ᠂ ᠦᠨᠡᠨᠴᠢ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠶ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠦᠨᠳᠦᠳᠬᠡᠨ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠤᠨ ᠪᠠᠢ᠍ᠢ᠍ᠭᠤᠯᠤᠮᠵᠢ ᠲᠤᠬᠳᠠᠴᠠ ᠵᠢᠨ ᠦᠭᠡᠷᠡᠴᠢᠯᠡᠯᠳᠠ ᠵᠢ ᠬᠦᠨᠵᠡᠭᠡᠢ᠍ᠢ᠍ᠷᠠᠬᠦᠯᠬᠦ ᠭᠡᠷᠡᠭᠳᠠᠢ᠃ ᠨᠠᠮ᠎ᠤᠨ ᠠᠷᠪᠡᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠠ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠦᠷᠢᠶᠠᠨ᠎ᠳᠤ ᠠᠯᠢ ᠤᠯᠠᠨ ᠦᠭᠡᠷᠡᠴᠢᠯᠡᠯᠳᠠ ᠵᠢ ᠪᠠᠢ᠍ᠢ᠍ᠷᠢᠯᠠᠭᠤᠯᠤᠨ ᠠᠬᠢᠭᠤᠯᠪᠠ᠂ ᠨᠡᠢ᠍ᠢ᠍ᠳᠠᠪᠤᠷᠢᠵᠢᠭᠤᠯᠬᠤ ᠠᠵᠢᠯ᠎ᠢ ᠦᠷᠬᠦᠯᠵᠢᠯᠡᠨ ᠰᠠᠢ᠍ᠢ᠍ᠳᠤᠷ ᠠᠳᠬᠤᠬᠤ ᠭᠡᠷᠡᠭᠳᠠᠢ᠃ ᠵᠦᠷᠢᠶᠠᠴᠢᠯᠡᠭᠰᠡᠨ ᠠᠵᠤ ᠦᠢ᠍ᠯᠡᠰ ᠪᠤᠯᠤᠨ ᠤᠷᠤᠨ ᠪᠦᠰᠡ ᠵᠢᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠲᠦᠷᠦ ᠵᠢᠨ ᠪᠤᠳᠤᠯᠭ᠎ᠡ ᠵᠢ ᠰᠤᠳᠤᠯᠤᠨ ᠭᠡᠷᠡᠭᠵᠢᠬᠦᠯᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠢᠨᠡᠨ ᠪᠠᠢ᠍ᠢ᠍ᠴᠠᠭ᠋ᠠᠬᠤ ᠲᠦᠷᠢᠮ᠎ᠢ ᠲᠡᠬᠦᠯᠳᠡᠷᠵᠢᠬᠦᠯᠬᠦ ᠭᠡᠷᠡᠭᠳᠠᠢ᠃ ᠲᠤᠮᠤ ᠳ᠋ᠠᠢ᠍ᠢ᠍ᠲ᠋ᠠ᠂ ᠵᠤᠬᠢᠶᠠᠮᠠᠯ ᠤᠶᠤᠨ ᠴᠢᠳᠠᠪᠤᠷᠢ᠂ ᠭ᠋ᠸᠨᠤ ᠮᠡᠷᠭᠡᠵᠢᠯ ᠵᠡᠷᠭᠡ ᠰᠢᠨ᠎ᠡ ᠬᠦᠷᠢᠶ᠎ᠡ ᠰᠢᠨ᠎ᠡ ᠡᠵᠡᠨᠭᠨᠡᠯᠳᠠ ᠵᠢᠨ ᠬᠡᠯᠪᠡᠷᠢ ᠵᠢᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠠᠮᠠᠭ᠋ᠠᠯᠠᠯᠳᠠ ᠵᠢᠨ ᠲᠦᠷᠢᠮ᠎ᠢ ᠪᠦᠷᠢᠨᠰᠢᠬᠦᠯᠵᠤ᠂ ᠤᠯᠠᠮᠵᠢᠯᠠᠯᠳᠤ ᠰᠤᠶᠤᠯ᠂ ᠤᠯᠠᠮᠵᠢᠯᠠᠯᠳᠤ ᠮᠡᠳᠡᠯᠭᠡ ᠵᠢᠨ ᠬᠦᠷᠢᠶᠠᠨ᠎ᠳᠠᠬᠢ ᠬᠠᠮᠠᠭ᠋ᠠᠯᠠᠬᠤ ᠠᠷᠭ᠎ᠡ ᠬᠡᠮᠵᠢᠶ᠎ᠡ ᠵᠢ ᠴᠠᠭ ᠲᠤᠬᠠᠢᠳᠤᠨᠢ ᠰᠤᠳᠤᠯᠤᠨ ᠲᠤᠬᠳᠠᠭ᠋ᠠᠬᠤ ᠭᠡᠷᠡᠭᠳᠠᠢ᠃ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠰᠢᠬᠦᠨ ᠲᠠᠰᠤᠯᠤᠯᠲᠠ ᠵᠢᠨ ᠬᠦᠷᠢᠶᠠᠨ᠎ᠤ ᠦᠭᠡᠷᠡᠴᠢᠯᠡᠯᠳᠠ ᠰᠢᠨᠡᠴᠢᠯᠡᠯᠳᠠ ᠵᠢ ᠬᠦᠨᠵᠡᠭᠡᠢ᠍ᠢ᠍ᠷᠠᠬᠦᠯᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠵᠠᠭ᠋ᠠᠯᠳᠤᠯᠭᠡ ᠵᠢᠨ ᠲᠦᠷᠢᠮ᠎ᠢ ᠪᠦᠷᠢᠨᠰᠢᠬᠦᠯᠤᠨ᠂ ᠮᠡᠷᠭᠡᠵᠢᠯ᠎ᠤᠨ ᠲᠦᠷᠦᠯ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠰᠢᠬᠦᠨ ᠲᠠᠰᠤᠯᠤᠯᠲᠠ ᠵᠢ ᠲᠡᠬᠦᠯᠳᠡᠷᠵᠢᠬᠦᠯᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠶᠠᠯᠠᠯᠠᠨ ᠰᠢᠢ᠍ᠳᠭᠡᠬᠦ ᠴᠢᠨᠠᠷᠳᠠᠢ ᠲᠦᠯᠦᠪᠤᠷᠢ ᠵᠢᠨ ᠲᠦᠷᠢᠮ᠎ᠢ ᠱᠠᠯᠠᠪᠳᠠᠭᠤᠯᠤᠨ ᠨᠠᠢ᠍ᠢ᠍ᠳᠠᠪᠤᠷᠢᠵᠢᠭᠤᠯᠬᠤ ᠭᠡᠷᠡᠭᠳᠠᠢ᠃ ᠮᠡᠳᠡᠯᠭᠡ ᠵᠢᠨ ᠦᠮᠴᠢᠯᠡᠯ᠎ᠤᠨ ᠡᠷᠭᠡ ᠵᠢ ᠦᠨᠡᠯᠡᠨ ᠵᠢᠱ᠌ᠢᠬᠦ ᠰᠢᠰᠲᠸᠮ᠎ᠢ ᠪᠦᠷᠢᠨᠰᠢᠬᠦᠯᠤᠨ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠠᠷᠢᠶᠠᠯᠠᠯ᠎ᠤᠨ ᠲᠦᠷᠢᠮ᠎ᠢ ᠰᠠᠢ᠍ᠢ᠍ᠵᠢᠷᠠᠭᠤᠯᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢ ᠲᠤᠷ᠎ᠡ᠎ᠪᠠᠷ ᠭᠡᠷᠡᠭᠯᠡᠭᠦ᠎ᠠᠴᠠ ᠰᠡᠷᠭᠡᠢ᠍ᠢ᠍ᠯᠡᠬᠦ ᠬᠤᠯᠪᠤᠬᠳᠠᠯ ᠪᠦᠬᠦᠢ ᠲᠦᠷᠢᠮ᠎ᠢ ᠰᠤᠳᠤᠯᠤᠨ ᠲᠤᠬᠳᠠᠭ᠋ᠠᠬᠤ ᠭᠡᠷᠡᠭᠳᠠᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠦᠷᠢᠶᠠᠨ᠎ᠤ ᠤᠯᠠᠨ ᠤᠯᠤᠰ᠎ᠤᠨ ᠬᠠᠮᠳᠤᠷᠠᠯᠴᠠᠭ᠎ᠡ ᠪᠠ ᠦᠷᠢᠰᠦᠯᠳᠤᠭᠡᠨ᠎ᠢ ᠨᠢᠭᠡᠳᠤᠯᠳᠠᠢ ᠲᠦᠯᠦᠪᠵᠢᠬᠦᠯᠤᠨ ᠠᠬᠢᠭᠤᠯᠬᠤ ᠭᠡᠷᠡᠭᠳᠠᠢ᠃ ᠬᠦᠮᠦᠨ ᠲᠦᠷᠤᠯᠬᠢᠳᠠᠨ᠎ᠤ ᠬᠤᠪᠢ ᠵᠠᠶᠠᠭ᠋ᠠᠨ᠎ᠤ ᠬᠠᠮᠳᠤ ᠴᠤᠬ᠍ᠴᠠ ᠵᠢᠨ ᠤᠢ᠍ᠢ᠍ᠯᠠᠭ᠋ᠠᠬᠳᠠᠬᠤᠨ᠎ᠢ ᠪᠠᠷᠢᠮᠳᠠᠯᠠᠵᠤ᠂ ᠨᠡᠭᠡᠭᠡᠯᠳᠠᠳᠠᠢ ᠪᠠᠬᠳᠠᠭ᠋ᠠᠮᠵᠢᠳᠠᠢ᠂ ᠲᠠᠨᠭ᠌ᠴᠡᠬᠦᠷᠢᠳᠠᠢ ᠲᠦᠭᠡᠮᠡᠯ ᠬᠠᠷᠠᠭ᠋ᠠᠯᠵᠠᠯ᠎ᠳᠦ ᠵᠠᠷᠴᠢᠮ᠎ᠢ ᠪᠠᠷᠢᠮᠳᠠᠯᠠᠨ᠂ ᠲᠡᠯᠡᠭᠡᠢ ᠵᠢᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠵᠤᠬᠢᠶᠠᠨ ᠪᠠᠢ᠍ᠢ᠍ᠭᠤᠯᠤᠯᠳᠠ ᠵᠢᠨ ᠪᠤᠷᠤ ᠲᠦᠯᠦᠪ᠎ᠤᠨ ᠲᠤᠤᠷᠠᠬᠢ ᠪᠦᠬᠦ ᠪᠦᠮᠪᠦᠷᠴᠡᠭ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠵᠠᠰᠠᠯᠳᠠ᠎ᠳᠤ ᠬᠦᠨᠵᠡᠭᠡᠢ ᠤᠷᠤᠯᠴᠠᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠴᠢ ᠬᠤᠯᠪᠤᠬᠳᠠᠯ ᠪᠦᠬᠦᠢ ᠤᠯᠠᠨ ᠤᠯᠤᠰ᠎ᠤᠨ ᠠᠷᠠᠯᠵᠢᠶ᠎ᠡ᠂ ᠤᠯᠠᠨ ᠤᠯᠤᠰ᠎ᠤᠨ ᠪᠡᠯᠡ ᠤᠷᠤᠭᠤᠯᠤᠯᠳᠠ ᠵᠡᠷᠭᠡ ᠤᠯᠠᠨ ᠤᠯᠤᠰ᠎ᠤᠨ ᠲᠦᠷᠢᠮ ᠪᠠ ᠪᠠᠷᠢᠮᠵᠢᠶ᠎ᠡ ᠵᠢ ᠲᠡᠬᠦᠯᠳᠡᠷᠵᠢᠬᠦᠯᠬᠦ ᠵᠢ ᠠᠬᠢᠭᠤᠯᠵᠤ᠂ ᠪᠦᠬᠦ ᠪᠦᠮᠪᠦᠷᠴᠡᠭ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠵᠠᠰᠠᠯᠳᠠ ᠵᠢᠨ ᠪᠠᠢ᠍ᠢ᠍ᠭᠤᠯᠤᠮᠵᠢ ᠵᠢᠨ ᠨᠡᠩ ᠲᠦᠪ ᠭᠤᠤᠯᠴᠢ ᠵᠦᠢ ᠵᠤᠬᠢᠰᠳᠠᠢ ᠴᠢᠭᠯᠡᠯ ᠲᠡᠢ᠍ᠢ᠍ᠰᠢ ᠬᠦᠭᠵᠢᠬᠦ ᠵᠢ ᠠᠬᠢᠭᠤᠯᠬᠤ ᠭᠡᠷᠡᠭᠳᠠᠢ᠃ ᠲᠤᠮᠳᠠᠳᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠦᠯᠢᠭᠡᠷ᠎ᠢ ᠰᠠᠢ᠍ᠢ᠍ᠳᠤᠷ ᠶᠠᠷᠢᠵᠤ᠂ ᠪᠤᠯᠪᠠᠰᠤᠨ ᠲᠤᠮᠤ ᠤᠯᠤᠰ᠂ ᠬᠠᠷᠢᠭᠤᠴᠠᠯᠭ᠎ᠡ᠎ᠲᠠᠢ ᠲᠤᠮᠤ ᠤᠯᠤᠰ᠎ᠤᠨ ᠲᠦᠷᠢ ᠲᠦᠷᠬᠦ ᠵᠢ ᠲᠠᠯᠬᠡᠬᠦ ᠭᠡᠷᠡᠭᠳᠠᠢ᠃ 《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠪᠦᠳᠦᠭᠡᠨ ᠪᠠᠢ᠍ᠢ᠍ᠭᠤᠯᠬᠤ ᠵᠠᠮ ᠲᠠᠭ᠋ᠠᠤ ᠤᠯᠤᠰ ᠪᠤᠯᠤᠨ ᠭᠠᠵᠠᠷ ᠤᠷᠤᠨ᠎ᠯᠤᠭ᠎ᠠ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠠᠮᠳᠤᠷᠠᠯᠴᠠᠭ᠎ᠡ ᠵᠢ ᠬᠦᠨᠵᠡᠭᠡᠢ᠍ᠢ᠍ᠷᠠᠬᠦᠯᠵᠤ᠂ ᠮᠡᠳᠡᠯᠭᠡ ᠵᠢ ᠬᠠᠮᠳᠤ᠎ᠪᠠᠷ ᠡᠳ᠋ᠯᠡᠬᠦ ᠵᠢ ᠰᠠᠨᠠᠭ᠋ᠠᠴᠢᠯᠠᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠦᠷᠢᠶᠠᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠭᠡᠷᠡᠭᠳᠠᠢ᠃ ᠤᠯᠤᠰ᠎ᠤᠨ ᠠᠮᠤᠷ ᠲᠦᠪᠰᠢᠨ᠎ᠲᠠᠢ ᠬᠤᠯᠪᠤᠬᠳᠠᠬᠤ ᠵᠠᠨᠭ᠌ᠭᠢᠯᠠᠭᠡ ᠵᠢᠨ ᠭᠤᠤᠯᠯᠠᠬᠤ ᠮᠡᠷᠭᠡᠵᠢᠯ᠎ᠢ ᠪᠡᠶ᠎ᠡ᠎ᠪᠠᠨ ᠲᠠᠭ᠋ᠠᠭ᠋ᠠᠵᠤ ᠰᠤᠳᠤᠯᠤᠨ ᠨᠡᠭᠡᠭᠡᠬᠦ ᠪᠠ ᠬᠠᠮᠠᠭ᠋ᠠᠯᠠᠬᠤ ᠵᠢ ᠴᠢᠨᠭ᠌ᠭ᠋ᠠᠳᠬᠠᠵᠤ᠂ ᠤᠯᠤᠰ᠎ᠤᠨ ᠠᠮᠤᠷ ᠲᠦᠪᠰᠢᠨ᠎ᠳᠤ ᠬᠤᠯᠪᠤᠬᠳᠠᠬᠰᠡᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠭᠠᠳᠠᠬᠰᠢ ᠰᠢᠯᠵᠢᠬᠦᠯᠬᠦ ᠠᠵᠢᠯᠯᠠᠭ᠎ᠡ ᠵᠢ ᠬᠠᠤᠯᠢ ᠶᠤᠰᠤᠭ᠋ᠠᠷ ᠬᠠᠮᠢᠶᠡᠷᠬᠤ ᠭᠡᠷᠡᠭᠳᠠᠢ᠃ ᠮᠡᠳᠡᠯᠭᠡ ᠵᠢᠨ ᠦᠮᠴᠢᠯᠡᠯ᠎ᠤᠨ ᠡᠷᠭᠡ ᠵᠢ ᠭᠠᠬ᠍ᠴᠠᠭ᠋ᠠᠷ ᠡᠵᠡᠮᠰᠢᠬᠦ ᠵᠢ ᠡᠰᠡᠷᠬᠦᠴᠡᠬᠦ᠂ ᠲᠦᠪ ᠭᠤᠤᠯᠴᠢ᠎ᠪᠠᠷ ᠦᠷᠢᠰᠦᠯᠳᠦᠬᠦ᠎ᠲᠠᠢ ᠬᠤᠯᠪᠤᠬᠳᠠᠯ ᠪᠦᠬᠦᠢ ᠬᠠᠤᠯᠢ ᠴᠠᠭ᠋ᠠᠵᠠ ᠲᠦᠷᠢᠮ ᠲᠤᠬᠳᠠᠭ᠋ᠠᠯ ᠪᠠ ᠲᠦᠷᠦ ᠵᠢᠨ ᠪᠤᠳᠤᠯᠭ᠎ᠡ ᠠᠷᠭ᠎ᠡ ᠬᠡᠮᠵᠢᠶ᠎ᠡ ᠵᠢ ᠲᠡᠬᠦᠯᠳᠡᠷᠵᠢᠬᠦᠯᠵᠤ᠂ ᠵᠦᠢ ᠶᠤᠰᠤᠳᠠᠢ ᠴᠢᠩᠭ᠎ᠠ ᠬᠦᠴᠤᠳᠠᠢ ᠬᠢᠵᠠᠭ᠋ᠠᠷᠯᠠᠬᠤ ᠠᠷᠭ᠎ᠡ ᠪᠠᠷᠢᠯ᠎ᠢ ᠪᠦᠷᠢᠯᠳᠦᠬᠦᠯᠬᠦ ᠭᠡᠷᠡᠭᠳᠠᠢ᠃ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠤᠯᠪᠤᠬᠳᠠᠯ ᠪᠦᠬᠦᠢ ᠬᠠᠤᠯᠢ ᠴᠠᠭ᠋ᠠᠵᠠ ᠲᠦᠷᠢᠮ ᠲᠤᠬᠳᠠᠭ᠋ᠠᠯ᠎ᠢ ᠬᠢᠯᠢ ᠵᠢᠨ ᠭᠠᠲᠠᠨ᠎ᠠ ᠭᠡᠷᠡᠭᠯᠡᠬᠦ ᠵᠢ ᠠᠬᠢᠭᠤᠯᠵᠤ᠂ ᠬᠢᠯᠢ ᠠᠯᠤᠰᠯᠠᠬᠰᠡᠨ ᠬᠠᠤᠯᠢ ᠴᠠᠭ᠋ᠠᠵᠠ ᠵᠢᠨ ᠬᠠᠮᠵᠢᠯᠴᠠᠭ᠋ᠠᠨ᠎ᠤ ᠲᠤᠬᠢᠷᠠᠭᠤᠯᠤᠯᠳᠠ ᠵᠢ ᠲᠡᠬᠦᠯᠳᠡᠷᠵᠢᠬᠦᠯᠬᠦ ᠭᠡᠷᠡᠭᠳᠠᠢ᠃ ᠤᠯᠠᠨ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠠᠶᠤᠯ ᠲᠦᠭᠰᠢᠬᠦᠷᠢ ᠵᠢ ᠤᠷᠢᠳᠴᠢᠯᠡᠨ ᠰᠡᠷᠡᠮᠵᠢᠯᠡᠬᠦᠯᠬᠦ ᠪᠠ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠦᠨᠳᠤᠷ ᠪᠦᠳᠦᠮᠵᠢᠳᠠᠢ ᠲᠤᠬᠳᠠᠴᠠ ᠵᠢ ᠪᠦᠷᠢᠯᠳᠦᠬᠦᠯᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠭᠠᠳᠠᠭ᠋ᠠᠳᠤ᠎ᠳᠤ ᠬᠤᠯᠪᠤᠬᠳᠠᠬᠰᠡᠨ ᠠᠶᠤᠯ ᠲᠦᠭᠰᠢᠬᠦᠷᠢ ᠵᠢ ᠰᠡᠷᠭᠡᠢ᠍ᠢ᠍ᠯᠡᠨ ᠡᠵᠡᠮᠳᠡᠬᠦ ᠰᠢᠰᠲᠸᠮ᠎ᠢ ᠪᠠᠢ᠍ᠢ᠍ᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠡᠯ᠎ᠡ ᠱᠠᠳᠤᠨ᠎ᠤ ᠨᠠᠮ᠎ᠤᠨ ᠬᠤᠷᠢᠶ᠎ᠡ ᠪᠠ ᠵᠠᠰᠠᠭ᠎ᠤᠨ ᠤᠷᠳᠤᠨ ᠬᠠᠷᠢᠭᠤᠴᠠᠯᠭ᠎ᠡ᠎ᠪᠠᠨ ᠨᠠᠢ᠍ᠢ᠍ᠳᠠᠪᠤᠷᠢᠵᠢᠭᠤᠯᠵᠤ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠠᠵᠢᠯ᠎ᠤᠨ ᠬᠤᠯᠪᠤᠬᠳᠠᠯ ᠪᠦᠬᠦᠢ ᠵᠤᠬᠢᠴᠠᠭᠤᠯᠬᠤ ᠲᠤᠬᠳᠠᠴᠠ ᠵᠢ ᠴᠢᠨᠭ᠌ᠭ᠋ᠠᠳᠬᠠᠨ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠴᠢᠳᠠᠪᠤᠷᠢᠳᠠᠨ᠎ᠤ ᠡᠨᠭᠨᠡᠭᠡ ᠵᠢᠨ ᠪᠠᠢ᠍ᠢ᠍ᠭᠤᠯᠤᠯᠳᠠ ᠵᠢ ᠴᠢᠬᠤᠯᠠᠴᠢᠯᠠᠵᠤ᠂ ᠠᠵᠢᠯ᠎ᠤᠨ ᠬᠠᠮᠳᠤᠷᠠᠯ ᠬᠦᠴᠤᠨ᠎ᠢ ᠪᠦᠷᠢᠯᠳᠦᠬᠦᠯᠤᠨ᠂ ᠬᠤᠳᠠᠯ ᠬᠠᠭᠤᠷᠮᠠᠭ ᠪᠠ ᠡᠷᠭᠡ᠎ᠳᠤ ᠬᠠᠯᠳᠠᠬᠰᠡᠨ ᠠᠵᠢᠯᠯᠠᠭ᠎ᠡ᠎ᠳᠤ ᠡᠷᠡᠰ ᠴᠤᠬᠢᠯᠳᠠ ᠦᠭᠴᠤ᠂ ᠤᠷᠤᠨ ᠨᠤᠳᠤᠭ᠎ᠤᠨ ᠬᠠᠮᠠᠭ᠋ᠠᠯᠠᠯᠳᠠ ᠵᠢᠨ ᠦᠵᠡᠯ᠎ᠢ ᠡᠷᠡᠰ ᠲᠠᠪᠴᠢᠬᠦ ᠭᠡᠷᠡᠭᠳᠠᠢ᠃ ᠡᠯ᠎ᠡ ᠱᠠᠳᠤᠨ᠎ᠤ ᠤᠳᠤᠷᠢᠳᠬᠤ ᠺᠠᠳ᠋ᠷᠴᠤᠳ ᠮᠠᠳᠡᠯᠭᠡ ᠵᠢᠨ ᠦᠮᠴᠢᠯᠡᠯ᠎ᠤᠨ ᠡᠷᠭᠡ ᠵᠢᠨ ᠤᠬᠠᠮᠰᠠᠷ ᠵᠶ᠋ᠠᠨ ᠴᠢᠨᠭ᠌ᠭ᠋ᠠᠳᠬᠠᠵᠤ᠂ ᠰᠤᠷᠤᠯᠴᠠᠯᠭᠡᠪᠠᠨ ᠴᠢᠨᠭ᠌ᠭ᠋ᠠᠳᠬᠠᠨ᠂ ᠲᠤᠬᠠᠢ᠍ᠢ᠍ᠯᠠᠬᠰᠡᠨ ᠠᠵᠢᠯ᠎ᠳᠠᠭᠠᠨ ᠴᠠᠭ᠋ᠠᠷᠠᠵᠤ᠂ ᠰᠢᠨ᠎ᠡ ᠪᠠᠢ᠍ᠢ᠍ᠳᠠᠯ ᠲᠤᠤᠷ᠎ᠡ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠰᠠᠢ᠍ᠢ᠍ᠳᠤᠷ ᠬᠢᠬᠦ ᠴᠢᠳᠠᠪᠤᠷᠢ᠎ᠪᠠᠨ ᠨᠡᠮᠡᠭᠳᠡᠬᠦᠯᠤᠨ᠂ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠤᠨ ᠲᠠᠰᠤᠷᠠᠯᠳᠠ ᠦᠭᠡᠢ ᠰᠢᠨ᠎ᠡ ᠲᠡᠭᠳᠡᠷ᠎ᠲᠤ ᠭᠠᠷᠬᠤ ᠵᠢ ᠠᠬᠢᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃