ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠦᠬᠠᠨ᠎ᠤ ᠳ᠋ᠦᠩ ᠬᠤ᠌ ᠰᠢᠨ ᠴᠸᠩ ᠨᠡᠢ᠍ᠢ᠍ᠬᠡᠮ ᠲᠤᠭᠤᠷᠢᠬ᠎ᠤᠨ ᠪᠦᠬᠦ ᠠᠵᠢᠯᠳᠠᠳ᠎ᠲᠤ ᠬᠠᠷᠢᠭᠤ ᠵᠠᠬᠢᠳᠠᠯ ᠢᠯᠡᠬᠡᠵᠤ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠡᠯ᠎ᠠ ᠵᠤᠢ᠍ᠢ᠍ᠯ᠎ᠤᠨ ᠠᠵᠢᠯ᠎ᠢ ᠨᠠᠷᠢᠯᠢᠬ ᠪᠤᠳᠠᠳᠠᠢ ᠠᠳᠬᠤᠵᠤ ᠴᠢᠩ ᠦᠨᠡᠨᠴᠢ ᠬᠠᠢ᠍ᠢ᠍ᠷ᠎ᠠ ᠰᠡᠳᠬᠢᠯᠭᠡ᠎ᠪᠠᠷ ᠤᠯᠠᠨ ᠲᠦᠮᠡᠨ᠎ᠳᠤ ᠦᠢ᠍ᠯᠡᠴᠢᠯᠡᠭᠡᠷᠡᠢ ᠭᠡᠵᠦ ᠵᠣᠷᠢᠭᠵᠢᠭᠣᠯᠪᠠ
ᠨᠡᠶ᠋ᠢᠲᠡᠯᠡᠭᠰᠡᠨ ᠴᠠᠭ᠄ 2020-04-10

      ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ 4 ᠰᠠᠷ᠎ᠠ ᠵᠢᠨ 8᠎ᠤ ᠡᠳᠤᠷ ᠦᠬᠠᠨ᠎ᠤ ᠳ᠋ᠦᠩ ᠬᠤ᠌ ᠰᠢᠨ ᠴᠸᠩ ᠨᠡᠢ᠍ᠢ᠍ᠬᠡᠮ ᠲᠤᠭᠤᠷᠢᠬ᠎ᠤᠨ ᠪᠦᠬᠦ ᠨᠡᠢ᠍ᠢ᠍ᠬᠡᠮ ᠲᠤᠭᠤᠷᠢᠬ᠎ᠤᠨ ᠠᠵᠢᠯᠳᠠᠨ᠎ᠳᠤ ᠬᠠᠷᠢᠭᠤ ᠵᠠᠬᠢᠳᠠᠯ ᠢᠯᠡᠬᠡᠵᠤ᠂ ᠬᠤᠳᠠ ᠬᠦᠳᠡᠬᠡ ᠵᠢᠨ ᠦᠷᠬᠡᠨ ᠤᠯᠠᠨ ᠨᠡᠢ᠍ᠢ᠍ᠬᠡᠮ ᠲᠤᠭᠤᠷᠢᠬ᠎ᠤᠨ ᠠᠵᠢᠯᠳᠠᠨ᠎ᠤ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠲᠡᠮᠡᠴᠡᠯ᠎ᠳᠤ ᠪᠠᠳᠠᠷᠠᠭᠤᠯᠤᠬᠰᠠᠨ ᠴᠢᠬᠤᠯᠠ ᠤᠢ᠍ᠢ᠍ᠯᠡᠳᠤᠯ᠎ᠢ ᠲᠠᠬᠢᠨᠳᠠ ᠨᠤᠳᠠᠯᠠᠵᠤ᠂ ᠲᠡᠳᠡᠨ᠎ᠢ ᠴᠢᠩ ᠰᠡᠳᠬᠢᠯ᠎ᠠᠴᠠ᠎ᠪᠠᠨ ᠲᠤᠬᠤᠨᠢᠭᠤᠯᠬᠤ ᠵᠢᠨ ᠬᠠᠮᠳᠦ ᠲᠡᠳᠡᠨ᠎ᠢ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠷᠠᠳ᠎ᠤᠨ ᠲᠠᠢ᠍ᠢ᠍ᠨ᠂ ᠶᠠᠷᠤᠩᠬᠡᠢ ᠲᠠᠢ᠍ᠢ᠍ᠯᠠᠯᠳᠤᠭ᠋ᠠᠨ᠂ ᠬᠤᠷᠢᠬᠯᠠᠯᠲᠠ ᠵᠢᠨ ᠲᠠᠢ᠍ᠢ᠍ᠯᠠᠯᠳᠤᠭ᠋ᠠᠨ᠎ᠤ ᠪᠦᠷᠢᠨ ᠢᠯᠠᠯᠳᠠ ᠵᠢ ᠤᠯᠬᠤ᠎ᠳᠤ ᠲᠠᠬᠢᠨ ᠰᠢᠨ᠎ᠠ ᠬᠤᠪᠢ ᠨᠡᠮᠡᠷᠢ ᠦᠵᠡᠭᠦᠯᠦᠭᠡᠷᠡᠢ ᠭᠡᠵᠦ ᠵᠤᠷᠢᠭᠵᠢᠭᠤᠯᠪᠠ᠃
      ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠪᠢ ᠦᠬᠠᠨ᠎ᠠᠴᠠ ᠪᠤᠴᠠᠵᠤ ᠢᠷᠡᠭᠰᠡᠨ᠎ᠤ ᠲᠠᠷᠠᠭ᠎ᠠ᠂ ᠦᠬᠠᠨ᠎ᠤ ᠦᠷᠬᠡᠨ ᠤᠯᠠᠨ ᠺᠠᠳ᠋ᠷ ᠤᠯᠠᠨ ᠲᠦᠮᠡᠨ᠎ᠤ ᠲᠦᠯᠦᠭᠡ ᠰᠠᠨᠠᠭ᠋ᠠᠰᠢᠷᠠᠭᠰᠠᠭ᠋ᠠᠷ ᠪᠠᠢ᠍ᠢ᠍ᠨ᠎ᠠ᠂ ᠲᠠᠨ᠎ᠤ ᠨᠡᠢ᠍ᠢ᠍ᠬᠡᠮ ᠲᠤᠭᠤᠷᠢᠬ᠎ᠢ ᠪᠠᠬᠳᠠᠭ᠋ᠠᠬᠰᠠᠨ ᠦᠬᠠᠨ᠎ᠤ ᠡᠯ᠎ᠠ ᠨᠡᠢ᠍ᠢ᠍ᠬᠡᠮ ᠲᠤᠭᠤᠷᠢᠬ᠎ᠤᠨ ᠠᠮᠢᠳᠤᠷᠠᠯ ᠠᠭ᠋ᠠᠵᠢᠮ ᠵᠶ᠋ᠠᠷ ᠬᠡᠪ᠎ᠤᠨ ᠪᠠᠢ᠍ᠢ᠍ᠳᠠᠯ ᠵᠶ᠋ᠠᠨ ᠰᠡᠷᠬᠦᠭᠡᠵᠦ ᠪᠠᠢ᠍ᠢ᠍ᠬᠤ᠎ᠳᠤ ᠪᠢ ᠮᠠᠰᠢ ᠪᠠᠶᠠᠷᠯᠠᠵᠤ ᠪᠠᠢ᠍ᠢ᠍ᠨ᠎ᠠ ᠬᠡᠵᠤ ᠬᠡᠯᠡᠪᠡ᠃
      ᠰᠢ ᠵᠢᠨ ᠫᠢᠩ᠂ ᠡᠨᠡ ᠤᠳᠠᠭ᠎ᠠ ᠵᠢᠨ ᠤᠷᠢᠳ ᠡᠮᠤᠨ᠎ᠠ ᠭᠠᠷᠤᠭ᠎ᠠ ᠥᠬᠡᠢ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠲᠡᠮᠡᠴᠡᠯ᠎ᠳᠤ᠂ ᠬᠤᠳᠠ ᠬᠦᠳᠡᠬᠡ ᠵᠢᠨ ᠦᠷᠭᠡᠨ ᠤᠯᠠᠨ ᠨᠡᠢ᠍ᠢ᠍ᠬᠡᠮ ᠲᠤᠭᠤᠷᠢᠬ᠎ᠤᠨ ᠠᠵᠢᠯᠳᠠᠨ ᠨᠡᠢ᠍ᠢ᠍ᠬᠡᠮ ᠲᠤᠭᠤᠷᠢᠬ᠎ᠤᠨ ᠰᠡᠷᠬᠡᠢ᠍ᠢ᠍ᠯᠡᠨ ᠡᠵᠡᠮᠳᠡᠬᠦ ᠠᠵᠢᠯ᠎ᠳᠤ ᠤᠷᠤᠯᠴᠠᠭᠰᠠᠨ ᠡᠯ᠎ᠠ ᠲᠠᠯ᠎ᠠ ᠵᠢᠨ ᠬᠦᠮᠤᠰ᠎ᠲᠠᠢ ᠬᠠᠮᠳᠤ᠎ᠪᠠᠷ ᠠᠶᠤᠯ ᠲᠦᠭᠰᠢᠬᠦᠷᠢ᠎ᠠᠴᠠ ᠠᠶᠤᠬᠤ ᠦᠬᠡᠢ᠂ ᠪᠦᠯᠬᠦᠮᠳᠡᠨ ᠲᠡᠮᠡᠴᠡᠵᠤ᠂ ᠢᠯᠠᠩᠭᠤᠶ᠎ᠠ ᠦᠷᠬᠡᠨ ᠤᠯᠠᠨ ᠨᠠᠮ᠎ᠤᠨ ᠬᠡᠰᠢᠬᠦᠨ᠂ ᠺᠠᠳ᠋ᠷ ᠪᠠᠶ᠎ᠠ᠎ᠪᠠᠷ ᠵᠶ᠋ᠠᠨ ᠬᠡᠪ ᠲᠠᠭᠤᠷᠢᠶᠠᠯ ᠪᠤᠯᠵᠤ᠂ ᠬᠤᠰᠢᠭᠤᠴᠢᠯᠠᠨ ᠤᠷᠤᠵᠤ᠂ ᠬᠤᠯᠪᠤᠭ᠋ᠠᠯᠠᠨ ᠰᠡᠷᠬᠡᠢ᠍ᠢ᠍ᠯᠡᠵᠤ ᠬᠤᠯᠪᠤᠭ᠋ᠠᠯᠠᠨ ᠡᠵᠡᠮᠳᠡᠬᠦ᠂ ᠤᠯᠠᠨ ᠵᠶ᠋ᠠᠷ ᠵᠶ᠋ᠠᠨ ᠰᠡᠷᠬᠡᠢ᠍ᠢ᠍ᠯᠡᠵᠤ ᠤᠯᠠᠨ ᠵᠶ᠋ᠠᠷ ᠵᠶ᠋ᠠᠨ ᠡᠵᠡᠮᠳᠡᠬᠦ ᠬᠦᠴᠦᠷᠭᠡᠭ ᠬᠦᠴᠤᠨ᠎ᠢ ᠪᠦᠷᠢᠯᠳᠤᠬᠦᠯᠵᠤ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠷᠠᠳ᠎ᠤᠨ ᠲᠠᠢ᠍ᠢ᠍ᠨ᠎ᠤ ᠢᠯᠠᠯᠳᠠ ᠵᠢ ᠤᠯᠬᠤ ᠠᠤᠭ᠎ᠠ ᠬᠦᠴᠤᠨ᠎ᠢ ᠬᠦᠢ᠍ᠴᠡᠳ ᠭᠠᠢ᠍ᠢ᠍ᠬᠠᠭᠤᠯᠤᠬᠰᠠᠨ ᠪᠠᠢ᠍ᠢ᠍ᠨ᠎ᠠ ᠬᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠤᠳᠤ ᠦᠬᠠᠨ᠎ᠠᠴᠠ ᠭᠠᠷᠬᠤ ᠬᠤᠪᠸᠢ᠎ᠠᠴᠠ ᠭᠠᠷᠬᠤ ᠵᠠᠮ᠎ᠢ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠠ ᠵᠢ ᠬᠦᠴᠤᠨ ᠦᠬᠡᠢ ᠪᠤᠯᠭ᠋ᠠᠪᠠ᠂ ᠬᠡᠪᠡᠴᠤ ᠰᠡᠷᠬᠡᠢ᠍ᠢ᠍ᠯᠡᠨ ᠡᠵᠡᠮᠳᠡᠬᠦ ᠡᠬᠦᠷᠬᠡ ᠵᠢ ᠰᠤᠯᠠᠷᠠᠭᠤᠯᠵᠤ ᠪᠤᠯᠬᠤ ᠦᠬᠡᠢ᠃ ᠨᠡᠢ᠍ᠢ᠍ᠬᠡᠮ ᠲᠤᠭᠤᠷᠢᠬ᠎ᠨᠢ ᠮᠦᠨ ᠯᠠ ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠢ᠍ᠢ᠍ᠯᠡᠵᠦ᠂ ᠳᠤᠳᠤᠭ᠋ᠠᠳᠤ᠎ᠳᠠᠭᠠᠨ ᠲᠠᠬᠢᠨ ᠬᠠᠯᠳᠠᠪᠤᠷᠢᠯᠠᠬᠤ ᠵᠢ ᠰᠡᠷᠬᠡᠢ᠍ᠢ᠍ᠯᠡᠬᠦ ᠴᠢᠬᠤᠯᠠ ᠰᠡᠷᠭᠡᠢ᠍ᠢ᠍ᠯᠡᠯᠳᠠ ᠵᠢᠨ ᠱᠤᠭᠤᠮ ᠪᠤᠯᠵᠤ ᠪᠠᠢ᠍ᠢ᠍ᠨ᠎ᠠ᠂ ᠵᠠᠩᠬᠢᠯᠠᠭ᠎ᠠ᠎ᠨᠢ ᠰᠢᠨ᠎ᠠ ᠪᠠᠢ᠍ᠢ᠍ᠳᠠᠯ ᠲᠤᠤᠷᠠᠬᠢ ᠰᠡᠷᠬᠡᠢ᠍ᠢ᠍ᠯᠡᠨ ᠡᠵᠡᠮᠳᠡᠬᠦ ᠪᠠᠢ᠍ᠢ᠍ᠩᠭᠤᠵᠢᠯᠳᠠ ᠵᠢᠨ ᠠᠵᠢᠯ᠎ᠢ ᠰᠠᠢ᠍ᠢ᠍ᠳᠤᠷ ᠠᠳᠬᠤᠬᠤ ᠭᠡᠷᠡᠭᠳᠠᠢ᠃ ᠲᠠᠨᠠᠷ  ᠦᠷᠬᠦᠯᠵᠢᠯᠡᠨ  ᠲᠠᠢ᠍ᠢ᠍ᠯᠠᠯᠳᠤᠬᠤ ᠰᠤᠷᠳᠠᠯ ᠵᠶ᠋ᠠᠨ ᠪᠠᠳᠠᠷᠠᠭᠤᠯᠵᠤ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠵᠢᠯ᠎ᠢ ᠨᠠᠷᠢᠯᠢᠬ ᠠᠳᠬᠤᠵᠤ ᠪᠤᠳᠠᠳᠠᠢ ᠠᠳᠬᠤᠵᠤ᠂ ᠴᠢᠩ ᠦᠨᠡᠨᠴᠢ ᠬᠠᠢ᠍ᠢ᠍ᠷ᠎ᠠ ᠰᠡᠳᠬᠢᠯᠭᠡ᠎ᠪᠠᠷ ᠤᠯᠠᠨ ᠲᠦᠮᠡᠨ᠎ᠳᠤ ᠤᠢ᠍ᠢ᠍ᠯᠡᠴᠢᠯᠠᠵᠤ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠷᠠᠳ᠎ᠤᠨ ᠲᠠᠢ᠍ᠢ᠍ᠨ᠂ ᠶᠠᠷᠤᠩᠬᠡᠢ ᠲᠠᠢ᠍ᠢ᠍ᠯᠠᠯᠳᠤᠭ᠋ᠠᠨ᠂ ᠬᠤᠷᠢᠬᠯᠠᠯᠲᠠ ᠵᠢᠨ ᠲᠠᠢ᠍ᠢ᠍ᠯᠠᠯᠳᠤᠭ᠋ᠠᠨ᠎ᠤ ᠪᠦᠷᠢᠨ ᠢᠯᠠᠯᠳᠠ ᠵᠢ ᠤᠯᠬᠤ᠎ᠳᠤ ᠰᠢᠨ᠎ᠠ ᠬᠤᠪᠢ ᠨᠡᠮᠡᠷᠢ ᠦᠵᠡᠬᠦᠯᠬᠦ ᠵᠢ ᠬᠦᠰᠡᠵᠤ ᠪᠠᠢ᠍ᠢ᠍ᠨ᠎ᠠ ᠬᠡᠵᠤ ᠴᠢᠬᠤᠯᠠᠴᠢᠯᠠᠪᠠ᠃
      ᠨᠡᠢ᠍ᠢ᠍ᠬᠡᠮ ᠲᠤᠭᠤᠷᠢᠬ ᠪᠤᠯ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠬᠠᠮᠤᠬ᠎ᠤᠨ ᠡᠮᠤᠨ᠎ᠠ ᠹᠷᠤᠨᠲ ᠪᠤᠯᠤᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ ᠭᠠᠷᠤᠬᠰᠠᠨ᠎ᠠᠴᠠ ᠨᠠᠭ᠋ᠠᠰᠢ᠂ ᠪᠦᠬᠦ ᠤᠯᠤᠰ᠎ᠤᠨ 400 ᠭᠠᠷᠤᠢ ᠲᠦᠮᠡᠨ ᠨᠡᠢ᠍ᠢ᠍ᠬᠡᠮ ᠲᠤᠭᠤᠷᠢᠬ᠎ᠤᠨ ᠠᠵᠢᠯᠳᠠᠨ ᠡᠮᠤᠨ᠎ᠠ ᠹᠷᠤᠨᠲ᠎ᠢ ᠪᠠᠳᠤ ᠰᠠᠬᠢᠵᠤ᠂ 65 ᠲᠦᠮᠡᠨ ᠬᠤᠳᠠ ᠬᠦᠳᠡᠬᠡ ᠵᠢᠨ ᠨᠡᠢ᠍ᠢ᠍ᠬᠡᠮ ᠲᠤᠭᠤᠷᠢᠬ᠎ᠲᠤ ᠬᠢᠵᠢᠭ᠎ᠤᠨ ᠪᠠᠢ᠍ᠢ᠍ᠳᠠᠯ᠎ᠢ ᠬᠢᠨᠠᠨ ᠬᠡᠮᠵᠢᠬᠦ᠂ ᠤᠷᠤᠵᠤ ᠭᠠᠷᠬᠤ ᠵᠢ ᠬᠠᠮᠢᠶᠠᠷᠬᠤ᠂ ᠤᠬᠠᠭᠤᠯᠵᠤ ᠬᠦᠮᠤᠵᠢᠬᠦᠯᠬᠦ᠂ ᠤᠷᠴᠢᠨ ᠲᠤᠭᠤᠷᠢᠨ᠎ᠢ ᠴᠡᠭᠴᠡᠯᠡᠨ ᠵᠠᠰᠠᠬᠤ᠂ ᠬᠦᠴᠢᠷᠳᠠᠯᠳᠠᠢ ᠤᠯᠠᠨ ᠲᠦᠮᠡᠨ᠎ᠢ ᠬᠠᠪᠰᠤᠷᠬᠤ ᠵᠡᠷᠬᠡ ᠠᠵᠢᠯ᠎ᠢ ᠬᠢᠵᠤ᠂ ᠬᠢᠵᠢᠭ᠎ᠤᠨ ᠪᠠᠢ᠍ᠢ᠍ᠳᠠᠯ᠎ᠤᠨ ᠲᠠᠷᠬᠠᠨ ᠲᠡᠯᠬᠡᠷᠡᠬᠦ ᠵᠢ ᠬᠤᠷᠢᠬᠯᠠᠬᠤ᠂ ᠤᠯᠠᠨ ᠲᠦᠮᠡᠨ᠎ᠤ ᠠᠮᠢᠳᠤᠷᠠᠯ᠎ᠢ ᠪᠠᠳᠤᠯᠠᠬᠤ᠎ᠳᠤ ᠴᠢᠬᠤᠯᠠ ᠬᠤᠪᠢ ᠨᠡᠮᠡᠷᠢ ᠦᠵᠡᠬᠦᠯᠪᠠ᠃ ᠶᠠᠷᠤᠩᠬᠡᠢ ᠱᠦᠵᠢ ᠰᠢ ᠵᠢᠨ ᠫᠢᠩ ᠨᠡᠢ᠍ᠢ᠍ᠬᠡᠮ ᠲᠤᠭᠤᠷᠢᠬ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠵᠢᠯ᠎ᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭ᠋ᠠᠪᠤᠷᠢ ᠦᠭᠴᠤ᠂ ᠨᠡᠢ᠍ᠢ᠍ᠬᠡᠮ ᠲᠤᠭᠤᠷᠢᠬ᠎ᠤᠨ ᠠᠵᠢᠯᠳᠠᠨ᠎ᠤ ᠠᠵᠢᠯ᠎ᠢ ᠬᠦᠢ᠍ᠴᠡᠳ ᠨᠤᠳᠠᠯᠠᠵᠤ᠂ ᠤᠷᠢᠳ ᠬᠤᠵᠢᠳ ᠪᠡᠬᠡᠵᠢᠩ ᠬᠤᠳᠠ ᠵᠢᠨ ᠠᠨ ᠬᠤᠸᠠ ᠯᠢ ᠨᠡᠢ᠍ᠢ᠍ᠬᠡᠮ ᠲᠤᠭᠤᠷᠢᠬ᠂ ᠦᠬᠠᠨ ᠬᠤᠳᠠ ᠵᠢᠨ ᠳ᠋ᠦᠩ ᠬᠤ᠌ ᠰᠢᠨ ᠴᠸᠩ ᠨᠡᠢ᠍ᠢ᠍ᠬᠡᠮ ᠲᠤᠭᠤᠷᠢᠬ ᠵᠶ᠋ᠠᠷ ᠰᠢᠨᠵᠢᠯᠠᠨ ᠪᠠᠢ᠍ᠢ᠍ᠴᠠᠭ᠋ᠠᠵᠤ ᠲᠤᠬᠤᠨᠢᠭᠤᠯᠪᠠ᠃ ᠤᠢ᠍ᠢ᠍ᠷ᠎ᠠ ᠵᠢᠨ ᠡᠳᠤᠷ᠂ ᠦᠬᠠᠨ ᠬᠤᠳᠠ ᠵᠢᠨ ᠳ᠋ᠦᠩ ᠬᠤ᠌ ᠰᠢᠨ ᠴᠸᠩ ᠨᠡᠢ᠍ᠢ᠍ᠬᠡᠮ ᠲᠤᠭᠤᠷᠢᠬ᠎ᠤᠨ ᠪᠦᠬᠦ ᠨᠡᠢ᠍ᠢ᠍ᠬᠡᠮ ᠲᠤᠭᠤᠷᠢᠬ᠎ᠤᠨ ᠠᠵᠢᠯᠳᠠᠨ ᠶᠠᠷᠤᠩᠬᠡᠢ ᠱᠦᠵᠢ ᠰᠢ ᠵᠢᠨ ᠫᠢᠩ᠎ᠳᠤ ᠵᠠᠬᠢᠳᠠᠯ ᠢᠯᠡᠬᠡᠵᠤ᠂ ᠶᠠᠷᠤᠩᠬᠡᠢ ᠱᠦᠵᠢ ᠪᠤᠯᠤᠨ ᠨᠠᠮ᠎ᠤᠨ ᠲᠦᠪ ᠬᠤᠷᠢᠶ᠎ᠠ᠎ᠳᠤ ᠲᠠᠯᠠᠷᠬᠠᠵᠤ ᠪᠠᠢ᠍ᠢ᠍ᠬᠤ ᠰᠡᠳᠬᠢᠯ ᠵᠶ᠋ᠠᠨ ᠢᠯᠡᠳᠬᠡᠵᠤ᠂ ᠵᠢᠭᠰᠠᠭ᠋ᠠᠯ᠎ᠤᠨ ᠭᠠᠵᠠᠷ ᠵᠶ᠋ᠠᠨ ᠦᠷᠬᠦᠯᠵᠢᠯᠠᠨ ᠪᠠᠳᠤ ᠰᠠᠬᠢᠵᠤ᠂ ᠡᠬᠦᠷᠬᠡ ᠬᠠᠷᠢᠭᠤᠴᠠᠯᠭ᠎ᠠ᠎ᠪᠠᠨ ᠰᠠᠢ᠍ᠢ᠍ᠳᠤᠷ ᠬᠦᠢ᠍ᠴᠡᠳᠬᠡᠬᠦ ᠡᠷᠡᠰ ᠪᠠᠳᠤ ᠵᠤᠷᠢᠬ ᠵᠶ᠋ᠠᠨ ᠢᠯᠡᠳᠬᠡᠭᠰᠡᠨ ᠪᠠᠢ᠍ᠢ᠍ᠨ᠎ᠠ᠃  

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠶᠤᠯᠬᠦᠢ ᠤᠢ᠍ᠢ᠍ᠯᠡᠳᠪᠤᠷᠢᠯᠡᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠠᠮᠤᠷ ᠲᠦᠪᠰᠢᠨ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠪᠠᠳᠤ ᠪᠤᠢ ᠪᠤᠯᠭ᠋ᠠᠵᠤ ᠠᠶᠤᠯᠬᠦᠢ ᠤᠢ᠍ᠢ᠍ᠯᠡᠳᠪᠤᠷᠢᠯᠡᠯ᠎ᠤᠨ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠨ ᠠᠷᠠᠳ ᠤᠯᠠᠨ᠎ᠤ ᠠᠮᠢ ᠨᠠᠰᠦ ᠡᠳ᠋ ᠬᠦᠷᠤᠩᠬᠡ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠬᠤ ᠭᠡᠷᠡᠭᠳᠠᠢ ᠬᠡᠵᠦ ᠴᠢᠬᠤᠯᠠᠴᠢᠯᠠᠪᠠ ᠯᠢ ᠺᠸ ᠴᠢᠶᠠᠩ ᠴᠤᠬᠤᠯᠠᠪᠤᠷᠢ ᠦᠭᠴᠠᠢ
ᠰᠢ ᠵᠢᠨ ᠫᠢᠩ᠄ 《ᠵᠢᠷᠭᠤᠭ᠎ᠠ ᠵᠢ ᠳᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠵᠥ 《ᠵᠢᠷᠭᠤᠭ᠎ᠠ ᠵᠢ ᠪᠠᠳᠤᠯᠠᠬᠤ》 ᠡᠬᠦᠷᠬᠡ ᠵᠢ ᠨᠠᠢ᠍ᠢ᠍ᠳᠠᠪᠤᠷᠢᠵᠢᠭᠤᠯᠵᠤ ᠱᠠᠨᠰᠢ ᠵᠢᠨ ᠰᠢᠨ᠎ᠡ ᠴᠠᠭ ᠦᠶ᠎ᠡ ᠵᠢᠨ ᠨᠡᠬᠡᠨ ᠬᠦᠢ᠍ᠴᠡᠵᠥ ᠲᠠᠪᠠᠵᠥ ᠭᠠᠷᠬᠤ ᠰᠢᠨ᠎ᠡ ᠬᠠᠭᠤᠳᠠᠰᠤ ᠵᠢ ᠴᠢᠷᠮᠡᠢ᠍ᠢ᠍ᠨ ᠪᠢᠴᠢᠭᠯᠡᠬᠦ ᠬᠡᠷᠡᠭᠳᠡᠢ
ᠰᠢ ᠵᠢᠨ ᠫᠢᠩ ᠢᠨᠳᠦᠨ᠋ᠸᠰᠢᠶ᠎ᠡ ᠵᠢᠨ ᠶᠡᠷᠤᠨᠭ᠌ᠭᠡᠢ᠍ᠢ᠍ᠯᠡᠭᠴᠢ ᠽᠦᠸᠸᠺᠸ᠎ᠲᠠᠢ ᠲᠤᠮᠳᠠᠳᠤ ᠢᠨᠳᠦᠨ᠋ᠸᠰᠢᠶ᠎ᠡ ᠵᠢᠨ ᠬᠠᠷᠢᠯᠴᠠᠭ᠎ᠡ ᠪᠠᠢ᠍ᠢ᠍ᠭᠤᠯᠤᠬᠰᠡᠨ 70 ᠵᠢᠯ᠎ᠤᠨ ᠤᠢ᠎ᠳᠤ ᠵᠤᠷᠢᠭᠤᠯᠤᠨ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
ᠰᠢ ᠵᠢᠨ ᠫᠢᠩ ᠰᠢ ᠠᠨ ᠬᠣᠲᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ ᠨᠠᠮ᠎ᠤᠨ ᠭᠠᠳᠠᠨᠠᠬᠢ ᠬᠦᠮᠦᠰ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
 
            