ᠶᠡᠷᠦᠩᠬᠡᠢ ᠱᠦᠵᠢ ᠰᠢ ᠵᠢᠨ ᠫᠢᠩ 20᠎ᠤ ᠡᠳᠦᠷ ᠱᠠᠨᠰᠢ ᠮᠤᠵᠢ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠲᠤᠰ ᠡᠳᠦᠷ᠎ᠤᠨ ᠦᠳᠡ ᠵᠢᠨ ᠬᠣᠢ᠌ᠨ᠎ᠠ᠂ ᠲᠡᠷᠡ ᠱᠠᠩᠯᠦ᠋ᠸᠸ ᠬᠣᠲᠠ ᠵᠢᠨ ᠵᠠᠱ᠌ᠦ᠋ᠢ ᠰᠢᠶᠠᠨ᠎ᠳᠤ ᠪᠠᠢ᠌ᠭ᠎ᠠ ᠴᠢᠨᠯᠢᠩ ᠨᠢᠷᠤᠭᠤ ᠵᠢᠨ ᠨᠢᠦ ᠪᠧᠢ ᠯᠢᠶᠠᠩ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠦᠷᠴᠦ᠂ ᠴᠢᠨᠯᠢᠩ ᠨᠢᠷᠤᠭᠤ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ᠃ ᠳᠠᠷᠠᠭ᠎ᠠ᠎ᠪᠠᠷ᠎ᠨᠢ ᠰᠢᠶᠥᠥᠯᠢᠩ ᠪᠠᠯᠭ᠋ᠠᠰᠤ ᠵᠢᠨ ᠵᠢᠨᠮᠢ ᠲᠣᠰᠬᠤᠨ᠎ᠳᠤ ᠬᠦᠷᠴᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠠᠵᠢᠯ᠎ᠤᠨ ᠪᠠᠢ᠌ᠳᠠᠯ᠎ᠢ ᠣᠢ᠌ᠯᠠᠭ᠋ᠠᠪᠠ᠃




