ᠶᠡᠷᠦᠩᠬᠡᠢ ᠱᠦᠵᠢ ᠰᠢ ᠵᠢᠨ ᠫᠢᠩ 22᠎ᠤ ᠡᠳᠦᠷ ᠰᠢ ᠠᠨ ᠬᠣᠲᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ᠃ ᠲᠡᠷᠡ ᠤᠷᠢᠳ ᠬᠣᠵᠢᠳ ᠱᠠᠨᠰᠢ ᠮᠤᠵᠢ ᠵᠢᠨ ᠮᠠᠰᠢᠨ ᠲᠡᠷᠭᠡᠨ᠎ᠤ ᠰᠲ᠋ᠣᠺ ᠡᠵᠡᠮᠰᠢᠭᠰᠡᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠰᠢ ᠠᠨ᠎ᠤ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ᠂ ᠶᠡᠬᠡ ᠲᠠᠩ᠎ᠤᠨ ᠰᠥᠨᠢ ᠦᠭᠡᠢ ᠬᠣᠲᠠ ᠬᠡᠮᠡᠬᠦ ᠶᠠᠪᠠᠭ᠋ᠠᠨ ᠵᠡᠭᠡᠯᠢ᠎ᠳᠤ ᠬᠦᠷᠴᠦ᠂ ᠠᠵᠤ ᠠᠬᠤᠢ᠌ᠯᠠᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠭᠰᠡᠨ ᠪᠠ ᠨᠡᠢ᠌ᠭᠡᠮ᠎ᠤᠨ ᠠᠮᠢᠳᠤᠷᠠᠯ᠎ᠤᠨ ᠡᠮᠬᠢ ᠳᠢᠭᠯᠢᠮ ᠬᠡᠪ᠎ᠤᠨ ᠪᠠᠢ᠌ᠳᠠᠯ᠎ᠳᠤ ᠣᠷᠣᠵᠤ ᠪᠠᠢ᠌ᠬᠤ ᠵᠢ ᠣᠢ᠌ᠯᠠᠭ᠋ᠠᠭᠰᠠᠨ ᠪᠠᠢ᠌ᠨ᠎ᠠ᠃





