ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ᠄ 《ᠵᠢᠷᠭᠤᠭ᠎ᠠ ᠵᠢ ᠳᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠵᠥ 《ᠵᠢᠷᠭᠤᠭ᠎ᠠ ᠵᠢ ᠪᠠᠳᠤᠯᠠᠬᠤ》 ᠡᠬᠦᠷᠬᠡ ᠵᠢ ᠨᠠᠢ᠍ᠢ᠍ᠳᠠᠪᠤᠷᠢᠵᠢᠭᠤᠯᠵᠤ ᠱᠠᠨᠰᠢ ᠵᠢᠨ ᠰᠢᠨ᠎ᠡ ᠴᠠᠭ ᠦᠶ᠎ᠡ ᠵᠢᠨ ᠨᠡᠬᠡᠨ ᠬᠦᠢ᠍ᠴᠡᠵᠥ ᠲᠠᠪᠠᠵᠥ ᠭᠠᠷᠬᠤ ᠰᠢᠨ᠎ᠡ ᠬᠠᠭᠤᠳᠠᠰᠤ ᠵᠢ ᠴᠢᠷᠮᠡᠢ᠍ᠢ᠍ᠨ ᠪᠢᠴᠢᠭᠯᠡᠬᠦ ᠬᠡᠷᠡᠭᠳᠡᠢ
ᠨᠡᠶ᠋ᠢᠲᠡᠯᠡᠭᠰᠡᠨ ᠴᠠᠭ᠄ 2020-04-24

      ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠡᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ ᠵᠢᠨ ᠡᠳᠤᠷ ᠱᠠᠨᠰᠢ᠎ᠳᠤ ᠰᠢᠨᠵᠢᠯᠠᠨ ᠪᠠᠢ᠍ᠢ᠍ᠴᠠᠭ᠋ᠠᠬᠤ᠎ᠳᠠᠭᠠᠨ᠂ ᠨᠠᠮ᠎ᠤᠨ ᠲᠦᠪ ᠬᠤᠷᠢᠶᠡᠨ᠎ᠤ ᠰᠢᠢ᠍ᠳᠪᠤᠷᠢᠳᠤ ᠪᠤᠳᠤᠯᠭ᠎ᠠ ᠪᠠᠢ᠍ᠢ᠍ᠷᠢᠯᠠᠭᠤᠯᠤᠯᠳᠠ ᠵᠢ ᠪᠦᠬᠦ ᠲᠡᠯ᠎ᠡ᠎ᠪᠠᠷ ᠨᠠᠢ᠍ᠢ᠍ᠳᠠᠪᠤᠷᠢᠵᠢᠭᠤᠯᠵᠥ᠂ ᠲᠤᠭᠳᠠᠭᠤᠨ᠎ᠤ ᠲᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠤᠩᠬᠡᠢ ᠬᠦᠭ ᠠᠶᠠᠰ᠎ᠢ ᠪᠠᠷᠢᠮᠳᠠᠯᠠᠨ᠂ ᠰᠢᠨ᠎ᠡ ᠬᠦᠭᠵᠢᠯᠳᠡ ᠵᠢᠨ ᠤᠢ᠍ᠢ᠍ᠯᠠᠭ᠋ᠠᠬᠳᠠᠬᠤᠨ᠎ᠢ ᠪᠠᠷᠢᠮᠳᠠᠯᠠᠵᠥ᠂ ᠠᠵᠢᠯ ᠤᠯᠭᠤᠯᠳᠠ ᠵᠢ ᠳᠤᠭᠳᠠᠪᠤᠷᠢᠵᠢᠭᠤᠯᠬᠤ᠂ ᠮᠥᠩᠬᠦᠨ ᠬᠦᠢ᠍ᠯᠬᠡᠬᠡᠨ᠎ᠢ ᠳᠤᠭᠳᠠᠪᠤᠷᠢᠵᠢᠭᠤᠯᠬᠤ᠂ ᠭᠠᠳᠠᠭ᠋ᠠᠳᠤ ᠠᠷᠠᠯᠵᠢᠶ᠎ᠠ ᠵᠢ ᠳᠤᠭᠳᠠᠪᠤᠷᠢᠵᠢᠭᠤᠯᠬᠤ᠂ ᠭᠠᠳᠠᠭ᠋ᠠᠳᠤ ᠪᠡᠯᠡ ᠵᠢ ᠳᠤᠭᠳᠠᠪᠤᠷᠢᠵᠢᠭᠤᠯᠬᠤ᠂ ᠪᠡᠯᠡ ᠤᠷᠤᠭᠤᠯᠤᠯᠳᠠ ᠵᠢ ᠳᠤᠭᠳᠠᠪᠤᠷᠢᠵᠢᠭᠤᠯᠬᠤ᠂ ᠵᠢᠱ᠌ᠢᠯᠳᠠ ᠵᠢ ᠳᠤᠭᠳᠠᠪᠤᠷᠢᠵᠢᠭᠤᠯᠬᠤ ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠵᠥ᠂ ᠰᠠᠭᠤᠭ᠋ᠠᠯᠢ ᠠᠷᠠᠳ᠎ᠤᠨ ᠠᠵᠢᠯ ᠤᠯᠬᠤ ᠵᠢ ᠪᠠᠳᠤᠯᠠᠬᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠳᠤᠯᠠᠬᠤ᠂ ᠵᠠᠬ᠎ᠠ ᠲᠡᠯᠬᠡᠬᠦᠷ᠎ᠤᠨ ᠭᠤᠤᠯ ᠴᠤᠭᠴᠠ ᠵᠢ ᠪᠠᠳᠤᠯᠠᠬᠤ᠂ ᠠᠮᠤ ᠪᠤᠳᠠᠭ᠎ᠠ ᠡᠨᠧᠷᠬᠢ ᠵᠢᠨ ᠠᠮᠤᠷ ᠲᠦᠪᠰᠢᠨ᠎ᠢ ᠪᠠᠳᠤᠯᠠᠬᠤ᠂ ᠠᠵᠥ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠤᠭᠳᠠᠭᠤᠨ ᠪᠠᠢ᠍ᠢ᠍ᠬᠤ ᠵᠢ ᠪᠠᠳᠤᠯᠠᠬᠤ᠂ ᠦᠨᠳᠦᠰᠦᠨ ᠱᠠᠳᠤᠨ᠎ᠤ ᠠᠵᠢᠯᠯᠠᠭ᠎ᠠ ᠵᠢᠨ ᠡᠬᠦᠷᠬᠡ ᠵᠢ ᠪᠠᠳᠤᠯᠠᠬᠤ ᠵᠢ ᠪᠦᠬᠦ ᠲᠡᠯ᠎ᠡ᠎ᠪᠠᠷ ᠨᠠᠢ᠍ᠢ᠍ᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠠᠴᠠ ᠪᠤᠯᠤᠬᠰᠠᠠ ᠠᠰᠢᠬ ᠦᠬᠡᠢ ᠨᠦᠯᠥᠬᠡ ᠵᠢ ᠴᠢᠷᠮᠡᠢ᠍ᠢ᠍ᠨ ᠢᠯᠠᠨ ᠲᠠᠪᠠᠵᠥ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠥ ᠰᠢᠢ᠍ᠳᠪᠤᠷᠢᠳᠤ ᠢᠯᠠᠯᠳᠠ ᠤᠯᠬᠤ ᠬᠠᠷᠠᠯᠳᠡ ᠡᠬᠦᠷᠬᠡ᠎ᠪᠠᠨ ᠪᠡᠶᠡᠯᠡᠬᠦᠯᠬᠦ ᠵᠢ ᠦᠨᠡᠨ ᠬᠦ᠌ ᠪᠠᠳᠤᠯᠠᠨ᠂ ᠴᠢᠨᠡᠬᠡᠯᠢᠭ ᠨᠡᠢ᠍ᠢ᠍ᠬᠡᠮ᠎ᠢ ᠪᠦᠬᠦ ᠲᠡᠯ᠎ᠡ᠎ᠪᠠᠷ ᠪᠡᠶᠡᠯᠡᠬᠦᠯᠵᠥ᠂ ᠱᠠᠨᠰᠢ ᠵᠢᠨ ᠰᠢᠨ᠎ᠡ ᠴᠠᠭ ᠦᠶ᠎ᠡ ᠵᠢᠨ ᠨᠡᠬᠡᠨ ᠬᠦᠢ᠍ᠴᠡᠵᠥ ᠲᠠᠪᠠᠵᠥ ᠭᠠᠷᠬᠤ ᠰᠢᠨ᠎ᠡ ᠬᠠᠭᠤᠳᠠᠰᠤ ᠵᠢ ᠴᠢᠷᠮᠡᠢ᠍ᠢ᠍ᠨ ᠪᠢᠴᠢᠭᠯᠡᠬᠦ ᠬᠡᠷᠡᠭᠳᠡᠢ ᠬᠡᠵᠥ ᠴᠢᠬᠤᠯᠠᠴᠢᠯᠠᠪᠠ᠃



     4 ᠰᠠᠷ᠎ᠠ ᠵᠢᠨ 20᠎ᠠᠴᠠ 23᠎ᠤ ᠡᠳᠤᠷ ᠪᠤᠯᠳᠠᠯ᠎ᠠ᠂ ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠡᠨ᠎ᠤ ᠲᠡᠷᠢᠬᠦᠯᠡᠭᠴᠢ ᠰᠢ ᠵᠢᠨ ᠫᠢᠩ ᠱᠠᠨᠰᠢ᠎ᠳᠤ ᠰᠢᠨᠵᠢᠯᠠᠨ ᠪᠠᠢ᠍ᠢ᠍ᠴᠠᠭ᠋ᠠᠪᠠ᠃ ᠵᠢᠷᠤᠭ ᠪᠤᠯ 4 ᠰᠠᠷ᠎ᠠ ᠵᠢᠨ 21᠎ᠤ ᠡᠳᠤᠷ᠂ ᠰᠢ ᠵᠢᠨ ᠫᠢᠩ ᠠᠨᠺᠠᠩ ᠬᠤᠳᠠ ᠵᠢᠨ ᠫᠢᠩᠯᠢ ᠰᠢᠶᠠᠨ᠎ᠤ ᠯᠤᠤᠰᠢᠶᠠᠨ ᠪᠠᠯᠭ᠋ᠠᠰᠤ ᠵᠢᠨ ᠵᠢᠶᠠᠩ ᠵᠢᠶᠠ ᠫᠢᠩ ᠲᠤᠰᠬᠤᠨ᠎ᠳᠤ ᠪᠠᠢ᠍ᠢ᠍ᠭ᠎ᠠ ᠨᠢᠤᠢ ᠸᠠ ᠭᠠᠷᠤᠲᠢ ᠭᠠᠯᠪᠢᠩᠭ᠎ᠠ ᠴᠠᠢ ᠵᠢᠨ ᠦᠢ᠍ᠯᠡᠰ᠎ᠤᠨ ᠤᠲᠤ ᠦᠶ᠎ᠠ ᠵᠢᠨ ᠵᠢᠱ᠌ᠢᠶ᠎ᠠ ᠦᠵᠡᠭᠦᠯᠬᠦ ᠲᠤᠭᠤᠷᠢᠭ᠎ᠲᠤ ᠬᠦᠷᠴᠦ᠂ ᠲᠠᠷᠢᠶᠠᠴᠢᠳ᠎ᠲᠠᠢ ᠲᠤᠲᠤᠨᠤ᠎ᠪᠠᠷ ᠶᠠᠷᠢᠯᠴᠠᠵᠤ ᠪᠠᠢ᠍ᠢ᠍ᠭ᠎ᠠ᠎ᠨᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠬᠦᠳᠡᠷᠯᠡᠪᠡ



     4 ᠰᠠᠷ᠎ᠠ ᠵᠢᠨ 20᠎ᠠᠴᠠ 23᠎ᠤ ᠡᠳᠤᠷ ᠪᠤᠯᠳᠠᠯ᠎ᠠ᠂ ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠡᠨ᠎ᠤ ᠲᠡᠷᠢᠬᠦᠯᠡᠭᠴᠢ ᠰᠢ ᠵᠢᠨ ᠫᠢᠩ ᠱᠠᠨᠰᠢ᠎ᠳᠤ ᠰᠢᠨᠵᠢᠯᠠᠨ ᠪᠠᠢ᠍ᠢ᠍ᠴᠠᠭ᠋ᠠᠪᠠ᠃ ᠵᠢᠷᠤᠭ ᠪᠤᠯ 4 ᠰᠠᠷ᠎ᠠ ᠵᠢᠨ 22᠎ᠤᠨ ᠡᠳᠤᠷ᠂ ᠰᠢ ᠵᠢᠨ ᠫᠢᠩ ᠰᠢ ᠠᠨ᠎ᠳᠠᠬᠢ ᠶᠡᠬᠡ ᠲᠠᠩ᠎ᠤᠨ ᠬᠦᠭᠵᠢᠶᠡᠨᠳᠤ ᠬᠤᠳᠠ ᠵᠢᠨ ᠶᠠᠪᠠᠭ᠋ᠠᠨ ᠵᠡᠭᠡᠯᠢ᠎ᠪᠠᠷ ᠰᠢᠨᠵᠢᠯᠡᠨ ᠪᠠᠢ᠍ᠢ᠍ᠴᠠᠭ᠋ᠠᠬᠤ᠎ᠳᠠᠭᠠᠨ ᠵᠢᠭᠤᠯᠴᠢᠯᠠᠵᠤ ᠪᠠᠢ᠍ᠢ᠍ᠭ᠎ᠠ ᠬᠦᠮᠦᠰ ᠲᠠᠢ᠍ᠢ᠍ᠰᠢ ᠭᠠᠷ ᠳᠠᠯᠠᠯᠤᠨ ᠮᠡᠨᠳᠦᠴᠢᠯᠡᠵᠤ ᠪᠠᠢ᠍ᠢ᠍ᠭ᠎ᠠ᠎ᠨᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠬᠦᠳᠡᠷᠯᠡᠪᠡ


      ᠲᠦᠷᠪᠡᠨ ᠰᠠᠷ᠎ᠠ ᠵᠢᠨ ᠱᠠᠨᠰᠢ ᠵᠢᠨ ᠡᠬᠡ ᠭᠠᠵᠠᠷ ᠬᠠᠪᠤᠷ᠎ᠤᠨ ᠦᠩᠬᠡ᠎ᠪᠠᠷ ᠪᠢᠯᠬᠠᠨ᠎ᠠ᠃ 4 ᠰᠠᠷ᠎ᠠ ᠵᠢᠨ 20᠎ᠠᠴᠠ 23᠎ᠤ ᠡᠳᠤᠷ ᠪᠤᠯᠳᠠᠯ᠎ᠠ᠂ ᠰᠢ ᠵᠢᠨ ᠫᠢᠩ ᠱᠠᠨᠰᠢ ᠮᠤᠵᠢ ᠵᠢᠨ ᠨᠠᠮ᠎ᠤᠨ ᠬᠤᠷᠢᠶᠡᠨ᠎ᠤ ᠱᠦᠵᠢ ᠬᠤ᠌ ᠡᡁᠸ ᠫᠢᠩ ᠪᠤᠯᠤᠨ ᠮᠤᠵᠢ ᠵᠢᠨ ᠲᠠᠷᠤᠭ᠎ᠠ ᠯᠢᠦ ᠬᠦᠸᠸ ᠵᠦᠩ᠎ᠤᠨ ᠪᠠᠷ᠎ᠡ ᠪᠤᠯᠤᠯᠭ᠎ᠠ᠎ᠪᠠᠷ ᠤᠷᠢᠳ ᠬᠤᠵᠢᠳ ᠱᠠᠩ ᠯᠥᠸᠸ᠂ ᠠᠨᠺᠠᠩ᠂ ᠰᠢ ᠠᠨ ᠵᠡᠷᠬᠡ ᠭᠠᠵᠠᠷ᠎ᠲᠤ ᠬᠦᠷᠴᠦ᠂ ᠪᠠᠢ᠍ᠢ᠍ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠂ ᠶᠠᠳᠠᠭᠤ ᠬᠦᠴᠢᠷᠳᠡᠯᠳᠡᠢ ᠠᠭᠤᠯᠠᠷᠬᠠᠭ ᠤᠷᠤᠨ᠂ ᠨᠡᠢ᠍ᠢ᠍ᠭᠡᠮ ᠲᠤᠭᠤᠷᠢᠭ᠂ ᠰᠤᠷᠭ᠋ᠠᠭᠤᠯᠢ᠂ ᠠᠵᠥ ᠠᠬᠤᠢ᠍ᠢ᠍ᠯᠠᠯ ᠵᠡᠷᠬᠡ ᠭᠠᠵᠠᠷ᠎ᠲᠤ ᠬᠦᠨᠵᠡᠬᠡᠢ᠍ᠢ᠍ᠷᠡᠨ᠂ ᠴᠢᠨᠯᠢᠩ᠎ᠤᠨ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠠᠵᠢᠯ ᠦᠢ᠍ᠯᠡᠳᠪᠤᠷᠢᠯᠡᠯ ᠵᠶ᠋ᠠᠨ ᠰᠡᠷᠬᠦᠬᠡᠬᠦ ᠵᠡᠷᠬᠡ ᠠᠵᠢᠯ᠎ᠤᠨ ᠪᠠᠢ᠍ᠢ᠍ᠳᠠᠯ᠎ᠢ ᠤᠢ᠍ᠢ᠍ᠯᠠᠭ᠋ᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠠ ᠠᠵᠥ ᠠᠬᠤᠢ ᠨᠡᠢ᠍ᠢ᠍ᠬᠡᠮ᠎ᠤᠨ ᠬᠦᠭᠵᠢᠯᠳᠡ ᠵᠢᠨ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠢ᠍ᠢ᠍ᠯᠠᠯᠳᠤᠭ᠋ᠠᠨ᠎ᠤ ᠢᠯᠠᠯᠳᠠ ᠵᠢ ᠤᠯᠬᠤ ᠲᠤᠬᠠᠢ ᠪᠠᠢ᠍ᠢ᠍ᠴᠠᠭ᠋ᠠᠨ ᠰᠤᠳᠤᠯᠵᠤ᠂ ᠺᠠᠳ᠋ᠷ ᠤᠯᠠᠨ ᠲᠦᠮᠡᠨ᠎ᠢ ᠡᠷᠬᠢᠨ ᠦᠵᠡᠵᠥ ᠲᠤᠬᠤᠨᠢᠭᠤᠯᠪᠠ᠃
      ᠴᠢᠨᠯᠢᠩ ᠨᠢᠷᠤᠭᠤ ᠪᠤᠯ ᠮᠠᠨ᠎ᠤ ᠤᠯᠤᠰ᠎ᠤᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠤᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠡᠯ᠎ᠠᠴᠠ ᠨᠠᠭ᠋ᠠᠰᠢ᠂ ᠶᠡᠷᠤᠩᠬᠡᠢ ᠱᠦᠵᠢ ᠰᠢ ᠵᠢᠨ ᠫᠢᠩ ᠱᠠᠨᠰᠢ ᠵᠢᠨ ᠬᠢᠯᠢ᠎ᠳᠠᠬᠢ ᠴᠢᠨᠯᠢᠩ᠎ᠤᠨ ᠠᠷᠤ ᠬᠤᠷᠮᠤᠢ᠎ᠳᠤ ᠲᠦᠷᠢᠮ᠎ᠢ ᠵᠦᠷᠢᠴᠡᠨ ᠬᠡᠬᠡᠨᠴᠢᠷ ᠤᠷᠤᠨ ᠰᠠᠭᠤᠴᠠ ᠪᠠᠢ᠍ᠢ᠍ᠭᠤᠯᠤᠬᠰᠠᠠ ᠠᠰᠠᠭᠤᠳᠠᠯ᠎ᠢ ᠪᠠᠢ᠍ᠢ᠍ᠴᠠᠭ᠋ᠠᠨ ᠰᠢᠢ᠍ᠳᠭᠡᠬᠦ᠂ ᠴᠢᠨᠯᠢᠩ᠎ᠤᠨ ᠠᠮᠢ ᠠᠬᠤᠢ ᠵᠢᠨ ᠬᠠᠮᠠᠭ᠋ᠠᠯᠠᠯᠳᠠ ᠵᠢ ᠴᠢᠩᠭ᠋ᠠᠳᠬᠠᠬᠤ ᠲᠤᠬᠠᠢ ᠤᠯᠠᠨᠳᠠ ᠴᠢᠬᠤᠯᠠ ᠵᠢᠭ᠋ᠠᠪᠤᠷᠢ ᠴᠤᠬᠤᠯᠠᠪᠤᠷᠢ ᠦᠭᠴᠠᠢ᠃ 20᠎ᠤ ᠦᠳᠡ ᠵᠢᠨ ᠬᠤᠢ᠍ᠢ᠍ᠨ᠎ᠡ᠂ ᠰᠢ ᠵᠢᠨ ᠫᠢᠩ ᠱᠠᠩ ᠯᠥᠸᠸ ᠬᠤᠳᠠ ᠵᠢᠨ ᠵᠠᠱ᠌ᠦᠢ᠍ᠢ ᠰᠢᠶᠠᠨ᠎ᠳᠤ ᠬᠦᠷᠴᠤ᠂ ᠡᠩ ᠲᠠᠷᠢᠬᠦᠨ᠎ᠳᠤ ᠴᠢᠨᠯᠢᠩ ᠲᠠᠪᠠᠭ᠎ᠠ ᠵᠢᠨ ᠵᠡᠬᠦᠨ ᠬᠡᠰᠡᠭ᠎ᠲᠤ ᠪᠠᠢ᠍ᠢ᠍ᠭ᠎ᠠ ᠨᠢᠦ ᠪᠸᠢ ᠯᠢᠶᠠᠩ ᠤᠯᠤᠰ᠎ᠤᠨ ᠲᠡᠰ᠎ᠤᠨ ᠪᠠᠢ᠍ᠢ᠍ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠬᠦᠷᠴᠦ᠂ ᠶᠠᠪᠠᠭ᠋ᠠᠨ ᠵᠶ᠋ᠠᠷ ᠪᠦᠬᠦᠩ᠎ᠤᠨ ᠬᠦᠨᠳᠡᠢ᠎ᠳᠤ ᠤᠷᠤᠵᠥ ᠪᠠᠢ᠍ᠢ᠍ᠭ᠋ᠠᠯᠢ ᠵᠢᠨ ᠠᠮᠢ ᠠᠬᠤᠢ ᠵᠢ ᠪᠠᠢ᠍ᠢ᠍ᠴᠠᠭ᠋ᠠᠨ ᠦᠵᠡᠵᠥ᠂ 《ᠤᠯᠠᠨ ᠬᠦᠮᠥᠨ᠎ᠤ ᠤᠯᠵᠤ ᠮᠡᠳᠡᠭᠡᠳᠤᠢ ᠪᠠᠢ᠍ᠢ᠍ᠭ᠋ᠠᠯᠢ ᠵᠢᠨ ᠬᠦᠴᠢᠯᠳᠦᠢ᠍ᠷᠦᠭᠴᠢᠳᠤ ᠪᠠᠭ᠋ᠠᠷ ᠪᠠᠢ᠍ᠢ᠍ᠨ᠎ᠠ》 ᠬᠡᠵᠥ ᠮᠠᠬᠳᠠᠪᠠ᠃
      ᠲᠠᠷᠠᠭ᠎ᠠ᠎ᠨᠢ᠂ ᠰᠢ ᠵᠢᠨ ᠫᠢᠩ ᠲᠡᠷᠭᠡ᠎ᠪᠠᠷ ᠲᠠᠯᠠᠢ ᠵᠢᠨ ᠲᠦᠪᠰᠢᠨ᠎ᠠᠴᠠ 1700 ᠮᠸᠲᠷ ᠡᠷᠬᠦᠭᠳᠡᠭᠰᠡᠨ ᠶᠤᠸᠠᠢ ᠯᠢᠶᠠᠩ ᠶᠠ᠎ᠳᠤ ᠬᠦᠷᠴᠤ᠂ ᠴᠢᠨᠯᠢᠩ᠎ᠤᠨ ᠨᠢᠦ ᠪᠸᠢ ᠯᠢᠶᠠᠩ᠎ᠤᠨ ᠨᠤᠶᠠᠨ ᠤᠷᠬᠢᠯ᠎ᠢ ᠪᠠᠷᠠᠯᠠᠨ᠂ ᠱᠠᠨᠰᠢ ᠮᠤᠵᠢ ᠵᠢᠨ᠎ᠬᠢᠨ᠎ᠤ ᠴᠢᠨᠯᠢᠩ᠎ᠤᠨ ᠠᠷᠤ ᠬᠤᠷᠮᠤᠢ᠎ᠳᠤ ᠲᠦᠷᠢᠮ᠎ᠢ ᠵᠦᠷᠢᠴᠡᠨ ᠬᠡᠬᠡᠨᠴᠢᠷ ᠤᠷᠤᠨ ᠰᠠᠭᠤᠴᠠ ᠪᠠᠢ᠍ᠢ᠍ᠭᠤᠯᠤᠭᠰᠠᠨ ᠠᠰᠠᠭᠤᠳᠠᠯ᠎ᠠᠴᠠ ᠰᠤᠷᠭ᠋ᠠᠮᠵᠢ ᠠᠪᠴᠦ᠂ ᠠᠮᠢ ᠠᠬᠤᠢ ᠵᠢᠨ ᠬᠠᠮᠠᠭ᠋ᠠᠯᠠᠯᠳᠠ ᠵᠢ ᠰᠠᠢ᠍ᠢ᠍ᠳᠤᠷ ᠠᠳᠬᠤᠭᠰᠠᠠ ᠵᠡᠷᠬᠡ ᠠᠵᠢᠯ᠎ᠤᠨ ᠬᠠᠷᠢᠭᠤ ᠮᠡᠳᠡᠬᠦᠯᠥᠯᠳᠡ ᠵᠢ ᠰᠤᠨᠤᠰᠴᠠᠢ᠃ ᠰᠢ ᠵᠢᠨ ᠫᠢᠩ᠂ ᠴᠢᠨᠯᠢᠩ ᠨᠢᠷᠤᠭᠤ ᠡᠮᠤᠨ᠎ᠡ ᠤᠮᠠᠷ᠎ᠠ ᠵᠢ ᠬᠤᠯᠪᠤᠨ ᠤᠰᠤᠨ᠎ᠤ ᠡᠬᠢ ᠰᠤᠷᠪᠤᠯᠵᠢ᠎ᠪᠠᠷ ᠵᠶ᠋ᠠᠨ ᠳᠡᠯᠡᠬᠡᠢ ᠳ᠋ᠠᠬᠢᠨ᠎ᠳᠤ ᠠᠰᠢᠭ ᠬᠦᠷᠳᠡᠭᠡᠵᠦ᠂ ᠮᠠᠨ᠎ᠤ ᠤᠯᠤᠰ᠎ᠤᠨ ᠭᠤᠤᠯ ᠤᠰᠤᠨ ᠰᠤᠪᠤᠷᠭ᠎ᠠ᠂ ᠲᠤᠮᠳᠠᠳᠤ ᠵᠢᠨ ᠦᠨᠳᠦᠰᠦᠳᠡᠨ᠎ᠤ ᠡᠬᠡ ᠰᠤᠳᠠᠰᠤ᠂ ᠲᠤᠮᠳᠠᠳᠤ ᠵᠢᠨ ᠰᠤᠶᠤᠯ᠎ᠤᠨ ᠴᠢᠬᠤᠯᠡ ᠪᠡᠯᠬᠡ ᠲᠡᠮᠳᠡᠭ ᠪᠤᠯᠬᠤ ᠶᠤᠮ᠂ ᠴᠢᠨᠯᠢᠩ᠎ᠤᠨ ᠠᠮᠢ ᠠᠬᠤᠢ ᠤᠷᠴᠢᠨ ᠲᠤᠭᠤᠷᠢᠨ᠎ᠢ ᠰᠠᠢ᠍ᠢ᠍ᠳᠤᠷ ᠬᠠᠮᠠᠭ᠋ᠠᠯᠠᠬᠤ᠎ᠨᠢ ᠲᠤᠮᠳᠠᠳᠤ ᠵᠢᠨ ᠦᠨᠳᠦᠰᠦᠳᠡᠨ᠎ᠤ ᠦᠨᠢ ᠡᠬᠦᠷᠢᠳᠡ ᠬᠦᠭᠵᠢᠨ ᠴᠡᠴᠡᠭᠯᠡᠬᠦ᠂ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠳᠠ ᠵᠢ ᠪᠡᠶᠡᠯᠡᠬᠦᠯᠬᠦ᠂ ᠦᠷᠬᠦᠯᠵᠢᠯᠡᠬᠦ ᠬᠦᠭᠵᠢᠯᠳᠡ ᠵᠢ ᠪᠡᠶᠡᠯᠡᠬᠦᠯᠬᠦ᠎ᠳᠤ ᠲᠤᠢ᠍ᠢ᠍ᠯ᠎ᠤᠨ ᠴᠢᠬᠤᠯᠠ ᠪᠦᠬᠡᠳ ᠠᠯᠤᠰ ᠬᠡᠳᠤ ᠵᠢᠨ ᠠᠴᠢ ᠬᠤᠯᠪᠤᠭᠳᠠᠯ᠎ᠲᠠᠢ᠃ ᠱᠠᠨᠰᠢ ᠵᠢᠨ᠎ᠬᠢᠨ ᠴᠢᠨᠯᠢᠩ᠎ᠳᠤ ᠲᠦᠷᠢᠮ᠎ᠢ ᠵᠦᠷᠢᠴᠡᠨ ᠬᠡᠬᠡᠨᠴᠢᠷ ᠤᠷᠤᠨ ᠰᠠᠭᠤᠴᠠ ᠪᠠᠢ᠍ᠢ᠍ᠭᠤᠯᠤᠬᠰᠠᠠ ᠠᠰᠠᠭᠤᠳᠠᠯ᠎ᠠᠴᠠ ᠭᠦᠨᠵᠡᠭᠡᠢ ᠰᠤᠷᠭ᠋ᠠᠮᠵᠢ ᠠᠪᠴᠦ᠂ ᠡᠪᠡᠳᠬᠦ᠎ᠨᠢ ᠵᠤᠭᠰᠤᠪᠠᠴᠦ ᠡᠪᠡᠷᠰᠢᠶᠡᠯ ᠵᠶ᠋ᠠᠨ ᠦᠯᠦ ᠮᠠᠷᠳᠠᠨ᠂ ᠪᠠᠢ᠍ᠢ᠍ᠩᠭᠤ ᠰᠡᠷᠡᠮᠵᠢ᠎ᠲᠠᠢ ᠪᠠᠢ᠍ᠢ᠍ᠵᠥ᠂ ᠨᠠᠮ᠂ ᠲᠡᠤᠬᠡ᠂ ᠠᠷᠠᠳ ᠲᠦᠮᠡᠨ᠎ᠳᠤ ᠲᠡᠬᠡᠳᠤ ᠬᠡᠮᠵᠢᠶ᠎ᠡ᠎ᠪᠠᠷ ᠬᠠᠷᠢᠭᠤᠴᠠᠬᠤ ᠵᠤᠷᠢᠭ ᠰᠠᠨᠠᠭ᠎ᠠ᠎ᠪᠠᠷ᠂ ᠦᠯᠦ ᠭᠠᠪᠢᠶᠠᠷᠬᠠᠬᠤ ᠬᠡᠬᠦᠳᠡᠭ ᠴᠡᠭᠡᠵᠢ᠎ᠪᠠᠷ ᠴᠢᠨᠯᠢᠩ᠎ᠤᠨ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ ᠪᠠ ᠰᠡᠷᠬᠦᠬᠡᠨ ᠵᠠᠰᠠᠬᠤ ᠠᠵᠢᠯ᠎ᠢ ᠴᠢᠬᠤᠯᠠ ᠪᠠᠢ᠍ᠢ᠍ᠷᠢᠨ᠎ᠳᠤ ᠲᠠᠯᠪᠢᠵᠥ᠂ ᠡᠬᠦᠷᠬᠡ ᠬᠠᠷᠢᠭᠤᠴᠠᠯᠭ᠎ᠠ᠎ᠪᠠᠨ ᠰᠠᠢ᠍ᠢ᠍ᠳᠤᠷ ᠬᠦᠢ᠍ᠴᠡᠳᠬᠡᠨ᠂ ᠴᠢᠨᠯᠢᠩ᠎ᠤᠨ ᠠᠮᠢ ᠠᠬᠤᠢ ᠵᠢᠨ ᠰᠠᠢ᠍ᠢ᠍ᠨ ᠬᠠᠮᠠᠭ᠋ᠠᠯᠠᠬ᠍ᠴᠢ ᠪᠤᠯᠬᠤ ᠬᠡᠷᠡᠭᠳᠡᠢ᠂ ᠶᠠᠭ᠋ᠠᠬᠢᠬᠰᠠᠠ ᠴᠦ᠍ ᠪᠦᠳᠦᠷᠢᠭᠰᠡᠡ ᠮᠦᠷ ᠵᠶ᠋ᠠᠷ ᠵᠶ᠋ᠠᠨ ᠲᠠᠬᠢᠨ ᠶᠠᠪᠤᠵᠥ ᠪᠤᠯᠬᠤ ᠦᠬᠡᠢ᠂ ᠶᠠᠭ᠋ᠠᠬᠢᠬᠰᠠᠠ ᠴᠦ᠍ ᠲᠡᠤᠬᠡᠨ ᠲᠡᠬᠡᠷ᠎ᠡ ᠮᠠᠭᠤ ᠨᠡᠷ᠎ᠡ ᠦᠯᠡᠳᠡᠬᠡᠵᠥ ᠪᠤᠯᠬᠤ ᠦᠬᠡᠢ᠃ ᠤᠬᠠᠮᠰᠠᠷ᠎ᠠᠴᠠ᠎ᠪᠠᠨ ᠤᠯᠤᠰ ᠲᠦᠷᠦ ᠵᠢ ᠡᠷᠬᠢᠮᠯᠡᠨ᠂ ᠤᠯᠤᠰ ᠤᠷᠤᠨ᠎ᠤ ᠶᠠᠬᠡ ᠪᠠᠢ᠍ᠢ᠍ᠳᠠᠯ᠎ᠳᠤ ᠲᠤᠳᠤᠷ᠎ᠡ᠎ᠪᠠᠨ ᠲᠤᠭ᠎ᠠ᠎ᠲᠠᠢ ᠪᠠᠢ᠍ᠢ᠍ᠵᠥ᠂ ᠨᠠᠮ᠎ᠤᠨ ᠲᠦᠪ ᠬᠤᠷᠢᠶᠠᠨ᠎ᠤ ᠶᠠᠭᠤ ᠵᠢ ᠬᠠᠯᠠᠮᠵᠢᠯᠠᠵᠥ ᠪᠠᠢ᠍ᠢ᠍ᠬᠤ᠂ ᠶᠠᠭᠤ ᠵᠢ ᠴᠢᠬᠤᠯᠠᠴᠢᠯᠠᠵᠥ ᠪᠠᠢ᠍ᠢ᠍ᠬᠤ ᠵᠢ ᠠᠩᠬᠠᠷᠴᠦ᠂ ᠨᠠᠮ ᠪᠤᠯᠤᠨ ᠤᠯᠤᠰ᠎ᠤᠨ ᠬᠠᠮᠤᠭ᠎ᠤᠨ ᠴᠢᠬᠤᠯᠠ ᠠᠰᠢᠬ ᠲᠤᠰᠠ᠎ᠨᠢ ᠶᠠᠭᠤ ᠪᠤᠯᠬᠤ᠂ ᠬᠠᠮᠤᠭ᠎ᠠᠴᠠ ᠡᠷᠡᠰ ᠬᠠᠮᠠᠭ᠋ᠠᠯᠠᠬᠤ ᠴᠢᠬᠤᠯᠠᠳᠠᠢ ᠵᠤᠭᠰᠤᠯᠳᠠ᠎ᠨᠢ ᠶᠠᠭᠤ ᠪᠤᠯᠬᠤ ᠵᠢ ᠬᠦᠨᠵᠡᠬᠡᠢ ᠤᠢ᠍ᠢ᠍ᠯᠠᠭ᠋ᠠᠵᠥ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠨ 《ᠲᠦᠷᠪᠡᠨ ᠢᠳᠡᠬᠡᠯ》 ᠵᠶ᠋ᠠᠨ ᠪᠠᠳᠤᠳᠬᠠᠵᠤ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠬᠦ ᠵᠢ ᠦᠨᠡᠨ ᠬᠦ᠌ ᠠᠵᠢᠯᠯᠠᠭ᠎ᠠ ᠲᠡᠬᠡᠷ᠎ᠡ᠎ᠪᠠᠨ ᠨᠠᠢ᠍ᠢ᠍ᠳᠠᠪᠤᠷᠢᠵᠢᠭᠤᠯᠵᠤ᠂ ᠠᠮᠠᠨ ᠲᠡᠬᠡᠷ᠎ᠡ᠎ᠪᠠᠨ ᠬᠡᠯᠡᠬᠡᠳ ᠪᠠᠢ᠍ᠢ᠍ᠵᠥ ᠪᠤᠯᠬᠤ ᠦᠬᠡᠢ ᠭᠡᠵᠥ ᠴᠢᠬᠤᠯᠠᠴᠢᠯᠠᠪᠠ᠃
      ᠬᠠᠮᠠᠭ᠋ᠠᠯᠠᠯᠳᠠ ᠵᠢᠨ ᠤᠷᠤᠨ᠎ᠠᠴᠠ ᠰᠠᠯᠤᠭ᠋ᠠᠳ ᠰᠢ ᠵᠢᠨ ᠫᠢᠩ ᠡᠭᠴᠡ ᠠᠭᠤᠯᠠᠨ ᠵᠠᠮ᠎ᠢ ᠪᠠᠷᠢᠨ ᠮᠠᠰᠢᠨ ᠲᠡᠷᠬᠡ᠎ᠪᠠᠷ ᠵᠠᠱ᠌ᠦᠢ᠍ᠢ ᠰᠢᠶᠠᠨ᠎ᠤ ᠰᠢᠶᠤᠤᠯᠢᠩ ᠪᠠᠯᠭ᠋ᠠᠰᠤ ᠵᠢᠨ ᠵᠢᠨᠮᠢ ᠲᠤᠰᠬᠤᠨ᠎ᠳᠤ ᠬᠦᠷᠴᠦ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠤᠨ ᠪᠠᠢ᠍ᠢ᠍ᠳᠠᠯ᠎ᠢ ᠰᠢᠨᠵᠢᠯᠡᠨ ᠪᠠᠢ᠍ᠢ᠍ᠴᠠᠭ᠋ᠠᠪᠠ᠃ ᠵᠢᠨᠮᠢ ᠲᠤᠰᠬᠤᠨ ᠴᠢᠨᠯᠢᠩ ᠲᠠᠪᠠᠭ᠎ᠠ ᠵᠢᠨ ᠬᠦᠨ᠎ᠳᠤ ᠪᠠᠢ᠍ᠢ᠍ᠷᠢᠯᠠᠵᠥ᠂ ᠲᠤᠢ᠍ᠢ᠍ᠯ᠎ᠤᠨ ᠶᠠᠳᠠᠭᠤ ᠬᠦᠴᠢᠷᠳᠡᠯᠳᠡᠢ ᠲᠤᠰᠬᠤᠨ ᠪᠠᠢ᠍ᠢ᠍ᠬᠰᠠᠠ ᠶᠤᠮ᠂ ᠤᠢ᠍ᠢ᠍ᠷ᠎ᠠ ᠵᠢᠨ ᠵᠢᠯ᠎ᠠᠴᠠ ᠲᠡᠯᠳᠡᠤ᠂ ᠬᠢᠳᠠᠳ ᠡᠮ᠎ᠤᠨ ᠮᠠᠲᠸᠷᠢᠶᠠᠯ᠂ ᠵᠢᠭᠤᠯᠴᠢᠯᠠᠯ ᠵᠡᠷᠬᠡ ᠠᠵᠥ ᠦᠢ᠍ᠯᠡᠰ᠎ᠢ ᠬᠦᠭᠵᠢᠬᠦᠯᠬᠦ᠎ᠪᠠᠷ ᠳᠠᠮᠵᠢᠨ ᠪᠦᠬᠦ ᠲᠤᠰᠬᠤᠨ ᠵᠶ᠋ᠠᠷ ᠵᠶ᠋ᠠᠨ ᠶᠠᠳᠠᠭᠤ᠎ᠠᠴᠠ ᠠᠩᠬᠢᠵᠢᠷᠠᠪᠠ᠃ ᠰᠢ ᠵᠢᠨ ᠫᠢᠩ ᠶᠠᠪᠠᠭ᠋ᠠᠨ ᠵᠶ᠋ᠠᠷ ᠲᠤᠰᠬᠤᠨ᠎ᠤ ᠲᠦᠷᠰᠦ ᠪᠠᠢ᠍ᠢ᠍ᠳᠠᠯ᠎ᠢ ᠪᠠᠢ᠍ᠢ᠍ᠴᠠᠭ᠋ᠠᠨ ᠦᠵᠡᠵᠥ᠂ ᠲᠤᠰᠬᠤᠨ᠎ᠤ ᠪᠤᠯᠪᠠᠰᠤᠷᠠᠯ᠎ᠤᠨ ᠲᠦᠪ᠂ ᠤᠶᠤᠨᠳᠤ ᠬᠠᠮᠢᠶᠠᠷᠤᠯᠳᠠ ᠵᠢᠨ ᠲᠡᠯᠳᠡᠤ ᠵᠢᠨ ᠲᠤᠯᠠᠭ᠋ᠠᠨ ᠬᠦᠯᠡᠮᠵᠢ᠎ᠪᠠᠷ ᠤᠷᠤᠵᠥ᠂ ᠲᠡᠯᠳᠡᠤ ᠵᠢᠨ ᠲᠦᠷᠦᠯ ᠵᠦᠢ᠍ᠯ ᠪᠤᠯᠤᠨ ᠲᠠᠷᠢᠬᠤ ᠶᠠᠪᠤᠴᠠ ᠵᠢ ᠤᠢ᠍ᠢ᠍ᠯᠠᠭ᠋ᠠᠨ᠂ ᠲᠡᠯᠳᠡᠤ ᠵᠢᠨ ᠦᠨ᠎ᠡ ᠬᠠᠩᠰᠢ᠂ ᠪᠤᠷᠤᠯᠠᠭᠤᠯᠭ᠎ᠠ ᠵᠢᠨ ᠠᠷᠭ᠎ᠠ ᠵᠠᠮ ᠪᠤᠯᠤᠨ ᠲᠤᠰᠬᠤᠨ᠎ᠤ ᠠᠷᠠᠳ᠎ᠤᠨ ᠤᠷᠤᠯᠭ᠎ᠠ ᠵᠡᠷᠬᠡ ᠵᠢ ᠯᠠᠪᠯᠠᠨ ᠠᠰᠠᠭᠤᠵᠥ᠂ ᠲᠡᠳᠡᠨ᠎ᠢ ᠵᠢᠵᠢᠭᠬᠡᠨ ᠲᠡᠯᠳᠡᠤ᠎ᠪᠠᠷ ᠶᠡᠬᠡ ᠠᠵᠤ ᠦᠢ᠍ᠯᠡᠰ᠎ᠢ ᠪᠦᠲᠦᠭᠡᠵᠠᠢ ᠬᠡᠵᠥ ᠮᠠᠭᠳᠠᠪᠠ᠃ ᠰᠢ ᠵᠢᠨ ᠫᠢᠩ᠂ ᠶᠠᠳᠠᠭᠤ ᠵᠢ ᠲᠡᠳᠬᠦᠬᠦ ᠠᠵᠥ ᠦᠢ᠍ᠯᠡᠰ᠎ᠢ ᠬᠦᠭᠵᠢᠬᠦᠯᠬᠦ ᠵᠢᠨ ᠴᠢᠬᠤᠯᠠ ᠲᠠᠯ᠎ᠠ᠎ᠨᠢ ᠤᠯᠠᠨ ᠲᠦᠮᠡᠨ᠎ᠳᠤ ᠠᠰᠢᠬ ᠬᠦᠷᠳᠡᠬᠡᠬᠦ ᠶᠠᠪᠤᠳᠠᠯ᠂ ᠬᠦᠴᠢᠷ ᠲᠠᠯ᠎ᠠ᠎ᠨᠢ ᠦᠷᠬᠦᠯᠵᠢᠯᠡᠨ ᠲᠤᠭᠳᠠᠭᠤᠨ ᠪᠠᠢ᠍ᠢ᠍ᠯᠭ᠋ᠠᠬᠤ ᠶᠠᠪᠤᠳᠠᠯ ᠪᠤᠯᠬᠤ ᠶᠤᠮ᠃ ᠠᠵᠥ ᠦᠢ᠍ᠯᠡᠰ᠎ᠤᠨ ᠬᠡᠯᠬᠢᠶ᠎ᠡ᠎ᠪᠠᠨ ᠤᠷᠳᠤᠳᠬᠠᠨ᠂ ᠠᠶᠤᠯ ᠲᠦᠭᠰᠢᠬᠦᠷᠢ ᠵᠢ ᠡᠰᠡᠷᠬᠦᠴᠡᠬᠦ ᠴᠢᠳᠠᠪᠤᠷᠢ᠎ᠪᠠᠨ ᠲᠡᠭᠡᠭᠰᠢᠯᠡᠬᠦᠯᠵᠤ᠂ ᠨᠡᠩ ᠲᠤᠭᠳᠠᠭᠤᠨ ᠠᠰᠢᠬ ᠲᠤᠰᠠ ᠵᠢᠨ ᠬᠤᠯᠪᠤᠭ᠋ᠠᠨ᠎ᠤ ᠲᠤᠭᠳᠠᠴᠠ ᠵᠢ ᠪᠠᠢ᠍ᠢ᠍ᠭᠤᠯᠵᠥ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠦᠷᠬᠦᠯᠵᠢᠯᠡᠨ ᠲᠤᠭᠳᠠᠭᠤᠨ ᠵᠶ᠋ᠠᠷ ᠤᠷᠤᠯᠭ᠎ᠠ᠎ᠪᠠᠨ ᠨᠡᠮᠡᠭᠳᠡᠬᠦᠯᠬᠦ ᠵᠢ ᠦᠨᠡᠨ ᠬᠦ᠌ ᠪᠠᠳᠤᠯᠠᠬᠤ ᠬᠡᠷᠡᠭᠳᠡᠢ᠃ ᠶᠠᠳᠠᠭᠤ᠎ᠠᠴᠠ ᠠᠩᠬᠢᠵᠢᠷᠠᠬᠤ ᠪᠤᠯ ᠡᠴᠤᠰ᠎ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ᠎ᠤᠨ ᠡᠬᠢᠯᠡᠯᠳᠡ ᠪᠤᠯᠤᠨ᠎ᠠ᠃ ᠵᠠᠯᠭ᠋ᠠᠭ᠋ᠠᠳ ᠬᠦᠳᠡᠬᠡ ᠲᠤᠰᠬᠤᠨ᠎ᠢ ᠬᠦᠭᠵᠢᠬᠦᠯᠥᠨ ᠮᠠᠨᠳᠤᠭᠤᠯᠬᠤ ᠶᠡᠬᠡ ᠶᠠᠪᠤᠳᠠᠯ᠎ᠢ ᠰᠠᠢ᠍ᠢ᠍ᠳᠤᠷ ᠬᠢᠵᠥ᠂ ᠬᠦᠳᠡᠬᠡ ᠲᠤᠰᠬᠤᠨ᠎ᠤ ᠠᠵᠥ ᠦᠢ᠍ᠯᠡᠰ᠂ ᠴᠢᠳᠠᠪᠤᠷᠢᠳᠡᠨ᠂ ᠰᠤᠶᠤᠯ᠂ ᠠᠮᠢ ᠠᠬᠤᠢ᠂ ᠵᠤᠬᠢᠶᠠᠨ ᠪᠠᠢ᠍ᠢ᠍ᠭᠤᠯᠤᠯᠳᠠ ᠵᠡᠷᠬᠡ ᠵᠢ ᠪᠦᠬᠦ ᠲᠡᠯ᠎ᠡ᠎ᠪᠠᠷ ᠬᠦᠭᠵᠢᠬᠦᠯᠥᠨ ᠮᠠᠨᠳᠤᠭᠤᠯᠬᠤ ᠵᠢ ᠠᠬᠢᠭᠤᠯᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
      ᠠᠨᠺᠠᠩ ᠬᠤᠳᠠ ᠴᠢᠨᠯᠢᠩ ᠪᠤᠯᠤᠨ ᠳ᠋ᠠᠪᠠᠱ᠌ᠠᠨ᠎ᠤ ᠠᠭᠤᠯᠠᠷᠬᠠᠭ ᠤᠷᠤᠨ᠎ᠤ ᠲᠦᠪᠯᠡᠷᠡᠵᠦ ᠵᠠᠯᠭ᠋ᠠᠯᠳᠤᠭᠰᠠᠠ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ᠎ᠤ ᠲᠦᠪ᠎ᠲᠤ ᠪᠠᠢ᠍ᠢ᠍ᠷᠢᠯᠠᠵᠥ ᠪᠤᠢ᠃ 21᠎ᠤ ᠦᠳᠡ ᠵᠢᠨ ᠡᠮᠤᠨ᠎ᠡ᠂ ᠰᠢ ᠵᠢᠨ ᠫᠢᠩ ᠠᠨᠺᠠᠩ ᠬᠤᠳᠠ ᠵᠢᠨ ᠫᠢᠩᠯᠢ ᠰᠢᠶᠠᠨ᠎ᠤ ᠯᠤᠤᠰᠢᠶᠠᠨ ᠪᠠᠯᠭ᠋ᠠᠰᠤ ᠵᠢᠨ ᠵᠢᠨᠫᠢᠩ ᠨᠡᠢ᠍ᠢ᠍ᠬᠡᠮ ᠲᠤᠭᠤᠷᠢᠭ᠎ᠲᠤ ᠬᠦᠷᠪᠡ᠃ ᠵᠢᠨᠫᠢᠩ ᠨᠡᠢ᠍ᠢ᠍ᠬᠡᠮ ᠲᠤᠭᠤᠷᠢᠭ᠎ᠲᠤ ᠤᠷᠢᠳ ᠬᠤᠵᠢᠳ 1346 ᠶᠠᠳᠠᠭᠤ ᠬᠦᠴᠢᠷᠳᠡᠯᠳᠡᠢ ᠡᠷᠦᠬᠡ ᠵᠢᠨ 4173 ᠬᠦᠮᠥᠨ᠎ᠢ ᠨᠡᠭᠦᠯᠭᠡᠵᠦ ᠲᠦᠪᠬᠢᠨᠡᠬᠦᠯᠥᠭᠰᠡᠡ ᠪᠠᠢ᠍ᠢ᠍ᠨ᠎ᠠ᠃ ᠰᠢ ᠵᠢᠨ ᠫᠢᠩ ᠨᠡᠢ᠍ᠢ᠍ᠬᠡᠮ ᠲᠤᠭᠤᠷᠢᠭ᠎ᠤᠨ ᠡᠯᠸᠺᠲᠷᠤᠨ ᠦᠢ᠍ᠯᠡᠳᠪᠤᠷᠢ᠂ ᠨᠤᠤᠰᠤᠨ ᠲᠤᠭᠯᠠᠭ᠋ᠠᠮ᠎ᠤᠨ ᠦᠢ᠍ᠯᠡᠳᠪᠤᠷᠢ᠂ ᠬᠤᠪᠴᠠᠰᠤ ᠵᠠᠰᠠᠯ᠎ᠤᠨ ᠺᠤᠮᠫᠠᠨᠢ ᠵᠢᠨ ᠦᠢ᠍ᠯᠡᠳᠬᠦᠨ᠎ᠤ ᠦᠵᠡᠬᠦᠯᠬᠡ ᠵᠢᠨ ᠲᠢᠩᠬᠢᠮ ᠵᠶ᠋ᠠᠷ ᠪᠠᠢ᠍ᠢ᠍ᠴᠠᠭ᠋ᠠᠨ ᠦᠵᠡᠵᠥ᠂ ᠲᠤᠰ ᠭᠠᠵᠠᠷ᠎ᠤᠨ᠎ᠬᠢᠨ᠎ᠤ 《ᠠᠭᠤᠯᠠᠨ ᠲᠡᠬᠡᠷ᠎ᠡ ᠠᠵᠥ ᠦᠢ᠍ᠯᠡᠰ ᠬᠦᠭᠵᠢᠬᠦᠯᠵᠥ᠂ ᠠᠭᠤᠯᠠᠨ ᠲᠤᠤᠷ᠎ᠡ ᠨᠡᠢ᠍ᠢ᠍ᠬᠡᠮ ᠲᠤᠭᠤᠷᠢᠭ ᠪᠠᠢ᠍ᠢ᠍ᠭᠤᠯᠵᠥ᠂ ᠨᠡᠢ᠍ᠢ᠍ᠬᠡᠮ ᠲᠤᠭᠤᠷᠢᠭ᠎ᠲᠠᠭᠠᠨ ᠦᠢ᠍ᠯᠡᠳᠪᠤᠷᠢ ᠡᠷᠬᠢᠯᠡᠬᠦ》 ᠬᠦᠭᠵᠢᠯᠳᠡ ᠵᠢᠨ ᠰᠡᠳᠬᠢᠴᠡ ᠵᠢ ᠨᠤᠳᠠᠯᠠᠵᠥ᠂ ᠠᠵᠥ ᠠᠬᠤᠢ᠍ᠢ᠍ᠯᠠᠯ᠎ᠢ ᠬᠢᠵᠢᠭ᠎ᠤᠨ ᠪᠠᠢ᠍ᠢ᠍ᠳᠠᠯ᠎ᠤᠨ ᠠᠪᠴᠢᠷᠠᠬᠰᠠᠠ ᠠᠰᠢᠬ ᠦᠬᠡᠢ ᠨᠦᠯᠥᠬᠡ ᠵᠢ ᠴᠢᠷᠮᠡᠢ᠍ᠢ᠍ᠨ ᠢᠯᠠᠨ ᠲᠠᠪᠠᠵᠥ᠂ ᠤᠯᠤᠰ᠎ᠤᠨ ᠲᠤᠳᠤᠭ᠋ᠠᠳᠤᠬᠢ ᠵᠠᠬ᠎ᠠ ᠲᠡᠯᠬᠡᠬᠦᠷ ᠵᠶ᠋ᠠᠨ ᠢᠳᠡᠪᠬᠢᠳᠡᠢ ᠦᠷᠬᠡᠳᠭᠡᠬᠦ ᠵᠢ ᠵᠤᠷᠢᠬ᠍ᠵᠢᠭᠤᠯᠪᠠ᠃ ᠰᠢ ᠵᠢᠨ ᠫᠢᠩ᠂ ᠡᠨᠡ ᠵᠢᠯ ᠪᠤᠯ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠥ ᠰᠢᠢ᠍ᠳᠪᠤᠷᠢᠳᠤ ᠢᠯᠠᠯᠳᠠ ᠵᠢ ᠤᠯᠬᠤ ᠵᠢᠯ ᠪᠤᠯᠤᠨ᠎ᠠ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠠᠵᠢᠯ ᠤᠯᠬᠤ ᠠᠰᠠᠭᠤᠳᠠᠯ᠎ᠢ ᠰᠢᠢ᠍ᠳᠪᠤᠷᠢᠯᠡᠬᠦ᠎ᠨᠢ ᠲᠤᠢ᠍ᠢ᠍ᠯ᠎ᠤᠨ ᠴᠢᠬᠤᠯᠠ ᠶᠤᠮ᠃ ᠡᠯ᠎ᠡ ᠱᠠᠳᠤᠨ᠎ᠤ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠳᠤᠨ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠥ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠠ᠎ᠪᠠᠷ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠠᠵᠢᠯ ᠤᠯᠬᠤ ᠵᠢ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃ ᠪᠠᠯᠭ᠋ᠠᠰᠤᠨ᠎ᠳᠠᠬᠢ ᠤᠯᠠᠨ ᠲᠦᠮᠡᠨ ᠶᠡᠷᠤᠩᠬᠡᠢ ᠱᠦᠵᠢ ᠢᠷᠡᠭᠰᠡᠡ᠎ᠢ ᠰᠤᠨᠤᠰᠤᠭ᠋ᠠᠳ ᠪᠦᠯᠥᠭ ᠪᠦᠯᠥᠭ ᠵᠶ᠋ᠠᠷ ᠵᠡᠬᠡᠯᠢ᠎ᠳᠤ ᠭᠠᠷᠴᠦ᠂ ᠦᠨᠳᠤᠷ ᠲᠠᠭᠤᠨ ᠵᠶ᠋ᠠᠷ ᠶᠡᠷᠤᠩᠬᠡᠢ ᠱᠦᠵᠢ᠎ᠲᠠᠢ ᠮᠡᠨᠳᠤᠴᠢᠯᠠᠨ᠎ᠡ᠃ ᠰᠢ ᠵᠢᠨ ᠫᠢᠩ ᠨᠤᠳᠤᠭ᠎ᠤᠨ ᠠᠬ᠎ᠠ ᠲᠡᠬᠦᠤ ᠨᠠᠷ᠎ᠤᠨ ᠵᠤᠯ ᠵᠢᠷᠭ᠋ᠠᠯᠳᠠᠢ ᠠᠮᠤᠷ ᠠᠮᠤᠭᠤᠯᠠᠩ ᠪᠠᠢ᠍ᠢ᠍ᠬᠤ ᠵᠢ ᠵᠦᠩᠨᠡᠪᠡ!
      ᠨᠡᠬᠦᠵᠥ ᠢᠷᠡᠭᠰᠡᠡ ᠡᠷᠦᠬᠡ ᠸᠠᠩ ᠰᠢᠶᠠᠨ ᠫᠢᠩ᠎ᠤᠨ ᠭᠡᠷ᠎ᠲᠤ᠂ ᠰᠢ ᠵᠢᠨ ᠫᠢᠩ ᠬᠡᠷ᠎ᠤᠨ ᠬᠦᠮᠥᠰ᠎ᠲᠠᠢ᠎ᠨᠢ ᠬᠦᠷᠢᠶᠡᠯᠡᠨ ᠰᠠᠭᠤᠵᠥ ᠵᠤᠭᠤᠭᠳᠠᠵᠠᠢ᠃ ᠸᠠᠩ ᠰᠢᠶᠠᠨ ᠫᠢᠩ ᠶᠡᠷᠤᠩᠬᠡᠢ ᠱᠦᠵᠢ᠎ᠳᠤ᠂ ᠦᠩᠬᠡᠷᠡᠭᠰᠡᠡ᠎ᠳᠤ ᠠᠭᠤᠯᠠᠨ ᠲᠤᠳᠤᠷ᠎ᠠ ᠪᠠᠢ᠍ᠢ᠍ᠬᠤ᠎ᠳᠠᠭᠠᠨ ᠰᠢᠪᠠᠷ ᠪᠠᠢ᠍ᠢ᠍ᠰᠢᠩ᠎ᠳᠤ ᠰᠠᠭᠤᠨ᠂ ᠠᠭᠤᠯᠠᠨ ᠵᠠᠮ ᠵᠶ᠋ᠠᠷ ᠶᠠᠪᠤᠵᠥ᠂ ᠶᠠᠭᠤ ᠬᠢᠭᠰᠡᠡ ᠴᠦ᠍ ᠲᠦᠬᠦᠮ ᠦᠬᠡᠢ ᠪᠠᠢ᠍ᠢ᠍ᠵᠠᠢ᠂ ᠨᠡᠢ᠍ᠢ᠍ᠬᠡᠮ ᠲᠤᠭᠤᠷᠢᠭ᠎ᠲᠤ ᠨᠡᠬᠦᠵᠥ ᠢᠷᠡᠭᠰᠡᠡ᠎ᠤ ᠲᠠᠷᠠᠭ᠎ᠠ ᠨᠢᠬᠡ ᠬᠡᠷ ᠵᠶ᠋ᠠᠷ ᠵᠶ᠋ᠠᠨ ᠭᠤᠷᠪᠠᠨ ᠤᠨᠳᠠᠯᠭ᠎ᠠ ᠵᠢᠨ ᠦᠷᠦᠬᠡ ᠬᠤᠶᠠᠷ ᠲᠢᠩᠬᠢᠮ᠎ᠲᠠᠢ ᠠᠰᠠᠷ᠎ᠲᠤ ᠰᠠᠭᠤᠵᠥ᠂ ᠡᠬᠡᠨᠡᠷ᠎ᠲᠠᠢ᠎ᠪᠠᠨ ᠬᠤᠶᠠᠭᠤᠯᠠ ᠤᠢ᠍ᠢ᠍ᠷ᠎ᠠ ᠬᠠᠪᠢ᠎ᠳᠠᠭᠠᠨ ᠬᠦᠯᠥᠰᠦᠨ ᠠᠵᠢᠯ ᠬᠢᠬᠦ ᠵᠢᠨ ᠬᠠᠮᠳᠤ ᠨᠠᠰᠤᠳᠠᠨ ᠵᠶ᠋ᠠᠨ ᠬᠠᠷᠠᠭ᠋ᠠᠯᠵᠠᠵᠤ ᠪᠠᠢ᠍ᠢ᠍ᠨ᠎ᠠ᠂ ᠦᠩᠭᠡᠷᠡᠭᠰᠡᠨ᠎ᠤ ᠵᠡᠭᠦᠳᠦᠨ᠎ᠳᠤ ᠤᠷᠤᠮ᠎ᠠ ᠦᠬᠡᠢ ᠰᠠᠢ᠍ᠢ᠍ᠨ ᠰᠠᠢ᠍ᠢ᠍ᠬᠠᠨ ᠠᠮᠢᠳᠤᠷᠠᠯ᠎ᠢ ᠡᠳ᠋ᠯᠡᠵᠦ ᠪᠠᠢ᠍ᠢ᠍ᠨ᠎ᠠ ᠬᠡᠵᠥ ᠬᠡᠯᠡᠵᠥ ᠦᠭᠪᠡ᠃ ᠰᠢ ᠵᠢᠨ ᠫᠢᠩ ᠡᠬᠦᠨ᠎ᠢ ᠰᠤᠨᠤᠰᠤᠭ᠋ᠠᠳ ᠮᠠᠰᠢ ᠪᠠᠶᠠᠷᠯᠠᠪᠠ᠃ ᠲᠡᠷᠡ᠂ ᠤᠨᠳᠤᠤ ᠭᠠᠵᠠᠷ᠎ᠲᠤ ᠨᠡᠬᠦᠯᠬᠡᠬᠦ ᠪᠤᠯ ᠬᠦᠮᠦᠰ᠎ᠢ ᠤᠷᠤᠰᠢᠨ ᠠᠮᠢᠳᠤᠷᠠᠬᠤ᠎ᠳᠤ ᠬᠦᠴᠢᠷᠳᠠᠢ ᠭᠠᠵᠠᠷ ᠤᠷᠤᠨ᠎ᠠᠴᠠ᠎ᠨᠢ ᠰᠢᠯᠵᠢᠬᠦᠯᠬᠦ ᠠᠰᠠᠭᠤᠳᠠᠯ᠎ᠢ ᠰᠢᠢ᠍ᠳᠪᠤᠷᠢᠯᠡᠬᠦ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠲᠠᠪᠠᠯᠳᠠᠳᠤ ᠬᠦᠭᠵᠢᠯᠳᠡ ᠵᠢ ᠪᠡᠶᠡᠯᠡᠬᠦᠯᠬᠦ ᠦᠨᠳᠦᠰᠦᠨ ᠠᠷᠭ᠎ᠠ ᠵᠠᠮ ᠮᠥᠨ᠂ ᠪᠠᠰᠠ ᠴᠦ᠍ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠢ᠍ᠢ᠍ᠯᠠᠯᠳᠤᠭ᠋ᠠᠨ᠎ᠤ ᠢᠯᠠᠯᠳᠠ ᠵᠢ ᠤᠯᠬᠤ ᠴᠢᠬᠤᠯᠠ ᠠᠷᠭ᠎ᠠ ᠵᠠᠮ ᠪᠤᠯᠤᠨ᠎ᠠ᠃ ᠨᠡᠬᠦᠯᠭᠡᠬᠦ ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠤᠷᠢᠯᠡᠭᠰᠡᠡ᠎ᠤ ᠳᠠᠷᠠᠭ᠋ᠠᠬᠢ ᠬᠠᠮᠤᠭ᠎ᠤᠨ ᠵᠠᠩᠬᠢᠯᠠᠭ᠎ᠠ ᠵᠢᠨ ᠲᠡᠳᠬᠦᠬᠦ ᠠᠵᠢᠯ᠎ᠨᠢ ᠠᠵᠢᠯ ᠤᠯᠭᠤᠬᠤ᠎ᠳᠤ ᠪᠠᠢ᠍ᠢ᠍ᠨ᠎ᠠ᠃ ᠠᠵᠢᠯ᠎ᠲᠠᠢ ᠪᠤᠯ ᠰᠠᠶᠢ ᠠᠮᠦᠷ ᠵᠢᠮᠦᠷ ᠠᠵᠥ ᠲᠦᠷᠦᠵᠥ ᠴᠢᠳᠠᠨ᠎ᠠ᠃ ᠠᠵᠢᠯ ᠤᠯᠭᠤᠬᠤ ᠠᠰᠠᠭᠤᠳᠠᠯ᠎ᠢ ᠰᠠᠢ᠍ᠢ᠍ᠳᠤᠷ ᠰᠢᠢ᠍ᠳᠪᠤᠷᠢᠯᠡᠴᠢᠬᠡᠪᠡᠯ ᠰᠠᠶᠢ ᠨᠡᠬᠦᠵᠥ ᠢᠷᠡᠭᠰᠡᠡ ᠤᠯᠠᠨ ᠲᠦᠮᠡᠨ ᠳᠤᠭᠳᠠᠪᠤᠷᠢᠵᠢᠵᠤ᠂ ᠠᠯᠬᠤᠮ ᠠᠯᠬᠤᠮ ᠵᠶ᠋ᠠᠷ ᠪᠠᠶᠠᠵᠢᠬᠤ ᠵᠢ ᠦᠨᠡᠨ ᠬᠦ᠌ ᠪᠠᠳᠤᠯᠠᠵᠥ᠂ ᠲᠠᠬᠢᠨ ᠶᠠᠳᠠᠭᠤᠷᠠᠬᠤ ᠵᠢ ᠰᠡᠷᠬᠡᠢ᠍ᠢ᠍ᠯᠡᠵᠥ ᠴᠢᠳᠠᠨ᠎ᠠ᠃ ᠤᠨᠳᠤᠤ ᠭᠠᠵᠠᠷ᠎ᠲᠤ ᠨᠡᠬᠦᠯᠬᠡᠭᠰᠡᠨ ᠤᠯᠠᠨ ᠲᠦᠮᠡᠨ ᠭᠠᠵᠠᠷ ᠭᠠᠵᠠᠷ᠎ᠠᠴᠠ ᠢᠷᠡᠭᠰᠡᠡ ᠪᠤᠯᠬᠤᠷ ᠨᠡᠢ᠍ᠢ᠍ᠬᠡᠮ ᠲᠤᠭᠤᠷᠢᠭ᠎ᠤᠨ ᠪᠠᠢ᠍ᠢ᠍ᠭᠤᠯᠤᠯᠳᠠ ᠵᠢ ᠴᠢᠩᠭ᠋ᠠᠳᠬᠠᠬᠤ᠎ᠨᠢ ᠮᠠᠰᠢ ᠴᠢᠬᠤᠯᠠ ᠶᠤᠮ᠃ ᠦᠨᠲᠦᠰᠤᠠ ᠱᠠᠲᠤᠨ᠎ᠤ ᠨᠠᠮ᠎ᠤᠨ ᠵᠤᠬᠢᠶᠠᠠ ᠪᠠᠢ᠍ᠢ᠍ᠭᠤᠯᠤᠯᠲᠠ᠎ᠨᠢ ᠤᠲᠤᠷᠢᠳᠬᠤ ᠭᠤᠤᠯᠯᠠᠭᠴᠢ ᠵᠢᠨ ᠦᠢ᠍ᠯᠡᠲᠦᠯ ᠵᠶ᠋ᠠᠨ ᠪᠠᠲᠠᠷᠠᠭᠤᠯᠵᠦ᠂ ᠨᠡᠢ᠍ᠢ᠍ᠭᠡᠮ ᠲᠤᠭᠤᠷᠢᠭ᠎ᠤᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠠᠵᠢᠯ᠎ᠢ ᠰᠠᠢ᠍ᠢ᠍ᠲᠤᠷ ᠠᠳᠬᠤᠨ᠂ ᠦᠨᠡᠡ᠎ᠢ ᠪᠠᠷᠢᠮᠲᠠᠯᠠᠠ ᠪᠤᠲᠠᠲᠠᠢ ᠵᠢ ᠡᠷᠬᠢᠮᠯᠡᠵᠦ᠂ ᠠᠷᠠᠳ ᠤᠯᠠᠠ᠎ᠳᠤ ᠦᠨᠡᠡ ᠪᠤᠲᠠᠲᠠᠢ ᠠᠰᠢᠭ ᠬᠦᠷᠲᠡᠭᠡᠬᠦ ᠭᠡᠷᠡᠭᠲᠡᠢ ᠬᠡᠵᠥ ᠴᠢᠬᠤᠯᠠᠴᠢᠯᠠᠪᠠ᠃
      ᠲᠠᠷᠠᠭ᠎ᠠ᠎ᠨᠢ᠂ ᠰᠢ ᠵᠢᠨ ᠫᠢᠩ ᠯᠤᠤᠰᠢᠶᠠᠨ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠤᠷᠢᠶᠠᠠ᠎ᠳᠤ ᠬᠦᠷᠴᠤ᠂ ᠦᠨᠲᠦᠰᠦᠨ ᠱᠠᠲᠤᠨ᠎ᠤ ᠡᠷᠡᠭᠦᠯ ᠬᠠᠮᠠᠭ᠋ᠠᠯᠠᠯ ᠬᠢᠵᠢᠭ ᠰᠡᠷᠭᠡᠢ᠍ᠢ᠍ᠯᠡᠯᠲᠡ᠂ ᠡᠮᠴᠢᠯᠡᠬᠡᠨ᠎ᠤ ᠪᠠᠲᠤᠯᠠᠭ᠎ᠠ ᠵᠢᠨ ᠠᠵᠢᠯ᠎ᠢ ᠤᠢ᠍ᠢ᠍ᠯᠠᠭ᠋ᠠᠭᠰᠠᠠ ᠪᠦᠭᠡᠳ ᠦᠨᠲᠦᠰᠦᠨ ᠱᠠᠲᠤᠨ᠎ᠤ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠵᠦ ᠬᠢᠵᠢᠭ᠎ᠲᠠᠢ ᠲᠡᠮᠡᠴᠡᠬᠦ ᠡᠮᠦᠨ᠎ᠠ ᠹᠷᠤᠨᠲ᠎ᠢ ᠪᠠᠳᠤ ᠰᠠᠬᠢᠵᠦ ᠪᠠᠢ᠍ᠢ᠍ᠭ᠎ᠠ ᠦᠷᠭᠡᠡ ᠤᠯᠠᠠ ᠡᠮᠨᠡᠯᠭᠡ ᠵᠢᠨ ᠠᠵᠢᠯᠲᠠᠨ᠎ᠢ ᠲᠤᠲᠤᠨᠤ᠎ᠪᠠᠷ ᠲᠤᠬᠤᠨᠢᠭᠤᠯᠵᠦ ᠪᠠᠢ᠍ᠢ᠍ᠬᠤ᠎ᠪᠠᠨ ᠢᠯᠡᠳᠭᠡᠪᠡ᠃ ᠰᠢ ᠵᠢᠨ ᠫᠢᠩ᠂ ᠤᠯᠠᠠ ᠨᠡᠢ᠍ᠢ᠍ᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠤᠲᠠᠭᠤᠲᠠᠯ᠎ᠢ ᠲᠦᠷᠭᠡᠠ ᠨᠦᠬᠦᠪᠦᠷᠢᠯᠡᠵᠦ᠂ ᠬᠦᠲᠡᠭᠡ ᠲᠤᠰᠬᠤᠨ᠂ ᠨᠡᠢ᠍ᠢ᠍ᠭᠡᠮ ᠲᠤᠭᠤᠷᠢᠭ ᠵᠡᠷᠭᠡ ᠦᠨᠲᠦᠰᠦᠨ ᠱᠠᠲᠤᠨ᠎ᠤ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠡ ᠡᠵᠡᠮᠲᠡᠬᠦ ᠴᠢᠲᠠᠪᠤᠷᠢ ᠵᠢᠨ ᠪᠠᠢ᠍ᠢ᠍ᠭᠤᠯᠤᠯᠲᠠ ᠵᠢ ᠴᠢᠩᠭ᠋ᠠᠳᠬᠠᠠ᠂ ᠡᠯ᠎ᠠ ᠵᠦᠢ᠍ᠯ᠎ᠤᠨ ᠰᠡᠷᠭᠡᠢ᠍ᠢ᠍ᠯᠡᠡ ᠡᠵᠡᠮᠲᠡᠬᠦ ᠠᠷᠭ᠎ᠠ ᠬᠡᠮᠵᠢᠶ᠎ᠠ ᠵᠢ ᠪᠠᠢ᠍ᠢ᠍ᠩᠭᠤᠵᠢᠭᠤᠯᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠪᠠᠯᠭ᠋ᠠᠰᠤᠨ᠎ᠤ ᠭᠤᠤᠯ ᠪᠠᠭ᠎ᠠ ᠰᠤᠷᠭ᠋ᠠᠭᠤᠯᠢ ᠵᠢᠨ ᠲᠦᠷᠪᠡᠲᠦᠭᠡᠷ ᠤᠨ᠎ᠠᠴᠠ ᠵᠢᠷᠭᠤᠲᠤᠭ᠋ᠠᠷ ᠤᠨ ᠬᠦᠷᠲᠡᠯᠡᠬᠢ ᠰᠤᠷᠤᠭᠴᠢᠳ 4 ᠰᠠᠷ᠎ᠠ ᠵᠢᠨ 20᠎ᠤ ᠡᠳᠤᠷ᠎ᠠᠴᠠ ᠨᠢᠭᠡᠨᠳᠡ ᠰᠤᠷᠭ᠋ᠠᠭᠤᠯᠢ ᠡᠬᠢᠯᠡᠭᠰᠡᠨ ᠪᠠᠢ᠍ᠢ᠍ᠨ᠎ᠠ᠃ ᠰᠢ ᠵᠢᠨ ᠫᠢᠩ ᠬᠢᠴᠢᠶᠡᠯ᠎ᠤᠨ ᠭᠡᠷ᠎ᠲᠤᠨᠢ ᠠᠯᠬᠤᠨ ᠤᠷᠤᠬᠤ᠎ᠳᠤ ᠭᠡᠤᠬᠡᠳ᠎ᠤᠳ ᠲᠠᠭᠤᠨ ᠨᠢᠭᠡᠲᠡᠢ᠎ᠪᠠᠷ ᠰᠢ ᠡᠪᠦᠭᠡ ᠰᠠᠢ᠍ᠢ᠍ᠨ ᠤᠤ? ᠭᠡᠵᠦ ᠮᠡᠡᠲᠦᠴᠢᠯᠡᠨ᠎ᠠ᠃ ᠰᠢ ᠵᠢᠨ ᠫᠢᠩ ᠬᠡᠤᠬᠡᠳ᠎ᠤᠳ᠎ᠤᠨ ᠰᠤᠷᠤᠯᠭ᠎ᠠ ᠠᠮᠢᠲᠤᠷᠠᠯ᠎ᠤᠨ ᠪᠠᠢ᠍ᠢ᠍ᠲᠠᠯ᠎ᠢ ᠠᠰᠠᠭᠤᠪᠠ᠃ ᠲᠡᠷᠡ᠂ ᠬᠤᠲᠠ ᠬᠦᠲᠡᠭᠡ ᠵᠢᠨ ᠠᠯᠪᠠᠠ ᠵᠢᠷᠤᠮ᠎ᠤᠨ ᠰᠤᠷᠭ᠋ᠠᠠ ᠬᠦᠮᠦᠵᠢᠯ᠎ᠢ ᠨᠢᠭᠡ ᠴᠤᠭᠴᠠᠵᠢᠭᠤᠯᠤᠨ ᠬᠦᠭᠵᠢᠭᠦᠯᠬᠦ ᠵᠢ ᠠᠬᠢᠭᠤᠯᠵᠦ᠂ ᠬᠤᠲᠠ ᠬᠦᠲᠡᠭᠡ ᠵᠢᠨ ᠰᠤᠷᠭ᠋ᠠᠠ ᠬᠦᠮᠦᠵᠢᠯ᠎ᠤᠨ ᠡᠬᠢ ᠪᠠᠶᠠᠯᠢᠭ᠎ᠤᠨ ᠵᠦᠷᠢᠶ᠎ᠠ ᠵᠢ ᠪᠠᠭ᠋ᠠᠰᠬᠠᠠ᠂ ᠰᠤᠷᠭ᠋ᠠᠠ ᠬᠦᠮᠦᠵᠢᠯ᠎ᠤᠨ ᠡᠷᠬᠡ ᠳᠡᠭᠰᠢ ᠪᠠᠢ᠍ᠢ᠍ᠬᠤ ᠵᠢ ᠠᠬᠢᠭᠤᠯᠵᠦ᠂ ᠶᠠᠲᠠᠭᠤ ᠬᠦᠴᠢᠷᠲᠡᠯ ᠦᠶ᠎ᠠ ᠳᠠᠮᠵᠢᠨ ᠤᠯᠠᠮᠵᠢᠯᠠᠭᠳᠠᠬᠤ ᠵᠢ ᠲᠠᠰᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠰᠢ ᠵᠢᠨ ᠫᠢᠩ ᠳᠠᠷᠠᠭ᠎ᠠ᠎ᠨᠢ ᠰᠤᠷᠭ᠋ᠠᠭᠤᠯᠢ ᠵᠢᠨ ᠬᠤᠭᠤᠯᠠᠠ ᠭᠡᠷ᠎ᠲᠤ ᠬᠦᠷᠴᠤ᠂ ᠰᠤᠷᠤᠭᠴᠢᠳ᠎ᠤᠨ ᠬᠤᠭᠤᠯᠠ ᠪᠤᠳᠠᠭ᠎ᠠ ᠪᠤᠯᠤᠨ ᠰᠤᠷᠤᠯᠭ᠎ᠠ ᠡᠬᠢᠯᠡᠭᠰᠡᠨ᠎ᠤ ᠲᠠᠷᠠᠭ᠋ᠠᠬᠢ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠡ ᠡᠵᠡᠮᠲᠡᠬᠦ ᠠᠵᠢᠯ᠎ᠤᠨ ᠪᠠᠢ᠍ᠢ᠍ᠲᠠᠯ᠎ᠢ ᠤᠢ᠍ᠢ᠍ᠯᠠᠭ᠋ᠠᠵᠤ᠂ ᠲᠡᠳᠡᠨ᠎ᠳᠤ ᠰᠤᠷᠭ᠋ᠠᠭᠤᠯᠢ ᠵᠢᠨ ᠭᠤᠤᠯᠲᠠᠯᠭ᠎ᠠ᠎ᠲᠠᠢ ᠲᠠᠯᠠᠪᠤᠷ ᠭᠠᠵᠠᠷ᠎ᠢ ᠠᠷᠢᠭᠤᠳᠬᠠᠬᠤ ᠠᠵᠢᠯ ᠵᠶ᠋ᠠᠨ ᠴᠢᠩᠭ᠋ᠠᠳᠬᠠᠠ᠂ ᠬᠢᠴᠢᠶᠡᠯ ᠰᠤᠷᠤᠯᠭ᠎ᠠ᠎ᠪᠠᠨ ᠰᠡᠷᠭᠦᠭᠡᠬᠦ᠎ᠳᠤ ᠠᠮᠤᠷ ᠲᠦᠪᠰᠢᠨ ᠤᠷᠴᠢᠨ ᠲᠤᠭᠤᠷᠢᠨ᠎ᠤ ᠪᠠᠲᠤᠯᠠᠭ᠎ᠠ ᠬᠠᠩᠭ᠋ᠠᠬᠤ ᠭᠡᠷᠡᠭᠲᠡᠢ ᠭᠡᠵᠦ ᠵᠠᠬᠢᠪᠠ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠢᠨᠳᠦᠨ᠋ᠸᠰᠢᠶ᠎ᠡ ᠵᠢᠨ ᠶᠡᠷᠤᠨᠭ᠌ᠭᠡᠢ᠍ᠢ᠍ᠯᠡᠭᠴᠢ ᠽᠦᠸᠸᠺᠸ᠎ᠲᠠᠢ ᠲᠤᠮᠳᠠᠳᠤ ᠢᠨᠳᠦᠨ᠋ᠸᠰᠢᠶ᠎ᠡ ᠵᠢᠨ ᠬᠠᠷᠢᠯᠴᠠᠭ᠎ᠡ ᠪᠠᠢ᠍ᠢ᠍ᠭᠤᠯᠤᠬᠰᠡᠨ 70 ᠵᠢᠯ᠎ᠤᠨ ᠤᠢ᠎ᠳᠤ ᠵᠤᠷᠢᠭᠤᠯᠤᠨ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
ᠰᠢ ᠵᠢᠨ ᠫᠢᠩ ᠰᠢ ᠠᠨ ᠬᠣᠲᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ ᠨᠠᠮ᠎ᠤᠨ ᠭᠠᠳᠠᠨᠠᠬᠢ ᠬᠦᠮᠦᠰ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠰᠢ ᠵᠢᠨ ᠫᠢᠩ ᠰᠸᠷᠪᠢᠶ᠎ᠠ ᠵᠢᠨ ᠶᠠᠷᠤᠩᠬᠡᠢ᠍ᠢ᠍ᠯᠡᠭᠴᠢ ᠦᠴᠢᠴᠢ᠎ᠲᠠᠢ ᠤᠳᠠᠰᠤ᠎ᠪᠠᠷ ᠶᠠᠷᠢᠯᠴᠠᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠦᠪᠯᠡᠯ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
 
            