ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠦᠪᠯᠡᠯ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠦᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠳᠦᠷᠢᠮ᠎ᠢ ᠪᠦᠷᠢᠨᠰᠢᠭᠦᠯᠦᠨ ᠵᠠᠰᠠᠯᠲᠠ ᠵᠢᠨ ᠰᠢᠰᠲᠸᠮ᠎ᠢ ᠲᠡᠭᠦᠯᠳᠡᠷᠵᠢᠭᠦᠯᠵᠦ ᠳᠦᠷᠢᠮ᠎ᠤᠨ ᠳᠠᠪᠠᠭᠤᠯᠢᠭ᠎ᠢ ᠠᠰᠢᠭᠯᠠᠨ ᠠᠶᠤᠯ ᠲᠦᠭᠰᠢᠭᠦᠷᠢ ᠦᠷᠢᠰᠦᠯᠳᠦᠭᠡᠨ᠎ᠤ ᠳᠠᠭ᠋ᠠᠷᠢᠯᠲᠠ ᠵᠢ ᠠᠷᠭ᠋ᠠᠴᠠᠭ᠋ᠠᠬᠤ᠎ᠳᠠᠭᠠᠨ ᠴᠢᠳᠠᠮᠠᠭ᠋ᠠᠢ ᠪᠠᠢ᠌ᠬᠤ ᠬᠡᠷᠡᠭᠳᠡᠢ ᠭᠡᠵᠦ ᠴᠢᠬᠤᠯᠠᠴᠢᠯᠠᠪᠠ
ᠰᠢᠨᠬᠤᠸᠠ ᠬᠣᠷᠢᠶᠠᠨ᠎ᠤ ᠪᠡᠭᠡᠵᠢᠩ᠎ᠤᠨ 4 ᠰᠠᠷ᠎ᠠ ᠵᠢᠨ 27᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠦᠪᠯᠡᠯ᠎ᠤᠨ ᠡᠷᠬᠢᠯᠡᠭᠴᠢ ᠰᠢ ᠵᠢᠨ ᠫᠢᠩ 4 ᠰᠠᠷ᠎ᠠ ᠵᠢᠨ 27᠎ᠤ ᠦᠳᠡ ᠵᠢᠨ ᠬᠣᠶ᠋ᠢᠨ᠎ᠠ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠦᠪᠯᠡᠯ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠮᠠᠨ᠎ᠤ ᠤᠯᠤᠰ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠬᠦᠴᠦᠳᠠᠢ ᠠᠬᠢᠭᠤᠯᠵᠤ ᠴᠢᠳᠠᠭᠰᠠᠨ᠎ᠤ ᠦᠨᠳᠦᠰᠦᠨ ᠰᠢᠯᠲᠠᠭ᠋ᠠᠨ ᠪᠣᠯ ᠨᠠᠮ᠎ᠤᠨ ᠤᠳᠤᠷᠢᠳᠤᠯᠭ᠎ᠠ ᠪᠣᠯᠤᠨ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ ᠠᠳᠠᠯᠢᠳᠬᠠᠰᠢ ᠦᠭᠡᠶ ᠴᠢᠬᠤᠯᠠ ᠦᠢ᠍ᠯᠡᠳᠦᠯ ᠦᠵᠡᠭᠦᠯᠦᠭᠰᠡᠨ᠎ᠳᠤ ᠪᠠᠢ᠍ᠢ᠍ᠨ᠎ᠠ᠃ ᠬᠥᠭᠵᠢᠯᠲᠡ ᠵᠢᠨ ᠣᠷᠴᠢᠨ ᠤᠯᠠᠮ ᠬᠦᠨᠳᠤ ᠬᠡᠴᠡᠭᠦᠦ ᠡᠭᠡᠳᠡᠷᠡᠭᠡᠨ ᠪᠤᠳᠤᠯᠢᠶᠠᠨᠲᠠᠢ ᠪᠣᠯᠬᠤ ᠳᠤᠳᠤᠮ ᠥᠭᠡᠷᠡᠴᠢᠯᠡᠯᠲᠡ ᠵᠢ ᠤᠯᠠᠮ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠵᠦ᠂ ᠡᠯ᠎ᠡ ᠲᠠᠯ᠎ᠠ ᠵᠢᠨ ᠲᠦᠷᠢᠮ᠎ᠢ ᠪᠦᠷᠢᠨᠰᠢᠬᠦᠯᠤᠨ᠂ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠤ᠂ ᠲᠦᠷᠢᠮ᠎ᠤᠨ ᠪᠠᠶ᠋ᠢᠭᠤᠯᠤᠯᠲᠠ ᠪᠣᠯᠤᠨ ᠵᠠᠰᠠᠯᠲᠠ ᠵᠢᠨ ᠦᠷ᠎ᠡ ᠪᠦᠲᠦᠮᠵᠢ ᠵᠢ ᠨᠡᠩ ᠰᠠᠶ᠋ᠢᠲᠤᠷ ᠣᠨᠳᠣᠣᠰᠢᠭᠤᠯᠤᠨ ᠠᠭᠤᠰᠤᠯᠴᠠᠭᠤᠯᠬᠤ ᠵᠢ ᠠᠬᠢᠭᠤᠯᠵᠤ᠂ ᠲᠦᠷᠢᠮ᠎ᠤᠨ ᠳᠠᠪᠠᠭᠤᠯᠢᠭ᠎ᠢ ᠠᠰᠢᠡᠡᠯᠠᠨ ᠠᠶᠤᠯ ᠲᠦᠭᠰᠢᠭᠦᠷᠢ ᠥᠷᠢᠰᠥᠯᠳᠦᠭᠡᠨ᠎ᠤ ᠳᠠᠭ᠋ᠠᠷᠢᠯᠲᠠ ᠵᠢ ᠠᠷᠭ᠋ᠠᠴᠠᠭ᠋ᠠᠬᠤ᠎ᠳᠠᠭᠠᠨ ᠴᠢᠳᠠᠮᠠᠭ᠋ᠠᠢ ᠪᠠᠢ᠍ᠢ᠍ᠬᠤ ᠬᠡᠷᠡᠭᠲᠡᠢ ᠭᠡᠵᠤ ᠴᠢᠬᠤᠯᠠᠴᠢᠯᠠᠪᠠ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠦᠪᠯᠡᠯ᠎ᠤᠨ ᠳᠡᠳ᠋ ᠡᠷᠬᠢᠯᠡᠭᠴᠢ ᠯᠢ ᠺᠸ ᠴᠢᠶᠠᠩ᠂ ᠸᠠᠩ ᠬᠤ᠌ ᠨᠢᠩ᠂ ᠬᠠᠨ ᠵᠧᠩ ᠬᠤᠷᠠᠯ᠎ᠳᠤ ᠣᠷᠣᠯᠴᠠᠪᠠ᠃
ᠬᠤᠷᠠᠯ᠎ᠠᠴᠠ 《ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠬᠦᠯᠬᠦ ᠲᠤᠬᠠᠶ ᠬᠡᠷᠡᠭᠵᠢᠭᠦᠯᠬᠦ ᠲᠥᠰᠦᠯ》᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠰᠢᠰᠲ᠋ᠧᠮ᠎ᠤᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ》᠂ 《ᠦᠢ᠍ᠯᠡᠰ ᠪᠤᠰᠬᠠᠬᠤ ᠬᠡᠯᠪᠡᠷᠢ ᠵᠢᠨ ᠠᠵᠤ ᠠᠬᠤᠢ᠍ᠢ᠍ᠯᠠᠯ᠎ᠤᠨ ᠦᠨᠡᠳᠦ ᠲᠡᠮᠳᠡᠭᠳᠦ ᠠᠷᠠᠯᠵᠢᠶᠠᠯᠠᠬᠤ ᠳᠠᠪᠴᠠᠩ᠎ᠤᠨ ᠦᠭᠡᠷᠡᠴᠢᠯᠡᠯᠳᠡ ᠬᠢᠬᠦ ᠪᠠ ᠳᠠᠩᠰᠠᠯᠠᠭᠤᠯᠬᠤ ᠳᠦᠷᠢᠮ᠎ᠢ ᠲᠤᠷᠰᠢᠨ ᠬᠡᠷᠡᠭᠵᠢᠭᠦᠯᠬᠦ ᠶᠡᠷᠦᠩᠬᠡᠶ ᠬᠡᠷᠡᠭᠵᠢᠭᠦᠯᠬᠦ ᠲᠥᠰᠦᠯ》᠂ 《ᠪᠥᠬᠥ ᠤᠯᠤᠰ᠎ᠤᠨ ᠴᠢᠬᠤᠯᠠ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠴᠢᠬᠤᠯᠠ ᠶᠡᠬᠡ ᠢᠨᠵᠧᠨᠧᠷᠢᠩ᠎ᠤᠨ ᠶᠡᠷᠦᠩᠬᠡᠶ ᠲᠥᠯᠥᠪᠵᠢᠭᠦᠯᠭᠡ (2021 — 2035 ᠣᠨ)》᠂ 《ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠦᠰᠦᠨ ᠪᠤᠢ᠍ᠢ᠍ᠵᠢᠵᠤ ᠬᠦ᠍ᠭᠵᠢᠬᠦ ᠵᠢ ᠠᠬᠢᠭᠤᠯᠬᠤ ᠲᠤᠬᠠᠶ ᠰᠠᠨᠠᠯ》᠂ 《ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠲᠥᠯᠥᠪᠵᠢᠭᠦᠯᠭᠡ (2020 — 2021 ᠣᠨ)》 ᠵᠢ ᠬᠢᠨᠠᠨ ᠵᠦᠪᠯᠡᠵᠤ ᠪᠠᠳᠤᠯᠠᠵᠠᠢ᠃
ᠬᠤᠷᠠᠯ᠎ᠠᠴᠠ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠨᠠᠭ᠋ᠠᠰᠢᠬᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠠᠢ᠍ᠢ᠍ᠭᠤᠯᠤᠮᠵᠢ ᠵᠢᠨ ᠥᠭᠡᠷᠡᠴᠢᠯᠡᠯᠲᠡ ᠵᠢᠨ ᠠᠬᠢᠴᠠ ᠵᠢᠨ ᠪᠠᠶ᠋ᠢᠳᠠᠯ ᠪᠣᠯᠤᠨ ᠲᠠᠷᠠᠭ᠋ᠠᠴᠢ ᠵᠢᠨ ᠠᠯᠬᠤᠮ᠎ᠤᠨ ᠥᠭᠡᠷᠡᠴᠢᠯᠡᠯᠲᠡ ᠵᠢᠨ ᠰᠡᠳᠬᠢᠮᠵᠢ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠠᠶ᠃
ᠬᠤᠷᠠᠯ᠎ᠠᠴᠠ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠠᠳ᠎ᠤᠨ ᠳᠠᠢ᠍ᠢ᠍ᠨ᠂ ᠶᠡᠷᠦᠩᠬᠡᠢ ᠳᠠᠶ᠋ᠢᠯᠠᠯᠳᠤᠭ᠋ᠠᠨ᠂ ᠬᠣᠷᠢᠡᠡᠯᠠᠯᠳᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠡᠮᠴᠢᠯᠡᠭᠡᠨ᠎ᠤ ᠡᠳ᠋ ᠪᠣᠳᠠᠰ᠎ᠤᠨ ᠪᠠᠲᠤᠯᠠᠭ᠎ᠠ ᠪᠣᠯ ᠴᠢᠬᠤᠯᠠ ᠰᠠᠭᠤᠷᠢ ᠲᠤᠯᠭ᠋ᠠᠭᠤᠷᠢᠯᠠᠯ ᠪᠣᠯᠤᠨ᠎ᠠ᠃ ᠡᠨᠡ ᠤᠳᠠᠭ᠋ᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ᠂ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠳᠣᠤᠷ᠎ᠠ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠠᠵᠤ ᠠᠬᠤᠶ᠋ᠢᠯᠠᠯ᠎ᠢ ᠲᠦᠷᠭᠡᠨ ᠵᠣᠬᠢᠶᠠᠨ ᠪᠠᠶ᠋ᠢᠭᠤᠯᠤᠨ ᠦᠢ᠍ᠯᠡᠳᠪᠦᠷᠢᠯᠡᠯ᠎ᠢ᠎ᠨᠢ ᠰᠡᠷᠭᠦᠭᠡᠵᠦ ᠦᠢ᠍ᠯᠡᠳᠪᠦᠷᠢᠯᠡᠬᠦ ᠬᠡᠮᠵᠢᠶ᠎ᠠ ᠵᠢ᠎ᠨᠢ ᠪᠠᠳᠤᠯᠠᠨ᠂ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠦᠢ᠍ᠯᠡᠳᠪᠦᠷᠢᠯᠡᠬᠦ ᠴᠢᠳᠠᠪᠤᠷᠢ ᠵᠢ᠎ᠨᠢ ᠥᠷᠭᠡᠳᠬᠡᠨ ᠭᠠᠷᠤᠯᠲᠠ ᠵᠢ᠎ᠨᠢ ᠨᠡᠮᠡᠭᠳᠡᠭᠦᠯᠵᠤ᠂ ᠤᠯᠤᠰ᠎ᠠᠴᠠ ᠨᠢᠭᠡᠳᠦᠯᠲᠡᠶ ᠲᠣᠬᠢᠷᠠᠭᠤᠯᠬᠤ ᠵᠢ ᠬᠡᠷᠡᠭᠵᠢᠭᠦᠯᠵᠦ᠂ ᠰᠠᠭ᠋ᠠᠳ ᠦᠭᠡᠢ ᠨᠡᠪᠲᠡᠷᠡᠬᠦ ᠵᠠᠮ ᠪᠠᠶ᠋ᠢᠭᠤᠯᠵᠤ᠂ ᠭᠣᠤᠯᠳᠠᠯᠭ᠎ᠠ᠎ᠲᠠᠢ ᠭᠠᠵᠠᠷ ᠣᠷᠣᠨ᠎ᠤ ᠡᠮᠴᠢᠯᠡᠭᠡᠨ᠎ᠤ ᠡᠳ᠋ ᠪᠣᠳᠠᠰ᠎ᠤᠨ ᠬᠠᠩᠭ᠋ᠠᠯᠭ᠎ᠠ ᠵᠢ ᠪᠠᠲᠤᠯᠠᠪᠠ᠃ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠦᠵᠦ ᠲᠦᠯᠦᠪᠯᠡᠭᠡ᠎ᠪᠠᠨ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠰᠢᠯᠢᠳᠡᠭᠵᠢᠭᠦᠯᠵᠦ᠂ ᠲᠥᠪᠯᠡᠷᠡᠭᠦᠯᠦᠨ ᠬᠠᠮᠢᠶᠠᠷᠬᠤ᠂ ᠨᠢᠭᠡᠳᠦᠯᠲᠡᠶ ᠲᠣᠬᠢᠷᠠᠭᠤᠯᠬᠤ᠂ ᠡᠩ᠎ᠤᠨ ᠦᠶ᠎ᠡ᠎ᠳᠤ ᠦᠢ᠍ᠯᠡᠴᠢᠯᠡᠭᠡ ᠦᠷᠨᠢᠭᠦᠯᠬᠦ᠂ ᠭᠠᠢ ᠭᠠᠮᠰᠢᠭ᠎ᠤᠨ ᠦᠶ᠎ᠡ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠬᠤᠳᠠᠯᠳᠤᠨ ᠠᠪᠬᠤ ᠪᠠ ᠨᠥᠭᠡᠴᠡᠯᠡᠬᠦ ᠵᠢ ᠤᠶᠠᠯᠳᠤᠭᠤᠯᠬᠤ᠂ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠪᠠᠶ᠋ᠢᠯᠭ᠋ᠠᠬᠤ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡᠨ᠎ᠤ ᠰᠡᠷᠭᠡᠶ᠋ᠢᠯᠡᠨ ᠵᠠᠰᠠᠬᠤ᠂ ᠡᠳ᠋ ᠪᠣᠳᠠᠰ ᠨᠥᠭᠡᠴᠡᠯᠡᠬᠦ᠂ ᠦᠢ᠍ᠯᠡᠳᠪᠦᠷᠢᠯᠡᠬᠦ ᠴᠢᠳᠠᠪᠤᠷᠢ ᠵᠢ ᠳᠠᠢ᠍ᠢ᠍ᠴᠢᠯᠠᠬᠤ 《ᠭᠤᠷᠪᠠ ᠵᠢ ᠨᠢᠭᠡ ᠴᠤᠭᠴᠠᠵᠢᠭᠤᠯᠤᠭᠰᠠᠨ》 ᠡᠳ᠋ ᠪᠣᠳᠠᠰ᠎ᠤᠨ ᠪᠠᠲᠤᠯᠠᠭ᠎ᠠ ᠵᠢᠨ ᠰᠢᠰᠲ᠋ᠧᠮ᠎ᠢ ᠪᠠᠶ᠋ᠢᠭᠤᠯᠬᠤ᠎ᠪᠠᠷ ᠭᠤᠤᠯᠳᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠤᠨ ᠨᠥᠭᠡᠴᠡ ᠵᠢᠨ ᠲᠥᠷᠥᠯ ᠵᠦᠢ᠍ᠯ᠂ ᠬᠡᠪᠴᠢᠶ᠎ᠡ᠂ ᠪᠦᠲᠦᠴᠡ ᠵᠢ ᠲᠡᠭᠦᠯᠳᠡᠷᠵᠢᠭᠦᠯᠵᠦ᠂ ᠨᠥᠭᠡᠴᠡᠯᠡᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠦᠢ᠍ᠯᠡᠳᠪᠦᠷᠢᠯᠡᠬᠦ ᠴᠢᠳᠠᠪᠤᠷᠢ ᠵᠢᠨ ᠪᠠᠲᠤᠯᠠᠭ᠎ᠠ ᠪᠠ ᠣᠷᠣᠨ ᠪᠦᠰᠡ ᠵᠢᠨ ᠪᠠᠶ᠋ᠢᠷᠢᠰᠢᠭᠤᠯᠤᠯᠳᠠ ᠵᠢ ᠰᠢᠯᠢᠳᠡᠭᠵᠢᠭᠦᠯᠦᠨ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠤᠳᠠᠰ᠎ᠤᠨ ᠪᠠᠲᠤᠯᠠᠭ᠎ᠠ ᠵᠢᠨ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠬᠤᠯᠠ ᠡᠳ᠋ ᠪᠤᠳᠠᠰ᠎ᠢ ᠵᠠᠩᠭᠢᠯᠠᠭ᠎ᠠ ᠵᠢᠨ ᠦᠶ᠎ᠠ᠎ᠳᠤ ᠰᠢᠯᠵᠢᠭᠦᠯᠦᠨ ᠲᠣᠬᠢᠷᠠᠭᠤᠯᠵᠦ ᠳᠡᠢ᠍ᠢ᠍ᠯᠬᠦ᠂ ᠬᠡᠷᠡᠭᠯᠡᠵᠦ ᠳᠡᠶ᠋ᠢᠯᠬᠦ ᠵᠢ ᠪᠠᠲᠤᠯᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠮᠴᠢᠯᠡᠭᠡᠨ᠎ᠤ ᠪᠠᠳᠤᠯᠠᠭ᠎ᠠ ᠵᠢᠨ ᠰᠠᠭᠤᠷᠢ ᠮᠥᠩᠭᠥ ᠪᠣᠯ ᠠᠷᠠᠳ ᠤᠯᠠᠨ᠎ᠤ 《ᠡᠪᠡᠳᠴᠢᠨ ᠦᠵᠡᠭᠦᠯᠬᠦ ᠵᠤᠭᠤᠰ》᠂ 《ᠠᠮᠢ ᠠᠪᠤᠷᠠᠬᠤ ᠵᠣᠭᠣᠰ》 ᠮᠥᠨ᠂ ᠡᠷᠬᠡᠪᠰᠢ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠬᠦ ᠬᠡᠷᠡᠭᠲᠡᠢ᠃ ᠡᠨᠡ ᠤᠳᠠᠭ᠋ᠠᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠶᠠᠪᠤᠴᠠ᠎ᠳᠤ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ ᠵᠡᠷᠭᠡ ᠰᠠᠯᠠᠭ᠎ᠠ ᠮᠥᠴᠢᠷ ᠴᠠᠭ ᠲᠤᠬᠠᠶ᠎ᠳᠤᠨᠢ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠲᠤᠭᠳᠠᠭ᠋ᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠣᠨᠣᠰᠢᠯᠠᠨ ᠵᠠᠰᠠᠬᠤ ᠵᠠᠷᠤᠳᠠᠯ᠎ᠢ ᠡᠮᠴᠢᠯᠡᠭᠡᠨ᠎ᠤ ᠪᠠᠳᠤᠯᠠᠭ᠎ᠠ ᠵᠢᠨ ᠰᠠᠭᠤᠷᠢ ᠮᠥᠩᠭᠥ᠎ᠪᠠᠷ ᠲᠤᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠬᠤ ᠵᠢᠨ ᠬᠠᠮᠲᠤ ᠬᠡᠰᠡᠭ ᠪᠠᠯᠠ ᠮᠥᠩᠭᠥ ᠵᠢ ᠤᠷᠢᠳᠴᠢᠯᠠᠨ ᠦᠭᠴᠤ᠂ ᠵᠠᠷᠤᠳᠠᠯ᠎ᠤᠨ ᠠᠰᠠᠭᠤᠳᠠᠯ᠎ᠠᠴᠠ ᠪᠣᠯᠵᠣ ᠡᠪᠡᠳᠴᠢᠲᠡᠨ᠎ᠤ ᠡᠪᠡᠳᠴᠢᠨ ᠵᠶ᠋ᠠᠨ ᠵᠠᠰᠠᠭᠤᠯᠬᠤ ᠵᠢ ᠨᠥᠯᠥᠭᠡᠯᠡᠬᠦ ᠥᠬᠡᠶ ᠪᠠᠢ᠍ᠢ᠍ᠬᠤ ᠵᠢ ᠪᠠᠳᠤᠯᠠᠵᠤ᠂ ᠵᠠᠷᠤᠳᠠᠯ᠎ᠤᠨ ᠲᠤᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ᠎ᠠᠴᠠ ᠪᠣᠯᠵᠣ ᠡᠮᠨᠡᠯᠭᠡ ᠵᠢᠨ ᠬᠣᠷᠢᠶ᠎ᠠ ᠵᠢᠨ᠎ᠬᠢᠨ᠎ᠤ ᠡᠪᠡᠳᠴᠢᠳᠠᠨ᠎ᠢ ᠬᠦᠯᠢᠶᠡᠨ ᠠᠪᠴᠤ ᠡᠮᠨᠡᠨ ᠵᠠᠰᠠᠬᠤ ᠵᠢ ᠨᠥᠯᠥᠭᠡᠯᠡᠬᠦ ᠥᠬᠡᠶ ᠪᠠᠶ᠋ᠢᠬᠤ ᠵᠢ ᠪᠠᠲᠤᠯᠠᠵᠤ᠂ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ ᠴᠢᠨᠠᠷ᠎ᠢ ᠢᠯᠡᠷᠡᠭᠦᠯᠵᠠᠢ᠃ ᠬᠠᠤᠯᠢᠵᠢᠯ᠎ᠢ ᠲᠡᠭᠦᠯᠳᠡᠷᠵᠢᠭᠦᠯᠬᠦ᠂ ᠬᠠᠤᠯᠢ ᠶᠣᠰᠣᠭ᠋ᠠᠷ ᠬᠢᠨᠠᠨ ᠬᠠᠮᠢᠶᠠᠷᠬᠤ ᠵᠢ ᠪᠠᠷᠢᠮᠲᠠᠯᠠᠵᠤ᠂ ᠢᠲᠡᠭᠡᠯ ᠠᠯᠳᠠᠭᠰᠠᠳ᠎ᠢ ᠵᠠᠯᠬᠠᠭ᠋ᠠᠨ ᠰᠢᠢ᠍ᠳᠭᠡᠬᠦ᠂ ᠦᠨᠡᠨᠴᠢ ᠢᠲᠡᠭᠡᠮᠵᠢᠳᠠᠢ ᠪᠠᠢ᠍ᠢ᠍ᠬᠤ ᠵᠢ ᠤᠷᠮᠠᠰᠢᠭᠤᠯᠤᠨ ᠵᠤᠷᠢᠭᠵᠢᠭᠤᠯᠬᠤ ᠵᠢ ᠪᠠᠷᠢᠮᠲᠠᠯᠠᠵᠤ᠂ ᠪᠥᠬᠥ ᠬᠦᠷᠢᠶ᠎ᠡ ᠴᠠᠷᠠᠭ᠎ᠠ᠂ ᠪᠥᠬᠥ ᠶᠠᠪᠤᠴᠠ᠎ᠳᠠᠬᠢ ᠰᠠᠭᠤᠷᠢ ᠮᠥᠩᠭᠥᠨ᠎ᠤ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠵᠤ᠂ ᠨᠡᠶ᠋ᠢᠭᠡᠮ᠎ᠤᠨ ᠲᠥᠪ ᠭᠣᠤᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠡᠷᠡᠭᠦᠯ ᠵᠶ᠋ᠠᠷ ᠦᠷᠭᠦᠯᠵᠢᠯᠡᠨ ᠬᠥᠭᠵᠢᠬᠦ ᠵᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃
ᠬᠤᠷᠠᠯ᠎ᠠᠴᠠ᠂ ᠦᠢ᠍ᠯᠡᠰ ᠪᠤᠰᠬᠠᠬᠤ ᠬᠡᠯᠪᠡᠷᠢ ᠵᠢᠨ ᠠᠵᠤ ᠠᠬᠤᠢ᠍ᠢ᠍ᠯᠠᠯ᠎ᠤᠨ ᠦᠨᠡᠳᠦ ᠲᠡᠮᠳᠡᠭᠳᠦ ᠠᠷᠠᠯᠵᠢᠶᠠᠯᠠᠬᠤ ᠳᠠᠪᠴᠠᠩ᠎ᠤᠨ ᠦᠭᠡᠷᠡᠴᠢᠯᠡᠯᠳᠡ ᠬᠢᠬᠦ ᠪᠠ ᠳᠠᠩᠰᠠᠯᠠᠭᠤᠯᠬᠤ ᠳᠦᠷᠢᠮ᠎ᠢ ᠲᠤᠷᠰᠢᠨ ᠬᠡᠷᠡᠭᠵᠢᠭᠦᠯᠬᠦ ᠪᠣᠯ ᠬᠥᠷᠥᠩᠭᠡ ᠵᠢᠨ ᠵᠠᠬ᠎ᠠ ᠳᠡᠯᠭᠡᠭᠦᠷ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠰᠠᠭᠤᠷᠢ ᠲᠦᠷᠢᠮ᠎ᠢ ᠲᠡᠭᠦᠯᠳᠡᠷᠵᠢᠭᠦᠯᠬᠦ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠴᠢᠳᠠᠮᠵᠢ ᠵᠢ ᠳᠡᠭᠡᠭᠰᠢᠯᠡᠭᠦᠯᠬᠦ ᠵᠢᠨ ᠴᠢᠬᠤᠯᠠ ᠲᠣᠬᠢᠷᠠᠭᠤᠯᠤᠯᠲᠠ ᠪᠣᠯᠤᠨ᠎ᠠ᠃ ᠵᠢᠷᠤᠮᠵᠢᠭᠰᠠᠨ᠂ ᠢᠯᠡ ᠲᠣᠳᠣ᠂ ᠨᠡᠭᠡᠭᠡᠯᠲᠡᠲᠡᠶ᠂ ᠠᠮᠢᠵᠢᠷᠠᠯ᠎ᠤᠨ ᠬᠦᠴᠦᠨ᠎ᠲᠠᠢ᠂ ᠤᠶᠠᠨ ᠬᠠᠳᠠᠨ ᠬᠥᠷᠥᠩᠭᠡ ᠵᠢᠨ ᠵᠠᠬ᠎ᠠ ᠳᠡᠯᠭᠡᠭᠦᠷ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠲᠠᠷᠬᠠᠭ᠋ᠠᠬᠤ᠂ ᠵᠠᠬ᠎ᠠ ᠳᠡᠯᠭᠡᠭᠦᠷ᠎ᠲᠤ ᠭᠠᠷᠭ᠋ᠠᠬᠤ᠂ ᠮᠡᠳᠡᠭᠡ ᠵᠠᠩᠭᠢ ᠨᠡᠶ᠋ᠢᠲᠡᠯᠡᠬᠦ᠂ ᠠᠷᠠᠯᠵᠢᠶᠠᠯᠠᠬᠤ᠂ ᠵᠠᠬ᠎ᠠ ᠳᠡᠯᠭᠡᠭᠦᠷ᠎ᠠᠴᠠ ᠭᠠᠷᠬᠤ ᠵᠡᠷᠭᠡ ᠰᠠᠭᠤᠷᠢ ᠴᠢᠨᠠᠷᠲᠠᠶ ᠲᠦᠷᠢᠮ᠎ᠤᠨ ᠥᠭᠡᠷᠡᠴᠢᠯᠡᠯᠲᠡ ᠵᠢ ᠠᠬᠢᠭᠤᠯᠵᠤ᠂ ᠦᠢ᠍ᠯᠡᠰ ᠪᠤᠰᠬᠠᠬᠤ ᠬᠡᠯᠪᠡᠷᠢ ᠵᠢᠨ ᠠᠵᠤ ᠠᠬᠤᠢ᠍ᠢ᠍ᠯᠠᠯ᠎ᠤᠨ ᠦᠨᠡᠳᠦ ᠲᠡᠮᠳᠡᠭᠳᠦ ᠠᠷᠠᠯᠵᠢᠶᠠᠯᠠᠬᠤ ᠳᠠᠪᠴᠠᠩ ᠪᠠ ᠪᠤᠰᠤᠳ ᠳᠠᠪᠴᠠᠩ᠎ᠢ ᠰᠣᠯᠪᠢᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠲᠣᠰ ᠲᠣᠰ᠎ᠤᠨ ᠪᠠᠶ᠋ᠢᠷᠢ ᠲᠣᠭᠲᠠᠭ᠋ᠠᠯᠳᠠ ᠵᠢ ᠣᠨᠣᠪᠴᠢᠲᠠᠶ ᠤᠯᠵᠤ᠂ ᠲᠣᠰ ᠲᠣᠰ᠎ᠤᠨ ᠦᠪᠡᠷᠮᠢᠴᠡ ᠣᠨᠴᠠᠯᠢᠭ᠎ᠢ ᠪᠠᠳᠠᠷᠠᠭᠤᠯᠵᠤ᠂ ᠲᠣᠰ ᠲᠣᠰ᠎ᠤᠨ ᠭᠣᠤᠯᠳᠠᠯᠭ᠎ᠠ᠎ᠲᠠᠢ᠂ ᠬᠠᠷᠢᠯᠴᠠᠨ ᠨᠥᠬᠥᠪᠥᠷᠢᠯᠡᠵᠤ ᠵᠣᠬᠢᠰᠲᠠᠶ ᠥᠷᠢᠰᠥᠯᠳᠦᠬᠦ ᠪᠠᠶ᠋ᠢᠷᠢᠰᠢᠯ ᠪᠦᠷᠢᠯᠳᠦᠬᠦ ᠵᠢ ᠠᠬᠢᠭᠤᠯᠬᠤ ᠬᠡᠷᠡᠭᠲᠡᠶ ᠭᠡᠵᠤ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠠᠵᠢᠯ᠎ᠢ ᠠᠬᠢᠭᠤᠯᠬᠤ᠎ᠳᠤ᠂ ᠰᠢᠨ᠎ᠠ ᠬᠦᠭᠵᠢᠯᠲᠠ ᠵᠢᠨ ᠤᠢ᠍ᠢ᠍ᠯᠠᠭ᠋ᠠᠭᠲᠠᠬᠤᠨᠢ ᠪᠠᠷᠢᠮᠲᠠᠯᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢ᠎ᠳᠤ ᠨᠤᠳᠤᠬ ᠪᠡᠯᠴᠢᠭᠡᠷ᠎ᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠡᠷᠭᠦᠭᠡᠨ ᠵᠠᠰᠠᠬᠤ ᠵᠢ ᠨᠢᠭᠡᠲᠦᠯᠲᠡᠢ ᠲᠦᠯᠦᠪᠵᠢᠭᠦᠯᠤᠨ᠂ ᠪᠦᠬᠦ ᠤᠯᠤᠰ᠎ᠤᠨ ᠴᠢᠬᠤᠯᠠ ᠠᠮᠢ ᠠᠬᠤᠢ ᠵᠢᠨ ᠰᠢᠰᠲᠸᠮ᠎ᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠴᠢᠬᠤᠯᠠ ᠶᠡᠬᠡ ᠢᠨᠵᠸᠨ᠋ᠸᠷᠢᠩ᠎ᠢ ᠰᠢᠨᠵᠢᠯᠡᠬᠦ ᠤᠬᠠᠭ᠋ᠠᠠᠴᠢᠪᠠᠷ ᠪᠠᠢ᠍ᠢ᠍ᠷᠢᠰᠢᠭᠤᠯᠵᠤ᠂ ᠪᠠᠢ᠍ᠢ᠍ᠭ᠋ᠠᠯᠢ ᠵᠢᠨ ᠠᠮᠢ ᠠᠬᠤᠢ ᠵᠢᠨ ᠰᠢᠰᠲᠸᠮ᠎ᠤᠨ ᠤᠯᠠᠷᠢᠨ ᠬᠤᠪᠢᠰᠬᠤ ᠵᠢᠮ᠎ᠠ ᠶᠤᠰᠤ ᠪᠤᠯᠤᠨ ᠲᠤᠲᠤᠭ᠋ᠠᠲᠤ ᠵᠢᠨ ᠭᠡᠮ ᠵᠤᠬᠢᠴᠠᠯ᠎ᠠᠴᠠ ᠡᠭᠦᠰᠴᠤ᠂ ᠨᠢᠭᠡᠲᠦᠯᠲᠡᠢ ᠲᠦᠯᠦᠪᠵᠢᠭᠦᠯᠤᠠ ᠨᠡᠢ᠍ᠢ᠍ᠲᠡ᠎ᠳᠤᠨᠢ ᠬᠠᠷᠠᠭ᠋ᠠᠯᠵᠠᠵᠦ᠂ ᠪᠦᠬᠦ ᠴᠤᠭᠴᠠ᠎ᠪᠠᠷ ᠬᠡᠷᠡᠭᠵᠢᠭᠦᠯᠵᠦ᠂ ᠠᠮᠢ ᠠᠬᠤᠢ ᠵᠢᠨ ᠰᠢᠰᠲ᠋ᠧᠮ᠎ᠤᠨ ᠦᠪᠡᠷᠳᠡᠭᠡᠨ ᠰᠡᠷᠭᠦᠬᠦ ᠴᠢᠲᠠᠪᠤᠷᠢ ᠵᠢ ᠴᠢᠷᠮᠠᠢ᠍ᠢ᠍ᠨ ᠲᠡᠭᠡᠭᠰᠢᠯᠡᠭᠦᠯᠵᠦ᠂ ᠠᠮᠢ ᠠᠬᠤᠢ ᠵᠢᠨ ᠰᠢᠰᠲᠸᠮ᠎ᠤᠨ ᠲᠤᠭᠲᠠᠪᠤᠷᠢ᠎ᠲᠦ ᠴᠢᠨᠠᠷ᠎ᠢ ᠴᠢᠩᠭ᠋ᠠᠳᠬᠠᠠ᠂ ᠪᠠᠢ᠍ᠢ᠍ᠭ᠋ᠠᠯᠢ ᠵᠢᠨ ᠠᠮᠢ ᠠᠬᠤᠢ ᠵᠢᠨ ᠰᠢᠰᠲᠸᠮ᠎ᠤᠨ ᠶᠠᠰᠤ ᠴᠢᠨᠠᠷ ᠪᠦᠬᠦᠯᠢ ᠴᠤᠭᠴᠠ᠎ᠪᠠᠷ ᠰᠠᠢ᠍ᠢ᠍ᠵᠢᠷᠠᠬᠤ ᠪᠠ ᠠᠮᠢ ᠠᠬᠤᠢ ᠵᠢᠨ ᠪᠦᠲᠦᠭᠡᠭᠳᠡᠭᠦᠨ ᠬᠠᠩᠭ᠋ᠠᠬᠤ ᠴᠢᠲᠠᠪᠤᠷᠢ᠎ᠨᠢ ᠪᠦᠬᠦ ᠲᠠᠯ᠎ᠠ᠎ᠪᠠᠷ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠪᠡᠶ᠎ᠠ ᠵᠢᠨ ᠲᠠᠮᠢᠷ ᠰᠤᠷᠭ᠋ᠠᠠ ᠬᠦᠮᠦᠵᠢᠯ᠎ᠤᠨ ᠠᠭᠤᠰᠤᠯᠴᠠᠯ᠎ᠢ ᠬᠦᠨᠵᠡᠭᠡᠢ᠍ᠢ᠍ᠷᠡᠭᠦᠯᠵᠤ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠦᠰᠦᠨ ᠪᠤᠢ᠍ᠢ᠍ᠵᠢᠬᠤ ᠵᠢ ᠠᠬᠢᠭᠤᠯᠬᠤ᠎ᠳᠤ᠂ ᠡᠷᠡᠭᠦᠯ ᠮᠡᠨᠳᠦ ᠨᠢᠭᠡᠲᠦᠭᠡᠷ ᠭᠡᠬᠦ ᠰᠤᠷᠭ᠋ᠠᠠ ᠬᠦᠮᠦᠵᠢᠯ᠎ᠤᠨ ᠤᠢ᠍ᠢ᠍ᠯᠠᠭ᠋ᠠᠭᠲᠠᠬᠤᠨᠢ ᠪᠤᠢ ᠪᠤᠯᠭ᠋ᠠᠵᠦ᠂ ᠵᠠᠯᠠᠭᠤᠴᠤᠳ ᠪᠠᠭ᠋ᠠᠴᠤᠳ᠎ᠤᠨ ᠰᠤᠶᠤᠯ᠎ᠤᠨ ᠰᠤᠷᠤᠯᠴᠠᠯᠭ᠎ᠠ ᠪᠠ ᠪᠡᠶ᠎ᠠ ᠵᠢᠨ ᠲᠠᠮᠢᠷ᠎ᠤᠨ ᠪᠤᠯᠪᠠᠰᠤᠷᠠᠯ᠎ᠢ ᠵᠤᠬᠢᠴᠠᠩᠭᠤᠢ᠎ᠪᠠᠷ ᠬᠦᠭᠵᠢᠬᠦᠯᠬᠦ ᠵᠢ ᠠᠬᠢᠭᠤᠯᠵᠦ᠂ ᠰᠤᠷᠭ᠋ᠠᠭᠤᠯᠢ ᠵᠢᠨ ᠪᠡᠶ᠎ᠠ ᠵᠢᠨ ᠲᠠᠮᠢᠷ᠎ᠤᠨ ᠠᠵᠢᠯ᠎ᠢ ᠴᠢᠩᠭ᠋ᠠᠳᠬᠠᠨ᠂ ᠵᠠᠯᠠᠭᠤᠴᠤᠳ ᠪᠠᠭ᠋ᠠᠴᠤᠳ᠎ᠤᠨ ᠪᠡᠶ᠎ᠠ ᠵᠢᠨ ᠲᠠᠮᠢᠷ᠎ᠤᠨ ᠤᠷᠤᠯᠲᠤᠭ᠋ᠠᠠᠤ ᠰᠢᠰᠲᠸᠮ᠎ᠢ ᠲᠡᠭᠦᠯᠲᠡᠷᠵᠢᠭᠦᠯᠵᠤ᠂ ᠰᠤᠷᠤᠭᠴᠢᠳ᠎ᠢ ᠬᠠᠪᠰᠤᠷᠤᠨ ᠪᠡᠶ᠎ᠠ ᠵᠢᠨ ᠲᠠᠮᠢᠷ᠎ᠤᠨ ᠪᠤᠯᠪᠠᠰᠤᠷᠠᠯ᠎ᠠᠴᠠ ᠪᠠᠶᠠᠷ ᠪᠠᠬᠠᠲᠤᠯ ᠤᠯᠵᠤ᠂ ᠪᠡᠶ᠎ᠠ ᠮᠠᠬᠠᠪᠤᠳ ᠵᠶ᠋ᠠᠨ ᠴᠢᠬᠢᠷᠠᠭᠵᠢᠭᠤᠯᠵᠤ᠂ ᠬᠦᠮᠦᠨ ᠴᠢᠨᠠᠷ᠎ᠢ᠎ᠨᠢ ᠪᠦᠷᠢᠠᠰᠢᠭᠦᠯᠵᠦ᠂ ᠰᠦᠰᠦ ᠵᠤᠷᠢᠭ᠎ᠢ᠎ᠨᠢ ᠳᠠᠪᠳᠠᠨ ᠪᠤᠯᠪᠠᠰᠤᠷᠠᠭᠤᠯᠵᠤ᠂ ᠶᠤᠰᠤ ᠰᠤᠷᠲᠠᠬᠤᠨ ᠤᠶᠤᠨ ᠤᠬᠠᠭ᠋ᠠᠠ ᠪᠡᠶ᠎ᠠ ᠮᠠᠬᠠᠪᠤᠳ ᠭᠤᠸ᠎ᠠ ᠰᠠᠢ᠍ᠢ᠍ᠬᠠᠠ ᠬᠦᠲᠡᠯᠮᠦᠷᠢ ᠪᠦᠬᠦ ᠲᠠᠯ᠎ᠠ᠎ᠪᠠᠷ ᠬᠦᠭᠵᠢᠭᠰᠡᠡ ᠨᠡᠢ᠍ᠢ᠍ᠭᠡᠮ ᠵᠢᠷᠤᠮ᠎ᠤᠨ ᠪᠦᠲᠦᠭᠡᠡ ᠪᠠᠢ᠍ᠢ᠍ᠭᠤᠯᠤᠭᠴᠢ ᠪᠠ ᠵᠠᠯᠭ᠋ᠠᠮᠵᠢᠯᠠᠭᠴᠢ ᠵᠢ ᠬᠦᠮᠦᠵᠢᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠬᠤᠷᠠᠯ᠎ᠠᠴᠠ᠂ ᠨᠠᠮ᠎ᠤᠨ ᠠᠷᠪᠠ ᠶᠢᠰᠦᠲᠦᠭᠡᠷ ᠬᠤᠭᠤᠴᠠᠭ᠋ᠠᠠ᠎ᠤ ᠲᠦᠪ ᠬᠤᠷᠢᠶᠠᠠ᠎ᠤ ᠲᠦᠷᠪᠡᠲᠦᠭᠡᠷ ᠪᠦᠬᠦᠲᠠ ᠬᠤᠷᠠᠯ᠎ᠤᠨ ᠴᠢᠬᠤᠯᠠ ᠦᠭᠡᠷᠡᠴᠢᠯᠡᠯᠲᠡ ᠵᠢᠨ ᠠᠷᠭ᠎ᠠ ᠬᠡᠮᠵᠢᠶ᠎ᠠ ᠵᠢ ᠬᠡᠷᠡᠭᠵᠢᠭᠦᠯᠬᠦ ᠲᠦᠯᠦᠪᠵᠢᠭᠦᠯᠭᠡ
(2020 — 2021 ᠤᠨ) ᠪᠤᠯ ᠲᠤᠮᠲᠠᠲᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠪᠠᠢ᠍ᠢ᠍ᠭᠤᠯᠤᠯ᠎ᠢ ᠪᠠᠷᠢᠮᠲᠠᠯᠠᠠ ᠲᠡᠭᠦᠯᠲᠡᠷᠵᠢᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠤᠯᠤᠨ ᠵᠠᠰᠠᠯᠲᠠ ᠵᠢᠨ ᠴᠢᠲᠠᠪᠤᠷᠢ ᠵᠢᠨ ᠤᠲᠤᠬᠢᠴᠢᠯᠠᠯᠲᠠ ᠵᠢ ᠠᠬᠢᠭᠤᠯᠬᠤ ᠪᠤᠷᠤ ᠵᠢᠷᠤᠭ ᠮᠦ᠍ᠨ᠂ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠭᠦᠯᠬᠦ ᠵᠢᠨ ᠱᠠᠲᠤᠴᠢ ᠴᠢᠨᠠᠷᠳᠠᠢ ᠤᠨᠴᠠᠯᠢᠭ ᠪᠤᠯᠤᠨ ᠱᠠᠭ᠋ᠠᠷᠲᠠᠯᠭ᠎ᠠ ᠵᠢ ᠡᠵᠡᠮᠲᠡᠵᠦ᠂ ᠰᠢᠰᠲᠸᠮ᠎ᠤᠨ ᠬᠤᠷᠠᠮᠳᠤᠯ᠂ ᠬᠠᠮᠵᠢᠯᠴᠠᠵᠤ ᠦᠨᠲᠦᠷ ᠪᠦᠲᠦᠮᠵᠢ᠎ᠲᠠᠢ ᠪᠠᠢ᠍ᠢ᠍ᠬᠤ ᠵᠢ ᠠᠩᠬᠠᠷᠴᠤ᠂ ᠪᠠᠢ᠍ᠢ᠍ᠭᠤᠯᠤᠯ᠎ᠢ ᠪᠠᠷᠢᠮᠲᠠᠯᠠᠠ ᠪᠡᠬᠢᠵᠢᠭᠦᠯᠬᠦ᠂ ᠪᠠᠢ᠍ᠢ᠍ᠭᠤᠯᠤᠯ᠎ᠢ ᠲᠡᠭᠦᠯᠲᠡᠷᠵᠢᠭᠦᠯᠦᠨ ᠬᠦᠭᠵᠢᠭᠦᠯᠬᠦ᠂ ᠪᠠᠢ᠍ᠢ᠍ᠭᠤᠯᠤᠯ᠎ᠢ ᠵᠢᠷᠤᠮᠯᠠᠠ ᠭᠡᠷᠡᠭᠵᠢᠭᠦᠯᠬᠦ ᠵᠢ ᠨᠢᠭᠡ ᠴᠤᠭᠴᠠᠵᠢᠭᠤᠯᠤᠨ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠠᠷᠪᠠᠠ ᠨᠠᠢ᠍ᠮᠠᠲᠤᠭ᠋ᠠᠷ ᠬᠤᠭᠤᠴᠠᠭ᠋ᠠᠠ᠎ᠤ ᠲᠦᠪ ᠬᠤᠷᠢᠶᠠᠠ᠎ᠤ ᠭᠤᠷᠪᠠᠲᠤᠭ᠋ᠠᠷ ᠪᠦᠬᠦᠲᠠ ᠬᠤᠷᠠᠯ᠎ᠠᠴᠠ ᠨᠠᠭ᠋ᠠᠰᠢ᠂ ᠪᠢᠲᠠ ᠰᠢᠨᠵᠢᠯᠡᠬᠦ ᠤᠠᠬᠠᠭᠠ ᠲᠸᠭᠨᠢᠭ ᠮᠡᠷᠭᠡᠵᠢᠯ᠎ᠤᠨ ᠪᠠᠢ᠍ᠢ᠍ᠭᠤᠯᠤᠮᠵᠢ ᠵᠢᠨ ᠦᠭᠡᠷᠡᠴᠢᠯᠡᠯᠲᠡ ᠵᠢ ᠰᠢᠰᠲᠸᠮ᠎ᠲᠠᠢ ᠪᠠᠢ᠍ᠢ᠍ᠷᠢᠰᠢᠭᠤᠯᠤᠭᠰᠠᠨ ᠪᠠ ᠪᠦᠬᠦᠯᠢ ᠴᠤᠭᠴᠠ᠎ᠪᠠᠷ ᠠᠬᠢᠭᠤᠯᠵᠦ᠂ ᠪᠠᠢ᠍ᠢ᠍ᠭᠤᠯᠤᠮᠵᠢ ᠵᠢᠨ ᠴᠢᠨᠠᠷᠳᠠᠢ ᠬᠠᠷᠰᠢ ᠰᠠᠭ᠋ᠠᠳ᠎ᠢ ᠠᠷᠢᠯᠭ᠋ᠠᠬᠤ᠂ ᠲᠤᠭᠲᠠᠴᠠ ᠵᠢᠨ ᠴᠢᠨᠠᠷᠲᠠᠢ ᠲᠦᠭᠵᠢᠷᠡᠯ᠎ᠢ ᠨᠡᠪᠲᠡᠷᠡᠭᠦᠯᠬᠦ᠂ ᠲᠦᠷᠦ ᠵᠢᠨ ᠪᠤᠲᠤᠯᠭ᠎ᠠ ᠵᠢᠨ ᠴᠢᠨᠠᠷᠲᠠᠢ ᠰᠢᠨ᠎ᠠ ᠡᠭᠦᠲᠦᠯᠲᠡ ᠵᠢ ᠠᠬᠢᠭᠤᠯᠬᠤ᠎ᠪᠠᠷ ᠳᠠᠮᠵᠢᠨ᠂ ᠡᠯ᠎ᠠ ᠲᠦᠷᠦᠯ᠎ᠤᠨ ᠭᠤᠤᠯ ᠴᠤᠭᠴᠠ ᠵᠢᠨ ᠰᠢᠨ᠎ᠠ ᠵᠢ ᠡᠭᠦᠳᠬᠦ ᠬᠦᠲᠡᠯᠭᠡᠬᠦ ᠬᠦᠴᠤᠨ᠎ᠢ ᠢᠯᠡᠳᠳᠡ ᠴᠢᠩᠭ᠋ᠠᠳᠬᠠᠨ᠂ ᠰᠢᠨ᠎ᠠ ᠵᠢ ᠡᠭᠦᠳᠬᠦ ᠴᠢᠬᠤᠯᠠ ᠡᠯᠸᠮᠸᠨ᠋ᠲ᠎ᠤᠨ ᠲᠤᠬᠢᠷᠠᠭᠤᠯᠤᠯᠲᠠ ᠵᠢ ᠰᠢᠯᠢᠲᠡᠭᠵᠢᠭᠦᠯᠵᠤ᠂ ᠤᠯᠤᠰ᠎ᠤᠨ ᠰᠢᠨ᠎ᠠ ᠵᠢ ᠡᠭᠦᠳᠬᠦ ᠰᠢᠰᠲᠸᠮ᠎ᠤᠨ ᠪᠦᠬᠦᠯᠢ ᠴᠤᠭᠴᠠ ᠵᠢᠨ ᠴᠢᠳᠠᠮᠵᠢ ᠵᠢ ᠲᠡᠭᠡᠭᠰᠢᠯᠡᠭᠦᠯᠵᠦ᠂ ᠮᠠᠠ᠎ᠤ ᠤᠯᠤᠰ᠎ᠤᠨ ᠰᠢᠨᠵᠢᠯᠡᠬᠦ ᠤᠬᠠᠭ᠋ᠠᠠ ᠲᠸᠭᠨᠢᠭ ᠮᠡᠷᠭᠡᠵᠢᠯ᠎ᠤᠨ ᠦᠢ᠍ᠯᠡᠰ᠎ᠤᠨ ᠰᠢᠨ᠎ᠠ ᠰᠢᠪᠳᠤᠯᠤᠯᠳᠠ᠎ᠲᠠᠢ ᠪᠤᠯᠬᠤ ᠵᠢ ᠠᠬᠢᠭᠤᠯᠪᠠ᠃ ᠡᠭᠦᠨ᠎ᠤ ᠬᠠᠮᠳᠤ᠂ ᠰᠢᠨᠵᠢᠯᠡᠬᠦ ᠤᠠᠬᠭ᠋ᠠᠠ ᠲᠸᠭᠨᠢᠭ ᠮᠡᠷᠭᠡᠵᠢᠯ᠎ᠤᠨ ᠪᠠᠢ᠍ᠢ᠍ᠭᠤᠯᠤᠮᠵᠢ ᠵᠢᠨ ᠦᠭᠡᠷᠡᠴᠢᠯᠡᠯᠲᠡ ᠵᠢᠨ ᠡᠬᠦᠷᠭᠡ ᠵᠢᠨ ᠨᠠᠢ᠍ᠢ᠍ᠲᠠᠪᠤᠷᠢᠵᠢᠭᠤᠯᠤᠯᠲᠠ ᠬᠠᠷᠠᠬᠠᠨ ᠲᠡᠩᠴᠡᠬᠦᠷᠢ ᠦᠭᠡᠢ ᠲᠤᠭᠤᠰᠢᠳᠠᠢ ᠪᠤᠰᠤ ᠪᠠᠢ᠍ᠢ᠍ᠵᠤ᠂ ᠵᠠᠷᠢᠮ ᠴᠢᠬᠤᠯᠠ ᠶᠡᠬᠡ ᠦᠭᠡᠷᠡᠴᠢᠯᠡᠯᠲᠡ ᠵᠢᠨ ᠠᠬᠢᠴᠠ ᠲᠦᠷᠭᠡᠡ ᠪᠤᠰᠤ᠂ ᠬᠤᠯᠪᠤᠭᠲᠠᠯ ᠪᠦᠬᠦᠢ ᠬᠦᠷᠢᠶᠠᠠ᠎ᠳᠠᠬᠢ ᠦᠭᠡᠷᠡᠴᠢᠯᠡᠯᠲᠡ ᠵᠢᠨ ᠬᠠᠮᠵᠢᠯᠴᠠᠭ᠎ᠠ᠎ᠨᠢ ᠭᠦᠢ᠍ᠴᠡᠳ ᠪᠤᠰᠤ᠂ ᠵᠠᠷᠢᠮ ᠬᠦᠨ ᠲᠠᠪᠬᠤᠷᠭ᠎ᠠ ᠵᠢᠨ ᠲᠦᠷᠢᠮ᠎ᠤᠨ ᠬᠠᠷᠰᠢ ᠰᠠᠭ᠋ᠠᠳ᠎ᠢ ᠪᠠᠰᠠ ᠦᠨᠲᠦᠰᠦᠨᠠᠴᠠᠨᠢ ᠠᠷᠢᠯᠭ᠋ᠠᠵᠤ ᠲᠡᠢ᠍ᠢ᠍ᠯᠦᠭᠡᠲᠦᠢ ᠪᠠᠢ᠍ᠢ᠍ᠬᠤ ᠵᠢ ᠴᠤ᠌ ᠤᠯᠵᠦ ᠬᠠᠷᠠᠬᠤ ᠭᠡᠷᠡᠭᠲᠡᠢ᠃ ᠪᠠᠢ᠍ᠢ᠍ᠭᠤᠯᠤᠮᠵᠢ ᠲᠤᠭᠲᠠᠴᠠ ᠵᠢᠨ ᠲᠠᠯ᠎ᠠ᠎ᠠᠴᠠ ᠰᠢᠨᠵᠢᠯᠡᠬᠦ ᠤᠠᠬᠭ᠋ᠠᠠ ᠲᠸᠭᠨᠢᠭ ᠮᠡᠷᠭᠡᠵᠢᠯ᠎ᠤᠨ ᠰᠢᠨ᠎ᠠ ᠵᠢ ᠡᠭᠦᠳᠬᠦ ᠪᠠ ᠪᠠᠴᠢᠮ ᠪᠠᠢ᠍ᠢ᠍ᠲᠠᠯ᠎ᠢ ᠠᠷᠭ᠋ᠠᠴᠠᠭ᠋ᠠᠬᠤ ᠬᠤᠪᠢᠷᠠᠯᠳᠠ ᠵᠢ ᠠᠷᠭ᠋ᠠᠴᠠᠭ᠋ᠠᠬᠤ ᠴᠢᠲᠠᠪᠤᠷᠢ ᠵᠢ ᠴᠢᠩᠭ᠋ᠠᠳᠬᠠᠠ᠂ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠤᠨ ᠪᠤᠭᠤᠮᠲᠠ ᠰᠢᠪᠲᠤᠯᠬᠤ ᠰᠢᠨ᠎ᠠ ᠬᠡᠯᠪᠡᠷᠢ ᠵᠢᠨ ᠤᠯᠤᠰ ᠲᠠᠶᠠᠭ᠋ᠠᠷ᠎ᠤᠨ ᠪᠠᠢ᠍ᠢ᠍ᠭᠤᠯᠤᠮᠵᠢ ᠵᠢ ᠲᠦᠷᠭᠡᠡ ᠪᠠᠢ᠍ᠢ᠍ᠭᠤᠯᠵᠦ᠂ ᠲᠤᠲᠠᠭᠤᠲᠠᠯ ᠵᠶ᠋ᠠᠨ ᠨᠦᠬᠦᠪᠦᠷᠢᠯᠡᠡ᠂ ᠪᠠᠭᠤᠷᠠᠢ ᠲᠠᠯ᠎ᠠ᠎ᠪᠠᠨ ᠬᠦᠴᠦᠷᠭᠡᠭᠵᠢᠭᠦᠯᠵᠦ᠂ ᠠᠯᠲᠠᠭ᠎ᠠ ᠪᠤᠷᠤᠭᠤ᠎ᠪᠠᠨ ᠵᠠᠯᠠᠷᠠᠭᠤᠯᠤᠨ᠂ ᠰᠢᠨᠵᠢᠯᠡᠬᠦ ᠤᠠᠬᠭ᠋ᠠᠠ ᠲᠸᠭᠨᠢᠭ ᠮᠡᠷᠭᠡᠵᠢᠯ᠎ᠤᠨ ᠰᠢᠨ᠎ᠠ ᠡᠭᠦᠳᠦᠯᠳᠡ ᠵᠢᠨ ᠰᠢᠰᠲᠸᠮ᠎ᠳᠤ ᠴᠢᠲᠠᠪᠤᠷᠢ ᠵᠢ ᠲᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠠᠬᠭ᠋ᠠᠠ ᠲᠸᠭᠨᠢᠭ ᠮᠡᠷᠭᠡᠵᠢᠯ᠎ᠤᠨ ᠦᠷ᠎ᠠ ᠪᠦᠲᠦᠭᠡᠯ᠎ᠢ ᠤᠨᠲᠤᠤᠰᠢᠭᠤᠯᠬᠤ ᠲᠤᠭᠲᠠᠴᠠ ᠵᠢ ᠰᠢᠨᠡᠴᠢᠯᠡᠵᠦ᠂ ᠦᠢ᠍ᠯᠡᠳᠪᠦᠷᠢᠯᠡᠬᠦ ᠵᠢᠭ᠋ᠠᠨ ᠰᠤᠷᠭ᠋ᠠᠬᠤ ᠰᠤᠳᠤᠯᠬᠤ ᠰᠢᠨ᠎ᠠ ᠵᠢ ᠡᠭᠦᠳᠬᠦ ᠬᠡᠯᠬᠢᠶ᠎ᠠ᠂ ᠠᠵᠦ ᠦᠢ᠍ᠯᠡᠰ᠎ᠤᠨ ᠬᠡᠯᠬᠢᠶ᠎ᠠ᠂ ᠦᠷᠲᠡᠭ᠎ᠤᠨ ᠬᠡᠯᠬᠢᠶ᠎ᠠ ᠵᠢ ᠰᠢᠯᠤᠭᠤᠳᠬᠠᠬᠤ ᠬᠡᠷᠡᠭᠲᠡᠢ᠃ ᠰᠢᠨᠵᠢᠯᠡᠬᠦ ᠤᠬᠠᠭ᠋ᠠᠠᠤ ᠰᠤᠲᠤᠯᠭ᠋ᠠᠠᠤ ᠵᠠᠷᠤᠳᠠᠯ ᠮᠦᠩᠬᠦ ᠵᠢᠨ ᠬᠠᠮᠢᠶᠠᠷᠤᠯᠲᠠ᠂ ᠰᠢᠨᠵᠢᠯᠡᠬᠦ ᠤᠠᠬᠭ᠋ᠠᠠᠤ ᠰᠤᠲᠤᠯᠭ᠋ᠠᠠᠤ ᠦᠨᠡᠯᠡᠯᠲᠡ᠂ ᠰᠢᠨᠵᠢᠯᠡᠬᠦ ᠤᠠᠬᠭ᠋ᠠᠠ ᠲᠸᠭᠨᠢᠭ ᠮᠡᠷᠭᠡᠵᠢᠯ᠎ᠤᠨ ᠡᠰᠢ ᠶᠤᠰᠤ᠂ ᠠᠵᠢᠯ᠎ᠤᠨ ᠰᠤᠷᠲᠠᠯ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠍ᠢ᠍ᠭᠤᠯᠤᠯᠲᠠ ᠵᠡᠷᠭᠡ ᠰᠠᠭᠤᠷᠢ ᠴᠢᠨᠠᠷᠲᠠᠢ ᠲᠦᠷᠢᠮ᠎ᠢ ᠨᠠᠢ᠍ᠢ᠍ᠲᠠᠪᠤᠷᠢᠵᠢᠭᠤᠯᠬᠤ ᠵᠢ ᠰᠠᠢ᠍ᠢ᠍ᠲᠤᠷ ᠠᠳᠬᠤᠵᠦ᠂ ᠰᠢᠨ᠎ᠠ ᠵᠢ ᠡᠭᠦᠳᠴᠤ ᠡᠭᠦᠲᠦᠨ ᠪᠦᠲᠦᠭᠡᠬᠦ ᠠᠮᠢᠵᠢᠷᠠᠯ᠎ᠤᠨ ᠬᠦᠴᠤᠨ᠎ᠢ ᠪᠠᠳᠠᠷᠠᠭᠤᠯᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠬᠤᠷᠠᠯ᠎ᠠᠴᠠ᠂ ᠤᠲᠤᠬᠠᠠ᠎ᠳᠤ᠂ ᠮᠠᠠ᠎ᠤ ᠤᠯᠤᠰ᠎ᠤᠨ ᠬᠢᠵᠢᠭ᠎ᠢ ᠰᠡᠷᠭᠡᠢ᠍ᠢ᠍ᠯᠡᠡ ᠡᠵᠡᠮᠲᠡᠬᠦ ᠠᠵᠢᠯ᠎ᠤᠨ ᠪᠠᠢ᠍ᠢ᠍ᠳᠠᠯ᠎ᠤᠨ ᠰᠠᠢ᠍ᠢ᠍ᠵᠢᠷᠠᠬᠤ ᠬᠠᠨᠳᠤᠰᠢ ᠴᠢᠨᠠᠭᠰᠢᠲᠠ ᠪᠡᠬᠢᠵᠢᠵᠦ ᠪᠤᠢ᠂ ᠭᠡᠪᠡᠴᠤ ᠪᠢᠲᠠ ᠮᠦᠨ ᠬᠦ᠌ ᠬᠤᠷᠢᠭ᠎ᠠ ᠱᠤᠭᠤᠮ᠎ᠤᠨ ᠰᠡᠳᠭᠢᠬᠦᠢ ᠵᠢ ᠪᠠᠷᠢᠮᠲᠠᠯᠠᠠ᠂ ᠨᠡᠯᠢᠶᠡᠳ ᠤᠷᠲᠤ ᠬᠤᠭᠤᠴᠠᠭ᠎ᠠ᠎ᠪᠠᠷ ᠭᠠᠳᠠᠭ᠋ᠠᠳᠦ ᠤᠷᠴᠢᠨ ᠲᠤᠭᠤᠷᠢᠨ᠎ᠤ ᠬᠤᠪᠢᠷᠠᠯᠲᠠ ᠵᠢ ᠠᠷᠭ᠋ᠠᠴᠠᠭ᠋ᠠᠬᠤ ᠦᠵᠡᠯ ᠰᠠᠨᠠᠭ᠋ᠠᠠ᠎ᠤ ᠪᠡᠯᠡᠳᠭᠡᠯ ᠪᠠ ᠠᠵᠢᠯ᠎ᠤᠨ ᠪᠡᠯᠡᠳᠭᠡᠯ᠎ᠢ ᠰᠠᠢ᠍ᠢ᠍ᠳᠦᠷ ᠬᠢᠵᠦ᠂ ᠦᠭᠡᠷᠡᠴᠢᠯᠡᠯᠲᠡ ᠵᠢ ᠲᠦᠯᠦᠪᠵᠢᠭᠦᠯᠦᠨ ᠠᠬᠢᠭᠤᠯᠬᠤ᠎ᠳᠠᠭᠠᠨ ᠪᠦᠬᠦᠯᠢ ᠴᠤᠭᠴᠠ ᠵᠢᠨ ᠪᠤᠲᠤᠯᠬᠢᠯᠠᠯ ᠪᠠ ᠲᠤᠬᠢᠷᠠᠭᠤᠯᠤᠯᠲᠠ᠎ᠲᠠᠢ ᠪᠤᠯᠵᠤ᠂ 《ᠵᠢᠷᠭᠤᠭ᠎ᠠ ᠵᠢ ᠲᠤᠭᠲᠠᠪᠤᠷᠢᠵᠢᠭᠤᠯᠬᠤ》 ᠠᠵᠢᠯ᠎ᠢ ᠰᠠᠢ᠍ᠢ᠍ᠳᠦᠷ ᠬᠢᠵᠦ᠂
《ᠵᠢᠷᠭᠤᠭ᠎ᠠ ᠵᠢ ᠪᠠᠲᠤᠯᠠᠬᠤ》 ᠡᠬᠦᠷᠭᠡ ᠵᠢ ᠨᠠᠢ᠍ᠢ᠍ᠲᠠᠪᠤᠷᠢᠵᠢᠭᠤᠯᠤᠨ᠂ ᠠᠶᠤᠯ ᠲᠦᠭᠰᠢᠬᠦᠷᠢ ᠵᠢ ᠰᠡᠷᠭᠡᠢ᠍ᠢ᠍ᠯᠡᠬᠦ᠂ ᠰᠠᠭᠤᠷᠢ ᠲᠠᠯᠪᠢᠬᠤ᠂ ᠠᠷᠠᠳ᠎ᠤᠨ ᠠᠮᠢᠲᠤᠷᠠᠯ᠎ᠳᠤ ᠠᠰᠢᠭ ᠬᠦᠷᠳᠡᠭᠡᠬᠦ᠂ ᠠᠯᠤᠰ ᠬᠡᠳᠦ᠎ᠳᠤ ᠠᠰᠢᠭᠳᠠᠢ ᠪᠠᠢ᠍ᠢ᠍ᠬᠤ ᠦᠭᠡᠷᠡᠴᠢᠯᠡᠯᠲᠡ ᠵᠢ ᠤᠷᠭ᠋ᠠᠨᠢᠭ ᠵᠶ᠋ᠠᠷ ᠤᠶᠠᠯᠲᠤᠭᠤᠯᠬᠤ ᠭᠡᠷᠡᠭᠲᠡᠢ᠃ ᠠᠵᠢᠯ ᠦᠢ᠍ᠯᠡᠳᠪᠦᠷᠢᠯᠡᠯ᠎ᠢ ᠰᠡᠷᠭᠦᠭᠡᠬᠦ᠂ ᠰᠠᠭᠤᠭ᠋ᠠᠯᠢ ᠠᠷᠠᠳ᠎ᠤᠨ ᠠᠵᠢᠯ ᠤᠯᠬᠤ᠂ ᠪᠡᠯᠡ ᠤᠷᠤᠭᠤᠯᠤᠯᠲᠠ ᠭᠡᠷᠡᠭᠯᠡᠭᠡ᠂ ᠲᠤᠮᠲᠠ ᠪᠠᠭ᠎ᠠ ᠵᠢᠵᠢᠭ ᠠᠵᠦ ᠠᠬᠤᠢ᠍ᠢ᠍ᠯᠠᠯ᠎ᠤᠨ ᠬᠦᠭᠵᠢᠯᠲᠠ᠂ ᠠᠷᠠᠳ᠎ᠤᠨ ᠦᠨᠲᠦᠰᠤᠨ ᠠᠮᠢᠲᠤᠷᠠᠯ᠂ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠎ᠳᠤ ᠲᠤᠰᠠᠲᠠᠢ ᠦᠭᠡᠷᠡᠴᠢᠯᠡᠯᠲᠡ ᠵᠢᠨ ᠠᠷᠭ᠎ᠠ ᠬᠡᠮᠵᠢᠶ᠎ᠠ ᠵᠢ ᠬᠦᠴᠤᠨ ᠵᠶ᠋ᠠᠨ ᠲᠦᠪᠯᠡᠷᠡᠭᠦᠯᠦᠨ ᠠᠬᠢᠭᠤᠯᠬᠤ ᠭᠡᠷᠡᠭᠲᠡᠢ᠃ ᠠᠵᠦ ᠠᠬᠤᠢ ᠨᠡᠢ᠍ᠢ᠍ᠭᠡᠮ᠎ᠤᠨ ᠬᠦᠭᠵᠢᠯᠲᠠ᠎ᠳᠠᠬᠢ ᠲᠤᠲᠠᠭᠤᠲᠠᠯ ᠪᠠᠭᠤᠷᠠᠢ ᠲᠠᠯ᠎ᠠ ᠪᠤᠯᠤᠨ ᠠᠶᠤᠯ ᠲᠦᠭᠰᠢᠬᠦᠷᠢ ᠦᠷᠢᠰᠦᠯᠲᠦᠭᠡᠡ᠎ᠳᠤ ᠤᠷᠢᠳᠠᠴᠢ ᠴᠢᠨᠠᠷᠳᠠᠢ ᠲᠦᠯᠦᠪᠵᠢᠭᠦᠯᠭᠡ ᠬᠢᠵᠦ᠂ ᠤᠯᠠᠠ ᠨᠡᠢ᠍ᠢ᠍ᠲᠡ ᠵᠢᠨ ᠡᠷᠡᠭᠦᠯ ᠬᠠᠮᠠᠭ᠋ᠠᠯᠠᠯ᠂ ᠠᠮᠢᠲᠤ ᠪᠤᠲᠠᠰ᠂ ᠠᠮᠤ ᠪᠤᠲᠠᠭ᠎ᠠ᠂ ᠡᠨ᠋ᠸᠷᠬᠢ᠂ ᠮᠦᠩᠭᠦᠨ ᠬᠦᠢ᠍ᠯᠭᠡᠭᠡ᠂ ᠰᠦᠯᠵᠢᠶ᠎ᠠ᠂ ᠭᠠᠢ ᠭᠠᠮᠰᠢᠭ᠎ᠢ ᠰᠡᠷᠭᠡᠢ᠍ᠢ᠍ᠯᠡᠵᠦ ᠭᠠᠢ ᠭᠠᠮᠰᠢᠭ᠎ᠢ ᠠᠷᠭ᠋ᠠᠴᠠᠭ᠋ᠠᠬᠤ ᠪᠡᠯᠡᠳᠭᠡᠯ᠂ ᠨᠡᠢ᠍ᠢ᠍ᠭᠡᠮ᠎ᠤᠨ ᠵᠠᠰᠠᠯᠲᠠ ᠵᠡᠷᠭᠡ ᠭᠤᠤᠯᠲᠠᠯᠭ᠎ᠠ᠎ᠲᠠᠢ ᠬᠦᠷᠢᠶᠡᠡ᠎ᠳᠤ ᠠᠩᠬᠠᠷᠤᠯ ᠵᠶ᠋ᠠᠨ ᠲᠦᠪᠯᠡᠷᠡᠭᠦᠯᠦᠨ᠂ ᠬᠦᠭᠵᠢᠯᠲᠠ ᠪᠠ ᠠᠮᠤᠷ ᠲᠦᠪᠰᠢᠨ᠎ᠢ ᠨᠢᠭᠡᠲᠦᠯᠲᠡᠢ ᠲᠦᠯᠦᠪᠵᠢᠭᠦᠯᠬᠦ ᠵᠢ ᠪᠠᠷᠢᠮᠲᠠᠯᠠᠵᠦ᠂ ᠤᠷᠢᠳᠴᠢᠯᠠᠠ ᠰᠡᠷᠭᠡᠢ᠍ᠢ᠍ᠯᠡᠵᠦ ᠤᠷᠢᠳᠴᠢᠯᠠᠠ ᠪᠡᠯᠡᠳᠭᠡᠬᠦ ᠪᠠ ᠪᠠᠴᠢᠮ ᠪᠠᠢ᠍ᠢ᠍ᠲᠠᠯ ᠭᠡᠨᠡᠳᠳᠡ ᠵᠢᠨ ᠬᠡᠷᠡᠭ᠎ᠢ ᠠᠷᠭ᠋ᠠᠴᠠᠭ᠋ᠠᠠ ᠰᠢᠢ᠍ᠳᠪᠦᠷᠢᠯᠡᠬᠦ ᠵᠢ ᠤᠶᠠᠯᠲᠤᠭᠤᠯᠬᠤ ᠵᠢ ᠪᠠᠷᠢᠮᠳᠠᠯᠠᠵᠤ᠂ ᠴᠠᠭ ᠲᠤᠬᠢᠶᠠᠯ᠎ᠢ ᠠᠮᠵᠢᠨ᠂ ᠰᠠᠨᠠᠭ᠋ᠠᠴᠢᠯᠠᠭ᠎ᠠ᠎ᠠᠴᠠ᠎ᠪᠠᠨ ᠵᠢᠳᠭᠦᠨ ᠴᠢᠷᠮᠠᠢ᠍ᠢ᠍ᠬᠤ ᠬᠡᠷᠡᠭᠲᠡᠢ᠃ ᠠᠵᠦ ᠠᠬᠤᠢ ᠵᠢᠨ ᠴᠢᠨᠠᠷ ᠰᠠᠢ᠍ᠢ᠍ᠲᠠᠢ ᠬᠦᠭᠵᠢᠯᠲᠠ᠎ᠲᠠᠢ ᠬᠤᠯᠪᠤᠭᠲᠠᠬᠤ ᠪᠠᠢ᠍ᠢ᠍ᠭᠤᠯᠤᠮᠵᠢ ᠲᠤᠭᠲᠠᠴᠠ ᠵᠢᠨ ᠠᠰᠠᠭᠤᠲᠠᠯ᠎ᠳᠤ᠂ ᠴᠢᠬᠤᠯᠠ ᠡᠯᠸᠮᠸᠨ᠋ᠲ᠎ᠢ ᠵᠠᠬ᠎ᠠ ᠲᠡᠯᠭᠡᠭᠦᠷᠴᠢᠯᠡᠡ ᠲᠤᠬᠢᠷᠠᠭᠤᠯᠬᠤ ᠵᠢ ᠲᠡᠭᠦᠯᠲᠡᠷᠵᠢᠭᠦᠯᠬᠦ᠂ ᠵᠠᠰᠠᠭ᠎ᠤᠨ ᠤᠷᠲᠤᠨ᠎ᠤ ᠡᠭᠦᠷᠭᠡ ᠴᠢᠲᠠᠪᠬᠢ ᠵᠢ ᠬᠤᠪᠢᠷᠠᠭᠤᠯᠬᠤ᠂ ᠠᠷᠠᠯᠵᠢᠶ᠎ᠠ ᠡᠵᠡᠩᠨᠡᠬᠦ ᠤᠷᠴᠢᠨ᠎ᠢ ᠰᠢᠯᠢᠲᠡᠭᠵᠢᠭᠦᠯᠬᠦ᠂ ᠳᠤᠳᠤᠭ᠋ᠠᠳᠦ ᠬᠡᠷᠡᠭᠴᠡᠭᠡ ᠵᠢ ᠦᠷᠭᠡᠳᠭᠡᠬᠦ᠂ ᠠᠵᠦ ᠦᠢ᠍ᠯᠡᠰ᠎ᠤᠨ ᠭᠡᠯᠬᠢᠶ᠎ᠠ ᠬᠠᠩᠭ᠋ᠠᠯᠭ᠎ᠠ ᠵᠢᠨ ᠬᠡᠯᠬᠢᠶ᠎ᠠ ᠵᠢ ᠲᠤᠭᠲᠠᠪᠤᠷᠢᠵᠢᠭᠤᠯᠬᠤ᠂ ᠬᠤᠲᠠ ᠬᠦᠲᠡᠭᠡ ᠵᠢᠨ ᠠᠭᠤᠰᠤᠯᠴᠠᠭᠰᠠᠨ ᠬᠦᠭᠵᠢᠯᠳᠠ ᠵᠢ ᠠᠬᠢᠭᠤᠯᠬᠤ᠂ ᠰᠢᠨᠵᠢᠯᠡᠬᠦ ᠤᠬᠠᠭ᠋ᠠᠠ ᠲᠸᠭᠨᠢᠭ ᠮᠡᠷᠭᠡᠵᠢᠯ᠎ᠤᠨ ᠰᠢᠨ᠎ᠠ ᠵᠢ ᠡᠭᠦᠳᠬᠦ ᠵᠢ ᠲᠦᠷᠭᠡᠳᠭᠡᠬᠦ᠂ ᠭᠠᠲᠠᠭ᠋ᠠᠲᠤ ᠨᠡᠭᠡᠭᠡᠯᠲᠡ᠎ᠪᠠᠨ ᠦᠷᠭᠡᠳᠭᠡᠬᠦ᠂ ᠬᠦᠮᠦᠠ ᠬᠢᠭᠡᠳ ᠪᠠᠢ᠍ᠢ᠍ᠭ᠋ᠠᠯᠢ ᠵᠢᠨ ᠡᠶ᠎ᠠ ᠵᠤᠬᠢᠴᠠᠩᠭᠤᠢ᠎ᠪᠠᠷ ᠬᠠᠮᠲᠤ ᠤᠷᠤᠰᠢᠬᠤ ᠵᠢ ᠠᠬᠢᠭᠤᠯᠬᠤ ᠵᠡᠷᠭᠡ ᠴᠢᠬᠤᠯᠠ ᠲᠠᠯ᠎ᠠ ᠵᠢ ᠰᠠᠢ᠍ᠢ᠍ᠳᠦᠷ ᠠᠳᠬᠤᠵᠤ᠂ ᠰᠢᠰᠲᠸᠮ᠎ᠤᠨ ᠬᠤᠷᠠᠮᠳᠤᠯ᠎ᠢ ᠴᠢᠩᠭ᠋ᠠᠳᠬᠠᠠ᠂ ᠨᠢᠭᠡᠲᠦᠯᠲᠡᠢ ᠲᠦᠯᠦᠪᠵᠢᠭᠦᠯᠦᠨ ᠪᠠᠢ᠍ᠢ᠍ᠷᠢᠯᠠᠭᠤᠯᠤᠨ ᠠᠬᠢᠭᠤᠯᠬᠤ ᠭᠡᠷᠡᠭᠲᠡᠢ᠃ ᠦᠭᠡᠷᠡᠴᠢᠯᠡᠯᠲᠡ ᠵᠢᠨ ᠵᠢᠮ᠎ᠠ ᠬᠠᠤᠯᠢ ᠵᠢᠨ ᠲᠤᠬᠠᠢ ᠲᠠᠨᠢᠯᠲᠠ᠎ᠪᠠᠨ ᠬᠦᠨᠵᠡᠭᠡᠢ᠍ᠢ᠍ᠷᠡᠭᠦᠯᠵᠦ᠂ ᠴᠠᠭ ᠦᠶ᠎ᠠ ᠪᠤᠯᠤᠨ ᠪᠠᠢ᠍ᠢ᠍ᠲᠠᠯ᠎ᠤᠨ ᠬᠤᠪᠢᠷᠠᠯᠲᠠ ᠵᠢ ᠦᠨᠲᠦᠰᠦᠯᠡᠨ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠪᠤᠲᠠᠳᠠᠢ ᠠᠰᠠᠭᠤᠲᠠᠯ᠎ᠢ ᠰᠢᠢ᠍ᠳᠪᠦᠷᠢᠯᠡᠬᠦ ᠲᠤᠮᠲᠠ ᠲᠠᠰᠤᠷᠠᠯᠲᠠ ᠦᠭᠡᠢ ᠬᠦᠨᠵᠡᠭᠡᠢ᠍ᠢ᠍ᠷᠡᠭᠦᠯᠦᠨ᠂ ᠦᠭᠡᠷᠡᠴᠢᠯᠡᠯᠲᠡ ᠵᠢ ᠨᠡᠩ ᠪᠤᠲᠠᠲᠠᠢ᠎ᠳᠤ ᠨᠡᠢ᠍ᠢ᠍ᠴᠡᠬᠦ᠂ ᠠᠵᠦ ᠠᠬᠤᠢ ᠨᠡᠢ᠍ᠢ᠍ᠭᠡᠮ᠎ᠤᠨ ᠬᠦᠭᠵᠢᠯᠲᠠ ᠵᠢᠨ ᠰᠢᠨ᠎ᠠ ᠱᠠᠭ᠋ᠠᠷᠲᠠᠯᠭ᠎ᠠ᠎ᠳᠤ ᠨᠡᠢ᠍ᠢ᠍ᠴᠡᠬᠦ᠂ ᠠᠷᠠᠳ ᠤᠯᠠᠠ᠎ᠤ ᠰᠢᠨ᠎ᠠ ᠬᠦᠰᠡᠯ ᠡᠷᠡᠮᠡᠯᠵᠡᠯ᠎ᠳᠤ ᠨᠡᠢ᠍ᠢ᠍ᠴᠡᠬᠦ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠡᠨᠡ ᠵᠢᠯ ᠪᠤᠯ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠭᠦᠯᠬᠦ ᠵᠢᠨ ᠵᠠᠩᠭᠢᠯᠠᠭ᠎ᠠ ᠵᠢᠨ ᠵᠢᠯ ᠪᠤᠯᠤᠨ᠎ᠠ᠃ ᠨᠠᠮ᠎ᠤᠨ ᠠᠷᠪᠠᠠ ᠨᠠᠢ᠍ᠮᠠᠲᠤᠭ᠋ᠠᠷ ᠬᠤᠭᠤᠴᠠᠭ᠋ᠠᠠ᠎ᠤ ᠲᠦᠪ ᠬᠤᠷᠢᠶᠠᠠ᠎ᠤ ᠭᠤᠷᠪᠠᠲᠤᠭ᠋ᠠᠷ ᠪᠦᠬᠦᠲᠠ ᠬᠤᠷᠠᠯ᠎ᠠᠴᠠ ᠲᠤᠷᠠᠲᠤᠭᠰᠠᠠ ᠴᠢᠬᠤᠯᠠ ᠬᠦᠷᠢᠶ᠎ᠠ ᠪᠤᠯᠤᠨ ᠵᠠᠩᠭᠢᠯᠠᠭ᠎ᠠ ᠵᠢᠨ ᠭᠤᠭᠴᠤᠭ᠎ᠠ ᠵᠢᠨ ᠦᠭᠡᠷᠡᠴᠢᠯᠡᠯᠲᠡ ᠵᠢᠨ ᠲᠠᠯ᠎ᠠ᠎ᠪᠠᠷ ᠰᠢᠢ᠍ᠳᠪᠦᠷᠢᠲᠦ ᠴᠢᠨᠠᠷᠲᠠᠢ ᠠᠮᠵᠢᠯᠲᠠ ᠤᠯᠬᠤ ᠵᠢ ᠪᠠᠲᠤᠯᠠᠬᠤ ᠬᠡᠷᠡᠭᠳᠠᠢ ᠪᠦᠭᠡᠳ ᠪᠠᠰᠠ ᠨᠠᠮ᠎ᠤᠨ ᠠᠷᠪᠠ ᠶᠢᠰᠦᠲᠦᠭᠡᠷ ᠬᠤᠭᠤᠴᠠᠭ᠋ᠠᠠ᠎ᠤ ᠲᠦᠪ ᠬᠤᠷᠢᠶᠠᠠ᠎ᠤ ᠲᠦᠷᠪᠡᠲᠦᠭᠡᠷ ᠪᠦᠬᠦᠲᠠ ᠬᠤᠷᠠᠯ᠎ᠠᠴᠠ ᠪᠠᠢ᠍ᠢ᠍ᠷᠢᠯᠠᠭᠤᠯᠤᠭᠰᠠᠠ ᠦᠭᠡᠷᠡᠴᠢᠯᠡᠯᠲᠡ ᠵᠢ ᠲᠤᠭᠤᠰᠢᠯᠠᠭᠤᠯᠬᠤ ᠲᠠᠯ᠎ᠠ᠎ᠪᠠᠷ ᠰᠠᠢ᠍ᠢ᠍ᠨ ᠡᠬᠢᠯᠡᠯᠲᠡ᠎ᠲᠠᠢ ᠪᠠᠢ᠍ᠢ᠍ᠬᠤ ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠢᠲᠡᠭᠡᠯ ᠵᠤᠷᠢᠭ ᠵᠶ᠋ᠠᠨ ᠪᠠᠲᠤᠳᠬᠠᠵᠦ᠂ ᠬᠦᠴᠢᠷ᠎ᠢ ᠰᠦᠷᠦᠨ ᠤᠷᠤᠭᠰᠢᠯᠠᠵᠦ᠂ ᠨᠠᠮ᠎ᠤᠨ ᠲᠦᠪ ᠬᠤᠷᠢᠶᠠᠠ᠎ᠤ ᠪᠠᠢ᠍ᠢ᠍ᠷᠢᠯᠠᠭᠤᠯᠤᠭᠰᠠᠠ ᠡᠯ᠎ᠠ ᠵᠦᠢ᠍ᠯ᠎ᠤᠨ ᠦᠭᠡᠷᠡᠴᠢᠯᠡᠯᠲᠡ ᠵᠢᠨ ᠡᠬᠦᠷᠭᠡ ᠵᠢ ᠡᠷᠡᠰ ᠭᠤᠢ᠍ᠢ᠍ᠪᠢᠰᠢ ᠦᠭᠡᠢ ᠰᠠᠢ᠍ᠢ᠍ᠲᠤᠷ ᠨᠠᠢ᠍ᠢ᠍ᠲᠠᠪᠤᠷᠢᠵᠢᠭᠤᠯᠬᠤ ᠭᠡᠷᠡᠭᠲᠡᠢ᠃
ᠲᠦᠪ᠎ᠤᠨ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠭᠦᠯᠬᠦ ᠵᠦᠪᠯᠡᠯ᠎ᠤᠨ ᠭᠡᠰᠢᠭᠦᠳ ᠬᠤᠷᠠᠯ᠎ᠳᠤ ᠤᠷᠤᠯᠴᠠᠵᠦ᠂ ᠲᠦᠪ᠎ᠤᠨ ᠪᠠ ᠲᠦᠷᠦ ᠵᠢᠨ ᠪᠠᠢ᠍ᠢ᠍ᠭᠤᠯᠭ᠎ᠠ ᠵᠢᠨ ᠬᠤᠯᠪᠤᠭᠲᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠠ ᠨᠦᠬᠦᠳ ᠬᠤᠷᠠᠯ᠎ᠳᠤ ᠰᠤᠯᠠ ᠤᠷᠤᠯᠴᠠᠵᠠᠢ᠃