ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠦᠪ ᠬᠤᠷᠢᠶᠡᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠤᠷᠢᠶ᠎ᠡ ᠬᠤᠷᠡᠯ ᠬᠤᠷᠡᠯᠳᠤᠭᠤᠯᠵᠥ ᠰᠢ ᠵᠢᠨ ᠫᠢᠩ ᠬᠤᠷᠡᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2020-04-09

      ᠨᠠᠮ᠎ᠤᠨ ᠲᠦᠪ ᠬᠤᠷᠢᠶᠡᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠤᠷᠢᠶ᠎ᠡ ᠬᠤᠷᠡᠯ ᠬᠤᠷᠡᠯᠳᠤᠭᠤᠯᠵᠥ ᠤᠯᠤᠰ᠎ᠤᠨ ᠲᠤᠳᠤᠭ᠋ᠠᠳᠤ ᠵᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠤᠯᠤᠨ ᠠᠵᠦ ᠠᠬᠤᠢ ᠵᠢᠨ ᠡᠷᠭᠢᠯᠲᠡ ᠵᠢᠨ ᠪᠠᠢ᠌ᠳᠠᠯ᠎ᠳᠤ ᠵᠠᠳᠠᠯᠤᠯᠲᠠ ᠬᠢᠵᠦ ᠪᠠᠢ᠌ᠩᠭᠤᠵᠢᠭᠰᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠦᠷᠢᠵᠢᠭᠤᠯᠬᠤ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠭᠦ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠤᠳᠤᠯᠤᠨ ᠪᠠᠢ᠌ᠷᠢᠯᠠᠭᠤᠯᠪᠠ


      ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 8᠎ᠤ ᠴᠠᠬᠢᠯᠭ᠋ᠠᠨ ᠮᠡᠳᠡᠬᠡ ᠨᠠᠮ᠎ᠤᠨ ᠲᠦᠪ ᠬᠤᠷᠢᠶᠡᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠤᠷᠢᠶ᠎ᠡ 4 ᠰᠠᠷ᠎ᠠ ᠵᠢᠨ 8᠎ᠤ ᠡᠳᠤᠷ ᠬᠤᠷᠡᠯ ᠬᠤᠷᠡᠯᠳᠤᠭᠤᠯᠵᠥ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠵᠢᠯ ᠪᠤᠯᠤᠨ ᠪᠦᠬᠦ ᠤᠯᠤᠰ᠎ᠤᠨ ᠠᠵᠢᠯ ᠵᠶ᠋ᠠᠨ ᠰᠡᠷᠬᠦᠬᠡᠵᠥ ᠦᠢ᠍ᠯᠡᠳᠪᠤᠷᠢᠯᠡᠯ ᠵᠶ᠋ᠠᠨ ᠰᠡᠷᠬᠦᠬᠡᠭᠰᠡᠡ ᠪᠠᠢ᠍ᠢ᠍ᠳᠠᠯ᠎ᠤᠨ ᠪᠠᠢ᠍ᠢ᠍ᠴᠠᠭ᠋ᠠᠨ ᠰᠤᠳᠤᠯᠤᠯᠳᠠ ᠵᠢᠨ ᠬᠠᠷᠢᠭᠤ ᠮᠡᠳᠡᠬᠦᠯᠥᠯᠳᠡ ᠵᠢ ᠰᠤᠨᠤᠰᠴᠦ᠂ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠤᠯᠤᠨ ᠠᠵᠥ ᠠᠬᠤᠢ ᠵᠢᠨ ᠡᠷᠬᠢᠯᠲᠠ ᠵᠢᠨ ᠪᠠᠢ᠍ᠢ᠍ᠳᠠᠯ᠎ᠳᠤ ᠵᠠᠳᠠᠯᠤᠯᠳᠡ ᠬᠢᠵᠥ᠂ ᠪᠠᠢ᠍ᠢ᠍ᠩᠭᠤᠵᠢᠭᠰᠠᠠ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠍ᠢ᠍ᠳᠠᠪᠤᠷᠢᠵᠢᠭᠤᠯᠬᠤ᠂ ᠠᠵᠢᠯ ᠵᠶ᠋ᠠᠨ ᠰᠡᠷᠬᠦᠬᠡᠵᠥ ᠦᠢ᠍ᠯᠡᠳᠪᠤᠷᠢᠯᠡᠯ ᠵᠶ᠋ᠠᠨ ᠰᠡᠷᠬᠦᠬᠡᠬᠦ ᠠᠵᠢᠯ᠎ᠢ ᠪᠦᠬᠦ ᠲᠡᠯ᠎ᠡ᠎ᠪᠠᠷ ᠠᠬᠢᠭᠤᠯᠬᠤ ᠲᠤᠬᠠᠢ ᠰᠤᠳᠤᠯᠤᠨ ᠪᠠᠢ᠍ᠢ᠍ᠷᠢᠯᠠᠭᠤᠯᠪᠠ᠃ ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ ᠰᠢ ᠵᠢᠨ ᠫᠢᠩ ᠬᠤᠷᠡᠯ᠎ᠢ ᠡᠷᠬᠢᠯᠡᠭᠰᠡᠡ ᠪᠦᠬᠡᠳ ᠴᠢᠬᠤᠯᠠ ᠶᠠᠷᠢᠶ᠎ᠠ ᠲᠠᠯᠪᠢᠪᠠ᠃
      ᠰᠢ ᠵᠢᠨ ᠫᠢᠩ᠂ ᠤᠳᠤᠬᠠᠨ᠎ᠳᠤ ᠮᠠᠨ᠎ᠤ ᠤᠯᠤᠰ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠵᠢᠯ᠎ᠤᠨ ᠱᠠᠳᠤᠴᠢ ᠴᠢᠨᠠᠷᠳᠠᠢ ᠦᠷ᠎ᠡ ᠪᠦᠳᠦᠮᠵᠢ ᠤᠯᠠᠮ ᠴᠢᠨᠠᠬᠰᠢᠳᠠ ᠪᠡᠬᠢᠵᠢᠵᠥ᠂ ᠠᠵᠢᠯ ᠵᠶ᠋ᠠᠨ ᠰᠡᠷᠬᠦᠬᠡᠵᠥ ᠦᠢ᠍ᠯᠡᠳᠪᠤᠷᠢᠯᠡᠯ ᠵᠶ᠋ᠠᠨ ᠰᠡᠷᠬᠦᠬᠡᠬᠦ ᠠᠵᠢᠯ ᠴᠢᠬᠤᠯᠠ ᠠᠬᠢᠴᠠ᠎ᠲᠠᠢ ᠪᠤᠯᠵᠥ᠂ ᠠᠵᠥ ᠠᠬᠤᠢ ᠨᠡᠢ᠍ᠢ᠍ᠬᠡᠮ᠎ᠤᠨ ᠠᠵᠢᠯᠯᠠᠭ᠋ᠠᠨ᠎ᠤ ᠡᠮᠬᠢ ᠵᠢᠷᠤᠮ ᠲᠦᠷᠬᠡᠨ ᠰᠡᠷᠬᠦᠵᠤ ᠪᠠᠢ᠍ᠢ᠍ᠨ᠎ᠠ᠃ ᠡᠬᠦᠨ᠎ᠤ ᠵᠡᠷᠬᠡ᠎ᠪᠠᠷ᠂ ᠤᠯᠠᠨ ᠤᠯᠤᠰ᠎ᠲᠤ ᠬᠢᠵᠢᠭ᠎ᠤᠨ ᠪᠠᠢ᠍ᠢ᠍ᠳᠠᠯ ᠦᠷᠬᠦᠯᠵᠢᠯᠡᠨ ᠲᠠᠷᠬᠠᠨ ᠲᠡᠯᠬᠡᠷᠡᠵᠥ᠂ ᠲᠡᠯᠡᠬᠡᠢ ᠵᠢᠨ ᠠᠵᠥ ᠠᠬᠤᠢ ᠤᠷᠤᠭᠤᠳᠠᠬᠤ ᠠᠶᠤᠯ ᠰᠢᠷᠦᠬᠦᠰᠴᠦ᠂ ᠲᠤᠭᠳᠠᠭᠤᠨ ᠪᠤᠰᠤ ᠲᠤᠭᠳᠠᠭ᠋ᠠᠯᠳᠦ ᠪᠤᠰᠤ ᠬᠦᠴᠦᠨ ᠵᠦᠢ᠍ᠯ ᠢᠯᠡᠳᠳᠡ ᠨᠡᠮᠡᠭᠳᠡᠪᠡ᠃ ᠮᠠᠨ᠎ᠤ ᠤᠯᠤᠰ᠎ᠤᠨ ᠭᠠᠲᠠᠨ᠎ᠠ᠎ᠠᠴᠠ ᠬᠢᠵᠢᠭ ᠬᠠᠯᠳᠠᠪᠤᠷᠢᠯᠠᠨ ᠤᠷᠤᠵᠥ ᠢᠷᠡᠬᠦ ᠵᠢ ᠰᠡᠷᠬᠡᠢ᠍ᠢ᠍ᠯᠡᠬᠦ ᠲᠠᠷᠤᠯᠳᠠ ᠲᠠᠰᠤᠷᠠᠯᠳᠡ ᠦᠬᠡᠢ ᠨᠡᠮᠡᠭᠳᠡᠵᠥ᠂ ᠠᠵᠢᠯ ᠵᠶ᠋ᠠᠨ ᠰᠡᠷᠬᠦᠬᠡᠵᠥ ᠦᠢ᠍ᠯᠡᠳᠪᠤᠷᠢᠯᠡᠯ ᠵᠶ᠋ᠠᠨ ᠰᠡᠷᠬᠦᠬᠡᠬᠦ ᠪᠤᠯᠤᠨ ᠠᠵᠥ ᠠᠬᠤᠢ ᠨᠡᠢ᠍ᠢ᠍ᠬᠡᠮ᠎ᠤᠨ ᠬᠦᠭᠵᠢᠯᠳᠡ᠎ᠳᠤ ᠰᠢᠨ᠎ᠡ ᠬᠦᠴᠢᠷ ᠪᠡᠷᠬᠡᠰᠢᠶᠡᠯ ᠪᠤᠯᠤᠨ ᠦᠷᠢᠰᠦᠯᠳᠦᠬᠡᠨ ᠲᠤᠯᠭ᠋ᠠᠷᠠᠵᠥ ᠪᠠᠢ᠍ᠢ᠍ᠨ᠎ᠠ᠃ ᠬᠦᠨᠳᠤ ᠨᠤᠴᠢᠳᠠᠢ ᠨᠠᠷᠢᠨ ᠪᠤᠳᠤᠯᠢᠶᠠᠨᠳᠠᠢ ᠲᠡᠯᠡᠬᠡᠢ ᠵᠢᠨ ᠬᠢᠵᠢᠭ᠎ᠤᠨ ᠪᠠᠢ᠍ᠢ᠍ᠳᠠᠯ ᠪᠤᠯᠤᠨ ᠲᠡᠯᠡᠬᠡᠢ ᠵᠢᠨ ᠠᠵᠥ ᠠᠬᠤᠢ ᠵᠢᠨ ᠪᠠᠢ᠍ᠢ᠍ᠳᠠᠯ᠎ᠤᠨ ᠡᠮᠤᠨ᠎ᠡ᠂ ᠪᠢᠳᠡ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠳᠠᠯᠠᠵᠥ᠂ ᠨᠡᠯᠢᠶᠡᠳ ᠤᠷᠳᠤ ᠬᠤᠭᠤᠴᠠᠭ᠎ᠠ᠎ᠪᠠᠷ ᠭᠠᠳᠠᠭ᠋ᠠᠳᠤ ᠤᠷᠴᠢᠨ ᠲᠤᠭᠤᠷᠢᠨ᠎ᠤ ᠬᠤᠪᠢᠷᠡᠯᠳᠡ ᠵᠢ ᠠᠷᠭ᠋ᠠᠴᠠᠭ᠋ᠠᠬᠤ ᠦᠵᠡᠯ ᠰᠠᠨᠠᠭ᠋ᠠᠨ᠎ᠤ ᠪᠡᠯᠡᠳᠬᠡᠯ ᠪᠤᠯᠤᠨ ᠠᠵᠢᠯ᠎ᠤᠨ ᠪᠡᠯᠡᠳᠬᠡᠯ᠎ᠢ ᠰᠠᠢ᠍ᠢ᠍ᠳᠤᠷ ᠬᠢᠬᠦ ᠬᠡᠷᠡᠭᠳᠡᠢ᠃ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠤᠯᠤᠨ ᠠᠵᠥ ᠠᠬᠤᠢ ᠨᠡᠢ᠍ᠢ᠍ᠬᠡᠮ᠎ᠤᠨ ᠬᠦᠭᠵᠢᠯᠳᠡ ᠵᠢᠨ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠭᠠᠳᠠᠨ᠎ᠠ᠎ᠠᠴᠠ ᠬᠠᠯᠳᠠᠪᠤᠷᠢᠯᠠᠨ ᠤᠷᠤᠵᠥ ᠢᠷᠡᠬᠦ ᠵᠢ ᠰᠡᠷᠬᠡᠢ᠍ᠢ᠍ᠯᠡᠬᠦ᠂ ᠲᠤᠳᠤᠭ᠋ᠠᠳᠤ᠎ᠳᠠᠭᠠᠨ ᠲᠠᠬᠢᠨ ᠡᠬᠦᠰᠬᠦ ᠵᠢ ᠰᠡᠷᠬᠡᠢ᠍ᠢ᠍ᠯᠡᠨ ᠡᠵᠡᠮᠳᠡᠬᠦ ᠠᠵᠢᠯ᠎ᠢ ᠰᠤᠯᠠᠷᠠᠭᠤᠯᠤᠯ ᠦᠬᠡᠢ ᠴᠢᠩᠭ᠎ᠠ ᠠᠳᠬᠤᠵᠥ᠂ ᠠᠵᠥ ᠠᠬᠤᠢ ᠨᠡᠢ᠍ᠢ᠍ᠬᠡᠮ᠎ᠤᠨ ᠬᠦᠭᠵᠢᠯᠳᠡ ᠵᠢᠨ ᠠᠵᠢᠯ᠎ᠤᠨ ᠡᠷᠴᠢᠮ᠎ᠢ ᠴᠢᠩᠭ᠋ᠠᠷᠠᠭᠤᠯᠬᠤ ᠬᠡᠷᠡᠭᠳᠡᠢ᠃ ᠪᠠᠢ᠍ᠢ᠍ᠩᠭᠤᠵᠢᠬᠰᠠᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ ᠳᠤᠮᠳᠠ ᠦᠢ᠍ᠯᠡᠳᠪᠤᠷᠢᠯᠡᠯ ᠠᠮᠢᠳᠤᠷᠠᠯ᠎ᠤᠨ ᠡᠮᠬᠢ ᠲᠢᠭᠯᠢᠮ᠎ᠢ ᠪᠦᠬᠦ ᠲᠠᠯ᠎ᠠ᠎ᠪᠠᠷ ᠰᠡᠷᠬᠦᠭᠡᠬᠦ ᠵᠢ ᠲᠦᠷᠭᠡᠳᠭᠡᠨ ᠠᠬᠢᠭᠤᠯᠵᠤ᠂ ᠠᠵᠢᠯ ᠵᠶ᠋ᠠᠨ ᠰᠡᠷᠬᠦᠭᠡᠵᠦ ᠦᠢ᠍ᠯᠡᠳᠪᠤᠷᠢᠯᠡᠯ ᠵᠶ᠋ᠠᠨ ᠰᠡᠷᠬᠦᠭᠡᠬᠦ ᠶᠠᠪᠤᠴᠠ ᠳᠤᠮᠳᠠ ᠲᠤᠯᠭ᠋ᠠᠷᠠᠵᠦ ᠪᠠᠢ᠍ᠢ᠍ᠭ᠎ᠠ ᠬᠦᠴᠢᠷᠳᠡᠯ ᠪᠠ ᠠᠰᠠᠭᠤᠳᠠᠯ᠎ᠢ ᠴᠠᠭ᠎ᠢ ᠠᠮᠵᠢᠨ ᠰᠢᠢ᠍ᠳᠪᠤᠷᠢᠯᠡᠵᠦ᠂ ᠬᠢᠵᠢᠭ᠎ᠤᠨ ᠪᠠᠢ᠍ᠢ᠍ᠳᠠᠯ᠎ᠠᠴᠠ ᠪᠤᠯᠤᠭᠰᠠᠨ ᠬᠤᠬᠢᠷᠠᠯ᠎ᠢ ᠬᠠᠮᠤᠭ᠎ᠤᠨ ᠲᠤᠤᠷ᠎ᠠ ᠭᠡᠮᠵᠢᠶᠡᠨ᠎ᠳᠤ ᠬᠦᠷᠳᠡᠯ᠎ᠠ ᠪᠠᠭᠤᠷᠠᠭᠤᠯᠵᠦ᠂ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠦ ᠢᠯᠠᠯᠳᠠ ᠵᠢ ᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠦ ᠲᠠᠢ᠍ᠢ᠍ᠯᠠᠯᠳᠤᠭ᠋ᠠᠨ ᠬᠢᠬᠦ ᠬᠠᠷᠠᠯᠳᠠ ᠡᠬᠦᠷᠭᠡ ᠪᠡᠶᠡᠯᠡᠭᠳᠡᠬᠦ ᠵᠢ ᠪᠠᠳᠤᠯᠠᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠤᠯᠠᠨ ᠤᠯᠤᠰ᠎ᠤᠨ ᠪᠠ ᠤᠯᠤᠰ᠎ᠤᠨ ᠳᠤᠳᠤᠭ᠋ᠠᠳᠦ ᠵᠢᠨ ᠬᠢᠵᠢᠭ᠎ᠤᠨ ᠪᠠᠢ᠍ᠢ᠍ᠳᠠᠯ᠎ᠤᠨ ᠬᠠᠨᠳᠤᠰᠢ ᠬᠤᠪᠢᠷᠠᠯᠳᠠ ᠵᠢ ᠨᠢᠬᠳᠠ ᠠᠩᠬᠠᠷᠴᠦ᠂ ᠭᠠᠳᠠᠨ᠎ᠠ᠎ᠠᠴᠠ ᠬᠠᠯᠳᠠᠪᠤᠷᠢᠯᠠᠨ ᠤᠷᠤᠵᠦ ᠢᠷᠡᠬᠦ ᠵᠢ ᠰᠡᠷᠭᠡᠢ᠍ᠢ᠍ᠯᠡᠬᠦ ᠪᠠ ᠳᠤᠳᠤᠭ᠋ᠠᠳᠦ᠎ᠳᠠᠭᠠᠨ ᠲᠠᠬᠢᠨ ᠡᠬᠦᠰᠬᠦ ᠵᠢ ᠰᠡᠷᠭᠡᠢ᠍ᠢ᠍ᠯᠡᠬᠦ ᠵᠢ ᠪᠦᠬᠦ ᠲᠠᠯ᠎ᠠ᠎ᠪᠠᠷ ᠨᠠᠢ᠍ᠢ᠍ᠳᠠᠪᠤᠷᠢᠵᠢᠭᠤᠯᠵᠦ᠂ ᠨᠡᠩ ᠬᠠᠨᠳᠤᠯᠭ᠋ᠠᠳᠦ ᠴᠢᠨᠠᠷ ᠪᠠ ᠪᠤᠳᠠᠳᠠᠢ ᠴᠢᠨᠠᠷ ᠪᠦᠬᠦᠢ ᠰᠡᠷᠭᠡᠢ᠍ᠢ᠍ᠯᠡᠨ ᠡᠵᠡᠮᠳᠡᠬᠦ ᠠᠷᠭ᠎ᠠ ᠭᠡᠮᠵᠢᠶ᠎ᠠ ᠵᠢ ᠴᠠᠭ ᠲᠤᠬᠠᠢ᠎ᠳᠤᠨᠢ ᠭᠡᠷᠡᠭᠵᠢᠬᠦᠯᠵᠦ᠂ ᠡᠯ᠎ᠠ ᠵᠦᠢ᠍ᠯ᠎ᠤᠨ ᠰᠡᠷᠭᠡᠢ᠍ᠢ᠍ᠯᠡᠨ ᠡᠵᠡᠮᠳᠡᠬᠦ ᠠᠵᠢᠯ᠎ᠢ ᠦᠷᠬᠦᠯᠵᠢᠯᠡᠨ ᠴᠢᠩᠭ᠎ᠠ ᠠᠳᠬᠤᠵᠦ ᠪᠤᠳᠠᠳᠠᠢ ᠠᠳᠬᠤᠵᠦ ᠨᠠᠷᠢᠯᠢᠭ ᠠᠳᠬᠤᠬᠤ ᠭᠡᠷᠡᠭᠲᠡᠢ᠃ ᠭᠤᠤᠯᠳᠠᠯᠭ᠎ᠠ᠎ᠲᠠᠢ ᠭᠠᠵᠠᠷ ᠤᠷᠤᠨ᠎ᠤ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠭᠰᠡᠨ ᠦᠷ᠎ᠠ ᠪᠦᠳᠦᠮᠵᠢ ᠵᠢ ᠪᠡᠬᠢᠵᠢᠬᠦᠯᠬᠦ ᠭᠡᠷᠡᠭᠲᠡᠢ᠃ ᠬᠤᠪᠸᠢ ᠮᠤᠵᠢ ᠪᠠ ᠦᠬᠠᠨ ᠬᠤᠳᠠ ᠵᠢᠨ᠎ᠬᠢᠨ ᠦᠷᠬᠦᠯᠵᠢᠯᠡᠨ ᠬᠦᠴᠦ᠎ᠪᠠᠨ ᠲᠦᠪᠯᠡᠷᠡᠬᠦᠯᠵᠦ ᠬᠦᠨᠳᠦ ᠡᠪᠡᠳᠴᠢᠳᠡᠨ᠎ᠢ ᠰᠢᠨᠵᠢᠯᠡᠬᠦ ᠤᠬᠠᠭ᠋ᠠᠨᠴᠢ ᠤᠨᠤᠴᠠᠳᠠᠢ ᠠᠪᠤᠷᠠᠨ ᠵᠠᠰᠠᠬᠤ ᠠᠵᠢᠯ᠎ᠢ ᠰᠠᠢ᠍ᠢ᠍ᠳᠤᠷ ᠬᠢᠵᠦ᠂ ᠡᠮᠨᠡᠯᠭᠡ᠎ᠠᠴᠠ ᠭᠠᠷᠤᠭᠰᠠᠨ ᠡᠪᠡᠳᠴᠢᠳᠡᠨ᠎ᠢ ᠮᠦᠷᠳᠡᠨ ᠪᠠᠢ᠍ᠢ᠍ᠴᠠᠭ᠋ᠠᠬᠤ ᠪᠠ ᠲᠠᠬᠢᠨ ᠪᠠᠢ᠍ᠢ᠍ᠴᠠᠭ᠋ᠠᠬᠤ ᠠᠵᠢᠯ᠎ᠢ ᠴᠠᠭ ᠲᠤᠬᠠᠢ᠎ᠳᠤᠨᠢ ᠰᠠᠢ᠍ᠢ᠍ᠳᠤᠷ ᠬᠢᠬᠦ ᠭᠡᠷᠡᠭᠲᠡᠢ᠃ ᠨᠡᠢ᠍ᠢ᠍ᠭᠡᠮ ᠲᠤᠭᠤᠷᠢᠭ᠎ᠤᠨ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠠ ᠵᠢ ᠰᠢᠯᠢᠳᠡᠭᠵᠢᠬᠦᠯᠵᠦ᠂ ᠨᠡᠢ᠍ᠢ᠍ᠭᠡᠮ ᠲᠤᠭᠤᠷᠢᠭ᠎ᠤᠨ ᠰᠡᠷᠭᠡᠢ᠍ᠢ᠍ᠯᠡᠨ ᠡᠵᠡᠮᠳᠡᠬᠦ ᠠᠮᠤᠷ ᠲᠦᠪᠰᠢᠨ᠎ᠤ ᠬᠠᠯᠬᠠᠪᠴᠢ ᠵᠢ ᠪᠠᠳᠤ ᠴᠤᠬ᠍ᠴᠠᠯᠠᠬᠤ ᠭᠡᠷᠡᠭᠲᠡᠢ᠃ ᠡᠯ᠎ᠠ ᠭᠠᠵᠠᠷ ᠢᠯᠠᠩᠭᠤᠶ᠎ᠠ ᠬᠤᠪᠸᠢ ᠵᠢᠨ ᠡᠷᠬᠢᠨ ᠲᠤᠭᠤᠷᠢᠨ᠎ᠤ ᠮᠤᠵᠢ ᠵᠢᠨ᠎ᠬᠢᠨ ᠮᠡᠳᠡᠭᠡ ᠵᠠᠩᠬᠢ᠎ᠪᠠᠨ ᠨᠡᠪᠲᠡᠷᠡᠯᠴᠡᠬᠦ ᠬᠠᠮᠳᠤ᠎ᠪᠠᠷ ᠡᠳ᠋ᠯᠡᠬᠦ ᠪᠠ ᠰᠡᠷᠭᠡᠢ᠍ᠢ᠍ᠯᠡᠨ ᠡᠵᠡᠮᠳᠡᠬᠦ ᠠᠷᠭ᠎ᠠ ᠭᠡᠮᠵᠢᠶ᠎ᠠ ᠵᠢ ᠵᠤᠬᠢᠴᠠᠭᠤᠯᠬᠤ᠎ᠪᠠᠨ ᠴᠢᠩᠭ᠋ᠠᠳᠬᠠᠵᠦ᠂ ᠬᠦᠮᠦᠨ ᠬᠠᠷ᠎ᠠ ᠵᠢ ᠬᠠᠮᠢᠶᠠᠷᠤᠨ ᠡᠵᠡᠮᠳᠡᠬᠦ᠂ ᠡᠷᠡᠬᠦᠯ ᠮᠡᠨᠳᠦ ᠵᠢᠨ ᠺᠤᠳ᠋᠎ᠢ ᠬᠠᠷᠢᠯᠴᠠᠨ ᠮᠡᠳᠡᠷᠡᠬᠦ ᠵᠡᠷᠭᠡ ᠲᠠᠯ᠎ᠠ᠎ᠪᠠᠷ ᠲᠦᠷᠦ ᠵᠢᠨ ᠪᠤᠳᠤᠯᠭ᠎ᠠ ᠨᠢᠭᠡᠳᠦᠯᠳᠠᠢ᠂ ᠪᠠᠷᠢᠮᠵᠢᠶ᠎ᠠ ᠨᠢᠭᠡᠳᠦᠯᠳᠠᠢ ᠪᠠᠢ᠍ᠢ᠍ᠬᠤ ᠵᠢ ᠪᠡᠶᠡᠯᠡᠬᠦᠯᠬᠦ ᠭᠡᠷᠡᠭᠲᠡᠢ᠃ ᠨᠡᠢ᠍ᠢ᠍ᠰᠯᠡᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠢ ᠦᠷᠬᠦᠯᠵᠢᠯᠡᠨ ᠰᠠᠢ᠍ᠢ᠍ᠳᠤᠷ ᠠᠳᠬᠤᠬᠤ ᠭᠡᠷᠡᠭᠲᠡᠢ᠃ ᠡᠯ᠎ᠠ ᠭᠠᠵᠠᠷ᠎ᠤᠨ᠎ᠬᠢᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠬᠰᠠᠳ᠎ᠢ ᠤᠨᠤᠴᠠᠳᠠᠢ ᠰᠡᠷᠭᠡᠢ᠍ᠢ᠍ᠯᠡᠨ ᠡᠵᠡᠮᠳᠡᠬᠦ ᠠᠵᠢᠯ᠎ᠢ ᠰᠠᠢ᠍ᠢ᠍ᠳᠤᠷ ᠠᠳᠬᠤᠵᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠤᠤᠷ᠎ᠢ ᠨᠡᠩ ᠨᠢᠬᠳᠠ ᠪᠡᠬᠢ ᠪᠤᠯᠭ᠋ᠠᠨ᠂ ᠬᠢᠵᠢᠭ᠎ᠤᠨ ᠪᠠᠢ᠍ᠢ᠍ᠳᠠᠯ᠎ᠢ ᠲᠡᠬᠢᠨ ᠡᠬᠦᠰᠭᠡᠵᠦ ᠮᠡᠳᠡᠬᠦ ᠠᠯᠢᠪᠠ ᠳᠤᠳᠠᠭᠤᠳᠠᠯ᠎ᠢ ᠨᠦᠬᠦᠪᠦᠷᠢᠯᠡᠬᠦ ᠭᠡᠷᠡᠭᠲᠡᠢ ᠭᠡᠵᠦ ᠴᠢᠬᠤᠯᠠᠴᠢᠯᠠᠵᠠᠢ᠃
      ᠬᠤᠷᠠᠯ᠎ᠠᠴᠠ᠂ ᠡᠭᠡ ᠬᠠᠭᠤᠷᠠᠢ ᠪᠤᠯᠤᠨ ᠲᠠᠯᠠᠢ ᠵᠢᠨ ᠪᠤᠭᠤᠮᠳᠠ ᠵᠢᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠵᠢ ᠴᠢᠨᠭ᠌ᠭ᠋ᠠᠳᠬᠠᠵᠤ᠂ ᠭᠠᠳᠠᠨ᠎ᠡ᠎ᠠᠴᠠ ᠬᠠᠯᠳᠠᠪᠤᠷᠢᠯᠡᠨ ᠤᠷᠤᠵᠤ ᠢᠷᠠᠬᠦ ᠵᠢ ᠰᠡᠷᠭᠡᠢ᠍ᠢ᠍ᠯᠡᠬᠦ ᠪᠠᠭᠤᠷᠠᠢ ᠭᠤᠬ᠍ᠴᠤᠭ᠎ᠡ ᠵᠢ ᠲᠦᠷᠭᠡᠳᠭᠡᠨ ᠨᠦᠬᠦᠪᠤᠷᠢᠯᠡᠬᠦ ᠭᠡᠷᠡᠭᠳᠠᠢ᠃ ᠬᠢᠯᠢ ᠵᠢᠨ ᠬᠤᠳᠠ ᠵᠢᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯᠳᠠᠨ ᠪᠤᠯᠤᠨ ᠡᠳ᠋ ᠪᠤᠳᠠᠰ᠎ᠤᠨ ᠪᠠᠳᠤᠯᠠᠭ᠎ᠡ ᠵᠢᠨ ᠡᠷᠴᠢᠮ ᠵᠶ᠋ᠠᠨ ᠴᠢᠨᠭ᠌ᠭ᠋ᠠᠷᠠᠭᠤᠯᠵᠤ᠂ ᠡᠷᠡᠬᠦᠯ ᠬᠠᠮᠠᠭ᠋ᠠᠯᠠᠯ ᠬᠢᠵᠢᠭ᠎ᠢ ᠪᠠᠢ᠍ᠢ᠍ᠴᠠᠭ᠋ᠠᠬᠤ᠂ ᠬᠢᠵᠢᠭ᠎ᠢ ᠰᠡᠷᠭᠡᠢ᠍ᠢ᠍ᠯᠡᠬᠦ ᠡᠳ᠋ ᠪᠤᠳᠠᠰ᠂ ᠡᠮᠴᠢᠯᠡᠭᠡᠨ᠎ᠤ ᠬᠦᠴᠤᠨ᠂ ᠲᠤᠰᠠᠭ᠋ᠠᠷᠯᠠᠬᠤ ᠨᠦᠬᠦᠴᠡᠯ ᠵᠡᠷᠭᠡ ᠲᠠᠯ᠎ᠡ ᠵᠢᠨ ᠬᠦᠴᠢᠷᠳᠡᠯ᠎ᠢ ᠵᠤᠬᠢᠴᠠᠭᠤᠯᠤᠨ ᠰᠠᠢ᠍ᠢ᠍ᠳᠤᠷ ᠰᠢᠢ᠍ᠳᠪᠤᠷᠢᠯᠡᠬᠦ ᠭᠡᠷᠡᠭᠳᠠᠢ᠃ ᠬᠢᠯᠢ᠎ᠪᠠᠷ ᠤᠷᠤᠵᠤ ᠢᠷᠠᠬᠦ ᠪᠦᠬᠦ ᠬᠦᠮᠦᠰ᠎ᠢ ᠴᠦᠮ 14 ᠡᠳᠦᠷ ᠲᠦᠪᠯᠡᠷᠡᠬᠦᠯᠤᠨ ᠲᠤᠰᠠᠭ᠋ᠠᠷᠯᠠᠬᠤ ᠱᠠᠭ᠋ᠠᠷᠳᠠᠯᠭ᠎ᠡ ᠵᠢ ᠴᠢᠨᠭᠭ᠎ᠡ ᠨᠠᠢ᠍ᠢ᠍ᠳᠠᠪᠤᠷᠢᠵᠢᠭᠤᠯᠵᠤ᠂ ᠬᠢᠯᠢ ᠵᠢᠨ ᠭᠠᠳᠠᠨ᠎ᠡ᠎ᠠᠴᠠ ᠬᠠᠯᠳᠠᠪᠤᠷᠢᠯᠡᠨ ᠤᠷᠤᠵᠤ ᠢᠷᠠᠬᠦ ᠬᠦᠮᠦᠰ᠎ᠲᠠᠢ ᠬᠤᠯᠪᠤᠭᠳᠠᠭᠰᠠᠨ᠎ᠠᠴᠠ ᠪᠤᠯᠤᠭᠰᠠᠠ ᠲᠤᠬᠠᠢ ᠵᠢᠨ ᠭᠠᠵᠠᠷ᠎ᠤᠨ ᠡᠪᠡᠳᠴᠢᠨ᠎ᠤ ᠵᠢᠱ᠌ᠢᠶ᠎ᠡ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠬᠤ ᠭᠡᠷᠡᠭᠳᠠᠢ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠤᠯᠠᠨ ᠤᠯᠤᠰ᠎ᠤᠨ ᠬᠠᠮᠳᠤᠷᠠᠯᠴᠠᠭ᠎ᠡ ᠵᠢ ᠬᠦᠨᠵᠡᠭᠡᠢ ᠦᠷᠨᠢᠬᠦᠯᠵᠤ᠂ ᠤᠯᠠᠨ ᠤᠯᠤᠰ᠎ᠤᠨ ᠬᠢᠵᠢᠭ᠎ᠢ ᠰᠡᠷᠭᠡᠢ᠍ᠢ᠍ᠯᠡᠬᠦ ᠬᠠᠮᠳᠤᠷᠠᠯᠴᠠᠭ᠎ᠡ᠎ᠳᠤ ᠢᠳᠡᠪᠬᠢᠳᠠᠢ᠎ᠪᠠᠷ ᠬᠦᠴᠤᠨ ᠨᠡᠮᠡᠷᠢᠯᠡᠬᠦ ᠭᠡᠷᠡᠭᠳᠠᠢ ᠭᠡᠵᠤ ᠱᠠᠭ᠋ᠠᠷᠳᠠᠪᠠ᠃
      ᠬᠤᠷᠠᠯ᠎ᠠᠴᠠ᠂ ᠤᠳᠤᠬᠠᠨ᠎ᠳᠤ ᠮᠠᠨ᠎ᠤ ᠤᠯᠤᠰ᠎ᠤᠨ ᠠᠵᠤ ᠠᠬᠤᠢ ᠵᠢᠨ ᠬᠦᠭᠵᠢᠯᠳᠠ ᠵᠢᠨ ᠲᠤᠯᠭ᠋ᠠᠷᠠᠵᠤ ᠪᠠᠢ᠍ᠢ᠍ᠭ᠎ᠡ ᠬᠦᠴᠢᠷᠳᠡᠯ ᠨᠡᠮᠡᠭᠳᠡᠪᠡ᠃ ᠡᠯ᠎ᠡ ᠱᠠᠳᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ ᠲᠤᠯᠭ᠋ᠠᠮ ᠰᠡᠳᠬᠢᠯᠭᠡ᠎ᠪᠠᠨ ᠴᠢᠨᠭ᠌ᠭ᠋ᠠᠳᠬᠠᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠷᠭ᠎ᠡ ᠬᠡᠮᠵᠢᠶ᠎ᠡ᠎ᠪᠠᠨ ᠭᠠᠵᠠᠷ ᠤᠷᠤᠨ᠎ᠤ ᠪᠠᠢ᠍ᠢ᠍ᠳᠠᠯ᠎ᠳᠠᠭᠠᠨ ᠲᠤᠬᠢᠷᠠᠭᠤᠯᠵᠤ᠂ ᠴᠠᠭ᠎ᠤᠨ ᠪᠠᠢ᠍ᠢ᠍ᠳᠠᠯ᠎ᠳᠠᠭᠠᠨ ᠲᠤᠬᠢᠷᠠᠭᠤᠯᠵᠤ ᠰᠢᠯᠢᠳᠡᠭᠵᠢᠬᠦᠯᠤᠨ ᠲᠡᠬᠦᠯᠳᠡᠷᠵᠢᠬᠦᠯᠵᠤ᠂ ᠠᠷᠭ᠎ᠡ ᠪᠦᠬᠦᠨ᠎ᠢ ᠰᠦᠪᠡᠭᠴᠢᠯᠡᠵᠤ ᠪᠠᠢ᠍ᠢ᠍ᠭ᠋ᠠᠳ ᠠᠵᠢᠯ ᠵᠶ᠋ᠠᠨ ᠰᠡᠷᠬᠦᠭᠡᠵᠤ ᠦᠢ᠍ᠯᠡᠳᠪᠤᠷᠢᠯᠡᠯ ᠵᠶ᠋ᠠᠨ ᠰᠡᠷᠬᠦᠭᠡᠬᠦ᠎ᠳᠤ ᠠᠰᠢᠬᠳᠠᠢ ᠨᠦᠬᠦᠴᠡᠯ ᠡᠬᠦᠳᠴᠤ᠂ ᠴᠠᠭ ᠲᠤᠬᠢᠶᠠᠯ᠎ᠢ ᠠᠮᠵᠢᠨ ᠠᠵᠤ ᠦᠢ᠍ᠯᠡᠰ᠎ᠤᠨ ᠡᠷᠬᠢᠯᠳᠠ᠂ ᠵᠠᠬ᠎ᠡ ᠲᠡᠯᠭᠡᠬᠦᠷ᠎ᠤᠨ ᠡᠷᠬᠢᠯᠳᠠ᠂ ᠠᠵᠤ ᠠᠬᠤᠢ ᠵᠢᠨ ᠡᠷᠬᠢᠯᠳᠠ ᠵᠢ ᠰᠢᠯᠤᠭᠤᠳᠬᠠᠬᠤ ᠭᠡᠷᠡᠭᠳᠠᠢ᠃ ᠠᠵᠢᠯ ᠵᠶ᠋ᠠᠨ ᠰᠡᠷᠬᠦᠭᠡᠵᠤ ᠦᠢ᠍ᠯᠡᠳᠪᠤᠷᠢᠯᠡᠯ ᠵᠶ᠋ᠠᠨ ᠰᠡᠷᠬᠦᠭᠡᠬᠦ ᠲᠤᠬᠠᠢ ᠲᠦᠷᠦ ᠵᠢᠨ ᠪᠤᠳᠤᠯᠭ᠎ᠡ ᠵᠢ ᠨᠠᠢ᠍ᠢ᠍ᠳᠠᠪᠤᠷᠢᠵᠢᠭᠤᠯᠬᠤ ᠡᠷᠴᠢᠮ ᠵᠶ᠋ᠠᠨ ᠴᠢᠨᠭ᠌ᠭ᠋ᠠᠷᠠᠭᠤᠯᠵᠤ᠂ ᠬᠦᠴᠢᠷᠳᠡᠯ᠎ᠲᠠᠢ ᠠᠵᠢᠯ ᠲᠦᠷᠦᠯ ᠪᠤᠯᠤᠨ ᠲᠤᠮᠳᠠ ᠪᠠᠭ᠎ᠡ ᠵᠢᠵᠢᠭ ᠠᠵᠤ ᠠᠬᠤᠢ᠍ᠢ᠍ᠯᠠᠯ᠎ᠢ ᠲᠡᠮᠵᠢᠬᠦ ᠡᠷᠴᠢᠮ ᠵᠶ᠋ᠠᠨ ᠴᠢᠨᠭ᠌ᠭ᠋ᠠᠳᠬᠠᠵᠤ᠂ ᠤᠯᠤᠰ᠎ᠤᠨ ᠲᠤᠳᠤᠭ᠋ᠠᠳᠤ ᠵᠢᠨ ᠭᠡᠷᠡᠭᠴᠡᠭᠡ ᠵᠢ ᠬᠦᠴᠤᠯᠠᠨ ᠦᠷᠭᠡᠳᠭᠡᠵᠤ᠂ ᠡᠯ᠎ᠡ ᠲᠦᠷᠦᠯ᠎ᠤᠨ ᠬᠤᠳᠠᠯᠳᠤᠭ᠋ᠠᠨ᠎ᠤ ᠲᠠᠯᠠᠪᠠᠢ᠂ ᠵᠠᠬ᠎ᠡ ᠲᠡᠯᠭᠡᠬᠦᠷ᠎ᠤᠨ ᠠᠵᠢᠯ ᠵᠶ᠋ᠠᠨ ᠰᠡᠷᠭᠦᠭᠡᠵᠤ ᠵᠠᠬ᠎ᠡ ᠲᠡᠯᠭᠡᠬᠦᠷ ᠵᠶ᠋ᠠᠨ ᠰᠡᠷᠬᠦᠭᠡᠬᠦ ᠵᠢ ᠡᠮᠬᠢ ᠵᠢᠷᠤᠮ᠎ᠲᠠᠢ ᠠᠬᠢᠭᠤᠯᠵᠤ᠂ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠡᠪ᠎ᠤᠨ ᠡᠵᠡᠨᠭᠨᠡᠯᠳᠠ ᠵᠢ ᠠᠬᠢᠭᠤᠯᠵᠤ᠂ ᠰᠠᠭᠤᠭ᠋ᠠᠯᠢ ᠠᠷᠠᠳ᠎ᠤᠨ ᠭᠡᠷᠡᠭᠯᠡᠭᠡ ᠵᠢ ᠢᠳᠡᠪᠬᠢᠳᠠᠢ ᠦᠷᠭᠡᠳᠭᠡᠵᠤ᠂ ᠪᠡᠯᠡ ᠤᠷᠤᠭᠤᠯᠤᠯᠳᠠ ᠵᠢᠨ ᠲᠦᠷᠦᠯ ᠵᠦᠢ᠍ᠯ᠎ᠤᠨ ᠪᠦᠳᠦᠭᠡᠨ ᠪᠠᠢ᠍ᠢ᠍ᠭᠤᠯᠤᠯᠳᠠ ᠵᠢ ᠲᠦᠷᠭᠡᠳᠭᠡᠨ ᠠᠬᠢᠭᠤᠯᠵᠤ᠂ ᠬᠠᠨᠭ᠌ᠭ᠋ᠠᠯᠭ᠎ᠡ ᠭᠡᠷᠡᠭᠴᠡᠭᠡ ᠵᠢᠨ ᠰᠠᠢ᠍ᠢ᠍ᠨ ᠬᠤᠷᠰᠢᠯᠴᠠᠭ᠎ᠡ ᠵᠢ ᠪᠦᠷᠢᠯᠳᠦᠬᠦᠯᠬᠦ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠠᠷᠠᠳ᠎ᠤᠨ ᠠᠮᠢᠳᠤᠷᠠᠯ᠎ᠢ ᠪᠠᠳᠤᠯᠠᠨ ᠰᠠᠢ᠍ᠢ᠍ᠵᠢᠷᠠᠭᠤᠯᠬᠤ ᠠᠵᠢᠯ᠎ᠢ ᠴᠢᠩᠭ᠋ᠠᠳᠬᠠᠬᠤ ᠭᠡᠷᠡᠭᠳᠠᠢ᠃ ᠮᠠᠨ᠎ᠤ ᠤᠯᠤᠰ᠎ᠤᠨ ᠬᠦᠳᠡᠬᠡ ᠠᠵᠤ ᠠᠬᠤᠢ ᠵᠢᠯ ᠳᠠᠷᠠᠭ᠋ᠠᠯᠠᠨ ᠡᠯᠪᠡᠭ ᠬᠤᠷᠢᠶᠠᠯᠳᠠ ᠤᠯᠵᠤ᠂ ᠠᠮᠤ ᠪᠤᠳᠠᠭ᠋ᠠᠨ᠎ᠤ ᠨᠦᠬᠡᠴᠠ ᠡᠯᠪᠡᠭ ᠪᠠᠢ᠍ᠢ᠍ᠭ᠎ᠠ ᠪᠤᠯᠬᠤᠷ᠂ ᠠᠮᠤ ᠪᠤᠳᠠᠭ᠎ᠠ ᠪᠤᠯᠤᠨ ᠴᠢᠬᠤᠯᠠ ᠬᠦᠳᠡᠬᠡ ᠠᠵᠤ ᠠᠬᠤᠢ ᠵᠢᠨ ᠤᠢ᠍ᠢ᠍ᠯᠡᠳᠬᠦᠨ᠎ᠤ ᠬᠠᠩᠭ᠋ᠠᠯᠭ᠎ᠠ ᠵᠢ ᠪᠦᠷᠢᠮᠤᠰᠤᠨ ᠪᠠᠳᠤᠯᠠᠬᠤ ᠴᠢᠳᠠᠪᠤᠷᠢᠳᠠᠢ ᠶᠤᠮ᠃ ᠬᠠᠪᠤᠷ᠎ᠤᠨ ᠤᠯᠠᠷᠢᠯ᠎ᠤᠨ ᠬᠦᠳᠡᠬᠡ ᠠᠵᠤ ᠠᠬᠤᠢ ᠵᠢᠨ ᠤᠢ᠍ᠢ᠍ᠯᠡᠳᠪᠤᠷᠢᠯᠡᠯ᠎ᠢ ᠰᠠᠢ᠍ᠢ᠍ᠳᠤᠷ ᠠᠳᠬᠤᠵᠤ᠂ ᠠᠮᠤ ᠪᠤᠳᠠᠭ᠋ᠠᠨ᠎ᠤ ᠵᠠᠬ᠎ᠠ ᠲᠡᠯᠬᠡᠬᠦᠷ᠎ᠤᠨ ᠦᠨ᠎ᠠ ᠬᠠᠩᠰᠢ ᠵᠢ ᠬᠢᠨᠠᠨ ᠭᠡᠮᠵᠢᠬᠦ ᠪᠠ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠭᠠᠬᠠᠢ ᠵᠢᠨ ᠮᠢᠬ᠎ᠠ᠂ ᠵᠢᠮᠢᠰ ᠢᠳᠡᠰᠢᠨ ᠨᠤᠭᠤᠭ᠎ᠠ ᠵᠡᠷᠬᠡ ᠬᠤᠯᠢᠰᠢᠨ ᠢᠳᠡᠬᠡᠨ᠎ᠤ ᠤᠢ᠍ᠢ᠍ᠯᠡᠳᠪᠤᠷᠢᠯᠡᠯ ᠬᠦᠢ᠍ᠯᠬᠡᠬᠡᠨ᠎ᠢ ᠵᠤᠬᠢᠶᠠᠨ ᠪᠠᠢ᠍ᠢ᠍ᠭᠤᠯᠬᠤ ᠠᠵᠢᠯ᠎ᠢ ᠦᠷᠬᠦᠯᠵᠢᠯᠠᠨ ᠰᠠᠢ᠍ᠢ᠍ᠳᠤᠷ ᠬᠢᠵᠤ᠂ ᠵᠠᠬ᠎ᠠ ᠲᠡᠯᠬᠡᠬᠦᠷ᠎ᠤᠨ ᠬᠠᠩᠭ᠋ᠠᠯᠭ᠎ᠠ ᠪᠤᠯᠤᠨ ᠦᠨ᠎ᠠ ᠬᠠᠩᠰᠢ ᠵᠢᠨ ᠦᠨᠳᠤᠰᠤᠨ᠎ᠳᠡᠭᠡᠨ ᠲᠤᠭᠳᠠᠭᠤᠨ ᠪᠠᠢ᠍ᠢ᠍ᠬᠤ ᠵᠢ ᠪᠠᠳᠤᠯᠠᠬᠤ ᠭᠡᠷᠡᠭᠳᠠᠢ᠃ ᠬᠦᠴᠢᠷᠳᠠᠯᠳᠠᠢ ᠤᠯᠠᠨ ᠲᠦᠮᠡᠨ᠎ᠤ ᠦᠨᠳᠤᠰᠤᠨ ᠠᠮᠢᠳᠤᠷᠠᠯ᠎ᠤᠨ ᠪᠠᠳᠤᠯᠠᠭ᠎ᠠ ᠵᠢ ᠴᠢᠩᠭ᠋ᠠᠳᠬᠠᠵᠤ᠂ ᠬᠤᠳᠠ ᠬᠦᠳᠡᠬᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ᠂ ᠠᠰᠠᠷᠠᠮᠵᠢ ᠵᠢᠨ ᠮᠦᠩᠬᠦ ᠵᠡᠷᠬᠡ ᠪᠠᠳᠤᠯᠠᠪᠤᠷᠢ ᠵᠢᠨ ᠪᠠᠷᠢᠮᠵᠢᠶ᠎ᠠ ᠵᠢ ᠵᠤᠬᠢᠬᠤ ᠬᠡᠮᠵᠢᠶ᠎ᠠ᠎ᠪᠠᠷ ᠲᠡᠭᠡᠭᠰᠢᠯᠡᠬᠦᠯᠵᠤ᠂ ᠬᠢᠵᠢᠭ᠎ᠤᠨ ᠪᠠᠢ᠍ᠢ᠍ᠳᠠᠯ ᠪᠤᠯᠤᠨ ᠡᠪᠡᠳᠴᠢᠨ᠎ᠠᠴᠠ ᠪᠤᠯᠵᠤ ᠬᠦᠴᠢᠷᠳᠠᠯ᠎ᠳᠤ ᠲᠤᠯᠭ᠋ᠠᠷᠬᠠᠰᠠᠨ ᠬᠦᠮᠤᠰ᠎ᠢ ᠠᠪᠤᠷᠠᠨ ᠲᠤᠰᠠᠯᠠᠬᠤ ᠬᠦᠷᠢᠶᠠᠨ᠎ᠳᠤ ᠤᠷᠤᠭᠤᠯᠵᠤ᠂ ᠬᠢᠵᠢᠭ᠎ᠤᠨ ᠪᠠᠢ᠍ᠢ᠍ᠳᠠᠯ᠎ᠤᠨ ᠨᠦᠯᠤᠬᠡ ᠬᠦᠨᠳᠤ ᠨᠤᠴᠢᠳᠠᠢ ᠭᠠᠵᠠᠷ ᠤᠷᠤᠨ᠎ᠳᠤ ᠲᠦᠷ ᠴᠠᠬ᠎ᠤᠨ ᠠᠮᠢᠳᠤᠷᠠᠯ᠎ᠤᠨ ᠨᠦᠬᠦᠪᠤᠷᠢ ᠦᠭᠴᠤ᠂ ᠬᠤᠯᠪᠤᠬᠳᠠᠯ ᠪᠦᠬᠦᠢ ᠦᠨ᠎ᠠ ᠬᠠᠩᠰᠢ ᠵᠢᠨ ᠨᠦᠬᠦᠪᠤᠷᠢ ᠵᠢᠨ ᠬᠤᠯᠪᠤᠭ᠋ᠠᠳᠦ ᠲᠤᠭᠳᠠᠴᠠ ᠵᠢ ᠴᠠᠬ ᠲᠤᠬᠠᠢ᠎ᠳᠤᠨᠢ ᠡᠬᠢᠯᠡᠬᠦᠯᠬᠦ ᠭᠡᠷᠡᠭᠳᠠᠢ᠃ ᠠᠵᠢᠯ ᠠᠯᠳᠠᠯᠳᠠ ᠵᠢᠨ ᠲᠠᠭ᠋ᠠᠳᠬᠠᠯ᠎ᠤᠨ ᠪᠦᠷᠬᠦᠬᠦ ᠬᠡᠪᠴᠢᠶ᠎ᠠ ᠵᠢ ᠦᠷᠬᠡᠳᠬᠡᠵᠤ᠂ ᠠᠵᠢᠯ ᠠᠯᠳᠠᠬᠰᠠᠳ᠎ᠤᠨ ᠦᠨᠳᠤᠰᠤᠨ ᠠᠮᠢᠳᠤᠷᠠᠯ᠎ᠢ ᠰᠠᠢ᠍ᠢ᠍ᠳᠤᠷ ᠪᠠᠳᠤᠯᠠᠬᠤ ᠭᠡᠷᠡᠭᠳᠠᠢ ᠬᠡᠵᠤ ᠱᠠᠭ᠋ᠠᠷᠳᠠᠪᠠ᠃
      ᠬᠤᠷᠠᠯ᠎ᠠᠴᠠ᠂ ᠠᠮᠤᠷ ᠲᠦᠪᠰᠢᠨ᠎ᠤ ᠠᠶᠤᠯ ᠲᠦᠭᠰᠢᠬᠦᠷᠢ ᠵᠢ  ᠰᠡᠷᠬᠡᠢ᠍ᠢ᠍ᠯᠡᠬᠦ ᠡᠯ᠎ᠠ ᠵᠤᠢ᠍ᠢ᠍ᠯ᠎ᠤᠨ ᠠᠵᠢᠯ᠎ᠢ ᠰᠠᠢ᠍ᠢ᠍ᠳᠤᠷ ᠠᠳᠬᠤᠬᠤ ᠭᠡᠷᠡᠭᠳᠠᠢ᠃ ᠠᠮᠢ ᠨᠠᠰᠤ ᠶᠠᠭᠤᠨ᠎ᠠᠴᠠ ᠴᠤ᠌ ᠡᠷᠬᠢᠮ᠂ ᠠᠮᠤᠷ ᠲᠦᠪᠰᠢᠨ᠎ᠢ ᠡᠩ ᠲᠡᠷᠢᠬᠦᠨ᠎ᠳᠤ ᠲᠠᠯᠪᠢᠬᠤ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ᠎ᠤᠨ᠎ᠬᠢᠨ ᠠᠶᠤᠯᠬᠦᠢ ᠤᠢ᠍ᠢ᠍ᠯᠡᠳᠪᠤᠷᠢᠯᠡᠯ᠎ᠤᠨ ᠭᠤᠤᠯ ᠴᠤᠬ᠍ᠴᠠ ᠵᠢᠨ ᠬᠠᠷᠢᠭᠤᠴᠠᠯᠭ᠎ᠠ ᠵᠢ ᠪᠤᠳᠠᠳᠠᠢ᠍ᠢ᠍ᠵᠢᠭᠤᠯᠵᠤ᠂ ᠠᠶᠤᠯᠬᠦᠢ ᠤᠢ᠍ᠢ᠍ᠯᠡᠳᠪᠤᠷᠢᠯᠡᠯ ᠪᠤᠯᠤᠨ ᠤᠢ ᠰᠢᠭᠤᠢ ᠨᠤᠳᠤᠭ ᠪᠡᠯᠴᠢᠭᠡᠷ᠎ᠤᠨ ᠲᠤᠢ᠍ᠢ᠍ᠮᠠᠷ᠎ᠢ ᠰᠡᠷᠬᠡᠢ᠍ᠢ᠍ᠯᠡᠬᠦ᠂ ᠦᠶᠡᠷ᠎ᠢ ᠰᠡᠷᠬᠡᠢ᠍ᠢ᠍ᠯᠡᠵᠤ ᠭᠠᠩ ᠬᠠᠬᠰᠠᠷᠠᠭ᠋ᠠᠨ᠎ᠲᠠᠢ ᠲᠡᠮᠡᠴᠡᠬᠦ ᠵᠡᠷᠬᠡ ᠭᠠᠮᠰᠢᠬ᠎ᠢ ᠰᠡᠷᠬᠡᠢ᠍ᠢ᠍ᠯᠡᠨ ᠭᠠᠮᠰᠢᠬ᠎ᠢ ᠪᠠᠭ᠋ᠠᠰᠬᠠᠬᠤ ᠠᠵᠢᠯ᠎ᠢ ᠪᠦᠬᠦ ᠲᠠᠯ᠎ᠠ᠎ᠪᠠᠷ ᠰᠠᠢ᠍ᠢ᠍ᠳᠤᠷ ᠬᠢᠬᠦ ᠭᠡᠷᠡᠭᠳᠠᠢ᠃ ᠡᠯ᠎ᠠ ᠵᠤᠢ᠍ᠢ᠍ᠯ᠎ᠤᠨ ᠠᠶᠤᠯ ᠲᠦᠭᠰᠢᠬᠦᠷᠢ ᠵᠢᠨ ᠬᠡᠮ ᠰᠤᠭᠤᠬ᠎ᠢ ᠬᠦᠨᠵᠡᠬᠡᠢ ᠵᠢᠬᠰᠠᠭ᠋ᠠᠨ ᠪᠠᠢ᠍ᠢ᠍ᠴᠠᠭ᠋ᠠᠵᠤ᠂ ᠡᠯ᠎ᠠ ᠵᠤᠢ᠍ᠢ᠍ᠯ᠎ᠤᠨ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠲᠦᠰᠤᠯ᠎ᠢ ᠲᠡᠬᠦᠯᠳᠡᠷᠵᠢᠬᠦᠯᠵᠤ᠂ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠴᠢᠳᠠᠪᠤᠷᠢ ᠵᠢ ᠲᠡᠭᠡᠭᠰᠢᠯᠡᠬᠦᠯᠵᠤ᠂ ᠠᠷᠠᠳ ᠤᠯᠠᠨ᠎ᠤ ᠠᠮᠢ ᠨᠠᠰᠤ ᠪᠤᠯᠤᠨ ᠡᠳ᠋ ᠬᠦᠷᠤᠩᠬᠡ ᠵᠢᠨ ᠠᠮᠤᠷ ᠲᠦᠪᠰᠢᠨ᠎ᠢ ᠪᠠᠳᠤᠯᠠᠬᠤ ᠭᠡᠷᠡᠭᠳᠠᠢ ᠬᠡᠵᠤ ᠴᠢᠬᠤᠯᠠᠴᠢᠯᠠᠪᠠ᠃
      ᠬᠤᠷᠠᠯ᠎ᠠᠴᠠ ᠪᠠᠰᠠ ᠪᠤᠰᠤᠳ ᠵᠤᠢ᠍ᠢ᠍ᠯ᠎ᠢ ᠰᠤᠳᠤᠯᠵᠠᠢ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠦᠬᠠᠨ᠎ᠤ ᠳ᠋ᠦᠩ ᠬᠤ᠌ ᠰᠢᠨ ᠴᠸᠩ ᠨᠡᠢ᠍ᠢ᠍ᠬᠡᠮ ᠲᠤᠭᠤᠷᠢᠬ᠎ᠤᠨ ᠪᠦᠬᠦ ᠠᠵᠢᠯᠳᠠᠳ᠎ᠲᠤ ᠬᠠᠷᠢᠭᠤ ᠵᠠᠬᠢᠳᠠᠯ ᠢᠯᠡᠬᠡᠵᠤ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠡᠯ᠎ᠠ ᠵᠤᠢ᠍ᠢ᠍ᠯ᠎ᠤᠨ ᠠᠵᠢᠯ᠎ᠢ ᠨᠠᠷᠢᠯᠢᠬ ᠪᠤᠳᠠᠳᠠᠢ ᠠᠳᠬᠤᠵᠤ ᠴᠢᠩ ᠦᠨᠡᠨᠴᠢ ᠬᠠᠢ᠍ᠢ᠍ᠷ᠎ᠠ ᠰᠡᠳᠬᠢᠯᠭᠡ᠎ᠪᠠᠷ ᠤᠯᠠᠨ ᠲᠦᠮᠡᠨ᠎ᠳᠤ ᠦᠢ᠍ᠯᠡᠴᠢᠯᠡᠭᠡᠷᠡᠢ ᠭᠡᠵᠦ ᠵᠣᠷᠢᠭᠵᠢᠭᠣᠯᠪᠠ
ᠰᠢ ᠵᠢᠨ ᠫᠢᠩ ᠠᠶᠤᠯᠬᠦᠢ ᠤᠢ᠍ᠢ᠍ᠯᠡᠳᠪᠤᠷᠢᠯᠡᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠠᠮᠤᠷ ᠲᠦᠪᠰᠢᠨ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠪᠠᠳᠤ ᠪᠤᠢ ᠪᠤᠯᠭ᠋ᠠᠵᠤ ᠠᠶᠤᠯᠬᠦᠢ ᠤᠢ᠍ᠢ᠍ᠯᠡᠳᠪᠤᠷᠢᠯᠡᠯ᠎ᠤᠨ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠨ ᠠᠷᠠᠳ ᠤᠯᠠᠨ᠎ᠤ ᠠᠮᠢ ᠨᠠᠰᠦ ᠡᠳ᠋ ᠬᠦᠷᠤᠩᠬᠡ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠬᠤ ᠭᠡᠷᠡᠭᠳᠠᠢ ᠬᠡᠵᠦ ᠴᠢᠬᠤᠯᠠᠴᠢᠯᠠᠪᠠ ᠯᠢ ᠺᠸ ᠴᠢᠶᠠᠩ ᠴᠤᠬᠤᠯᠠᠪᠤᠷᠢ ᠦᠭᠴᠠᠢ
ᠰᠢ ᠵᠢᠨ ᠫᠢᠩ᠄ 《ᠵᠢᠷᠭᠤᠭ᠎ᠠ ᠵᠢ ᠳᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠵᠥ 《ᠵᠢᠷᠭᠤᠭ᠎ᠠ ᠵᠢ ᠪᠠᠳᠤᠯᠠᠬᠤ》 ᠡᠬᠦᠷᠬᠡ ᠵᠢ ᠨᠠᠢ᠍ᠢ᠍ᠳᠠᠪᠤᠷᠢᠵᠢᠭᠤᠯᠵᠤ ᠱᠠᠨᠰᠢ ᠵᠢᠨ ᠰᠢᠨ᠎ᠡ ᠴᠠᠭ ᠦᠶ᠎ᠡ ᠵᠢᠨ ᠨᠡᠬᠡᠨ ᠬᠦᠢ᠍ᠴᠡᠵᠥ ᠲᠠᠪᠠᠵᠥ ᠭᠠᠷᠬᠤ ᠰᠢᠨ᠎ᠡ ᠬᠠᠭᠤᠳᠠᠰᠤ ᠵᠢ ᠴᠢᠷᠮᠡᠢ᠍ᠢ᠍ᠨ ᠪᠢᠴᠢᠭᠯᠡᠬᠦ ᠬᠡᠷᠡᠭᠳᠡᠢ
ᠰᠢ ᠵᠢᠨ ᠫᠢᠩ ᠢᠨᠳᠦᠨ᠋ᠸᠰᠢᠶ᠎ᠡ ᠵᠢᠨ ᠶᠡᠷᠤᠨᠭ᠌ᠭᠡᠢ᠍ᠢ᠍ᠯᠡᠭᠴᠢ ᠽᠦᠸᠸᠺᠸ᠎ᠲᠠᠢ ᠲᠤᠮᠳᠠᠳᠤ ᠢᠨᠳᠦᠨ᠋ᠸᠰᠢᠶ᠎ᠡ ᠵᠢᠨ ᠬᠠᠷᠢᠯᠴᠠᠭ᠎ᠡ ᠪᠠᠢ᠍ᠢ᠍ᠭᠤᠯᠤᠬᠰᠡᠨ 70 ᠵᠢᠯ᠎ᠤᠨ ᠤᠢ᠎ᠳᠤ ᠵᠤᠷᠢᠭᠤᠯᠤᠨ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
ᠰᠢ ᠵᠢᠨ ᠫᠢᠩ ᠰᠢ ᠠᠨ ᠬᠣᠲᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
 
            