ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠦᠬᠦ ᠤᠯᠤᠰ᠎ᠤᠨ ᠦᠷᠬᠡᠨ ᠤᠯᠠᠨ ᠰᠤᠪᠢᠯᠠᠬ᠍ᠴᠢᠳ᠎ᠲᠤ ᠪᠠᠶᠠᠷ᠎ᠤᠨ ᠡᠳᠤᠷ᠎ᠤᠨ ᠬᠦᠰᠡᠯ ᠵᠦᠩᠨᠡᠯ ᠪᠤᠯᠤᠨ ᠴᠢᠩ ᠰᠡᠳᠬᠢᠯ᠎ᠤᠨ ᠲᠤᠬᠤᠨᠢᠭᠤᠯᠤᠯ ᠬᠦᠷᠬᠡᠪᠡ
ᠨᠡᠶ᠋ᠢᠲᠡᠯᠡᠭᠰᠡᠨ ᠴᠠᠭ᠄ 2020-05-12

      ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ ᠵᠢᠨ 11᠎ᠤ ᠴᠠᠬᠢᠯᠭ᠋ᠠᠨ ᠮᠡᠳᠡᠬᠡ   ᠲᠡᠯᠡᠬᠡᠢ ᠵᠢᠨ ᠰᠤᠪᠢᠯᠠᠬ᠍ᠴᠢ ᠵᠢᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠡᠨ᠎ᠤ ᠲᠡᠷᠢᠬᠦᠯᠡᠭᠴᠢ ᠰᠢ ᠵᠢᠨ ᠫᠢᠩ ᠨᠠᠮ᠎ᠤᠨ ᠲᠦᠪ ᠬᠤᠷᠢᠶᠡᠨ᠎ᠤ ᠡᠮᠤᠨ᠎ᠡ᠎ᠠᠴᠠ᠂ ᠪᠦᠬᠦ ᠤᠯᠤᠰ᠎ᠤᠨ ᠦᠷᠬᠡᠨ ᠤᠯᠠᠨ ᠰᠤᠪᠢᠯᠠᠬ᠍ᠴᠢᠳ᠎ᠲᠤ ᠪᠠᠶᠠᠷ᠎ᠤᠨ ᠡᠳᠤᠷ᠎ᠤᠨ ᠬᠦᠰᠡᠯ ᠵᠦᠩᠨᠡᠯ ᠪᠤᠯᠤᠨ ᠴᠢᠩ ᠰᠡᠳᠬᠢᠯ᠎ᠤᠨ ᠲᠤᠬᠤᠨᠢᠭᠤᠯᠤᠯ ᠬᠦᠷᠬᠡᠪᠡ!
      ᠰᠢ ᠵᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠡᠬᠦᠰᠦᠭᠰᠡᠡ᠎ᠤ ᠲᠠᠷᠠᠭ᠎ᠠ᠂ ᠦᠷᠬᠡᠨ ᠤᠯᠠᠨ ᠰᠤᠪᠢᠯᠠᠬ᠍ᠴᠢᠳ ᠡᠷᠡᠬᠡᠯᠵᠡᠯ ᠦᠬᠡᠢ ᠲᠡᠮᠡᠴᠡᠨ᠂ ᠬᠢᠵᠢᠭ᠎ᠢ ᠰᠦᠷᠤᠨ ᠤᠷᠤᠭᠰᠢᠯᠠᠵᠥ᠂ ᠴᠠᠭ᠋ᠠᠨ ᠬᠤᠶᠠᠭ ᠬᠡᠳᠦᠷᠦᠨ᠂ ᠬᠦᠨᠳᠤ ᠨᠠᠢ᠍ᠢ᠍ᠳᠠᠯᠭ᠎ᠠ ᠵᠢ ᠦᠯᠥ ᠬᠦᠰᠡᠷᠳᠡᠬᠦᠯᠵᠥ᠂ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠲᠡᠮᠡᠴᠡᠯ᠎ᠤᠨ ᠡᠮᠤᠨ᠎ᠡ ᠹᠷᠤᠨᠲ᠎ᠲᠤ ᠪᠠᠭ᠋ᠠᠳᠤᠷᠯᠢᠭ ᠵᠶ᠋ᠠᠷ ᠲᠡᠮᠡᠴᠡᠵᠥ᠂ ᠲᠤᠮᠳᠠᠳᠤ ᠤᠯᠤᠰ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠬᠤᠷᠢᠬᠯᠠᠯᠳᠠ ᠵᠢᠨ ᠲᠠᠢ᠍ᠢ᠍ᠯᠠᠯᠳᠤᠭ᠋ᠠᠨ᠎ᠤ ᠢᠯᠠᠯᠳᠠ ᠵᠢ ᠤᠯᠬᠤ᠂ ᠡᠯ᠎ᠡ ᠤᠯᠤᠰ᠎ᠤᠨ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ᠎ᠤᠨ ᠡᠷᠡᠬᠦᠯ ᠮᠡᠨᠳᠤ ᠵᠢ ᠪᠠᠳᠤᠯᠠᠬᠤ᠎ᠳᠤ ᠴᠢᠬᠤᠯᠠ ᠬᠤᠪᠢ ᠨᠡᠮᠡᠷᠢ ᠦᠵᠡᠬᠦᠯᠵᠥ᠂ ᠪᠤᠳᠠᠳᠤ ᠠᠵᠢᠯᠯᠠᠭ᠎ᠠ᠎ᠪᠠᠷ ᠵᠶ᠋ᠠᠨ ᠠᠮᠢ ᠨᠠᠰᠤ ᠵᠢ ᠬᠦᠨᠳᠦᠳᠬᠡᠬᠦ᠂ ᠦᠬᠦᠯ᠎ᠠᠴᠠ ᠠᠪᠤᠷᠠᠵᠥ ᠰᠢᠷᠬᠠᠳᠤᠬᠰᠠᠳ᠎ᠢ ᠲᠡᠩᠬᠡᠷᠡᠬᠦᠯᠬᠦ᠂ ᠬᠠᠷᠠᠮ ᠦᠬᠡᠢ᠎ᠪᠠᠷ ᠨᠡᠮᠡᠷᠢ ᠬᠠᠨᠳᠢᠪᠯᠠᠬᠤ᠂ ᠦᠯᠡᠮᠵᠢ ᠵᠢᠨ ᠬᠠᠢ᠍ᠢ᠍ᠷ᠎ᠠ᠎ᠲᠠᠢ ᠪᠠᠢ᠍ᠢ᠍ᠬᠤ ᠵᠤᠷᠢᠭ ᠰᠠᠨᠠᠭ᠎ᠠ ᠵᠢ ᠦᠢ᠍ᠯᠡᠳᠦᠯᠬᠡᠵᠢᠬᠦᠯᠦᠭᠰᠡᠡ ᠪᠠᠢ᠍ᠢ᠍ᠨ᠎ᠠ ᠬᠡᠵᠥ ᠵᠢᠭ᠋ᠠᠵᠥ ᠭᠠᠷᠭ᠋ᠠᠪᠠ᠃
      ᠰᠢ ᠵᠢᠨ ᠫᠢᠩ᠂ ᠰᠤᠪᠢᠯᠠᠬ᠍ᠴᠢ ᠵᠢᠨ ᠠᠵᠢᠯ ᠪᠤᠯ ᠡᠷᠡᠬᠦᠯ ᠬᠠᠮᠠᠭ᠋ᠠᠯᠠᠯ ᠡᠷᠡᠬᠦᠯ ᠮᠡᠨᠳᠤ ᠵᠢᠨ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠡᠯ᠎ᠡ ᠱᠠᠳᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ ᠦᠷᠬᠡᠨ ᠤᠯᠠᠨ ᠰᠤᠪᠢᠯᠠᠬ᠍ᠴᠢ ᠵᠢ ᠬᠠᠯᠠᠮᠵᠢᠯᠠᠨ ᠬᠠᠢ᠍ᠢ᠍ᠷᠠᠯᠠᠵᠥ᠂ ᠰᠤᠪᠢᠯᠠᠬ᠍ᠴᠢ ᠵᠢᠨ ᠡᠩᠨᠡᠬᠡᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠬᠤ ᠵᠢ ᠡᠷᠡᠬᠦᠯ ᠬᠠᠮᠠᠭ᠋ᠠᠯᠠᠯ ᠡᠷᠡᠬᠦᠯ ᠮᠡᠨᠳᠤ ᠵᠢᠨ ᠦᠢ᠍ᠯᠡᠰ᠎ᠤᠨ ᠬᠦᠭᠵᠢᠯᠳᠡ ᠵᠢᠨ ᠰᠠᠭᠤᠷᠢ ᠠᠵᠢᠯ ᠪᠤᠯᠭ᠋ᠠᠨ ᠠᠳᠬᠤᠵᠥ᠂ ᠤᠷᠮᠠᠰᠢᠭᠤᠯᠬᠤ ᠲᠤᠭᠳᠠᠴᠠ ᠵᠢ ᠲᠡᠬᠦᠯᠳᠡᠷᠵᠢᠬᠦᠯᠵᠥ᠂ ᠲᠡᠷᠢᠬᠦᠨ᠎ᠤ ᠨᠡᠢ᠍ᠢ᠍ᠳᠡᠯᠢᠭ ᠵᠢᠱ᠌ᠢᠶ᠎ᠡ ᠵᠢ ᠤᠬᠠᠭᠤᠯᠵᠥ᠂ ᠰᠢᠯᠢᠳᠡᠭ ᠰᠤᠪᠢᠯᠠᠬ᠍ᠴᠢ ᠵᠢᠨ ᠰᠤᠪᠢᠯᠠᠬ᠍ᠴᠢ ᠵᠢᠨ ᠠᠵᠢᠯ᠎ᠢ ᠤᠷᠳᠤ ᠬᠤᠭᠤᠴᠠᠭ᠎ᠠ᠎ᠪᠠᠷ ᠬᠢᠬᠦ ᠵᠢ ᠲᠡᠮᠵᠢᠬᠦ ᠬᠡᠷᠡᠭᠳᠡᠢ᠃ ᠪᠦᠬᠦ ᠨᠡᠢ᠍ᠢ᠍ᠬᠡᠮ ᠵᠶ᠋ᠠᠷ ᠵᠶ᠋ᠠᠨ ᠰᠤᠪᠢᠯᠠᠬ᠍ᠴᠢ ᠵᠢ ᠤᠢ᠍ᠢ᠍ᠯᠠᠭ᠋ᠠᠨ ᠲᠡᠮᠵᠢᠬᠦ ᠬᠡᠷᠡᠭᠳᠡᠢ᠃ ᠦᠷᠬᠡᠨ ᠤᠯᠠᠨ ᠰᠤᠪᠢᠯᠠᠬ᠍ᠴᠢ ᠰᠢᠯᠢᠳᠡᠭ ᠤᠯᠠᠮᠵᠢᠯᠠᠯ ᠵᠶ᠋ᠠᠨ ᠵᠠᠯᠭ᠋ᠠᠮᠵᠢᠯᠠᠵᠥ᠂ ᠬᠦᠮᠥᠯᠢᠭ ᠦᠵᠡᠯ᠎ᠤᠨ ᠵᠤᠷᠢᠭ ᠰᠠᠨᠠᠭ᠎ᠠ ᠵᠢ ᠪᠠᠳᠠᠷᠠᠭᠤᠯᠤᠨ᠂ ᠴᠢᠷᠮᠡᠢ᠍ᠢ᠍ᠭ᠍ᠰᠡᠡ ᠲᠡᠭᠡᠷ᠎ᠡ᠎ᠪᠠᠨ ᠴᠢᠷᠮᠡᠢ᠍ᠢ᠍ᠵᠥ᠂ ᠦᠨᠡᠨ ᠰᠡᠳᠬᠢᠯ᠎ᠠᠴᠠ᠎ᠪᠠᠨ ᠨᠡᠮᠡᠷᠢ ᠬᠠᠨᠳᠢᠪᠯᠠᠨ᠂ ᠡᠷᠡᠬᠦᠯ ᠡᠩᠬᠡ ᠲᠤᠮᠳᠠᠳᠤ ᠤᠯᠤᠰ᠎ᠤᠨ ᠪᠠᠢ᠍ᠢ᠍ᠭᠤᠯᠤᠯᠳᠠ᠂ ᠲᠡᠯᠡᠬᠡᠢ ᠵᠢᠨ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠲᠠᠰᠤᠷᠠᠯᠳᠡ ᠦᠬᠡᠢ ᠰᠢᠨ᠎ᠡ ᠬᠤᠪᠢ ᠨᠡᠮᠡᠷᠢ ᠦᠵᠡᠬᠦᠯᠬᠦ ᠵᠢ ᠬᠦᠰᠡᠵᠥ ᠪᠠᠢ᠍ᠢ᠍ᠨ᠎ᠠ ᠬᠡᠵᠥ ᠴᠢᠬᠤᠯᠠᠴᠢᠯᠠᠪᠠ᠃

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠵᠢᠨ ᠴᠡᠷᠢᠭ ᠠᠩᠬᠢ ᠵᠢᠨ ᠲᠦᠯᠥᠬᠡᠯᠡᠭᠴᠢᠳ᠎ᠤᠨ ᠪᠦᠯᠬᠦᠮ᠎ᠤᠨ ᠪᠦᠬᠦᠳᠡ ᠬᠤᠷᠡᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠰᠢ ᠵᠢᠨ ᠫᠢᠩ ᠡᠸᠦ᠋ᠷᠦᠫᠡ ᠲᠢᠪ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠲᠡᠷᠢᠭᠦᠯᠡᠭᠴᠢ ᠮᠢᠰᠢᠶᠧᠷ ᠪᠠ ᠧᠦ᠋ᠷᠦᠫᠠ ᠲᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠹᠧᠩᠳᠧᠯᠠᠢ᠍ᠢ᠍᠊ ᠊ ᠧᠨ᠎ᠲᠠᠢ ᠠᠭᠤᠯᠵᠠᠵᠠᠢ
ᠰᠢ ᠵᠢᠨ ᠫᠢᠩ ᠲᠦᠷᠢᠮ᠎ᠤᠨ ᠲᠦᠪᠯᠡᠷᠡᠬᠦᠯᠥᠭᠰᠡᠨ ᠰᠢᠨᠡᠴᠢᠯᠡᠯᠳᠡ ᠵᠢ ᠲᠤᠪᠤᠢ᠍ᠢ᠍ᠮ᠎ᠠ ᠪᠠᠢ᠍ᠢ᠍ᠷᠢ᠎ᠳᠤ ᠲᠠᠯᠪᠢᠵᠥ ᠴᠢᠨᠠᠷ ᠰᠠᠢ᠍ᠢ᠍ᠳᠠᠢ ᠦᠨᠳᠤᠷ ᠪᠠᠷᠢᠮᠵᠢᠶ᠎ᠠ᠎ᠪᠠᠷ ᠴᠢᠯᠥᠬᠡᠳᠤ ᠠᠷᠠᠯᠵᠢᠶᠠᠨ᠎ᠤ ᠭᠠᠷᠠᠮ᠎ᠢ ᠪᠦᠳᠦᠬᠡᠨ ᠪᠠᠢ᠌ᠭᠣᠯᠬᠣ ᠬᠡᠷᠡᠭᠲᠡᠢ
ᠰᠢ ᠵᠢᠨ ᠫᠢᠩ ᠨᠢᠩᠰᠢᠶᠠ᠎ᠳᠤ ᠰᠢᠨᠵᠢᠯᠠᠨ ᠪᠠᠢ᠍ᠢ᠍ᠴᠠᠭ᠋ᠠᠬᠤ᠎ᠳᠠᠭᠠᠨ ᠴᠢᠬᠤᠯᠠᠴᠢᠯᠠᠬᠰᠠᠠ᠎ᠨᠢ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠠᠯᠳᠠ ᠵᠢ ᠤᠯᠵᠤ ᠶᠠᠳᠠᠭᠤ᠎ᠠᠴᠠ ᠠᠨᠭ᠌ᠭᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠤ ᠠᠵᠤ ᠠᠬᠤᠢ ᠴᠡᠴᠡᠭᠯᠡᠨ ᠬᠥᠭᠵᠢᠭᠰᠡᠨ ᠦᠨᠳᠦᠰᠦᠲᠡᠨ᠎ᠨᠦᠭᠦᠳ ᠪᠦᠯᠬᠦᠮᠳᠡᠭᠰᠡᠨ ᠣᠷᠴᠢᠨ ᠲᠤᠭᠤᠷᠢᠨ ᠭᠣᠶᠤ ᠰᠠᠶ᠋ᠢᠬᠠᠨ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶ᠋ᠢᠬᠠᠨ ᠰᠢᠨ᠎ᠡ ᠨᠢᠩᠰᠢᠶᠠ ᠵᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠬᠡᠷᠡᠭᠲᠡᠢ
ᠰᠢ ᠵᠢᠨ ᠫᠢᠩ ᠪᠤᠯᠤᠨ ᠠᠷᠭ᠌ᠸᠨ᠋ᠲ᠋ᠢᠨ᠎ᠤ ᠶᠡᠷᠤᠩᠬᠡᠢ᠍ᠢ᠍ᠯᠡᠭᠴᠢ ᠹᠸᠢᠢ᠍ᠷᠨᠠᠨᠳ᠋ᠸᠰ ᠬᠠᠷᠢᠯᠴᠠᠨ ᠵᠠᠬᠢᠳᠠᠯ ᠢᠯᠡᠬᠡᠪᠡ
 
            