
5 ᠰᠠᠷ᠎ᠠ ᠵᠢᠨ 11᠎ᠠᠴᠠ 12᠎ᠤᠨ ᠡᠳᠦᠷ ᠪᠤᠯᠳᠠᠯ᠎ᠠ᠂ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠱᠠᠨ ᠰᠢᠳᠤ ᠰᠢᠨᠵᠢᠯᠡᠨ ᠪᠠᠢ᠍ᠢ᠍ᠴᠠᠭ᠋ᠠᠪᠠ᠃ ᠵᠢᠷᠤᠭ ᠪᠤᠯ 5 ᠰᠠᠷ᠎ᠠ ᠵᠢᠨ 11᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠳ᠋ᠠᠲ᠋ᠦ᠋ᠩ ᠬᠤᠳᠠ ᠵᠢᠨ ᠶᠦᠨᠵᠸᠦ ᠲᠤᠭᠤᠷᠢᠭ᠎ᠤᠨ ᠤᠷᠭ᠋ᠠᠨᠢᠭ ᠰᠢᠷ᠎ᠠ ᠴᠡᠴᠡᠭ᠎ᠤᠨ ᠪᠠᠷᠢᠮᠵᠢᠶᠠᠵᠢᠭᠤᠯᠤᠭᠰᠠᠨ ᠲᠠᠷᠢᠮᠠᠯ᠎ᠤᠨ ᠰᠠᠭᠤᠷᠢᠨ᠎ᠳᠤ᠂ ᠶᠠᠭ ᠰᠠᠢ᠍ᠢ᠍ᠬᠠᠨ ᠬᠦᠳᠡᠯᠮᠦᠷᠢᠯᠡᠵᠤ ᠪᠠᠢ᠍ᠢ᠍ᠭᠰᠠᠨ ᠲᠤᠰᠬᠤᠨ᠎ᠤ ᠠᠷᠠᠳ᠎ᠲᠠᠢ ᠲᠤᠳᠤᠨᠤ᠎ᠪᠠᠷ ᠶᠠᠷᠢᠯᠴᠠᠵᠤ ᠪᠠᠢ᠍ᠢ᠍ᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢ ᠰᠢᠤᠸᠠᠢ ᠷᠸᠨ ᠰᠡᠭᠦᠳᠡᠷᠯᠡᠪᠡ

5 ᠰᠠᠷ᠎ᠠ ᠵᠢᠨ 11᠎ᠠᠴᠠ 12᠎ᠤᠨ ᠡᠳᠦᠷ ᠪᠤᠯᠳᠠᠯ᠎ᠠ᠂ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠱᠠᠨ ᠰᠢᠳᠤ ᠰᠢᠨᠵᠢᠯᠡᠨ ᠪᠠᠢ᠍ᠢ᠍ᠴᠠᠭ᠋ᠠᠪᠠ᠃ ᠵᠢᠷᠤᠭ ᠪᠤᠯ 5 ᠰᠠᠷ᠎ᠠ ᠵᠢᠨ 12᠎ᠤᠨ ᠦᠳᠡ ᠵᠢᠨ ᠡᠮᠦᠨ᠎ᠠ᠂ ᠰᠢ ᠵᠢᠨ ᠫᠢᠩ ᠲᠠᠢ᠍ᠢ᠍ᠶᠤᠸᠠᠨᠤ ᠪᠤᠯᠤᠳ ᠲᠡᠮᠤᠷ᠎ᠤᠨ ᠵᠢᠪᠡᠷᠡᠬᠦ ᠦᠭᠡᠢ ᠪᠤᠯᠤᠳ᠎ᠤᠨ ᠨᠠᠷᠢᠯᠢᠭ ᠪᠦᠰᠡ᠎ᠳᠤ ᠪᠤᠯᠤᠳ᠎ᠤᠨ ᠬᠢᠵᠠᠭ᠋ᠠᠷᠳᠤ ᠺᠤᠮᠫᠠᠨᠢ ᠵᠢᠨ ᠦᠢ᠍ᠯᠡᠳᠪᠤᠷᠢᠯᠡᠯ᠎ᠤᠨ ᠲᠠᠰᠤᠭ᠎ᠲᠤ ᠰᠢᠨᠵᠢᠯᠡᠨ ᠪᠠᠢ᠍ᠢ᠍ᠴᠠᠭ᠋ᠠᠵᠤ᠂ ᠠᠵᠤ ᠠᠬᠤᠢ᠍ᠢ᠍ᠯᠡᠯ᠎ᠤᠨ ᠠᠵᠢᠯᠳᠠᠨ ᠠᠵᠢᠯᠴᠢᠨ᠎ᠲᠠᠢ ᠲᠤᠳᠤᠨᠤ᠎ᠪᠠᠷ ᠶᠠᠷᠢᠯᠴᠠᠵᠤ ᠪᠠᠢ᠍ᠢ᠍ᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠢ ᠊ᠤᠤᠢ ᠰᠡᠭᠦᠳᠡᠷᠯᠡᠪᠡ
ᠰᠢᠨᠬᠤᠸᠠ ᠬᠤᠷᠢᠶᠠᠨ᠎ᠤ ᠲᠠᠢ᠍ᠢ᠍ᠶᠤᠸᠠᠨᠤ 5 ᠰᠠᠷ᠎ᠠ ᠵᠢᠨ 12᠎ᠤᠨ ᠴᠠᠬᠢᠯᠭ᠋ᠠᠨ ᠮᠡᠳᠡᠭᠡ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ᠎ᠳᠤ ᠱᠠᠨ ᠰᠢᠳᠤ ᠰᠢᠨᠵᠢᠯᠡᠨ ᠪᠠᠢ᠍ᠢ᠍ᠴᠠᠭ᠋ᠠᠬᠤ᠎ᠳᠠᠭᠠᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠲᠦᠷᠪᠡᠳᠦᠭᠡᠷ ᠪᠦᠬᠦᠳᠠ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠲᠤᠭᠳᠠᠭᠤᠨ᠎ᠤ ᠳᠤᠮᠳᠠ ᠤᠷᠤᠬᠰᠢᠯᠠᠨ ᠲᠠᠪᠰᠢᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠨ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠪᠠᠷᠢᠮᠳᠠᠯᠠᠵᠦ᠂ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠭᠡᠷᠡᠴᠢᠯᠡᠯᠳᠠ᠎ᠪᠠᠷ ᠭᠤᠤᠯ ᠰᠢᠵᠢᠮ ᠪᠤᠯᠭ᠋ᠠᠬᠤ ᠵᠢ ᠪᠠᠷᠢᠮᠳᠠᠯᠠᠨ᠂ 《ᠵᠢᠷᠭᠤᠭ᠎ᠠ ᠵᠢ ᠲᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠵᠦ᠂ 《ᠵᠢᠷᠭᠤᠭ᠎ᠠ ᠵᠢ ᠪᠠᠳᠤᠯᠠᠬᠤ》 ᠡᠬᠦᠷᠭᠡ ᠵᠢ ᠪᠦᠬᠦ ᠲᠠᠯ᠎ᠠ᠎ᠪᠠᠷ ᠨᠠᠢ᠍ᠢ᠍ᠳᠠᠪᠤᠷᠢᠵᠢᠭᠤᠯᠤᠨ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠠᠴᠠ ᠪᠤᠯᠤᠭᠰᠠᠨ ᠠᠰᠢᠬ ᠦᠭᠡᠢ ᠨᠦᠯᠦᠭᠡ ᠵᠢ ᠴᠢᠷᠮᠠᠢ᠍ᠢ᠍ᠨ ᠢᠯᠠᠨ ᠲᠠᠪᠠᠵᠦ᠂ ᠴᠢᠨᠠᠷ ᠰᠠᠢ᠍ᠢ᠍ᠳᠠᠢ᠎ᠪᠠᠷ ᠬᠡᠯᠪᠡᠷᠢ ᠵᠢ ᠬᠤᠪᠢᠷᠠᠭᠤᠯᠤᠨ ᠬᠦᠭᠵᠢᠭᠦᠯᠬᠦ ᠲᠠᠯ᠎ᠠ᠎ᠪᠠᠷ ᠨᠡᠩ ᠶᠡᠭᠡ ᠠᠯᠬᠤᠮ᠎ᠢ ᠠᠯᠬᠤᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠦ ᠲᠠᠢ᠍ᠢ᠍ᠯᠠᠯᠳᠤᠭ᠋ᠠᠨ ᠬᠢᠵᠦ ᠰᠢᠢ᠍ᠳᠪᠤᠷᠢᠳᠦ ᠢᠯᠠᠯᠳᠠ ᠵᠢ ᠤᠯᠬᠤ ᠬᠠᠷᠠᠯᠳᠠ ᠡᠬᠦᠷᠭᠡ ᠵᠢ ᠪᠡᠶᠡᠯᠡᠬᠦᠯᠬᠦ ᠵᠢ ᠪᠠᠳᠤᠯᠠᠵᠦ᠂ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠬᠦᠯᠵᠦ᠂ ᠠᠰᠢᠬᠳᠠᠢ ᠪᠠᠢ᠍ᠢ᠍ᠳᠠᠯ᠎ᠢ ᠠᠮᠵᠢᠨ ᠱᠠᠨ ᠰᠢ ᠵᠢᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠢ ᠦᠢ᠍ᠯᠡᠳᠦᠯᠭᠡᠵᠢᠬᠦᠯᠦᠭᠰᠡᠨ ᠰᠢᠨ᠎ᠠ ᠬᠠᠭᠤᠳᠠᠰᠤ ᠵᠢ ᠪᠢᠴᠢᠭᠯᠡᠬᠦ ᠭᠡᠷᠡᠭᠲᠡᠢ ᠭᠡᠵᠦ ᠴᠢᠬᠤᠯᠠᠴᠢᠯᠠᠵᠠᠢ᠃
ᠵᠤᠨ᠎ᠤ ᠡᠬᠢᠨ ᠰᠠᠷ᠎ᠠ᠎ᠳᠤ᠂ ᠱᠠᠨ ᠰᠢ ᠵᠢᠨ ᠡᠭᠡ ᠭᠠᠵᠠᠷ᠎ᠲᠤ ᠠᠭᠤᠯᠠ ᠨᠢᠷᠤᠭᠤᠳ ᠬᠦᠭᠡᠷᠡᠨ᠂ ᠲᠦᠮᠡᠨ ᠪᠤᠳᠠᠰ ᠲᠦᠯᠵᠢᠨ ᠠᠮᠢᠯᠠᠨ᠎ᠠ᠃ 5 ᠰᠠᠷ᠎ᠠ ᠵᠢᠨ 11᠎ᠠᠴᠠ 12᠎ᠤᠨ ᠡᠳᠦᠷ ᠪᠤᠯᠳᠠᠯ᠎ᠠ᠂ ᠰᠢ ᠵᠢᠨ ᠫᠢᠩ ᠱᠠᠨ ᠰᠢ ᠮᠤᠵᠢ ᠵᠢᠨ ᠨᠠᠮ᠎ᠤᠨ ᠬᠤᠷᠢᠶᠠᠨ᠎ᠤ ᠱᠦᠵᠢ ᠯᠸᠦ ᠶᠠᠩ ᠱᠸᠩ ᠪᠠ ᠮᠤᠵᠢ ᠵᠢᠨ ᠳᠠᠷᠤᠭ᠎ᠠ ᠯᠢᠨ ᠡᠤ ᠵᠢᠨ ᠪᠠᠷ᠎ᠠ ᠪᠤᠯᠤᠯᠭ᠎ᠠ᠎ᠲᠠᠢ᠎ᠪᠠᠷ᠂ ᠤᠷᠢᠳ ᠬᠤᠵᠢᠳ ᠳ᠋ᠠᠲ᠋ᠦ᠋ᠩ᠂ ᠲᠠᠢ᠍ᠢ᠍ᠶᠤᠸᠠᠨ ᠵᠡᠷᠭᠡ ᠭᠠᠵᠠᠷ ᠵᠶ᠋ᠠᠷ ᠬᠦᠷᠴᠦ᠂ ᠬᠦᠳᠡᠭᠡ ᠠᠵᠤ ᠠᠬᠤᠢ ᠵᠢᠨ ᠠᠵᠤ ᠦᠢ᠍ᠯᠡᠰ᠎ᠤᠨ ᠰᠠᠭᠤᠷᠢᠨ᠂ ᠨᠡᠬᠦᠳᠡᠯ ᠠᠷᠠᠳ᠎ᠤᠨ ᠰᠢᠨ᠎ᠠ ᠲᠤᠰᠬᠤᠨ᠂ ᠲᠡᠦᠭᠡ ᠵᠢᠨ ᠲᠤᠷᠠᠰᠬᠠᠯᠳᠦ ᠵᠦᠢ᠍ᠯ᠎ᠢ ᠬᠠᠮᠠᠭ᠋ᠠᠯᠠᠬᠤ ᠨᠢᠭᠡᠴᠢ᠂ ᠦᠭᠡᠷᠡᠴᠢᠯᠡᠯᠳᠠ ᠵᠢᠨ ᠵᠢᠱ᠌ᠢᠶ᠎ᠠ ᠦᠵᠡᠬᠦᠯᠬᠦ ᠤᠷᠤᠨ ᠪᠠ ᠠᠵᠤ ᠠᠬᠤᠢ᠍ᠢ᠍ᠯᠠᠯ ᠵᠶ᠋ᠠᠷ ᠬᠦᠨᠵᠡᠭᠡᠢ᠍ᠢ᠍ᠷᠡᠨ᠂ ᠪᠠᠢ᠍ᠢ᠍ᠩᠭᠤᠵᠢᠬᠰᠠᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ᠎ᠢ ᠪᠡᠬᠢᠵᠢᠬᠦᠯᠬᠦ ᠲᠤᠬᠠᠢ ᠪᠠᠢ᠍ᠢ᠍ᠴᠠᠭ᠋ᠠᠨ ᠰᠤᠳᠤᠯᠪᠠ᠃
11᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠡᠩ ᠲᠡᠷᠢᠭᠦᠨ᠎ᠳᠤ ᠳ᠋ᠠᠲ᠋ᠦ᠋ᠩ ᠬᠤᠳᠠ ᠵᠢᠨ ᠶᠦᠨᠵᠸᠦ ᠲᠤᠭᠤᠷᠢᠭ᠎ᠲᠤ ᠢᠷᠡᠵᠦ᠂ ᠤᠷᠭ᠋ᠠᠨᠢᠭ ᠰᠢᠷ᠎ᠠ ᠴᠡᠴᠡᠭ᠎ᠤᠨ ᠪᠠᠷᠢᠮᠵᠢᠶᠠᠵᠢᠭᠤᠯᠤᠭᠰᠠᠨ ᠲᠠᠷᠢᠮᠠᠯ᠎ᠤᠨ ᠰᠠᠭᠤᠷᠢᠨ᠎ᠳᠤ ᠰᠢᠨᠵᠢᠯᠡᠨ ᠪᠠᠢ᠍ᠢ᠍ᠴᠠᠭ᠋ᠠᠵᠠᠢ᠃ ᠳ᠋ᠠᠲ᠋ᠦ᠋ᠩ᠎ᠤᠨ ᠰᠢᠷ᠎ᠠ ᠴᠡᠴᠡᠭ᠎ᠤᠨ ᠲᠠᠷᠢᠮᠠᠯ᠎ᠨᠢ 600 ᠭᠠᠷᠤᠢ ᠵᠢᠯ᠎ᠤᠨ ᠲᠡᠦᠭᠡ᠎ᠲᠠᠢ᠂ ᠲᠤᠬᠠᠢ ᠵᠢᠨ ᠭᠠᠵᠠᠷ᠎ᠤᠨ ᠭᠤᠤᠯ ᠪᠤᠯᠬᠤ ᠠᠵᠤ ᠦᠢ᠍ᠯᠡᠰ ᠪᠤᠯᠤᠨ᠎ᠠ᠃ ᠤᠢ᠍ᠢ᠍ᠷ᠎ᠠ ᠵᠢᠨ ᠵᠢᠯ᠎ᠳᠤ᠂ ᠳᠠᠭ᠋ᠠᠭᠤᠯᠤᠬ᠍ᠴᠢ ᠠᠵᠤ ᠠᠬᠤᠢ᠍ᠢ᠍ᠯᠠᠯ᠂ ᠬᠤᠷᠰᠢᠶ᠎ᠠ ᠵᠢᠨ ᠳᠠᠭ᠋ᠠᠭᠤᠯᠭ᠎ᠠ᠎ᠪᠠᠷ᠂ ᠰᠢᠷ᠎ᠠ ᠴᠡᠴᠡᠭ᠎ᠤᠨ ᠭᠠᠷᠤᠯᠳᠠ ᠪᠠ ᠶᠠᠰᠤ ᠴᠢᠨᠠᠷ ᠲᠤᠭᠳᠠᠪᠤᠷᠢᠵᠢᠵᠦ᠂ ᠪᠤᠷᠤᠯᠠᠭᠤᠯᠭ᠎ᠠ ᠪᠠ ᠦᠨ᠎ᠠ ᠬᠠᠩᠰᠢ᠎ᠨᠢ ᠴᠦ᠍ ᠪᠠᠳᠤᠯᠠᠭ᠎ᠠ᠎ᠲᠠᠢ ᠪᠤᠯᠵᠤ᠂ ᠨᠢᠳᠤᠨᠤᠨ ᠶᠠᠳᠠᠭᠤ ᠬᠦᠴᠢᠷᠳᠡᠯᠳᠠᠢ ᠡᠷᠦᠭᠡ ᠵᠢ ᠲᠠᠢ᠍ᠢ᠍ᠴᠢᠯᠡᠨ ᠡᠷᠦᠭᠡ ᠳᠤᠮᠳᠠᠴᠢ᠎ᠳᠤ ᠲᠦᠮᠡ ᠭᠠᠷᠤᠢ ᠲᠦᠬᠦᠷᠢᠭ᠎ᠤᠨ ᠤᠷᠤᠯᠭ᠎ᠠ᠎ᠲᠠᠢ ᠪᠤᠯᠭ᠋ᠠᠵᠠᠢ᠃ ᠰᠢ ᠵᠢᠨ ᠫᠢᠩ ᠲᠠᠷᠢᠶᠠᠨ ᠳᠤᠮᠳᠠ ᠤᠷᠤᠵᠦ᠂ ᠰᠢᠷ᠎ᠠ ᠴᠡᠴᠡᠭ᠎ᠤᠨ ᠤᠷᠭᠤᠴᠠ ᠵᠢᠨ ᠪᠠᠢ᠍ᠢ᠍ᠳᠠᠯ᠎ᠢ ᠪᠠᠢ᠍ᠢ᠍ᠴᠠᠭ᠋ᠠᠨ ᠦᠵᠡᠪᠡ᠃ ᠲᠠᠷᠢᠶᠠᠨ ᠭᠠᠵᠠᠷ᠎ᠲᠤ ᠠᠵᠢᠯᠯᠠᠵᠦ ᠪᠠᠢ᠍ᠢ᠍ᠭᠰᠠᠨ ᠲᠤᠰᠬᠤᠨ᠎ᠤ ᠠᠷᠠᠳ ᠬᠦᠷᠢᠶᠡᠯᠡᠨ ᠢᠷᠡᠬᠦ᠎ᠳᠤ᠂ ᠰᠢ ᠵᠢᠨ ᠫᠢᠩ ᠳᠡᠳᠡᠨ᠎ᠠᠴᠠ ᠰᠢᠷ᠎ᠠ ᠴᠡᠴᠡᠭ᠎ᠤᠨ ᠬᠠᠮᠢᠶᠠᠷᠤᠯᠳᠠ᠂ ᠵᠠᠬ᠎ᠠ ᠳᠡᠯᠭᠡᠬᠦᠷ᠎ᠤᠨ ᠦᠨ᠎ᠠ ᠬᠠᠩᠰᠢ᠂ ᠪᠦᠳᠦᠭᠡᠭᠳᠡᠬᠦᠨ᠎ᠤ ᠪᠤᠷᠤᠯᠠᠭᠤᠯᠭ᠎ᠠ ᠵᠡᠷᠭᠡ ᠪᠠᠢ᠍ᠢ᠍ᠳᠠᠯ᠎ᠢ ᠤᠢ᠍ᠢ᠍ᠯᠠᠭ᠋ᠠᠵᠠᠢ᠃ ᠲᠡᠷᠡ᠂ ᠨᠤᠳᠤᠭ᠎ᠤᠨ ᠠᠬ᠎ᠠ ᠳᠡᠬᠦᠦ ᠨᠠᠷ ᠶᠠᠳᠠᠭᠤ᠎ᠠᠴᠠ ᠠᠩᠬᠢᠵᠢᠷᠠᠭᠰᠠᠨᠤ ᠳᠠᠷᠠᠭ᠎ᠠ ᠭᠡᠷᠬᠢᠨ ᠶᠠᠳᠠᠭᠤ᠎ᠠᠴᠠ ᠠᠩᠬᠢᠵᠢᠷᠠᠭᠰᠠᠨ ᠦᠷ᠎ᠠ ᠪᠦᠳᠦᠭᠡᠯ ᠵᠶ᠋ᠠᠨ ᠪᠡᠬᠢᠵᠢᠬᠦᠯᠬᠦ᠂ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠵᠦ᠂ ᠨᠤᠳᠤᠬ᠎ᠤᠨ ᠠᠬ᠎ᠠ ᠳᠡᠬᠦᠦ ᠨᠠᠷ᠎ᠤᠨ ᠦᠷᠬᠦᠯᠵᠢᠯᠡᠨ ᠤᠷᠤᠯᠭ᠎ᠠ᠎ᠪᠠᠨ ᠨᠡᠮᠡᠭᠳᠡᠬᠦᠯᠵᠦ ᠴᠢᠨᠡᠭᠡᠯᠢᠭᠵᠢᠬᠦ ᠵᠢ ᠪᠠᠳᠤᠯᠠᠬᠤ ᠪᠤᠯ ᠮᠢᠨᠤ ᠬᠠᠮᠤᠭ᠎ᠠᠴᠠ ᠠᠩᠬᠠᠷᠴᠦ ᠪᠠᠢ᠍ᠢ᠍ᠭ᠎ᠠ ᠶᠠᠪᠤᠳᠠᠯ ᠪᠤᠯᠤᠨ᠎ᠠ᠃ ᠲᠠ ᠨᠠᠷ ᠰᠢᠷ᠎ᠠ ᠴᠡᠴᠡᠭ᠎ᠤᠨ ᠠᠵᠤ ᠦᠢ᠍ᠯᠡᠰ᠎ᠢ ᠰᠠᠢ᠍ᠢ᠍ᠳᠤᠷ ᠬᠠᠮᠠᠭ᠋ᠠᠯᠠᠵᠦ᠂ ᠰᠠᠢ᠍ᠢ᠍ᠳᠤᠷ ᠬᠦᠭᠵᠢᠬᠦᠯᠦᠨ᠂ ᠲᠤᠮᠤ ᠠᠵᠤ ᠦᠢ᠍ᠯᠡᠰ ᠪᠤᠯᠭ᠋ᠠᠨ ᠪᠤᠵᠠᠭ᠋ᠠᠢ᠍ᠢ᠍ᠷᠠᠭᠤᠯᠵᠦ᠂ ᠪᠦᠬᠦ ᠤᠯᠤᠰ᠎ᠤᠨ ᠨᠡᠷᠡᠳᠦ ᠲᠦᠷᠦᠯ ᠳᠡᠮᠳᠡᠭ ᠪᠤᠯᠭ᠋ᠠᠨ ᠴᠤᠬ᠍ᠴᠠᠯᠠᠵᠦ᠂ ᠰᠢᠷ᠎ᠠ ᠴᠡᠴᠡᠭ᠎ᠢ ᠨᠤᠳᠤᠭ᠎ᠤᠨ ᠠᠬ᠎ᠠ ᠳᠡᠬᠦᠦ ᠨᠠᠷ᠎ᠤᠨ 《ᠴᠢᠨᠡᠭᠡᠯᠢᠭᠵᠢᠯ᠎ᠤᠨ ᠴᠡᠴᠡᠭ》 ᠪᠤᠯᠭ᠋ᠠᠬᠤ ᠵᠢ ᠬᠦᠰᠡᠵᠦ ᠪᠠᠢ᠍ᠢ᠍ᠨ᠎ᠠ ᠭᠡᠵᠦ ᠵᠢᠭ᠋ᠠᠵᠦ ᠭᠠᠷᠭ᠋ᠠᠪᠠ᠃ ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠳᠦ ᠨᠠᠮ ᠠᠷᠠᠳ᠎ᠤᠨ ᠲᠦᠯᠦᠭᠡ ᠠᠵᠢᠯ ᠬᠢᠵᠦ᠂ ᠠᠷᠠᠳ ᠲᠦᠮᠡᠨ᠎ᠳᠤ ᠪᠤᠶᠠᠨ ᠦᠢ᠍ᠯᠡᠳᠴᠦ ᠦᠭᠬᠦ ᠵᠢ ᠬᠠᠮᠤᠭ᠎ᠤᠨ ᠴᠢᠬᠤᠯᠠ ᠵᠠᠰᠠᠬ᠎ᠤᠨ ᠠᠵᠢᠯ᠎ᠤᠨ ᠠᠮᠵᠢᠯᠳᠠ ᠪᠤᠯᠭ᠋ᠠᠵᠦ᠂ ᠤᠯᠠᠨ ᠲᠦᠮᠡᠨ᠎ᠳᠤ ᠬᠡᠳᠦᠢ ᠤᠯᠠᠨ ᠰᠠᠢ᠍ᠢ᠍ᠨ ᠶᠠᠪᠤᠳᠠᠯ ᠪᠤᠳᠠᠳᠤ ᠶᠠᠪᠤᠳᠠᠯ ᠬᠢᠵᠦ ᠦᠭᠬᠦᠭᠰᠡᠨ ᠵᠶ᠋ᠠᠷ ᠵᠠᠰᠠᠭ᠎ᠤᠨ ᠠᠵᠢᠯ᠎ᠤᠨ ᠠᠮᠵᠢᠯᠳᠠ ᠵᠢ ᠰᠢᠯᠭ᠋ᠠᠬᠤ ᠴᠢᠬᠤᠯᠠ ᠪᠠᠷᠢᠮᠵᠢᠶ᠎ᠠ ᠪᠤᠯᠭ᠋ᠠᠳᠠᠭ ᠶᠤᠮ ᠭᠡᠵᠦ ᠴᠢᠬᠤᠯᠠᠴᠢᠯᠠᠵᠠᠢ᠃ ᠲᠠᠷᠢᠮᠠᠯ᠎ᠤᠨ ᠰᠠᠭᠤᠷᠢᠨ᠎ᠠᠴᠠ ᠭᠠᠷᠤᠭ᠋ᠠᠳ ᠰᠢ ᠵᠢᠨ ᠫᠢᠩ ᠤᠢ᠍ᠢ᠍ᠷ᠎ᠠ ᠬᠠᠪᠢ᠎ᠳᠠᠬᠢ ᠶᠦᠨᠵᠸᠦ ᠲᠤᠭᠤᠷᠢᠭ᠎ᠤᠨ ᠰᠢᠫᠢᠩ ᠪᠠᠯᠭ᠋ᠠᠰᠤ ᠵᠢᠨ ᠹᠠᠩᠴᠸᠩ ᠰᠢᠨ᠎ᠠ ᠲᠤᠰᠬᠤᠨ᠎ᠳᠤ ᠰᠢᠨᠵᠢᠯᠡᠨ ᠪᠠᠢ᠍ᠢ᠍ᠴᠠᠭ᠋ᠠᠪᠠ᠃ ᠲᠤᠰ ᠲᠤᠰᠬᠤᠨ ᠪᠤᠯ ᠤᠨᠳᠤᠤ ᠭᠠᠵᠠᠷ ᠨᠡᠬᠦᠯᠭᠡᠭᠰᠡᠨ ᠲᠤᠰᠬᠤᠨ ᠪᠤᠯᠤᠨ᠎ᠠ᠂ ᠡᠨᠳᠡ ᠲᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯᠳᠠᠢ 77 ᠡᠷᠦᠭᠡ ᠵᠢᠨ 158 ᠬᠦᠮᠦᠨ ᠠᠮᠠ ᠪᠤᠢ᠂ 2018 ᠤᠨ᠎ᠳᠤ ᠡᠨᠳᠡ ᠨᠡᠭᠦᠵᠦ ᠢᠷᠡᠭᠰᠡᠨ᠎ᠠᠴᠠ ᠨᠠᠭ᠋ᠠᠰᠢ᠂ ᠰᠢᠷ᠎ᠠ ᠴᠡᠴᠡᠭ᠎ᠤᠨ ᠤᠨᠴᠠᠯᠢᠬᠳᠤ ᠠᠵᠤ ᠦᠢ᠍ᠯᠡᠰ ᠵᠡᠷᠭᠡ ᠵᠢ ᠬᠦᠭᠵᠢᠬᠦᠯᠬᠦ᠎ᠳᠤ ᠲᠦᠰᠢᠭᠯᠡᠨ ᠪᠦᠬᠦᠨ ᠵᠶ᠋ᠠᠷ ᠵᠶ᠋ᠠᠨ ᠶᠠᠳᠠᠭᠤ᠎ᠠᠴᠠ ᠠᠩᠬᠢᠵᠢᠷᠠᠬᠰᠠᠨ ᠪᠠᠢ᠍ᠢ᠍ᠨ᠎ᠠ᠃ ᠰᠢ ᠵᠢᠨ ᠫᠢᠩ ᠲᠤᠰᠬᠤᠨ᠎ᠤ ᠤᠷ᠎ᠠ ᠮᠡᠷᠭᠡᠵᠢᠯ᠎ᠤᠨ ᠪᠤᠯᠪᠠᠰᠤᠷᠠᠯ᠎ᠤᠨ ᠦᠢ᠍ᠯᠡᠴᠢᠯᠡᠭᠡᠨ᠎ᠤ ᠦᠷᠳᠡᠭᠡ᠎ᠳᠤ ᠤᠷᠤᠵᠦ᠂ ᠰᠢᠨ᠎ᠠ ᠲᠤᠰᠬᠤᠨ᠎ᠤ ᠤᠨᠳᠤᠤ ᠭᠠᠵᠠᠷ᠎ᠲᠤ ᠨᠡᠬᠦᠯᠭᠡᠨ ᠶᠠᠳᠠᠭᠤ ᠵᠢ ᠳᠡᠳᠬᠦᠭᠰᠡᠨ ᠪᠠᠢ᠍ᠢ᠍ᠳᠠᠯ᠎ᠢ ᠤᠢ᠍ᠢ᠍ᠯᠠᠭ᠋ᠠᠨ᠂ ᠰᠢᠷ᠎ᠠ ᠴᠡᠴᠡᠭ᠎ᠤᠨ ᠠᠵᠤ ᠦᠢ᠍ᠯᠡᠰ᠎ᠤᠨ ᠬᠤᠯᠪᠤᠭᠳᠠᠯ ᠪᠦᠬᠦᠢ ᠪᠦᠳᠦᠭᠡᠭᠳᠡᠬᠦᠨ᠎ᠤ ᠳᠡᠯᠭᠡᠨ ᠦᠵᠡᠬᠦᠯᠭᠡ ᠵᠢ ᠪᠠᠢ᠍ᠢ᠍ᠴᠠᠭ᠋ᠠᠨ ᠦᠵᠡᠵᠦ᠂ ᠳ᠋ᠠᠲ᠋ᠦ᠋ᠩ ᠬᠤᠳᠠ ᠵᠢᠨ ᠠᠵᠤ ᠦᠢ᠍ᠯᠡᠰ ᠵᠶ᠋ᠠᠷ ᠶᠠᠳᠠᠭᠤ ᠵᠢ ᠳᠡᠳᠬᠦᠬᠦ᠂ ᠠᠵᠢᠯ ᠤᠯᠭᠤᠯᠳᠠ᠎ᠪᠠᠷ ᠶᠠᠳᠠᠭᠤ ᠵᠢ ᠳᠡᠳᠬᠦᠬᠦ ᠠᠵᠢᠯ᠎ᠢ ᠦᠷᠨᠢᠬᠦᠯᠵᠦ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ᠎ᠢ ᠪᠡᠬᠢᠵᠢᠬᠦᠯᠦᠭᠰᠡᠨ ᠠᠷᠭ᠎ᠠ ᠭᠡᠮᠵᠢᠶ᠎ᠠ ᠵᠢ ᠨᠤᠳᠠᠯᠠᠪᠠ᠃ ᠲᠡᠷᠡ᠂ ᠤᠨᠳᠤᠤ ᠭᠠᠵᠠᠷ᠎ᠲᠤ ᠨᠡᠬᠦᠯᠭᠡᠬᠦ᠎ᠨᠢ ᠰᠠᠭᠤᠷᠢᠰᠢᠬᠤ᠎ᠳᠤ ᠲᠤᠬᠢᠯᠢᠭ ᠪᠤᠯᠭ᠋ᠠᠬᠤ ᠠᠰᠠᠭᠤᠳᠠᠯ᠎ᠢ ᠰᠢᠢ᠍ᠳᠪᠤᠷᠢᠯᠡᠬᠦ ᠲᠡᠳᠦᠢ ᠦᠭᠡᠢ ᠨᠡᠩ ᠴᠦ᠍ ᠤᠯᠠᠨ ᠲᠦᠮᠡᠨ᠎ᠢ ᠴᠢᠨᠡᠭᠡᠯᠢᠭᠵᠢᠬᠦᠯᠬᠦ ᠵᠢᠨ ᠲᠦᠯᠦᠭᠡ ᠶᠤᠮ᠃ ᠤᠨᠳᠤᠤ ᠭᠠᠵᠠᠷ᠎ᠲᠤ ᠨᠡᠬᠦᠯᠭᠡᠭᠰᠡᠨᠤ ᠳᠠᠷᠠᠭ᠋ᠠᠬᠢ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠵᠦ᠂ ᠪᠤᠳᠠᠳᠠᠢ ᠪᠠᠢ᠍ᠢ᠍ᠳᠠᠯ᠎ᠲᠠᠢ ᠤᠶᠠᠯᠳᠤᠭᠤᠯᠤᠨ ᠬᠦᠳᠡᠭᠡ ᠲᠤᠰᠬᠤᠨ᠎ᠤ ᠠᠵᠤ ᠦᠢ᠍ᠯᠡᠰ᠎ᠢ ᠬᠦᠭᠵᠢᠬᠦᠯᠵᠦ᠂ ᠠᠵᠤ ᠦᠢ᠍ᠯᠡᠰ᠎ᠤᠨ ᠲᠦᠷᠦᠯ ᠵᠦᠢ᠍ᠯ᠎ᠢ ᠨᠢᠮᠪᠠᠢ ᠰᠤᠩᠭᠤᠨ᠂ ᠠᠮᠵᠢᠯᠳᠠ ᠤᠯᠬᠤ ᠨᠤᠷᠮ᠎ᠠ ᠪᠠ ᠦᠷᠬᠦᠯᠵᠢᠯᠡᠬᠦ ᠬᠦᠭᠵᠢᠯᠳᠠ ᠵᠢ ᠪᠠᠳᠤᠯᠠᠬᠤ ᠭᠡᠷᠡᠭᠲᠡᠢ᠃ ᠤᠯᠠᠨ ᠲᠦᠮᠡᠨ᠎ᠳᠤ ᠠᠰᠢᠬ ᠬᠦᠷᠳᠡᠭᠡᠬᠦ ᠵᠢ ᠲᠤᠪᠤᠢ᠍ᠢ᠍ᠮ᠎ᠠ ᠪᠠᠢ᠍ᠢ᠍ᠷᠢᠨ᠎ᠳᠤ ᠲᠠᠯᠪᠢᠵᠦ᠂ ᠠᠵᠤ ᠦᠢ᠍ᠯᠡᠰ᠎ᠤᠨ ᠳᠡᠮᠵᠢᠯᠭᠡ᠂ ᠮᠦᠩᠬᠦᠨ ᠬᠦᠢ᠍ᠯᠭᠡᠭᠡᠨ᠎ᠤ ᠢᠳᠡᠭᠡᠮᠵᠢᠳᠦ ᠵᠢᠭᠡᠯᠡᠯᠭᠡ᠂ ᠬᠦᠳᠡᠭᠡ ᠠᠵᠤ ᠠᠬᠤᠢ ᠵᠢᠨ ᠳᠠᠭ᠋ᠠᠳᠬᠠᠯ ᠵᠡᠷᠭᠡ ᠲᠠᠯ᠎ᠠ᠎ᠪᠠᠷ ᠲᠦᠷᠦ ᠵᠢᠨ ᠪᠤᠳᠤᠯᠭ᠎ᠠ ᠲᠤᠬᠳᠠᠭ᠋ᠠᠨ᠂ ᠬᠦᠳᠡᠭᠡ ᠲᠤᠰᠬᠤᠨ᠎ᠤ ᠠᠵᠤ ᠠᠬᠤᠢ ᠵᠢᠨ ᠬᠦᠭᠵᠢᠯᠳᠠ᠎ᠳᠤ ᠬᠦᠴᠦᠳᠠᠢ ᠲᠤᠯᠭ᠋ᠠᠭᠤᠷᠢᠯᠠᠯ ᠬᠠᠩᠭ᠋ᠠᠬᠤ ᠭᠡᠷᠡᠭᠲᠡᠢ᠃ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢ᠍ᠢ᠍ᠭᠤᠯᠤᠯᠳᠠ ᠪᠠ ᠨᠠᠮ᠎ᠤᠨ ᠭᠡᠰᠢᠬᠦᠨ ᠺᠠᠳ᠋ᠷ ᠬᠦᠳᠡᠭᠡ ᠲᠤᠰᠬᠤᠨ᠎ᠤ ᠠᠵᠤ ᠦᠢ᠍ᠯᠡᠰ᠎ᠤᠨ ᠲᠦᠷᠦᠯ ᠵᠦ᠍ᠢ᠍ᠯᠤᠨ ᠵᠤᠬᠢᠶᠠᠨ ᠪᠠᠢ᠍ᠢ᠍ᠭᠤᠯᠤᠬ᠍ᠴᠢ᠂ ᠠᠬᠢᠭᠤᠯᠤᠬ᠍ᠴᠢ ᠪᠤᠯᠬᠤ᠎ᠪᠠᠷ ᠪᠠᠷᠠᠬᠤ ᠦᠭᠡᠢ ᠪᠠᠰᠠ ᠤᠯᠠᠨ ᠲᠦᠮᠡᠨ᠎ᠤ ᠠᠰᠢᠬ ᠲᠤᠰᠠ ᠵᠢᠨ ᠬᠠᠮᠠᠭ᠋ᠠᠯᠠᠬ᠍ᠴᠢ ᠪᠤᠯᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃ ᠰᠢ ᠵᠢᠨ ᠫᠢᠩ ᠦᠷᠭᠡᠨ ᠤᠯᠠᠨ ᠦᠨᠳᠦᠰᠦᠨ ᠱᠠᠳᠤᠨ᠎ᠤ ᠺᠠᠳ᠋ᠷ᠎ᠤᠨ ᠶᠠᠳᠠᠭᠤ ᠬᠦᠴᠢᠷᠳᠡᠯᠳᠠᠢ ᠬᠦᠮᠦᠰ᠎ᠢ ᠬᠠᠪᠰᠤᠷᠤᠨ ᠶᠠᠳᠠᠭᠤ᠎ᠠᠴᠠ ᠠᠩᠬᠢᠵᠢᠷᠠᠭᠤᠯᠬᠤ ᠵᠢᠨ ᠲᠦᠯᠦᠭᠡ ᠭᠠᠷᠭ᠋ᠠᠭᠰᠠᠨ ᠰᠢᠷᠭ᠋ᠠᠭᠤ ᠴᠢᠷᠮᠠᠢ᠍ᠢ᠍ᠯᠭ᠎ᠠ ᠵᠢ ᠨᠤᠳᠠᠯᠠᠵᠦ ᠪᠠᠢ᠍ᠢ᠍ᠬᠤ᠎ᠪᠠᠨ ᠢᠯᠡᠳᠭᠡᠵᠡᠢ᠃
ᠨᠡᠬᠦᠵᠥ ᠢᠷᠡᠭᠰᠡᠡ ᠡᠷᠦᠬᠡ ᠪᠠᠢ ᠭᠤᠤ ᠱᠠᠨ᠎ᠤ ᠬᠡᠷ᠎ᠲᠤ᠂ ᠰᠢ ᠵᠢᠨ ᠫᠢᠩ ᠬᠦᠷᠢᠶ᠎ᠡ ᠬᠠᠰᠢᠶ᠎ᠠ᠂ ᠵᠤᠴᠢᠨ᠎ᠤ ᠲᠢᠩᠬᠢᠮ᠂ ᠲᠤᠭᠤᠭ᠋ᠠᠨ ᠬᠡᠷ᠂ ᠵᠤᠷᠯᠤᠩ᠎ᠢ᠎ᠨᠢ ᠪᠠᠢ᠍ᠢ᠍ᠴᠠᠭ᠋ᠠᠨ ᠦᠵᠡᠭᠰᠡᠡ ᠪᠦᠬᠡᠳ ᠬᠡᠷ᠎ᠤᠨ ᠬᠦᠮᠥᠰ᠎ᠲᠠᠢ ᠬᠠᠮᠳᠤ᠎ᠪᠠᠷ ᠬᠠᠨᠵᠤ ᠢᠷᠮᠡᠭᠳᠡᠨ ᠰᠠᠭᠤᠵᠥ ᠵᠤᠭᠤᠭ ᠲᠡᠯᠬᠡᠪᠡ᠃ ᠪᠠᠢ ᠭᠤᠤ ᠱᠠᠨ ᠶᠡᠷᠤᠩᠬᠡᠢ ᠱᠦᠵᠢ᠎ᠳᠤ᠂ ᠲᠡᠳᠡᠨ᠎ᠤ᠎ᠬᠢᠨ ᠦᠩᠬᠡᠷᠡᠭᠰᠡᠡ᠎ᠳᠤ ᠨᠦᠬᠡᠨ ᠬᠡᠷ᠎ᠲᠤ ᠰᠠᠭᠤᠵᠥ ᠪᠠᠢ᠍ᠢ᠍ᠵᠠᠢ᠂ ᠦᠨᠦᠳᠦᠷ ᠬᠦᠷᠢᠶ᠎ᠡ ᠬᠠᠰᠢᠶ᠎ᠠ᠎ᠲᠠᠢ ᠲᠤᠮᠤ ᠸᠠᠭ᠋ᠠᠷ᠎ᠤᠨ ᠪᠠᠢ᠍ᠢ᠍ᠰᠢᠩ᠎ᠳᠤ ᠨᠡᠬᠦᠵᠦ᠂ ᠤᠢ᠍ᠢ᠍ᠷ᠎ᠠ ᠬᠠᠪᠢ᠎ᠳᠠᠭᠠᠨ ᠬᠦᠯᠥᠰᠦᠨ ᠠᠵᠢᠯ ᠬᠢᠵᠥ᠂ ᠠᠮᠢᠳᠤᠷᠠᠯ᠎ᠤᠨ ᠨᠦᠬᠦᠴᠡᠯ ᠶᠡᠬᠡ᠎ᠪᠠᠷ ᠰᠠᠢ᠍ᠢ᠍ᠵᠢᠷᠠᠪᠠ᠂ ᠨᠢᠳᠤᠨᠤᠨ ᠬᠦᠤ᠎ᠨᠢ ᠪᠡᠷᠢ ᠪᠠᠭᠤᠯᠭ᠋ᠠᠵᠥ᠂ ᠡᠨᠡ ᠵᠢᠯ ᠡᠪᠦᠬᠡᠨ ᠬᠦᠭᠰᠢᠨ ᠬᠤᠶᠠᠭᠤᠯᠠ ᠤᠮᠪᠤᠯᠤ᠎ᠲᠠᠢ ᠪᠤᠯᠵᠥ᠂ ᠠᠮᠢᠳᠤᠷᠠᠯ ᠶᠠᠪᠤᠬᠤ ᠲᠤᠳᠤᠮ ᠰᠠᠢ᠍ᠢ᠍ᠵᠢᠷᠠᠵᠥ ᠪᠠᠢ᠍ᠢ᠍ᠨ᠎ᠠ ᠬᠡᠵᠥ ᠬᠡᠯᠡᠵᠥ ᠦᠭᠪᠡ᠃ ᠰᠢ ᠵᠢᠨ ᠫᠢᠩ᠂ ᠡᠪ ᠬᠠᠮᠳᠤ ᠨᠠᠮ ᠨᠢᠬᠡ ᠰᠡᠳᠬᠢᠯ ᠨᠢᠬᠡ ᠵᠤᠷᠢᠭ ᠵᠶ᠋ᠠᠷ ᠠᠷᠠᠳ ᠲᠦᠮᠡᠨ᠎ᠳᠤ ᠠᠰᠢᠬ ᠤᠯᠭᠤᠵᠥ ᠪᠠᠢ᠍ᠢ᠍ᠨ᠎ᠠ᠂ ᠤᠳᠤ ᠰᠠᠭᠤᠳᠬᠠᠯ ᠠᠪᠬᠤ ᠦᠬᠡᠢ᠂ ᠭᠠᠢ᠍ᠢ᠍ᠯᠢ ᠲᠠᠳᠠᠪᠤᠷᠢᠯᠠᠬᠤ ᠦᠬᠡᠢ᠂ ᠰᠦᠢ᠍ᠳᠬᠡᠯ ᠬᠤᠷᠢᠶᠠᠬᠤ ᠦᠬᠡᠢ᠂ ᠠᠮᠤ ᠪᠤᠳᠠᠭ᠎ᠠ ᠲᠤᠰᠢᠶᠠᠬᠤ ᠦᠬᠡᠢ ᠪᠤᠯᠵᠥ᠂ ᠬᠠᠷᠢᠨ ᠶᠠᠳᠠᠭᠤ ᠬᠦᠴᠢᠷᠳᠡᠯᠳᠡᠢ ᠤᠯᠠᠨ ᠲᠦᠮᠡᠨ᠎ᠳᠤ ᠡᠮ ᠲᠠᠩ ᠬᠦᠷᠬᠡᠵᠥ᠂ ᠬᠡᠷ ᠪᠠᠢ᠍ᠢ᠍ᠰᠢᠩ ᠪᠡᠷᠢᠵᠥ ᠦᠭᠭᠦᠨ᠂ ᠮᠡᠷᠬᠡᠵᠢᠯ ᠰᠤᠷᠭ᠋ᠠᠵᠥ᠂ ᠪᠠᠶᠠᠵᠢᠯ᠎ᠤᠨ ᠵᠠᠮ᠎ᠢ ᠡᠷᠢᠵᠥ ᠦᠭᠴᠦ ᠪᠠᠢ᠍ᠢ᠍ᠨ᠎ᠠ᠂ ᠨᠤᠳᠤᠭ᠎ᠤᠨ ᠠᠬ᠎ᠠ ᠲᠡᠬᠦᠤ ᠨᠠᠷ᠎ᠤᠨ ᠠᠮᠢᠳᠤᠷᠠᠯ ᠤᠯᠠᠮ ᠰᠠᠢ᠍ᠢ᠍ᠵᠢᠷᠠᠬᠤ ᠶᠤᠮ᠃ ᠡᠨᠡ ᠵᠢᠯ ᠪᠤᠯ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠥ ᠰᠢᠢ᠍ᠳᠪᠤᠷᠢᠳᠤ ᠢᠯᠠᠯᠳᠠ ᠤᠯᠬᠤ ᠪᠠ ᠴᠢᠨᠡᠭᠡᠯᠢᠭ ᠨᠡᠢ᠍ᠢ᠍ᠬᠡᠮ᠎ᠢ ᠪᠦᠬᠦ ᠲᠡᠯ᠎ᠡ᠎ᠪᠠᠷ ᠪᠡᠶᠡᠯᠡᠬᠦᠯᠬᠦ ᠰᠠᠬᠦᠯ ᠬᠤᠷᠢᠶᠠᠬᠤ ᠤᠨ ᠪᠤᠯᠤᠨ᠎ᠠ᠂ ᠠᠷᠭ᠎ᠠ ᠪᠦᠬᠦᠨ᠎ᠢ ᠰᠦᠪᠡᠭᠴᠢᠯᠡᠵᠥ ᠪᠠᠢ᠍ᠢ᠍ᠭ᠋ᠠᠳ ᠶᠠᠳᠠᠭᠤ᠎ᠠᠴᠠ ᠠᠩᠬᠢᠵᠢᠷᠠᠭᠤᠯᠵᠥ ᠪᠤᠭᠤᠮᠳᠠ ᠰᠢᠪᠳᠤᠯᠤᠬᠰᠠᠠ ᠦᠷ᠎ᠡ ᠪᠦᠳᠦᠬᠡᠯ ᠵᠶ᠋ᠠᠨ ᠰᠠᠢ᠍ᠢ᠍ᠳᠤᠷ ᠪᠡᠬᠢᠵᠢᠬᠦᠯᠵᠥ᠂ ᠵᠠᠯᠭ᠋ᠠᠭ᠋ᠠᠳ ᠬᠦᠳᠡᠬᠡ ᠲᠤᠰᠬᠤᠨ᠎ᠢ ᠬᠦᠭᠵᠢᠬᠦᠯᠥᠨ ᠮᠠᠨᠳᠤᠭᠤᠯᠬᠤ ᠠᠵᠢᠯ᠎ᠢ ᠰᠠᠢ᠍ᠢ᠍ᠳᠤᠷ ᠬᠢᠵᠥ᠂ ᠨᠤᠳᠤᠭ᠎ᠤᠨ ᠠᠬ᠎ᠠ ᠲᠡᠬᠦᠤ ᠨᠡᠷ᠎ᠤᠨ ᠠᠮᠢᠳᠤᠷᠠᠯ᠎ᠢ ᠤᠯᠠᠮ ᠰᠠᠢ᠍ᠢ᠍ᠵᠢᠷᠠᠭᠤᠯᠬᠤ ᠬᠡᠷᠡᠭᠳᠡᠢ᠃ ᠤᠨᠳᠤᠤ ᠭᠠᠵᠠᠷ ᠨᠡᠬᠦᠭᠰᠡᠡ ᠤᠯᠠᠨ ᠲᠦᠮᠡᠨ ᠠᠳᠠᠯᠢ ᠪᠤᠰᠤ ᠲᠤᠰᠬᠤᠨ᠎ᠠᠴᠠ ᠢᠷᠡᠵᠥ᠂ ᠦᠩᠬᠡᠷᠡᠭᠰᠡᠡ᠎ᠳᠤ ᠲᠠᠷᠠᠬᠠᠢ ᠪᠤᠳᠠᠷᠬᠠᠢ ᠰᠠᠭᠤᠷᠢᠰᠢᠵᠥ ᠪᠠᠢ᠍ᠢ᠍ᠬᠰᠠᠠᠠᠴᠠᠪᠠᠨ ᠤᠳᠤ ᠲᠦᠪᠯᠡᠷᠡᠨ ᠰᠠᠭᠤᠷᠢᠰᠢᠬᠤ ᠪᠤᠯᠪᠠ᠃ ᠨᠡᠢ᠍ᠢ᠍ᠬᠡᠮ ᠲᠤᠭᠤᠷᠢᠭ᠎ᠤᠨ ᠪᠠᠢ᠍ᠢ᠍ᠭᠤᠯᠤᠯᠳᠠ ᠪᠤᠯᠤᠨ ᠬᠠᠮᠢᠶᠠᠷᠤᠯᠳᠠ ᠵᠢ ᠴᠢᠩᠭ᠋ᠠᠳᠬᠠᠵᠥ᠂ ᠨᠡᠢ᠍ᠢ᠍ᠬᠡᠮ ᠲᠤᠭᠤᠷᠢᠭ᠎ᠤᠨ ᠤᠷᠴᠢᠨ ᠲᠤᠭᠤᠷᠢᠨ᠎ᠤ ᠵᠠᠰᠠᠯᠳᠠ ᠵᠢ ᠴᠢᠩᠭ᠋ᠠᠳᠬᠠᠵᠥ᠂ ᠬᠦᠳᠡᠬᠡ ᠲᠤᠰᠬᠤᠨ᠎ᠤ ᠤᠶᠤᠨ᠎ᠤ ᠪᠤᠯᠪᠠᠰᠤᠨ᠎ᠤ ᠪᠠᠢ᠍ᠢ᠍ᠭᠤᠯᠤᠯᠳᠠ ᠪᠤᠯᠤᠨ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠬᠡᠬᠡᠨ᠎ᠢ ᠦᠷᠨᠢᠬᠦᠯᠵᠥ᠂ ᠤᠯᠠᠨ ᠲᠦᠮᠡᠨ᠎ᠤ ᠰᠢᠨ᠎ᠡ ᠤᠷᠤᠨ ᠰᠠᠭᠤᠴᠠ᠎ᠳᠤ ᠰᠠᠭᠤᠵᠥ᠂ ᠰᠢᠨ᠎ᠡ ᠠᠮᠢᠳᠤᠷᠠᠯ᠎ᠢ ᠡᠳ᠋ᠯᠡᠬᠦ ᠵᠢ ᠦᠨᠡᠨ ᠬᠦ᠌ ᠪᠠᠳᠤᠯᠠᠬᠤ ᠬᠡᠷᠡᠭᠳᠡᠢ ᠬᠡᠵᠥ ᠪᠠᠶᠠᠷᠳᠠᠢ ᠬᠡᠯᠡᠵᠦ ᠪᠠᠢ᠍ᠢ᠍ᠯ᠎ᠠ᠃
ᠲᠤᠰᠬᠤᠨ᠎ᠠᠴᠠ ᠰᠠᠯᠬᠤ ᠦᠶ᠎ᠡ᠎ᠳᠤ᠂ ᠲᠤᠰᠬᠤᠨ᠎ᠤ ᠠᠷᠠᠳ ᠶᠡᠷᠤᠩᠬᠡᠢ ᠱᠦᠵᠢ᠎ᠲᠠᠢ ᠰᠠᠯᠬᠤ ᠶᠤᠰᠤ ᠭᠦᠢ᠍ᠴᠡᠳᠭᠡᠪᠡ᠃ ᠰᠢ ᠵᠢᠨ ᠫᠢᠩ ᠨᠤᠳᠤᠭ᠎ᠤᠨ ᠠᠬ᠎ᠠ ᠲᠡᠬᠦᠤ ᠨᠡᠷ᠎ᠤᠨ ᠠᠮᠢᠳᠤᠷᠠᠯ ᠵᠤᠯ ᠵᠢᠷᠭ᠋ᠠᠯ᠎ᠲᠠᠢ ᠰᠠᠢ᠍ᠢ᠍ᠨ ᠰᠠᠢ᠌ᠬᠠᠨ ᠪᠤᠯᠬᠤ ᠵᠢ ᠬᠦᠰᠡᠨ ᠵᠦᠩᠨᠡᠪᠡ᠃
ᠤᠷᠤᠢ᠎ᠨᠢ᠂ ᠰᠢ ᠵᠢᠨ ᠫᠢᠩ ᠶᠦᠨᠭ᠋ᠠᠩᠤᠨ ᠴᠢᠯᠠᠭᠤᠨ ᠠᠭᠤᠢ᠎ᠳᠤ ᠬᠦᠷᠴᠦ ᠰᠢᠨᠵᠢᠯᠡᠨ ᠪᠠᠢ᠍ᠢ᠍ᠴᠠᠭ᠋ᠠᠪᠠ᠃ ᠶᠦᠨᠭ᠋ᠠᠩᠤᠨ ᠴᠢᠯᠠᠭᠤᠨ ᠠᠭᠤᠢ ᠵᠢ 1500 ᠵᠢᠯ᠎ᠤᠨ ᠡᠮᠤᠨ᠎ᠡ ᠪᠠᠢ᠍ᠢ᠍ᠭᠤᠯᠤᠬᠰᠠᠨ ᠶᠤᠮ᠂ ᠲᠤᠮᠳᠠᠳᠤ ᠭᠠᠳᠠᠭ᠋ᠠᠳᠤ ᠵᠢᠨ ᠰᠤᠶᠤᠯ᠂ ᠲᠤᠮᠳᠠᠳᠤ ᠤᠯᠤᠰ᠎ᠤᠨ ᠴᠦᠬᠡᠨ ᠲᠤᠭ᠋ᠠᠳᠤ ᠦᠨᠳᠦᠰᠤᠳᠡᠨ᠎ᠤ ᠰᠤᠶᠤᠯ ᠪᠤᠯᠤᠨ ᠲᠤᠮᠳᠠᠳᠤ ᠤᠷᠤᠨ᠎ᠤ ᠰᠤᠶᠤᠯ᠎ᠢ ᠠᠭᠤᠰᠤᠯᠴᠠᠭᠤᠯᠤᠭᠰᠠᠠ ᠰᠤᠶᠤᠯ ᠤᠷᠠᠯᠢᠭ᠎ᠤᠨ ᠡᠷᠳᠡᠨᠢᠰ᠎ᠤᠨ ᠰᠠᠩ ᠪᠤᠯᠤᠨ᠎ᠠ᠃ ᠰᠢ ᠵᠢᠨ ᠫᠢᠩ ᠱᠤᠭᠤᠮᠠᠯ᠂ ᠬᠠᠨ᠎ᠠ ᠵᠢᠨ ᠵᠢᠷᠤᠭ᠎ᠢ ᠨᠠᠷᠢᠨ ᠪᠠᠢ᠍ᠢ᠍ᠴᠠᠭ᠋ᠠᠨ ᠦᠵᠡᠵᠥ᠂ ᠠᠵᠢᠯᠳᠠᠳ᠎ᠠᠴᠠ ᠴᠢᠯᠠᠭᠤᠨ ᠠᠭᠤᠢ ᠵᠢᠨ ᠲᠡᠤᠬᠡ ᠰᠤᠶᠤᠯ᠎ᠤᠨ ᠦᠪ᠎ᠢ ᠬᠠᠮᠠᠭ᠋ᠠᠯᠠᠵᠥ ᠪᠠᠢ᠍ᠢ᠍ᠬᠤ ᠵᠡᠷᠬᠡ ᠪᠠᠢ᠍ᠢ᠍ᠳᠠᠯ᠎ᠢ ᠯᠠᠪᠯᠠᠨ ᠠᠰᠠᠭᠤᠵᠥ ᠪᠠᠢ᠍ᠢ᠍ᠯ᠎ᠠ᠃ ᠲᠡᠷᠡ᠂ ᠶᠦᠨᠭ᠋ᠠᠩᠤᠨ ᠴᠢᠯᠠᠭᠤᠨ ᠠᠭᠤᠢ ᠪᠤᠯ ᠲᠡᠯᠡᠬᠡᠢ ᠵᠢᠨ ᠰᠤᠶᠤᠯ᠎ᠤᠨ ᠦᠪ ᠪᠤᠯᠤᠨ᠎ᠠ᠂ ᠶᠦᠨᠭ᠋ᠠᠩᠤᠨ ᠴᠢᠯᠠᠭᠤᠨ ᠠᠭᠤᠢ ᠵᠢ ᠰᠠᠢ᠍ᠢ᠍ᠳᠤᠷ ᠬᠠᠮᠠᠭ᠋ᠠᠯᠠᠬᠤ᠎ᠨᠢ ᠲᠤᠮᠳᠠᠳᠤ ᠤᠯᠤᠰ᠎ᠤᠨ ᠠᠴᠢ ᠬᠤᠯᠪᠤᠭᠳᠠᠯ᠎ᠲᠠᠢ᠎ᠪᠠᠷ ᠪᠠᠷᠠᠬᠤ ᠦᠬᠡᠢ᠂ ᠲᠡᠯᠡᠬᠡᠢ ᠵᠢᠨ ᠠᠴᠢ ᠬᠤᠯᠪᠤᠭᠳᠠᠯ᠎ᠲᠠᠢ ᠶᠤᠮ᠃ ᠲᠡᠤᠬᠡ ᠰᠤᠶᠤᠯ᠎ᠤᠨ ᠦᠪ ᠪᠤᠯ ᠲᠠᠬᠢᠵᠥ ᠪᠤᠢ ᠪᠤᠯᠬᠤ ᠦᠬᠡᠢ᠂ ᠤᠷᠤᠯᠠᠭᠤᠯᠵᠥ ᠪᠤᠯᠤᠰᠢ ᠦᠬᠡᠢ ᠡᠷᠬᠢᠮ ᠨᠠᠨᠳᠢᠨ ᠡᠬᠢ ᠪᠠᠶᠠᠯᠢᠭ ᠪᠤᠯᠤᠨ᠎ᠠ᠂ ᠬᠠᠮᠠᠭ᠋ᠠᠯᠠᠬᠤ ᠵᠢ ᠢᠮᠠᠬᠳᠠ ᠲᠡᠷᠢᠬᠦᠨ᠎ᠳᠤ ᠲᠠᠯᠪᠢᠬᠤ ᠬᠡᠷᠡᠭᠳᠡᠢ᠃ ᠵᠢᠭᠤᠯᠴᠢᠯᠠᠯ᠎ᠢ ᠬᠦᠭᠵᠢᠬᠦᠯᠬᠦ᠎ᠳᠤ ᠬᠠᠮᠠᠭ᠋ᠠᠯᠠᠬᠤ᠎ᠪᠠᠷ ᠤᠷᠢᠳᠠᠯ ᠪᠤᠯᠭ᠋ᠠᠬᠤ ᠬᠡᠷᠡᠭᠳᠡᠢ᠂ ᠬᠡᠳᠤ ᠬᠤᠳᠠᠯᠳᠤᠭ᠋ᠠᠴᠢᠯᠠᠵᠥ ᠪᠤᠯᠬᠤ ᠦᠬᠡᠢ᠂ ᠵᠢᠭᠤᠯᠴᠢᠯᠠᠯ᠎ᠢ ᠬᠦᠮᠥᠰ᠎ᠤᠨ ᠲᠤᠮᠳᠠᠳᠤ ᠵᠢᠨ ᠰᠤᠶᠤᠯ᠎ᠢ ᠤᠢ᠍ᠢ᠍ᠯᠠᠭ᠋ᠠᠬᠤ᠂ ᠰᠤᠶᠤᠯ᠎ᠤᠨ ᠢᠳᠡᠬᠡᠯ ᠵᠶ᠋ᠠᠨ ᠴᠢᠩᠭ᠋ᠠᠳᠬᠠᠬᠤ ᠶᠠᠪᠤᠴᠠ ᠪᠤᠯᠭ᠋ᠠᠬᠤ ᠬᠡᠷᠡᠭᠳᠡᠢ᠃ ᠶᠦᠨᠭ᠋ᠠᠩᠤᠨ ᠴᠢᠯᠠᠭᠤᠨ ᠠᠭᠤᠢ᠎ᠳᠤ ᠠᠭᠤᠯᠤᠬᠳᠠᠵᠥ ᠪᠠᠢ᠍ᠢ᠍ᠭ᠎ᠠ ᠦᠨᠳᠦᠰᠦᠳᠡᠨ᠎ᠨᠦᠭᠦᠳ᠎ᠤᠨ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠤᠨ ᠲᠡᠤᠬᠡᠨ ᠠᠭᠤᠯᠤᠬᠳᠠᠬᠤᠨ᠎ᠢ ᠬᠦᠨᠵᠡᠬᠡᠢ ᠠᠭᠤᠳᠠᠯᠵᠥ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠴᠢᠩᠭ᠋ᠠᠳᠬᠠᠬᠤ ᠬᠡᠷᠡᠭᠳᠡᠢ ᠬᠡᠵᠥ ᠴᠢᠬᠤᠯᠠᠴᠢᠯᠠᠪᠠ᠃ ᠵᠢᠭᠤᠯᠴᠢᠯᠠᠬᠰᠠᠳ ᠶᠡᠷᠤᠩᠬᠡᠢ ᠱᠦᠵᠢ ᠵᠢ ᠦᠵᠡᠬᠡᠳ᠄ 《ᠶᠡᠷᠤᠩᠬᠡᠢ ᠱᠦᠵᠢ ᠰᠠᠢ᠍ᠢ᠍ᠨ ᠪᠠᠢ᠍ᠢ᠍ᠨ᠎ᠠ ᠤᠤ!》 ᠬᠡᠵᠥ ᠦᠨᠳᠤᠷ ᠲᠠᠭᠤᠨ ᠵᠶ᠋ᠠᠷ ᠬᠠᠰᠬᠢᠷᠴᠦ ᠪᠠᠢ᠍ᠢ᠍ᠯ᠎ᠠ᠃ ᠰᠢ ᠵᠢᠨ ᠫᠢᠩ ᠤᠯᠠᠨ᠎ᠤ ᠵᠦᠭ ᠭᠠᠷ ᠲᠠᠯᠠᠯᠤᠨ ᠮᠡᠨᠳᠤᠴᠢᠯᠡᠭᠰᠡᠡ ᠪᠦᠬᠡᠳ ᠦᠵᠡᠮᠵᠢ ᠵᠢᠨ ᠤᠷᠤᠨ᠎ᠤ ᠠᠵᠢᠯᠳᠠᠳ᠎ᠲᠤ ᠬᠢᠵᠢᠭ᠎ᠤᠨ ᠪᠠᠢ᠍ᠢ᠍ᠳᠠᠯ᠎ᠤᠨ ᠪᠠᠢ᠍ᠢ᠍ᠩᠭᠤᠵᠢᠬᠰᠠᠠ ᠰᠡᠷᠬᠡᠢ᠍ᠢ᠍ᠯᠡᠨ ᠡᠵᠡᠮᠳᠡᠬᠦ ᠠᠵᠢᠯ᠎ᠢ ᠬᠢᠵᠥ ᠪᠠᠢ᠍ᠢ᠍ᠭ᠎ᠠ ᠪᠠᠢ᠍ᠢ᠍ᠳᠠᠯ ᠲᠤᠤᠷ᠎ᠡ ᠬᠦᠳᠦᠯᠥᠨ ᠵᠢᠯᠤᠭᠤᠳᠬᠤ᠎ᠪᠠᠨ ᠴᠢᠩᠭ᠋ᠠᠳᠬᠠᠵᠥ᠂ ᠬᠦᠮᠤᠨ᠎ᠤ ᠲᠤᠭ᠎ᠠ ᠵᠢ ᠬᠢᠵᠠᠭ᠋ᠠᠷᠯᠠᠵᠥ᠂ ᠬᠦᠮᠥᠰ ᠶᠡᠬᠡ ᠬᠡᠪᠴᠢᠶ᠎ᠡ᠎ᠪᠠᠷ ᠴᠤᠭᠯᠠᠷᠠᠵᠥ ᠬᠢᠵᠢᠭ ᠲᠠᠬᠢᠨ ᠡᠬᠦᠰᠬᠦ᠎ᠠᠴᠠ ᠵᠠᠢ᠍ᠢ᠍ᠯᠠᠰᠬᠢᠬᠦ ᠬᠡᠷᠡᠭᠳᠡᠢ ᠬᠡᠵᠥ ᠵᠠᠬᠢᠪᠠ᠃
ᠱᠠᠨ ᠰᠢ ᠪᠤᠯ ᠪᠦᠬᠦ ᠤᠯᠤᠰ᠎ᠤᠨ ᠠᠩᠬᠠᠳᠠᠭᠴᠢ ᠪᠦᠬᠦ ᠮᠤᠵᠢ ᠵᠢᠨ᠂ ᠪᠦᠬᠦ ᠤᠷᠤᠨ ᠪᠠᠢ᠍ᠢ᠍ᠷᠢ ᠵᠢᠨ᠂ ᠰᠢᠰᠲᠸᠮ᠎ᠤᠨ ᠴᠢᠨᠠᠷᠳᠠᠢ ᠤᠯᠤᠰ᠎ᠤᠨ ᠡᠬᠢ ᠪᠠᠶᠠᠯᠢᠭ᠎ᠤᠨ ᠬᠡᠯᠪᠡᠷᠢ ᠵᠢᠨ ᠠᠵᠥ ᠠᠬᠤᠢ ᠵᠢᠨ ᠬᠡᠯᠪᠡᠷᠢ ᠵᠢ ᠬᠤᠪᠢᠷᠠᠭᠤᠯᠬᠤ ᠶᠡᠷᠤᠩᠬᠡᠢ᠍ᠢ᠍ᠯᠡᠭᠰᠡᠡ ᠢᠵᠢ ᠪᠦᠷᠢᠳᠦᠭᠰᠡᠡ ᠦᠬᠡᠷᠡᠴᠢᠯᠡᠯᠳᠡ ᠵᠢᠨ ᠲᠤᠷᠰᠢᠯᠳᠠ ᠵᠢᠨ ᠤᠷᠤᠨ ᠪᠤᠯᠤᠨ᠎ᠠ᠃ 12᠎ᠤᠨ ᠦᠳᠡ ᠵᠢᠨ ᠡᠮᠤᠨ᠎ᠡ᠂ ᠰᠢ ᠵᠢᠨ ᠫᠢᠩ ᠱᠠᠨ ᠰᠢ ᠵᠢᠨ ᠬᠦᠭᠵᠢᠯᠳᠡ ᠵᠢᠨ ᠬᠡᠯᠪᠡᠷᠢ᠎ᠪᠠᠨ ᠬᠤᠪᠢᠷᠠᠭᠤᠯᠬᠤ ᠶᠡᠷᠤᠩᠬᠡᠢ᠍ᠢ᠍ᠯᠡᠭᠰᠡᠡ ᠦᠬᠡᠷᠡᠴᠢᠯᠡᠯᠳᠡ ᠵᠢᠨ ᠵᠢᠱ᠌ᠢᠶ᠎ᠡ ᠦᠵᠡᠬᠦᠯᠬᠦ ᠤᠷᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠦᠪ᠎ᠤᠨ ᠦᠬᠡᠷᠡᠴᠢᠯᠡᠯᠳᠡ ᠰᠢᠨᠡᠴᠢᠯᠡᠯᠳᠡ ᠵᠢᠨ ᠦᠵᠡᠬᠦᠯᠬᠡ ᠵᠢᠨ ᠲᠢᠩᠬᠢᠮ᠎ᠳᠤ ᠢᠷᠡᠵᠥ᠂ ᠵᠢᠱ᠌ᠢᠶ᠎ᠡ ᠦᠵᠡᠬᠦᠯᠬᠦ ᠤᠷᠤᠨ᠎ᠤ ᠪᠦᠳᠦᠬᠡᠨ ᠪᠠᠢ᠍ᠢ᠍ᠭᠤᠯᠤᠯᠳᠠ ᠪᠤᠯᠤᠨ ᠡᠵᠡᠩᠨᠡᠯᠳᠡ ᠵᠢᠨ ᠪᠠᠢ᠍ᠢ᠍ᠳᠠᠯ᠎ᠤᠨ ᠲᠠᠨᠢᠯᠴᠠᠭᠤᠯᠭ᠎ᠠ ᠵᠢ ᠰᠤᠨᠤᠰᠴᠦ᠂ ᠰᠢᠨ᠎ᠡ ᠡᠬᠦᠳᠦᠯᠳᠡ ᠵᠢᠨ ᠦᠢ᠍ᠯᠡᠳᠬᠦᠨ᠎ᠤ ᠦᠵᠡᠬᠦᠯᠬᠡ ᠵᠢ ᠪᠠᠢ᠍ᠢ᠍ᠴᠠᠭ᠋ᠠᠨ ᠦᠵᠡᠪᠡ᠃ ᠰᠢ ᠵᠢᠨ ᠫᠢᠩ᠂ ᠤᠷᠳᠤ ᠬᠤᠭᠤᠴᠠᠭ᠋ᠠᠨ᠎ᠤ ᠲᠤᠷᠰᠢ᠂ ᠱᠠᠨ ᠰᠢ ᠨᠡᠬᠦᠷᠡᠰᠤ᠎ᠪᠠᠷ ᠬᠦᠭᠵᠢᠵᠥ᠂ ᠨᠡᠬᠦᠷᠡᠰᠤ᠎ᠪᠠᠷ ᠬᠦᠴᠢᠷᠳᠡᠵᠥ᠂ ᠨᠡᠬᠦᠷᠡᠰᠤ ᠵᠢ ᠯᠡ ᠡᠵᠡᠩᠨᠡᠬᠡᠳ ᠠᠵᠥ ᠦᠢ᠍ᠯᠡᠰ᠎ᠨᠢ ᠲᠠᠩ ᠴᠤᠯᠭᠤᠢ ᠪᠤᠯᠪᠠ᠃ ᠬᠦᠭᠵᠢᠯᠳᠡ ᠵᠢᠨ ᠬᠡᠯᠪᠡᠷᠢ᠎ᠪᠠᠨ ᠬᠤᠪᠢᠷᠡᠭᠤᠯᠬᠤ ᠶᠡᠷᠤᠩᠬᠡᠢ᠍ᠢ᠍ᠯᠡᠭᠰᠡᠡ ᠦᠬᠡᠷᠡᠴᠢᠯᠡᠯᠳᠡ ᠵᠢᠨ ᠵᠢᠱ᠌ᠢᠶ᠎ᠡ ᠦᠵᠡᠬᠦᠯᠬᠦ ᠤᠷᠤᠨ᠎ᠢ ᠪᠦᠳᠦᠬᠡᠨ ᠪᠠᠢ᠍ᠢ᠍ᠭᠤᠯᠬᠤ ᠪᠤᠯ ᠨᠠᠮ᠎ᠤᠨ ᠲᠦᠪ ᠬᠤᠷᠢᠶ᠎ᠡ᠎ᠠᠴᠠ ᠱᠠᠨ ᠰᠢᠳᠤ ᠲᠠᠭ᠋ᠠᠭ᠋ᠠᠯᠭ᠋ᠠᠭᠰᠠᠠ ᠴᠢᠬᠤᠯᠠ ᠡᠬᠦᠷᠬᠡ ᠪᠤᠯᠬᠤ ᠪᠦᠬᠡᠳ ᠱᠠᠨ ᠰᠢ ᠵᠢᠨ ᠬᠡᠯᠪᠡᠷᠢ᠎ᠪᠠᠨ ᠬᠤᠪᠢᠷᠠᠭᠤᠯᠤᠨ ᠬᠦᠭᠵᠢᠬᠦ ᠵᠢ ᠪᠡᠶᠡᠯᠡᠬᠦᠯᠬᠦ ᠵᠠᠩᠬᠢᠯᠠᠭ᠎ᠠ ᠵᠢᠨ ᠠᠷᠭ᠎ᠠ ᠪᠤᠯᠤᠨ᠎ᠠ᠃ ᠱᠠᠨ ᠰᠢ ᠵᠢᠨ᠎ᠬᠢᠨ ᠲᠤᠯᠭ᠋ᠠᠮ ᠪᠤᠳᠤᠯ᠎ᠲᠠᠢ ᠪᠤᠯᠬᠤ ᠬᠡᠷᠡᠭᠳᠠᠢ᠂ ᠨᠡᠩ ᠴᠦ᠍ ᠠᠯᠤᠰ ᠬᠡᠳᠤ ᠵᠢᠨ ᠪᠠᠢ᠍ᠢ᠍ᠯᠳᠤᠬᠤ ᠪᠤᠳᠤᠯᠭ᠎ᠠ ᠵᠢᠨ ᠲᠦᠯᠥᠪᠯᠡᠬᠡᠲᠠᠢ ᠪᠠᠢ᠍ᠢ᠍ᠬᠤ ᠬᠡᠷᠡᠭᠳᠠᠢ᠂ ᠵᠦᠪ ᠪᠠᠢ᠍ᠢ᠍ᠪᠠᠯ ᠦᠷᠬᠦᠯᠵᠢᠯᠡᠨ ᠪᠠᠷᠢᠮᠳᠠᠯᠠᠵᠥ᠂ ᠤᠷᠳᠤ ᠬᠤᠭᠤᠴᠠᠭ᠎ᠠ᠎ᠪᠠᠷ ᠪᠠᠷᠢᠮᠳᠠᠯᠠᠬᠤ ᠬᠡᠷᠡᠭᠳᠡᠢ᠂ ᠠᠬᠢᠨ ᠲᠠᠬᠢᠨ ᠬᠤᠪᠢᠷᠠᠭᠤᠯᠵᠦ ᠪᠤᠯᠬᠤ ᠦᠬᠡᠢ᠂ ᠡᠷᠳᠡᠬᠡᠨ ᠬᠡᠯᠪᠡᠷᠢ᠎ᠪᠠᠨ ᠬᠤᠪᠢᠷᠠᠭᠤᠯᠤᠨ ᠬᠦᠭᠵᠢᠬᠦ ᠰᠢᠨ᠎ᠡ ᠵᠠᠮ᠎ᠢ ᠡᠷᠢᠵᠥ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃
ᠲᠠᠷᠠᠭ᠎ᠡ᠎ᠨᠢ᠂ ᠰᠢ ᠵᠢᠨ ᠫᠢᠩ ᠲᠠᠢ᠍ᠢ᠍ᠶᠤᠸᠠᠨᠤ ᠪᠤᠯᠤᠳ ᠲᠡᠮᠤᠷ᠎ᠤᠨ ᠵᠢᠪᠡᠷᠡᠬᠦ ᠦᠭᠡᠢ ᠪᠤᠯᠤᠳ᠎ᠤᠨ ᠨᠠᠷᠢᠯᠢᠭ ᠪᠦᠰᠡ᠎ᠳᠤ ᠪᠤᠯᠤᠳ᠎ᠤᠨ ᠬᠢᠵᠠᠭ᠋ᠠᠷᠳᠤ ᠺᠤᠮᠫᠠᠨᠢ᠎ᠳᠤ ᠬᠦᠷᠴᠤ ᠰᠢᠨᠵᠢᠯᠡᠨ ᠪᠠᠢ᠍ᠢ᠍ᠴᠠᠭ᠋ᠠᠪᠠ᠃ ᠡᠨᠡ ᠬᠦ᠌ ᠠᠵᠤ ᠠᠬᠤᠢ᠍ᠢ᠍ᠯᠠᠯ᠎ᠨᠢ ᠲᠡᠷᠢᠬᠦᠨ᠎ᠤ ᠦᠢ᠍ᠯᠡᠳᠪᠤᠷᠢᠯᠡᠯ᠎ᠤᠨ ᠤᠷ᠎ᠡ ᠮᠡᠷᠭᠡᠰᠢᠯ᠎ᠳᠡᠭᠡᠨ ᠰᠠᠭᠤᠷᠢᠯᠡᠵᠤ᠂ 《ᠭᠡᠳᠤ ᠨᠢᠮᠭᠡᠨ᠂ ᠭᠡᠳᠤ ᠵᠢᠭᠳᠡ᠂ ᠭᠡᠳᠤ ᠬᠠᠳᠠᠭᠤ》 ᠦᠢ᠍ᠯᠡᠳᠬᠦᠨ᠎ᠤ ᠤᠨᠴᠠᠯᠢᠭ ᠵᠶ᠋ᠠᠷ ᠵᠶ᠋ᠠᠨ ᠦᠳᠳᠡᠷ ᠲᠦᠷᠭᠡᠨ ᠬᠦᠭᠵᠢᠪᠡ᠃ ᠰᠢ ᠵᠢᠨ ᠫᠢᠩ ᠦᠢ᠍ᠯᠡᠳᠪᠤᠷᠢ ᠵᠢᠨ ᠲᠠᠰᠤᠭ᠎ᠲᠤ ᠤᠷᠤᠵᠤ᠂ ᠠᠵᠤ ᠠᠬᠤᠢ᠍ᠢ᠍ᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠭᠰᠡᠨ ᠦᠢ᠍ᠯᠡᠳᠬᠦᠨ᠎ᠤ ᠲᠡᠯᠭᠡᠨ ᠦᠵᠡᠬᠦᠯᠭᠡ ᠵᠢ ᠪᠠᠢ᠍ᠢ᠍ᠴᠠᠭ᠋ᠠᠨ ᠦᠵᠡᠵᠤ᠂ ᠠᠵᠤ ᠠᠬᠤᠢ᠍ᠢ᠍ᠯᠠᠯ᠎ᠤᠨ ᠠᠵᠢᠯᠯᠠᠭ᠋ᠠᠨ᠎ᠤ ᠪᠠᠢ᠍ᠢ᠍ᠳᠠᠯ᠎ᠢ ᠤᠢ᠍ᠢ᠍ᠯᠠᠭ᠋ᠠᠪᠠ᠃ ᠬᠢᠯᠠᠭ᠋ᠠᠷ ᠮᠠᠰᠢᠨ ᠴᠤᠬ᠍ᠴᠠᠯᠠᠪᠤᠷᠢ ᠵᠢᠨ ᠡᠮᠤᠨ᠎ᠡ᠂ ᠰᠢ ᠵᠢᠨ ᠫᠢᠩ 0.02 ᠮᠢᠯᠢᠮᠧᠲᠷ ᠯᠡ ᠵᠤᠵᠠᠭ᠋ᠠᠨ ᠵᠢᠪᠡᠷᠡᠬᠦ ᠦᠭᠡᠢ ᠪᠤᠯᠤᠳ᠎ᠤᠨ ᠢᠯᠳᠡᠰᠤ ᠵᠢᠨ 《ᠭᠡᠳᠤ ᠨᠢᠮᠭᠡᠨ ᠪᠤᠯᠤᠳ》 ᠦᠢ᠍ᠯᠡᠳᠬᠦᠨ᠎ᠢ ᠮᠠᠰᠢ ᠤᠷᠮ᠎ᠡ᠎ᠲᠠᠢ ᠰᠤᠨᠢᠷᠬᠠᠪᠠ᠃ ᠰᠢ ᠵᠢᠨ ᠫᠢᠩ᠂ ᠦᠢ᠍ᠯᠡᠳᠬᠦᠨ ᠪᠤᠯᠤᠨ ᠮᠡᠷᠭᠡᠵᠢᠯ ᠪᠤᠯ ᠠᠵᠤ ᠠᠬᠤᠢ᠍ᠢ᠍ᠯᠠᠯ᠎ᠤᠨ ᠤᠷᠤᠰᠢᠨ ᠲᠤᠬᠳᠠᠨᠢᠬᠤ ᠦᠨᠳᠤᠰᠤ ᠮᠦᠨ᠃ ᠠᠵᠤ ᠠᠬᠤᠢ᠍ᠢ᠍ᠯᠠᠯ᠎ᠤᠨ᠎ᠬᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠬᠦᠳᠬᠦ ᠲᠡᠯ᠎ᠡ᠎ᠪᠠᠷ ᠴᠤᠴᠠᠯᠳᠠ ᠦᠭᠡᠢ ᠴᠢᠷᠮᠠᠢ᠍ᠢ᠍ᠵᠤ᠂ ᠵᠤᠷᠢᠬᠳᠠᠢ᠎ᠪᠠᠷ ᠦᠨᠳᠤᠷ ᠤᠷᠬᠢᠯ᠎ᠳᠤ ᠠᠪᠠᠷᠢᠵᠤ᠂ ᠲᠡᠷᠢᠬᠦᠨ᠎ᠤ ᠦᠢ᠍ᠯᠡᠳᠬᠦ ᠦᠢ᠍ᠯᠡᠰ᠎ᠤᠨ ᠬᠦᠭᠵᠢᠯᠳᠠ ᠵᠢ ᠲᠤᠯᠭ᠋ᠠᠭᠤᠷᠢᠯᠠᠬᠤ ᠲᠠᠯ᠎ᠡ᠎ᠪᠠᠷ ᠨᠡᠩ ᠶᠡᠭᠡ ᠰᠢᠨ᠎ᠡ ᠠᠯᠬᠤᠮ᠎ᠢ ᠠᠯᠬᠤᠬᠤ ᠭᠡᠷᠡᠭᠳᠠᠢ᠃ ᠤᠳᠤᠬᠠᠨ᠎ᠳᠤ᠂ ᠪᠦᠬᠦ ᠤᠯᠤᠰ᠎ᠤᠨ ᠬᠢᠵᠢᠭ᠎ᠢ ᠰᠡᠷᠭᠡᠢ᠍ᠢ᠍ᠯᠡᠬᠦ ᠠᠵᠢᠯ ᠰᠢᠨ᠎ᠡ ᠱᠠᠳᠤᠨ᠎ᠳᠤ ᠤᠷᠤᠪᠠ᠂ ᠯᠤᠳᠤ ᠶᠡᠭᠡ ᠪᠠᠢ᠍ᠢ᠍ᠯᠳᠤᠬᠤ ᠪᠤᠳᠤᠯᠭ᠎ᠡ ᠵᠢᠨ ᠦᠷ᠎ᠡ ᠪᠦᠳᠦᠮᠵᠢ ᠤᠯᠬᠤ ᠵᠢᠨ ᠵᠡᠷᠭᠡ᠎ᠪᠠᠷ ᠭᠠᠳᠠᠨ᠎ᠡ᠎ᠠᠴᠠ ᠬᠠᠯᠳᠠᠪᠤᠷᠢᠯᠡᠨ ᠤᠷᠤᠵᠤ ᠢᠷᠠᠬᠦ ᠵᠢ ᠰᠡᠷᠭᠡᠢ᠍ᠢ᠍ᠯᠡᠬᠦ᠂ ᠲᠤᠳᠤᠭ᠋ᠠᠳᠤ᠎ᠳᠠᠭᠠᠨ ᠲᠠᠬᠢᠨ ᠡᠬᠦᠰᠬᠦ ᠵᠢ ᠰᠡᠷᠭᠡᠢ᠍ᠢ᠍ᠯᠡᠬᠦ ᠲᠠᠷᠤᠯᠳᠠᠳᠤ ᠲᠤᠯᠭ᠋ᠠᠷᠠᠵᠤ ᠪᠠᠢ᠍ᠢ᠍ᠨ᠎ᠡ᠂ ᠠᠵᠤ ᠠᠬᠤᠢ᠍ᠢ᠍ᠯᠠᠯ᠎ᠤᠨ᠎ᠬᠢᠨ ᠠᠯᠮᠠᠢ᠍ᠢ᠍ᠷᠠᠨ ᠲᠠᠢ᠍ᠢ᠍ᠪᠤᠰᠢᠷᠠᠵᠤ ᠡᠷᠴᠢ᠎ᠪᠠᠨ ᠰᠤᠯᠠᠷᠠᠭᠤᠯᠵᠤ ᠪᠤᠯᠬᠤ ᠦᠭᠡᠢ᠂ ᠡᠯ᠎ᠡ ᠵᠦᠢ᠍ᠯ᠎ᠤᠨ ᠰᠡᠷᠭᠡᠢ᠍ᠢ᠍ᠯᠡᠯᠳᠠ ᠵᠢᠨ ᠠᠷᠭ᠎ᠡ ᠬᠡᠮᠵᠢᠶ᠎ᠡ ᠵᠢ ᠦᠷᠬᠦᠯᠵᠢᠯᠡᠨ ᠴᠢᠨᠭᠭ᠎ᠡ ᠠᠳᠬᠤᠵᠤ ᠪᠤᠳᠠᠳᠠᠢ ᠠᠳᠬᠤᠨ ᠨᠠᠷᠢᠯᠢᠭ ᠠᠳᠬᠤᠵᠤ᠂ ᠨᠡᠩ ᠰᠠᠢ᠍ᠢ᠍ᠨ ᠵᠶ᠋ᠠᠷ ᠠᠵᠢᠯ ᠵᠶ᠋ᠠᠨ ᠰᠡᠷᠬᠦᠭᠡᠵᠤ ᠦᠢ᠍ᠯᠡᠳᠪᠤᠷᠢᠯᠡᠯ ᠵᠶ᠋ᠠᠨ ᠰᠡᠷᠬᠦᠭᠡᠵᠤ᠂ ᠠᠶᠤᠯᠬᠦᠢ ᠦᠢ᠍ᠯᠡᠳᠪᠤᠷᠢᠯᠡᠯ᠂ ᠡᠷᠡᠬᠦᠯ ᠡᠨᠭᠭᠡ ᠦᠢ᠍ᠯᠡᠳᠪᠤᠷᠢᠯᠡᠯ᠎ᠢ ᠪᠠᠶᠠᠯᠡᠬᠦᠯᠵᠤ᠂ ᠠᠯᠳᠠᠬᠰᠡᠨ ᠴᠠᠭ ᠬᠤᠭᠤᠴᠠᠭ᠎ᠡ᠎ᠪᠠᠨ ᠡᠭᠡᠬᠦᠯᠦᠨ ᠠᠪᠴᠢᠷᠠᠵᠤ᠂ ᠡᠨᠡ ᠵᠢᠯ᠎ᠤᠨ ᠬᠠᠷᠠᠯᠳᠠ ᠡᠬᠦᠷᠭᠡ᠎ᠪᠠᠨ ᠴᠢᠷᠮᠠᠢ᠍ᠢ᠍ᠨ ᠪᠡᠶᠡᠯᠡᠬᠦᠯᠬᠦ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠹᠸᠨᠾᠸ ᠭᠤᠤᠯ ᠪᠤᠯ ᠱᠠᠨ ᠰᠢ ᠵᠢᠨ ᠡᠵᠢ ᠭᠤᠤᠯ ᠪᠤᠯᠬᠤ ᠪᠦᠭᠡᠳ ᠪᠠᠰᠠ ᠬᠠᠳᠤᠨ ᠭᠤᠤᠯ᠎ᠤᠨ ᠬᠤᠶᠠᠳᠤᠭ᠋ᠠᠷ ᠶᠡᠭᠡ ᠰᠠᠯᠪᠤᠷᠢ ᠤᠷᠤᠰᠬᠠᠯ ᠪᠤᠯᠤᠨ᠎ᠠ᠂ ᠲᠠᠢ᠍ᠢ᠍ᠶᠤᠸᠠᠨ ᠬᠤᠳᠠ ᠵᠢᠨ ᠲᠤᠭᠤᠷᠢᠭ᠎ᠲᠤ 9 ᠭᠤᠤᠯ ᠰᠠᠯᠪᠤᠷᠢ ᠤᠷᠤᠰᠬᠠᠯ ᠪᠤᠢ᠃ ᠲᠡᠤᠭᠡᠨ ᠰᠢᠯᠳᠠᠭ᠋ᠠᠨ᠎ᠠᠴᠠ ᠪᠤᠯᠵᠤ᠂ ᠹᠸᠨᠾᠸ ᠭᠤᠤᠯ᠎ᠤᠨ ᠤᠰᠤ᠎ᠨᠢ ᠨᠢᠭᠡ ᠦᠶ᠎ᠡ ᠬᠦᠨᠳᠤ ᠨᠤᠴᠢᠳᠠᠢ ᠪᠤᠬᠢᠷᠳᠤᠵᠤ ᠦᠨᠭᠭᠡᠷᠡᠪᠡ᠃ 2017 ᠡᠤᠨᠤ 6 ᠰᠠᠷ᠎ᠡ᠎ᠳᠤ᠂ ᠰᠢ ᠵᠢᠨ ᠫᠢᠩ ᠱᠠᠨ ᠰᠢᠳᠤ ᠰᠢᠨᠵᠢᠯᠡᠨ ᠪᠠᠢ᠍ᠢ᠍ᠴᠠᠭ᠋ᠠᠬᠤ᠎ᠳᠠᠭᠠᠨ ᠹᠸᠨᠾᠸ ᠭᠤᠤᠯ᠎ᠤᠨ 《ᠤᠰᠤᠨ᠎ᠤ ᠬᠡᠮᠵᠢᠶ᠎ᠡ ᠵᠢ᠎ᠨᠢ ᠨᠡᠮᠡᠭᠳᠡᠭᠦᠯᠵᠦ᠂ ᠤᠰᠤᠨ᠎ᠤ ᠴᠢᠨᠠᠷ᠎ᠢ᠎ᠨᠢ ᠰᠠᠢ᠍ᠢ᠍ᠵᠢᠷᠠᠭᠤᠯᠤᠨ᠂ ᠦᠵᠡᠮᠵᠢ ᠵᠢ᠎ᠨᠢ ᠭᠤᠶᠤᠵᠢᠭᠤᠯᠬᠤ》 ᠱᠠᠭ᠋ᠠᠷᠳᠠᠯᠭ᠎ᠡ ᠲᠤᠷᠠᠳᠪᠠ᠃ ᠹᠸᠨᠾᠸ ᠭᠤᠤᠯ᠎ᠤᠨ ᠤᠰᠤᠨ᠎ᠤ ᠴᠢᠨᠠᠷ᠎ᠢ ᠲᠡᠭᠡᠭᠰᠢᠯᠡᠬᠦᠯᠵᠤ᠂ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠢ ᠰᠠᠢ᠍ᠢ᠍ᠵᠢᠷᠠᠭᠤᠯᠬᠤ ᠵᠢᠨ ᠲᠦᠯᠦᠭᠡ᠂ ᠲᠠᠢ᠍ᠢ᠍ᠶᠤᠸᠠᠨ ᠬᠤᠳᠠ 《ᠶᠢᠰᠦᠨ ᠭᠤᠤᠯ》᠎ᠢ ᠶᠡᠷᠤᠨᠭ᠌ᠭᠡᠢ᠍ᠢ᠍ᠯᠡᠨ ᠵᠠᠰᠠᠬᠤ ᠢᠨᠵᠸᠨ᠋ᠸᠷᠢᠩ᠎ᠢ ᠬᠡᠷᠡᠭᠵᠢᠭᠦᠯᠵᠦ᠂ 2018 ᠤᠨ᠎ᠳᠤ ᠪᠦᠬᠦ ᠲᠠᠯ᠎ᠡ᠎ᠪᠠᠷ ᠠᠵᠢᠯ ᠵᠶ᠋ᠠᠨ ᠲᠠᠭᠤᠰᠬᠠᠪᠠ᠃ 12᠎ᠤᠨ ᠦᠳᠠ᠎ᠳᠤ᠂ ᠰᠢ ᠵᠢᠨ ᠫᠢᠩ ᠹᠸᠨᠾᠸ ᠭᠤᠤᠯ᠎ᠤᠨ ᠲᠠᠢ᠍ᠢ᠍ᠶᠤᠸᠠᠨᠤ ᠬᠤᠳᠠ ᠵᠢᠨ ᠲᠤᠭᠤᠷᠢᠭ᠎ᠲᠠᠬᠢ ᠵᠢᠨᠶᠠᠩ ᠬᠦᠬᠦᠷᠭᠡ ᠵᠢᠨ ᠭᠡᠰᠡᠭ᠎ᠲᠤ ᠲᠤᠰᠬᠠᠢ᠍ᠢ᠍ᠯᠠᠨ ᠬᠦᠷᠴᠤ᠂ ᠲᠠᠢ᠍ᠢ᠍ᠶᠤᠸᠠᠨ ᠬᠤᠳᠠ ᠵᠢᠨ ᠹᠸᠨᠾᠸ ᠭᠤᠤᠯ ᠵᠢᠴᠢ 《ᠶᠢᠰᠦᠨ ᠭᠤᠤᠯ》᠎ᠢ ᠶᠡᠷᠤᠨᠭ᠌ᠭᠡᠢ᠍ᠢ᠍ᠯᠡᠨ ᠵᠠᠰᠬᠠᠤ᠂ ᠰᠠᠪᠠ ᠭᠠᠵᠠᠷ᠎ᠤᠨ ᠠᠮᠢ ᠠᠬᠤᠢ ᠵᠢ ᠵᠠᠰᠠᠨ ᠰᠡᠷᠬᠦᠭᠡᠬᠦ ᠵᠡᠷᠭᠡ ᠪᠠᠢ᠍ᠢ᠍ᠳᠠᠯ᠎ᠤᠨ ᠬᠠᠷᠢᠭᠤ ᠮᠡᠳᠡᠬᠦᠯᠦᠯᠳᠠ ᠵᠢ ᠰᠤᠨᠤᠰᠴᠤ᠂ ᠹᠸᠨᠾᠸ ᠭᠤᠤᠯ᠎ᠤᠨ ᠤᠰᠤᠨ᠎ᠤ ᠵᠠᠰᠠᠯᠳᠠ ᠵᠢᠴᠢ ᠬᠤᠶᠠᠷ ᠬᠦᠪᠡᠭᠡᠨ᠎ᠤ ᠠᠮᠢ ᠠᠬᠤᠢ ᠵᠢᠨ ᠬᠠᠮᠠᠭ᠋ᠠᠯᠠᠯᠳᠠ᠂ ᠬᠤᠳᠠ ᠵᠢᠨ ᠤᠷᠴᠢᠨ ᠲᠤᠭᠤᠷᠢᠨ᠎ᠤ ᠪᠦᠳᠦᠭᠡᠨ ᠪᠠᠢ᠍ᠢ᠍ᠭᠤᠯᠤᠯᠳᠠ ᠵᠡᠷᠭᠡ ᠪᠠᠢ᠍ᠢ᠍ᠳᠠᠯ᠎ᠢ ᠭᠤᠤᠯ᠎ᠤᠨ ᠬᠦᠪᠡᠭᠡ ᠲᠠᠭ᠋ᠠᠤ ᠶᠠᠪᠠᠭ᠋ᠠᠨ ᠵᠶ᠋ᠠᠷ ᠪᠠᠢ᠍ᠢ᠍ᠴᠠᠭ᠋ᠠᠨ ᠦᠵᠡᠵᠤ᠂ ᠲᠠᠢ᠍ᠢ᠍ᠶᠤᠸᠠᠨᠤ ᠹᠸᠨᠾᠸ ᠭᠤᠤᠯ᠎ᠤᠨ ᠬᠦᠪᠡᠭᠡ ᠲᠠᠭ᠋ᠠᠤ ᠠᠮᠢ ᠠᠬᠤᠢ ᠤᠷᠴᠢᠨ ᠲᠤᠭᠤᠷᠢᠨ᠎ᠤ ᠯᠤᠳᠤ ᠶᠡᠭᠡ ᠬᠤᠪᠢᠷᠠᠯᠳᠠ᠎ᠳᠤ ᠪᠠᠶᠠᠷᠯᠠᠵᠤ ᠪᠠᠢ᠍ᠢ᠍ᠬᠤ᠎ᠪᠠᠨ ᠢᠯᠡᠳᠭᠡᠪᠡ᠃ ᠰᠢ ᠵᠢᠨ ᠫᠢᠩ᠂ ᠹᠸᠨᠾᠸ ᠭᠤᠤᠯ᠎ᠢ ᠵᠠᠰᠠᠬᠤ᠎ᠨᠢ ᠱᠠᠨ ᠰᠢ ᠵᠢᠨ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠪᠠ ᠠᠵᠤ ᠠᠬᠤᠢ ᠵᠢᠨ ᠬᠦᠭᠵᠢᠯᠳᠠ᠎ᠲᠠᠢ ᠬᠤᠯᠪᠤᠬᠳᠠᠬᠤ ᠪᠦᠭᠡᠳ ᠪᠠᠰᠠ ᠲᠠᠢ᠍ᠢ᠍ᠶᠤᠸᠠᠨ ᠴᠢᠨᠠᠬᠰᠢᠯᠠᠪᠠᠯ ᠱᠠᠨ ᠰᠢ ᠵᠢᠨ ᠲᠡᠤᠭᠡ ᠰᠤᠶᠤᠯ᠎ᠤᠨ ᠤᠯᠠᠮᠵᠢᠯᠠᠯ᠎ᠲᠠᠢ ᠬᠤᠯᠪᠤᠬᠳᠠᠨ᠎ᠠ᠃ ᠠᠭᠤᠯᠠ ᠤᠰᠤ ᠤᠢ ᠮᠤᠳᠤ ᠨᠠᠭᠤᠷ ᠪᠦᠷᠢ᠎ᠳᠤ ᠨᠤᠳᠤᠭ ᠪᠡᠯᠴᠢᠭᠡᠷ᠎ᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠬᠦᠭᠡᠬᠦ ᠵᠢ ᠪᠠᠷᠢᠮᠳᠠᠯᠠᠵᠤ᠂ ᠰᠠᠪᠠ ᠭᠠᠵᠠᠷ᠎ᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢ ᠠᠬᠢᠭᠤᠯᠬᠤ ᠪᠠ ᠡᠨ᠋ᠸᠷᠬᠢ ᠵᠢᠨ ᠬᠤᠪᠢᠰᠬᠠᠯ᠎ᠢ ᠠᠬᠢᠭᠤᠯᠬᠤ᠂ ᠪᠤᠬᠢᠷᠳᠦᠯ ᠦᠭᠡᠢ ᠦᠢ᠍ᠯᠡᠳᠪᠤᠷᠢᠯᠡᠯ ᠠᠮᠢᠳᠤᠷᠠᠯ᠎ᠤᠨ ᠠᠷᠭ᠎ᠡ ᠬᠡᠯᠪᠡᠷᠢ ᠵᠢ ᠭᠡᠷᠡᠭᠵᠢᠬᠦᠯᠬᠦ᠂ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠬᠦᠭᠵᠢᠬᠦ ᠵᠢ ᠠᠬᠢᠭᠤᠯᠬᠤ ᠵᠢ ᠨᠢᠭᠡᠳᠦᠯᠳᠠᠢ ᠲᠦᠯᠦᠪᠵᠢᠬᠦᠯᠵᠤ᠂ ᠠᠭᠤᠯᠠ ᠵᠢ ᠵᠠᠰᠬᠠᠤ᠂ ᠤᠰᠤ ᠵᠢ ᠵᠠᠰᠠᠬᠤ᠂ ᠠᠭ᠋ᠠᠷ ᠮᠠᠨᠳᠠᠯ᠎ᠤᠨ ᠪᠤᠬᠢᠷᠳᠦᠯ᠎ᠢ ᠵᠠᠰᠬᠠᠤ᠂ ᠬᠤᠳᠠ ᠵᠢ ᠵᠠᠰᠠᠬᠤ ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠦᠷᠬᠦᠯᠵᠢᠯᠡᠨ ᠬᠦᠴᠤᠯᠠᠵᠤ᠂ 《ᠦᠵᠡᠰᠬᠦᠯᠡᠨᠭᠳᠤ ᠰᠠᠢ᠍ᠢ᠍ᠬᠠᠨ ᠲᠠᠢ᠍ᠢ᠍ᠶᠤᠸᠠᠨ ᠬᠤᠳᠠ》 ᠵᠢᠨ ᠬᠦᠭᠵᠢᠶᠠᠨᠳᠤ ᠪᠠᠢ᠍ᠢ᠍ᠳᠠᠯ᠎ᠢ ᠲᠠᠬᠢᠨ ᠢᠯᠡᠷᠡᠬᠦᠯᠵᠤ᠂ ᠲᠠᠢ᠍ᠢ᠍ᠶᠤᠸᠠᠨᠤ ᠲᠠᠳᠠᠬᠤ ᠬᠦᠴᠤᠨ᠂ ᠨᠦᠯᠦᠭᠡᠯᠡᠬᠦ ᠬᠦᠴᠤᠨ᠎ᠢ ᠲᠠᠰᠤᠷᠠᠯᠳᠠ ᠦᠭᠡᠢ ᠴᠢᠨᠭ᠌ᠭ᠋ᠠᠳᠬᠠᠵᠤ᠂ ᠲᠠᠢ᠍ᠢ᠍ᠶᠤᠸᠠᠨᠤ ᠠᠷᠠᠳ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠢᠷᠭ᠋ᠠᠯᠳᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠮᠡᠭᠳᠡᠬᠦᠯᠬᠦ ᠭᠡᠷᠡᠭᠳᠠᠢ ᠭᠡᠵᠦ ᠵᠢᠭ᠋ᠠᠵᠦ ᠭᠠᠷᠭ᠋ᠠᠪᠠ᠃ ᠭᠤᠤᠯ᠎ᠤᠨ ᠬᠦᠪᠡᠭᠡ᠎ᠪᠠᠷ᠂ ᠮᠠᠰᠢ ᠤᠯᠠᠨ ᠬᠤᠳᠠ ᠵᠢᠨ ᠠᠷᠠᠳ ᠶᠠᠭ ᠰᠠᠢ᠍ᠢ᠍ᠬᠠᠨ ᠰᠡᠯᠡᠬᠦᠴᠡᠨ ᠲᠤᠭᠤᠷᠢᠵᠤ ᠪᠠᠶ᠎ᠡ᠎ᠪᠠᠨ ᠴᠢᠬᠢᠷᠠᠭᠵᠢᠭᠤᠯᠵᠦ ᠪᠠᠢ᠍ᠢ᠍ᠯᠡ᠂ ᠶᠡᠷᠤᠨᠭ᠌ᠭᠡᠢ ᠱᠦᠵᠢ ᠵᠢᠨ ᠬᠦᠷᠴᠤ ᠢᠷᠡᠭᠰᠡᠨ᠎ᠢ ᠤᠯᠵᠤ ᠦᠵᠡᠭᠡᠳ᠂ ᠪᠠᠶᠠᠷᠯᠡᠯᠳᠤᠨ ᠬᠦᠭᠡᠷᠤᠯᠳᠤᠵᠤ ᠪᠦᠬᠦᠳᠡᠭᠡᠷ ᠬᠦᠷᠢᠶᠠᠯᠡᠨ ᠢᠷᠡᠵᠤ ᠶᠡᠷᠤᠨᠭ᠌ᠭᠡᠢ ᠱᠦᠵᠢ᠎ᠲᠠᠢ ᠮᠡᠨᠳᠦᠴᠢᠯᠡᠨ᠎ᠡ᠃ ᠰᠢ ᠵᠢᠨ ᠫᠢᠩ ᠤᠯᠠᠨ᠎ᠤ ᠪᠡᠶ᠎ᠡ ᠮᠠᠬᠠᠪᠤᠳ ᠡᠷᠡᠬᠦᠯ ᠴᠢᠬᠢᠷᠠᠭ᠂ ᠠᠵᠤ ᠠᠮᠢᠳᠤᠷᠠᠯ ᠪᠠᠶᠠᠷ ᠬᠦᠷ᠎ᠲᠠᠢ ᠪᠠᠢ᠍ᠢ᠍ᠬᠤ ᠵᠢ ᠬᠦᠰᠡᠨ ᠵᠦᠨᠭᠨᠡᠪᠡ᠃
12᠎ᠤᠨ ᠦᠳᠠ ᠵᠢᠨ ᠬᠤᠢ᠍ᠢ᠍ᠨᠡ᠂ ᠰᠢ ᠵᠢᠨ ᠫᠢᠩ ᠱᠠᠨ ᠰᠢ ᠮᠤᠵᠢ ᠵᠢᠨ ᠨᠠᠮ᠎ᠤᠨ ᠬᠤᠷᠢᠶ᠎ᠡ ᠪᠤᠯᠤᠨ ᠮᠤᠵᠢ ᠵᠢᠨ ᠵᠠᠰᠠᠭ᠎ᠤᠨ ᠤᠷᠳᠤᠨ᠎ᠤ ᠠᠵᠢᠯ᠎ᠤᠨ ᠬᠠᠷᠢᠭᠤ ᠮᠡᠳᠡᠬᠦᠯᠦᠯᠳᠠ ᠵᠢ ᠰᠤᠨᠤᠰᠴᠤ᠂ ᠱᠠᠨ ᠰᠢ ᠵᠢᠨ ᠡᠯ᠎ᠡ ᠵᠦᠢ᠍ᠯ᠎ᠤᠨ ᠠᠵᠢᠯ᠎ᠢ ᠨᠤᠳᠠᠯᠠᠪᠠ᠃ ᠰᠢ ᠵᠢᠨ ᠫᠢᠩ᠂ ᠤᠳᠤᠬᠠᠨ᠎ᠳᠤ ᠮᠠᠨ᠎ᠤ ᠤᠯᠤᠰ ᠭᠠᠳᠠᠨ᠎ᠡ᠎ᠠᠴᠠ ᠬᠠᠯᠳᠠᠪᠤᠷᠢᠯᠡᠨ ᠤᠷᠤᠵᠤ ᠢᠷᠠᠬᠦ ᠵᠢ ᠰᠡᠷᠭᠡᠢ᠍ᠢ᠍ᠯᠡᠬᠦ ᠲᠠᠷᠤᠯᠳᠠ ᠦᠷᠬᠦᠯᠵᠢᠯᠡᠨ ᠨᠡᠮᠡᠭᠳᠡᠵᠦ᠂ ᠤᠯᠤᠰ᠎ᠤᠨ ᠲᠤᠳᠤᠭ᠋ᠠᠳᠤ᠎ᠳᠤ ᠬᠢᠵᠢᠭ᠎ᠤᠨ ᠪᠠᠢ᠍ᠢ᠍ᠳᠠᠯ ᠲᠠᠬᠢᠨ ᠡᠬᠦᠰᠬᠦ ᠠᠶᠤᠯ ᠲᠦᠭᠰᠢᠬᠦᠷᠢ ᠤᠷᠤᠰᠢᠬᠰᠠᠭ᠋ᠠᠷ ᠪᠠᠢ᠍ᠢ᠍ᠨ᠎ᠡ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠡᠨᠡ ᠬᠦ᠌ ᠰᠢᠵᠢᠮ᠎ᠢ ᠴᠢᠩᠭ᠋ᠠᠯᠠᠵᠦ᠂ ᠭᠠᠳᠠᠨ᠎ᠡ᠎ᠠᠴᠠ ᠬᠠᠯᠳᠠᠪᠤᠷᠢᠯᠡᠨ ᠤᠷᠤᠵᠤ ᠢᠷᠠᠬᠦ ᠵᠢ ᠰᠡᠷᠭᠡᠢ᠍ᠢ᠍ᠯᠡᠵᠤ᠂ ᠲᠤᠳᠤᠭ᠋ᠠᠳᠤ᠎ᠳᠠᠭᠠᠨ ᠲᠠᠬᠢᠨ ᠡᠬᠦᠰᠬᠦ ᠵᠢ ᠰᠡᠷᠭᠡᠢ᠍ᠢ᠍ᠯᠡᠬᠦ ᠵᠢ ᠪᠠᠷᠢᠮᠳᠠᠯᠠᠵᠤ᠂ ᠪᠠᠢ᠍ᠢ᠍ᠨᠭ᠌ᠭᠤᠵᠢᠬᠰᠡᠨ ᠰᠡᠷᠭᠡᠢ᠍ᠢ᠍ᠯᠡᠨ ᠡᠵᠡᠮᠳᠡᠬᠦ ᠲᠤᠬᠳᠠᠴᠠ ᠵᠢ ᠲᠡᠬᠦᠯᠳᠡᠷᠵᠢᠬᠦᠯᠵᠤ᠂ ᠬᠢᠵᠢᠭ᠎ᠤᠨ ᠪᠠᠢ᠍ᠢ᠍ᠳᠠᠯ᠎ᠤᠨ ᠰᠢᠨ᠎ᠡ᠎ᠪᠠᠷ ᠦᠷᠪᠢᠰᠦᠨ ᠲᠡᠯᠭᠡᠷᠡᠬᠦ ᠴᠡᠭ᠎ᠢ ᠡᠷᠡᠰ ᠰᠡᠷᠭᠡᠢ᠍ᠢ᠍ᠯᠡᠵᠤ᠂ ᠶᠠᠭ᠋ᠠᠬᠢᠬᠰᠡᠨ ᠴᠤ᠌ ᠤᠷᠢᠳᠤᠬᠢ ᠴᠢᠷᠮᠠᠢ᠍ᠢ᠍ᠯᠭ᠎ᠡ᠎ᠪᠠᠨ ᠲᠠᠯᠠᠭ᠋ᠠᠷᠳᠠᠭᠤᠯᠵᠦ ᠪᠤᠯᠬᠤ ᠦᠭᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠠᠵᠤ ᠠᠬᠤᠢ᠍ᠢ᠍ᠯᠠᠯ᠎ᠤᠨ ᠤᠢ᠍ᠢ᠍ᠯᠡᠳᠪᠤᠷᠢᠯᠡᠯ ᠡᠵᠡᠩᠨᠠᠯᠳᠠ᠎ᠪᠠᠨ ᠰᠡᠷᠬᠦᠬᠡᠬᠦ᠎ᠳᠤ ᠲᠤᠯᠭ᠋ᠠᠷᠠᠵᠤ ᠪᠦᠬᠦᠢ ᠡᠯ᠎ᠠ ᠵᠤᠢ᠍ᠢ᠍ᠯ᠎ᠤᠨ ᠬᠦᠴᠢᠷᠳᠠᠯ ᠪᠤᠯᠤᠨ ᠠᠰᠠᠭᠤᠳᠠᠯ᠎ᠢ ᠨᠡᠩ ᠴᠠᠬ ᠲᠤᠬᠠᠢᠳᠤᠨᠢ ᠪᠦᠳᠤᠮᠵᠢᠳᠠᠢ᠎ᠪᠠᠷ ᠰᠢᠢ᠍ᠳᠪᠤᠷᠢᠯᠠᠵᠤ᠂ ᠳᠤᠳᠤᠭ᠋ᠠᠳᠤ ᠭᠡᠷᠡᠭᠴᠡᠬᠡ ᠵᠢ ᠦᠷᠬᠡᠳᠬᠡᠬᠦ ᠡᠯ᠎ᠠ ᠵᠤᠢ᠍ᠢ᠍ᠯ᠎ᠤᠨ ᠲᠦᠷᠤ ᠵᠢᠨ ᠪᠤᠳᠤᠯᠭ᠎ᠠ ᠠᠷᠭ᠎ᠠ ᠬᠡᠮᠵᠢᠶ᠎ᠠ ᠵᠢ ᠪᠤᠳᠠᠳᠠᠢ ᠠᠳᠬᠤᠵᠤ᠂ ᠪᠤᠳᠠᠳᠤ ᠴᠤᠬ᠍ᠴᠠ ᠵᠢᠨ ᠠᠵᠤ ᠠᠬᠤᠢ ᠢᠯᠠᠩᠭᠤᠶ᠎ᠠ ᠤᠢ᠍ᠢ᠍ᠯᠡᠳᠬᠦ ᠤᠢ᠍ᠢ᠍ᠯᠡᠰᠢ ᠬᠦᠴᠦᠷᠭᠡᠭᠵᠢᠬᠦᠯᠤᠨ ᠰᠢᠯᠢᠳᠡᠭᠵᠢᠬᠦᠯᠵᠤ᠂ ᠴᠢᠬᠤᠯᠡ ᠶᠡᠬᠡ ᠪᠡᠯᠡ ᠤᠷᠤᠭᠤᠯᠤᠯᠳᠠ ᠵᠢᠨ ᠲᠦᠷᠤᠯ ᠵᠤᠢ᠍ᠢ᠍ᠯ᠎ᠤᠨ ᠲᠠᠭ᠋ᠠᠭᠤᠯᠬᠤ ᠤᠢ᠍ᠢ᠍ᠯᠡᠳᠤᠯ᠎ᠢ ᠪᠠᠳᠠᠷᠠᠭᠤᠯᠵᠤ᠂ ᠡᠨ᠋ᠸᠷᠬᠢ ᠵᠢᠨ ᠬᠤᠪᠢᠰᠬᠠᠯ᠎ᠤᠨ ᠶᠠᠷᠤᠩᠬᠡᠢ᠍ᠢ᠍ᠯᠡᠭᠰᠡᠨ ᠦᠬᠡᠷᠡᠴᠢᠯᠠᠯᠳᠠ ᠵᠢᠨ ᠲᠤᠷᠰᠢᠯᠳᠠ ᠵᠢᠨ ᠱᠠᠭ᠋ᠠᠷᠳᠠᠯᠭ᠎ᠠ ᠵᠢ ᠰᠠᠢ᠍ᠢ᠍ᠳᠤᠷ ᠨᠠᠢ᠍ᠢ᠍ᠳᠠᠪᠤᠷᠢᠵᠢᠭᠤᠯᠵᠤ᠂ ᠠᠵᠤ ᠤᠢ᠍ᠢ᠍ᠯᠡᠰ᠎ᠤᠨ ᠪᠦᠳᠤᠴᠠᠳᠤ ᠲᠤᠬᠢᠷᠠᠭᠤᠯᠤᠯᠳᠠ ᠬᠢᠵᠤ ᠰᠢᠯᠢᠳᠡᠭᠵᠢᠬᠦᠯᠬᠦ ᠵᠢ ᠦᠷᠬᠦᠯᠵᠢᠯᠠᠨ ᠠᠬᠢᠭᠤᠯᠵᠤ᠂ ᠨᠢᠬᠡ ᠪᠦᠯᠦᠭ ᠬᠤᠪᠢᠰᠤᠯᠳᠠ ᠵᠢᠨ ᠴᠢᠨᠠᠷᠳᠠᠢ᠂ ᠬᠦᠳᠤᠯᠤᠨ ᠲᠠᠢ᠍ᠢ᠍ᠴᠢᠯᠠᠬᠤ ᠴᠢᠨᠠᠷᠳᠠᠢ᠂ ᠪᠡᠯᠭᠡ ᠲᠡᠮᠳᠡᠭ᠎ᠤᠨ ᠴᠢᠨᠠᠷᠳᠠᠢ ᠠᠷᠭ᠎ᠠ ᠬᠡᠮᠵᠢᠶ᠎ᠠ ᠵᠢ ᠭᠡᠷᠡᠭᠵᠢᠬᠦᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠰᠢᠨ᠎ᠠ ᠵᠢ ᠡᠬᠦᠳᠬᠦ ᠵᠢ ᠶᠡᠬᠡ᠎ᠪᠠᠷ ᠴᠢᠩᠭ᠋ᠠᠳᠬᠠᠵᠤ᠂ ᠰᠢᠨ᠎ᠠ ᠰᠠᠭᠤᠷᠢ ᠲᠦᠬᠦᠬᠡᠷᠤᠮᠵᠢ ᠵᠢᠨ ᠪᠦᠳᠤᠬᠡᠨ ᠪᠠᠢ᠍ᠢ᠍ᠭᠤᠯᠤᠯᠳᠠ᠂ ᠰᠢᠨ᠎ᠠ ᠮᠡᠷᠬᠡᠵᠢᠯ᠂ ᠰᠢᠨ᠎ᠠ ᠮᠠᠲᠸᠷᠢᠶᠠᠯ᠂ ᠰᠢᠨ᠎ᠠ ᠲᠤᠨᠤᠭᠯᠠᠯ᠂ ᠰᠢᠨ᠎ᠠ ᠤᠢ᠍ᠢ᠍ᠯᠡᠳᠬᠦᠨ᠂ ᠰᠢᠨ᠎ᠠ ᠡᠵᠡᠩᠨᠠᠯᠳᠠ ᠵᠢᠨ ᠬᠡᠯᠪᠡᠷᠢ ᠵᠢᠨ ᠲᠠᠯ᠎ᠠ᠎ᠪᠠᠷ ᠲᠠᠰᠤᠷᠠᠯᠳᠠ ᠦᠬᠡᠢ ᠰᠢᠪᠳᠤᠯᠤᠯᠳᠠ ᠭᠠᠷᠭ᠋ᠠᠵᠦ᠂ ᠤᠯᠤᠰ᠎ᠤᠨ ᠦᠮᠴᠢᠯᠠᠯ᠎ᠤᠨ ᠠᠵᠤ ᠠᠬᠤᠢ᠍ᠢ᠍ᠯᠠᠯ ᠤᠯᠤᠰ᠎ᠤᠨ ᠦᠮᠴᠢᠯᠠᠯ᠎ᠤᠨ ᠡᠳ᠋ ᠬᠦᠷᠤᠩᠬᠡ᠂ ᠡᠳ᠋᠎ᠤᠨ ᠵᠠᠰᠠᠬ ᠭᠠᠢ᠍ᠢ᠍ᠯᠢ ᠲᠠᠳᠠᠪᠤᠷᠢ ᠮᠦᠩᠬᠦᠨ ᠬᠦᠢ᠍ᠯᠬᠡᠬᠡ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠠᠯ᠂ ᠠᠷᠠᠳ᠎ᠤᠨ ᠡᠵᠡᠩᠨᠠᠯᠳᠠ ᠵᠢᠨ ᠠᠵᠤ ᠠᠬᠤᠢ᠂ ᠳᠤᠳᠤᠭ᠋ᠠᠳᠤ ᠭᠡᠷᠡᠭᠴᠡᠬᠡ ᠵᠢ ᠦᠷᠬᠡᠳᠬᠡᠬᠦ᠂ ᠬᠤᠳᠠ ᠬᠦᠳᠡᠬᠡ ᠵᠢ ᠠᠭᠤᠰᠤᠯᠴᠠᠭᠤᠯᠬᠤ ᠵᠡᠷᠬᠡ ᠭᠤᠤᠯᠳᠠᠯᠭ᠎ᠠ᠎ᠲᠠᠢ ᠦᠬᠡᠷᠡᠴᠢᠯᠠᠯᠳᠠ ᠵᠢᠨ ᠬᠦᠷᠢᠶᠠᠨ᠎ᠳᠤ ᠪᠡᠷᠭᠡ ᠵᠢ ᠳᠠᠪᠠᠨ ᠬᠦᠴᠢᠷ᠎ᠢ ᠲᠤᠭᠤᠯᠵᠦ᠂ ᠭᠠᠳᠠᠭ᠋ᠠᠳᠤ ᠨᠡᠭᠡᠭᠡᠯᠳᠠ ᠵᠢᠨ ᠪᠠᠢ᠍ᠢ᠍ᠭᠤᠯᠤᠮᠵᠢ ᠲᠤᠭᠳᠠᠴᠠ ᠵᠢ ᠪᠠᠢ᠍ᠢ᠍ᠭᠤᠯᠤᠨ ᠲᠡᠬᠦᠯᠳᠡᠷᠵᠢᠬᠦᠯᠵᠤ᠂ ᠬᠦᠴᠦᠷᠭᠡᠭᠵᠢᠬᠦ᠎ᠪᠠᠷ ᠬᠦᠴᠤᠯᠠᠨ ᠴᠢᠷᠮᠠᠢ᠍ᠢ᠍ᠵᠤ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃
ᠰᠢ ᠵᠢᠨ ᠫᠢᠩ᠂ ᠬᠦᠬᠡᠮᠳᠦᠭ ᠨᠤᠭᠤᠭ᠋ᠠᠨ ᠠᠭᠤᠯᠠ ᠤᠰᠤ ᠪᠤᠯ ᠠᠯᠳᠠᠨ ᠮᠦᠩᠬᠦᠨ ᠠᠭᠤᠯᠠ ᠮᠦᠨ ᠬᠡᠬᠦ ᠤᠢ᠍ᠢ᠍ᠯᠠᠭ᠋ᠠᠭᠳᠠᠬᠤᠨ᠎ᠢ ᠪᠠᠳᠤ ᠪᠤᠢ ᠪᠤᠯᠭ᠋ᠠᠵᠤ᠂ 《ᠢᠦ ᠢᠤᠢ ᠵᠢᠨ ᠵᠤᠷᠢᠬ ᠰᠠᠨᠠᠭ᠎ᠠ》 ᠵᠢ ᠪᠠᠳᠠᠷᠠᠭᠤᠯᠵᠤ᠂ ᠠᠭᠤᠯᠠ ᠤᠰᠤ ᠲᠠᠷᠢᠶᠠᠨ ᠭᠠᠵᠠᠷ ᠨᠠᠭᠤᠷ ᠪᠦᠷᠢ᠎ᠳᠤ ᠨᠤᠳᠤᠬ ᠪᠡᠯᠴᠢᠬᠡᠷ᠎ᠢ ᠰᠢᠰᠲᠸᠮ᠎ᠲᠠᠢ ᠵᠠᠰᠠᠬᠤ ᠵᠢ ᠠᠬᠢᠭᠤᠯᠵᠤ᠂ 《ᠬᠤᠶᠠᠷ ᠠᠭᠤᠯᠠ ᠲᠤᠯᠤᠭ᠋ᠠᠨ ᠭᠤᠤᠯ ᠨᠢᠬᠡ ᠰᠠᠪᠠ ᠭᠠᠵᠠᠷ》᠎ᠤᠨ ᠠᠮᠢ ᠠᠬᠤᠢ ᠵᠢ ᠰᠡᠷᠬᠦᠬᠡᠨ ᠵᠠᠰᠠᠬᠤ ᠵᠢ ᠰᠠᠢ᠍ᠢ᠍ᠳᠤᠷ ᠠᠳᠬᠤᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠤᠯᠤᠨ ᠴᠢᠨᠠᠷ ᠰᠠᠢ᠍ᠢ᠍ᠳᠠᠢ ᠬᠦᠭᠵᠢᠯᠳᠠ ᠵᠢᠨ ᠤᠯᠤᠰ᠎ᠤᠨ ᠪᠠᠢ᠍ᠢ᠍ᠯᠳᠤᠬᠤ ᠪᠤᠳᠤᠯᠭ᠎ᠠ ᠵᠢ ᠯᠠᠪᠳᠠᠭᠤᠨ ᠪᠠᠳᠤᠳᠠᠢ ᠭᠡᠷᠡᠭᠵᠢᠬᠦᠯᠵᠤ᠂ ᠲᠦᠷᠢᠮ᠎ᠤᠨ ᠰᠢᠨ᠎ᠠ ᠵᠢ ᠡᠬᠦᠳᠬᠦ ᠵᠢ ᠲᠦᠷᠬᠡᠳᠬᠡᠵᠤ᠂ ᠲᠦᠷᠢᠮ᠎ᠤᠨ ᠭᠡᠷᠡᠭᠵᠢᠬᠦᠯᠤᠯᠳᠠ ᠵᠢ ᠴᠢᠩᠭ᠋ᠠᠳᠬᠠᠨ᠂ ᠪᠤᠬᠢᠷᠳᠤᠯ ᠦᠬᠡᠢ ᠤᠢ᠍ᠢ᠍ᠯᠡᠳᠪᠤᠷᠢᠯᠡᠯ ᠠᠮᠢᠳᠤᠷᠠᠯ᠎ᠤᠨ ᠠᠷᠭ᠎ᠠ ᠭᠡᠯᠪᠡᠷᠢ ᠵᠢ ᠪᠦᠷᠢᠯᠳᠤᠬᠦᠯᠬᠦ᠎ᠪᠠᠷ ᠬᠦᠳᠤᠯᠤᠨ ᠵᠢᠯᠤᠭᠤᠳᠴᠦ᠂ ᠪᠤᠬᠢᠷᠳᠤᠯ᠎ᠢ ᠰᠡᠷᠬᠡᠢ᠍ᠢ᠍ᠯᠡᠨ ᠵᠠᠰᠠᠬᠤ ᠪᠤᠭᠤᠮᠳᠠ ᠰᠢᠪᠳᠤᠯᠬᠤ ᠲᠠᠢ᠍ᠢ᠍ᠯᠠᠯᠳᠤᠭ᠋ᠠᠨ᠎ᠤ ᠢᠯᠠᠯᠳᠠ ᠵᠢ ᠡᠷᠡᠰ ᠤᠯᠵᠤ᠂ ᠱᠠᠨ ᠰᠢ ᠵᠢᠨ ᠬᠠᠳᠤᠨ ᠭᠤᠤᠯ ᠲᠠᠭ᠋ᠠᠤ ᠤᠷᠤᠨ᠎ᠤ᠎ᠬᠢᠨ ᠬᠠᠮᠠᠭ᠋ᠠᠯᠠᠬᠤ ᠶᠠᠪᠤᠴᠠ᠎ᠳᠤ ᠨᠡᠬᠡᠬᠡᠨ ᠬᠦᠭᠵᠢᠬᠦᠯᠵᠤ᠂ ᠨᠡᠬᠡᠬᠡᠨ ᠬᠦᠭᠵᠢᠬᠦᠯᠬᠦ ᠶᠠᠪᠤᠴᠠ᠎ᠳᠤ ᠬᠠᠮᠠᠭ᠋ᠠᠯᠠᠬᠤ ᠵᠢ ᠠᠬᠢᠭᠤᠯᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠦᠳᠡᠬᠡ ᠠᠵᠤ ᠠᠬᠤᠢ ᠬᠦᠳᠡᠬᠡ ᠲᠤᠰᠬᠤᠨ᠎ᠤ ᠰᠠᠭᠤᠷᠢ ᠵᠢ ᠪᠡᠬᠢᠵᠢᠬᠦᠯᠵᠤ᠂ ᠠᠮᠤ ᠪᠤᠳᠠᠭ᠋ᠠᠨ᠎ᠤ ᠤᠢ᠍ᠢ᠍ᠯᠡᠳᠪᠤᠷᠢᠯᠡᠯᠢ ᠲᠦᠷᠤ ᠵᠢᠨ ᠪᠤᠳᠤᠯᠭ᠎ᠠ᠎ᠪᠠᠷ ᠲᠡᠮᠵᠢᠬᠦ ᠡᠷᠴᠢᠮ᠎ᠢ ᠴᠢᠩᠭ᠋ᠠᠷᠠᠭᠤᠯᠵᠤ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠳᠦ ᠰᠠᠬᠢᠵᠤ᠂ ᠬᠦᠳᠡᠬᠡ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠳᠤᠴᠠ ᠵᠢᠨ ᠴᠢᠨᠠᠷᠳᠠᠢ ᠦᠬᠡᠷᠡᠴᠢᠠᠯᠯᠳᠠ ᠵᠢ ᠬᠦᠨᠵᠡᠬᠡᠢ ᠠᠬᠢᠭᠤᠯᠵᠤ᠂ ᠬᠦᠳᠡᠬᠡ ᠠᠵᠤ ᠠᠬᠤᠢ ᠬᠦᠳᠡᠬᠡ ᠲᠤᠰᠬᠤᠨ᠎ᠤ ᠰᠠᠭᠤᠷᠢ ᠲᠦᠬᠦᠬᠡᠷᠤᠮᠵᠢ ᠵᠢᠨ ᠪᠦᠳᠤᠬᠡᠨ ᠪᠠᠢ᠍ᠢ᠍ᠭᠤᠯᠤᠯᠳᠠ ᠵᠢ ᠴᠢᠩᠭ᠋ᠠᠳᠬᠠᠬᠤ ᠭᠡᠷᠡᠭᠳᠠᠢ᠃ ᠦᠯᠡᠳᠡᠵᠤ ᠪᠠᠢ᠍ᠢ᠍ᠭ᠎ᠠ ᠶᠠᠳᠠᠭᠤ ᠬᠦᠴᠢᠷᠳᠠᠯᠳᠠᠢ ᠬᠦᠮᠤᠰ᠎ᠢ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠢ ᠰᠠᠢ᠍ᠢ᠍ᠳᠤᠷ ᠬᠢᠵᠤ᠂ ᠤᠨᠳᠤᠤ ᠭᠠᠵᠠᠷ᠎ᠲᠤ ᠨᠡᠬᠦᠯᠬᠡᠨ ᠶᠠᠳᠠᠭᠤ ᠵᠢ ᠲᠡᠳᠬᠦᠬᠦ ᠬᠤᠢ᠍ᠢ᠍ᠰᠢᠳᠠ ᠵᠢᠨ ᠲᠡᠮᠵᠢᠯᠭᠡ ᠵᠢ ᠰᠠᠢ᠍ᠢ᠍ᠳᠤᠷ ᠬᠢᠵᠤ᠂ ᠲᠠᠬᠢᠨ ᠶᠠᠳᠠᠭᠤᠷᠠᠬᠤ ᠵᠢ ᠬᠢᠨᠠᠨ ᠭᠡᠮᠵᠢᠵᠦ ᠰᠡᠷᠡᠮᠵᠢᠯᠡᠬᠦ ᠪᠠ ᠬᠦᠳᠡᠯᠤᠩᠬᠦᠢ᠎ᠪᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠤᠷᠭ᠋ᠠᠨᠢᠬ ᠵᠶ᠋ᠠᠷ ᠤᠶᠠᠯᠳᠤᠭᠤᠯᠬᠤ ᠵᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃
ᠰᠢ ᠵᠢᠨ ᠫᠢᠩ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠳᠠ ᠵᠢᠨ ᠦᠵᠡᠯ ᠰᠠᠨᠠᠭ᠎ᠠ ᠵᠢ ᠪᠠᠷᠢᠮᠳᠠᠯᠠᠵᠤ᠂ ᠠᠷᠠᠳ᠎ᠤᠨ ᠠᠮᠢᠳᠤᠷᠠᠯ᠎ᠢ ᠪᠠᠳᠤᠯᠠᠨ ᠰᠠᠢ᠍ᠢ᠍ᠵᠢᠷᠠᠭᠤᠯᠬᠤ ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠵᠤ᠂ ᠤᠯᠠᠨ ᠲᠦᠮᠡᠨ᠎ᠢ ᠦᠨᠡᠨ ᠬᠦ᠌ ᠬᠠᠪᠰᠤᠷᠤᠨ ᠪᠤᠳᠠᠳᠠᠢ ᠬᠦᠴᠢᠷᠳᠠᠯ᠎ᠢ᠎ᠨᠢ ᠰᠢᠢ᠍ᠳᠪᠤᠷᠢᠯᠡᠨ ᠦᠭᠴᠤ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠰᠠᠬᠢᠵᠦ᠂ ᠠᠵᠢᠯ ᠤᠯᠭᠤᠯᠳᠠ ᠵᠢ ᠤᠷᠢᠳ ᠵᠶ᠋ᠠᠷ ᠪᠤᠳᠤᠯᠬᠢᠯᠠᠬᠤ ᠪᠠᠢ᠍ᠢ᠍ᠯᠳᠤᠬᠤ ᠪᠤᠳᠤᠯᠭ᠎ᠠ ᠪᠤᠯᠤᠨ ᠠᠵᠢᠯ ᠤᠯᠭᠤᠬᠤ ᠢᠳᠡᠪᠬᠢᠳᠠᠢ ᠲᠦᠷᠤ ᠵᠢᠨ ᠪᠤᠳᠤᠯᠭ᠎ᠠ ᠵᠢ ᠨᠠᠢ᠍ᠢ᠍ᠳᠠᠪᠤᠷᠢᠵᠢᠭᠤᠯᠵᠤ᠂ ᠶᠡᠬᠡ ᠲᠡᠭᠡᠳᠤ ᠰᠤᠷᠭ᠋ᠠᠭᠤᠯᠢ᠎ᠠᠴᠠ ᠲᠡᠬᠦᠰᠬᠦ ᠤᠶᠤᠳᠠᠨ᠂ ᠴᠡᠷᠢᠭ᠎ᠠᠴᠠ ᠬᠠᠯᠠᠬᠳᠠᠬᠰᠠᠳ᠂ ᠬᠦᠯᠤᠰᠤᠨ ᠲᠠᠷᠢᠶᠠᠴᠢᠨ᠂ ᠬᠤᠳᠠ ᠪᠠᠯᠭ᠋ᠠᠰᠤ ᠵᠢᠨ ᠬᠦᠴᠢᠷᠳᠠᠯᠳᠠᠢ ᠬᠦᠮᠤᠰ ᠵᠡᠷᠬᠡ ᠭᠤᠤᠯᠳᠠᠯᠭ᠎ᠠ᠎ᠲᠠᠢ ᠬᠦᠮᠤᠰ᠎ᠲᠤ ᠠᠵᠢᠯ ᠤᠯᠭᠤᠬᠤ ᠠᠵᠢᠯ᠎ᠢ ᠲᠤᠪᠤᠢ᠍ᠢ᠍ᠮ᠎ᠠ ᠰᠠᠢ᠍ᠢ᠍ᠳᠤᠷ ᠬᠢᠵᠤ᠂ ᠡᠨᠡ ᠤᠳᠠᠭ᠎ᠠ ᠵᠢᠨ ᠬᠢᠵᠢᠭ᠎ᠤᠨ ᠪᠠᠢ᠍ᠢ᠍ᠳᠠᠯ᠎ᠳᠤ ᠢᠯᠡᠷᠡᠭᠰᠡᠨ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠤᠨ ᠲᠠᠯ᠎ᠠ᠎ᠪᠠᠷ᠎ᠬᠢ ᠲᠤᠳᠠᠭᠤᠳᠠᠯ ᠪᠠᠭᠤᠷᠠᠢ ᠲᠠᠯ᠎ᠠ ᠵᠢ ᠲᠦᠷᠬᠡᠨ ᠨᠦᠬᠦᠪᠤᠷᠢᠯᠠᠵᠤ᠂ ᠨᠡᠢ᠍ᠢ᠍ᠬᠡᠮ᠎ᠤᠨ ᠵᠠᠰᠠᠯᠳᠠ ᠵᠢᠨ ᠭᠤᠤᠯᠳᠠᠯᠭ᠎ᠠ ᠵᠢ ᠦᠨᠳᠤᠰᠤᠨ ᠱᠠᠳᠤ ᠲᠡᠢ᠍ᠢ᠍ᠰᠢ ᠬᠡᠯᠪᠡᠢ᠍ᠢ᠍ᠯᠬᠡᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠡᠯᠪᠡᠭ ᠪᠠᠶᠠᠯᠢᠬ ᠠᠭᠤᠯᠭ᠎ᠠ᠎ᠲᠠᠢ ᠲᠡᠤᠬᠡ ᠰᠤᠶᠤᠯ᠂ ᠬᠤᠪᠢᠰᠬᠠᠯ᠎ᠤᠨ ᠰᠤᠶᠤᠯ᠎ᠤᠨ ᠡᠬᠢ ᠪᠠᠶᠠᠯᠢᠬ᠎ᠢ ᠬᠦᠢ᠍ᠴᠡᠳ ᠠᠭᠤᠳᠠᠯᠤᠨ ᠠᠰᠢᠬᠯᠠᠵᠦ ᠰᠤᠶᠤᠯ᠎ᠤᠨ ᠪᠠᠢ᠍ᠢ᠍ᠭᠤᠯᠤᠯᠳᠠ ᠵᠢ ᠴᠢᠩᠭ᠋ᠠᠳᠬᠠᠬᠤ ᠭᠡᠷᠡᠭᠳᠠᠢ᠂ ᠨᠡᠢ᠍ᠢ᠍ᠬᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠠ ᠵᠢᠨ ᠤᠬᠠᠭᠤᠯᠭ᠎ᠠ ᠬᠦᠮᠤᠵᠢᠯ᠎ᠢ ᠴᠦᠬᠦᠷᠡᠰᠢ ᠦᠬᠡᠢ ᠦᠷᠨᠢᠭᠦᠯᠵᠦ᠂ ᠰᠢᠯᠢᠳᠡᠭ ᠤᠯᠠᠮᠵᠢᠯᠠᠯᠳᠤ ᠰᠤᠶᠤᠯ᠎ᠢ ᠬᠦᠨ ᠠᠭᠤᠳᠠᠯᠵᠤ᠂ ᠦᠷᠬᠡᠨ ᠤᠯᠠᠨ ᠲᠦᠮᠡᠨ᠎ᠢ ᠬᠦᠳᠤᠯᠤᠨ ᠵᠢᠯᠤᠭᠤᠳᠴᠦ ᠶᠤᠰᠤ ᠰᠤᠷᠳᠠᠬᠤᠨ ᠭᠡᠪ ᠪᠤᠯᠪᠠᠰᠤᠷᠠᠯ᠎ᠢ ᠲᠡᠭᠡᠭᠰᠢᠯᠡᠬᠦᠯᠵᠤ᠂ ᠰᠠᠢ᠍ᠢ᠍ᠨ ᠰᠠᠢ᠍ᠢ᠍ᠬᠠᠨ ᠬᠡᠪ ᠰᠤᠷᠳᠠᠯ᠎ᠢ ᠪᠤᠢ ᠪᠤᠯᠭ᠋ᠠᠵᠤ᠂ ᠰᠤᠶᠤᠯ᠎ᠤᠨ ᠢᠳᠡᠬᠡᠯ᠎ᠢ ᠴᠢᠩᠭ᠋ᠠᠳᠬᠠᠬᠤ ᠭᠡᠷᠡᠭᠳᠠᠢ ᠬᠡᠵᠤ ᠴᠢᠬᠤᠯᠠᠴᠢᠯᠠᠪᠠ᠃
ᠰᠢ ᠵᠢᠨ ᠫᠢᠩ᠂ ᠤᠯᠤᠰ ᠲᠦᠷᠤ ᠵᠢᠨ ᠪᠠᠢ᠍ᠢ᠍ᠭᠤᠯᠤᠯᠳᠠ᠎ᠪᠠᠷ ᠶᠠᠷᠤᠩᠬᠡᠢ᠍ᠢ᠍ᠯᠡᠨ ᠵᠢᠯᠤᠭᠤᠳᠤᠭᠤᠯᠬᠤ ᠵᠢ ᠪᠠᠷᠢᠮᠳᠠᠯᠠᠵᠤ᠂ ᠨᠠᠮ᠎ᠤᠨ ᠳᠤᠳᠤᠭ᠋ᠠᠳᠤ ᠵᠢᠨ ᠤᠯᠤᠰ ᠲᠦᠷᠤ ᠵᠢᠨ ᠠᠮᠢ ᠠᠬᠤᠢ ᠵᠢᠨ ᠪᠠᠢ᠍ᠢ᠍ᠭᠤᠯᠤᠯᠳᠠ ᠵᠢ ᠴᠦᠬᠦᠷᠡᠰᠢ ᠦᠬᠡᠢ ᠰᠠᠢ᠍ᠢ᠍ᠳᠤᠷ ᠠᠳᠬᠤᠵᠤ᠂ ᠬᠦᠰᠯᠠᠩ ᠢᠳᠡᠬᠡᠯ ᠪᠢᠰᠢᠷᠠᠯ᠎ᠤᠨ ᠬᠦᠮᠤᠵᠢᠯ᠎ᠢ ᠴᠢᠩᠭ᠋ᠠᠳᠬᠠᠵᠤ᠂ ᠭᠤᠤᠯ ᠰᠡᠳᠤᠪᠳᠤ ᠬᠦᠮᠤᠵᠢᠯ᠎ᠤᠨ ᠦᠷ᠎ᠡ ᠪᠦᠳᠦᠭᠡᠯ᠎ᠢ ᠪᠡᠬᠢᠵᠢᠬᠦᠯᠤᠨ ᠬᠦᠨᠵᠡᠬᠡᠢ᠍ᠢ᠍ᠷᠡᠬᠦᠯᠵᠤ᠂ ᠤᠯᠤᠰ ᠲᠦᠷᠤ ᠵᠢᠨ ᠰᠠᠬᠢᠯᠭ᠎ᠠ ᠪᠠᠳᠤ ᠪᠤᠯᠤᠨ ᠤᠯᠤᠰ ᠲᠦᠷᠤ ᠵᠢᠨ ᠶᠤᠰᠤ ᠲᠦᠷᠢᠮ᠎ᠢ ᠴᠢᠩᠭ᠎ᠠ ᠵᠢᠷᠤᠮᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠤᠬ᠍ᠴᠠ ᠵᠢᠨ ᠬᠠᠷᠢᠭᠤᠴᠠᠯᠭ᠎ᠠ ᠵᠢ ᠨᠠᠢ᠍ᠢ᠍ᠳᠠᠪᠤᠷᠢᠵᠢᠭᠤᠯᠵᠤ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠦᠯᠤ ᠪᠤᠳᠤᠬᠤ ᠵᠢ ᠨᠢᠬᠡ ᠴᠤᠬ᠍ᠴᠠᠵᠢᠭᠤᠯᠤᠨ ᠠᠬᠢᠭᠤᠯᠵᠤ᠂ ᠦᠨᠳᠤᠰᠤᠨ ᠱᠠᠳᠤᠨ᠎ᠤ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠤᠯᠤᠰ ᠲᠦᠷᠤ ᠵᠢᠨ ᠡᠬᠦᠷᠭᠡ ᠴᠢᠳᠠᠪᠬᠢ ᠪᠤᠯᠤᠨ ᠵᠤᠬᠢᠶᠠᠨ ᠪᠠᠢ᠍ᠢ᠍ᠭᠤᠯᠬᠤ ᠴᠢᠳᠠᠪᠤᠷᠢ ᠵᠢ ᠴᠢᠩᠭ᠋ᠠᠳᠬᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠡᠷᠠᠰ ᠡᠰᠡᠷᠬᠦᠴᠡᠵᠤ᠂ ᠲᠤᠬ ᠲᠡᠮᠳᠡᠭ ᠲᠤᠳᠤᠷᠬᠠᠢ᠎ᠪᠠᠷ ᠡᠯ᠎ᠠ ᠵᠤᠢ᠍ᠢ᠍ᠯ᠎ᠤᠨ ᠲᠦᠪ ᠪᠤᠰᠤ ᠰᠤᠷᠳᠠᠯ᠎ᠲᠠᠢ ᠲᠡᠮᠡᠴᠡᠯ ᠬᠢᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
ᠳ᠋ᠢᠩ ᠰᠢᠤᠸᠠᠢ ᠰᠢᠶᠠᠩ᠂ ᠯᠢᠦ ᠡᡁᠸ᠂ ᠡᡁᠸ ᠯᠢ ᠹᠸᠩ ᠪᠤᠯᠤᠨ ᠲᠦᠪ᠎ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠨᠦᠬᠦᠳ ᠪᠠᠷ᠎ᠠ ᠪᠤᠯᠵᠤ ᠰᠢᠨᠵᠢᠯᠠᠨ ᠪᠠᠢ᠍ᠢ᠍ᠴᠠᠭ᠋ᠠᠪᠠ᠃