ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠵᠢᠨ ᠴᠡᠷᠢᠭ ᠠᠩᠬᠢ ᠵᠢᠨ ᠲᠦᠯᠥᠬᠡᠯᠡᠭᠴᠢᠳ᠎ᠤᠨ ᠪᠦᠯᠬᠦᠮ᠎ᠤᠨ ᠪᠦᠬᠦᠳᠡ ᠬᠤᠷᠡᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2020-05-27

    ᠰᠢ ᠵᠢᠨ ᠫᠢᠩ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠵᠢᠨ ᠴᠡᠷᠢᠭ ᠠᠩᠬᠢ ᠵᠢᠨ ᠲᠦᠯᠥᠬᠡᠯᠡᠭᠴᠢᠳ᠎ᠤᠨ ᠪᠦᠯᠬᠦᠮ᠎ᠤᠨ ᠪᠦᠬᠦᠳᠡ ᠬᠤᠷᠡᠯ᠎ᠳᠤ ᠤᠷᠤᠯᠴᠠᠬᠤ᠎ᠳᠠᠭᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠤᠭᠰᠠᠨ ᠤᠷᠢᠳᠠᠯ ᠲᠣᠣᠷ᠎ᠠ ᠴᠡᠷᠢᠭ ᠠᠩᠭᠢ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠳᠤᠲᠠᠢ ᠠᠬᠢᠭᠤᠯᠵᠦ ᠤᠯᠤᠰ᠎ᠤᠨ ᠪᠠᠲᠤᠯᠠᠨ ᠬᠠᠮᠠᠭ᠋ᠠᠯᠠᠯᠲᠠ ᠪᠤᠯᠤᠨ ᠴᠡᠷᠢᠭ ᠠᠩᠭᠢ ᠵᠢᠨ ᠪᠠᠢ᠌ᠭᠤᠯᠤᠯᠲᠠ ᠵᠢᠨ 2020 ᠣᠨ᠎ᠤ ᠬᠠᠷᠠᠯᠲᠠ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ




      ᠰᠢᠨᠬᠤᠸᠠ ᠬᠤᠷᠢᠶᠡᠨ᠎ᠤ ᠪᠡᠭᠡᠵᠢᠩ᠎ᠤᠨ 5 ᠰᠠᠷ᠎ᠠ ᠵᠢᠨ 26᠎ᠤ ᠴᠠᠬᠢᠯᠭ᠋ᠠᠨ ᠮᠡᠳᠡᠬᠡ (ᠰᠤᠷᠪᠤᠯᠵᠢᠯᠠᠬ᠍ᠴᠢ ᠯᠢ ᠰᠢᠤᠸᠠᠢ ᠶᠦᠩ᠂ ᠯᠢ ᠰᠢᠤᠸᠠᠨ ᠯᠢᠶᠠᠩ)     ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠡᠨ᠎ᠤ ᠲᠡᠷᠢᠬᠦᠯᠡᠭᠴᠢ ᠰᠢ ᠵᠢᠨ ᠫᠢᠩ 26᠎ᠤ ᠦᠳᠡ ᠵᠢᠨ ᠬᠤᠢ᠍ᠢ᠍ᠨ᠎ᠡ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠥᠬᠡᠯᠡᠭᠴᠢᠳ᠎ᠤᠨ ᠶᠡᠬᠡ ᠬᠤᠷᠡᠯ᠎ᠤᠨ ᠭᠤᠷᠪᠠᠳᠤᠭ᠋ᠠᠷ ᠬᠤᠷᠡᠯ᠎ᠤᠨ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠋ᠠᠨ᠎ᠤ ᠴᠡᠷᠢᠭ ᠠᠩᠬᠢ ᠵᠢᠨ ᠲᠦᠯᠥᠬᠡᠯᠡᠭᠴᠢᠳ᠎ᠤᠨ ᠪᠦᠯᠬᠦᠮ᠎ᠤᠨ ᠪᠦᠬᠦᠳᠡ ᠬᠤᠷᠡᠯ᠎ᠳᠤ ᠤᠷᠤᠯᠴᠠᠬᠤ᠎ᠳᠠᠭᠠᠨ᠂ ᠪᠦᠬᠦ ᠴᠡᠷᠢᠭ᠎ᠤᠨ᠎ᠬᠢᠨ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠤᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠦᠪ ᠬᠤᠷᠢᠶᠡᠨ᠎ᠤ ᠰᠢᠢ᠍ᠳᠪᠤᠷᠢᠳᠤ ᠪᠤᠳᠤᠯᠭ᠎ᠠ ᠪᠠᠢ᠍ᠢ᠍ᠷᠢᠯᠠᠭᠤᠯᠤᠯᠳᠠ᠎ᠲᠠᠢ ᠨᠢᠬᠡᠳᠬᠡᠵᠥ᠂ ᠢᠳᠡᠬᠡᠯ ᠵᠤᠷᠢᠭ ᠵᠶ᠋ᠠᠨ ᠪᠠᠳᠤᠳᠬᠠᠨ᠂ ᠬᠦᠴᠢᠷ᠎ᠢ ᠰᠦᠷᠦᠨ ᠤᠷᠤᠭᠰᠢᠯᠠᠵᠥ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠵᠢ ᠪᠠᠢ᠍ᠢ᠍ᠨᠭ᠌ᠭᠤᠵᠢᠭᠤᠯᠤᠭᠰᠠᠨ ᠤᠷᠢᠳᠡᠯ ᠲᠤᠤᠷ᠎ᠡ ᠴᠡᠷᠢᠭ ᠠᠩᠬᠢ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠳᠤᠳᠠᠢ ᠠᠬᠢᠭᠤᠯᠵᠥ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠪᠤᠯᠤᠨ ᠴᠡᠷᠢᠭ ᠠᠩᠬᠢ ᠵᠢᠨ ᠪᠠᠢ᠍ᠢ᠍ᠭᠤᠯᠤᠯᠳᠠ ᠵᠢᠨ 2020 ᠤᠨ᠎ᠤ ᠬᠠᠷᠠᠯᠳᠡ ᠡᠬᠦᠷᠬᠡ ᠵᠢ ᠡᠷᠡᠰ ᠪᠡᠶᠡᠯᠡᠬᠦᠯᠵᠥ᠂ ᠨᠠᠮ ᠪᠤᠯᠤᠨ ᠠᠷᠠᠳ ᠲᠦᠮᠠᠨ᠎ᠤ ᠲᠠᠭ᠋ᠠᠭ᠋ᠠᠯᠭ᠋ᠠᠭᠰᠠᠠ ᠡᠯ᠎ᠡ ᠵᠦᠢ᠍ᠯ᠎ᠤᠨ ᠡᠬᠦᠷᠬᠡ ᠵᠢ ᠡᠷᠡᠰ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
      ᠬᠤᠷᠠᠯ ᠳᠡᠬᠡᠷ᠎ᠡ᠂ ᠯᠢ ᠶᠦᠩ᠂ ᠾᠸ ᠯᠸᠢ᠂ ᠸᠠᠩ ᠬᠠᠢ᠂ ᠯᠢ ᠾᠦᠸᠸ ᠬᠤᠢ᠂ ᠼᠦᠢ ᠢᠥᠢ ᠯᠢᠩ᠂ ᠵᠦᠩ ᡁᠢ ᠮᠢᠩ᠂ ᠸᠠᠩ ᠬᠤᠢ ᠴᠢᠩ᠂ ᠯᠢᠦ ᠭᠤᠸᠠᠩ ᠪᠢᠨ ᠵᠡᠷᠬᠡ 8 ᠳᠦᠯᠦᠬᠡᠯᠡᠭᠴᠢ ᠳᠤᠰ ᠳᠤᠰ ᠦᠬᠡ ᠬᠡᠯᠡᠵᠥ᠂ ᠮᠠᠨ᠎ᠤ ᠴᠡᠷᠢᠭ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠡᠬᠦᠷᠬᠡ ᠵᠢ ᠬᠦᠢ᠍ᠴᠡᠳᠬᠡᠭᠰᠡᠨ᠂ ᠬᠢᠵᠢᠭ᠎ᠤᠨ ᠪᠠᠢ᠍ᠢ᠍ᠳᠠᠯ᠎ᠤᠨ ᠳᠤᠤᠷ᠎ᠠ ᠴᠡᠷᠢᠭ ᠪᠤᠯᠪᠠᠰᠤᠷᠠᠭᠤᠯᠵᠥ ᠳᠠᠢ᠍ᠢ᠍ᠨ᠎ᠳᠤ ᠪᠡᠯᠡᠳᠬᠡᠭᠰᠡᠨ᠂ ᠠᠮᠢᠳᠤ ᠪᠤᠳᠠᠰ᠎ᠤᠨ ᠠᠮᠤᠷ ᠳᠦᠪᠰᠢᠨ᠎ᠤ ᠰᠡᠷᠬᠡᠢ᠍ᠢ᠍ᠯᠡᠨ ᠬᠠᠮᠠᠭ᠋ᠠᠯᠠᠬᠤ ᠴᠢᠳᠠᠪᠤᠷᠢ ᠵᠢᠨ ᠪᠠᠢ᠍ᠢ᠍ᠭᠤᠯᠤᠯᠳᠠ ᠵᠢ ᠳᠦᠷᠬᠡᠳᠬᠡᠬᠦ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠪᠠ ᠴᠡᠷᠢᠭ ᠠᠩᠬᠢ ᠵᠢᠨ ᠦᠬᠡᠷᠡᠴᠢᠯᠡᠯᠳᠡ ᠵᠢᠨ ᠬᠠᠤᠯᠢ ᠳᠤᠬᠳᠠᠭ᠋ᠠᠬᠤ ᠠᠵᠢᠯ᠎ᠢ ᠠᠬᠢᠭᠤᠯᠬᠤ᠂ ᠮᠠᠨ᠎ᠤ ᠴᠡᠷᠢᠭ᠎ᠤᠨ ᠪᠠᠢ᠍ᠢ᠍ᠭᠤᠯᠤᠯᠳᠠ ᠵᠢᠨ 《ᠠᠷᠪᠠᠨ ᠭᠤᠷᠪᠠᠳᠤᠭ᠋ᠠᠷ ᠳᠠᠪᠤᠨ ᠵᠢᠯ》᠎ᠤᠨ ᠳᠦᠯᠦᠪᠵᠢᠬᠦᠯᠬᠡ ᠵᠢᠨ ᠨᠠᠢ᠍ᠢ᠍ᠳᠠᠪᠤᠷᠢᠵᠢᠭᠤᠯᠤᠯᠳᠠ ᠪᠤᠯᠤᠨ 《ᠠᠷᠪᠠᠨ ᠳᠦᠷᠪᠡᠳᠦᠬᠡᠷ ᠳᠠᠪᠤᠨ ᠵᠢᠯ》᠎ᠤᠨ ᠳᠦᠯᠦᠪᠵᠢᠬᠦᠯᠬᠡ ᠵᠢ ᠨᠠᠢ᠍ᠢ᠍ᠷᠠᠭᠤᠯᠤᠨ ᠵᠤᠬᠢᠶᠠᠬᠤ ᠠᠵᠢᠯ᠎ᠢ ᠰᠠᠢ᠍ᠢ᠍ᠳᠤᠷ ᠠᠳᠬᠤᠬᠤ ᠵᠡᠷᠬᠡ ᠠᠰᠠᠭᠤᠳᠠᠯ᠎ᠤᠨ ᠳᠤᠬᠠᠢ ᠰᠠᠨᠠᠯ ᠰᠠᠨᠠᠭᠤᠯᠭ᠎ᠠ ᠳᠤᠷᠠᠳᠴᠠᠢ᠃
      ᠳᠦᠯᠦᠬᠡᠯᠡᠭᠴᠢ ᠵᠢᠨ ᠬᠡᠯᠡᠬᠦ ᠵᠢ ᠨᠠᠷᠢᠨ ᠬᠢᠨᠠᠮᠠᠭ᠋ᠠᠢ ᠰᠤᠨᠤᠰᠤᠬᠰᠠᠨ᠎ᠤ ᠳᠠᠷᠠᠭ᠎ᠠ ᠰᠢ ᠵᠢᠨ ᠫᠢᠩ ᠴᠢᠬᠤᠯᠠ ᠶᠠᠷᠢᠶ᠎ᠠ ᠳᠠᠯᠪᠢᠪᠠ᠃ ᠳᠡᠷᠡ ᠡᠩ ᠳᠡᠷᠢᠬᠦᠨ᠎ᠳᠤ ᠪᠦᠬᠦ ᠴᠡᠷᠢᠭ ᠠᠩᠬᠢ ᠵᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠡᠬᠦᠷᠬᠡ ᠵᠢ ᠬᠦᠢ᠍ᠴᠡᠳᠬᠡᠭᠰᠡᠨ ᠪᠠᠢ᠍ᠢ᠍ᠳᠠᠯ᠎ᠢ ᠬᠦᠢ᠍ᠴᠡᠳ ᠨᠤᠳᠠᠯᠠᠪᠠ᠃ ᠰᠢ ᠵᠢᠨ ᠫᠢᠩ᠂ ᠡᠨᠡ ᠤᠳᠠᠭ᠎ᠠ ᠵᠢᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠳᠠᠮᠡᠴᠡᠯ᠎ᠨᠢ ᠮᠠᠨ᠎ᠤ ᠴᠡᠷᠢᠭ᠎ᠲᠤ ᠠᠪᠴᠤ ᠬᠡᠯᠡᠪᠡᠯ ᠨᠢᠬᠡ ᠤᠳᠠᠭ᠎ᠠ ᠵᠢᠨ ᠳᠤᠮᠤ ᠰᠢᠯᠭ᠋ᠠᠯᠳᠠ ᠪᠤᠯᠤᠨ᠎ᠠ᠃ ᠠᠷᠠᠳ᠎ᠤᠨ ᠴᠡᠷᠢᠭ ᠠᠩᠬᠢ ᠨᠠᠮ᠎ᠤᠨ ᠵᠢᠯᠤᠭᠤᠳᠤᠯᠭ᠎ᠠ ᠵᠢ ᠰᠤᠨᠤᠰᠤᠨ ᠵᠠᠷᠯᠢᠭ᠎ᠢ ᠳᠤᠰᠤᠮᠠᠬ᠍ᠴᠠ ᠬᠦᠳᠡᠯᠤᠯᠴᠡᠵᠥ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠳᠡᠮᠡᠴᠡᠯ ᠳᠤᠮᠳᠠ ᠴᠢᠬᠤᠯᠠ ᠦᠢ᠍ᠯᠡᠳᠦᠯ ᠪᠠᠳᠠᠷᠠᠭᠤᠯᠵᠥ ᠳᠤᠪᠤᠢ᠍ᠢ᠍ᠮ᠎ᠠ ᠬᠤᠪᠢ ᠨᠡᠮᠡᠷᠢ ᠦᠵᠡᠬᠦᠯᠪᠡ᠃ ᠠᠷᠠᠳ᠎ᠤᠨ ᠴᠡᠷᠢᠭ ᠠᠩᠬᠢ ᠪᠤᠯ ᠢᠮᠠᠬᠳᠠ ᠨᠠᠮ ᠪᠠ ᠠᠷᠠᠳ ᠳᠦᠮᠡᠨ᠎ᠤ ᠪᠦᠷᠢᠨ ᠢᠳᠡᠬᠡᠯ᠎ᠢ ᠤᠯᠤᠬᠰᠠᠨ ᠪᠠᠭ᠋ᠠᠳᠤᠷᠯᠢᠭ ᠴᠡᠷᠢᠭ ᠠᠩᠬᠢ ᠮᠦᠨ ᠬᠡᠳᠡᠭ᠎ᠢ ᠦᠢ᠍ᠯᠡᠳᠦᠯᠬᠡ ᠳᠠᠬᠢᠨᠳᠠ ᠬᠡᠷᠡᠴᠢᠯᠡᠵᠠᠢ ᠬᠡᠵᠥ ᠵᠢᠭ᠋ᠠᠵᠥ ᠭᠠᠷᠭ᠋ᠠᠪᠠ᠃
      ᠰᠢ ᠵᠢᠨ ᠫᠢᠩ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠢ ᠰᠠᠢ᠍ᠢ᠍ᠳᠤᠷ ᠬᠢᠬᠦ᠎ᠲᠠᠢ ᠤᠶᠠᠯᠳᠤᠭᠤᠯᠵᠤ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠪᠤᠯᠤᠨ ᠴᠡᠷᠢᠭ ᠠᠩᠭᠢ ᠵᠢᠨ ᠪᠠᠢ᠍ᠢ᠍ᠭᠤᠯᠤᠯᠳᠠ ᠵᠢᠨ ᠭᠤᠤᠯᠳᠠᠯᠭ᠎ᠠ᠎ᠲᠠᠢ ᠠᠵᠢᠯ᠎ᠤᠨ ᠲᠤᠬᠠᠢ ᠱᠠᠭ᠋ᠠᠷᠳᠠᠯᠭ᠎ᠠ ᠳᠤᠷᠠᠳᠴᠠᠢ᠃ ᠲᠡᠷᠡ᠂ ᠲᠤᠰ ᠤᠳᠠᠭ᠎ᠠ ᠵᠢᠨ ᠬᠢᠵᠢᠭ᠎ᠤᠨ ᠪᠠᠢ᠍ᠢ᠍ᠳᠠᠯ᠎ᠨᠢ ᠳᠡᠯᠡᠬᠡᠢ ᠵᠢᠨ ᠪᠠᠢ᠍ᠢ᠍ᠷᠢᠰᠢᠯ᠎ᠳᠤ ᠭᠦᠨ ᠨᠦᠯᠦᠭᠡ ᠭᠠᠷᠭ᠋ᠠᠵᠤ᠂ ᠮᠠᠨ᠎ᠤ ᠤᠯᠤᠰ᠎ᠤᠨ ᠠᠮᠤᠷ ᠲᠦᠪᠰᠢᠨ ᠪᠤᠯᠤᠨ ᠬᠦᠭᠵᠢᠯᠳᠡ᠎ᠳᠤ ᠴᠤ᠌ ᠭᠦᠨ ᠨᠦᠯᠦᠭᠡ ᠭᠠᠷᠭ᠋ᠠᠪᠡ᠃ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠳᠠᠯᠠᠵᠤ᠂ ᠴᠡᠷᠢᠭ ᠪᠤᠯᠪᠠᠰᠤᠷᠠᠭᠤᠯᠤᠨ ᠳᠠᠢ᠍ᠢ᠍ᠨ᠎ᠳᠤ ᠪᠡᠯᠡᠳᠭᠡᠬᠦ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ᠂ ᠡᠯ᠎ᠠ ᠵᠦᠢ᠍ᠯ᠎ᠤᠨ ᠪᠤᠳᠤᠯᠢᠶᠠᠨᠳᠠᠢ ᠪᠠᠢ᠍ᠢ᠍ᠳᠠᠯ᠎ᠢ ᠴᠠᠭ ᠲᠤᠬᠠᠢ᠎ᠳᠤᠨᠢ ᠪᠦᠲᠦᠮᠵᠢᠳᠠᠢ ᠰᠢᠢ᠍ᠳᠪᠦᠷᠢᠯᠡᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠦᠭᠵᠢᠯᠳᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠤᠯᠤᠰ᠎ᠤᠨ ᠪᠠᠢ᠍ᠢ᠍ᠯᠳᠤᠬᠤ ᠪᠤᠳᠤᠯᠭ᠎ᠠ ᠵᠢᠨ ᠪᠦᠬᠦ ᠲᠠᠯ᠎ᠠ ᠵᠢᠨ ᠲᠤᠭᠳᠠᠭᠤᠨ᠎ᠢ ᠬᠠᠮᠠᠭ᠋ᠠᠯᠠᠬᠤ ᠬᠡᠷᠡᠭᠳᠠᠢ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠵᠢ ᠪᠠᠢ᠍ᠢ᠍ᠩᠭᠤᠵᠢᠭᠤᠯᠤᠭᠰᠠᠨ ᠨᠦᠬᠦᠴᠡᠯ ᠳᠤᠤᠷ᠎ᠠ ᠴᠡᠷᠢᠭ ᠪᠤᠯᠪᠠᠰᠤᠷᠠᠭᠤᠯᠤᠨ ᠳᠠᠢ᠍ᠢ᠍ᠨ᠎ᠳᠤ ᠪᠡᠯᠡᠳᠭᠡᠬᠦ ᠠᠷᠭ᠎ᠠ ᠬᠡᠯᠪᠡᠷᠢ ᠠᠷᠭ᠎ᠠ ᠬᠡᠮᠵᠢᠶ᠎ᠠ ᠵᠢ ᠰᠦᠪᠡᠭᠴᠢᠯᠡᠨ᠂ ᠴᠠᠭ ᠪᠠ ᠪᠠᠢ᠍ᠢ᠍ᠳᠠᠯ᠎ᠲᠠᠢ ᠤᠶᠠᠯᠳᠤᠭᠤᠯᠤᠨ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠤᠨ ᠡᠵᠡᠮᠳᠡᠬᠦ ᠵᠢ ᠰᠠᠢ᠍ᠢ᠍ᠳᠤᠷ ᠬᠢᠵᠤ᠂ ᠴᠡᠷᠢᠭ᠎ᠤᠨ ᠶᠠᠪᠤᠳᠠᠯ᠎ᠤᠨ ᠲᠡᠮᠡᠴᠡᠯ ᠬᠢᠬᠦ ᠪᠡᠯᠡᠳᠭᠡᠯ᠎ᠢ ᠳᠠᠷᠤᠢ᠍ᠢ᠍ᠬᠠᠨ ᠠᠬᠢᠭᠤᠯᠵᠤ᠂ ᠪᠤᠳᠠᠳᠤ ᠪᠠᠢ᠍ᠢ᠍ᠯᠳᠤᠭ᠋ᠠᠨᠴᠢᠯᠠᠬᠰᠠᠨ ᠴᠡᠷᠢᠭ᠎ᠤᠨ ᠶᠠᠪᠤᠳᠠᠯ᠎ᠤᠨ ᠪᠤᠯᠪᠠᠰᠤᠷᠠᠯ᠎ᠢ ᠠᠮᠢᠳᠤᠯᠢᠭ ᠵᠶ᠋ᠠᠷ ᠦᠷᠨᠢᠭᠦᠯᠵᠤ᠂ ᠮᠠᠨ᠎ᠤ ᠴᠡᠷᠢᠭ᠎ᠤᠨ ᠴᠡᠷᠢᠭ᠎ᠤᠨ ᠶᠠᠪᠤᠳᠠᠯ᠎ᠤᠨ ᠡᠭᠦᠷᠭᠡ ᠵᠢ ᠪᠡᠶᠡᠯᠡᠭᠦᠯᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠡᠨᠡ ᠤᠳᠠᠭ᠎ᠠ ᠵᠢᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠡᠮᠡᠴᠡᠯ᠎ᠨᠢ ᠤᠯᠤᠰ᠎ᠤᠨ ᠪᠠᠳᠤᠯᠠᠨ ᠬᠠᠮᠠᠭ᠋ᠠᠯᠠᠯᠳᠠ ᠪᠠ ᠴᠡᠷᠢᠭ ᠠᠩᠭᠢ ᠵᠢᠨ ᠦᠭᠡᠷᠡᠴᠢᠯᠡᠯᠳᠡ᠎ᠳᠤ ᠠᠪᠴᠤ ᠬᠡᠯᠡᠪᠡᠯ ᠨᠢᠭᠡ ᠤᠳᠠᠭ᠎ᠠ ᠵᠢᠨ ᠪᠤᠳᠠᠳᠠᠢ ᠰᠢᠯᠭ᠋ᠠᠯᠳᠠ ᠪᠤᠯᠤᠨ᠎ᠠ᠂ ᠦᠭᠡᠷᠡᠴᠢᠯᠡᠯᠳᠡ ᠵᠢᠨ ᠦᠷ᠎ᠠ ᠪᠦᠲᠦᠮᠵᠢ ᠵᠢ ᠭᠦᠢ᠍ᠴᠡᠳ ᠬᠠᠷᠠᠭᠤᠯᠬᠤ ᠵᠢᠨ ᠬᠠᠮᠳᠤ ᠦᠭᠡᠷᠡᠴᠢᠯᠡᠯᠳᠡ᠎ᠳᠤ ᠰᠢᠨ᠎ᠠ ᠱᠠᠭ᠋ᠠᠷᠳᠠᠯᠭ᠎ᠠ ᠲᠠᠯᠪᠢᠵᠠᠢ᠃ ᠴᠢᠭᠯᠡᠯ ᠵᠶ᠋ᠠᠨ ᠦᠯᠦ ᠬᠤᠪᠢᠷᠠᠭᠤᠯᠬᠤ᠂ ᠵᠠᠮ ᠵᠶ᠋ᠠᠨ ᠦᠯᠦ ᠦᠭᠡᠷᠡᠳᠦᠭᠦᠯᠬᠦ᠂ ᠬᠦᠴᠦ᠎ᠪᠠᠨ ᠦᠯᠦ ᠰᠤᠯᠠᠷᠠᠭᠤᠯᠬᠤ ᠵᠢ ᠪᠠᠷᠢᠮᠳᠠᠯᠠᠵᠤ᠂ ᠲᠦᠷᠦ ᠵᠢᠨ ᠪᠤᠳᠤᠯᠭ᠎ᠠ ᠳᠦᠷᠢᠮ᠎ᠤᠨ ᠦᠭᠡᠷᠡᠴᠢᠯᠡᠯᠳᠡ ᠬᠢᠬᠦ ᠭᠤᠤᠯᠳᠠᠯᠭ᠎ᠠ ᠵᠢ ᠴᠢᠩᠭ᠎ᠠ ᠠᠳᠬᠤᠨ᠂ ᠡᠯ᠎ᠠ ᠵᠦᠢ᠍ᠯ᠎ᠤᠨ ᠦᠭᠡᠷᠡᠴᠢᠯᠡᠯᠳᠡ ᠵᠢᠨ ᠠᠵᠢᠯ᠎ᠢ ᠨᠢᠭᠡᠳᠦᠯᠳᠠᠢ ᠲᠦᠯᠦᠪᠵᠢᠭᠦᠯᠦᠨ ᠰᠠᠢ᠍ᠢ᠍ᠳᠤᠷ ᠠᠳᠬᠤᠵᠤ᠂ ᠲᠤᠭᠳᠠᠭ᠋ᠠᠭᠰᠠᠨ ᠦᠭᠡᠷᠡᠴᠢᠯᠡᠯᠳᠡ ᠵᠢᠨ ᠡᠭᠦᠷᠭᠡ ᠵᠢ ᠲᠤᠭᠳᠠᠭᠰᠠᠨ ᠴᠠᠭ᠎ᠲᠤᠨᠢ ᠪᠡᠶᠡᠯᠡᠭᠦᠯᠬᠦ ᠬᠡᠷᠡᠭᠳᠠᠢ᠃ ᠦᠬᠡᠷᠡᠴᠢᠯᠠᠯᠳᠠ ᠬᠢᠵᠤ ᠰᠢᠨ᠎ᠠ ᠵᠢ ᠡᠬᠦᠳᠬᠦ ᠰᠡᠳᠬᠢᠴᠠ ᠪᠤᠯᠤᠨ ᠠᠷᠭ᠎ᠠ᠎ᠪᠠᠷ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠵᠢᠯ᠎ᠳᠤ ᠢᠯᠡᠷᠡᠭᠰᠡᠨ ᠰᠢᠨ᠎ᠠ ᠪᠠᠢ᠍ᠢ᠍ᠳᠠᠯ ᠰᠢᠨ᠎ᠠ ᠠᠰᠠᠭᠤᠳᠠᠯ᠎ᠢ ᠰᠢᠢ᠍ᠳᠪᠤᠷᠢᠯᠡᠬᠦ ᠵᠢ ᠴᠢᠬᠤᠯᠠᠴᠢᠯᠠᠬᠤ ᠭᠡᠷᠡᠭᠳᠠᠢ᠃ ᠮᠠᠨ᠎ᠤ ᠴᠡᠷᠢᠭ᠎ᠤᠨ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠠᠪᠠᠭᠤᠯᠢᠬ᠎ᠢ ᠪᠠᠳᠠᠷᠠᠭᠤᠯᠤᠨ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠡᠮ ᠲᠠᠩ ᠪᠤᠯᠤᠨ ᠸᠠᠺᠼᠢᠨ᠎ᠤ ᠰᠤᠳᠤᠯᠭ᠋ᠠᠨ᠎ᠢ ᠲᠦᠷᠬᠡᠳᠬᠡᠵᠤ᠂ ᠨᠡᠩ ᠤᠯᠠᠨ ᠰᠢᠯᠢᠳᠡᠭ ᠤᠢ᠍ᠢ᠍ᠯᠡᠳᠬᠦᠨ᠎ᠢ ᠤᠢ᠍ᠢ᠍ᠯᠡᠳᠪᠤᠷᠢᠯᠡᠬᠦ ᠭᠡᠷᠡᠭᠳᠠᠢ᠃ ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠰᠢᠨ᠎ᠠ ᠵᠢ ᠡᠬᠦᠳᠬᠦ᠎ᠠᠴᠠ ᠲᠠᠢ᠍ᠢ᠍ᠴᠢᠨ ᠬᠦᠴᠤᠨ ᠤᠯᠬᠤ ᠵᠢ ᠪᠠᠷᠢᠮᠳᠠᠯᠠᠵᠤ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠰᠢᠨ᠎ᠠ ᠡᠭᠦᠳᠦᠯᠳᠡ᠂ ᠢᠯᠠᠩᠭᠤᠶ᠎ᠠ ᠪᠡᠶ᠎ᠠ᠎ᠪᠠᠨ ᠲᠠᠭ᠋ᠠᠭ᠋ᠠᠬᠰᠠᠨ ᠰᠢᠨ᠎ᠠ ᠡᠭᠦᠳᠦᠯᠳᠡ᠂ ᠤᠤᠭ᠋ᠠᠯ ᠰᠢᠨ᠎ᠠ ᠡᠭᠦᠳᠦᠯᠳᠡ ᠵᠢ ᠴᠢᠩᠭ᠋ᠠᠳᠬᠠᠬᠤ ᠭᠡᠷᠡᠭᠳᠠᠢ᠃ ᠦᠬᠡᠷᠡᠴᠢᠯᠠᠯᠳᠠ ᠬᠢᠵᠤ ᠰᠢᠨ᠎ᠠ ᠵᠢ ᠡᠬᠦᠳᠬᠦ ᠵᠢᠨ ᠵᠠᠩᠬᠢᠯᠠᠭ᠎ᠠ᠎ᠨᠢ ᠬᠦᠮᠤᠨ᠎ᠳᠤ ᠪᠠᠢ᠍ᠢ᠍ᠨ᠎ᠠ᠂ 《ᠭᠤᠷᠪᠠ ᠵᠢ ᠨᠢᠬᠡ ᠴᠤᠬ᠍ᠴᠠᠵᠢᠭᠤᠯᠤᠭᠰᠠᠨ》 ᠴᠢᠳᠠᠪᠤᠷᠢᠳᠠᠨ᠎ᠢ ᠬᠦᠮᠤᠵᠢᠬᠦᠯᠬᠦ ᠰᠢᠰᠲᠸᠮ᠎ᠢ ᠪᠠᠢ᠍ᠢ᠍ᠭᠤᠯᠵᠤ᠂ ᠮᠤᠷᠠᠯ ᠴᠢᠳᠠᠪᠤᠷᠢ ᠬᠤᠤᠰᠯᠠᠬᠰᠠᠨ ᠲᠡᠭᠡᠳᠤ ᠮᠡᠳᠡᠯᠬᠡ ᠪᠤᠯᠪᠠᠰᠤᠷᠠᠯ᠎ᠲᠠᠢ᠂ ᠲᠤᠰᠬᠠᠢ᠍ᠢ᠍ᠵᠢᠬᠰᠠᠨ ᠰᠢᠨ᠎ᠠ ᠬᠡᠯᠪᠡᠷᠢ ᠵᠢᠨ ᠴᠡᠷᠢᠭ᠎ᠤᠨ ᠶᠠᠪᠤᠳᠠᠯ᠎ᠤᠨ ᠴᠢᠳᠠᠪᠤᠷᠢᠳᠠᠨ᠎ᠤ ᠡᠨᠭᠨᠡᠭᠡ ᠵᠢ ᠬᠦᠮᠤᠵᠢᠬᠦᠯᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠡᠨᠡ ᠵᠢᠯ ᠪᠤᠯ ᠮᠠᠨ᠎ᠤ ᠴᠡᠷᠢᠭ᠎ᠤᠨ ᠪᠠᠢ᠍ᠢ᠍ᠭᠤᠯᠤᠯᠳᠠ ᠬᠦᠭᠵᠢᠬᠦᠯᠤᠯᠳᠠ ᠵᠢᠨ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠤᠪᠵᠢᠬᠦᠯᠬᠡ ᠵᠢᠨ ᠰᠡᠬᠦᠯ ᠬᠤᠷᠢᠶᠠᠬᠤ ᠵᠢᠯ ᠪᠤᠯᠤᠨ᠎ᠠ᠂ ᠶᠡᠷᠦ ᠪᠤᠰᠤ ᠵᠢᠨ ᠠᠷᠭ᠎ᠠ ᠬᠡᠮᠵᠢᠶ᠎ᠠ ᠠᠪᠴᠤ᠂ ᠬᠢᠵᠢᠭ᠎ᠤᠨ ᠪᠠᠢ᠍ᠢ᠍ᠳᠠᠯ᠎ᠤᠨ ᠨᠦᠯᠤᠬᠡ ᠵᠢ ᠢᠯᠠᠨ ᠲᠠᠪᠠᠵᠤ᠂ ᠬᠦᠴᠤᠨ ᠵᠶ᠋ᠠᠨ ᠲᠦᠪᠯᠡᠷᠡᠬᠦᠯᠤᠨ ᠲᠦᠯᠤᠪᠵᠢᠬᠦᠯᠬᠡ ᠵᠢ ᠨᠠᠢ᠍ᠢ᠍ᠳᠠᠪᠤᠷᠢᠵᠢᠭᠤᠯᠬᠤ ᠪᠤᠭᠤᠮᠳᠠ ᠰᠢᠪᠳᠤᠯᠬᠤ ᠲᠠᠢ᠍ᠢ᠍ᠯᠠᠯᠳᠤᠭ᠋ᠠᠨ᠎ᠢ ᠰᠠᠢ᠍ᠢ᠍ᠳᠤᠷ ᠬᠢᠵᠤ᠂ ᠴᠢᠬᠤᠯᠠ ᠶᠡᠬᠡ ᠡᠬᠦᠷᠬᠡ ᠵᠢ ᠪᠡᠶᠡᠯᠡᠬᠦᠯᠬᠦ᠂ ᠪᠠᠢ᠍ᠢ᠍ᠯᠳᠤᠬᠤ ᠪᠤᠳᠤᠯᠭ᠎ᠠ ᠵᠢᠨ ᠴᠢᠳᠠᠪᠤᠷᠢ᠎ᠪᠠᠨ ᠶᠡᠬᠡ᠎ᠪᠠᠷ ᠲᠡᠭᠡᠭᠰᠢᠯᠡᠬᠦᠯᠬᠦ ᠵᠢ ᠪᠠᠳᠤᠯᠠᠬᠤ ᠭᠡᠷᠡᠭᠳᠠᠢ᠃ ᠮᠠᠨ᠎ᠤ ᠴᠡᠷᠢᠭ᠎ᠤᠨ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠰᠠᠢ᠍ᠢ᠍ᠳᠤᠷ ᠨᠠᠢ᠍ᠢ᠍ᠷᠠᠭᠤᠯᠤᠨ ᠵᠤᠬᠢᠶᠠᠵᠦ᠂ ᠤᠯᠤᠰ᠎ᠤᠨ ᠬᠦᠭᠵᠢᠬᠦᠯᠦᠯᠳᠠ ᠵᠢᠨ ᠪᠠᠢ᠍ᠢ᠍ᠷᠢᠰᠢᠭᠤᠯᠤᠯᠳᠠ᠎ᠲᠠᠢ ᠵᠤᠬᠢᠴᠠᠭᠤᠯᠬᠤ ᠵᠢ ᠴᠢᠬᠤᠯᠠᠴᠢᠯᠠᠨ᠂ ᠪᠠᠢ᠍ᠢ᠍ᠯᠳᠤᠬᠤ ᠪᠤᠳᠤᠯᠭ᠎ᠠ ᠵᠢᠨ ᠲᠠᠪᠬᠤᠷᠭ᠎ᠠ᠎ᠠᠴᠠ ᠨᠢᠬᠡ ᠴᠤᠬ᠍ᠴᠠᠵᠢᠭᠤᠯᠬᠤ ᠲᠦᠯᠤᠪᠵᠢᠬᠦᠯᠬᠡ ᠵᠢ ᠰᠠᠢ᠍ᠢ᠍ᠳᠤᠷ ᠬᠢᠵᠤ᠂ ᠲᠦᠯᠤᠪᠵᠢᠬᠦᠯᠬᠡ ᠵᠢᠨ ᠶᠠᠰᠤ ᠴᠢᠨᠠᠷ᠎ᠢ ᠪᠠᠳᠤᠯᠠᠬᠤ ᠭᠡᠷᠡᠭᠳᠠᠢ᠃ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠵᠤ᠂ ᠨᠠᠷᠢᠨ ᠨᠢᠬᠳᠠ ᠲᠦᠯᠤᠪᠯᠡᠨ᠂ ᠴᠡᠷᠢᠭ᠎ᠤᠨ ᠵᠠᠷᠤᠳᠠᠯ᠎ᠢ ᠰᠠᠢ᠍ᠢ᠍ᠳᠤᠷ ᠬᠠᠮᠢᠶᠠᠷᠤᠨ ᠰᠠᠢ᠍ᠢ᠍ᠳᠤᠷ ᠭᠡᠷᠡᠭᠯᠠᠵᠤ᠂ ᠮᠦᠩᠬᠦ ᠪᠤᠯᠭ᠋ᠠᠨ᠎ᠢ ᠬᠠᠮᠤᠬ᠎ᠤᠨ ᠶᠡᠬᠡ ᠦᠷ᠎ᠠ ᠠᠰᠢᠬᠳᠠᠢ᠎ᠪᠠᠷ ᠭᠡᠷᠡᠭᠯᠡᠬᠦ ᠭᠡᠷᠡᠭᠳᠠᠢ ᠬᠡᠵᠤ ᠴᠢᠬᠤᠯᠠᠴᠢᠯᠠᠪᠠ᠃
      ᠰᠢ ᠵᠢᠨ ᠫᠢᠩ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠲᠡᠯ ᠪᠤᠯ ᠮᠠᠠ᠎ᠤ ᠨᠠᠮ ᠪᠤᠯᠤᠨ ᠤᠯᠤᠰ᠎ᠤᠨ ᠤᠯᠤᠰ ᠲᠦᠷᠦ ᠵᠢᠨ ᠢᠯᠡᠳᠳᠡ ᠲᠠᠪᠠᠭᠤᠯᠢᠭ ᠮᠦᠨ᠂ ᠡᠨᠡ ᠤᠲᠠᠭ᠎ᠠ ᠵᠢᠨ ᠬᠢᠵᠢᠭ᠎ᠤᠨ ᠪᠠᠢ᠍ᠢ᠍ᠲᠠᠯ᠎ᠢ ᠰᠡᠷᠭᠡᠢ᠍ᠢ᠍ᠯᠡᠡ ᠡᠵᠡᠮᠲᠡᠬᠦ ᠲᠡᠮᠡᠴᠡᠯ ᠡᠬᠦᠨ᠎ᠢ ᠬᠦᠢ᠍ᠴᠡᠳ ᠬᠠᠷᠠᠭᠤᠯᠵᠠᠢ᠃ ᠮᠠᠠ᠎ᠤ ᠴᠡᠷᠢᠭ ᠴᠡᠷᠢᠭ᠎ᠤᠨ ᠶᠠᠪᠤᠲᠠᠯ᠎ᠤᠨ ᠡᠬᠦᠷᠭᠡ᠎ᠪᠠᠨ ᠰᠠᠢ᠍ᠢ᠍ᠲᠤᠷ ᠪᠡᠶᠡᠯᠡᠭᠦᠯᠬᠦ ᠵᠢᠨ ᠬᠠᠮᠳᠤ ᠭᠠᠵᠠᠷ ᠤᠷᠤᠨ᠎ᠤ ᠠᠵᠦ ᠠᠬᠤᠢ ᠨᠡᠢ᠍ᠢ᠍ᠭᠡᠮ᠎ᠤᠨ ᠬᠦᠭᠵᠢᠯᠲᠠ ᠵᠢ ᠲᠡᠮᠵᠢᠵᠦ᠂ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠢ᠍ᠢ᠍ᠯᠠᠯᠲᠤᠭ᠋ᠠᠠ᠎ᠤ ᠢᠯᠠᠯᠲᠠ ᠤᠯᠬᠤ ᠵᠢ ᠲᠡᠮᠵᠢᠵᠦ᠂ ᠤᠷᠤᠨ ᠨᠤᠳᠤᠬ᠎ᠢ ᠬᠠᠪᠰᠤᠷᠤᠨ ᠨᠡᠢ᠍ᠢ᠍ᠭᠡᠮ᠎ᠤᠨ ᠶᠡᠬᠡ ᠲᠠᠯ᠎ᠠ ᠵᠢᠨ ᠲᠤᠭᠲᠠᠭᠤᠨ ᠪᠠᠢ᠍ᠢ᠍ᠲᠠᠯ᠎ᠢ ᠬᠠᠮᠠᠭ᠋ᠠᠯᠠᠬᠤ ᠠᠵᠢᠯ᠎ᠢ ᠰᠠᠢ᠍ᠢ᠍ᠲᠤᠷ ᠬᠢᠬᠦ ᠬᠡᠷᠡᠭᠳᠠᠢ᠃ ᠲᠦᠪ᠎ᠤᠨ ᠪᠠ ᠲᠦᠷᠦ ᠵᠢᠨ ᠪᠠᠢ᠍ᠢ᠍ᠭᠤᠯᠭ᠎ᠠ᠂ ᠤᠷᠤᠨ ᠨᠤᠳᠤᠬ᠎ᠤᠨ ᠡᠯ᠎ᠠ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠤᠷᠲᠤᠨ᠎ᠨᠢ ᠤᠯᠤᠰ᠎ᠤᠨ ᠪᠠᠲᠤᠯᠠᠠ ᠬᠠᠮᠠᠭ᠋ᠠᠯᠠᠯᠲᠠ ᠪᠤᠯᠤᠨ ᠴᠡᠷᠢᠭ ᠠᠩᠭᠢ ᠵᠢᠨ ᠪᠠᠢ᠍ᠢ᠍ᠭᠤᠯᠤᠯᠲᠠ ᠵᠢ ᠲᠡᠮᠵᠢᠵᠦ᠂ ᠭᠡᠭᠦᠲᠡᠭ ᠲᠦᠬᠦᠷᠡᠩ ᠬᠠᠯᠠᠭᠤᠨ ᠰᠡᠳᠭᠢᠯᠭᠡ᠎ᠪᠠᠷ ᠦᠷᠭᠡᠡ ᠤᠯᠠᠠ ᠲᠠᠷᠤᠭ᠎ᠠ ᠪᠠᠢ᠍ᠢ᠍ᠯᠲᠤᠭᠴᠢ ᠵᠢᠨ ᠬᠦᠴᠢᠷᠲᠠᠯ᠎ᠢ ᠰᠢᠢ᠍ᠳᠪᠦᠷᠢᠯᠡᠡ ᠦᠭᠴᠤ᠂ ᠤᠯᠤᠰ᠎ᠢ ᠬᠦᠴᠦᠷᠭᠡᠭᠵᠢᠭᠦᠯᠵᠦ ᠴᠡᠷᠢᠭ᠎ᠢ ᠮᠠᠨᠳᠤᠭᠤᠯᠬᠤ ᠠᠤᠭ᠎ᠠ ᠬᠦᠴᠤᠨ᠎ᠢ ᠨᠢᠭᠲᠠᠷᠠᠭᠤᠯᠬᠤ ᠬᠡᠷᠡᠭᠳᠠᠢ ᠭᠡᠵᠦ ᠵᠢᠭ᠋ᠠᠵᠦ ᠭᠠᠷᠭ᠋ᠠᠪᠠ᠃
      ᠨᠠᠮ᠎ᠤᠨ ᠲᠦᠪ ᠬᠤᠷᠢᠶᠠᠠ᠎ᠤ ᠤᠯᠤᠰ ᠲᠦᠷᠦ ᠵᠢᠨ ᠲᠤᠪᠴᠢᠶᠠᠠ᠎ᠤ ᠭᠡᠰᠢᠭᠦᠨ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠲᠡᠳ᠋ ᠲᠡᠷᠢᠭᠦᠯᠡᠭᠴᠢ ᠰᠢᠤᠢ ᠴᠢ ᠯᠢᠶᠠᠩ ᠬᠤᠷᠠᠯ᠎ᠢ ᠡᠷᠬᠢᠯᠡᠵᠦ᠂ ᠨᠠᠮ᠎ᠤᠨ ᠲᠦᠪ ᠬᠤᠷᠢᠶᠠᠠ᠎ᠤ ᠤᠯᠤᠰ ᠲᠦᠷᠦ ᠵᠢᠨ ᠲᠤᠪᠴᠢᠶᠠᠠ᠎ᠤ ᠭᠡᠰᠢᠭᠦᠨ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠲᠡᠳ᠋ ᠲᠡᠷᠢᠭᠦᠯᠡᠭᠴᠢ ᠵᠠᠩ ᠶᠢᠤ ᠰᠢᠶᠠ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠭᠡᠰᠢᠭᠦᠨ ᠯᠢ ᠽᠦᠸᠸ ᠴᠸᠩ᠂ ᠮᠢᠶᠤᠤ ᠬᠤᠸᠠ᠂ ᠵᠠᠩ ᠱᠸᠩ ᠮᠢᠠ ᠬᠤᠷᠠᠯ᠎ᠳᠤ ᠤᠷᠤᠯᠴᠠᠵᠠᠢ᠃



ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠡᠸᠦ᠋ᠷᠦᠫᠡ ᠲᠢᠪ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠲᠡᠷᠢᠭᠦᠯᠡᠭᠴᠢ ᠮᠢᠰᠢᠶᠧᠷ ᠪᠠ ᠧᠦ᠋ᠷᠦᠫᠠ ᠲᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠹᠧᠩᠳᠧᠯᠠᠢ᠍ᠢ᠍᠊ ᠊ ᠧᠨ᠎ᠲᠠᠢ ᠠᠭᠤᠯᠵᠠᠵᠠᠢ
ᠰᠢ ᠵᠢᠨ ᠫᠢᠩ ᠲᠦᠷᠢᠮ᠎ᠤᠨ ᠲᠦᠪᠯᠡᠷᠡᠬᠦᠯᠥᠭᠰᠡᠨ ᠰᠢᠨᠡᠴᠢᠯᠡᠯᠳᠡ ᠵᠢ ᠲᠤᠪᠤᠢ᠍ᠢ᠍ᠮ᠎ᠠ ᠪᠠᠢ᠍ᠢ᠍ᠷᠢ᠎ᠳᠤ ᠲᠠᠯᠪᠢᠵᠥ ᠴᠢᠨᠠᠷ ᠰᠠᠢ᠍ᠢ᠍ᠳᠠᠢ ᠦᠨᠳᠤᠷ ᠪᠠᠷᠢᠮᠵᠢᠶ᠎ᠠ᠎ᠪᠠᠷ ᠴᠢᠯᠥᠬᠡᠳᠤ ᠠᠷᠠᠯᠵᠢᠶᠠᠨ᠎ᠤ ᠭᠠᠷᠠᠮ᠎ᠢ ᠪᠦᠳᠦᠬᠡᠨ ᠪᠠᠢ᠌ᠭᠣᠯᠬᠣ ᠬᠡᠷᠡᠭᠲᠡᠢ
ᠰᠢ ᠵᠢᠨ ᠫᠢᠩ ᠨᠢᠩᠰᠢᠶᠠ᠎ᠳᠤ ᠰᠢᠨᠵᠢᠯᠠᠨ ᠪᠠᠢ᠍ᠢ᠍ᠴᠠᠭ᠋ᠠᠬᠤ᠎ᠳᠠᠭᠠᠨ ᠴᠢᠬᠤᠯᠠᠴᠢᠯᠠᠬᠰᠠᠠ᠎ᠨᠢ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠠᠯᠳᠠ ᠵᠢ ᠤᠯᠵᠤ ᠶᠠᠳᠠᠭᠤ᠎ᠠᠴᠠ ᠠᠨᠭ᠌ᠭᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠤ ᠠᠵᠤ ᠠᠬᠤᠢ ᠴᠡᠴᠡᠭᠯᠡᠨ ᠬᠥᠭᠵᠢᠭᠰᠡᠨ ᠦᠨᠳᠦᠰᠦᠲᠡᠨ᠎ᠨᠦᠭᠦᠳ ᠪᠦᠯᠬᠦᠮᠳᠡᠭᠰᠡᠨ ᠣᠷᠴᠢᠨ ᠲᠤᠭᠤᠷᠢᠨ ᠭᠣᠶᠤ ᠰᠠᠶ᠋ᠢᠬᠠᠨ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶ᠋ᠢᠬᠠᠨ ᠰᠢᠨ᠎ᠡ ᠨᠢᠩᠰᠢᠶᠠ ᠵᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠬᠡᠷᠡᠭᠲᠡᠢ
ᠰᠢ ᠵᠢᠨ ᠫᠢᠩ ᠪᠤᠯᠤᠨ ᠠᠷᠭ᠌ᠸᠨ᠋ᠲ᠋ᠢᠨ᠎ᠤ ᠶᠡᠷᠤᠩᠬᠡᠢ᠍ᠢ᠍ᠯᠡᠭᠴᠢ ᠹᠸᠢᠢ᠍ᠷᠨᠠᠨᠳ᠋ᠸᠰ ᠬᠠᠷᠢᠯᠴᠠᠨ ᠵᠠᠬᠢᠳᠠᠯ ᠢᠯᠡᠬᠡᠪᠡ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠴᠡᠷᠢᠭ ᠠᠩᠭᠢ ᠵᠢᠨ ᠨᠠᠮ᠎ᠤᠨ ᠪᠠᠢ᠍ᠢ᠍ᠭᠤᠯᠤᠯᠳᠠ ᠵᠢᠨ ᠳᠦᠷᠢᠮ》 ᠪᠤᠯᠤᠨ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠨᠳᠦᠰᠦᠨ ᠱᠠᠳᠤᠨ᠎ᠤ ᠰᠤᠩᠭᠤᠭᠤᠯᠢ ᠵᠢᠨ ᠠᠵᠢᠯ᠎ᠤᠨ ᠳᠦᠷᠢᠮ》᠎ᠢ ᠬᠢᠨᠠᠨ ᠵᠦᠪᠯᠡᠵᠠᠢ
 
            