ᠰᠢ ᠵᠢᠨ ᠫᠢᠩ ᠯᠢ ᠺᠸ ᠴᠢᠶᠠᠩ ᠯᠢ ᠵᠠᠨ ᠱᠤ᠌ ᠸᠠᠩ ᠬᠣ᠌ ᠨᠢᠩ ᠵᠤᠤ ᠯᠸ ᠵᠢᠢ ᠬᠠᠨ ᠵᠸᠩ ᠸᠠᠩ ᠴᠢ ᠱᠠᠨ ᠬᠤᠷᠠᠯ᠎ᠳᠤ ᠤᠷᠤᠯᠴᠠᠵᠦ ᠸᠠᠩ ᠶᠠᠩ ᠶᠠᠷᠢᠶ᠎ᠠ ᠲᠠᠯᠪᠢᠵᠠᠢ

5 ᠰᠠᠷ᠎ᠠ ᠵᠢᠨ 27᠎ᠤ ᠡᠳᠤᠷ᠂ ᠲᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠦᠪᠯᠡᠯᠬᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠡᠨ᠎ᠤ ᠭᠤᠷᠪᠠᠳᠤᠭ᠋ᠠᠷ ᠬᠤᠷᠡᠯ ᠪᠡᠬᠡᠵᠢᠩ᠎ᠳᠤ ᠲᠡᠬᠦᠰᠪᠡ᠃ ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠦ᠍᠂ ᠸᠠᠩ ᠬᠤ᠌ ᠨᠢᠩ᠂ ᠵᠤᠤ ᠯᠸ ᠵᠢᠢ᠂ ᠬᠠᠨ ᠵᠸᠩ᠂ ᠸᠠᠩ ᠴᠢ ᠱᠠᠨ ᠨᠠᠷ ᠲᠡᠷᠢᠭᠦᠯᠡᠭᠴᠢᠳ᠎ᠤᠨ ᠲᠠᠢ᠍ᠢ᠍ᠰᠠᠨ᠎ᠳᠤ ᠰᠠᠭ᠋ᠠᠳᠠᠵᠠᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠬᠦᠳᠡᠷᠯᠡᠪᠡ

5 ᠰᠠᠷ᠎ᠠ ᠵᠢᠨ 27᠎ᠤ ᠡᠳᠤᠷ᠂ ᠲᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠦᠪᠯᠡᠯᠬᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠡᠨ᠎ᠤ ᠭᠤᠷᠪᠠᠳᠤᠭ᠋ᠠᠷ ᠬᠤᠷᠡᠯ ᠪᠡᠬᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠬᠦᠰᠪᠡ᠃ ᠨᠠᠮ᠎ᠤᠨ ᠲᠦᠪ ᠬᠤᠷᠢᠶᠡᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠡᠰᠢᠬᠦᠨ᠂ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠬᠡᠨ᠎ᠤ ᠲᠡᠷᠢᠬᠦᠯᠡᠭᠴᠢ ᠸᠠᠩ ᠶᠠᠩ ᠲᠡᠬᠦᠰᠬᠦ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠬᠦᠳᠡᠷᠯᠡᠪᠡ
ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ ᠵᠢᠨ 27᠎ᠤ ᠴᠠᠬᠢᠯᠭ᠋ᠠᠨ ᠮᠡᠳᠡᠬᠡ ᠲᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠦᠪᠯᠡᠯᠬᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠡᠨ᠎ᠤ ᠭᠤᠷᠪᠠᠳᠤᠭ᠋ᠠᠷ ᠬᠤᠷᠡᠯ ᠡᠯ᠎ᠡ ᠵᠦᠢ᠍ᠯ᠎ᠤᠨ ᠵᠦᠪᠯᠡᠬᠦ ᠵᠦᠢ᠍ᠯ ᠵᠶ᠋ᠠᠨ ᠠᠮᠵᠢᠯᠳᠠ᠎ᠲᠠᠢ ᠵᠦᠪᠯᠡᠵᠥ ᠲᠠᠭᠤᠰᠬᠠᠭ᠋ᠠᠳ 27᠎ᠤ ᠦᠳᠡ ᠵᠢᠨ ᠬᠤᠢ᠍ᠢ᠍ᠨᠡ ᠠᠷᠠᠳ᠎ᠤᠨ ᠶᠡᠬᠡ ᠬᠤᠷᠡᠯ᠎ᠤᠨ ᠲᠠᠩᠬᠢᠮ᠎ᠳᠤ ᠲᠡᠬᠦᠰᠪᠡ᠃ ᠬᠤᠷᠡᠯ᠎ᠠᠴᠠ᠂ ᠠᠷᠠᠳ᠎ᠤᠨ ᠤᠯᠤᠰ ᠲᠦᠷᠦ ᠵᠢᠨ ᠵᠦᠪᠯᠡᠯᠬᠡᠨ᠎ᠤ ᠡᠯ᠎ᠡ ᠱᠠᠳᠤᠨ᠎ᠤ ᠵᠤᠬᠢᠶᠠᠨ ᠪᠠᠢ᠍ᠢ᠍ᠭᠤᠯᠤᠯᠳᠠ᠂ ᠡᠯ᠎ᠡ ᠤᠷᠤᠯᠴᠠᠬ᠍ᠴᠢ ᠨᠢᠬᠡᠴᠢ ᠪᠤᠯᠤᠨ ᠦᠷᠬᠡᠨ ᠤᠯᠠᠨ ᠤᠯᠤᠰ ᠲᠦᠷᠦ ᠵᠢᠨ ᠵᠦᠪᠯᠡᠯᠬᠡᠨ᠎ᠤ ᠬᠡᠰᠢᠬᠦᠨ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠭᠰᠠᠠ ᠨᠠᠮ᠎ᠤᠨ ᠲᠦᠪ ᠬᠤᠷᠢᠶᠡᠨ᠎ᠤ ᠲᠤᠭᠤᠷᠢᠨ᠎ᠳᠤ ᠨᠡᠩ ᠨᠢᠬᠳᠠᠷᠠᠨ ᠪᠦᠯᠬᠦᠮᠳᠡᠵᠥ᠂ ᠯᠠᠪᠳᠠᠭᠤᠨ ᠪᠠᠳᠤᠳᠠᠢ ᠠᠵᠢᠯᠯᠠᠵᠥ᠂ ᠡᠷᠡᠮᠡᠬᠡᠢ᠍ᠢ᠍ᠯᠡᠨ ᠲᠡᠮᠡᠴᠡᠵᠥ᠂ ᠠᠷᠠᠳ᠎ᠤᠨ ᠤᠯᠤᠰ ᠲᠦᠷᠦ ᠵᠢᠨ ᠵᠦᠪᠯᠡᠯᠬᠡ᠎ᠨᠢ ᠨᠠᠮ᠎ᠤᠨ ᠡᠯ᠎ᠡ ᠵᠦᠢ᠍ᠯ᠎ᠤᠨ ᠠᠵᠢᠯ᠎ᠳᠠᠬᠢ ᠤᠳᠤᠷᠢᠳᠤᠯᠭ᠎ᠠ ᠵᠢ ᠪᠠᠷᠢᠮᠳᠠᠯᠠᠨ ᠴᠢᠩᠭ᠋ᠠᠳᠬᠠᠬᠤ ᠴᠢᠬᠤᠯᠠ ᠵᠢᠭᠰᠠᠭ᠋ᠠᠯ᠎ᠤᠨ ᠭᠠᠵᠠᠷ ᠪᠤᠯᠭ᠋ᠠᠬᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠡᠯ᠎ᠡ ᠦᠨᠳᠦᠰᠦᠳᠡᠨ ᠡᠯ᠎ᠡ ᠡᠳᠡᠬᠡᠳ᠎ᠤᠨ ᠲᠦᠯᠥᠬᠡᠯᠡᠭᠴᠢ ᠬᠦᠮᠥᠰᠢ ᠪᠦᠯᠬᠦᠮᠳᠡᠬᠦᠯᠥᠨ ᠬᠦᠮᠥᠵᠢᠬᠦᠯᠬᠦ ᠴᠢᠬᠤᠯᠠ ᠲᠠᠪᠴᠠᠩ ᠪᠤᠯᠭ᠋ᠠᠬᠤ᠂ ᠬᠠᠮᠳᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢᠨ ᠲᠡᠬᠡᠷ᠎ᠡ ᠵᠦᠷᠢᠴᠡᠯ᠎ᠢ ᠨᠠᠮᠳᠠᠭᠤᠯᠬᠤ ᠪᠠ ᠬᠠᠮᠳᠤ ᠵᠢᠨ ᠲᠠᠨᠢᠯᠳᠡ ᠵᠢ ᠨᠢᠬᠳᠠᠷᠠᠭᠤᠯᠬᠤ ᠴᠢᠬᠤᠯᠠ ᠠᠷᠭ᠎ᠠ ᠵᠠᠮ ᠪᠤᠯᠭ᠋ᠠᠬᠤ ᠵᠢ ᠠᠬᠢᠭᠤᠯᠵᠥ᠂ ᠤᠯᠤᠰ᠎ᠤᠨ ᠵᠠᠰᠠᠯᠳᠠ ᠵᠢᠨ ᠰᠢᠰᠲᠸᠮ᠎ᠳᠤ ᠦᠵᠡᠬᠦᠯᠬᠦ ᠦᠢ᠍ᠯᠡᠳᠦᠯ᠎ᠢ᠎ᠨᠢ ᠤᠯᠠᠮ ᠰᠠᠢ᠍ᠢ᠍ᠳᠤᠷ ᠪᠠᠳᠠᠷᠠᠭᠤᠯᠤᠨ᠂ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠳᠡ ᠵᠢ ᠪᠡᠶᠡᠯᠡᠬᠦᠯᠬᠦ᠂ ᠲᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠬᠦᠨ ᠮᠠᠨᠳᠤᠯᠳᠠ ᠵᠢᠨ ᠲᠤᠮᠳᠠᠳᠤ ᠵᠢᠨ ᠵᠡᠬᠦᠳᠤ ᠵᠢ ᠲᠡᠷᠬᠡᠯᠰᠢᠬᠦᠯᠬᠦ ᠵᠢᠨ ᠲᠦᠯᠥᠬᠡ ᠴᠢᠷᠮᠡᠢ᠍ᠢ᠍ᠨ ᠲᠡᠮᠡᠴᠡᠳᠦᠭᠡᠢ ᠭᠡᠵᠤ ᠤᠷᠢᠶᠠᠯᠠᠪᠠ᠃
ᠬᠤᠷᠡᠯ᠎ᠢ ᠨᠠᠮ᠎ᠤᠨ ᠲᠦᠪ ᠬᠤᠷᠢᠶᠡᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠡᠰᠢᠬᠦᠨ᠂ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠬᠡᠨ᠎ᠤ ᠲᠡᠷᠢᠬᠦᠯᠡᠭᠴᠢ ᠸᠠᠩ ᠶᠠᠩ ᠡᠷᠬᠢᠯᠡᠪᠡ᠃ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠬᠡᠨ᠎ᠤ ᠲᠡᠳ᠋ ᠲᠡᠷᠢᠬᠦᠯᠡᠭᠴᠢ ᠵᠠᠩ ᠴᠢᠩ ᠯᠢ᠂ ᠯᠢᠦ ᠴᠢ ᠪᠤᠤ᠂ ᠫᠠᠪᠠᠯᠠ· ᠭ᠋ᠸᠯᠸᠭ᠌ᠨᠠᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠡᡁᠸ ᠡᡁᠸᠥ ᠬᠤᠸᠠ᠂ ᠯᠥ᠍ ᠵᠠᠨ ᠬᠦᠩ᠂ ᠸᠠᠩ ᠵᠸᠩ ᠸᠸᠢ᠂ ᠮᠠ ᠪᠢᠶᠤᠤ᠂ ᠴᠸᠨ ᠰᠢᠶᠤᠤ ᠭᠤᠸᠠᠩ᠂ ᠯᠢᠶᠠᠩ ᠵᠸᠨ ᠶᠢᠩ᠂ ᠰᠢᠶᠠ ᠪᠤᠤ ᠯᠥᠩ᠂ ᠶᠠᠩ ᠴᠤᠸᠠᠨ ᠲᠠᠩ᠂ ᠯᠢ ᠪᠢᠨ᠂ ᠪᠠᠭ᠋ᠠᠳᠤᠷ᠂ ᠸᠠᠩ ᠶᠦᠩ ᠴᠢᠩ᠂ ᠡᡁᠸ ᠯᠢ ᠹᠸᠩ᠂ ᠰᠦ᠍ ᠬᠤᠢ᠂ ᠵᠸᠩ ᠵᠢᠶᠠᠨ ᠪᠠᠩ᠂ ᠬᠦ᠋ ᠱᠸᠩ ᠽᠥ᠍᠂ ᠯᠢᠦ ᠰᠢᠨ ᠴᠸᠩ᠂ ᠡᡁᠸ ᠸᠸᠢ᠂ ᠱᠤᠤ ᠬᠤᠩ᠂ ᠭᠤᠤ ᠶᠦᠨ ᠯᠥᠩ ᠲᠠᠷᠢᠬᠦᠯᠡᠭᠴᠢᠳ᠎ᠤᠨ ᠲᠠᠢ᠍ᠢ᠍ᠰᠠᠨᠤ ᠡᠮᠤᠨ᠎ᠡ ᠮᠦᠷ᠎ᠲᠤ
ᠰᠠᠭ᠋ᠠᠳᠠᠪᠠ᠃
ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠦ᠍᠂ ᠸᠠᠩ ᠬᠤ᠌ ᠨᠢᠩ᠂ ᠵᠤᠤ ᠯᠸ ᠵᠢᠢ᠂ ᠬᠠᠨ ᠵᠸᠩ᠂ ᠸᠠᠩ ᠴᠢ ᠱᠠᠨ ᠨᠠᠷ ᠲᠡᠷᠢᠭᠦᠯᠡᠭᠴᠢᠳ᠎ᠤᠨ ᠲᠠᠢ᠍ᠢ᠍ᠰᠠᠨ᠎ᠳᠤ ᠰᠠᠭ᠋ᠠᠳᠠᠵᠠᠢ᠃
ᠦᠳᠡ ᠵᠢᠨ ᠬᠤᠢ᠍ᠢ᠍ᠨᠠᠬᠢ 3 ᠴᠠᠭ᠎ᠲᠤ ᠲᠡᠭᠦᠰᠬᠦ ᠬᠤᠷᠠᠯ ᠡᠬᠢᠯᠡᠪᠠ᠃ ᠸᠠᠩ ᠶᠠᠩ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠠᠨ᠎ᠤ ᠭᠤᠷᠪᠠᠳᠤᠭ᠋ᠠᠷ ᠬᠤᠷᠠᠯ᠎ᠳᠤ ᠤᠷᠤᠯᠴᠠᠬᠤ ᠶᠤᠰᠤᠳᠠᠢ ᠭᠡᠰᠢᠭᠦᠨ 2151 ᠬᠦᠮᠦᠨ᠂ ᠪᠤᠳᠠᠳᠠᠢ ᠤᠷᠤᠯᠴᠠᠭᠰᠠᠨ᠎ᠨᠢ 2043 ᠬᠦᠮᠦᠨ ᠪᠠᠢ᠍ᠢ᠍ᠵᠤ᠂ ᠲᠤᠭᠳᠠᠭᠰᠠᠨ ᠬᠦᠮᠦᠨ᠎ᠤ ᠲᠤᠭᠠᠳᠤ ᠨᠡᠢ᠍ᠢ᠍ᠴᠡᠨᠠ ᠭᠡᠵᠤ ᠨᠡᠢ᠍ᠢ᠍ᠳᠡᠯᠡᠵᠠᠢ᠃
ᠬᠤᠷᠠᠯ᠎ᠠᠴᠠ ᠯᠢ ᠪᠢᠨ᠎ᠢ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠠᠨ᠎ᠤ ᠨᠠᠷᠢᠨ ᠪᠢᠴᠢᠭ᠎ᠤᠨ ᠳᠠᠷᠤᠭ᠎ᠠ᠎ᠪᠠᠷ ᠰᠤᠩᠭᠤᠪᠠ᠃ ᠬᠤᠷᠠᠯ᠎ᠠᠴᠠ ᠪᠠᠢ᠍ᠢ᠍ᠩᠭᠤ ᠵᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ ᠵᠢᠨ ᠲᠤᠬᠠᠢ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠠᠨ᠎ᠤ ᠭᠤᠷᠪᠠᠳᠤᠭ᠋ᠠᠷ ᠬᠤᠷᠠᠯ᠎ᠤᠨ ᠰᠢᠢ᠍ᠳᠪᠦᠷᠢ᠂ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠤᠷᠢᠶᠠᠨ᠎ᠤ ᠭᠤᠷᠪᠠᠳᠤᠭ᠋ᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠬᠢᠨᠠᠨ ᠪᠠᠢ᠍ᠢ᠍ᠴᠠᠭ᠋ᠠᠭᠰᠠᠨ ᠪᠠᠢ᠍ᠢ᠍ᠳᠠᠯ᠎ᠤᠨ ᠲᠤᠬᠠᠢ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠠᠨ᠎ᠤ ᠰᠠᠨᠠᠯ ᠳᠤᠷᠠᠳᠤᠯᠭ᠎ᠠ ᠵᠢᠨ ᠵᠦᠪᠯᠡᠯ᠎ᠤᠨ ᠮᠡᠳᠡᠭᠦᠯᠦᠯᠳᠡ᠂ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶᠠᠨ᠎ᠤ ᠭᠤᠷᠪᠠᠳᠤᠭ᠋ᠠᠷ ᠬᠤᠷᠠᠯ᠎ᠤᠨ ᠤᠯᠤᠰ ᠲᠦᠷᠦ ᠵᠢᠨ ᠰᠢᠢ᠍ᠳᠪᠦᠷᠢ ᠵᠢ ᠪᠠᠳᠤᠯᠠᠪᠠ᠃
ᠸᠠᠩ ᠶᠠᠩ ᠶᠠᠷᠢᠶᠠᠨ᠎ᠳᠠᠭᠠᠨ᠂ ᠡᠨᠡ ᠤᠳᠠᠭ᠎ᠠ ᠵᠢᠨ ᠬᠤᠷᠠᠯ᠎ᠢ ᠮᠠᠨ᠎ᠤ ᠤᠯᠤᠰ᠎ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠤᠷᠢᠬᠯᠠᠯᠳᠠ ᠵᠢᠨ ᠳᠠᠢ᠍ᠢ᠍ᠯᠠᠯᠳᠤᠭ᠋ᠠᠨ ᠴᠢᠬᠤᠯᠠ ᠶᠡᠬᠡ ᠪᠠᠢ᠍ᠢ᠍ᠯᠳᠤᠬᠤ ᠪᠤᠳᠤᠯᠭ᠎ᠠ ᠵᠢᠨ ᠦᠷ᠎ᠠ ᠪᠦᠲᠦᠭᠡᠯ ᠤᠯᠤᠭᠰᠠᠨ᠂ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠠᠵᠢᠯ ᠰᠢᠢ᠍ᠳᠪᠦᠷᠢᠳᠤ ᠳᠠᠢ᠍ᠢ᠍ᠯᠠᠯᠳᠤᠭ᠋ᠠᠨ ᠬᠢᠵᠤ ᠰᠢᠢ᠍ᠳᠪᠦᠷᠢᠳᠤ ᠢᠯᠠᠯᠳᠠ ᠤᠯᠬᠤ ᠱᠠᠳᠤᠨ᠎ᠳᠤ ᠤᠷᠤᠭᠰᠠᠨ ᠴᠢᠬᠤᠯᠠ ᠦᠶ᠎ᠠ᠎ᠳᠤ ᠬᠤᠷᠠᠯᠳᠤᠭᠤᠯᠤᠭᠰᠠᠨ ᠶᠤᠮ᠃ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠵᠡᠷᠭᠡ ᠨᠠᠮ ᠪᠤᠯᠤᠨ ᠲᠦᠷᠦ ᠵᠢᠨ ᠤᠳᠤᠷᠢᠳᠬᠤ ᠨᠦᠭᠦᠳ ᠬᠤᠷᠠᠯ᠎ᠳᠤ ᠤᠷᠤᠯᠴᠠᠵᠤ᠂ ᠭᠡᠰᠢᠭᠦᠳ᠎ᠲᠠᠢ ᠬᠠᠮᠳᠦ᠎ᠪᠠᠷ ᠲᠦᠷᠦ ᠵᠢᠨ ᠶᠠᠪᠤᠳᠠᠯ᠎ᠢ ᠵᠦᠪᠯᠡᠵᠠᠢ᠃ ᠪᠦᠬᠦ ᠬᠡᠰᠢᠬᠦᠳ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠵᠢ ᠪᠠᠢ᠍ᠢ᠍ᠨᠭ᠌ᠭᠤᠵᠢᠭᠤᠯᠬᠤ ᠪᠠ ᠠᠵᠤ ᠠᠬᠤᠢ ᠨᠡᠢ᠍ᠢ᠍ᠬᠡᠮ᠎ᠤᠨ ᠬᠦᠭᠵᠢᠯᠳᠠ ᠵᠢ ᠠᠬᠢᠭᠤᠯᠬᠤ᠂ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠤ ᠰᠢᠢ᠍ᠳᠪᠤᠷᠢᠳᠤ ᠢᠯᠠᠯᠳᠠ ᠤᠯᠬᠤ ᠬᠠᠷᠠᠯᠳᠠ ᠡᠬᠦᠷᠬᠡ ᠵᠢ ᠨᠠᠢ᠍ᠢ᠍ᠳᠠᠪᠤᠷᠢᠵᠢᠭᠤᠯᠬᠤ᠎ᠪᠠᠷ ᠭᠤᠤᠯᠯᠠᠭᠤᠯᠵᠤ᠂ ᠢᠳᠡᠪᠬᠢᠳᠠᠢ᠎ᠪᠠᠷ ᠠᠷᠭ᠎ᠠ ᠤᠬᠠᠭ᠋ᠠᠨ ᠭᠠᠷᠭ᠋ᠠᠨ ᠵᠠᠰᠠᠬ᠎ᠲᠤ ᠲᠤᠰᠠᠯᠠᠵᠤ᠂ ᠬᠠᠮᠳᠤ ᠵᠢᠨ ᠲᠠᠨᠢᠯᠳᠠ ᠵᠢ ᠦᠷᠬᠡᠨ ᠵᠶ᠋ᠠᠷ ᠨᠢᠬᠳᠠᠷᠠᠭᠤᠯᠤᠨ᠂ ᠲᠤᠰᠬᠠᠢ ᠵᠦᠪᠯᠡᠬᠦ ᠪᠠᠢ᠍ᠢ᠍ᠭᠤᠯᠤᠮᠵᠢ ᠵᠢᠨ ᠤᠯᠤᠰ᠎ᠤᠨ ᠵᠠᠰᠠᠯᠳᠠ ᠵᠢᠨ ᠰᠢᠰᠲᠸᠮ᠎ᠳᠠᠬᠢ ᠴᠢᠬᠤᠯᠠ ᠤᠢ᠍ᠢ᠍ᠯᠡᠳᠤᠯ᠎ᠢ ᠬᠦᠢ᠍ᠴᠡᠳ ᠪᠠᠳᠠᠷᠠᠭᠤᠯᠵᠤ᠂ ᠨᠢᠬᠡ ᠤᠳᠠᠭ᠎ᠠ ᠵᠢᠨ ᠠᠷᠠᠳᠴᠢᠯᠠᠯ᠎ᠲᠠᠢ᠂ ᠪᠦᠯᠬᠦᠮᠳᠡᠯ᠎ᠲᠠᠢ᠂ ᠦᠨᠡᠨ᠎ᠢ ᠪᠠᠷᠢᠮᠳᠠᠯᠠᠵᠤ ᠡᠷᠡᠮᠡᠬᠡᠢ᠍ᠢ᠍ᠯᠡᠨ ᠤᠷᠤᠬᠰᠢᠯᠠᠬᠰᠠᠨ ᠶᠡᠬᠡ ᠬᠤᠷᠠᠯ ᠪᠤᠯᠵᠠᠢ ᠬᠡᠵᠤ ᠬᠡᠯᠡᠪᠡ᠃
ᠸᠠᠩ ᠶᠠᠩ᠂ ᠡᠨᠡ ᠵᠢᠯ ᠪᠤᠯ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠳᠠ ᠵᠢᠨ ᠲᠡᠤᠬᠡ ᠵᠢᠨ ᠰᠤᠯᠪᠢᠴᠠᠯ᠎ᠤᠨ ᠵᠢᠯ ᠪᠤᠯᠤᠨ᠎ᠠ᠂ ᠠᠷᠠᠳ᠎ᠤᠨ ᠤᠯᠤᠰ ᠲᠦᠷᠤ ᠵᠢᠨ ᠵᠦᠪᠯᠡᠯᠬᠡᠨ᠎ᠤ᠎ᠬᠢᠨ ᠳᠤᠮᠳᠠᠳᠤ ᠵᠢᠨ ᠦᠨᠳᠤᠰᠤᠳᠠᠨ᠎ᠤ ᠠᠭᠤᠤ ᠶᠡᠬᠡ ᠰᠡᠷᠬᠦᠨ ᠮᠠᠨᠳᠤᠯᠳᠠ ᠵᠢᠨ ᠪᠠᠢ᠍ᠢ᠍ᠯᠳᠤᠬᠤ ᠪᠤᠳᠤᠯᠭ᠎ᠠ ᠵᠢᠨ ᠪᠦᠬᠦ ᠲᠠᠯ᠎ᠠ ᠪᠤᠯᠤᠨ ᠲᠡᠯᠡᠬᠡᠢ ᠶᠢᠷᠳᠢᠨᠴᠤ᠎ᠳᠤ ᠵᠠᠭᠤᠨ ᠵᠢᠯ ᠭᠠᠷᠤᠭ᠋ᠠᠳᠤᠢ ᠶᠡᠬᠡ ᠬᠤᠪᠢᠰᠤᠯᠳᠠ ᠵᠢᠨ ᠡᠨᠡ ᠬᠦ᠌ 《ᠬᠤᠶᠠᠷ ᠶᠡᠬᠡ ᠲᠠᠯ᠎ᠠ》 ᠵᠢ ᠬᠡᠬᠦᠳᠡᠭ ᠴᠡᠬᠡᠵᠢᠨ᠎ᠳᠡᠭᠡᠨ ᠪᠠᠭᠳᠠᠭ᠋ᠠᠵᠤ᠂ ᠪᠤᠳᠠᠳᠤ ᠠᠵᠢᠯᠯᠠᠭ᠎ᠠ ᠪᠤᠯᠤᠨ ᠲᠤᠰᠢᠶᠠᠯ ᠵᠶ᠋ᠠᠨ ᠭᠦᠢ᠍ᠴᠡᠳᠭᠡᠭᠰᠡᠨ ᠠᠮᠵᠢᠯᠳᠠ ᠪᠦᠳᠤᠮᠵᠢ᠎ᠪᠠᠷ ᠵᠶ᠋ᠠᠨ ᠨᠠᠮ ᠪᠤᠯᠤᠨ ᠤᠯᠤᠰ᠎ᠤᠨ ᠭᠤᠤᠯ ᠠᠵᠢᠯ᠎ᠳᠤ ᠤᠢ᠍ᠢ᠍ᠯᠡᠴᠢᠯᠡᠬᠦ ᠬᠢᠷᠢ ᠲᠡᠩᠴᠡᠭᠰᠡᠨ ᠬᠠᠷᠢᠭᠤᠯᠳᠠ ᠵᠢᠨ ᠬᠠᠭᠤᠳᠠᠰᠤ ᠲᠤᠰᠢᠶᠠᠬᠤ ᠭᠡᠷᠡᠭᠳᠠᠢ᠃ ᠬᠢᠵᠢᠭ᠎ᠲᠠᠢ ᠲᠡᠮᠡᠴᠡᠬᠦ ᠠᠭᠤᠤ ᠶᠡᠬᠡ ᠲᠡᠮᠡᠴᠡᠯ᠎ᠠᠴᠠ ᠬᠦᠴᠤᠨ ᠴᠢᠳᠠᠯ ᠬᠦᠷᠳᠡᠨ ᠢᠳᠡᠬᠡᠯ ᠵᠤᠷᠢᠬ ᠵᠶ᠋ᠠᠨ ᠪᠠᠳᠤᠳᠬᠠᠵᠤ᠂ 《ᠲᠦᠷᠪᠡᠨ ᠤᠬᠠᠮᠰᠠᠷ》 ᠵᠶ᠋ᠠᠨ ᠤᠯᠠᠮ ᠴᠢᠩᠭ᠋ᠠᠳᠬᠠᠨ᠂ 《ᠲᠦᠷᠪᠡᠨ ᠢᠳᠡᠬᠡᠯ》 ᠵᠶ᠋ᠠᠨ ᠪᠠᠳᠤᠳᠬᠠᠨ᠂ 《ᠬᠤᠶᠠᠷ᠎ᠢ ᠬᠠᠮᠠᠭ᠋ᠠᠯᠠᠠᠠᠤ》 ᠵᠢ ᠪᠡᠶᠡᠯᠡᠬᠦᠯᠵᠤ᠂ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠤ ᠶᠡᠬᠡ ᠪᠦᠯᠬᠦᠮᠳᠡᠯ᠎ᠢ ᠲᠠᠰᠤᠷᠠᠯᠳᠠ ᠦᠬᠡᠢ ᠴᠢᠩᠭ᠋ᠠᠳᠬᠠᠨ᠂ ᠠᠶᠤᠯ ᠲᠦᠭᠰᠢᠬᠦᠷᠢ ᠵᠢᠨ ᠰᠢᠯᠭ᠋ᠠᠯᠳᠠ ᠵᠢ ᠠᠷᠭ᠋ᠠᠴᠠᠭ᠋ᠠᠬᠤ ᠦᠵᠡᠯ ᠰᠠᠨᠠᠭ᠋ᠠᠨ᠎ᠤ ᠪᠡᠯᠡᠳᠬᠡᠯ ᠪᠤᠯᠤᠨ ᠠᠵᠢᠯ᠎ᠤᠨ ᠪᠡᠯᠡᠳᠬᠡᠯ᠎ᠢ ᠬᠦᠢ᠍ᠴᠡᠳ ᠰᠠᠢ᠍ᠢ᠍ᠳᠤᠷ ᠬᠢᠬᠦ ᠭᠡᠷᠡᠭᠳᠠᠢ᠃ ᠬᠠᠷᠠᠯᠳᠠ ᠡᠬᠦᠷᠬᠡ ᠵᠢ ᠴᠢᠩᠭ᠎ᠠ ᠡᠵᠡᠮᠳᠡᠨ ᠲᠤᠰᠢᠶᠠᠯ ᠵᠶ᠋ᠠᠨ ᠬᠦᠢ᠍ᠴᠡᠳᠬᠡᠬᠦ ᠴᠢᠳᠠᠪᠤᠷᠢ᠎ᠪᠠᠨ ᠲᠡᠭᠡᠭᠰᠢᠯᠡᠬᠦᠯᠵᠤ᠂ ᠠᠵᠢᠯ᠎ᠤᠨ ᠠᠮᠵᠢᠯᠳᠠ ᠪᠦᠳᠤᠮᠵᠢ᠎ᠪᠠᠨ ᠲᠡᠭᠡᠭᠰᠢᠯᠡᠬᠦᠯᠵᠤ᠂ ᠰᠤᠷᠳᠠᠯ᠎ᠢ ᠪᠤᠳᠠᠳᠠᠢ᠍ᠢ᠍ᠵᠢᠭᠤᠯᠬᠤ ᠪᠠ ᠲᠤᠰᠢᠶᠠᠯ ᠵᠶ᠋ᠠᠨ ᠭᠦᠢ᠍ᠴᠡᠳᠭᠡᠬᠦ ᠴᠢᠳᠠᠪᠤᠷᠢ᠎ᠪᠠᠨ ᠨᠡᠩ ᠰᠠᠢ᠍ᠢ᠍ᠨ ᠤᠶᠠᠯᠳᠤᠭᠤᠯᠤᠨ᠂ ᠬᠡᠯᠪᠡᠷᠢᠴᠢ ᠦᠵᠡᠯ ᠨᠤᠶᠠᠨᠴᠢ ᠰᠤᠷᠳᠠᠯ᠎ᠢ ᠰᠡᠷᠬᠡᠢ᠍ᠢ᠍ᠯᠡᠨ ᠲᠡᠪᠴᠢᠵᠤ᠂ ᠠᠷᠭ᠎ᠠ ᠤᠬᠠᠭ᠋ᠠᠨ ᠭᠠᠷᠭ᠋ᠠᠨ ᠵᠠᠰᠠᠬ᠎ᠲᠤ ᠲᠤᠰᠠᠯᠠᠬᠤ ᠤᠢ᠍ᠢ᠍ᠯᠡᠳᠤᠯ᠂ ᠬᠠᠮᠳᠤ ᠵᠢᠨ ᠲᠠᠨᠢᠯᠳᠠ ᠵᠢ ᠨᠢᠬᠳᠠᠷᠠᠭᠤᠯᠬᠤ ᠪᠦᠳᠤᠮᠵᠢ ᠵᠢ ᠴᠢᠷᠮᠠᠢ᠍ᠢ᠍ᠨ ᠪᠡᠶᠡᠯᠡᠬᠦᠯᠵᠤ᠂ ᠰᠠᠢ᠍ᠢ᠍ᠨ ᠰᠠᠢ᠍ᠢ᠍ᠬᠠᠨ ᠰᠤᠷᠳᠠᠯ ᠵᠶ᠋ᠠᠷ ᠲᠤᠰᠢᠶᠠᠯ ᠵᠶ᠋ᠠᠨ ᠬᠦᠢ᠍ᠴᠡᠳᠬᠡᠬᠦ ᠦᠷ᠎ᠠ ᠪᠦᠳᠦᠮᠵᠢ᠎ᠪᠠᠨ ᠪᠠᠳᠤᠯᠠᠬᠤ ᠭᠡᠷᠡᠭᠳᠠᠢ᠃ ᠲᠤᠰᠢᠶᠠᠯ ᠵᠶ᠋ᠠᠨ ᠬᠦᠢ᠍ᠴᠡᠳᠬᠡᠬᠦ ᠴᠢᠳᠠᠪᠤᠷᠢ᠎ᠪᠠᠨ ᠲᠡᠭᠡᠭᠰᠢᠯᠡᠬᠦᠯᠵᠤ᠂ ᠲᠤᠰᠬᠠᠢ ᠵᠦᠪᠯᠡᠬᠦ ᠪᠠᠢ᠍ᠢ᠍ᠭᠤᠯᠤᠮᠵᠢ ᠵᠢᠨ ᠰᠠᠢ᠍ᠢ᠍ᠨ ᠪᠦᠷᠢᠯᠳᠤᠬᠦᠨ ᠪᠤᠯᠬᠤ ᠦᠨᠳᠤᠰᠤᠨ ᠴᠢᠳᠠᠪᠤᠷᠢ᠎ᠪᠠᠨ ᠲᠡᠭᠡᠭᠰᠢᠯᠡᠬᠦᠯᠤᠨ᠂ ᠢᠯᠡᠬᠦᠤ ᠨᠤᠮ ᠤᠩᠰᠢᠵᠤ ᠰᠠᠢ᠍ᠢ᠍ᠨ ᠨᠤᠮ ᠤᠩᠰᠢᠨ ᠴᠢᠳᠠᠮᠠᠭ᠋ᠠᠢ᠎ᠪᠠᠷ ᠨᠤᠮ ᠤᠩᠰᠢᠵᠦ᠂ ᠤᠯᠤᠰ ᠲᠦᠷᠤ ᠵᠢᠨ ᠵᠦᠪᠯᠡᠯᠬᠡᠨ᠎ᠤ ᠠᠵᠢᠯ᠎ᠤᠨ ᠵᠢᠮ᠎ᠠ ᠶᠤᠰᠤ ᠪᠤᠯᠤᠨ ᠵᠦᠪᠯᠡᠬᠦ ᠠᠷᠭ᠎ᠠ ᠪᠠᠷᠢᠯ᠎ᠤᠨ ᠴᠢᠬᠤᠯᠠ ᠠᠭᠤᠯᠭ᠎ᠠ ᠵᠢ ᠡᠵᠡᠮᠳᠡᠨ᠂ ᠵᠠᠰᠠᠬ᠎ᠲᠤ ᠲᠤᠰᠠᠯᠠᠬᠤ ᠠᠷᠭ᠎ᠠ ᠤᠬᠠᠭ᠋ᠠᠨ ᠭᠠᠷᠭ᠋ᠠᠬᠤ ᠤᠷᠢᠳᠠᠴᠢ ᠴᠢᠨᠠᠷ᠂ ᠤᠨᠤᠴᠠᠳᠠᠢ ᠴᠢᠨᠠᠷ᠎ᠢ ᠲᠡᠭᠡᠭᠰᠢᠯᠡᠬᠦᠯᠵᠤ᠂ ᠬᠠᠮᠳᠤ ᠵᠢᠨ ᠲᠠᠨᠢᠯᠳᠠ ᠵᠢ ᠨᠢᠬᠳᠠᠷᠠᠭᠤᠯᠬᠤ ᠴᠢᠭᠯᠡᠭᠦᠯᠤᠯᠳᠤ ᠴᠢᠨᠠᠷ᠂ ᠪᠦᠳᠤᠮᠵᠢᠳᠤ ᠴᠢᠨᠠᠷ᠎ᠢ ᠲᠡᠭᠡᠭᠰᠢᠯᠡᠬᠦᠯᠵᠤ᠂ ᠬᠦᠮᠤᠰ᠎ᠤᠨ ᠪᠤᠳᠤᠯ ᠰᠠᠨᠠᠭ᠎ᠠ ᠬᠦᠴᠤᠨ ᠴᠢᠳᠠᠯ᠎ᠢ ᠦᠷᠬᠡᠨ ᠲᠠᠯᠬᠡᠷ ᠵᠶ᠋ᠠᠷ ᠨᠢᠬᠳᠠᠷᠠᠭᠤᠯᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
ᠸᠠᠩ ᠶᠠᠩ᠂ ᠠᠷᠠᠳ᠎ᠤᠨ ᠤᠯᠤᠰ ᠲᠦᠷᠦ ᠵᠢᠨ ᠵᠦᠪᠯᠡᠯᠭᠡᠡ ᠲᠤᠮᠲᠠᠲᠤ ᠤᠯᠤᠰ᠎ᠤᠨ ᠮᠠᠶᠢᠭ᠎ᠤᠨ ᠠᠷᠠᠳᠴᠢᠯᠠᠯ᠎ᠢ ᠭᠡᠷᠡᠭᠵᠢᠭᠦᠯᠬᠦ᠎ᠳᠤ ᠦᠢ᠍ᠯᠡᠲᠦᠯ ᠵᠶ᠋ᠠᠨ ᠪᠠᠲᠠᠷᠠᠭᠤᠯᠵᠦ᠂ ᠬᠤᠪᠢ ᠨᠡᠮᠡᠷᠢ ᠦᠵᠡᠭᠦᠯᠬᠦ ᠬᠡᠷᠡᠭᠳᠠᠢ᠃ ᠠᠷᠠᠳ᠎ᠤᠨ ᠤᠯᠤᠰ ᠲᠦᠷᠦ ᠵᠢᠨ ᠵᠦᠪᠯᠡᠯᠭᠡᠡ ᠨᠡᠢ᠍ᠢ᠍ᠭᠡᠮ ᠵᠢᠷᠤᠮ᠎ᠤᠨ ᠵᠦᠪᠯᠡᠬᠦ ᠠᠷᠠᠳᠴᠢᠯᠠᠯ᠎ᠤᠨ ᠲᠠᠪᠠᠭᠤᠯᠢᠭ᠎ᠢ ᠠᠰᠢᠬᠯᠠᠨ᠂ ᠡᠯ᠎ᠠ ᠨᠠᠮ ᠪᠦᠯᠦᠭ ᠪᠦᠯᠬᠦᠮ ᠨᠢᠭᠡᠴᠢ ᠪᠤᠯᠤᠨ ᠡᠯ᠎ᠠ ᠦᠨᠲᠦᠰᠦᠲᠡᠡ ᠡᠯ᠎ᠠ ᠡᠲᠡᠭᠡᠳ᠎ᠤᠨ ᠬᠦᠮᠦᠰ᠎ᠢ ᠪᠦᠲᠦᠮᠵᠢᠲᠠᠢ᠎ᠪᠠᠷ ᠵᠤᠬᠢᠶᠠᠠ ᠪᠠᠢ᠍ᠢ᠍ᠭᠤᠯᠵᠤ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠦ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠎ᠨᠢ ᠲᠤᠮᠲᠠᠲᠤ ᠤᠯᠤᠰ᠎ᠤᠨ ᠡᠪ ᠬᠠᠮᠲᠤ ᠨᠠᠮ᠎ᠤᠨ ᠤᠲᠤᠷᠢᠲᠤᠯᠭ᠎ᠠ ᠪᠤᠯᠤᠨ ᠤᠯᠠᠠ ᠨᠠᠮ ᠬᠠᠮᠲᠤᠷᠠᠠ ᠠᠵᠢᠯᠯᠠᠬᠤ ᠵᠢ ᠤᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠬᠤ᠎ᠳᠤ ᠠᠰᠢᠭᠲᠠᠢ᠂ ᠠᠷᠠᠳᠴᠢᠯᠠᠯ᠎ᠢ ᠬᠦᠢ᠍ᠴᠡᠳ ᠪᠠᠲᠠᠷᠠᠭᠤᠯᠬᠤ ᠪᠠ ᠲᠦᠪᠯᠡᠷᠡᠯ᠎ᠲᠠᠢ᠂ ᠡᠮᠬᠢ ᠲᠠᠷᠠᠭ᠋ᠠᠯᠠᠯ᠎ᠲᠠᠢ ᠤᠯᠤᠰ ᠲᠦᠷᠦ ᠵᠢᠨ ᠤᠷᠤᠯᠴᠠᠭ᠎ᠠ ᠵᠢ ᠵᠦᠪ ᠵᠶ᠋ᠠᠷ ᠭᠡᠷᠡᠭᠵᠢᠭᠦᠯᠬᠦ ᠵᠢ ᠤᠷᠭ᠋ᠠᠨᠢᠭ ᠵᠶ᠋ᠠᠷ ᠤᠶᠠᠯᠳᠤᠭᠤᠯᠬᠤ᠎ᠳᠤ ᠠᠰᠢᠭᠲᠠᠢ᠂ ᠪᠦᠯᠬᠦᠮᠲᠡᠯ᠎ᠢ ᠦᠨᠡᠡ ᠬᠦ᠌ ᠴᠢᠩᠭ᠋ᠠᠳᠬᠠᠬᠤ ᠪᠠ ᠠᠵᠢᠯ᠎ᠤᠨ ᠨᠠᠢ᠍ᠢ᠍ᠲᠠᠪᠤᠷᠢᠵᠢᠭᠤᠯᠤᠯᠳᠠ ᠵᠢ ᠠᠬᠢᠭᠤᠯᠬᠤ ᠵᠢ ᠤᠶᠠᠯᠳᠤᠭᠤᠯᠬᠤ᠎ᠳᠤ ᠠᠰᠢᠭᠲᠠᠢ ᠶᠤᠮ᠃ ᠠᠷᠠᠳ᠎ᠤᠨ ᠤᠯᠤᠰ ᠲᠦᠷᠦ ᠵᠢᠨ ᠵᠦᠪᠯᠡᠯᠭᠡᠡ᠎ᠤ ᠲᠤᠰᠬᠠᠢ ᠵᠦᠪᠯᠡᠬᠦ ᠪᠠᠢ᠍ᠢ᠍ᠭᠤᠯᠤᠮᠵᠢ ᠵᠢᠨ ᠪᠠᠢ᠍ᠢ᠍ᠭᠤᠯᠤᠯ᠎ᠤᠨ ᠦᠢ᠍ᠯᠡᠲᠦᠯ᠎ᠢ ᠲᠡᠭᠡᠭᠰᠢᠯᠡᠭᠦᠯᠵᠤ᠂ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ᠎ᠲᠠᠢ᠂ ᠬᠠᠮᠲᠤ ᠵᠢᠨ ᠬᠠᠷᠠᠯᠲᠠ ᠬᠦᠭᠡᠭᠡᠴᠡᠯᠲᠦᠯ᠎ᠲᠠᠢ᠂ ᠬᠠᠮᠲᠤ ᠵᠢᠨ ᠦᠨᠲᠦᠰᠤᠨ ᠠᠰᠢᠭ ᠲᠤᠰᠠᠲᠠᠢ ᠤᠯᠤᠰ ᠲᠦᠷᠦ ᠵᠢᠨ ᠬᠠᠮᠲᠤ ᠵᠢᠨ ᠴᠤᠭᠴᠠ ᠵᠢ ᠪᠠᠢ᠍ᠢ᠍ᠭᠤᠯᠬᠤ ᠵᠢ ᠠᠬᠢᠭᠤᠯᠵᠦ᠂ ᠤᠯᠤᠰ᠎ᠤᠨ ᠵᠠᠰᠠᠯᠲᠠ᠎ᠳᠤ ᠨᠡᠩ ᠰᠠᠢ᠍ᠢ᠍ᠨ ᠵᠶ᠋ᠠᠷ ᠬᠦᠴᠤ ᠨᠡᠮᠡᠷᠢᠯᠡᠵᠤ ᠬᠠᠮᠳᠤᠷᠠᠯ ᠬᠦᠴᠤ ᠵᠢ ᠴᠢᠩᠭ᠋ᠠᠳᠬᠠᠬᠤ ᠭᠡᠷᠡᠭᠲᠡᠢ ᠭᠡᠵᠦ ᠴᠢᠬᠤᠯᠠᠴᠢᠯᠠᠪᠠ᠃
ᠲᠡᠭᠦᠰᠬᠦ ᠬᠤᠷᠠᠯ᠎ᠳᠤ ᠤᠷᠤᠯᠴᠠᠭᠰᠠᠠ ᠨᠦᠬᠦᠳ᠎ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠸᠠ᠂ ᠯᠢᠤ ᠡᡁᠸ᠂ ᠰᠢᠤᠢ ᠴᠢ ᠯᠢᠶᠠᠩ᠂ ᠰᠦᠨ ᠴᠦᠨ ᠯᠠᠠ᠂ ᠯᠢ ᠰᠢ᠂ ᠯᠢ ᠴᠢᠶᠠᠩ᠂ ᠯᠢ ᠬᠤᠩ ᠵᠦᠩ᠂ ᠶᠠᠩ ᠵᠢᠶᠸ ᠊ᠤᠤᠢ᠂ ᠶᠠᠩ ᠰᠢᠶᠤᠤ ᠳ᠋ᠦ᠋᠂ ᠵᠠᠩ ᠶᠢᠤ ᠰᠢᠶᠠ᠂ ᠴᠸᠠ ᠰᠢ᠂ ᠴᠸᠠ ᠴᠢᠤᠸᠠᠠ ᠬᠦᠸᠸ᠂ ᠴᠸᠠ ᠮᠢᠨ ᠡᠯ᠂ ᠬᠤ᠌ ᠴᠦᠨ ᠬᠤᠸᠠ᠂ ᠬᠦᠸᠸ ᠱᠸᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠠ᠂ ᠼᠤᠤ ᠵᠢᠶᠠᠠ ᠮᠢᠩ᠂ ᠵᠠᠩ ᠴᠦᠨ ᠰᠢᠶᠠᠠ᠂ ᠱᠸᠠ ᠶᠤᠸᠠᠢ ᠶᠤᠸᠠᠢ᠂ ᠵᠢᠢ ᠪᠢᠩ ᠰᠢᠤᠸᠠᠠ᠂ ᠠᠢ᠍ᠢ᠍ᠯᠢᠭ᠌ᠸᠩ · ᠢᠮᠢᠩᠪᠠᠬᠠᠢ᠂ ᠸᠠᠠ ᠡᠸ ᠰᠢᠶᠠᠩ᠂ ᠴᠸᠠ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠦ᠋ ᠸᠸᠢ ᠬᠤᠸᠠ᠂ ᠸᠠᠩ ᠶᠦᠩ᠂ ᠸᠠᠩ ᠢ᠂ ᠰᠢᠶᠤᠤ ᠵᠢᠶᠸ᠂ ᠵᠤᠤ ᠺᠸ ᡁᠢ᠂ ᠵᠸᠤ ᠴᠢᠶᠠᠩ᠂ ᠵᠠᠩ ᠵᠢᠶᠦᠢ᠍ᠨ ᠨᠠᠷ ᠪᠠᠢ᠍ᠢ᠍ᠨ᠎ᠠ᠃
ᠨᠠᠮ᠎ᠤᠨ ᠲᠦᠪ ᠬᠤᠷᠢᠶ᠎ᠠ᠂ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠍ᠢ᠍ᠩᠭᠤ ᠵᠢᠨ ᠬᠤᠷᠢᠶ᠎ᠠ᠂ ᠲᠦᠷᠦ ᠵᠢᠨ ᠶᠠᠪᠤᠲᠠᠯ᠎ᠤᠨ ᠬᠤᠷᠢᠶᠠᠠ᠎ᠤ ᠬᠤᠯᠪᠤᠭᠲᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠠ ᠲᠡᠭᠦᠰᠬᠦ ᠬᠤᠷᠠᠯ᠎ᠳᠤ ᠰᠤᠯᠠ ᠤᠷᠤᠯᠴᠠᠵᠠᠢ᠃ ᠲᠤᠮᠲᠠᠲᠤ ᠤᠯᠤᠰ᠎ᠲᠤ ᠰᠠᠭᠤᠭ᠎ᠠ ᠭᠠᠳᠠᠭ᠋ᠠᠳᠤ ᠤᠯᠤᠰ᠎ᠤᠨ ᠡᠯᠴᠢᠨ ᠰᠠᠢ᠍ᠢ᠍ᠳ ᠤᠷᠢᠯᠭ᠎ᠠ᠎ᠪᠠᠷ ᠲᠡᠭᠦᠰᠬᠦ ᠬᠤᠷᠠᠯ᠎ᠳᠤ ᠤᠷᠤᠯᠴᠠᠭᠰᠠᠠ ᠪᠠᠢ᠍ᠢ᠍ᠨ᠎ᠠ᠃
ᠶᠡᠬᠡ ᠬᠤᠷᠠᠯ ᠰᠦᠷ ᠵᠢᠪᠬᠤᠯᠠᠨᠭ᠌ᠳᠠᠢ ᠤᠯᠤᠰ᠎ᠤᠨ ᠰᠦᠯᠲᠠ ᠲᠠᠭᠤᠤ ᠵᠢᠨ ᠠᠶᠠᠰ ᠲᠤᠮᠲᠠ ᠲᠡᠭᠦᠰᠪᠠ᠃