ᠬᠦᠮᠦᠨ ᠰᠠᠭᠤᠯᠭ᠋ᠠᠭᠰᠠᠠ ᠰᠠᠨᠰᠠᠷ᠎ᠤᠨ ᠠᠶᠠᠯᠠᠯ᠎ᠤᠨ ᠢᠨᠵᠸᠨ᠋ᠸᠷᠢᠩ᠎ᠤᠨ ᠤᠭᠳᠠᠷᠭᠤᠢ ᠵᠢᠨ ᠦᠷᠳᠡᠬᠡ ᠵᠢᠨ ᠱᠠᠳᠤᠴᠢ ᠴᠢᠨᠠᠷᠳᠠᠢ ᠨᠢᠰᠦᠯᠳᠡ ᠵᠢᠨ ᠡᠬᠦᠷᠬᠡ ᠵᠢᠨ ᠶᠡᠷᠤᠩᠬᠡᠢ ᠵᠢᠯᠤᠭᠤᠳᠬᠤ ᠭᠠᠵᠠᠷ ᠪᠠ ᠴᠠᠩ ᠵᠸᠩ ᠲᠠᠪᠤᠳᠤᠭ᠋ᠠᠷ B ᠬᠦᠯᠬᠡ ᠲᠡᠢ᠍ᠢ᠍ᠷᠤᠯᠳᠤ ᠰᠤᠮᠤ ᠵᠢᠨ ᠠᠩᠬᠠᠨ᠎ᠤ ᠨᠢᠰᠦᠯᠳᠡ ᠵᠢᠨ ᠡᠬᠦᠷᠬᠡ ᠵᠢᠨ ᠰᠤᠳᠤᠯᠭ᠋ᠠᠨ ᠲᠤᠷᠰᠢᠯᠳᠠ᠎ᠳᠤ ᠤᠷᠤᠯᠴᠠᠬᠰᠠᠠ ᠡᠯ᠎ᠡ ᠨᠢᠬᠡᠴᠢ ᠪᠤᠯᠤᠨ ᠪᠦᠬᠦ ᠨᠦᠬᠦᠳ᠎ᠲᠤ᠄
ᠴᠠᠩ ᠵᠸᠩ ᠲᠠᠪᠤᠳᠤᠭ᠋ᠠᠷ B ᠬᠦᠯᠬᠡ ᠲᠡᠢ᠍ᠢ᠍ᠷᠤᠯᠳᠤ ᠰᠤᠮᠤ ᠵᠢᠨ ᠠᠩᠬᠠᠨ᠎ᠤ ᠨᠢᠰᠦᠯᠳᠡ ᠵᠢᠨ ᠡᠬᠦᠷᠬᠡ ᠵᠢ ᠡᠬᠢᠯᠡᠭᠦᠯᠦᠭᠰᠡᠡ᠎ᠠᠴᠠ ᠨᠠᠭ᠋ᠠᠰᠢ᠂ ᠰᠤᠳᠤᠯᠭ᠋ᠠᠨ ᠲᠤᠷᠰᠢᠯᠳᠡ᠎ᠳᠤ ᠤᠷᠤᠯᠴᠠᠭᠰᠠᠠ ᠡᠯ᠎ᠡ ᠨᠢᠬᠡᠴᠢ ᠪᠤᠯᠤᠨ ᠪᠦᠬᠦ ᠨᠦᠬᠦᠳ ᠪᠦᠯᠬᠦᠮᠳᠡᠨ ᠲᠡᠮᠡᠴᠡᠵᠥ᠂ ᠬᠠᠳᠠᠭᠤ ᠪᠡᠷᠭᠡᠰᠢᠶᠡᠯ᠎ᠢ ᠬᠠᠮᠳᠤ᠎ᠪᠠᠷ ᠲᠤᠭᠤᠯᠵᠥ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ ᠵᠡᠷᠬᠡ ᠲᠠᠪᠬᠤᠷ ᠲᠠᠪᠬᠤᠷ ᠬᠦᠴᠢᠷ ᠪᠡᠷᠬᠡᠰᠢᠶᠡᠯ᠎ᠢ ᠠᠮᠵᠢᠯᠳᠠ᠎ᠲᠠᠢ ᠢᠯᠠᠨ ᠲᠠᠪᠠᠵᠥ᠂ ᠠᠩᠬᠠᠨ᠎ᠤ ᠨᠢᠰᠦᠯᠳᠡ ᠵᠢᠨ ᠡᠬᠦᠷᠬᠡ ᠵᠢ ᠠᠮᠵᠢᠯᠳᠠ᠎ᠲᠠᠢ ᠪᠡᠶᠡᠯᠡᠬᠦᠯᠥᠭᠰᠡᠡ ᠴᠢᠬᠤᠯᠠ ᠶᠡᠬᠡ ᠢᠯᠠᠯᠳᠠ ᠵᠢ ᠤᠯᠪᠠ᠂ ᠨᠠᠮ᠎ᠤᠨ ᠲᠦᠪ ᠬᠤᠷᠢᠶ᠎ᠡ᠂ ᠲᠦᠷᠦ ᠵᠢᠨ ᠶᠠᠪᠤᠳᠠᠯ᠎ᠤᠨ ᠬᠤᠷᠢᠶ᠎ᠡ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠡ ᠲᠠ ᠨᠠᠷ᠎ᠲᠤ ᠬᠠᠯᠠᠭᠤᠨ ᠪᠠᠶᠠᠷ ᠬᠦᠷᠬᠡᠵᠥ ᠪᠠᠢ᠍ᠢ᠍ᠬᠤ ᠪᠦᠬᠡᠳ ᠲᠤᠳᠤᠨᠤ᠎ᠪᠠᠷ ᠲᠤᠬᠤᠨᠢᠭᠤᠯᠵᠥ ᠪᠠᠢ᠍ᠢ᠍ᠨ᠎ᠠ!
ᠴᠠᠩ ᠵᠸᠩ ᠲᠠᠪᠤᠳᠤᠭ᠋ᠠᠷ B ᠬᠦᠯᠭᠡ ᠲᠡᠢ᠍ᠢ᠍ᠷᠦᠯᠳᠦ ᠰᠤᠮᠤ ᠵᠢᠨ ᠠᠨᠭ᠌ᠬᠠᠨ᠎ᠤ ᠨᠢᠰᠤᠯᠳᠠ ᠵᠢᠨ ᠡᠬᠦᠷᠭᠡ᠎ᠪᠠᠨ ᠲᠡᠬᠦᠰ ᠠᠮᠵᠢᠯᠳᠠ᠎ᠲᠠᠢ ᠪᠡᠶᠡᠯᠡᠬᠦᠯᠦᠭᠰᠡᠨ᠎ᠨᠢ ᠤᠬᠳᠠᠷᠭᠤᠢ ᠵᠢᠨ ᠦᠷᠳᠡᠭᠡ ᠵᠢᠨ ᠱᠠᠳᠤᠴᠢ ᠴᠢᠨᠠᠷᠳᠠᠢ ᠨᠢᠰᠦᠯᠳᠠ ᠵᠢᠨ ᠡᠬᠦᠷᠭᠡ ᠠᠩᠬᠠᠳᠠᠬ᠍ᠴᠢ ᠠᠮᠵᠢᠯᠳᠠ᠎ᠪᠠᠨ ᠤᠯᠤᠬᠰᠠᠨᠢ ᠬᠠᠷᠠᠭᠤᠯᠵᠦ᠂ ᠮᠠᠨ᠎ᠤ ᠤᠯᠤᠰ᠎ᠤᠨ ᠬᠦᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠸᠨ᠋ᠸᠷᠢᠩ᠎ᠤᠨ ᠭᠤᠷᠪᠠᠳᠤᠭ᠋ᠠᠷ ᠠᠯᠬᠤᠮ᠎ᠤᠨ ᠬᠦᠭᠵᠢᠯᠳᠠ ᠵᠢᠨ ᠪᠠᠢ᠍ᠢ᠍ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠪᠡᠶᠡᠯᠡᠬᠦᠯᠬᠦ᠎ᠳᠤ ᠪᠠᠳᠤ ᠪᠡᠬᠢ ᠰᠠᠭᠤᠷᠢ ᠵᠢ ᠲᠠᠯᠪᠢᠵᠠᠢ᠃ ᠡᠨᠡ ᠪᠤᠯ ᠢᠨᠵᠸᠨ᠋ᠸᠷᠢᠩ᠎ᠤᠨ ᠪᠦᠬᠦ ᠠᠵᠢᠯᠳᠠᠳ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠋ᠠᠨ᠎ᠤ ᠵᠢᠯᠤᠭᠤᠳᠤᠯᠭ᠎ᠠ ᠲᠤᠤᠷ᠎ᠠ᠂ ᠳᠤᠮᠳᠠᠳᠤ ᠤᠯᠤᠰ᠎ᠤᠨ ᠤᠨᠴᠠᠯᠢᠬ᠎ᠲᠠᠢ ᠪᠡᠶ᠎ᠠ᠎ᠪᠠᠨ ᠳᠠᠭ᠋ᠠᠭ᠋ᠠᠵᠦ ᠰᠢᠨ᠎ᠠ ᠵᠢ ᠡᠬᠦᠳᠬᠦ ᠵᠠᠮ ᠵᠶ᠋ᠠᠷ ᠡᠷᠡᠰ ᠭᠤᠢ᠍ᠢ᠍ᠪᠢᠰᠢ ᠦᠭᠡᠢ ᠵᠠᠮᠨᠠᠵᠦ᠂ ᠰᠠᠨᠰᠠᠷ᠎ᠤᠨ ᠠᠶᠠᠯᠠᠯ᠎ᠤᠨ ᠬᠦᠴᠦᠷᠭᠡᠭ ᠤᠯᠤᠰ ᠪᠠ ᠳᠡᠯᠡᠭᠡᠢ ᠵᠢᠨ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠬᠦᠴᠦᠷᠭᠡᠭ ᠤᠯᠤᠰ᠎ᠢ ᠴᠢᠷᠮᠠᠢ᠍ᠢ᠍ᠨ ᠪᠦᠳᠦᠭᠡᠨ ᠪᠠᠢ᠍ᠢ᠍ᠭᠤᠯᠬᠤ ᠶᠠᠪᠤᠴᠠ᠎ᠳᠤ ᠤᠯᠤᠭᠰᠠᠨ ᠰᠢᠨ᠎ᠠ ᠠᠮᠵᠢᠯᠳᠠ ᠮᠦᠨ᠂ ᠡᠨᠡ᠎ᠨᠢ ᠯᠠᠪᠳᠠᠢ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠵᠤᠷᠢᠬ᠍ᠵᠢᠭᠤᠯᠤᠨ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠦ᠂ 《ᠲᠦᠷᠪᠡᠨ ᠢᠳᠡᠭᠡᠯ》 ᠵᠶ᠋ᠠᠨ ᠪᠠᠳᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠦ᠂ ᠳᠤᠮᠳᠠᠳᠤ ᠵᠢᠨ ᠵᠡᠬᠦᠳᠦ ᠪᠠ ᠴᠡᠷᠢᠭ᠎ᠢ ᠬᠦᠴᠦᠷᠭᠡᠭᠵᠢᠬᠦᠯᠬᠦ ᠵᠡᠬᠦᠳᠦ ᠵᠢ ᠳᠡᠷᠭᠡᠯᠰᠢᠬᠦᠯᠬᠦ ᠵᠢᠨ ᠲᠦᠯᠦᠭᠡ ᠴᠦᠬᠦᠷᠡᠰᠢ ᠦᠭᠡᠢ ᠴᠢᠷᠮᠠᠢ᠍ᠢ᠍ᠨ ᠲᠡᠮᠡᠴᠡᠬᠦᠯᠵᠦ᠂ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠢ᠍ᠯᠡᠰ᠎ᠤᠨ ᠰᠢᠨ᠎ᠠ ᠪᠠᠢ᠍ᠢ᠍ᠳᠠᠯ᠎ᠢ ᠳᠠᠰᠤᠷᠠᠯᠳᠠ ᠦᠭᠡᠢ ᠨᠡᠭᠡᠭᠡᠨ ᠡᠬᠦᠳᠬᠦ ᠪᠤᠯᠤᠨ᠎ᠠ᠃ ᠲᠠ ᠨᠠᠷ ᠨᠠᠮ ᠪᠤᠯᠤᠨ ᠤᠯᠤᠰ᠎ᠤᠨ ᠦᠢ᠍ᠯᠡᠰ᠎ᠤᠨ ᠬᠦᠭᠵᠢᠯᠳᠠ᠎ᠳᠤ ᠭᠠᠷᠮᠠᠭ᠋ᠠᠢ ᠬᠤᠪᠢ ᠨᠡᠮᠡᠷᠢ ᠦᠵᠡᠬᠦᠯᠵᠡᠢ᠂ ᠡᠭᠡ ᠤᠯᠤᠰ ᠪᠠ ᠠᠷᠠᠳ ᠲᠦᠮᠡᠨ᠎ᠠᠴᠠ ᠲᠠᠨᠠᠷ᠎ᠲᠤ ᠲᠠᠯᠠᠷᠬᠠᠵᠦ ᠪᠠᠢ᠍ᠢ᠍ᠨ᠎ᠠ!
ᠬᠠᠨᠠᠭ᠋ᠠᠷ ᠤᠬᠳᠠᠷᠭᠤᠢ ᠵᠢᠨ ᠲᠤᠬᠠᠢ ᠬᠠᠢ᠍ᠢ᠍ᠨ ᠰᠢᠨᠵᠢᠯᠡᠯᠳᠠ ᠬᠦᠪᠡᠭᠡ ᠬᠢᠵᠠᠭ᠋ᠠᠷ ᠦᠭᠡᠢ ᠬᠡᠵᠢᠶᠡᠲᠡ ᠵᠤᠭᠰᠤᠰᠢ ᠦᠭᠡᠢ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠨᠳᠤᠷ ᠤᠷᠬᠢᠯ᠎ᠳᠤ ᠠᠪᠠᠷᠢᠬᠤ ᠡᠬᠦᠷᠭᠡ ᠬᠦᠨᠳᠤ ᠵᠠᠮ ᠬᠤᠯᠠ ᠪᠠᠢ᠍ᠢ᠍ᠭ᠎ᠠ ᠶᠤᠮ᠃ ᠬᠦᠮᠦᠨ ᠰᠠᠭᠤᠯᠭ᠋ᠠᠬᠰᠡᠨ ᠰᠠᠨᠰᠠᠷ᠎ᠤᠨ ᠠᠶᠠᠯᠠᠯ᠎ᠤᠨ ᠢᠨᠵᠸᠨ᠋ᠸᠷᠢᠩ᠎ᠤᠨ ᠬᠤᠢ᠍ᠢ᠍ᠰᠢᠳᠠ ᠵᠢᠨ ᠡᠬᠦᠷᠭᠡ ᠬᠦᠨᠳᠤ ᠪᠡᠷᠭᠡ ᠪᠠᠢ᠍ᠢ᠍ᠵᠤ᠂ ᠲᠤᠯᠭ᠋ᠠᠷᠠᠬᠤ ᠬᠦᠴᠢᠷᠳᠡᠯ ᠪᠤᠯᠤᠨ ᠰᠢᠯᠭ᠋ᠠᠯᠳᠠ᠎ᠨᠢ ᠲᠦᠪᠡᠭ ᠪᠤᠳᠤᠯᠢᠶᠠᠨᠳᠠᠢ ᠶᠤᠮ᠃ ᠲᠠ ᠨᠠᠷ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠬᠰᠡᠨ ᠨᠠᠮ᠎ᠤᠨ ᠲᠦᠪ ᠬᠤᠷᠢᠶᠠᠨ᠎ᠤ ᠲᠤᠭᠤᠷᠢᠨ᠎ᠳᠤ ᠨᠡᠩ ᠨᠢᠬᠳᠠᠷᠠᠨ ᠪᠦᠯᠬᠦᠮᠳᠡᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠡ᠎ᠪᠠᠷ ᠵᠢᠯᠤᠭᠤᠳᠤᠯᠭ᠎ᠡ ᠪᠤᠯᠭ᠋ᠠᠵᠤ᠂ ᠨᠠᠮ᠎ᠤᠨ ᠠᠷᠪᠡ ᠶᠢᠰᠦᠳᠦᠭᠡᠷ ᠶᠡᠭᠡ ᠬᠤᠷᠠᠯ ᠪᠤᠯᠤᠨ ᠠᠷᠪᠡ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠲᠦᠷᠪᠡᠳᠦᠭᠡᠷ ᠪᠦᠬᠦᠳᠠ ᠬᠤᠷᠠᠯ᠎ᠤᠨ ᠵᠤᠷᠢᠭ ᠰᠠᠨᠠᠭ᠎ᠡ ᠵᠢ ᠪᠦᠬᠦ ᠲᠠᠯ᠎ᠡ᠎ᠪᠠᠷ ᠲᠤᠭᠤᠰᠢᠯᠠᠭᠤᠯᠵᠤ᠂ 《ᠬᠤᠶᠠᠷ ᠪᠦᠮᠪᠦᠭᠡ ᠨᠢᠭᠡ ᠤᠳᠤᠨ》᠎ᠤ ᠵᠤᠷᠢᠭ ᠰᠠᠨᠠᠭ᠎ᠡ ᠪᠤᠯᠤᠨ ᠬᠦᠮᠦᠨ ᠰᠠᠭᠤᠯᠭ᠋ᠠᠬᠰᠡᠨ ᠰᠠᠨᠰᠠᠷ᠎ᠤᠨ ᠠᠶᠠᠯᠠᠯ᠎ᠤᠨ ᠵᠤᠷᠢᠭ ᠰᠠᠨᠠᠭ᠎ᠡ ᠵᠢ ᠶᠡᠭᠡ᠎ᠪᠠᠷ ᠪᠠᠳᠠᠷᠠᠭᠤᠯᠵᠤ᠂ ᠰᠠᠨᠰᠠᠷ᠎ᠤᠨ ᠠᠶᠠᠯᠠᠯ ᠵᠶ᠋ᠠᠷ ᠤᠯᠤᠰ᠎ᠲᠠᠭᠠᠨ ᠭᠠᠪᠢᠶ᠎ᠠ ᠵᠢᠳᠬᠦᠯ ᠦᠵᠡᠬᠦᠯᠬᠦ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠠᠷ ᠤᠯᠤᠰ ᠵᠶ᠋ᠠᠨ ᠬᠦᠴᠦᠷᠭᠡᠭᠵᠢᠬᠦᠯᠬᠦ ᠠᠭᠤᠤ ᠶᠡᠭᠡ ᠦᠢ᠍ᠯᠡᠳᠦᠯᠭᠡ ᠵᠢᠨ ᠲᠤᠮᠳᠠ᠂ ᠤᠭ ᠰᠠᠨᠠᠭ᠎ᠡ᠎ᠪᠠᠨ ᠦᠯᠤ ᠮᠡᠷᠳᠡᠵᠤ᠂ ᠡᠬᠦᠷᠭᠡ ᠬᠠᠷᠢᠭᠤᠴᠠᠯᠭ᠎ᠡ᠎ᠪᠠᠨ ᠪᠠᠳᠤ ᠴᠡᠭᠡᠵᠢᠯᠡᠵᠤ᠂ ᠡᠷᠡᠮᠡᠭᠡᠢ᠍ᠢ᠍ᠯᠡᠨ ᠲᠡᠮᠡᠴᠡᠨ ᠵᠢᠳᠬᠦᠯ ᠴᠢᠷᠮᠠᠢ᠍ᠢ᠍ᠯᠭ᠎ᠡ ᠭᠠᠷᠭ᠋ᠠᠵᠤ᠂ ᠲᠠᠬᠢᠨ ᠰᠢᠨ᠎ᠡ ᠭᠠᠪᠢᠶ᠎ᠡ ᠪᠠᠢ᠍ᠢ᠍ᠭᠤᠯᠵᠤ᠂ 《ᠬᠤᠤᠰ ᠵᠠᠭᠤᠨ ᠵᠢᠯ》᠎ᠤᠨ ᠲᠠᠮᠠᠴᠡᠬᠦ ᠬᠠᠷᠠᠯᠳᠠ ᠵᠢ ᠪᠠᠶᠠᠯᠡᠬᠦᠯᠵᠤ᠂ ᠲᠤᠮᠳᠠᠳᠤ ᠵᠢᠨ ᠦᠨᠳᠤᠰᠤᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠲᠤᠮᠳᠠᠳᠤ ᠵᠢᠨ ᠵᠡᠬᠦᠳᠤ ᠵᠢ ᠲᠡᠷᠭᠡᠯᠰᠢᠬᠦᠯᠬᠦ᠎ᠳᠤ ᠨᠡᠩ ᠶᠡᠭᠡ ᠬᠤᠪᠢ ᠨᠠᠮᠠᠷᠢ ᠦᠵᠡᠬᠦᠯᠬᠦ ᠵᠢ ᠬᠦᠰᠡᠵᠤ ᠪᠠᠢ᠍ᠢ᠍ᠨ᠎ᠡ᠃
ᠨᠠᠮ᠎ᠤᠨ ᠲᠦᠪ ᠬᠤᠷᠢᠶ᠎ᠡ
ᠲᠦᠷᠦ ᠵᠢᠨ ᠶᠠᠪᠤᠳᠠᠯ᠎ᠤᠨ ᠬᠤᠷᠢᠶ᠎ᠡ
ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠡ
2020 ᠤᠨ᠎ᠤ 5 ᠰᠠᠷ᠎ᠡ ᠵᠢᠨ 5᠎ᠤ ᠡᠳᠦᠷ
(ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠡ ᠵᠢᠨ 5᠎ᠤ ᠴᠠᠬᠢᠯᠭ᠋ᠠᠨ ᠮᠡᠳᠡᠭᠡ)