ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠤᠨ ᠲᠤᠬᠠᠢ ᠰᠠᠨᠠᠯ ᠰᠠᠨᠠᠭᠤᠯᠭ᠎ᠠ ᠵᠢ ᠰᠤᠨᠤᠰᠬᠤ᠎ᠪᠠᠷ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ ᠨᠠᠮ᠎ᠤᠨ ᠭᠠᠳᠠᠨᠠᠬᠢ ᠬᠦᠮᠦᠰ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠰᠢ ᠵᠢᠨ ᠫᠢᠩ ᠬᠤᠷᠠᠯ᠎ᠢ ᠡᠷᠬᠢᠯᠡᠬᠦ ᠵᠢᠨ ᠬᠠᠮᠳᠦ ᠴᠢᠬᠤᠯᠠ ᠶᠠᠷᠢᠶ᠎ᠠ ᠲᠠᠯᠪᠢᠵᠠᠢ
ᠯᠢ ᠺᠸ ᠴᠢᠶᠠᠩ ᠬᠤᠯᠪᠤᠭᠳᠠᠯ ᠪᠦᠬᠦᠢ ᠪᠠᠢ᠍ᠢ᠍ᠳᠠᠯ᠎ᠢ ᠵᠠᠷᠯᠠᠨ ᠮᠡᠳᠡᠭᠳᠡᠵᠦ ᠸᠠᠩ ᠶᠠᠩ ᠸᠠᠩ ᠬᠤ᠌ ᠨᠢᠩ ᠤᠷᠤᠯᠴᠠᠪᠠ
5 ᠰᠠᠷ᠎ᠠ ᠵᠢᠨ 8᠎ᠤ ᠡᠳᠦᠷ᠂ ᠨᠠᠮ᠎ᠤᠨ ᠲᠦᠪ ᠬᠤᠷᠢᠶ᠎ᠠ ᠵᠦᠩ ᠨᠠᠨ ᠬᠠᠢ᠎ᠳᠤ ᠨᠠᠮ᠎ᠤᠨ ᠭᠠᠳᠠᠨᠠᠬᠢ ᠬᠦᠮᠦᠰ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠦ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠤᠨ ᠲᠤᠬᠠᠢ ᠡᠯ᠎ᠠ ᠠᠷᠠᠳᠴᠢᠯᠠᠬᠰᠠᠨ ᠨᠠᠮ ᠪᠦᠯᠦᠭ᠎ᠤᠨ ᠲᠦᠪ ᠬᠤᠷᠢᠶ᠎ᠠ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠠ ᠨᠠᠮ ᠪᠦᠯᠦᠭ᠎ᠤᠨ ᠪᠤᠰᠤ ᠬᠦᠮᠦᠰ᠎ᠤᠨ ᠲᠦᠯᠦᠭᠡᠯᠡᠭᠴᠢᠳ᠎ᠤᠨ ᠰᠠᠨᠠᠯ ᠰᠠᠨᠠᠭᠤᠯᠭ᠎ᠠ ᠵᠢ ᠰᠤᠨᠤᠰᠪᠠ᠃ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠬᠦ ᠵᠢᠨ ᠬᠠᠮᠳᠦ ᠴᠢᠬᠤᠯᠠ ᠶᠠᠷᠢᠶ᠎ᠠ ᠲᠠᠯᠪᠢᠵᠠᠢ᠃ ᠰᠢ ᠵᠢᠨ ᠫᠢᠩ᠂ ᠰᠢᠷᠭ᠋ᠠᠭᠤ ᠬᠠᠳᠠᠭᠤᠵᠢᠯᠳᠠᠢ ᠴᠢᠷᠮᠠᠢ᠍ᠢ᠍ᠯᠭ᠎ᠠ᠎ᠪᠠᠷ ᠳᠠᠮᠵᠢᠵᠦ᠂ ᠦᠬᠠᠨ᠎ᠢ ᠬᠠᠮᠠᠭ᠋ᠠᠯᠠᠬᠤ ᠲᠠᠢ᠍ᠢ᠍ᠯᠠᠯᠳᠤᠭ᠋ᠠᠨ᠂ ᠬᠤᠪᠸᠢ ᠵᠢ ᠬᠠᠮᠠᠭ᠋ᠠᠯᠠᠬᠤ ᠲᠠᠢ᠍ᠢ᠍ᠯᠠᠯᠳᠤᠭ᠋ᠠᠨ ᠱᠠᠳᠤᠴᠢ ᠴᠢᠨᠠᠷᠳᠠᠢ ᠦᠷ᠎ᠠ ᠪᠦᠳᠦᠮᠵᠢ ᠤᠯᠵᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠤᠷᠢᠬᠯᠠᠯᠳᠠ ᠵᠢᠨ ᠲᠠᠢ᠍ᠢ᠍ᠯᠠᠯᠳᠤᠭ᠋ᠠᠨ ᠴᠢᠬᠤᠯᠠ ᠶᠡᠭᠡ ᠪᠠᠢ᠍ᠢ᠍ᠯᠳᠤᠬᠤ ᠪᠤᠳᠤᠯᠭ᠎ᠠ ᠵᠢᠨ ᠦᠷ᠎ᠠ ᠪᠦᠳᠦᠮᠵᠢ ᠤᠯᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠠᠵᠢᠯ ᠢᠳᠡᠪᠬᠢᠳᠠᠢ ᠦᠷ᠎ᠠ ᠪᠦᠳᠦᠮᠵᠢ ᠤᠯᠪᠠ᠃ ᠪᠢᠳᠠ ᠡᠯ᠎ᠠ ᠵᠦᠢ᠍ᠯ᠎ᠤᠨ ᠠᠵᠢᠯ᠎ᠢ ᠦᠷᠬᠦᠯᠵᠢᠯᠡᠨ ᠴᠠᠭ᠎ᠢ ᠠᠮᠵᠢᠨ ᠰᠠᠢ᠍ᠢ᠍ᠳᠤᠷ ᠬᠢᠵᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠡᠨᠡ ᠬᠦ᠌ ᠰᠢᠵᠢᠮ᠎ᠢ ᠴᠠᠭ ᠢᠮᠠᠬᠳᠠ ᠴᠢᠩᠭ᠋ᠠᠯᠠᠨ᠂ ᠠᠵᠢᠯ ᠵᠶ᠋ᠠᠨ ᠰᠡᠷᠬᠦᠭᠡᠵᠦ ᠦᠢ᠍ᠯᠡᠳᠪᠤᠷᠢᠯᠡᠯ ᠵᠶ᠋ᠠᠨ ᠰᠡᠷᠬᠦᠭᠡᠨ ᠬᠢᠴᠢᠶᠡᠯ ᠰᠡᠷᠬᠦᠭᠡᠬᠦ ᠠᠵᠢᠯ᠎ᠢ ᠯᠠᠪᠳᠠᠭᠤᠨ ᠪᠠᠳᠤᠳᠠᠢ ᠠᠬᠢᠭᠤᠯᠵᠦ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠦ ᠲᠠᠢ᠍ᠢ᠍ᠯᠠᠯᠳᠤᠭ᠋ᠠᠨ ᠬᠢᠵᠦ ᠰᠢᠢ᠍ᠳᠪᠤᠷᠢᠳᠦ ᠢᠯᠠᠯᠳᠠ ᠵᠢ ᠤᠯᠬᠤ ᠬᠠᠷᠠᠯᠳᠠ ᠡᠬᠦᠷᠭᠡ᠎ᠪᠠᠨ ᠪᠡᠶᠡᠯᠡᠭᠳᠡᠬᠦ ᠵᠢ ᠪᠠᠳᠤᠯᠠᠨ᠂ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃
ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠭᠡᠰᠢᠬᠦᠨ ᠯᠢ ᠺᠸ ᠴᠢᠶᠠᠩ᠂ ᠸᠠᠩ ᠶᠠᠩ᠂ ᠸᠠᠩ ᠬᠤ᠌ ᠨᠢᠩ ᠶᠠᠷᠢᠯᠴᠠᠬᠤ ᠬᠤᠷᠠᠯ᠎ᠳᠤ ᠤᠷᠤᠯᠴᠠᠪᠠ᠃ ᠯᠢ ᠺᠸ ᠴᠢᠶᠠᠩ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠤᠨ ᠬᠤᠯᠪᠤᠭᠳᠠᠯ ᠪᠦᠬᠦᠢ ᠪᠠᠢ᠍ᠢ᠍ᠳᠠᠯ᠎ᠢ ᠵᠠᠷᠯᠠᠨ ᠮᠡᠳᠡᠭᠳᠡᠪᠡ᠃
ᠶᠠᠷᠢᠯᠴᠠᠬᠤ ᠬᠤᠷᠠᠯ ᠳᠡᠭᠡᠷ᠎ᠠ᠂ ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠳᠦ ᠬᠤᠷᠢᠶᠠᠨ᠎ᠤ ᠲᠦᠪ ᠬᠤᠷᠢᠶᠠᠨ᠎ᠤ ᠲᠡᠷᠢᠬᠦᠯᠡᠭᠴᠢ ᠸᠠᠨ ᠡᠸ ᠰᠢᠶᠠᠩ᠂ ᠳᠤᠮᠳᠠᠳᠤ ᠤᠯᠤᠰ᠎ᠤᠨ ᠠᠷᠠᠳᠴᠢᠯᠠᠬᠰᠠᠨ ᠬᠤᠯᠪᠤᠭ᠋ᠠᠨ᠎ᠤ ᠲᠦᠪ ᠬᠤᠷᠢᠶᠠᠨ᠎ᠤ ᠲᠡᠷᠢᠬᠦᠯᠡᠭᠴᠢ ᠳ᠋ᠢᠩ ᠵᠦᠩ ᠯᠢ᠂ ᠳᠤᠮᠳᠠᠳᠤ ᠤᠯᠤᠰ᠎ᠤᠨ ᠠᠷᠠᠳᠴᠢᠯᠠᠯ ᠵᠶ᠋ᠠᠷ ᠤᠯᠤᠰ ᠵᠶ᠋ᠠᠨ ᠪᠠᠢ᠍ᠢ᠍ᠭᠤᠯᠬᠤ ᠬᠤᠷᠠᠯ᠎ᠤᠨ ᠲᠦᠪ ᠬᠤᠷᠢᠶᠠᠨ᠎ᠤ ᠲᠡᠷᠢᠬᠦᠯᠡᠭᠴᠢ ᠬᠤᠤ ᠮᠢᠩ ᠵᠢᠨ᠂ ᠳᠤᠮᠳᠠᠳᠤ ᠤᠯᠤᠰ᠎ᠤᠨ ᠠᠷᠠᠳᠴᠢᠯᠠᠯ ᠵᠶ᠋ᠠᠷ ᠠᠬᠢᠭᠤᠯᠬᠤ ᠬᠤᠷᠠᠯ᠎ᠤᠨ ᠲᠦᠪ ᠬᠤᠷᠢᠶᠠᠨ᠎ᠤ ᠲᠡᠷᠢᠬᠦᠯᠡᠭᠴᠢ ᠼᠠᠢ ᠳ᠋ᠠ ᠹᠸᠩ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠬᠰᠠᠨ ᠨᠠᠮ᠎ᠤᠨ ᠲᠦᠪ ᠬᠤᠷᠢᠶᠠᠨ᠎ᠤ ᠲᠡᠷᠢᠬᠦᠯᠡᠭᠴᠢ ᠴᠸᠨ ᠵᠦ᠍᠂ ᠳᠤᠮᠳᠠᠳᠤ ᠤᠯᠤᠰ᠎ᠤᠨ ᡁᠢᠬᠦ᠋ᠩᠳᠠᠩ ᠨᠠᠮ᠎ᠤᠨ ᠲᠦᠪ ᠬᠤᠷᠢᠶᠠᠨ᠎ᠤ ᠲᠠᠷᠢᠬᠦᠯᠡᠭᠴᠢ ᠸᠠᠨ ᠭᠠᠩ᠂ 《9 · 3》᠎ᠤ ᠡᠷᠳᠡᠮ ᠰᠢᠨᠵᠢᠯᠡᠭᠡᠨ᠎ᠤ ᠨᠡᠢ᠍ᠢ᠍ᠭᠡᠮᠯᠢᠭ᠎ᠤᠨ ᠲᠦᠪ ᠬᠤᠷᠢᠶᠠᠨ᠎ᠤ ᠲᠡᠷᠢᠬᠦᠯᠡᠭᠴᠢ ᠡᠤ ᠸᠸᠢ ᠬᠤᠸᠠ᠂ ᠲᠠᠢ᠍ᠢ᠍ᠸᠠᠨᠤ ᠠᠷᠠᠳᠴᠢᠯᠠᠯ ᠵᠶ᠋ᠠᠷ ᠦᠪᠡᠷᠲᠡᠭᠡᠨ ᠵᠠᠰᠠᠬᠤ ᠬᠤᠯᠪᠤᠭ᠋ᠠᠨ᠎ᠤ ᠲᠦᠪ ᠬᠤᠷᠢᠶᠠᠨ᠎ᠤ ᠲᠡᠷᠢᠬᠦᠯᠡᠭᠴᠢ ᠰᠤ᠌ ᠬᠤᠢ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠋ᠠᠨ᠎ᠤ ᠲᠡᠷᠢᠬᠦᠯᠡᠭᠴᠢ ᠭᠤᠤ ᠶᠦᠨ ᠯᠦᠩ᠂ ᠨᠠᠮ ᠪᠦᠯᠦᠭ᠎ᠤᠨ ᠪᠤᠰᠤ ᠬᠦᠮᠦᠰ᠎ᠤᠨ ᠲᠦᠯᠦᠭᠡᠯᠡᠭᠴᠢ ᠰᠦᠨ ᠴᠢ ᠰᠢᠨ ᠤᠷᠢᠳ ᠬᠤᠵᠢᠳ ᠦᠭᠡ ᠭᠡᠯᠡᠪᠡ᠃ ᠲᠡᠳᠡ᠂ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠭᠰᠠᠠ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠡᠨ᠎ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠪᠦᠬᠦ ᠤᠯᠤᠰ᠎ᠤᠨ ᠠᠷᠠᠳ ᠲᠦᠮᠡᠨ ᠰᠡᠳᠬᠢᠯ ᠨᠢᠬᠡᠳᠴᠦ᠂ ᠲᠦᠮᠡᠨ ᠤᠯᠠᠨ ᠵᠶ᠋ᠠᠷ ᠵᠶ᠋ᠠᠨ ᠲᠡᠮᠤᠷ ᠬᠡᠷᠡᠮ ᠪᠤᠯᠵᠥ ᠨᠢᠭᠲᠠᠷᠠᠨ ᠲᠡᠮᠡᠴᠡᠭᠰᠡᠡ᠎ᠠᠴᠠ᠂ ᠮᠠᠨ᠎ᠤ ᠤᠯᠤᠰ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠬᠤᠷᠢᠬᠯᠠᠯᠳᠠ ᠵᠢᠨ ᠲᠠᠢ᠍ᠢ᠍ᠯᠠᠯᠳᠤᠭ᠋ᠠᠨ ᠴᠢᠬᠤᠯᠠ ᠶᠡᠬᠡ ᠪᠠᠢ᠍ᠢ᠍ᠯᠳᠤᠬᠤ ᠪᠤᠳᠤᠯᠭ᠎ᠠ ᠵᠢᠨ ᠦᠷ᠎ᠡ ᠪᠦᠳᠤᠮᠵᠢ ᠤᠯᠵᠥ᠂ ᠤᠯᠤᠰ᠎ᠤᠨ ᠲᠤᠳᠤᠭ᠋ᠠᠳᠤ ᠵᠢᠨ ᠬᠢᠵᠢᠭ᠎ᠤᠨ ᠪᠠᠢ᠍ᠢ᠍ᠳᠠᠯ᠎ᠢ ᠦᠨᠳᠦᠰᠦᠨ᠎ᠳᠡᠭᠡᠨ ᠡᠵᠡᠮᠳᠡᠵᠥ᠂ ᠭᠠᠳᠠᠨ᠎ᠠ᠎ᠠᠴᠠ ᠬᠠᠯᠳᠠᠪᠤᠷᠢᠯᠡᠨ ᠤᠷᠤᠵᠥ ᠢᠷᠡᠭᠰᠡᠡ ᠡᠪᠡᠳᠴᠢᠨ᠎ᠤ ᠵᠢᠱ᠌ᠢᠶ᠎ᠡ ᠵᠢᠨ ᠨᠡᠮᠡᠭᠳᠡᠬᠦ ᠪᠠᠢ᠍ᠢ᠍ᠳᠠᠯ ᠠᠯᠬᠤᠮ ᠠᠯᠬᠤᠮ ᠵᠶ᠋ᠠᠷ ᠪᠠᠭᠤᠷᠠᠵᠥ᠂ ᠦᠢ᠍ᠯᠡᠳᠪᠤᠷᠢᠯᠡᠯ ᠠᠮᠢᠳᠤᠷᠠᠯ᠎ᠤᠨ ᠡᠮᠬᠢ ᠲᠢᠭᠯᠢᠮ ᠲᠦᠷᠬᠡᠨ ᠰᠡᠷᠬᠦᠵᠥ᠂ ᠦᠨᠳᠦᠰᠦᠳᠡᠨ᠎ᠤ ᠤᠮᠤᠬᠰᠢᠯᠳᠤ ᠰᠡᠳᠬᠢᠯᠬᠡ᠂ ᠢᠳᠡᠬᠡᠯ ᠵᠤᠷᠢᠭ᠂ ᠨᠢᠬᠳᠠᠷᠠᠯ᠎ᠤᠨ ᠬᠦᠴᠦᠨ᠎ᠢ ᠲᠤᠢ᠍ᠢ᠍ᠯ᠎ᠤᠨ ᠶᠡᠬᠡ᠎ᠪᠠᠷ ᠤᠷᠬᠢᠯᠤᠭᠤᠯᠵᠥ᠂ ᠮᠠᠨ᠎ᠤ ᠤᠯᠤᠰ᠎ᠤᠨ ᠨᠡᠢ᠍ᠢ᠍ᠬᠡᠮ ᠵᠢᠷᠤᠮᠳᠤ ᠪᠠᠢ᠍ᠢ᠍ᠭᠤᠯᠤᠯ᠎ᠤᠨ ᠤᠯᠤᠰ ᠲᠦᠷᠦ ᠵᠢᠨ ᠲᠠᠪᠠᠭᠤᠯᠢᠭ ᠪᠤᠯᠤᠨ ᠲᠤᠮᠳᠠᠳᠤ ᠤᠯᠤᠰ᠎ᠤᠨ ᠬᠠᠷᠢᠭᠤᠴᠠᠯᠭ᠎ᠠ᠎ᠲᠠᠢ ᠲᠤᠮᠤ ᠤᠯᠤᠰ᠎ᠤᠨ ᠲᠦᠷᠢ ᠲᠦᠷᠬᠦ ᠵᠢ ᠬᠦᠢ᠍ᠴᠡᠳ ᠢᠯᠡᠷᠡᠬᠦᠯᠵᠡᠢ ᠬᠡᠵᠥ ᠢᠯᠡᠳᠬᠡᠵᠡᠬᠡᠪᠡ᠃ ᠲᠡᠳᠡ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠡᠨ᠎ᠤ ᠪᠠᠢ᠍ᠢ᠍ᠩᠭᠤᠵᠢᠬᠰᠠᠠ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠤᠯᠤᠨ ᠦᠢ᠍ᠯᠡᠳᠪᠤᠷᠢᠯᠡᠯ ᠠᠮᠢᠳᠤᠷᠠᠯ᠎ᠤᠨ ᠬᠡᠪ᠎ᠤᠨ ᠡᠮᠬᠢ ᠲᠢᠭᠯᠢᠮ᠎ᠢ ᠲᠦᠷᠬᠡᠨ ᠰᠡᠷᠬᠦᠬᠡᠬᠦ ᠵᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠲᠤᠬᠠᠢ ᠪᠠᠢ᠍ᠢ᠍ᠷᠢᠯᠠᠭᠤᠯᠤᠯᠳᠠ ᠵᠢ ᠮᠠᠭᠳᠠᠨ ᠰᠠᠢ᠍ᠢ᠍ᠰᠢᠶᠠᠵᠥ᠂ ᠸᠠᠺᠼᠢᠨ᠎ᠢ ᠰᠤᠳᠤᠯᠤᠨ ᠨᠡᠬᠡᠬᠡᠬᠦ᠂ ᠬᠢᠨᠠᠨ ᠵᠦᠪᠰᠢᠶᠡᠷᠡᠬᠦ ᠪᠤᠯᠤᠨ ᠬᠡᠷᠡᠭᠯᠡᠬᠦ ᠵᠢ ᠲᠦᠷᠬᠡᠳᠬᠡᠬᠦ᠂ ᠬᠦᠨᠳᠤ ᠶᠡᠬᠡ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠬᠤ᠂ ᠬᠡᠨᠡᠳᠳᠡ ᠡᠬᠦᠰᠬᠦ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ ᠬᠦᠮᠦᠵᠢᠯ ᠪᠤᠯᠪᠠᠰᠤᠷᠠᠯ ᠪᠤᠯᠤᠨ ᠴᠢᠳᠠᠪᠤᠷᠢᠳᠡᠨ ᠬᠦᠮᠥᠵᠢᠬᠦᠯᠬᠦ ᠵᠢ ᠴᠢᠩᠭ᠋ᠠᠳᠬᠠᠬᠤ᠂ ᠠᠵᠢᠯ ᠵᠶ᠋ᠠᠨ ᠰᠡᠷᠬᠦᠬᠡᠵᠥ ᠦᠢ᠍ᠯᠡᠳᠪᠤᠷᠢᠯᠡᠯ ᠵᠶ᠋ᠠᠨ ᠰᠡᠷᠬᠦᠬᠡᠬᠦ᠂ ᠠᠵᠥ ᠠᠬᠤᠢ ᠨᠡᠢ᠍ᠢ᠍ᠬᠡᠮ᠎ᠤᠨ ᠬᠦᠭᠵᠢᠯᠳᠡ ᠵᠢᠨ ᠠᠮᠢᠵᠢᠷᠡᠯ᠎ᠤᠨ ᠬᠦᠴᠦᠨ᠎ᠢ ᠰᠡᠷᠬᠦᠬᠡᠬᠦ ᠵᠢ ᠠᠬᠢᠭᠤᠯᠬᠤ᠂ ᠮᠥᠩᠬᠦᠨ ᠬᠦᠢ᠍ᠯᠬᠡᠬᠡᠨ᠎ᠤ ᠵᠠᠬ᠎ᠠ ᠲᠡᠯᠬᠡᠬᠦᠷ᠎ᠤᠨ ᠲᠤᠭᠳᠠᠭᠤᠨ᠎ᠢ ᠬᠠᠮᠠᠭ᠋ᠠᠯᠠᠬᠤ᠂ 《ᠵᠢᠷᠭᠤᠭ᠎ᠠ ᠵᠢ ᠲᠤᠭᠳᠠᠪᠤᠷᠢᠵᠢᠭᠤᠯᠬᠤ》 ᠠᠵᠢᠯ᠎ᠢ ᠬᠦᠨᠵᠡᠬᠡᠢ ᠰᠠᠢ᠍ᠢ᠍ᠳᠤᠷ ᠬᠢᠵᠥ᠂ 《ᠵᠢᠷᠭᠤᠭ᠎ᠠ ᠵᠢ ᠪᠠᠳᠤᠯᠠᠬᠤ》 ᠡᠬᠦᠷᠬᠡ ᠵᠢ ᠨᠠᠢ᠍ᠢ᠍ᠳᠠᠪᠤᠷᠢᠵᠢᠭᠤᠯᠵᠦ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠥ ᠰᠢᠢ᠍ᠳᠪᠤᠷᠢᠳᠤ ᠢᠯᠠᠯᠳᠠ ᠤᠯᠬᠤ ᠡᠬᠦᠷᠬᠡ ᠵᠢ ᠪᠡᠶᠡᠯᠡᠬᠦᠯᠬᠦ ᠵᠢ ᠦᠨᠡᠨ ᠬᠦ᠌ ᠪᠠᠳᠤᠯᠠᠬᠤ᠂ ᠲᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠭᠰᠡᠡ ᠦᠯᠢᠬᠡᠷ᠎ᠢ ᠰᠠᠢ᠍ᠢ᠍ᠬᠠᠨ ᠶᠠᠷᠢᠬᠤ ᠵᠡᠷᠬᠡ ᠲᠡᠯ᠎ᠡ᠎ᠪᠠᠷ ᠰᠠᠨᠠᠯ ᠪᠤᠯᠤᠨ ᠰᠠᠨᠠᠭᠤᠯᠭ᠎ᠠ ᠲᠤᠷᠠᠳᠪᠠ᠃
ᠤᠯᠠᠨ᠎ᠤ ᠶᠠᠷᠢᠶ᠎ᠠ ᠵᠢ ᠨᠠᠷᠢᠨ ᠬᠢᠨᠠᠮᠠᠭ᠋ᠠᠢ ᠰᠤᠨᠤᠰᠤᠭᠰᠠᠠᠤ ᠲᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠡᠨᠡᠳᠳᠡ ᠡᠬᠦᠰᠦᠭᠰᠡᠡ ᠬᠢᠵᠢᠭ᠎ᠤᠨ ᠡᠮᠤᠨ᠎ᠡ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠡ ᠲᠡᠬᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠥ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ᠎ᠤᠨ ᠡᠷᠡᠬᠦᠯ ᠮᠡᠨᠳᠤ ᠵᠢ ᠲᠡᠷᠢᠬᠦᠨ᠎ᠳᠤ ᠲᠠᠯᠪᠢᠬᠤ ᠵᠢ ᠪᠠᠷᠢᠮᠳᠠᠯᠠᠵᠥ᠂ ᠪᠦᠬᠦ ᠲᠡᠯ᠎ᠡ ᠵᠢ ᠨᠢᠬᠡᠳᠤᠯᠳᠡᠢ ᠲᠦᠯᠥᠪᠵᠢᠬᠦᠯᠵᠥ᠂ ᠯᠠᠪᠳᠠᠭᠤᠨ ᠬᠢᠨᠠᠮᠠᠭ᠋ᠠᠢ᠎ᠪᠠᠷ ᠠᠷᠭ᠋ᠠᠴᠠᠭ᠋ᠠᠵᠥ᠂ ᠰᠡᠷᠬᠡᠢ᠍ᠢ᠍ᠯᠡᠨ ᠡᠵᠡᠮᠳᠡᠬᠦ ᠪᠠ ᠠᠪᠤᠷᠠᠨ ᠡᠮᠨᠡᠬᠦ ᠠᠯᠢ ᠤᠯᠠᠨ ᠠᠷᠭ᠎ᠠ ᠬᠡᠮᠵᠢᠶ᠎ᠡ ᠵᠢ ᠡᠷᠡᠰ ᠲᠠᠰᠤᠷᠬᠠᠢ᠎ᠪᠠᠷ ᠠᠪᠴᠦ᠂ ᠰᠠᠷ᠎ᠠ ᠭᠠᠷᠤᠢ ᠵᠢᠨ ᠴᠠᠭ᠎ᠢ ᠬᠡᠷᠡᠭᠰᠡᠭᠡᠳ ᠬᠢᠵᠢᠭ᠎ᠤᠨ ᠲᠠᠷᠬᠠᠨ ᠲᠡᠯᠬᠡᠷᠡᠬᠦ ᠬᠠᠨᠳᠤᠰᠢ ᠵᠢ ᠠᠩᠬ᠎ᠠ ᠠᠯᠬᠤᠮ ᠬᠤᠷᠢᠬᠯᠠᠵᠥ᠂ ᠬᠤᠶᠠᠷ ᠰᠠᠷ᠎ᠠ ᠭᠠᠷᠤᠢ ᠵᠢᠨ ᠴᠠᠭ᠎ᠢ ᠬᠡᠷᠡᠭᠰᠡᠭᠡᠳ ᠲᠤᠰ ᠭᠠᠵᠠᠷ᠎ᠤᠨ ᠡᠳᠤᠷ ᠪᠦᠷᠢ ᠰᠢᠨ᠎ᠡ᠎ᠪᠠᠷ ᠨᠡᠮᠡᠭᠳᠡᠬᠦ ᠡᠪᠡᠳᠴᠢᠨ᠎ᠤ ᠵᠢᠱ᠌ᠢᠶ ᠡ ᠵᠢ ᠨᠢᠬᠡ ᠤᠷᠤᠨ᠎ᠳᠤ ᠲᠤᠭ᠎ᠠ ᠵᠢᠨ ᠲᠤᠳᠤᠷ᠎ᠠ ᠬᠢᠵᠠᠭ᠋ᠠᠷᠯᠠᠵᠥ᠂ 3 ᠰᠠᠷ᠎ᠠ ᠭᠠᠷᠤᠢ ᠵᠢᠨ ᠴᠠᠭ᠎ᠢ ᠬᠡᠷᠡᠭᠰᠡᠭᠡᠳ ᠦᠬᠠᠨ᠎ᠢ ᠬᠠᠮᠠᠭ᠋ᠠᠯᠠᠬᠤ ᠲᠠᠢ᠍ᠢ᠍ᠯᠠᠯᠳᠤᠭ᠋ᠠᠨ᠂ ᠬᠤᠪᠸᠢ ᠵᠢ ᠬᠠᠮᠠᠭ᠋ᠠᠯᠠᠬᠤ ᠲᠠᠢ᠍ᠢ᠍ᠯᠠᠯᠳᠤᠭ᠋ᠠᠨ᠎ᠤ ᠰᠢᠢ᠍ᠳᠪᠤᠷᠢᠳᠤ ᠴᠢᠨᠠᠷᠳᠠᠢ ᠦᠷ᠎ᠡ ᠪᠦᠳᠦᠬᠡᠯ᠎ᠢ ᠤᠯᠤᠬᠰᠠᠠ ᠪᠠᠢ᠍ᠢ᠍ᠨ᠎ᠠ᠃ ᠮᠠᠨ᠎ᠤ ᠡᠨᠡ ᠬᠦ᠌ 14 ᠳ᠋ᠦᠩᠰᠢᠭᠤᠷ ᠬᠦᠮᠥᠨ ᠠᠮᠠ᠎ᠲᠠᠢ ᠶᠡᠬᠡ ᠤᠯᠤᠰ᠎ᠲᠤ ᠠᠪᠴᠦ ᠬᠡᠯᠡᠪᠡᠯ᠂ ᠡᠨᠡ ᠬᠦ᠌ ᠠᠮᠵᠢᠯᠳᠠ ᠵᠢ ᠬᠢᠯᠪᠡᠷ ᠪᠤᠰᠤ᠎ᠪᠠᠷ ᠤᠯᠵᠤ ᠢᠷᠡᠭᠰᠡᠡ ᠶᠤᠮ ᠬᠡᠵᠥ ᠢᠯᠡᠳᠬᠡᠪᠡ᠃
ᠰᠢ ᠵᠢᠨ ᠫᠢᠩ᠂ ᠬᠢᠵᠢᠭ᠎ᠲᠠᠢ ᠲᠡᠮᠡᠴᠡᠬᠦ ᠶᠠᠷᠤ ᠪᠤᠰᠤ ᠵᠢᠨ ᠴᠠᠭ ᠦᠶ᠎ᠡ᠎ᠳᠤ᠂ ᠡᠯ ᠡ ᠠᠷᠠᠳᠴᠢᠯᠠᠬᠰᠠᠠ ᠨᠠᠮ ᠪᠦᠯᠥᠭ᠂ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠤᠯᠤᠨ ᠨᠠᠮ ᠪᠦᠯᠥᠭ᠎ᠤᠨ ᠪᠤᠰᠤ ᠬᠦᠮᠥᠰ ᠡᠷᠡᠰ ᠭᠤᠢ᠍ᠢ᠍ᠪᠢᠰᠢ ᠦᠬᠡᠢ᠎ᠪᠠᠷ ᠲᠤᠮᠳᠠᠳᠤ ᠤᠯᠤᠰ᠎ᠤᠨ ᠡᠪ ᠬᠠᠮᠳᠤ ᠨᠠᠮ᠎ᠲᠠᠢ ᠠᠳᠠᠯᠢᠬᠠᠨ ᠪᠤᠳᠤᠵᠥ᠂ ᠬᠠᠮᠳᠤ ᠵᠤᠭᠰᠤᠵᠥ᠂ ᠬᠠᠮᠳᠤ ᠠᠵᠢᠯᠯᠠᠵᠥ᠂ ᠡᠷᠡᠰ ᠭᠤᠢ᠍ᠢ᠍ᠪᠢᠰᠢ ᠦᠬᠡᠢ᠎ᠪᠠᠷ ᠲᠤᠮᠳᠠᠳᠤ ᠤᠯᠤᠰ᠎ᠤᠨ ᠡᠪ ᠬᠠᠮᠳᠤ ᠨᠠᠮ᠎ᠲᠠᠢ ᠵᠤᠪᠠᠭᠤᠷᠢ ᠵᠦᠳᠡᠬᠦᠷᠢ᠎ᠪᠠᠨ ᠬᠠᠮᠳᠤᠳᠬᠠᠵᠥ᠂ ᠬᠠᠳᠠᠭᠤ ᠪᠡᠷᠬᠡᠰᠢᠶᠡᠯ᠎ᠢ ᠬᠠᠮᠳᠤ᠎ᠪᠠᠷ ᠲᠤᠭᠤᠯᠪᠠ᠃ ᠡᠯ᠎ᠡ ᠠᠷᠠᠳᠴᠢᠯᠠᠬᠰᠡᠨ ᠨᠠᠮ ᠪᠦᠯᠦᠭ᠎ᠤᠨ ᠲᠦᠪ ᠬᠤᠷᠢᠶ᠎ᠡ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠡ ᠵᠢᠨ᠎ᠬᠢᠨ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠡᠷᠡᠰ ᠲᠤᠭᠤᠰᠢᠯᠠᠭᠤᠯᠵᠤ᠂ ᠲᠡᠷᠡ ᠳᠠᠷᠤᠢ᠎ᠳᠤ᠎ᠨᠢ ᠤᠳᠤᠷᠢᠳᠬᠤ ᠲᠤᠭᠤᠢ᠍ᠢ᠍ᠯᠠᠩ ᠪᠠᠢ᠍ᠢ᠍ᠭᠤᠯᠵᠤ᠂ ᠮᠡᠳᠡᠭᠳᠡᠯ ᠭᠠᠷᠭ᠋ᠠᠨ᠂ ᠦᠷᠭᠡᠨ ᠤᠯᠠᠨ ᠭᠡᠰᠢᠬᠦᠨ᠎ᠤ ᠦᠵᠡᠯ ᠰᠠᠨᠠᠭ᠎ᠡ ᠪᠤᠯᠤᠨ ᠦᠢ᠍ᠯᠡ ᠠᠵᠢᠯᠯᠠᠭ᠎ᠡ᠎ᠪᠠᠨ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ᠎ᠲᠠᠢ ᠨᠢᠭᠡᠳᠭᠡᠬᠦ ᠵᠢ ᠤᠷᠢᠶᠠᠯᠠᠵᠤ᠂ ᠴᠢᠳᠠᠪᠤᠷᠢᠳᠠᠨ᠎ᠤ ᠲᠠᠪᠠᠭᠤᠯᠢᠭ᠂ ᠤᠶᠤᠨ ᠴᠢᠳᠠᠪᠤᠷᠢ ᠵᠢᠨ ᠲᠠᠪᠠᠭᠤᠯᠢᠭ᠂ ᠦᠷᠭᠡᠨ ᠲᠠᠯᠭᠡᠷ ᠬᠤᠯᠪᠤᠭ᠎ᠡ ᠬᠠᠷᠢᠴᠠᠭ᠎ᠠ ᠪᠠᠢ᠍ᠢ᠍ᠲᠠᠭ ᠲᠠᠪᠠᠭᠤᠯᠢᠭ ᠵᠶ᠋ᠠᠨ ᠪᠠᠳᠠᠷᠠᠭᠤᠯᠵᠤ᠂ ᠠᠷᠠᠳᠴᠢᠯᠠᠬᠰᠡᠨ ᠨᠠᠮ ᠪᠦᠯᠦᠭ᠎ᠤᠨ 6 ᠲᠦᠮᠡ ᠭᠠᠷᠤᠢ ᠡᠮᠴᠢᠯᠡᠭᠡᠨ᠎ᠤ ᠠᠵᠢᠯᠳᠠᠨ᠎ᠢ ᠵᠤᠬᠢᠶᠠᠨ ᠪᠠᠢ᠍ᠢ᠍ᠭᠤᠯᠵᠤ ᠬᠢᠵᠢᠭ᠎ᠤᠨ ᠡᠮᠤᠨ᠎ᠡ ᠹᠷᠤᠨᠲ᠎ᠲᠤ ᠲᠤᠮᠢᠯᠠᠵᠤ᠂ ᠬᠢᠵᠢᠭ᠎ᠤᠨ ᠪᠠᠢ᠍ᠢ᠍ᠳᠠᠯ ᠲᠠᠷᠬᠠᠨ ᠲᠡᠯᠭᠡᠷᠡᠬᠦ ᠵᠢ ᠬᠤᠷᠢᠬᠯᠠᠬᠤ᠂ ᠠᠵᠤ ᠠᠬᠤᠢ᠍ᠢ᠍ᠯᠠᠯ᠎ᠤᠨ ᠠᠵᠢᠯ ᠵᠶ᠋ᠠᠨ ᠰᠡᠷᠬᠦᠭᠡᠵᠤ ᠦᠢ᠍ᠯᠡᠳᠪᠤᠷᠢᠯᠡᠯ ᠵᠶ᠋ᠠᠨ ᠰᠡᠷᠬᠦᠭᠡᠬᠦ ᠵᠢ᠎ᠨᠢ ᠲᠠᠮᠵᠢᠬᠦ᠂ ᠬᠢᠯᠢ ᠵᠢᠨ ᠭᠠᠳᠠᠨ᠎ᠡ᠎ᠠᠴᠠ ᠬᠢᠵᠢᠭ ᠬᠠᠯᠳᠠᠪᠤᠷᠢᠯᠡᠨ ᠤᠷᠤᠵᠤ ᠢᠷᠠᠬᠦ ᠵᠢ ᠰᠡᠷᠭᠡᠢ᠍ᠢ᠍ᠯᠡᠨ ᠡᠵᠡᠮᠳᠡᠬᠦ ᠵᠡᠷᠭᠡ ᠴᠢᠬᠤᠯᠠ ᠶᠡᠭᠡ ᠠᠰᠠᠭᠤᠳᠠᠯ᠎ᠤᠳ᠎ᠤᠨ ᠲᠤᠭᠤᠷᠢᠨ᠎ᠳᠤ ᠪᠠᠢ᠍ᠢ᠍ᠴᠠᠭ᠋ᠠᠨ ᠰᠤᠳᠤᠯᠵᠤ᠂ ᠠᠷᠭ᠎ᠡ ᠤᠬᠠᠭ᠋ᠠᠨ ᠡᠷᠭᠦᠵᠤ᠂ ᠡᠯ᠎ᠡ ᠱᠠᠳᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ᠎ᠲᠠᠢ ᠬᠠᠮᠵᠢᠯᠴᠠᠨ ᠦᠵᠡᠯ ᠰᠠᠨᠠᠭ᠋ᠠᠨ᠎ᠤ ᠠᠵᠢᠯ᠎ᠢ ᠰᠠᠢ᠍ᠢ᠍ᠳᠤᠷ ᠬᠢᠵᠤ᠂ ᠤᠬᠠᠭᠤᠯᠭ᠎ᠡ ᠬᠦᠮᠦᠵᠢᠯ ᠪᠤᠯᠤᠨ ᠶᠠᠷᠢᠶ᠎ᠡ ᠬᠡᠯᠡᠯᠴᠡᠭᠡᠨ᠎ᠤ ᠤᠳᠤᠷᠢᠳᠤᠮᠵᠢ ᠵᠢ ᠴᠢᠨᠭ᠌ᠭ᠋ᠠᠳᠬᠠᠬᠤ ᠵᠢᠨ ᠵᠡᠷᠭᠡ᠎ᠪᠠᠷ ᠦᠷᠭᠡᠨ ᠤᠯᠠᠨ ᠭᠡᠰᠢᠬᠦᠨ᠎ᠤ ᠢᠳᠡᠪᠬᠢᠳᠡᠢ᠎ᠪᠠᠷ ᠵᠤᠭᠤᠰ ᠮᠦᠨᠭᠭᠦ ᠡᠳ᠋ ᠪᠤᠳᠠᠰ ᠬᠠᠨᠳᠢᠪᠯᠡᠬᠤ ᠵᠢ ᠤᠷᠢᠶᠠᠯᠠᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠢ ᠰᠠᠢ᠍ᠢ᠍ᠳᠤᠷ ᠬᠢᠬᠦ᠎ᠳᠤ ᠬᠤᠪᠢ ᠨᠠᠮᠡᠷᠢ ᠬᠦᠴᠤᠨ ᠴᠢᠳᠠᠯ ᠵᠶ᠋ᠠᠨ ᠡᠷᠬᠦᠵᠠᠢ ᠭᠡᠵᠤ ᠴᠢᠬᠤᠯᠠᠴᠢᠯᠠᠪᠠ᠃ ᠰᠢ ᠵᠢᠨ ᠫᠢᠩ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠡᠮᠤᠨ᠎ᠡ᠎ᠠᠴᠠ ᠤᠯᠠᠨ᠎ᠳᠤ ᠲᠠᠯᠠᠷᠬᠠᠵᠤ ᠪᠠᠢ᠍ᠢ᠍ᠬᠤ᠎ᠪᠠᠨ ᠢᠯᠡᠳᠭᠡᠪᠡ᠃
ᠰᠢ ᠵᠢᠨ ᠫᠢᠩ᠂ ᠤᠯᠠᠨ ᠵᠶ᠋ᠠᠷ ᠵᠶ᠋ᠠᠨ ᠮᠠᠨ᠎ᠤ ᠤᠯᠤᠰ᠎ᠤᠨ ᠬᠢᠵᠢᠭ᠎ᠲᠠᠢ ᠲᠡᠮᠡᠴᠡᠬᠦ ᠠᠵᠢᠯ᠎ᠢ ᠬᠦᠢ᠍ᠴᠡᠳ ᠨᠤᠳᠠᠯᠠᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠤᠨ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠮᠠᠬᠳᠠ ᠰᠠᠢ᠍ᠢ᠍ᠰᠢᠶᠠᠵᠤ ᠪᠠᠢ᠍ᠢ᠍ᠬᠤ᠎ᠪᠠᠨ ᠢᠯᠡᠳᠭᠡᠭᠰᠡᠨ ᠪᠦᠭᠡᠳ ᠪᠠᠢ᠍ᠢ᠍ᠨᠭ᠌ᠭᠤᠵᠢᠬᠰᠡᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠢ ᠦᠷᠬᠦᠯᠵᠢᠯᠡᠨ ᠰᠠᠢ᠍ᠢ᠍ᠳᠤᠷ ᠬᠢᠬᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠤᠯᠤᠨ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢᠨ ᠠᠵᠢᠯ᠎ᠢ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ᠂ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠰᠢᠰᠲ᠋ᠧᠮ᠎ᠢ ᠪᠦᠷᠢᠨᠰᠢᠬᠦᠯᠬᠦ ᠵᠡᠷᠭᠡ ᠲᠠᠯ᠎ᠠ᠎ᠪᠠᠷ ᠪᠦᠳᠦᠭᠡᠯᠴᠢ ᠴᠢᠨᠠᠷᠳᠠᠢ ᠰᠠᠨᠠᠯ ᠪᠤᠯᠤᠨ ᠰᠠᠨᠠᠭᠤᠯᠭᠡ ᠲᠤᠷᠠᠳᠤᠪᠠ᠂ ᠪᠢᠳᠠ ᠨᠠᠷᠢᠨ ᠬᠢᠨᠠᠮᠠᠭ᠋ᠠᠢ ᠰᠤᠳᠤᠯᠤᠨ ᠰᠢᠨᠭᠭᠡᠭᠡᠨ ᠠᠪᠤᠨ᠎ᠠ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠠᠮᠠᠴᠡᠯ᠎ᠤᠨ ᠲᠤᠮᠳᠠ᠂ ᠪᠢᠳᠠ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪᠯᠡᠷᠡᠨᠭᠭᠦᠢ ᠨᠢᠭᠡᠳᠦᠯᠳᠠᠢ ᠤᠳᠤᠷᠢᠳᠤᠯᠭᠡ ᠵᠢ ᠪᠠᠷᠢᠮᠳᠠᠯᠠᠵᠤ᠂ ᠨᠠᠮ ᠵᠠᠰᠠᠭ ᠴᠡᠷᠢᠭ ᠠᠷᠠᠳ ᠰᠤᠷᠭ᠋ᠠᠭᠤᠯᠢ᠂ ᠲᠦᠷᠪᠡᠨ ᠵᠦᠭ ᠨᠠᠢ᠍ᠮᠡᠨ ᠵᠤᠪᠬᠢᠰ ᠨᠢᠭᠡ ᠴᠤᠬ᠍ᠴᠠᠵᠢᠭᠤᠯᠤᠨ ᠬᠦᠳᠡᠯᠦᠯᠴᠠᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠡ ᠮᠦᠴᠢᠷ᠎ᠤᠨ᠎ᠬᠢᠨ ᠲᠠᠷᠤᠢ᠍ᠢ᠍ᠬᠠᠨ ᠴᠤᠤᠷᠢᠶᠠᠳᠤᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠷᠠᠳ᠎ᠤᠨ ᠲᠠᠢ᠍ᠢ᠍ᠨ᠂ ᠶᠡᠷᠤᠨᠭ᠌ᠭᠡᠢ ᠲᠠᠢ᠍ᠢ᠍ᠯᠠᠯᠳᠤᠭ᠋ᠠᠨ᠂ ᠬᠤᠷᠢᠬᠯᠠᠯᠳᠠ ᠵᠢᠨ ᠲᠠᠢ᠍ᠢ᠍ᠯᠠᠯᠳᠤᠭ᠋ᠠᠨ᠎ᠢ ᠬᠢᠪᠠ᠃ ᠪᠢᠳᠠ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠵᠢ ᠪᠠᠷᠢᠮᠳᠠᠯᠠᠵᠤ᠂ ᠪᠦᠬᠦ ᠤᠯᠤᠰ᠎ᠤᠨ ᠬᠠᠮᠤᠭ᠎ᠤᠨ ᠰᠢᠯᠢᠳᠡᠭ ᠡᠮᠴᠢ᠂ ᠬᠠᠮᠤᠭ᠎ᠤᠨ ᠲᠡᠷᠢᠬᠦᠨ᠎ᠤ ᠲᠤᠨᠤᠭ ᠲᠦᠬᠦᠭᠡᠷᠤᠮᠵᠢ᠂ ᠬᠠᠮᠤᠭ᠎ᠤᠨ ᠪᠠᠴᠢᠮ ᠭᠡᠷᠡᠭᠰᠡᠬᠦ ᠡᠬᠢ ᠪᠠᠶᠠᠯᠢᠭ᠎ᠢ ᠰᠢᠯᠵᠢᠬᠦᠯᠤᠨ ᠲᠦᠪᠯᠡᠷᠡᠬᠦᠯᠵᠦ᠂ ᠪᠦᠬᠦ ᠬᠦᠴᠤᠨ ᠵᠶ᠋ᠠᠷ ᠵᠶ᠋ᠠᠨ ᠬᠢᠵᠢᠭ ᠡᠪᠡᠳᠴᠢᠨ᠎ᠢ ᠠᠪᠤᠷᠠᠨ ᠵᠠᠰᠠᠬᠤ᠎ᠳᠤ ᠤᠷᠤᠯᠴᠠᠵᠤ᠂ ᠠᠪᠤᠷᠠᠨ ᠵᠠᠰᠬᠠᠤ ᠪᠦᠬᠦ ᠵᠠᠷᠤᠳᠠᠯ᠎ᠢ ᠤᠯᠤᠰ᠎ᠠᠴᠠ ᠳᠠᠭ᠋ᠠᠭ᠋ᠠᠴᠢᠯᠠᠨ ᠡᠬᠦᠷᠭᠡᠯᠡᠵᠤ᠂ ᠰᠢᠯᠭ᠋ᠠᠨ ᠪᠠᠢ᠍ᠢ᠍ᠴᠠᠭ᠋ᠠᠬᠤ ᠨᠤᠷᠮ᠎ᠡ᠂ ᠢᠯᠡᠷᠢᠰᠢᠬᠦᠯᠬᠦ ᠨᠤᠷᠮ᠎ᠡ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠲᠡᠭᠡᠭᠰᠢᠯᠡᠬᠦᠯᠵᠤ᠂ ᠬᠠᠯᠳᠠᠪᠤᠷᠢᠯᠠᠬᠤ ᠨᠤᠷᠮ᠎ᠡ᠂ ᠡᠪᠡᠳᠴᠢᠨ ᠵᠶ᠋ᠠᠷ ᠦᠬᠦᠬᠦ ᠨᠤᠷᠮ᠎ᠡ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠤᠷᠠᠭᠤᠯᠪᠠ᠃ ᠪᠢᠳᠠ ᠤᠯᠠᠨ ᠲᠦᠮᠡᠨ᠎ᠢ ᠴᠢᠨᠭᠭ᠎ᠡ ᠲᠦᠰᠢᠭᠯᠡᠵᠤ᠂ ᠪᠦᠬᠦ ᠤᠯᠤᠰ ᠵᠶ᠋ᠠᠷ ᠵᠶ᠋ᠠᠨ ᠬᠦᠳᠡᠯᠦᠯᠴᠠᠵᠤ᠂ ᠪᠦᠬᠦ ᠠᠷᠠᠳ ᠵᠶ᠋ᠠᠷ ᠵᠶ᠋ᠠᠨ ᠤᠷᠤᠯᠴᠠᠵᠤ᠂ ᠬᠤᠯᠪᠤᠭ᠋ᠠᠯᠠᠨ ᠰᠡᠷᠭᠡᠢ᠍ᠢ᠍ᠯᠡᠵᠤ ᠬᠤᠯᠪᠤᠭ᠋ᠠᠯᠠᠨ ᠡᠵᠡᠮᠳᠡᠵᠤ᠂ ᠤᠯᠠᠨ ᠵᠶ᠋ᠠᠷ ᠵᠶ᠋ᠠᠨ ᠰᠡᠷᠭᠡᠢ᠍ᠢ᠍ᠯᠡᠨ ᠤᠯᠠᠨ ᠵᠶ᠋ᠠᠷ ᠵᠶ᠋ᠠᠨ ᠵᠠᠰᠠᠵᠤ᠂ ᠬᠠᠮᠤᠭ᠎ᠤᠨ ᠴᠢᠨᠭᠭ᠎ᠡ ᠨᠢᠬᠳᠠ ᠰᠡᠷᠭᠡᠢ᠍ᠢ᠍ᠯᠡᠨ ᠡᠵᠡᠮᠳᠡᠬᠦ ᠰᠢᠰᠲ᠋ᠧᠮ᠎ᠢ ᠴᠤᠬ᠍ᠴᠠᠯᠠᠪᠠ᠂ ᠪᠦᠬᠦ ᠤᠯᠤᠰ᠎ᠤᠨ ᠦᠨᠳᠤᠰᠤᠳᠡᠨ᠎ᠨᠦᠭᠦᠳ᠎ᠤᠨ ᠠᠷᠠᠳ ᠲᠦᠮᠡᠨ ᠴᠦᠮ ᠠᠳᠠᠯᠢ ᠪᠤᠰᠤ ᠠᠷᠭ᠎ᠡ ᠬᠡᠯᠪᠡᠷᠢ᠎ᠪᠠᠷ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠠᠮᠠᠴᠡᠯ᠎ᠳᠤ ᠢᠳᠡᠪᠬᠢᠳᠠᠢ ᠤᠷᠤᠯᠴᠠᠵᠤ᠂ ᠡᠪᠳᠡᠷᠡᠰᠢ ᠦᠭᠡᠢ ᠪᠠᠳᠤ ᠪᠡᠬᠢ ᠬᠦᠴᠤᠷᠭᠡᠭ ᠶᠡᠭᠡ ᠬᠦᠴᠤᠨ ᠴᠢᠳᠠᠯ᠎ᠢ ᠨᠢᠬᠳᠠᠷᠠᠭᠤᠯᠪᠠ᠃ ᠪᠢᠳᠠ ᠬᠦᠴᠤᠨ ᠵᠶ᠋ᠠᠨ ᠲᠦᠪᠯᠡᠷᠡᠬᠦᠯᠤᠨ ᠶᠡᠭᠡ ᠶᠠᠪᠤᠳᠠᠯ᠎ᠢ ᠪᠦᠳᠦᠭᠡᠬᠦ ᠪᠠᠢ᠍ᠢ᠍ᠭᠤᠯᠤᠯ᠎ᠤᠨ ᠲᠠᠪᠠᠭᠤᠯᠢᠭ ᠵᠶ᠋ᠠᠨ ᠪᠠᠳᠠᠷᠠᠭᠤᠯᠵᠤ᠂ ᠪᠦᠬᠦ ᠤᠯᠤᠰ ᠵᠶ᠋ᠠᠷ ᠵᠶ᠋ᠠᠨ ᠨᠢᠭᠡ ᠬᠦᠯᠭᠡ ᠰᠢᠳᠠᠷ᠎ᠡ ᠪᠤᠯᠬᠤ ᠵᠢ ᠪᠠᠷᠢᠮᠳᠠᠯᠠᠵᠤ᠂ ᠪᠦᠬᠦ ᠨᠡᠢ᠍ᠢ᠍ᠭᠡᠮ᠎ᠤᠨ ᠬᠦᠴᠤᠨ ᠴᠢᠳᠠᠯ᠎ᠢ ᠲᠠᠢ᠍ᠢ᠍ᠴᠢᠯᠠᠵᠤ᠂ ᠡᠯ᠎ᠡ ᠲᠠᠯ᠎ᠡ ᠵᠢᠨ ᠡᠬᠢ ᠪᠠᠶᠠᠯᠢᠭ᠎ᠢ ᠰᠢᠯᠵᠢᠬᠦᠯᠵᠤ᠂ ᠬᠢᠵᠢᠭ᠎ᠲᠠᠢ ᠲᠡᠮᠡᠴᠡᠬᠦ ᠬᠦᠴᠤᠷᠭᠡᠭ ᠶᠡᠭᠡ ᠬᠠᠮᠳᠤᠷᠠᠯ ᠬᠦᠴᠤᠨ᠎ᠢ ᠦᠳᠳᠡᠷ ᠲᠦᠷᠭᠡᠨ ᠪᠦᠷᠢᠯᠳᠦᠬᠦᠯᠵᠤ᠂ ᠲᠤᠮᠳᠠᠳᠤ ᠤᠯᠤᠰ᠎ᠤᠨ ᠬᠦᠴᠤᠨ ᠴᠢᠳᠠᠯ᠂ ᠲᠤᠮᠳᠠᠳᠤ ᠤᠯᠤᠰ᠎ᠤᠨ ᠵᠤᠷᠢᠭ ᠰᠠᠨᠠᠭ᠎ᠡ᠂ ᠲᠤᠮᠳᠠᠳᠤ ᠤᠯᠤᠰ᠎ᠤᠨ ᠦᠷ᠎ᠡ ᠪᠦᠳᠦᠮᠵᠢ ᠵᠢ ᠢᠯᠡᠷᠡᠬᠦᠯᠪᠠ᠃ ᠪᠢᠳᠠ ᠤᠯᠤᠰ᠎ᠤᠨ ᠶᠡᠷᠤᠨᠭ᠌ᠭᠡᠢ ᠬᠦᠴᠤᠨ᠎ᠢ ᠨᠢᠭᠡᠳᠦᠯᠳᠠᠢ ᠲᠦᠯᠦᠪᠵᠢᠬᠦᠯᠤᠨ ᠭᠡᠷᠡᠭᠯᠡᠵᠤ᠂ ᠪᠦᠬᠦ ᠲᠠᠯ᠎ᠡ ᠵᠢᠨ ᠬᠦᠮᠤᠨ᠎ᠤ ᠬᠦᠴᠤᠨ᠎ᠤ ᠵᠤᠬᠢᠶᠠᠨ ᠪᠠᠢ᠍ᠢ᠍ᠭᠤᠯᠤᠯᠳᠠ ᠵᠢᠨ ᠲᠠᠢ᠍ᠢ᠍ᠯᠠᠯᠳᠤᠭ᠋ᠠᠨ᠂ ᠡᠳ᠋ ᠪᠤᠳᠠᠰ᠎ᠤᠨ ᠪᠠᠳᠤᠯᠠᠭᠡ ᠵᠢᠨ ᠲᠠᠢ᠍ᠢ᠍ᠯᠠᠯᠳᠤᠭ᠋ᠠᠨ᠂ ᠰᠢᠨᠵᠢᠯᠡᠬᠦ ᠤᠬᠭ᠋ᠠᠨ ᠲᠸᠭᠨᠢᠭ ᠮᠡᠷᠭᠡᠵᠢᠯ᠎ᠤᠨ ᠪᠤᠭᠤᠮᠲᠠ ᠰᠢᠪᠲᠤᠯᠬᠤ ᠲᠠᠢ᠍ᠢ᠍ᠯᠠᠯᠳᠤᠭ᠋ᠠᠨ᠂ ᠡᠬᠢ ᠪᠠᠶᠠᠯᠢᠭ᠎ᠤᠨ ᠬᠦᠳᠡᠯᠭᠡᠭᠡᠨ᠎ᠳᠤ ᠲᠠᠢ᠍ᠢ᠍ᠯᠠᠯᠳᠤᠭ᠋ᠠᠨ᠎ᠢ ᠦᠷᠨᠢᠬᠦᠯᠪᠠ᠃ ᠪᠢᠳᠠ ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠲᠠᠪᠰᠢᠯᠳᠠ᠎ᠳᠤ ᠴᠢᠩᠭ᠎ᠠ ᠲᠦᠰᠢᠭᠯᠠᠵᠤ᠂ ᠨᠢᠬᠡ ᠭᠠᠷᠠᠬ ᠪᠤᠯᠤᠬᠰᠠᠨ ᠦᠬᠡᠢ᠎ᠪᠠᠷ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠸᠢᠷᠦᠢ᠍ᠰᠤᠨ ᠪᠦᠬᠦ ᠭ᠋ᠸᠨᠤ ᠪᠠᠬ᠎ᠤᠨ ᠵᠢᠬᠰᠠᠭ᠋ᠠᠯᠳᠠ ᠵᠢ ᠲᠤᠭᠳᠠᠭ᠋ᠠᠵᠤ ᠲᠡᠷᠡᠴᠢᠯᠠᠨ ᠸᠢᠷᠦᠢ᠍ᠰᠤᠨ ᠮᠦᠬᠦᠯᠢᠭᠢ ᠰᠠᠯᠭ᠋ᠠᠨ ᠠᠪᠴᠤ᠂ ᠤᠯᠠᠨ ᠵᠤᠢ᠍ᠢ᠍ᠯ᠎ᠤᠨ ᠰᠢᠯᠭ᠋ᠠᠨ ᠪᠠᠢ᠍ᠢ᠍ᠴᠠᠭ᠋ᠠᠬᠤ ᠲᠤᠷᠰᠢᠯᠳᠠ ᠵᠢᠨ ᠡᠮ᠎ᠢ ᠴᠠᠬ ᠲᠤᠬᠠᠢᠳᠤᠨᠢ ᠦᠢ᠍ᠯᠡᠳᠦᠨ ᠭᠠᠷᠭ᠋ᠠᠵᠦ᠂ ᠨᠢᠬᠡ ᠪᠦᠯᠦᠭ ᠲᠤᠰᠠᠳᠠᠢ ᠡᠮ ᠲᠠᠩ ᠪᠤᠯᠤᠨ ᠡᠮᠨᠠᠨ ᠵᠠᠰᠠᠬᠤ ᠲᠦᠰᠤᠯ᠎ᠢ ᠲᠦᠷᠬᠡᠨ ᠲᠤᠭᠳᠠᠭ᠋ᠠᠵᠤ᠂ ᠤᠯᠠᠨ ᠮᠡᠷᠬᠡᠵᠢᠯ᠎ᠤᠨ ᠠᠷᠭ᠎ᠠ ᠵᠠᠮ᠎ᠤᠨ ᠸᠠᠺᠼᠢᠨ᠎ᠢ ᠰᠤᠳᠤᠯᠤᠨ ᠨᠡᠭᠡᠭᠡᠬᠦ ᠠᠵᠢᠯ ᠡᠮᠴᠢᠯᠡᠬᠡᠨ᠎ᠤ ᠲᠤᠷᠰᠢᠯᠳᠠ ᠵᠢᠨ ᠱᠠᠳᠤᠨ᠎ᠳᠤ ᠤᠷᠤᠬᠰᠠᠨ ᠪᠠᠢ᠍ᠢ᠍ᠨ᠎ᠠ᠃ ᠪᠢᠳᠡ ᠨᠡᠢ᠍ᠢ᠍ᠬᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠠ ᠵᠢ ᠪᠠᠳᠠᠷᠠᠭᠤᠯᠵᠤ᠂ ᠪᠦᠬᠦ ᠤᠯᠤᠰ᠎ᠤᠨ ᠦᠨᠳᠤᠰᠤᠳᠠᠨ ᠨᠦᠬᠦᠳ᠎ᠤᠨ ᠠᠷᠠᠳ ᠲᠦᠮᠡᠨ ᠬᠠᠳᠠᠭᠤ ᠪᠡᠷᠭᠡᠰᠢᠶᠠᠯ᠎ᠢ ᠬᠠᠮᠳᠤ᠎ᠪᠠᠷ ᠲᠤᠭᠤᠯᠵᠦ᠂ ᠰᠡᠳᠬᠢᠯ ᠨᠢᠬᠡᠳᠦᠨ ᠬᠦᠴᠤ᠎ᠪᠠᠨ ᠬᠠᠮᠳᠤᠳᠬᠠᠵᠤ᠂ ᠤᠯᠤᠰ ᠵᠶ᠋ᠠᠨ ᠬᠠᠢ᠍ᠢ᠍ᠷᠠᠯᠠᠠᠬᠤ ᠦᠵᠡᠯ᠂ ᠬᠠᠮᠳᠤᠴᠢ ᠦᠵᠡᠯ᠂ ᠨᠡᠢ᠍ᠢ᠍ᠬᠡᠮ ᠵᠢᠷᠤᠮ᠎ᠤᠨ ᠵᠤᠷᠢᠬ ᠰᠠᠨᠠᠭ᠎ᠠ ᠵᠢ ᠦᠷᠬᠡᠨ ᠵᠶ᠋ᠠᠷ ᠪᠠᠳᠠᠷᠠᠭᠤᠯᠵᠤ᠂ ᠦᠯᠡᠮᠵᠢ ᠤᠯᠠᠨ ᠪᠠᠭ᠋ᠠᠳᠤᠷ ᠵᠢᠱ᠌ᠢᠶᠡᠴᠢ ᠴᠤᠯᠭᠤᠷᠠᠨ ᠭᠠᠷᠴᠤ᠂ ᠪᠦᠯᠬᠦᠮᠳᠡᠨ ᠰᠡᠳᠬᠢᠯ ᠨᠢᠬᠡᠳᠴᠤ᠂ ᠲᠦᠮᠡᠨ ᠤᠯᠠᠨ ᠵᠶ᠋ᠠᠷ ᠵᠶ᠋ᠠᠨ ᠲᠡᠮᠤᠷ ᠬᠡᠷᠡᠮ ᠮᠡᠳᠤ ᠪᠦᠯᠬᠦᠮᠳᠡᠬᠦ ᠬᠦᠴᠦᠷᠭᠡᠭ ᠶᠡᠬᠡ ᠤᠶᠤᠨ ᠰᠠᠨᠠᠭ᠋ᠠᠨ᠎ᠤ ᠰᠡᠷᠬᠡᠢ᠍ᠢ᠍ᠯᠡᠯᠳᠠ ᠵᠢᠨ ᠱᠤᠭᠤᠮ᠎ᠢ ᠴᠤᠬ᠍ᠴᠠᠯᠠᠵᠤ᠂ ᠨᠡᠢ᠍ᠢ᠍ᠬᠡᠮ ᠵᠢᠷᠤᠮ᠎ᠤᠨ ᠤᠶᠤᠨ᠎ᠤ ᠪᠤᠯᠪᠠᠰᠤᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠬᠤ᠂ ᠨᠡᠢ᠍ᠢ᠍ᠬᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠠ ᠵᠢ ᠪᠠᠳᠠᠷᠠᠭᠤᠯᠬᠤ ᠴᠢᠬᠤᠯᠠ ᠶᠡᠬᠡ ᠠᠴᠢ ᠬᠤᠯᠪᠤᠬᠳᠠᠯ᠎ᠢ ᠬᠦᠢ᠍ᠴᠡᠳ ᠢᠯᠡᠷᠡᠬᠦᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠳᠤ ᠰᠤᠶᠤᠯ᠎ᠤᠨ ᠬᠦᠴᠦᠷᠭᠡᠭ ᠶᠡᠬᠡ ᠬᠦᠴᠤᠨ ᠴᠢᠳᠠᠯ᠎ᠢ ᠬᠦᠢ᠍ᠴᠡᠳ ᠢᠯᠡᠷᠡᠬᠦᠯᠵᠠᠢ᠃ ᠪᠢᠳᠠ ᠤᠯᠠᠨ ᠤᠯᠤᠰ᠎ᠤᠨ ᠰᠤᠯᠢᠯᠴᠠᠭ᠎ᠠ ᠬᠠᠮᠳᠤᠷᠠᠯᠴᠠᠭ᠎ᠠ ᠵᠢ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠤᠯᠪᠤᠬᠳᠠᠯ ᠪᠦᠬᠦᠢ ᠤᠯᠤᠰ ᠪᠠ ᠤᠯᠠᠨ ᠤᠯᠤᠰ᠎ᠤᠨ ᠵᠤᠬᠢᠶᠠᠨ ᠪᠠᠢ᠍ᠢ᠍ᠭᠤᠯᠤᠯᠳᠠ᠎ᠳᠤ ᠴᠢᠳᠠᠯ᠎ᠤᠨ ᠬᠢᠷᠢ᠎ᠪᠠᠷ ᠵᠶ᠋ᠠᠨ ᠬᠠᠪᠰᠤᠷᠤᠯᠭ᠎ᠠ ᠬᠠᠩᠭ᠋ᠠᠵᠤ᠂ ᠬᠠᠷᠢᠭᠤᠴᠠᠯᠭ᠎ᠠ᠎ᠲᠠᠢ ᠲᠤᠮᠤ ᠤᠯᠤᠰ᠎ᠤᠨ ᠡᠬᠦᠷᠬᠡᠯᠡᠯ ᠵᠶ᠋ᠠᠨ ᠢᠯᠡᠷᠡᠬᠦᠯᠦᠭᠰᠡᠨ ᠪᠠᠢ᠍ᠢ᠍ᠨ᠎ᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯᠤᠨ ᠨᠡᠢ᠍ᠢ᠍ᠬᠡᠮ ᠵᠢᠷᠤᠮ᠎ᠤᠨ ᠪᠠᠢ᠍ᠢ᠍ᠭᠤᠯᠤᠯ᠂ ᠮᠠᠨ᠎ᠤ ᠤᠯᠤᠰ᠎ᠤᠨ ᠵᠠᠰᠠᠯᠳᠠ ᠵᠢᠨ ᠰᠢᠰᠲᠸᠮ᠎ᠨᠢ ᠬᠦᠴᠦᠷᠭᠡᠭ ᠶᠡᠬᠡ ᠠᠮᠢᠵᠢᠷᠠᠯ᠎ᠤᠨ ᠬᠦᠴᠤᠨ ᠪᠤᠯᠤᠨ ᠢᠯᠡᠳᠳᠡ ᠲᠠᠪᠠᠭᠤᠯᠢᠬ ᠴᠢᠨᠠᠷᠳᠠᠢ ᠪᠠᠢ᠍ᠢ᠍ᠵᠤ᠂ ᠶᠠᠮᠠᠷᠪᠠ ᠬᠦᠴᠢᠷ ᠪᠡᠷᠬᠡᠰᠢᠶᠠᠯ᠎ᠢ ᠢᠯᠠᠨ ᠲᠠᠪᠠᠵᠤ᠂ ᠬᠦᠮᠤᠨ ᠲᠦᠷᠤᠯᠬᠢᠳᠠᠨ᠎ᠤ ᠪᠤᠯᠪᠠᠰᠤᠨ᠎ᠤ ᠲᠠᠪᠰᠢᠯᠳᠠ᠎ᠳᠤ ᠴᠢᠬᠤᠯᠠ ᠶᠡᠬᠡ ᠬᠤᠪᠢ ᠨᠡᠮᠡᠷᠢ ᠦᠵᠡᠬᠦᠯᠵᠤ ᠲᠡᠢ᠍ᠢ᠍ᠯᠬᠦ ᠵᠢ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠲᠡᠮᠡᠴᠡᠯ᠎ᠤᠨ ᠤᠢ᠍ᠢ᠍ᠯᠡᠳᠤᠯᠬᠡ ᠲᠠᠬᠢᠨᠳᠠ ᠬᠡᠷᠡᠴᠢᠯᠠᠵᠠᠢ ᠬᠡᠵᠤ ᠴᠢᠬᠤᠯᠠᠴᠢᠯᠠᠪᠠ᠃
ᠰᠢ ᠵᠢᠨ ᠫᠢᠩ᠂ ᠡᠨᠡ ᠤᠳᠠᠭ᠎ᠠ ᠵᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯᠢ ᠠᠷᠭ᠋ᠠᠴᠠᠭ᠋ᠠᠬᠤ᠎ᠳᠤ᠂ ᠮᠠᠨ᠎ᠤ ᠤᠯᠤᠰ᠎ᠤᠨ ᠬᠦᠨᠳᠤ ᠶᠡᠬᠡ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠠᠢ᠍ᠢ᠍ᠭᠤᠯᠤᠮᠵᠢ ᠲᠤᠭᠳᠠᠴᠠ᠂ ᠤᠯᠠᠨ ᠨᠡᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ ᠵᠡᠷᠬᠡ ᠲᠠᠯ᠎ᠠ᠎ᠪᠠᠷ ᠤᠷᠤᠰᠢᠵᠤ ᠪᠦᠬᠦᠢ ᠵᠠᠷᠢᠮ ᠲᠤᠳᠠᠭᠤᠳᠠᠯ᠎ᠢ ᠢᠯᠡᠷᠡᠬᠦᠯᠵᠠᠢ᠂ ᠡᠪᠡᠳᠴᠢᠨ ᠡᠮᠭᠡᠭ᠎ᠢ ᠰᠡᠷᠬᠡᠢ᠍ᠢ᠍ᠯᠡᠨ ᠡᠵᠡᠮᠳᠡᠬᠦ ᠰᠢᠰᠲᠸᠮ᠎ᠳᠤ ᠦᠬᠡᠷᠡᠴᠢᠯᠠᠯᠳᠠ ᠬᠢᠵᠤ ᠲᠡᠬᠦᠯᠳᠡᠷᠵᠢᠬᠦᠯᠤᠨ᠂ ᠡᠩ᠎ᠤᠨ ᠦᠶ᠎ᠠ ᠪᠠ ᠲᠠᠢ᠍ᠢ᠍ᠨ᠎ᠤ ᠦᠶ᠎ᠠ ᠵᠢ ᠤᠶᠠᠯᠳᠤᠭᠤᠯᠤᠬᠰᠠᠨ ᠬᠦᠨᠳᠤ ᠶᠡᠬᠡ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠵᠠᠰᠠᠯᠳᠠ ᠵᠢᠨ ᠰᠢᠰᠲᠸᠮ᠎ᠢ ᠪᠠᠢ᠍ᠢ᠍ᠭᠤᠯᠵᠤ᠂ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠡᠳ᠋ ᠪᠤᠳᠠᠰ᠎ᠤᠨ ᠪᠠᠳᠤᠯᠠᠭ᠎ᠠ ᠵᠢᠨ ᠰᠢᠰᠲᠸᠮ᠎ᠢ ᠪᠦᠷᠢᠨᠰᠢᠬᠦᠯᠵᠤ᠂ ᠵᠠᠩᠬᠢᠯᠠᠭ᠎ᠠ ᠵᠢᠨ ᠭᠤᠤᠯ ᠪᠤᠯᠬᠤ ᠮᠡᠷᠬᠡᠵᠢᠯ᠎ᠢ ᠰᠢᠪᠳᠤᠯᠬᠤ ᠰᠢᠨ᠎ᠠ ᠮᠠᠶᠢᠬ᠎ᠤᠨ ᠤᠯᠤᠰ ᠲᠠᠶᠠᠭ᠋ᠠᠷ᠎ᠤᠨ ᠪᠠᠢ᠍ᠢ᠍ᠭᠤᠯᠤᠮᠵᠢ ᠵᠢ ᠲᠦᠷᠬᠡᠨ ᠪᠠᠢ᠍ᠢ᠍ᠭᠤᠯᠵᠤ᠂ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠭᠡᠭᠡᠨ᠎ᠢ ᠬᠦᠨᠵᠡᠬᠡᠢ ᠦᠷᠨᠢᠬᠦᠯᠵᠤ᠂ ᠮᠠᠨ᠎ᠤ ᠤᠯᠤᠰ᠎ᠤᠨ ᠤᠯᠠᠨ ᠨᠡᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠢ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠬᠡᠨᠡᠳᠳᠡ ᠡᠬᠦᠰᠦᠭᠰᠡᠨ ᠬᠦᠨᠳᠤ ᠶᠡᠬᠡ ᠤᠯᠠᠨ ᠨᠡᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠭᠡᠷᠡᠭ᠎ᠢ ᠠᠷᠠᠭ᠋ᠠᠴᠠᠭ᠋ᠠᠬᠤ ᠴᠢᠳᠠᠪᠤᠷᠢ ᠪᠤᠯᠤᠨ ᠲᠦᠪᠰᠢᠨ ᠵᠶ᠋ᠠᠨ ᠦᠨᠡᠨ ᠬᠦ᠌ ᠲᠡᠭᠡᠭᠰᠢᠯᠡᠬᠦᠯᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠤᠳᠤᠬᠠᠨ᠎ᠳᠤ᠂ ᠬᠢᠯᠢ ᠵᠢᠨ ᠭᠠᠳᠠᠨᠠᠬᠢ ᠬᠢᠵᠢᠭ ᠦᠷᠪᠢᠰᠤᠨ ᠳᠡᠯᠭᠡᠷᠡᠬᠦ ᠪᠠᠢ᠍ᠢ᠍ᠳᠠᠯ ᠮᠦᠨ ᠬᠦ᠌ ᠦᠷᠬᠦᠯᠵᠢᠯᠡᠵᠤ᠂ ᠮᠠᠨ᠎ᠤ ᠤᠯᠤᠰ᠎ᠤᠨ ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠢ᠍ᠢ᠍ᠯᠡᠬᠦ ᠲᠠᠷᠤᠭ᠋ᠠᠰᠤ ᠦᠷᠬᠦᠯᠵᠢᠯᠠᠨ ᠬᠦᠨᠳᠤᠷᠠᠵᠤ᠂ ᠤᠯᠤᠰ᠎ᠤᠨ ᠳᠤᠳᠤᠭ᠋ᠠᠳᠤ ᠵᠢᠨ ᠬᠢᠵᠢᠭ᠎ᠤᠨ ᠪᠠᠢ᠍ᠢ᠍ᠳᠠᠯ ᠲᠡᠬᠢᠨ ᠲᠡᠯᠬᠡᠷᠡᠬᠦ ᠠᠶᠤᠯ ᠲᠦᠭᠰᠢᠬᠦᠷᠢ ᠤᠷᠤᠰᠢᠭᠰᠠᠭ᠋ᠠᠷ ᠪᠠᠢ᠍ᠢ᠍ᠨ᠎ᠠ᠃ ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠬᠡᠢ᠍ᠢ᠍ᠯᠡᠬᠦ ᠠᠵᠢᠯ᠎ᠢ ᠤᠨᠤᠴᠢᠳᠠᠢ ᠪᠦᠳᠤᠮᠵᠢᠳᠠᠢ ᠰᠠᠢ᠍ᠢ᠍ᠳᠤᠷ ᠬᠢᠵᠤ᠂ ᠭᠤᠤᠯᠳᠠᠯᠭ᠎ᠠ᠎ᠲᠠᠢ ᠭᠠᠵᠠᠷ ᠤᠷᠤᠨ᠎ᠤ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠵᠢᠯ᠎ᠢ ᠰᠠᠢ᠍ᠢ᠍ᠳᠤᠷ ᠠᠳᠬᠤᠵᠤ᠂ ᠪᠠᠢ᠍ᠢ᠍ᠩᠭᠤᠵᠢᠬᠰᠠᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠷᠭ᠎ᠠ ᠬᠡᠮᠵᠢᠶ᠎ᠠ ᠵᠢ ᠨᠠᠢ᠍ᠢ᠍ᠳᠠᠪᠤᠷᠢᠵᠢᠭᠤᠯᠤᠨ ᠲᠡᠬᠦᠯᠳᠡᠷᠵᠢᠬᠦᠯᠵᠤ᠂ ᠤᠬᠠᠭᠤᠯᠤᠨ ᠬᠦᠳᠤᠯᠤᠨ ᠲᠠᠭ᠋ᠠᠭᠤᠯᠬᠤ᠎ᠪᠠᠨ ᠴᠢᠩᠭ᠋ᠠᠳᠬᠠᠵᠤ᠂ ᠤᠯᠠᠨ ᠲᠦᠮᠡᠨ᠎ᠤ ᠦᠪᠡᠷ᠎ᠢ᠎ᠪᠠᠨ ᠬᠠᠮᠠᠭ᠋ᠠᠯᠠᠬᠤ ᠪᠠ ᠬᠠᠮᠢᠶᠠᠷᠬᠤ ᠤᠬᠠᠮᠰᠠᠷ᠎ᠢ ᠴᠢᠩᠭ᠋ᠠᠳᠬᠠᠵᠤ᠂ ᠬᠢᠵᠢᠭ᠎ᠤᠨ ᠪᠠᠢ᠍ᠢ᠍ᠳᠠᠯ᠎ᠤᠨ ᠲᠠᠬᠢᠨ ᠲᠡᠯᠬᠡᠷᠡᠬᠦ ᠵᠢ ᠴᠢᠩᠭ᠎ᠠ ᠰᠡᠷᠬᠡᠢ᠍ᠢ᠍ᠯᠡᠬᠦ ᠭᠡᠷᠡᠭᠳᠠᠢ ᠬᠡᠵᠤ ᠴᠢᠬᠤᠯᠠᠴᠢᠯᠠᠪᠠ᠃
ᠰᠢ ᠵᠢᠨ ᠫᠢᠩ ᠤᠯᠠᠨ᠎ᠳᠤ 3 ᠬᠦᠰᠡᠯ ᠨᠠᠢ᠍ᠢ᠍ᠳᠠᠯᠭ᠎ᠠ ᠲᠤᠷᠠᠳᠴᠠᠢ᠃ ᠨᠢᠭᠡ᠎ᠳᠤ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠵᠠᠮ ᠵᠶ᠋ᠠᠷ ᠡᠷᠡᠰ ᠭᠤᠢ᠍ᠢ᠍ᠪᠢᠰᠢ ᠦᠭᠡᠢ ᠵᠠᠮᠨᠠᠵᠦ᠂ ᠤᠯᠤᠰ ᠲᠦᠷᠦ ᠵᠢᠨ ᠵᠤᠬᠰᠤᠯᠳᠠ᠎ᠪᠠᠨ ᠪᠠᠳᠤᠳᠬᠠᠨ᠂ 《ᠲᠦᠷᠪᠡᠨ ᠢᠳᠡᠭᠡᠯ》 ᠵᠶ᠋ᠠᠨ ᠪᠠᠳᠤᠳᠬᠠᠵᠦ᠂ ᠳᠤᠮᠳᠠᠳᠤ ᠤᠯᠤᠰ᠎ᠤᠨ ᠡᠪ ᠬᠠᠮᠳᠦ ᠨᠠᠮ᠎ᠲᠠᠢ ᠬᠠᠮᠳᠦ ᠦᠷᠬᠦᠯᠵᠢᠯᠡᠨ ᠭᠠᠷ ᠬᠤᠯᠪᠤᠨ ᠤᠷᠤᠬᠰᠢᠯᠠᠵᠦ᠂ ᠴᠡᠬ᠎ᠤᠨ ᠪᠡᠷᠭᠡ ᠵᠢ ᠬᠠᠮᠳᠤ᠎ᠪᠠᠷ ᠲᠤᠭᠤᠯᠤᠶ᠎ᠠ᠃ ᠬᠤᠶᠠᠷ᠎ᠲᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠬᠦ᠂ ᠬᠦᠭᠵᠢᠯᠳᠠ ᠵᠢ ᠠᠬᠢᠭᠤᠯᠬᠤ᠎ᠳᠤ ᠦᠷᠬᠦᠯᠵᠢᠯᠡᠨ ᠢᠳᠡᠪᠬᠢᠳᠠᠢ ᠦᠢ᠍ᠯᠡᠳᠦᠯ ᠦᠵᠡᠬᠦᠯᠵᠦ᠂ ᠬᠦᠨᠵᠡᠭᠡᠢ ᠪᠠᠢ᠍ᠢ᠍ᠴᠠᠭ᠋ᠠᠨ ᠰᠤᠳᠤᠯᠵᠦ᠂ ᠤᠷᠢᠳᠴᠢᠯᠠᠯ ᠴᠢᠨᠠᠷᠲᠠᠢ ᠲᠦᠯᠦᠪᠵᠢᠬᠦᠯᠭᠡ ᠬᠢᠬᠦ ᠪᠠ ᠵᠢᠮ᠎ᠠ ᠶᠤᠰᠤᠴᠢ ᠴᠢᠨᠠᠷᠳᠠᠢ ᠪᠤᠳᠤᠯᠬᠢᠯᠠᠯ ᠬᠢᠬᠦ᠎ᠪᠠᠨ ᠴᠢᠩᠭ᠋ᠠᠳᠬᠠᠨ᠂ ᠦᠨᠡᠨ ᠮᠡᠳᠡᠯᠭᠡ ᠨᠡᠪᠳᠡᠷᠭᠡᠢ ᠦᠵᠡᠯᠲᠡ᠎ᠪᠠᠨ ᠳᠤᠷᠠᠳᠴᠦ᠂ 《ᠵᠢᠷᠭᠤᠭ᠎ᠠ ᠵᠢ ᠲᠤᠭᠳᠠᠪᠤᠷᠢᠵᠢᠭᠤᠯᠬᠤ》 ᠠᠵᠢᠯ᠎ᠢ ᠰᠠᠢ᠍ᠢ᠍ᠳᠤᠷ ᠬᠢᠬᠦ᠂ 《ᠵᠢᠷᠭᠤᠭ᠎ᠠ ᠵᠢ ᠪᠠᠳᠤᠯᠠᠬᠤ》 ᠡᠬᠦᠷᠭᠡ ᠵᠢᠨ ᠨᠠᠢ᠍ᠢ᠍ᠳᠠᠪᠤᠷᠢᠵᠢᠭᠤᠯᠤᠯᠳᠠ ᠵᠢ ᠠᠬᠢᠭᠤᠯᠤᠶ᠎ᠠ᠃ ᠭᠤᠷᠪᠠ᠎ᠳᠤ᠂ ᠰᠠᠢ᠍ᠢ᠍ᠨ ᠰᠠᠢ᠍ᠢ᠍ᠬᠠᠨ ᠶᠠᠷᠢᠶ᠎ᠠ ᠭᠡᠯᠡᠯᠴᠡᠭᠡᠨ᠎ᠤ ᠠᠭᠤᠷ ᠠᠮᠢᠰᠬᠤᠯ᠎ᠢ ᠬᠠᠮᠵᠢᠯᠴᠠᠨ ᠪᠦᠷᠢᠯᠳᠦᠬᠦᠯᠵᠦ᠂ ᠨᠡᠢ᠍ᠢ᠍ᠭᠡᠮ᠎ᠤᠨ ᠪᠠᠢ᠍ᠢ᠍ᠳᠠᠯ ᠠᠷᠠᠳ᠎ᠤᠨ ᠰᠠᠨᠠᠭ᠎ᠠ ᠵᠢ ᠨᠢᠬᠳᠠ ᠠᠩᠬᠠᠷᠤᠨ᠂ ᠲᠦᠭᠡᠷᠢᠭᠳᠡᠯᠢ ᠲᠠᠢ᠍ᠢ᠍ᠯᠬᠤ ᠠᠵᠢᠯ᠎ᠢ ᠴᠠᠭ ᠲᠤᠬᠠᠢᠳᠤᠨᠢ ᠦᠷᠨᠢᠬᠦᠯᠵᠦ᠂ ᠳᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠭᠰᠡᠨ ᠦᠯᠢᠭᠡᠷ᠎ᠢ ᠰᠠᠢ᠍ᠢ᠍ᠬᠠᠨ ᠶᠠᠷᠢᠵᠦ᠂ ᠰᠠᠢ᠍ᠢ᠍ᠬᠠᠨ ᠳᠠᠭᠤᠨ᠎ᠢ ᠭᠠᠷᠭ᠋ᠠᠵᠦ᠂ ᠢᠳᠡᠪᠬᠢ ᠬᠦᠴᠦᠨ᠎ᠢ ᠳᠠᠮᠵᠢᠭᠤᠯᠤᠶ᠎ᠠ ᠭᠡᠵᠡᠢ᠃
ᠳ᠋ᠢᠩ ᠰᠢᠤᠸᠠᠢ ᠰᠢᠶᠠᠩ᠂ ᠯᠢᠦ ᠾᠸ᠂ ᠰᠦᠨ ᠴᠦᠨ ᠯᠠᠨ᠂ ᠬᠤᠸᠠᠩ ᠺᠦᠨ ᠮᠢᠩ᠂ ᠼᠠᠢ ᠴᠢ᠂ ᠶᠢᠦ ᠴᠢᠤᠸᠠᠨ᠂ ᠸᠠᠩ ᠢ᠂ ᠰᠢᠶᠤᠤ ᠵᠢᠶᠸ᠂ ᠵᠤᠤ ᠺᠸ ᡁᠢ᠂ ᠾᠸ ᠯᠢ ᠹᠸᠩ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠶᠠᠷᠢᠯᠴᠠᠬᠤ ᠬᠤᠷᠠᠯ᠎ᠳᠤ ᠤᠷᠤᠯᠴᠠᠵᠠᠢ᠃
ᠶᠠᠷᠢᠯᠴᠠᠬᠤ ᠬᠤᠷᠠᠯ᠎ᠳᠤ ᠤᠷᠤᠯᠴᠠᠭᠰᠠᠨ ᠨᠠᠮ᠎ᠤᠨ ᠭᠠᠳᠠᠨᠠᠬᠢ ᠬᠦᠮᠦᠰ᠎ᠲᠤ ᠪᠠᠰᠠ ᠴᠸᠨ ᠰᠢᠶᠤᠤ ᠭᠤᠸᠠᠩ᠂ ᠵᠸᠩ ᠵᠢᠶᠠᠨ ᠪᠠᠩ᠂ ᠬᠦ᠋ ᠱᠸᠩ ᠽᠦ᠋᠂ ᠯᠢᠦ ᠰᠢᠨ ᠴᠸᠩ᠂ ᠾᠸ ᠸᠸᠢ᠂ ᠱᠤᠤ ᠬᠤᠩ ᠪᠤᠯᠤᠨ ᠵᠢᠶᠠᠩ ᠽᠦᠸᠸ ᠵᠢᠶᠦ᠋ᠨ᠂ ᠯᠢ ᠶᠤᠸᠠᠢ ᠹᠸᠩ᠂ ᠰᠢᠶᠸ ᠵᠢᠩ ᠷᠦᠩ᠂ ᠱᠤᠤ ᠹᠸᠩ ᠨᠠᠷ ᠪᠤᠢ᠃