ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ᠄ ᠡᠷᠳᠡᠮ ᠮᠡᠳᠡᠯᠭᠡ ᠵᠢ ᠰᠢᠷᠭ᠋ᠠᠭᠤ ᠰᠤᠷᠤᠯᠴᠠᠵᠤ ᠬᠦᠰᠡᠯᠡᠩ ᠢᠳᠡᠭᠡᠯ ᠪᠢᠰᠢᠷᠡᠯ ᠵᠶ᠋ᠠᠨ ᠪᠠᠳᠤᠳᠬᠠᠨ ᠡᠷᠡᠰ ᠬᠠᠳᠠᠨ ᠵᠤᠷᠢᠭ᠎ᠢ ᠳᠠᠪᠳᠠᠨ ᠪᠤᠯᠪᠠᠰᠤᠷᠠᠭᠤᠯᠵᠤ ᠪᠡᠶ᠎ᠠ ᠮᠠᠬᠠᠪᠤᠳ ᠵᠶ᠋ᠠᠨ ᠴᠢᠬᠢᠷᠠᠭᠵᠢᠭᠤᠯᠤᠨ ᠳᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠭᠦᠨ ᠮᠠᠨᠳᠤᠯᠳᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠴᠠᠭ ᠢᠮᠠᠭᠲᠠ ᠪᠡᠯᠡᠬᠡᠨ ᠪᠠᠢ᠌ᠬᠣ ᠬᠡᠷᠡᠭᠲᠡᠢ
ᠨᠡᠶ᠋ᠢᠲᠡᠯᠡᠭᠰᠡᠨ ᠴᠠᠭ᠄ 2020-06-01

     《6 · 1》᠎ᠤ ᠳᠡᠯᠡᠬᠡᠢ ᠵᠢᠨ ᠬᠡᠤᠬᠡᠳ᠎ᠤᠨ ᠪᠠᠶᠠᠷ᠎ᠤᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠡᠮᠦᠨ᠎ᠠ᠎ᠠᠴᠠ᠂ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠪᠠᠭ᠋ᠠᠴᠤᠳ ᠬᠡᠤᠬᠡᠳ᠎ᠲᠤ ᠪᠠᠶᠠᠷ ᠬᠦᠷᠭᠡᠪᠡ᠃
      ᠰᠢ ᠵᠢᠨ ᠫᠢᠩ᠂ ᠪᠦᠬᠦ ᠤᠯᠤᠰ᠎ᠤᠨ ᠠᠷᠠᠳ ᠲᠦᠮᠡᠨ ᠰᠡᠳᠭᠢᠯ ᠨᠢᠭᠡᠳᠦᠨ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠡᠨᠡ ᠤᠳᠠᠭ᠎ᠠ ᠵᠢᠨ ᠲᠡᠮᠡᠴᠡᠯ ᠳᠤᠮᠳᠠ᠂ ᠦᠷᠭᠡᠨ ᠤᠯᠠᠨ ᠪᠠᠭ᠋ᠠᠴᠤᠳ ᠬᠡᠤᠬᠡᠳ ᠴᠤ᠌ ᠤᠨᠴᠠᠭ᠋ᠠᠢ ᠴᠠᠭ ᠬᠤᠭᠤᠴᠠᠭ᠎ᠠ ᠵᠢ ᠦᠩᠭᠡᠷᠡᠭᠦᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠲᠦᠮᠡᠨ ᠤᠯᠠᠨ ᠵᠶ᠋ᠠᠷ ᠵᠶ᠋ᠠᠨ ᠰᠡᠳᠬᠢᠯ ᠨᠢᠭᠡᠳᠦᠨ ᠬᠦᠴᠢᠷ᠎ᠢ ᠰᠦᠷᠦᠨ ᠤᠷᠤᠭᠰᠢᠯᠠᠭᠰᠠᠨ ᠠᠭᠤᠤ ᠶᠡᠬᠡ ᠠᠵᠢᠯᠯᠠᠭ᠎ᠠ ᠵᠢ ᠨᠢᠳᠦ᠎ᠪᠠᠷ ᠵᠶ᠋ᠠᠨ ᠦᠵᠡᠭᠰᠡᠨ ᠪᠦᠭᠡᠳ ᠨᠠᠮ ᠪᠤᠯᠤᠨ ᠵᠠᠰᠠᠭ᠎ᠤᠨ ᠤᠷᠳᠤᠨ᠎ᠤ ᠤᠷᠢᠶᠠᠯᠠᠭ᠎ᠠ ᠵᠢ ᠳᠠᠭ᠋ᠠᠵᠤ᠂ ᠪᠤᠳᠠᠳᠠᠢ ᠠᠵᠢᠯᠯᠠᠭ᠎ᠠ᠎ᠪᠠᠷ ᠵᠶ᠋ᠠᠨ ᠬᠢᠵᠢᠭ᠎ᠲᠠᠢ ᠲᠡᠮᠡᠴᠡᠬᠦ ᠲᠡᠮᠡᠴᠡᠯ᠎ᠢ ᠳᠡᠮᠵᠢᠵᠤ᠂ ᠮᠠᠨ᠎ᠤ ᠤᠯᠤᠰ᠎ᠤᠨ ᠪᠠᠭ᠋ᠠᠴᠤᠳ ᠬᠡᠤᠬᠡᠳ᠎ᠤᠨ ᠰᠠᠢ᠍ᠢ᠍ᠨ ᠰᠠᠢ᠍ᠢ᠍ᠬᠠᠨ ᠤᠶᠤᠨ ᠰᠠᠨᠠᠭ᠋ᠠᠨ᠎ᠤ ᠳᠦᠷᠢ ᠳᠦᠷᠬᠦ ᠵᠢ ᠢᠯᠡᠷᠡᠭᠦᠯᠵᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠪᠠᠭ᠋ᠠᠴᠤᠳ ᠬᠦᠴᠦᠷᠭᠡᠭ ᠪᠤᠯ ᠤᠯᠤᠰ ᠬᠦᠴᠦᠷᠭᠡᠭ᠃ ᠤᠲᠤ ᠦᠶ᠎ᠠ ᠵᠢᠨ ᠲᠤᠮᠲᠠᠲᠤ ᠤᠯᠤᠰ᠎ᠤᠨ ᠪᠠᠭ᠋ᠠᠴᠤᠳ ᠬᠡᠤᠬᠡᠳ ᠪᠤᠯ ᠨᠢᠬᠡᠲᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠶᠠᠪᠤᠴᠠ ᠵᠢ ᠪᠡᠶ᠎ᠠ᠎ᠪᠠᠷ ᠵᠶ᠋ᠠᠨ ᠦᠩᠭᠡᠷᠡᠭᠦᠯᠦᠭᠴᠢ ᠪᠠ ᠭᠡᠷᠡᠴᠢᠯᠡᠭᠴᠢ ᠪᠤᠯᠬᠤ᠎ᠪᠠᠷ ᠪᠠᠷᠠᠬᠤ ᠦᠭᠡᠢ ᠨᠡᠩ ᠴᠤ᠌ ᠬᠤᠶᠠᠲᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠨᠡᠢ᠍ᠢ᠍ᠭᠡᠮ ᠵᠢᠷᠤᠮ᠎ᠤᠨ ᠤᠲᠤᠬᠢᠴᠢᠯᠠᠭᠰᠠᠠ ᠬᠦᠴᠦᠷᠭᠡᠭ ᠤᠯᠤᠰ᠎ᠢ ᠪᠦᠲᠦᠭᠡᠡ ᠪᠠᠢ᠍ᠢ᠍ᠭᠤᠯᠬᠤ ᠪᠡᠯᠡᠳᠭᠡᠯ ᠬᠦᠴᠤᠨ ᠮᠦᠨ᠃ ᠦᠷᠭᠡᠡ ᠤᠯᠠᠠ ᠪᠠᠭ᠋ᠠᠴᠤᠳ ᠬᠡᠤᠬᠡᠳ ᠡᠷᠲᠡᠮ ᠮᠡᠲᠡᠯᠭᠡ ᠵᠢ ᠰᠢᠷᠭ᠋ᠠᠭᠤ ᠰᠤᠷᠤᠯᠴᠠᠵᠦ᠂ ᠬᠦᠰᠡᠯᠡᠩ ᠢᠳᠡᠭᠡᠯ ᠪᠢᠰᠢᠷᠡᠯ ᠵᠶ᠋ᠠᠨ ᠪᠠᠳᠤᠳᠬᠠᠨ᠂ ᠡᠷᠡᠰ ᠬᠠᠳᠠᠨ ᠵᠤᠷᠢᠭ᠎ᠢ ᠳᠠᠪᠳᠠᠨ ᠪᠤᠯᠪᠠᠰᠤᠷᠠᠭᠤᠯᠵᠤ᠂ ᠪᠡᠶ᠎ᠠ ᠮᠠᠬᠠᠪᠤᠳ ᠵᠶ᠋ᠠᠨ ᠴᠢᠬᠢᠷᠠᠭᠵᠢᠭᠤᠯᠤᠨ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠭᠦᠨ ᠮᠠᠨᠳᠤᠯᠳᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠴᠠᠭ ᠢᠮᠠᠭᠳᠠ ᠪᠡᠯᠡᠬᠡᠨ ᠪᠠᠢ᠍ᠢ᠍ᠬᠤ ᠵᠢ ᠬᠦᠰᠡᠵᠦ ᠪᠠᠢ᠍ᠢ᠍ᠨ᠎ᠠ᠃ ᠡᠯ᠎ᠠ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠲᠤᠨ ᠪᠠ ᠪᠦᠬᠦ ᠨᠡᠢ᠍ᠢ᠍ᠭᠡᠮ ᠵᠶ᠋ᠠᠷ ᠵᠶ᠋ᠠᠨ ᠪᠠᠭ᠋ᠠᠴᠤᠳ ᠬᠡᠤᠬᠡᠳ᠎ᠢ ᠬᠠᠢ᠍ᠢ᠍ᠷᠠᠯᠠᠠ ᠬᠠᠯᠠᠮᠵᠢᠯᠠᠵᠦ᠂ ᠪᠠᠭ᠋ᠠᠴᠤᠳ ᠬᠡᠤᠬᠡᠳ᠎ᠤᠨ ᠢᠳᠡᠷᠡᠭᠦᠨ ᠵᠶ᠋ᠠᠷ ᠦᠰᠦᠨ ᠪᠤᠢ᠍ᠢ᠍ᠵᠢᠬᠤ᠎ᠳᠤ ᠠᠰᠢᠭᠲᠠᠢ ᠨᠦᠬᠦᠴᠡᠯ᠎ᠢ ᠪᠦᠷᠢᠯᠲᠦᠭᠦᠯᠵᠥ ᠦᠭᠬᠦ ᠬᠡᠷᠡᠭᠲᠡᠢ᠃ ᠡᠪ ᠬᠠᠮᠲᠤ ᠵᠠᠯᠠᠭᠤᠴᠤᠳ᠎ᠤᠨ ᠡᠪᠯᠡᠯ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠵᠤᠬᠢᠶᠠᠠ ᠪᠠᠢ᠍ᠢ᠍ᠭᠤᠯᠤᠯᠲᠠ ᠦᠨᠲᠦᠰᠦᠲᠠᠠ᠎ᠤ ᠰᠡᠷᠭᠦᠨ ᠮᠠᠠᠲᠤᠯᠲᠠ ᠵᠢᠨ ᠶᠡᠬᠡ ᠡᠬᠦᠷᠭᠡ ᠵᠢ ᠡᠬᠦᠷᠭᠡᠯᠡᠵᠦ ᠲᠡᠢ᠍ᠢ᠍ᠯᠬᠦ ᠴᠠᠭ ᠦᠶ᠎ᠠ ᠵᠢᠨ ᠰᠢᠨ᠎ᠠ ᠬᠦᠮᠦᠨ᠎ᠢ ᠬᠦᠮᠤᠵᠢᠭᠦᠯᠬᠦ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠴᠠᠭ ᠦᠶ᠎ᠠ ᠵᠢᠨ ᠬᠦᠭᠵᠢᠯᠲᠠ ᠵᠢ ᠳᠠᠭ᠋ᠠᠵᠤ᠂ ᠲᠠᠰᠤᠷᠠᠯᠲᠠ ᠦᠭᠡᠢ ᠦᠭᠡᠷᠡᠴᠢᠯᠡᠯᠲᠡ ᠬᠢᠵᠦ ᠰᠢᠨ᠎ᠠ ᠵᠢ ᠡᠭᠦᠳᠴᠤ᠂ ᠠᠵᠢᠯ ᠵᠶ᠋ᠠᠨ ᠢᠲᠡᠪᠬᠢᠲᠠᠢ ᠦᠷᠨᠢᠭᠦᠯᠵᠦ᠂ ᠨᠠᠮ᠎ᠤᠨ ᠪᠠᠭ᠋ᠠᠴᠤᠳ ᠬᠡᠤᠬᠡᠳ᠎ᠤᠨ ᠦᠢ᠍ᠯᠡᠰ᠎ᠲᠤ ᠨᠡᠩ ᠶᠡᠬᠡ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠦ ᠴᠢᠬᠤᠯᠠᠴᠢᠯᠠᠪᠠ᠃




ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠦᠶᠡᠷ᠎ᠢ ᠰᠡᠷᠭᠡᠢ᠍ᠢ᠍ᠯᠡᠵᠦ ᠭᠠᠮᠰᠢᠭ᠎ᠠᠴᠠ ᠠᠪᠤᠷᠠᠬᠤ ᠠᠵᠢᠯ᠎ᠢ ᠰᠤᠳᠤᠯᠤᠨ ᠪᠠᠢ᠍ᠢ᠍ᠷᠢᠯᠠᠭᠤᠯᠪᠠ
ᠰᠢ ᠵᠢᠨ ᠫᠢᠩ ᠠᠰᠫᠢᠷᠠᠨᠲ᠎ᠤᠨ ᠰᠤᠷᠭ᠋ᠠᠨ ᠬᠦᠮᠦᠵᠢᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠤ ᠴᠢᠬᠤᠯᠠᠴᠢᠯᠠᠭᠰᠠᠨ᠎ᠨᠢ ᠨᠠᠮ ᠪᠠ ᠤᠯᠤᠰ᠎ᠤᠨ ᠦᠢ᠍ᠯᠡᠰ᠎ᠤᠨ ᠬᠦᠭᠵᠢᠯᠳᠡ ᠵᠢᠨ ᠬᠡᠷᠡᠭᠴᠡᠭᠡ᠎ᠳᠤ ᠵᠤᠬᠢᠴᠠᠭᠤᠯᠵᠤ ᠶᠡᠬᠡ ᠬᠡᠮᠵᠢᠶᠠᠨ᠎ᠤ ᠮᠤᠷᠠᠯ ᠴᠢᠳᠠᠪᠤᠷᠢ ᠬᠤᠤᠰᠯᠠᠭᠰᠠᠨ ᠳᠡᠭᠡᠳᠦ ᠳᠡᠰ᠎ᠤᠨ ᠴᠢᠳᠠᠪᠤᠷᠢᠳᠠᠨ᠎ᠢ ᠬᠦᠮᠦᠵᠢᠭᠦᠯᠬᠦ ᠬᠡᠷᠡᠭᠳᠠᠢ ᠯᠢ ᠺᠸ ᠴᠢᠶᠠᠩ ᠴᠤᠬᠤᠯᠠᠪᠤᠷᠢ ᠦᠭᠪᠡ
《ᠦᠨᠡᠨ ᠰᠡᠳᠬᠦᠯ》 ᠶᠡᠷᠤᠨᠭ᠌ᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ 《ᠢᠷᠭᠡᠨ᠎ᠤ ᠬᠠᠤᠯᠢ ᠵᠢᠨ ᠪᠢᠴᠢᠭ᠎ᠢ ᠨᠡᠢ᠍ᠢ᠍ᠳᠡᠯᠡᠨ ᠭᠡᠷᠡᠭᠵᠢᠬᠦᠯᠬᠦ ᠵᠢᠨ ᠴᠢᠬᠤᠯᠠ ᠶᠡᠭᠡ ᠠᠴᠢ ᠬᠤᠯᠪᠤᠬᠳᠠᠯ᠎ᠢ ᠬᠦᠢ᠍ᠴᠡᠳ ᠲᠠᠨᠢᠵᠤ ᠠᠷᠠᠳ ᠲᠦᠮᠡᠨ᠎ᠤ ᠬᠠᠤᠯᠢ ᠶᠤᠰᠤᠨ᠎ᠤ ᠡᠷᠭᠡ ᠠᠰᠢᠭ᠎ᠢ ᠬᠠᠤᠯᠢ ᠶᠤᠰᠤᠭ᠋ᠠᠷ ᠨᠡᠩ ᠰᠠᠢ᠍ᠢ᠍ᠨ ᠪᠠᠳᠤᠯᠠᠬᠤ ᠭᠡᠷᠡᠭᠳᠠᠢ》᠎ᠢ ᠨᠡᠢ᠍ᠢ᠍ᠳᠡᠯᠡᠪᠡ
ᠰᠢ ᠵᠢᠨ ᠫᠢᠩ ᠦᠶᠡᠷ᠎ᠢ ᠰᠡᠷᠭᠡᠢ᠍ᠢ᠍ᠯᠡᠨ ᠭᠠᠮᠰᠢᠭ᠎ᠠᠴᠠ ᠠᠪᠤᠷᠠᠬᠤ ᠠᠵᠢᠯ᠎ᠳᠤ ᠴᠢᠬᠤᠯᠠ ᠵᠢᠭ᠋ᠠᠪᠤᠷᠢ ᠥᠭᠪᠡ
《ᠦᠨᠡᠨ》 ᠰᠡᠳᠬᠦᠯ ᠶᠡᠷᠤᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
 
            