ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠢᠩᠰᠢᠶᠠ᠎ᠳᠤ ᠰᠢᠨᠵᠢᠯᠠᠨ ᠪᠠᠢ᠍ᠢ᠍ᠴᠠᠭ᠋ᠠᠬᠤ᠎ᠳᠠᠭᠠᠨ ᠴᠢᠬᠤᠯᠠᠴᠢᠯᠠᠬᠰᠠᠠ᠎ᠨᠢ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠠᠯᠳᠠ ᠵᠢ ᠤᠯᠵᠤ ᠶᠠᠳᠠᠭᠤ᠎ᠠᠴᠠ ᠠᠨᠭ᠌ᠭᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠤ ᠠᠵᠤ ᠠᠬᠤᠢ ᠴᠡᠴᠡᠭᠯᠡᠨ ᠬᠥᠭᠵᠢᠭᠰᠡᠨ ᠦᠨᠳᠦᠰᠦᠲᠡᠨ᠎ᠨᠦᠭᠦᠳ ᠪᠦᠯᠬᠦᠮᠳᠡᠭᠰᠡᠨ ᠣᠷᠴᠢᠨ ᠲᠤᠭᠤᠷᠢᠨ ᠭᠣᠶᠤ ᠰᠠᠶ᠋ᠢᠬᠠᠨ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶ᠋ᠢᠬᠠᠨ ᠰᠢᠨ᠎ᠡ ᠨᠢᠩᠰᠢᠶᠠ ᠵᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2020-06-11

      ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ ᠵᠢᠨ ᠡᠳᠦᠷ ᠨᠢᠩᠰᠢᠶᠠ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠪᠦᠬᠦ ᠤᠯᠤᠰ᠎ᠤᠨ ᠬᠣᠶᠠᠷ ᠬᠤᠷᠠᠯ᠎ᠤᠨ ᠠᠵᠢᠯ᠎ᠤᠨ ᠪᠠᠶ᠋ᠢᠷᠢᠯᠠᠭᠤᠯᠤᠯᠲᠠ ᠵᠢ ᠨᠠᠢ᠍ᠢ᠍ᠳᠠᠪᠤᠷᠢᠵᠢᠭᠤᠯᠵᠤ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ 《ᠵᠢᠷᠭᠤᠭ᠎ᠠ ᠵᠢ ᠲᠤᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠢ᠍ᠢ᠍ᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠠᠰᠢᠭ ᠦᠭᠡᠢ ᠨᠥᠯᠥᠭᠡ ᠵᠢ ᠴᠢᠷᠮᠠᠶ᠋ᠢᠨ ᠠᠷᠢᠯᠭ᠋ᠠᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠬᠤ ᠵᠢ ᠤᠷᠢᠳ ᠵᠶ᠋ᠠᠷ ᠭᠦᠢ᠍ᠴᠡᠳᠬᠡᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠲᠦ ᠳᠠᠶ᠋ᠢᠯᠠᠯᠳᠤᠭ᠋ᠠᠨ᠎ᠢ ᠬᠢᠵᠦ᠂ ᠠᠵᠤ ᠠᠬᠤᠢ ᠴᠡᠴᠡᠭᠯᠡᠨ ᠬᠥᠭᠵᠢᠭᠰᠡᠨ᠂ ᠦᠨᠳᠦᠰᠦᠲᠡᠨ᠎ᠨᠦᠭᠦᠳ ᠪᠦᠯᠬᠦᠮᠳᠡᠭᠰᠡᠨ᠂ ᠣᠷᠴᠢᠨ ᠲᠤᠭᠤᠷᠢᠨ ᠭᠣᠶᠤ ᠰᠠᠶ᠋ᠢᠬᠠᠨ᠂ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶ᠋ᠢᠬᠠᠨ ᠰᠢᠨ᠎ᠡ ᠨᠢᠩᠰᠢᠶᠠ ᠵᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃



    6 ᠰᠠᠷ᠎ᠠ ᠵᠢᠨ 8᠎ᠠᠴᠠ 10᠎ᠤ ᠡᠳᠦᠷ ᠪᠤᠯᠳᠠᠯ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠨᠢᠩᠰᠢᠶᠠ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠤᠯ 6 ᠰᠠᠷ᠎ᠠ ᠵᠢᠨ 8᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠦᠵᠦᠩ ᠬᠣᠲᠠ ᠵᠢᠨ ᠬᠣᠩ ᠰᠧ ᠪᠦ᠋ ᠲᠣᠭᠣᠷᠢᠭ᠎ᠤᠨ ᠬᠣᠩ ᠰᠧ ᠪᠦ᠋ ᠪᠠᠯᠭ᠋ᠠᠰᠤᠨ᠎ᠤ ᠬᠣᠩᠳᠧ ᠲᠣᠰᠬᠣᠨ᠎ᠳᠤ ᠨᠡᠭᠦᠯᠭᠡᠨ ᠰᠢᠯᠵᠢᠭᠦᠯᠦᠭᠰᠡᠨ ᠤᠯᠠᠨ ᠲᠦᠮᠡᠨ᠎ᠢ ᠡᠷᠬᠢᠨ ᠦᠵᠡᠵᠤ᠂ ᠤᠯᠠᠨ᠎ᠤ ᠵᠦᠭ ᠭᠠᠷ ᠲᠠᠯᠠᠯᠤᠨ ᠮᠡᠨᠳᠦᠴᠢᠯᠡᠵᠦ ᠪᠠᠢ᠍ᠢ᠍ᠭ᠎ᠠ᠎ᠨᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠭᠦᠳᠡᠷᠯᠡᠪᠡ



      ᠵᠤᠨ᠎ᠤ ᠠᠭ᠋ᠠᠭᠢᠮ᠎ᠠ ᠬᠠᠯᠠᠭᠤᠨ᠎ᠳᠤ ᠨᠢᠨᠭ᠌ᠰᠢᠶᠠ ᠵᠢᠨ ᠬᠠᠲᠤᠨ ᠭᠤᠤᠯ᠎ᠤᠨ ᠲᠠᠯ᠎ᠠ ᠭᠠᠵᠠᠷ᠎ᠲᠤ ᠬᠦᠬᠡ ᠤᠭᠲᠠᠷᠭᠤᠢ ᠴᠡᠯᠮᠡᠢ᠍ᠢ᠍ᠵᠤ ᠬᠦᠪᠦᠩ ᠡᠭᠦᠯᠡᠰ ᠨᠡᠭᠦᠳᠡᠯᠯᠡᠨ᠂ ᠡᠪᠡᠰᠦ ᠮᠣᠳᠣ ᠢᠭᠴᠤᠷᠠᠨ ᠤᠷᠭᠤᠨ᠎ᠠ᠃ 6 ᠰᠠᠷ᠎ᠠ ᠵᠢᠨ 8᠎ᠤ ᠡᠳᠦᠷ᠎ᠠᠴᠠ 10᠎ᠤ ᠡᠳᠦᠷ ᠪᠣᠯᠲᠠᠯ᠎ᠠ᠂ ᠰᠢ ᠵᠢᠨ ᠫᠢᠩ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠴᠧᠨ ᠷᠦᠨ ᠡᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠰᠢᠶᠠᠨ ᠬᠤᠢ ᠵᠢᠨ ᠪᠠᠷ᠎ᠠ ᠪᠤᠯᠤᠯᠭ᠎ᠠ᠎ᠪᠠᠷ᠂ ᠤᠷᠢᠳ ᠬᠣᠵᠢᠳ ᠦᠵᠥᠩ᠂ ᠢᠷᠭ᠋ᠠᠢ ᠵᠡᠷᠭᠡ ᠭᠠᠵᠠᠷ᠎ᠲᠤ ᠬᠦᠷᠴᠦ᠂ ᠬᠥᠳᠡᠭᠡ ᠲᠣᠰᠬᠣᠨ᠂ ᠨᠡᠶ᠋ᠢᠭᠡᠮ ᠲᠣᠭᠣᠷᠢᠭ᠂ ᠦᠶᠡᠷ᠎ᠢ ᠰᠡᠷᠭᠡᠶ᠋ᠢᠯᠡᠬᠦ ᠢᠨᠵᠧᠨᠧᠷᠢᠩ᠂ ᠲᠠᠷᠢᠶᠠᠯᠠᠩ᠎ᠤᠨ ᠠᠵᠤ   ᠦᠢ᠍ᠯᠡᠰ᠎ᠤᠨ ᠬᠦᠷᠢᠶᠡᠯᠡᠩ ᠲᠣᠭᠣᠷᠢᠭ ᠵᠡᠷᠭᠡ᠎ᠳᠤ ᠭᠦᠨᠵᠡᠭᠡᠶ᠋ᠢᠷᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠢ᠍ᠢ᠍ᠨᠭ᠌ᠭᠤᠵᠢᠭᠤᠯᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠢ᠍ᠢ᠍ᠯᠠᠯᠳᠤᠭ᠋ᠠᠨ᠎ᠤ ᠦᠷ᠎ᠡ ᠪᠦᠲᠦᠭᠡᠯ᠎ᠢ ᠪᠡᠬᠢᠵᠢᠭᠦᠯᠬᠦ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠤᠬᠠᠶ ᠪᠠᠶ᠋ᠢᠴᠠᠭ᠋ᠠᠨ ᠰᠤᠳᠤᠯᠤᠯᠲᠠ ᠬᠢᠪᠡ᠃
      ᠦᠵᠦᠩ ᠬᠣᠲᠠ ᠵᠢᠨ ᠬᠣᠩ ᠰᠧ ᠪᠦ᠋ ᠲᠣᠭᠣᠷᠢᠭ᠎ᠤᠨ ᠬᠣᠩ ᠰᠧ ᠪᠦ᠋ ᠪᠠᠯᠭ᠋ᠠᠰᠤᠨ᠎ᠤ ᠬᠣᠩᠳᠧ ᠲᠣᠰᠬᠣᠨ ᠪᠣᠯ ᠠᠮᠢ ᠠᠬᠤᠶ ᠵᠢᠨ ᠨᠡᠭᠦᠳᠡᠯ ᠠᠷᠠᠳ᠎ᠤᠨ ᠲᠣᠰᠬᠣᠨ ᠪᠣᠯᠤᠨ᠎ᠠ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ 1036 ᠡᠷᠦᠬᠡ ᠵᠢᠨ 4497 ᠬᠦᠮᠦᠨ ᠪᠠᠶ᠋ᠢᠵᠤ᠂ ᠣᠳᠣᠬᠠᠨ᠎ᠳᠤ ᠪᠠᠰᠠ 20 ᠡᠷᠦᠬᠡ ᠵᠢᠨ 50 ᠬᠥᠮᠦᠨ ᠶᠠᠳᠠᠭᠤ᠎ᠠᠴᠠ᠎ᠪᠠᠨ ᠠᠩᠭᠢᠵᠢᠷᠠᠭ᠋ᠠᠳᠤᠶ ᠪᠠᠶ᠋ᠢᠨ᠎ᠠ᠃ 8᠎ᠤ ᠦᠳᠡ ᠵᠢᠨ ᠬᠣᠶ᠋ᠢᠨ᠎ᠠ᠂ ᠰᠢ ᠵᠢᠨ ᠫᠢᠩ ᠡᠩ ᠲᠡᠷᠢᠭᠦᠨ᠎ᠳᠤ ᠬᠣᠩᠳ᠋ᠸ ᠲᠣᠰᠬᠣᠨ᠎ᠳᠤ ᠬᠦᠷᠴᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠰᠢᠨᠵᠢᠯᠡᠨ ᠪᠠᠶ᠋ᠢᠴᠠᠭ᠋ᠠᠪᠠ᠃ ᠲᠣᠰᠬᠣᠨ᠎ᠤ ᠶᠠᠳᠠᠭᠤ ᠵᠢ ᠲᠡᠳᠬᠦᠬᠦ ᠦᠢ᠍ᠯᠡᠳᠪᠦᠷᠢ ᠵᠢᠨ ᠲᠠᠰᠤᠭ᠎ᠤᠨ ᠬᠦᠷᠢᠶᠡᠨ᠎ᠳᠤ᠂ ᠲᠡᠷᠡ ᠨᠢᠩᠰᠢᠶᠠ ᠵᠢᠴᠢ ᠬᠤᠩᠳ᠋ᠸ ᠲᠣᠰᠬᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠠᠢ᠃ ᠶᠠᠳᠠᠭᠤ ᠵᠢ ᠲᠡᠳᠬᠦᠬᠦ ᠦᠢ᠍ᠯᠡᠳᠪᠦᠷᠢ ᠵᠢᠨ ᠲᠠᠰᠤᠭ᠎ᠲᠤ ᠤᠷᠤᠵᠤ᠂ ᠰᠢ ᠵᠢᠨ ᠫᠢᠩ ᠴᠠᠭ᠋ᠠᠰᠤᠨ ᠬᠠᠶ᠋ᠢᠷᠴᠠᠭ ᠵᠤᠬᠢᠶᠠᠨ ᠦᠢ᠍ᠯᠡᠳᠴᠦ ᠪᠠᠢ᠍ᠢ᠍ᠭᠰᠠᠨ ᠲᠣᠰᠬᠣᠨ᠎ᠤ ᠠᠷᠠᠳ᠎ᠲᠠᠢ ᠳᠣᠲᠣᠨᠣ᠎ᠪᠠᠷ ᠶᠠᠷᠢᠯᠴᠠᠪᠠ᠃ ᠨᠤᠲᠤᠭ᠎ᠤᠨ ᠠᠬ᠎ᠠ ᠳᠡᠭᠦᠦ ᠨᠡᠷ ᠶᠡᠷᠦᠩᠬᠡᠢ ᠱᠦᠵᠢ᠎ᠳᠤ᠂ ᠲᠣᠰᠬᠣᠨ᠎ᠠᠴᠠ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ ᠴᠠᠭ᠋ᠠᠰᠤᠨ ᠬᠠᠶ᠋ᠢᠷᠴᠠᠭ ᠵᠤᠬᠢᠶᠠᠨ ᠦᠢ᠍ᠯᠡᠳᠬᠦ ᠪᠣᠭᠣᠳᠠᠯᠯᠠᠬᠤ ᠲᠤᠬᠠᠶ᠋ᠢᠯᠠᠭᠰᠠᠨ ᠠᠵᠢᠯ ᠡᠷᠬᠢᠯᠡᠭᠦᠯᠵᠦ᠂ ᠵᠠᠭᠤ ᠭᠠᠷᠤᠢ ᠬᠥᠮᠦᠨ᠎ᠤ ᠠᠵᠢᠯ ᠤᠯᠬᠤ ᠠᠰᠠᠭᠤᠳᠠᠯ᠎ᠢ ᠰᠢᠢ᠍ᠳᠪᠦᠷᠢᠯᠡᠵᠡᠢ ᠭᠡᠵᠦ ᠬᠡᠯᠡᠪᠡ᠃ ᠰᠢ ᠵᠢᠨ ᠫᠢᠩ ᠨᠤᠲᠠᠯᠠᠨ ᠵᠦᠪᠰᠢᠶᠡᠷᠡᠵᠦ ᠪᠠᠶ᠋ᠢᠬᠤ᠎ᠪᠠᠨ ᠢᠯᠡᠳᠬᠡᠪᠡ᠃ ᠲᠡᠷᠡ᠂ ᠶᠠᠳᠠᠭᠤ ᠵᠢ ᠲᠡᠳᠬᠦᠬᠦ ᠦᠢ᠍ᠯᠡᠳᠪᠦᠷᠢ ᠵᠢᠨ ᠲᠠᠰᠤᠭ ᠡᠷᠬᠢᠯᠡᠬᠦ ᠵᠣᠷᠢᠯᠭ᠎ᠠ ᠪᠣᠯ ᠶᠠᠳᠠᠭᠤ ᠵᠢ ᠲᠡᠳᠬᠦᠬᠦ ᠵᠢᠨ ᠲᠥᠯᠥᠭᠡ ᠶᠤᠮ᠂ ᠡᠢ᠍ᠢ᠍ᠨ ᠬᠦ᠌ ᠶᠠᠳᠠᠭᠤ ᠵᠢ ᠲᠡᠳᠬᠦᠬᠦ ᠰᠢᠨᠵᠢ ᠴᠢᠨᠠᠷ᠎ᠢ ᠪᠠᠷᠢᠮᠲᠠᠯᠠᠵᠤ᠂ ᠬᠦᠴᠢᠷᠳᠡᠯᠲᠡᠶ ᠣᠯᠠᠨ ᠲᠦᠮᠡᠨ ᠲᠡᠢ᠍ᠢ᠍ᠰᠢ ᠬᠡᠯᠪᠡᠶ᠋ᠢᠯᠭᠡᠵᠦ᠂ ᠬᠦᠴᠢᠷᠳᠡᠯᠲᠡᠶ ᠣᠯᠠᠨ ᠲᠦᠮᠡᠨ᠎ᠢ ᠢᠯᠡᠭᠦᠬᠡᠨ ᠡᠯᠰᠡᠵᠦ ᠠᠵᠢᠯ ᠣᠯᠭᠣᠬᠤ ᠬᠡᠷᠡᠭᠲᠡᠢ᠃ ᠨᠤᠲᠤᠭ᠎ᠤᠨ ᠠᠬ᠎ᠠ ᠳᠡᠭᠦᠤ ᠨᠡᠷ ᠠᠢ᠍ᠢ᠍ᠯ ᠲᠡᠭᠡᠷ᠎ᠡ᠎ᠪᠠᠨ ᠠᠵᠢᠯᠯᠠᠬᠤ᠎ᠳᠤ ᠬᠡᠳᠦᠶ᠋ᠢᠪᠡᠷ ᠣᠷᠣᠯᠭ᠎ᠠ᠎ᠨᠢ ᠬᠣᠲᠠ ᠣᠷᠣᠵᠤ ᠬᠦᠴᠦ ᠶᠠᠪᠤᠭᠰᠠᠨ᠎ᠠᠴᠠ ᠥᠨᠳᠥᠷ ᠪᠢᠰᠢ ᠪᠣᠯᠪᠠᠴᠤ ᠬᠣᠨᠣᠭ ᠪᠠᠭᠤᠳᠠᠯ᠂ ᠬᠣᠭᠣᠯᠠ ᠤᠮᠳᠠ᠂ ᠵᠠᠮ ᠬᠠᠷᠢᠯᠴᠠᠭ᠎ᠠ ᠵᠡᠷᠭᠡ ᠵᠢᠨ ᠵᠠᠷᠤᠳᠠᠯ᠎ᠢ ᠠᠷᠪᠢᠯᠠᠬᠤ ᠮᠥᠷᠲᠡᠭᠡᠨ ᠪᠠᠰᠠ ᠭᠡᠷ ᠪᠦᠯᠢ᠎ᠪᠠᠨ ᠬᠠᠷᠠᠭ᠋ᠠᠯᠵᠠᠴᠢᠬᠠᠨ᠎ᠠ᠂ ᠬᠤᠶᠠᠷ ᠲᠠᠯ᠎ᠠ᠎ᠳᠤ ᠪᠦᠷ ᠲᠤᠰᠠᠲᠠᠢ᠃ ᠠᠵᠤ ᠠᠬᠤᠶ᠋ᠢᠯᠠᠯ᠎ᠤᠨ᠎ᠬᠢᠨ ᠶᠠᠳᠠᠭᠤ ᠵᠢ ᠲᠡᠳᠬᠦᠬᠦ ᠦᠢ᠍ᠯᠡᠳᠪᠦᠷᠢ ᠵᠢᠨ ᠲᠠᠰᠤᠭ ᠪᠠᠶ᠋ᠢᠭᠤᠯᠬᠤ᠎ᠳᠤ ᠣᠷᠣᠯᠴᠠᠭᠰᠠᠨ᠎ᠨᠢ ᠤᠷᠢᠳ ᠵᠶ᠋ᠠᠷ ᠪᠠᠶᠠᠵᠢᠭᠰᠠᠨ᠎ᠨᠢ ᠰᠡᠭᠦᠯᠡᠷ ᠪᠠᠶᠠᠵᠢᠬᠤ᠎ᠪᠠᠨ ᠲᠠᠢ᠍ᠢ᠍ᠴᠢᠯᠠᠬᠤ ᠵᠢ ᠢᠯᠡᠷᠡᠬᠦᠯᠵᠤ ᠪᠠᠢ᠍ᠢ᠍ᠨ᠎ᠠ᠂ ᠮᠠᠰᠢ ᠶᠡᠬᠡ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
      ᠳᠠᠷᠠᠭ᠎ᠠ᠎ᠨᠢ᠂ ᠰᠢ ᠵᠢᠨ ᠫᠢᠩ ᠶᠠᠪᠠᠭ᠋ᠠᠨ ᠵᠶ᠋ᠠᠷ ᠲᠣᠰᠬᠣᠨ᠎ᠤ ᠳᠦᠷᠰᠦ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠬᠣᠲᠣᠩ ᠦᠨᠳᠦᠰᠦᠲᠡᠨ᠎ᠤ ᠲᠣᠰᠬᠣᠨ᠎ᠤ ᠠᠷᠠᠳ ᠯᠢᠦ ᠺᠸ ᠷᠦᠢ ᠵᠢᠨ ᠭᠡᠷ᠎ᠲᠤ ᠲᠡᠷᠡ   ᠬᠦᠷᠢᠶ᠎ᠡ ᠬᠠᠰᠢᠶ᠎ᠠ᠂ ᠵᠣᠴᠢᠨ᠎ᠤ ᠦᠷᠦᠭᠡ᠂ ᠤᠨᠲᠠᠬᠤ ᠦᠷᠦᠭᠡ᠂ ᠲᠣᠭᠣᠭ᠋ᠠᠨ ᠭᠡᠷ᠂ ᠦᠬᠡᠷ᠎ᠤᠨ ᠰᠠᠷᠠᠪᠴᠢ ᠵᠢ ᠨᠠᠷᠢᠨ ᠨᠢᠮᠪᠠᠢ ᠦᠵᠡᠵᠤ᠂ ᠭᠡᠷ ᠪᠦᠯᠢ ᠵᠢᠨ ᠠᠵᠢᠯ ᠣᠯᠭᠣᠯᠲᠠ᠂ ᠣᠷᠣᠯᠭ᠎ᠠ᠂ ᠡᠪᠡᠳᠴᠢᠨ ᠦᠵᠡᠭᠦᠯᠬᠦ᠂ ᠨᠡᠶ᠋ᠢᠭᠡᠮ᠎ᠤᠨ ᠲᠠᠭ᠋ᠠᠳᠬᠠᠯ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠯᠢᠦ ᠺᠧ ᠷᠦᠢ᠎ᠠᠴᠠ ᠶᠡᠷᠦᠩᠬᠡᠶ ᠱᠦᠵᠢ᠎ᠳᠤ᠂ ᠦᠪᠡᠷ᠎ᠤᠨ ᠲᠠᠷᠢᠶᠠᠨ ᠭᠠᠵᠠᠷ ᠵᠶ᠋ᠠᠨ ᠪᠤᠰᠤᠳ᠎ᠲᠤ ᠰᠢᠯᠵᠢᠬᠦᠯᠤᠨ ᠦᠭᠴᠤ᠂ 3 ᠠᠯᠠᠰᠢᠨ ᠦᠬᠡᠷ ᠲᠡᠵᠢᠭᠡᠵᠦ᠂ ᠬᠦᠤ ᠪᠠᠷᠢ᠎ᠨᠢ ᠤᠢ᠍ᠢ᠍ᠷ᠎ᠠ ᠬᠠᠪᠢ ᠵᠢᠨ ᠨᠡᠬᠡᠮᠡᠯ᠎ᠤᠨ ᠦᠢ᠍ᠯᠡᠳᠪᠦᠷᠢ᠎ᠳᠤ ᠬᠦᠴᠦ ᠶᠠᠪᠤᠵᠤ᠂ 2017 ᠣᠨ᠎ᠳᠤ ᠪᠦᠬᠦ ᠭᠡᠷ ᠵᠶ᠋ᠠᠷ ᠵᠶ᠋ᠠᠨ ᠶᠠᠳᠠᠭᠤ᠎ᠠᠴᠠ ᠠᠩᠭᠢᠵᠢᠷᠠᠵᠤ᠂ ᠠᠮᠢᠳᠤᠷᠠᠯ ᠤᠯᠠᠮ᠎ᠠᠴᠠ ᠤᠯᠠᠮ ᠰᠠᠶ᠋ᠢᠵᠢᠷᠠᠵᠤ ᠪᠠᠢ᠍ᠢ᠍ᠨ᠎ᠠ᠂ ᠨᠤᠲᠤᠭ᠎ᠤᠨ ᠠᠬ᠎ᠠ ᠳᠡᠭᠦᠦ ᠨᠡᠷ ᠰᠡᠳᠬᠢᠯ᠎ᠤᠨ ᠤᠭ᠎ᠠᠴᠠ᠎ᠪᠠᠨ ᠨᠠᠮ᠎ᠤᠨ ᠲᠦᠷᠦ ᠵᠢᠨ ᠪᠤᠳᠤᠯᠭ᠎ᠠ ᠰᠠᠢ᠍ᠢ᠍ᠨ᠎ᠢ ᠮᠠᠭᠲᠠᠵᠤ᠂ ᠡᠪ ᠬᠠᠮᠲᠤ ᠨᠠᠮ᠎ᠤᠨ ᠬᠠᠯᠠᠭᠤᠨ ᠳᠣᠲᠣᠨᠣ ᠵᠢ ᠦᠷᠦᠴᠡ ᠵᠢᠷᠦᠬᠡᠨ᠎ᠠᠴᠠ᠎ᠪᠠᠨ ᠮᠡᠲᠡᠷᠡᠵᠤ ᠪᠠᠢ᠍ᠢ᠍ᠨ᠎ᠠ ᠬᠡᠵᠤ ᠬᠡᠯᠡᠪᠡ᠃ ᠰᠢ ᠵᠢᠨ ᠫᠢᠩ᠎ᠠᠴᠠ ᠯᠢᠦ ᠺᠸ ᠷᠦᠢ ᠡᠪᠦᠭᠡᠨ ᠬᠦᠭᠰᠢᠨ ᠬᠤᠶᠠᠷ᠎ᠠᠴᠠ ᠪᠠᠰᠠ ᠶᠠᠮᠠᠷ ᠬᠦᠴᠢᠷᠳᠡᠯ ᠪᠠᠶ᠋ᠢᠬᠤ᠂ ᠬᠣᠶ᠋ᠢᠰᠢᠳᠠ ᠵᠢᠨ ᠠᠮᠢᠳᠤᠷᠠᠯ᠎ᠤᠨ ᠲᠤᠬᠠᠢ ᠶᠠᠮᠠᠷ ᠲᠥᠯᠥᠪᠯᠡᠭᠡ᠎ᠲᠠᠢ ᠪᠠᠶ᠋ᠢᠬᠤ ᠵᠢ ᠯᠠᠪᠯᠠᠨ ᠠᠰᠠᠭᠤᠪᠠ᠃ ᠰᠢ ᠵᠢᠨ ᠫᠢᠩ᠂ ᠨᠤᠲᠤᠭ᠎ᠤᠨ ᠠᠬ᠎ᠠ ᠳᠡᠭᠦᠦ ᠨᠡᠷ ᠨᠡᠭᠦᠭᠰᠡᠨ᠎ᠤ ᠳᠠᠷᠠᠭ᠎ᠠ᠂ ᠬᠤᠢ᠍ᠢ᠍ᠰᠢᠳᠠ ᠵᠢᠨ ᠠᠮᠢᠳᠤᠷᠠᠯ ᠨᠡᠩ ᠰᠠᠢ᠍ᠢ᠍ᠨ ᠰᠠᠢ᠍ᠢ᠍ᠬᠠᠨ ᠪᠤᠯᠤᠨ᠎ᠠ ᠰᠢᠦ᠃ ᠨᠤᠲᠤᠭ᠎ᠤᠨ ᠠᠬ᠎ᠠ ᠳᠡᠭᠦᠤ ᠨᠡᠷ ᠦᠨᠦᠲᠦᠷ᠎ᠤᠨ ᠡᠨᠡ ᠬᠡᠮᠵᠢᠶ᠎ᠡ᠎ᠠᠴᠠ᠎ᠪᠠᠨ ᠨᠡᠩ ᠦᠨᠳᠦᠷ ᠲᠦᠪᠰᠢᠨ᠎ᠳᠤ ᠬᠦᠷᠬᠦ᠎ᠪᠠᠷ ᠦᠷᠬᠦᠯᠵᠢᠯᠡᠨ ᠬᠦᠴᠦᠯᠡᠨ ᠴᠢᠷᠮᠠᠢ᠍ᠢ᠍ᠵᠤ᠂ ᠲᠤᠰ ᠪᠡᠶ᠎ᠡ ᠵᠢᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ ᠵᠶ᠋ᠠᠨ ᠪᠠᠳᠠᠷᠠᠭᠤᠯᠵᠤ᠂ ᠥᠪᠡᠷ᠎ᠤᠨ ᠬᠦᠳᠡᠯᠮᠤᠷᠢᠴᠢ ᠬᠤᠶᠠᠷ ᠭᠠᠷ ᠵᠶ᠋ᠠᠷ ᠵᠶ᠋ᠠᠨ ᠨᠡᠩ ᠰᠠᠢ᠍ᠢ᠍ᠨ ᠰᠠᠶ᠋ᠢᠬᠠᠨ ᠰᠢᠨ᠎ᠡ ᠠᠮᠢᠳᠤᠷᠠᠯ ᠵᠶ᠋ᠠᠨ ᠴᠣᠭᠴᠠᠯᠠᠨ ᠪᠠᠶ᠋ᠢᠭᠤᠯᠬᠤ ᠵᠢ ᠬᠦᠰᠡᠵᠤ ᠪᠠᠢ᠍ᠢ᠍ᠨ᠎ᠠ ᠬᠡᠵᠤ ᠴᠢᠬᠤᠯᠠᠴᠢᠯᠠᠪᠠ᠃



    6 ᠰᠠᠷ᠎ᠠ ᠵᠢᠨ 8᠎ᠠᠴᠠ 10᠎ᠤ ᠡᠳᠦᠷ ᠪᠤᠯᠳᠠᠯ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠨᠢᠩᠰᠢᠶᠠ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠤᠯ 6 ᠰᠠᠷ᠎ᠠ ᠵᠢᠨ 9᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠢᠷᠭ᠋ᠠᠢ ᠬᠤᠳᠠ ᠵᠢᠨ ᠾᠸᠯᠠᠨ ᠰᠢᠶᠠᠨ᠎ᠤ ᠳᠤᠳᠤᠷᠭ᠎ᠠ ᠵᠢᠭ᠋ᠠᠰᠤᠨ ᠬᠦᠳᠡᠭᠡ ᠲᠤᠰᠬᠤᠨ᠎ᠤ ᠠᠮᠢ ᠠᠬᠤᠢ ᠵᠢᠨ ᠦᠵᠡᠮᠦᠷᠢ ᠵᠢᠨ ᠬᠦᠷᠢᠶᠡᠯᠡᠩ᠎ᠳᠤ᠂ ᠶᠠᠭ ᠰᠠᠢ᠍ᠢ᠍ᠬᠠᠨ ᠬᠦᠳᠡᠯᠮᠦᠷᠢᠯᠡᠵᠤ ᠪᠠᠢ᠍ᠢ᠍ᠭᠰᠠᠨ ᠳᠤᠰᠬᠤᠨ᠎ᠤ ᠠᠷᠠᠳ᠎ᠲᠠᠢ ᠳᠤᠳᠤᠨᠤ᠎ᠪᠠᠷ ᠵᠤᠭᠤᠬᠳᠠᠵᠤ ᠪᠠᠢ᠍ᠢ᠍ᠭ᠎ᠠ᠎ᠨᠢ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᠊ᠤᠤᠢ ᠰᠡᠭᠦᠳᠡᠷᠯᠡᠪᠡ



      ᠲᠣᠰᠬᠣᠨ᠎ᠠᠴᠠ ᠠᠶᠠᠷᠯᠠᠬᠤ᠎ᠳᠤ᠂ ᠲᠣᠰᠬᠣᠨ᠎ᠤ ᠠᠷᠠᠳ ᠬᠣᠶ᠋ᠢᠨ᠎ᠠ ᠬᠣᠶ᠋ᠢᠨ᠎ᠠ᠎ᠠᠴᠠ᠎ᠪᠠᠨ ᠲᠣᠰᠬᠣᠨ᠎ᠤ ᠵᠠᠬ᠎ᠠ᠎ᠳᠤ ᠬᠦᠷᠴᠦ ᠢᠷᠡᠵᠡᠭᠡᠨ ᠶᠡᠷᠦᠩᠬᠡᠢ ᠱᠦᠵᠢ ᠵᠢ ᠦᠳᠡᠨ ᠮᠣᠷᠳᠠᠭᠤᠯᠪᠠ᠃ ᠰᠢ ᠵᠢᠨ ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠦ᠂ ᠨᠤᠲᠤᠭ᠎ᠤᠨ ᠠᠬ᠎ᠠ ᠳᠡᠭᠦᠦ ᠨᠡᠷ᠎ᠤᠨ ᠠᠮᠢᠳᠤᠷᠠᠯ ᠵᠣᠯ ᠵᠢᠷᠭ᠋ᠠᠯ᠎ᠲᠠᠢ ᠪᠤᠯᠬᠤ ᠵᠢ ᠵᠥᠩᠨᠡᠪᠡ᠃
      ᠰᠢ ᠵᠢᠨ ᠫᠢᠩ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢᠨ ᠲᠤᠬᠠᠢ ᠳᠡᠭᠡᠳᠦ   ᠬᠡᠮᠵᠢᠶ᠎ᠡ᠎ᠪᠠᠷ ᠴᠢᠬᠤᠯᠠᠴᠢᠯᠠᠬᠰᠠᠭ᠋ᠠᠷ ᠢᠷᠡᠵᠠᠢ᠃ ᠲᠡᠷᠡ ᠬᠠᠳᠤᠨ ᠭᠣᠣᠯ᠎ᠤᠨ ᠦᠵᠦᠩ᠎ᠤᠨ ᠪᠢᠨ ᠾᠧ ᠶᠡᠬᠡ ᠵᠠᠮ᠎ᠤᠨ ᠡᠷᠲᠡᠨ᠎ᠤ ᠬᠣᠲᠠ ᠵᠢᠨ ᠪᠤᠯᠤᠩ᠎ᠤᠨ ᠬᠠᠮᠠᠭ᠋ᠠᠯᠠᠯᠳᠠ ᠵᠢᠨ ᠬᠡᠰᠡᠭ᠎ᠲᠤ ᠢᠷᠡᠵᠤ᠂ ᠬᠦᠪᠡᠬᠡ ᠲᠠᠭ᠋ᠠᠤ ᠵᠢᠨ ᠵᠠᠮ ᠵᠶ᠋ᠠᠷ᠂ ᠬᠠᠲᠤᠨ ᠭᠣᠤᠯ᠎ᠤᠨ ᠠᠮᠢ ᠠᠬᠤᠶ ᠵᠢᠨ ᠵᠠᠰᠠᠯᠲᠠ ᠬᠠᠮᠠᠭ᠋ᠠᠯᠠᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠬᠠᠲᠤᠨ ᠭᠣᠤᠯ᠎ᠤᠨ ᠨᠢᠩᠰᠢᠶᠠ ᠵᠢᠨ ᠬᠡᠰᠡᠭ᠎ᠤᠨ ᠠᠮᠢ ᠠᠬᠤᠶ ᠵᠢᠨ ᠬᠠᠮᠠᠭ᠋ᠠᠯᠠᠯᠲᠠ ᠵᠠᠰᠠᠯᠲᠠ ᠪᠠ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠰᠢ ᠵᠢᠨ ᠫᠢᠩ᠂ ᠬᠠᠳᠤᠨ ᠭᠣᠣᠯ ᠪᠣᠯ ᠳᠤᠮᠳᠠᠳᠤ ᠵᠢᠨ ᠦᠨᠳᠦᠰᠦᠲᠡᠨ᠎ᠤ ᠡᠭᠡ ᠭᠣᠣᠯ ᠮᠥᠨ᠂ ᠳᠤᠮᠳᠠᠳᠤ ᠵᠢᠨ ᠦᠨᠳᠦᠰᠦᠲᠡᠨ ᠪᠣᠯᠤᠨ ᠳᠤᠮᠳᠠᠳᠤ ᠵᠢᠨ ᠪᠣᠯᠪᠠᠰᠤᠨ᠎ᠤ ᠣᠷᠣᠰᠢᠨ ᠲᠣᠭᠲᠠᠨᠢᠵᠤ ᠬᠥᠭᠵᠢᠬᠦ ᠡᠷᠬᠢᠮ ᠨᠠᠨᠳᠢᠨ ᠡᠬᠢ ᠪᠠᠶᠠᠯᠢᠭ ᠮᠥᠨ᠃ ᠡᠷᠳᠡ ᠤᠵᠠᠭᠤᠷ᠎ᠠᠴᠠ᠎ᠪᠠᠨ ᠬᠠᠲᠤᠨ ᠭᠣᠤᠯ᠎ᠤᠨ ᠤᠰᠤ ᠨᠢᠩᠰᠢᠶᠠ ᠵᠢᠨ ᠡᠨᠡ ᠬᠦ᠌ ᠲᠠᠩᠰᠤᠭ ᠰᠠᠶ᠋ᠢᠬᠠᠨ ᠨᠤᠲᠤᠭ ᠳᠡᠪᠢᠰᠬᠡᠷ᠎ᠢ ᠰᠢᠮᠡᠵᠢᠬᠦᠯᠵᠤ᠂ ᠥᠨᠥᠳᠦᠷ ᠮᠦᠨ ᠴᠤ᠌ ᠨᠢᠩᠰᠢᠶᠠ ᠵᠢᠨ ᠡᠯ᠎ᠡ ᠦᠨᠳᠦᠰᠦᠲᠡᠨ᠎ᠤ ᠠᠷᠠᠳ ᠲᠦᠮᠡᠨ᠎ᠳᠤ ᠪᠤᠶᠠᠨ ᠬᠡᠰᠢᠭ ᠵᠶ᠋ᠠᠨ ᠬᠦᠷᠲᠡᠭᠡᠭᠰᠡᠭᠡᠷ ᠪᠠᠶ᠋ᠢᠨ᠎ᠠ᠃ ᠨᠢᠩᠰᠢᠶᠠ ᠵᠢᠨ᠎ᠬᠢᠨ ᠡᠷᠬᠡᠪᠰᠢ ᠶᠡᠬᠡ ᠲᠠᠯ᠎ᠠ ᠵᠢᠨ ᠦᠵᠡᠯᠲᠡ ᠪᠣᠯᠤᠨ ᠬᠠᠷᠢᠭᠤᠴᠠᠯᠭ᠎ᠠ ᠡᠭᠦᠷᠭᠡᠯᠡᠯ᠎ᠲᠠᠢ ᠪᠠᠶ᠋ᠢᠵᠤ᠂ ᠬᠠᠲᠤᠨ ᠭᠣᠤᠯ᠎ᠢ ᠨᠡᠩ ᠨᠠᠨᠳᠢᠩᠨᠠᠵᠤ᠂ ᠬᠠᠳᠤᠨ ᠭᠣᠣᠯ᠎ᠢ ᠰᠡᠳᠬᠢᠯ ᠲᠠᠯᠪᠢᠨ ᠬᠠᠮᠠᠭ᠋ᠠᠯᠠᠵᠤ᠂ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠪᠠᠷᠢᠮᠲᠠᠯᠠᠵᠤ᠂ ᠬᠠᠲᠤᠨ ᠭᠣᠤᠯ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠬᠣᠷᠢᠭ᠎ᠠ ᠱᠤᠭᠤᠮ᠎ᠢ ᠲᠣᠳᠣᠷᠬᠠᠶ᠋ᠢᠯᠠᠵᠤ᠂ ᠬᠠᠰᠢᠯᠭ᠎ᠠ ᠳᠠᠯᠠᠩ᠎ᠢ ᠪᠦᠲᠦᠭᠡᠨ ᠪᠠᠶ᠋ᠢᠭᠤᠯᠬᠤ᠂ ᠭᠣᠤᠯ᠎ᠤᠨ ᠬᠡᠪᠡᠯᠢ ᠵᠢ ᠵᠠᠰᠠᠬᠤ᠂ ᠭᠤᠤᠯ᠎ᠤᠨ ᠲᠠᠩ᠎ᠢ ᠵᠠᠰᠠᠬᠤ᠂ ᠠᠮᠢ ᠠᠬᠤᠶ ᠵᠢ ᠰᠡᠷᠭᠦᠭᠡᠨ ᠵᠠᠰᠠᠬᠤ ᠵᠡᠷᠭᠡ ᠴᠢᠬᠤᠯᠠ ᠶᠡᠬᠡ ᠢᠨᠵᠧᠨᠧᠷᠢᠩ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢ ᠠᠬᠤᠶ ᠣᠷᠴᠢᠨ ᠲᠤᠭᠤᠷᠢᠨ᠎ᠢ ᠰᠠᠶ᠋ᠢᠵᠢᠷᠠᠭᠤᠯᠬᠤ ᠠᠮᠢ ᠨᠠᠰᠤᠨ᠎ᠤ ᠱᠤᠭᠤᠮ᠎ᠢ ᠰᠠᠶ᠋ᠢᠲᠤᠷ ᠰᠠᠬᠢᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠤᠷᠤᠢ ᠪᠤᠯᠬᠤ ᠦᠶ᠎ᠠ᠎ᠪᠠᠷ᠂ ᠰᠢ ᠵᠢᠨ ᠫᠢᠩ ᠦᠵᠦᠩ ᠬᠤᠳᠠ ᠵᠢᠨ ᠯᠢᠲ᠋ᠦ᠋ᠩ ᠲᠤᠭᠤᠷᠢᠭ᠎ᠤᠨ ᠵᠢᠨ ᠬᠤᠸᠠ ᠶᠤᠸᠠᠨ ᠨᠡᠢ᠍ᠢ᠍ᠭᠡᠮ ᠲᠤᠭᠤᠷᠢᠭ᠎ᠲᠤ ᠢᠷᠡᠪᠡ᠃ ᠨᠡᠢ᠍ᠢ᠍ᠭᠡᠮ ᠲᠤᠭᠤᠷᠢᠭ᠎ᠤᠨ ᠪᠠᠢ᠍ᠢ᠍ᠩᠭᠤ ᠰᠠᠭᠤᠭ᠎ᠠ ᠠᠷᠠᠳ 13850 ᠬᠦᠮᠦᠨ ᠪᠠᠢ᠍ᠢ᠍ᠵᠤ᠂ ᠬᠢᠳᠠᠳ᠂ ᠬᠤᠳᠤᠩ᠂ ᠮᠠᠨᠵᠤ᠂ ᠮᠤᠩᠭᠤᠯ᠂ ᠲᠦᠪᠡᠳ ᠵᠡᠷᠭᠡ ᠦᠨᠳᠦᠰᠦᠳᠡᠨ᠎ᠨᠦᠭᠦᠳ᠎ᠤᠨ ᠤᠯᠠᠨ ᠲᠦᠮᠡᠨ ᠡᠶ᠎ᠠ ᠨᠠᠢ᠍ᠢ᠍ᠷᠠᠮᠲᠠᠭᠤ ᠤᠷᠤᠰᠢᠨ ᠠᠮᠢᠳᠤᠷᠠᠵᠤ᠂ 《ᠪᠦᠬᠦ ᠤᠯᠤᠰ᠎ᠤᠨ ᠦᠨᠳᠦᠰᠦᠳᠡᠨ᠎ᠤ ᠪᠦᠯᠭᠦᠮᠳᠡᠯ ᠳᠠᠪᠰᠢᠯᠳᠠ ᠵᠢᠨ ᠵᠢᠱ᠌ᠢᠶᠡᠴᠢ ᠬᠠᠮᠳᠤ》 ᠵᠢᠨ ᠢᠷᠠᠭᠤ ᠠᠯᠲᠠᠷ᠎ᠢ ᠤᠯᠵᠤ ᠦᠩᠭᠡᠷᠡᠵᠠᠢ᠃ ᠰᠢ ᠵᠢᠨ ᠫᠢᠩ ᠨᠡᠢ᠍ᠢ᠍ᠭᠡᠮ ᠲᠤᠭᠤᠷᠢᠭ᠎ᠤᠨ ᠨᠠᠮ ᠪᠠ ᠤᠯᠠᠨ ᠲᠦᠮᠡᠨ᠎ᠤ ᠠᠵᠢᠯᠯᠠᠭ᠋ᠠᠨ ᠦᠢ᠍ᠯᠡᠴᠢᠯᠡᠭᠡ ᠵᠢᠨ ᠲᠦᠪ᠎ᠲᠤ ᠢᠷᠡᠵᠤ᠂ ᠨᠡᠢ᠍ᠢ᠍ᠭᠡᠮ ᠲᠤᠭᠤᠷᠢᠭ᠎ᠤᠨ ᠨᠠᠮ᠎ᠤᠨ ᠪᠠᠢ᠍ᠢ᠍ᠭᠤᠯᠤᠯᠳᠠ ᠵᠢᠨ ᠠᠵᠢᠯ᠂ ᠦᠨᠳᠦᠰᠦᠳᠡᠨ᠎ᠤ ᠪᠦᠯᠬᠦᠮᠳᠡᠯ᠎ᠤᠨ ᠨᠡᠢ᠍ᠢ᠍ᠭᠡᠮ ᠲᠤᠭᠤᠷᠢᠭ᠎ᠢ ᠡᠭᠦᠳᠦᠨ ᠪᠠᠢ᠍ᠢ᠍ᠭᠤᠯᠬᠤ ᠪᠠ ᠠᠷᠠᠳ᠎ᠲᠤ ᠦᠢ᠍ᠯᠡᠴᠢᠯᠡᠬᠦ ᠠᠵᠢᠯ᠎ᠤᠨ ᠪᠠᠢ᠍ᠢ᠍ᠳᠠᠯ᠎ᠢ ᠤᠢ᠍ᠢ᠍ᠯᠠᠭ᠋ᠠᠵᠤ᠂ ᠨᠡᠢ᠍ᠢ᠍ᠭᠡᠮ ᠲᠤᠭᠤᠷᠢᠭ᠎ᠤᠨ ᠰᠠᠢ᠍ᠢ᠍ᠨ ᠳᠤᠷᠠᠴᠤᠳ᠎ᠤᠨ ᠲᠦᠯᠦᠭᠡᠯᠡᠭᠴᠢᠳ᠎ᠲᠠᠢ ᠳᠤᠳᠤᠨᠤ᠎ᠪᠠᠷ ᠶᠠᠷᠢᠯᠴᠠᠵᠠᠢ᠃ ᠨᠡᠢ᠍ᠢ᠍ᠭᠡᠮ ᠲᠤᠭᠤᠷᠢᠭ᠎ᠤᠨ ᠠᠭᠤᠳᠠᠮ ᠲᠠᠯᠠᠪᠠᠢ ᠲᠦᠢ᠍ᠯ᠎ᠤᠨ ᠬᠦᠭᠵᠢᠶᠡᠨᠳᠠᠢ ᠪᠠᠢ᠍ᠢ᠍ᠪᠠ᠂ ᠰᠡᠯᠡᠭᠦᠴᠡᠨ ᠵᠤᠭ᠋ᠠᠯᠠᠵᠤ ᠪᠠᠢ᠍ᠢ᠍ᠭᠰᠠᠨ ᠰᠠᠭᠤᠭ᠋ᠠᠯᠢ ᠠᠷᠠᠳ ᠶᠡᠷᠦᠩᠬᠡᠢ ᠱᠦᠵᠢ ᠵᠢᠨ ᠢᠷᠡᠭᠰᠡᠨ᠎ᠢ ᠤᠯᠵᠤ ᠬᠠᠷᠠᠭ᠋ᠠᠳ ᠬᠦᠷᠢᠶᠡᠯᠡᠨ ᠢᠷᠡᠵᠤ ᠬᠠᠯᠠᠭᠤᠨ ᠵᠶ᠋ᠠᠷ ᠠᠯᠠᠭ᠎ᠠ ᠲᠠᠰᠢᠯᠴᠠᠪᠠ᠃ ᠰᠢ ᠵᠢᠨ ᠫᠢᠩ᠂ ᠳᠤᠮᠳᠠᠳᠤ ᠵᠢᠨ ᠦᠨᠳᠦᠰᠦᠳᠡᠨ ᠪᠤᠯ ᠤᠯᠠᠨ ᠡᠰᠢ᠎ᠪᠠᠷ ᠨᠢᠭᠡᠳᠦᠭᠰᠡᠨ ᠠᠭᠤᠤ ᠶᠡᠬᠡ ᠦᠨᠳᠦᠰᠦᠳᠡᠨ ᠪᠤᠯᠤᠨ᠎ᠠ᠃ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠨᠢᠭᠡ ᠴᠦᠬᠡᠨ ᠲᠤᠭ᠋ᠠᠳᠤ ᠦᠨᠳᠦᠰᠦᠳᠡᠨ᠎ᠢ ᠴᠤ᠌ ᠤᠷᠬᠢᠭᠳᠠᠭᠤᠯᠬᠤ ᠦᠭᠡᠢ ᠶᠤᠮ᠃ ᠦᠨᠳᠦᠰᠦᠳᠡᠨ᠎ᠨᠦᠭᠦᠳ ᠪᠦᠯᠬᠦᠮᠳᠡᠨ ᠭᠠᠷ ᠬᠤᠯᠪᠤᠵᠤ᠂ ᠬᠠᠮᠳᠦ᠎ᠪᠠᠷ ᠴᠢᠨᠡᠭᠡᠯᠢᠭ ᠨᠡᠢ᠍ᠢ᠍ᠭᠡᠮ᠎ᠳᠤ ᠠᠯᠬᠤᠨ ᠤᠷᠤᠬᠤ᠎ᠨᠢ ᠳᠤᠮᠳᠠᠳᠤ ᠵᠢᠨ ᠦᠨᠳᠦᠰᠦᠳᠡᠨ᠎ᠤ ᠰᠢᠯᠢᠳᠡᠭ ᠤᠯᠠᠮᠵᠢᠯᠠᠯ᠎ᠢ ᠢᠯᠡᠷᠡᠭᠦᠯᠵᠤ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠪᠠᠢ᠍ᠢ᠍ᠭᠤᠯᠤᠯ᠎ᠤᠨ ᠳᠤᠪᠤᠢ᠍ᠢ᠍ᠮ᠎ᠠ ᠳᠠᠪᠠᠭᠤᠯᠢᠭ᠎ᠢ ᠢᠯᠡᠷᠡᠭᠦᠯᠦᠨ᠎ᠠ᠃ ᠨᠡᠢ᠍ᠢ᠍ᠭᠡᠮ ᠵᠢᠷᠤᠮ᠎ᠢ ᠪᠤᠯ ᠠᠵᠢᠯᠯᠠᠵᠤ ᠬᠦᠳᠡᠯᠮᠦᠷᠢᠯᠡᠵᠤ ᠪᠠᠢ᠍ᠢ᠍ᠭ᠋ᠠᠳ ᠪᠦᠲᠦᠭᠡᠨ ᠪᠠᠢ᠍ᠢ᠍ᠭᠤᠯᠲᠠᠭ᠂ ᠵᠤᠯ ᠵᠢᠷᠭ᠋ᠠᠯ᠎ᠢ ᠪᠤᠯ ᠲᠡᠮᠡᠴᠡᠵᠤ ᠪᠠᠢ᠍ᠢ᠍ᠭ᠋ᠠᠳ ᠤᠯᠲᠠᠭ ᠶᠤᠮ᠃ ᠨᠠᠮ ᠪᠤᠯᠤᠨ ᠵᠠᠰᠠᠭ᠎ᠤᠨ ᠤᠷᠳᠤᠨ ᠦᠷᠭᠦᠯᠵᠢᠯᠡᠨ ᠴᠢᠷᠮᠠᠢ᠍ᠢ᠍ᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ ᠴᠦᠬᠦᠷᠡᠰᠢ ᠦᠭᠡᠢ ᠲᠡᠮᠡᠴᠡᠵᠤ ᠪᠠᠢ᠍ᠢ᠍ᠬᠤ ᠤᠴᠢᠷ᠎ᠠᠴᠠ᠂ ᠬᠤᠵᠢᠮ ᠬᠤᠢ᠍ᠢ᠍ᠰᠢᠳᠠ ᠵᠢᠨ ᠠᠮᠢᠳᠤᠷᠠᠯ ᠯᠠᠪᠳᠠᠢ ᠨᠡᠩ ᠵᠤᠯ ᠵᠢᠷᠭ᠋ᠠᠯᠳᠠᠢ ᠪᠤᠯᠬᠤ ᠪᠤᠯᠤᠨ᠎ᠠ ᠭᠡᠵᠤ ᠭᠦᠨ ᠰᠡᠳᠭᠢᠯᠭᠡ᠎ᠲᠠᠢ᠎ᠪᠠᠷ ᠤᠯᠠᠨ᠎ᠳᠤ ᠬᠡᠯᠡᠪᠡ᠃
      ᠬᠠᠳᠤᠨ ᠭᠤᠤᠯ᠎ᠤᠨ ᠤᠮᠳᠠᠯᠠᠯ ᠵᠶ᠋ᠠᠷ᠂ ᠨᠢᠩᠰᠢᠶᠠ ᠵᠢᠨ ᠲᠠᠯ᠎ᠠ ᠭᠠᠵᠠᠷ᠎ᠤᠨ ᠬᠦᠷᠦᠰᠦ ᠰᠢᠷᠤᠢ ᠦᠩ ᠰᠢᠮᠡᠯᠢᠭ᠂ ᠡᠳ᠋ ᠠᠭᠤᠷᠰᠤᠨ ᠡᠯᠪᠡᠭ ᠪᠠᠶᠠᠯᠢᠭ ᠪᠤᠯᠬᠤᠷ 《ᠠᠷᠤ ᠭᠠᠵᠠᠷ᠎ᠤᠨ ᠵᠢᠶᠠᠩᠨᠠᠨ》 ᠬᠡᠮᠡᠭᠳᠡᠭᠰᠡᠡ ᠶᠤᠮ᠃ 9᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠢᠷᠭ᠋ᠠᠢ ᠬᠤᠳᠠ ᠵᠢᠨ ᠾᠸᠯᠠᠨ ᠰᠢᠶᠠᠨ᠎ᠤ ᠳᠤᠳᠤᠷᠭ᠎ᠠ ᠵᠢᠭ᠋ᠠᠰᠤᠨ ᠬᠦᠳᠡᠭᠡ ᠲᠤᠰᠬᠤᠨ᠎ᠤ ᠠᠮᠢ ᠠᠬᠤᠢ ᠵᠢᠨ ᠦᠵᠡᠮᠦᠷᠢ ᠵᠢᠨ ᠬᠦᠷᠢᠶᠡᠯᠡᠩ᠎ᠳᠤ ᠢᠷᠡᠵᠤ᠂ ᠨᠢᠩᠰᠢᠶᠠ ᠵᠢᠨ ᠤᠳᠤ ᠦᠶ᠎ᠠ ᠵᠢᠨ ᠲᠠᠷᠢᠶᠠᠯᠠᠩ᠎ᠤᠨ ᠬᠦᠭᠵᠢᠯᠳᠡ᠂ ᠲᠠᠷᠢᠶᠠᠯᠠᠩ᠎ᠤᠨ ᠬᠤᠷᠰᠢᠶ᠎ᠠ ᠵᠢᠨ ᠲᠠᠷᠢᠶᠠᠴᠢᠳ᠎ᠢ ᠳᠠᠭ᠋ᠠᠭᠤᠯᠤᠨ ᠤᠷᠤᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠵᠤ ᠪᠠᠢ᠍ᠢ᠍ᠭ᠎ᠠ ᠡᠵᠡᠩᠨᠡᠯᠳᠡ ᠵᠢᠨ ᠵᠠᠭᠪᠤᠷ ᠵᠡᠷᠭᠡ ᠪᠠᠢ᠍ᠢ᠍ᠳᠠᠯ᠎ᠤᠨ ᠬᠠᠷᠢᠭᠤ ᠮᠡᠳᠡᠭᠦᠯᠦᠯᠳᠡ ᠵᠢ ᠰᠤᠨᠤᠰᠴᠤ᠂ ᠨᠢᠩᠰᠢᠶᠠ ᠵᠢᠨ ᠤᠨᠴᠠᠯᠢᠬᠲᠦ ᠲᠠᠷᠢᠶᠠᠯᠠᠩ᠎ᠤᠨ ᠪᠦᠲᠦᠭᠡᠭᠳᠡᠭᠦᠨ᠎ᠤ ᠦᠵᠡᠭᠦᠯᠭᠡ ᠵᠢ ᠰᠤᠨᠢᠷᠬᠠᠵᠤ᠂ ᠳᠤᠳᠤᠷᠭ᠎ᠠ ᠪᠠ ᠵᠢᠭ᠋ᠠᠰᠤ ᠲᠠᠷᠢᠵᠤ ᠲᠡᠵᠢᠭᠡᠬᠦ ᠦᠢ᠍ᠯᠡᠰ᠎ᠢ ᠠᠭᠤᠰᠤᠯᠴᠠᠭᠤᠯᠤᠨ ᠬᠦᠭᠵᠢᠭᠦᠯᠵᠤ ᠪᠠᠢ᠍ᠢ᠍ᠭ᠎ᠠ ᠰᠢᠨ᠎ᠡ ᠡᠭᠦᠳᠦᠯᠲᠡ ᠵᠢᠨ ᠪᠦᠲᠦᠭᠡᠯᠴᠢ ᠠᠷᠭ᠎ᠠ ᠪᠠᠷᠢᠯ᠎ᠢ ᠤᠢ᠍ᠢ᠍ᠯᠠᠭ᠋ᠠᠪᠠ᠃
      ᠰᠢ ᠵᠢᠨ ᠫᠢᠩ ᠦᠵᠡᠮᠵᠢ ᠰᠤᠨᠢᠷᠬᠠᠬᠤ ᠰᠤᠪᠤᠷᠭ᠎ᠠ᠎ᠳᠤ ᠠᠯᠬᠤᠨ ᠭᠠᠷᠴᠤ᠂ ᠬᠦᠷᠢᠶᠡᠯᠡᠩ ᠳᠤᠭᠤᠷᠢᠬ᠎ᠤᠨ ᠪᠦᠬᠦ ᠦᠵᠡᠮᠵᠢ ᠵᠢ ᠠᠵᠢᠬᠯᠠᠨ ᠪᠠᠷᠠᠯᠠᠪᠠ᠃ ᠤᠷᠢᠬᠠᠨ ᠰᠠᠯᠬᠢ ᠬᠠᠴᠠᠷ᠎ᠢ ᠢᠯᠪᠢᠵᠦ᠂ ᠲᠤᠲᠤᠷᠭ᠎ᠠ ᠵᠢᠨ ᠴᠢᠬᠢ ᠨᠤᠭᠤᠭ᠋ᠠᠷᠠᠭ᠋ᠠᠳ ᠠᠮᠢᠵᠢᠷᠠᠯ᠎ᠤᠨ ᠬᠦᠴᠦᠨ ᠪᠢᠯᠬᠠᠨ᠎ᠠ᠃ ᠳᠡᠷᠡ ᠳᠠᠷᠢᠶᠠᠨ ᠳᠠᠯᠠᠩ᠎ᠢ᠎ᠲᠠᠭᠠᠨ ᠳᠤᠳᠤᠷᠭ᠋ᠠᠨ ᠳᠠᠷᠢᠶᠠᠨ᠎ᠳᠤ ᠤᠷᠤᠵᠦ ᠤᠴᠢᠭ᠋ᠠᠳ᠂ ᠳᠠᠷᠢᠶᠠᠨ ᠠᠵᠢᠯ᠎ᠳᠠᠭᠠᠨ ᠶᠠᠭ᠋ᠠᠷᠠᠯᠳᠤᠵᠦ ᠪᠠᠢ᠍ᠢ᠍ᠬᠰᠠᠨ ᠳᠤᠰᠬᠤᠨ᠎ᠤ ᠠᠷᠠᠳ᠎ᠲᠠᠢ ᠳᠤᠳᠤᠨᠤ᠎ᠪᠠᠷ ᠵᠤᠭᠤᠬᠳᠠᠪᠠ᠃ ᠤᠳᠤ ᠲᠠᠷᠢᠶᠠᠨ ᠭᠠᠵᠠᠷ ᠵᠶ᠋ᠠᠨ ᠰᠢᠯᠵᠢᠬᠦᠯᠦᠨ ᠡᠵᠡᠨᠭᠨᠡᠭᠦᠯᠦᠭᠰᠡᠡ ᠰᠦᠢ᠍ᠳᠬᠡᠯ᠂ ᠬᠦᠳᠡᠯᠮᠤᠷᠢ ᠵᠢᠨ ᠶᠠᠪᠤᠳᠠᠯ᠎ᠤᠨ ᠰᠦᠢ᠍ᠳᠬᠡᠯ᠎ᠲᠠᠢ ᠪᠤᠯᠵᠦ᠂ ᠵᠢᠯ᠎ᠤᠨ ᠰᠡᠬᠦᠯᠴᠢ᠎ᠳᠤ ᠪᠠᠰᠠ ᠠᠰᠢᠬ ᠤᠷᠤᠯᠭ᠎ᠠ᠎ᠪᠠᠨ ᠬᠤᠪᠢᠶᠠᠷᠢᠯᠠᠬᠤ ᠪᠤᠯᠤᠭ᠋ᠠᠳ᠂ ᠤᠷᠤᠯᠭ᠎ᠠ ᠳᠡᠬᠡᠭᠰᠢᠯᠡᠵᠦ᠂ ᠠᠮᠢᠳᠤᠷᠠᠯ ᠴᠤ᠌ ᠪᠠᠳᠤᠯᠠᠭ᠎ᠠ᠎ᠲᠠᠢ ᠪᠤᠯᠵᠠᠢ ᠬᠡᠵᠦ ᠳᠤᠰᠬᠤᠨ᠎ᠤ ᠠᠷᠠᠳ ᠶᠡᠷᠦᠩᠬᠡᠢ ᠱᠦᠵᠢ᠎ᠳᠤ ᠬᠡᠯᠡᠪᠡ᠃ ᠶᠠᠬ ᠵᠢᠭ᠋ᠠᠰᠤ ᠳᠠᠯᠪᠢᠬᠤ ᠤᠯᠠᠷᠢᠯ ᠪᠤᠯᠤᠬᠰᠠᠨ ᠳᠤᠯᠠ᠂ ᠰᠢ ᠵᠢᠨ ᠫᠢᠩ ᠰᠢᠨᠠᠭ᠎ᠠ᠎ᠪᠠᠷ ᠵᠢᠭ᠋ᠠᠰᠤ ᠨᠡᠢ᠍ᠮᠠᠯᠵᠢ ᠵᠢᠨ ᠵᠢᠷᠠᠭ᠋ᠠᠬᠠᠢ ᠵᠢ ᠱᠦᠬᠦᠵᠦ ᠠᠪᠤᠭ᠋ᠠᠳ ᠳᠠᠷᠢᠶᠠᠨ ᠵᠠᠬ᠎ᠠ ᠵᠢᠨ ᠤᠰᠤᠨ ᠰᠤᠪᠠᠬ᠎ᠲᠤ ᠬᠢᠵᠦ ᠤᠷᠤᠭᠤᠯᠪᠠ᠃ ᠰᠢ ᠵᠢᠨ ᠫᠢᠩ᠂ ᠤᠳᠤ ᠦᠶ᠎ᠠ ᠵᠢᠨ ᠤᠨᠴᠠᠯᠢᠬᠳᠦ ᠲᠠᠷᠢᠶᠠᠯᠠᠩ ᠪᠠ ᠰᠤᠶᠤᠯ ᠵᠢᠭᠤᠯᠴᠢᠯᠠᠯ᠎ᠢ ᠬᠦᠭᠵᠢᠬᠦᠯᠬᠦ᠎ᠳᠤ ᠡᠷᠬᠡᠪᠰᠢ ᠠᠷᠠᠳ ᠳᠦᠮᠡᠨ ᠵᠶ᠋ᠠᠷ ᠭᠤᠤᠯ ᠪᠤᠯᠭ᠋ᠠᠬᠤ ᠬᠦᠭᠵᠢᠯᠳᠡ ᠵᠢᠨ ᠦᠵᠡᠯ ᠰᠠᠨᠠᠭ᠎ᠠ ᠵᠢ ᠳᠤᠭᠤᠰᠢᠯᠠᠭᠤᠯᠵᠦ᠂ ᠳᠠᠷᠢᠶᠠᠴᠢᠳ᠎ᠤᠨ ᠭᠤᠤᠯ ᠴᠤᠬ᠍ᠴᠠ ᠵᠢᠨ ᠪᠠᠢ᠍ᠢ᠍ᠷᠢ ᠰᠠᠭᠤᠷᠢ ᠵᠢ ᠳᠤᠪᠤᠢ᠍ᠢ᠍ᠯᠭ᠋ᠠᠵᠦ᠂ ᠳᠠᠷᠢᠶᠠᠴᠢᠳ᠎ᠤᠨ ᠠᠰᠢᠬ ᠳᠤᠰᠠ ᠵᠢ ᠬᠠᠮᠠᠭ᠋ᠠᠯᠠᠬᠤ ᠵᠢ ᠳᠡᠷᠢᠬᠦᠨ᠎ᠳᠤ ᠳᠠᠯᠪᠢᠬᠤ ᠬᠡᠷᠡᠭᠳᠡᠢ᠃ ᠨᠡᠩ ᠪᠦᠳᠦᠮᠵᠢᠳᠡᠢ᠂ ᠨᠡᠩ ᠤᠷᠳᠤ ᠬᠤᠭᠤᠴᠠᠭ᠋ᠠᠨ᠎ᠤ ᠠᠰᠢᠬ ᠳᠤᠰᠠ ᠵᠢ ᠬᠤᠯᠪᠤᠬᠳᠠᠭᠤᠯᠤᠨ ᠤᠶᠠᠯᠳᠤᠭᠤᠯᠬᠤ ᠳᠤᠬᠳᠠᠴᠠ ᠵᠢ ᠰᠦᠪᠡᠭᠴᠢᠯᠡᠨ ᠪᠠᠢ᠍ᠢ᠍ᠭᠤᠯᠵᠦ᠂ ᠨᠤᠳᠤᠬ᠎ᠤᠨ ᠠᠬ᠎ᠠ ᠳᠡᠬᠦᠦ ᠨᠠᠷ᠎ᠲᠤ ᠦᠷᠬᠦᠯᠵᠢᠯᠡᠨ ᠠᠰᠢᠬ ᠬᠦᠷᠳᠡᠬᠡᠬᠦ ᠵᠢ ᠦᠨᠡᠨ ᠬᠦ᠌ ᠪᠠᠳᠤᠯᠠᠬᠤ ᠬᠡᠷᠡᠭᠳᠡᠢ᠃ ᠳᠤᠳᠤᠷᠭ᠎ᠠ ᠪᠠ ᠤᠰᠤᠨ᠎ᠤ ᠵᠦᠷᠢᠴᠡᠯ᠎ᠢ ᠰᠠᠢ᠍ᠢ᠍ᠳᠤᠷ ᠰᠢᠢ᠍ᠳᠪᠤᠷᠢᠯᠡᠬᠦ ᠵᠢ ᠠᠩᠬᠠᠷᠴᠦ᠂ ᠤᠰᠤ ᠠᠷᠪᠢᠯᠠᠬᠤ ᠮᠡᠷᠬᠡᠵᠢᠯ᠎ᠢ ᠬᠡᠷᠡᠭᠯᠡᠵᠤ᠂ ᠤᠰᠤ ᠠᠷᠪᠢᠯᠠᠬᠤ ᠮᠠᠶᠢᠬ᠎ᠤᠨ᠂ ᠦᠨᠳᠦᠷ ᠨᠡᠮᠡᠯᠳᠡ ᠦᠷᠳᠡᠭ᠎ᠲᠠᠢ ᠳᠠᠷᠢᠵᠦ ᠲᠡᠵᠢᠭᠡᠬᠦ ᠦᠢ᠍ᠯᠡᠰ᠎ᠢ ᠢᠳᠡᠪᠬᠢᠳᠡᠢ ᠬᠦᠭᠵᠢᠬᠦᠯᠵᠦ᠂ ᠬᠠᠳᠤᠨ ᠭᠤᠤᠯ᠎ᠤᠨ ᠤᠰᠤᠨ᠎ᠤ ᠡᠬᠢ ᠪᠠᠶᠠᠯᠢᠬ᠎ᠢ ᠰᠠᠢ᠍ᠢ᠍ᠳᠤᠷ ᠬᠠᠮᠠᠭ᠋ᠠᠯᠠᠬᠤ ᠬᠡᠷᠡᠭᠳᠡᠢ᠃ ᠤᠳᠤᠬᠠᠨ᠎ᠳᠤ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠬᠠᠨᠳᠤᠰᠢ ᠳᠤᠬᠳᠠᠭᠤᠨ ᠵᠶ᠋ᠠᠷ ᠰᠠᠢ᠍ᠢ᠍ᠵᠢᠷᠠᠵᠦ ᠪᠠᠢ᠍ᠢ᠍ᠨ᠎ᠠ᠂ ᠡᠷᠬᠡᠪᠰᠢ ᠬᠢᠵᠢᠭ᠎ᠢ ᠰᠡᠷᠬᠡᠢ᠍ᠢ᠍ᠯᠡᠨ ᠡᠵᠡᠮᠳᠡᠬᠦ ᠵᠢ ᠪᠠᠢ᠍ᠢ᠍ᠨᠭ᠌ᠭᠤᠵᠢᠭᠰᠠᠠ ᠠᠵᠢᠯ ᠪᠤᠯᠭ᠋ᠠᠨ ᠰᠠᠢ᠍ᠢ᠍ᠳᠤᠷ ᠠᠳᠬᠤᠵᠦ᠂ ᠨᠡᠢ᠍ᠢ᠍ᠭᠡᠮ᠎ᠤᠨ ᠦᠢ᠍ᠯᠡᠳᠪᠤᠷᠢᠯᠡᠯ ᠠᠮᠢᠳᠤᠷᠠᠯ᠎ᠤᠨ ᠬᠡᠪ᠎ᠤᠨ ᠡᠮᠬᠢ ᠳᠢᠭᠯᠢᠮ᠎ᠢ ᠳᠦᠷᠬᠡᠨ ᠰᠡᠷᠬᠦᠬᠡᠬᠦ ᠬᠡᠷᠡᠭᠳᠡᠢ ᠬᠡᠵᠦ ᠴᠢᠬᠤᠯᠠᠴᠢᠯᠠᠪᠠ᠃
      ᠰᠢ ᠵᠢᠨ ᠫᠢᠩ ᠡᡁᠸ ᠯᠠᠨ ᠱᠠᠨ ᠠᠭᠤᠯᠠᠨ᠎ᠤ ᠠᠮᠢ ᠠᠬᠤᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠮᠠᠰᠢᠳᠠ ᠬᠠᠯᠠᠮᠵᠢᠯᠠᠬᠰᠠᠭ᠋ᠠᠷ ᠢᠷᠡᠵᠡᠢ᠃ ᠢᠷᠭ᠋ᠠᠢ ᠬᠤᠳᠠ ᠵᠢᠨ ᠰᠢ ᠰᠢᠶᠠ ᠳᠤᠭᠤᠷᠢᠬ᠎ᠤᠨ ᠶᠤᠸᠠᠨ ᠱ᠌ᠢ ᠠᠷᠢᠬᠢᠨ ᠮᠤᠬᠤᠯᠠᠭ᠎ᠤᠨ ᠦᠵᠦᠮ ᠳᠠᠷᠢᠬᠤ ᠰᠠᠭᠤᠷᠢᠨ᠎ᠳᠤ᠂ ᠳᠡᠷᠡ ᠡᡁᠸ ᠯᠠᠨ ᠱᠠᠨ ᠠᠭᠤᠯᠠ ᠵᠢ ᠠᠯᠤᠰ᠎ᠠᠴᠠ ᠪᠠᠷᠠᠯᠠᠨ᠂ ᠡᡁᠸ ᠯᠠᠨ ᠱᠠᠨ ᠠᠭᠤᠯᠠᠨ᠎ᠤ ᠠᠮᠢ ᠠᠬᠤᠢ ᠵᠢᠨ ᠬᠠᠮᠠᠭ᠋ᠠᠯᠠᠯᠳᠠ ᠪᠤᠯᠤᠨ ᠤᠷᠴᠢᠨ ᠳᠤᠭᠤᠷᠢᠨ᠎ᠤ ᠶᠡᠷᠦᠩᠬᠡᠢ᠍ᠢ᠍ᠯᠡᠭᠰᠡᠨ ᠵᠠᠰᠠᠯᠳᠠ ᠵᠢᠨ ᠪᠠᠢ᠍ᠢ᠍ᠳᠠᠯ᠎ᠤᠨ ᠳᠤᠬᠠᠢ ᠬᠠᠷᠢᠭᠤ ᠮᠡᠳᠡᠬᠦᠯᠦᠯᠳᠡ ᠵᠢ ᠰᠤᠨᠤᠰᠪᠠ᠃ ᠰᠢ ᠵᠢᠨ ᠫᠢᠩ᠂ ᠡᡁᠸ ᠯᠠᠨ ᠱᠠᠨ ᠠᠭᠤᠯᠠ ᠪᠤᠯ ᠮᠠᠨ᠎ᠤ ᠤᠯᠤᠰ᠎ᠤᠨ ᠴᠢᠬᠤᠯᠠ ᠪᠠᠢ᠍ᠢ᠍ᠭ᠋ᠠᠯᠢ ᠭᠠᠵᠠᠷ ᠵᠦᠢ ᠵᠢᠨ ᠵᠠᠭ᠋ᠠᠬ ᠱᠤᠭᠤᠮ ᠪᠠ ᠪᠠᠷᠠᠭᠤᠨ ᠬᠤᠢ᠍ᠢ᠍ᠲᠦ ᠤᠷᠤᠨ᠎ᠤ ᠠᠮᠢ ᠠᠬᠤᠢ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ ᠪᠤᠯᠤᠨ᠎ᠠ᠂ ᠳᠡᠷᠡ᠎ᠨᠢ ᠪᠠᠷᠠᠭᠤᠨ ᠬᠤᠢ᠍ᠢ᠍ᠳᠤ ᠤᠷᠤᠨ᠎ᠠᠴᠠ ᠠᠪᠤᠭ᠋ᠠᠳ ᠬᠠᠳᠤᠨ ᠭᠤᠤᠯ ᠬᠤᠸᠠᠢ ᠡᡁᠸ ᠤᠷᠤᠨ᠎ᠤ ᠠᠭᠤᠷ ᠠᠮᠢᠰᠬᠤᠯ᠎ᠤᠨ ᠳᠠᠷᠬᠠᠯᠳᠠ ᠪᠤᠯᠤᠨ ᠠᠮᠢ ᠠᠬᠤᠢ ᠵᠢᠨ ᠪᠠᠢ᠍ᠢ᠍ᠷᠢᠰᠢᠯ᠎ᠢ ᠬᠠᠮᠠᠭ᠋ᠠᠯᠠᠵᠤ᠂ ᠪᠠᠷᠠᠭᠤᠨ ᠬᠤᠢ᠍ᠢ᠍ᠳᠤ ᠤᠷᠤᠨ᠂ ᠤᠮᠠᠷᠠᠳᠤ ᠤᠷᠤᠨ᠎ᠤ ᠠᠮᠢ ᠠᠬᠤᠢ ᠵᠢᠨ ᠠᠮᠤᠷ ᠳᠦᠪᠰᠢᠨ᠎ᠢ ᠰᠠᠬᠢᠨ ᠬᠠᠮᠠᠭ᠋ᠠᠯᠠᠵᠦ ᠪᠠᠢ᠍ᠢ᠍ᠳᠠᠬ ᠶᠤᠮ᠃ ᠡᠷᠬᠡᠪᠰᠢ ᠦᠵᠦ ᠳᠦᠯᠦᠪᠯᠡᠬᠡ᠎ᠪᠠᠨ ᠴᠢᠩᠭ᠋ᠠᠳᠬᠠᠵᠦ᠂ ᠬᠠᠷᠢᠭᠤᠴᠠᠯᠭ᠎ᠠ ᠵᠢᠨ ᠨᠠᠢ᠍ᠢ᠍ᠳᠠᠪᠤᠷᠢᠵᠢᠭᠤᠯᠤᠯᠳᠠ ᠵᠢ ᠴᠢᠩᠭ᠎ᠠ ᠠᠳᠬᠤᠵᠦ᠂ ᠬᠢᠨᠠᠯᠳᠠ ᠳᠠᠯᠪᠢᠨ ᠪᠠᠢ᠍ᠢ᠍ᠴᠠᠭ᠋ᠠᠬᠤ ᠠᠵᠢᠯ ᠵᠶ᠋ᠠᠨ ᠴᠢᠩᠭ᠋ᠠᠳᠬᠠᠵᠦ᠂ ᠡᡁᠸ ᠯᠠᠨ ᠱᠠᠨ ᠠᠭᠤᠯᠠᠨ᠎ᠤ ᠠᠮᠢ ᠠᠬᠤᠢ ᠵᠢ ᠡᠷᠡᠰ ᠰᠠᠢ᠍ᠢ᠍ᠳᠤᠷ ᠬᠠᠮᠠᠭ᠋ᠠᠯᠠᠬᠤ ᠬᠡᠷᠡᠭᠳᠡᠢ ᠬᠡᠵᠦ ᠵᠢᠭ᠋ᠠᠵᠦ ᠭᠠᠷᠭ᠋ᠠᠪᠠ᠃
      ᠦᠵᠦᠮ᠎ᠤᠨ ᠬᠦᠷᠢᠶᠡᠯᠡᠩ᠎ᠳᠤ᠂ ᠰᠢ ᠵᠢᠨ ᠫᠢᠩ ᠲᠡᠨᠳᠡ ᠠᠵᠢᠯᠯᠠᠵᠥ ᠪᠠᠢ᠍ᠢ᠍ᠬᠰᠠᠠ ᠠᠵᠢᠯᠴᠢᠨ ᠪᠤᠯᠤᠨ ᠮᠡᠷᠬᠡᠵᠢᠯᠳᠡᠨ᠎ᠲᠠᠢ ᠰᠠᠨᠠᠯ ᠵᠶ᠋ᠠᠨ ᠰᠤᠯᠢᠯᠴᠠᠵᠥ᠂ ᠦᠵᠦᠮ ᠲᠠᠷᠢᠬᠤ ᠮᠡᠷᠬᠡᠵᠢᠯ᠂ ᠦᠢ᠍ᠯᠡᠳᠬᠦᠨ᠎ᠤ ᠪᠤᠷᠤᠯᠠᠭᠤᠯᠭ᠎ᠠ ᠪᠤᠯᠤᠨ ᠤᠷᠤᠯᠭ᠎ᠠ ᠵᠢᠨ ᠪᠠᠢ᠍ᠢ᠍ᠳᠠᠯ᠎ᠢ ᠤᠢ᠍ᠢ᠍ᠯᠠᠭ᠋ᠠᠪᠠ᠃ ᠡᡁᠸ ᠯᠠᠨ ᠱᠠᠨ ᠠᠭᠤᠯᠠ ᠵᠢᠨ ᠵᠡᠬᠦᠨ ᠪᠡᠯ᠎ᠳᠤ ᠨᠠᠷᠠᠠ᠎ᠤ ᠬᠡᠷᠡᠯ ᠭᠦᠢ᠍ᠴᠡᠳ ᠲᠤᠰᠴᠦ᠂ ᠤᠰᠤᠯᠠᠯᠳᠠ᠎ᠳᠤ ᠲᠦᠬᠦᠮ ᠪᠠᠢ᠍ᠢ᠍ᠵᠥ᠂ ᠠᠷᠢᠬᠢ ᠨᠡᠷᠡᠬᠦ ᠦᠵᠦᠮ ᠲᠠᠷᠢᠬᠤ᠎ᠳᠤ ᠲᠤᠬᠢᠷᠠᠳᠠᠭ ᠠᠵᠢ᠃ ᠰᠢ ᠵᠢᠨ ᠫᠢᠩ᠂ ᠠᠷᠠᠳ ᠲᠦᠮᠡᠨ᠎ᠤ ᠠᠮᠢᠳᠤᠷᠠᠯ᠎ᠤᠨ ᠲᠦᠪᠰᠢᠨ ᠲᠡᠭᠡᠭᠰᠢᠯᠡᠬᠦ ᠵᠢ ᠲᠠᠭ᠋ᠠᠯᠳᠤᠨ᠂ ᠦᠵᠦᠮ᠎ᠤᠨ ᠠᠷᠢᠬᠢ ᠵᠢᠨ ᠠᠵᠥ ᠦᠢ᠍ᠯᠡᠰ ᠶᠡᠬᠡ ᠬᠦᠭᠵᠢᠯᠳᠡ᠎ᠲᠠᠢ ᠪᠤᠯᠪᠠ᠃ ᠨᠢᠩᠰᠢᠶᠠ ᠵᠢᠨ᠎ᠬᠢᠨ ᠦᠵᠦᠮ᠎ᠤᠨ ᠠᠷᠢᠬᠢ ᠵᠢᠨ ᠠᠵᠥ ᠦᠢ᠍ᠯᠡᠰ᠎ᠢ ᠬᠦᠭᠵᠢᠬᠦᠯᠬᠦ ᠵᠢ ᠬᠠᠳᠤᠨ ᠭᠤᠤᠯ᠎ᠤᠨ ᠭᠤᠤᠯ᠎ᠤᠨ ᠲᠠᠩ ᠭᠠᠵᠠᠷ᠎ᠤᠨ ᠵᠠᠰᠠᠯᠳᠠ ᠵᠢ ᠴᠢᠩᠭ᠋ᠠᠳᠬᠠᠬᠤ᠂ ᠠᠮᠢ ᠠᠬᠤᠢ ᠵᠢ ᠰᠡᠷᠬᠦᠬᠡᠬᠦ ᠵᠢ ᠴᠢᠩᠭ᠋ᠠᠳᠬᠠᠬᠤ᠎ᠲᠠᠢ ᠤᠶᠠᠯᠳᠤᠭᠤᠯᠵᠥ᠂ ᠮᠡᠷᠭᠡᠵᠢᠯ᠎ᠤᠨ ᠲᠦᠪᠰᠢᠨ ᠵᠶ᠋ᠠᠨ ᠲᠡᠭᠡᠭᠰᠢᠯᠡᠬᠦᠯᠵᠥ᠂ ᠰᠤᠶᠤᠯ᠎ᠤᠨ ᠠᠭᠤᠯᠬᠤᠨ᠎ᠢ ᠨᠡᠮᠡᠭᠳᠡᠬᠦᠯᠵᠥ᠂ ᠤᠬᠠᠭᠤᠯᠭ᠎ᠠ ᠲᠠᠨᠢᠯᠴᠠᠭᠤᠯᠭ᠎ᠠ᠎ᠪᠠᠨ ᠴᠢᠩᠭ᠋ᠠᠳᠬᠠᠵᠥ᠂ ᠦᠪᠡᠷ᠎ᠤᠨ ᠵᠶ᠋ᠠᠨ ᠨᠡᠷᠡᠳᠤ ᠲᠡᠮᠳᠡᠭ᠎ᠢ ᠡᠬᠦᠳᠴᠦ᠂ ᠨᠡᠮᠡᠯᠳᠡ ᠦᠷᠳᠡᠭ ᠪᠤᠯᠤᠨ ᠶᠡᠷᠤᠩᠬᠡᠢ᠍ᠢ᠍ᠯᠡᠭᠰᠡᠡ ᠦᠷ᠎ᠡ ᠠᠰᠢᠬ᠎ᠢ ᠲᠡᠭᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
     10᠎ᠤ ᠦᠳᠡ ᠵᠢᠨ ᠡᠮᠤᠨ᠎ᠡ᠂ ᠰᠢ ᠵᠢᠨ ᠫᠢᠩ ᠨᠢᠩᠰᠢᠶᠠ ᠵᠢᠨ ᠬᠤᠳᠤᠩ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ᠎ᠤ ᠠᠵᠢᠯ᠎ᠤᠨ ᠬᠠᠷᠢᠭᠤ ᠮᠡᠳᠡᠬᠦᠯᠥᠯᠳᠡ ᠵᠢ ᠰᠤᠨᠤᠰᠴᠦ᠂ ᠨᠢᠩᠰᠢᠶᠠ ᠵᠢᠨ ᠡᠯ᠎ᠡ ᠵᠦᠢ᠍ᠯ᠎ᠤᠨ ᠠᠵᠢᠯ᠎ᠳᠤ ᠤᠯᠤᠬᠰᠠᠠ ᠠᠮᠵᠢᠯᠳᠠ ᠵᠢ ᠨᠤᠳᠠᠯᠠᠵᠥ᠂ ᠨᠢᠩᠰᠢᠶᠠ ᠵᠢᠨ ᠦᠷᠬᠡᠨ ᠤᠯᠠᠨ ᠺᠠᠳ᠋ᠷ ᠤᠯᠠᠨ ᠲᠦᠮᠡᠨ᠎ᠢ ᠨᠢᠬᠳᠠᠷᠠᠨ ᠪᠦᠯᠬᠦᠮᠳᠡᠵᠥ᠂ ᠦᠨᠡᠨ ᠬᠦ᠌ ᠠᠳᠬᠤᠨ ᠪᠤᠳᠠᠳᠠᠢ ᠠᠵᠢᠯᠯᠠᠵᠥ᠂ 《ᠬᠤᠤᠰ ᠵᠠᠭᠤᠨ ᠵᠢᠯ》᠎ᠤᠨ ᠲᠡᠮᠡᠴᠡᠬᠦ ᠬᠠᠷᠡᠯᠳᠡ ᠵᠢ ᠪᠡᠶᠡᠯᠡᠬᠦᠯᠬᠦ᠂ ᠲᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠬᠦᠨ ᠮᠠᠨᠳᠤᠯᠳᠠ ᠵᠢᠨ ᠲᠤᠮᠳᠠᠳᠤ ᠵᠢᠨ ᠵᠡᠬᠦᠳᠤ ᠵᠢ ᠲᠡᠷᠬᠡᠯᠰᠢᠬᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠬᠦᠯᠬᠦ ᠵᠢ ᠬᠦᠰᠡᠪᠡ᠃
      ᠰᠢ ᠵᠢᠨ ᠫᠢᠩ᠂ ᠴᠢᠨᠠᠷ ᠰᠠᠢ᠍ᠢ᠍ᠳᠠᠢ ᠬᠦᠭᠵᠢᠯᠳᠡ ᠵᠢ ᠴᠦᠬᠦᠷᠡᠰᠢ ᠦᠬᠡᠢ ᠠᠬᠢᠭᠤᠯᠵᠥ᠂ ᠠᠵᠥ ᠠᠬᠤᠢ ᠵᠢᠨ ᠬᠦᠭᠵᠢᠯᠳᠡ ᠵᠢᠨ ᠬᠡᠯᠪᠡᠷᠢ᠎ᠪᠠᠨ ᠲᠦᠷᠬᠡᠨ ᠬᠤᠪᠢᠷᠠᠭᠤᠯᠵᠥ᠂ ᠠᠵᠥ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠵᠢ ᠲᠦᠷᠬᠡᠳᠬᠡᠵᠥ᠂ ᠰᠢᠨ᠎ᠡ ᠬᠠᠭᠤᠴᠢᠨ ᠬᠦᠳᠡᠯᠬᠡᠬᠦ ᠡᠨ᠋ᠸᠷᠬᠢ ᠵᠢᠨ ᠰᠤᠯᠢᠭᠳᠠᠯ᠎ᠢ ᠲᠦᠷᠬᠡᠳᠬᠡᠵᠥ᠂ ᠠᠵᠥ ᠠᠬᠤᠢ ᠵᠢᠨ ᠬᠦᠭᠵᠢᠯᠳᠡ ᠬᠡᠮᠵᠢᠶ᠎ᠡ ᠵᠢᠨ ᠵᠤᠬᠢᠰᠳᠠᠢ ᠨᠡᠮᠡᠭᠳᠡᠯ᠎ᠢ ᠪᠡᠶᠡᠯᠡᠬᠦᠯᠬᠦ ᠪᠤᠯᠤᠨ ᠶᠠᠰᠦ ᠴᠢᠨᠠᠷ᠎ᠤᠨ ᠲᠤᠭᠳᠠᠭᠤᠨ ᠲᠡᠬᠡᠭᠰᠢᠯᠡᠯᠳᠡ ᠵᠢ ᠠᠬᠢᠭᠤᠯᠬᠤ ᠬᠡᠷᠡᠭᠳᠡᠢ᠃ ᠠᠵᠥ ᠠᠬᠤᠢ᠍ᠢ᠍ᠯᠠᠯ᠎ᠤᠨ ᠭᠠᠢ᠍ᠢ᠍ᠯᠢ ᠰᠦᠢ᠍ᠳᠬᠡᠯ᠎ᠤᠨ ᠡᠬᠦᠷᠬᠡᠯᠡᠯ ᠲᠠᠷᠤᠭ᠋ᠠᠰᠤ ᠵᠢ ᠬᠦᠩᠬᠡᠷᠡᠬᠦᠯᠬᠦ ᠲᠦᠷᠦ ᠵᠢᠨ ᠪᠤᠳᠤᠯᠭ᠎ᠠ ᠵᠢ ᠪᠤᠳᠠᠳᠠᠢ ᠨᠠᠢ᠍ᠢ᠍ᠳᠠᠪᠤᠷᠢᠵᠢᠭᠤᠯᠵᠥ᠂ ᠲᠤᠳᠤᠭ᠋ᠠᠳᠤ ᠬᠡᠷᠡᠭᠴᠡᠭᠡ ᠵᠢ ᠦᠷᠬᠡᠳᠭᠡᠬᠦ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠪᠤᠳᠠᠳᠠᠢ ᠨᠠᠢ᠍ᠢ᠍ᠳᠠᠪᠤᠷᠢᠵᠢᠭᠤᠯᠵᠥ᠂ ᠴᠢᠬᠤᠯᠠ ᠶᠡᠬᠡ ᠲᠦᠷᠦᠯ ᠵᠦᠢ᠍ᠯ᠎ᠤᠨ ᠪᠡᠯᠡ ᠤᠷᠤᠭᠤᠯᠤᠯᠳᠠ ᠵᠢᠨ ᠲᠠᠢ᠍ᠢ᠍ᠴᠢᠯᠠᠬᠤ ᠦᠢ᠍ᠯᠡᠳᠦᠯ᠎ᠢ ᠪᠠᠳᠠᠷᠠᠭᠤᠯᠵᠥ᠂ ᠠᠵᠥ ᠠᠬᠤᠢ᠍ᠢ᠍ᠯᠠᠯ᠎ᠤᠨ ᠦᠢ᠍ᠯᠡᠳᠪᠤᠷᠢᠯᠡᠯ ᠡᠵᠡᠩᠨᠡᠯᠳᠡ᠎ᠪᠠᠨ ᠰᠡᠷᠬᠦᠬᠡᠬᠦ᠎ᠳᠤ ᠲᠤᠯᠭ᠋ᠠᠷᠠᠭᠰᠠᠠ ᠡᠯ᠎ᠡ ᠵᠦᠢ᠍ᠯ᠎ᠤᠨ ᠠᠰᠠᠭᠤᠳᠠᠯ᠎ᠢ ᠴᠠᠭ ᠲᠤᠬᠠᠢ᠎ᠳᠤᠨᠢ ᠰᠢᠢ᠍ᠳᠪᠤᠷᠢᠯᠡᠬᠦ ᠬᠡᠷᠡᠭᠳᠡᠢ᠃ ᠲᠤᠲᠤᠭ᠋ᠠᠲᠤ ᠭᠡᠷᠡᠭᠴᠡᠭᠡ᠎ᠪᠠᠨ ᠦᠷᠭᠡᠳᠭᠡᠬᠦ ᠪᠠᠢ᠍ᠢ᠍ᠯᠲᠤᠬᠤ ᠪᠤᠲᠤᠯᠭ᠎ᠠ ᠵᠢᠨ ᠡᠨᠡ ᠬᠦ᠌ ᠰᠠᠭᠤᠷᠢ ᠴᠡᠭ᠎ᠢ ᠡᠵᠡᠮᠲᠡᠡ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ᠎ᠪᠠᠷ ᠭᠤᠤᠯ ᠰᠢᠵᠢᠮ ᠪᠤᠯᠭ᠋ᠠᠠ᠂ ᠦᠢ᠍ᠯᠡᠳᠪᠦᠷᠢᠯᠡᠯ᠂ ᠬᠤᠪᠢᠶᠠᠷᠢᠯᠠᠯᠲᠠ᠂ ᠬᠦᠢ᠍ᠯᠭᠡᠭᠡ᠂ ᠭᠡᠷᠡᠭᠯᠡᠭᠡ ᠵᠢᠨ ᠡᠯ᠎ᠠ ᠭᠤᠭᠴᠤᠭ᠎ᠠ ᠵᠢ ᠴᠢᠷᠮᠠᠢ᠍ᠢ᠍ᠨ ᠨᠡᠪᠲᠡᠷᠡᠭᠦᠯᠬᠦ ᠬᠡᠷᠡᠭᠲᠡᠢ᠃ ᠰᠢᠨ᠎ᠠ ᠵᠢ ᠡᠭᠦᠳᠬᠦ᠎ᠪᠠᠷ ᠬᠦᠲᠡᠯᠭᠡᠭᠦᠷ ᠪᠤᠯᠭ᠋ᠠᠬᠤ ᠦᠢ᠍ᠯᠡᠲᠦᠯ᠎ᠢ ᠪᠠᠲᠠᠷᠠᠭᠤᠯᠵᠦ᠂ ᠠᠵᠦ ᠦᠢ᠍ᠯᠡᠰ᠎ᠤᠨ ᠲᠡᠭᠡᠲᠦ ᠵᠡᠷᠭᠡ ᠲᠡᠰ᠂ ᠪᠤᠬᠢᠷᠲᠤᠯ ᠦᠭᠡᠢ᠍ᠢ᠍ᠵᠢᠭᠰᠡᠨ᠂ ᠤᠶᠤᠨᠴᠢᠯᠠᠭᠰᠠᠨ᠂ ᠠᠭᠤᠰᠤᠯᠴᠠᠭᠤᠯᠤᠭᠰᠠᠨ ᠴᠢᠭᠯᠡᠯ ᠲᠡᠢ᠍ᠢ᠍ᠰᠢ ᠬᠦᠭᠵᠢᠬᠦ ᠵᠢ ᠠᠬᠢᠭᠤᠯᠬᠤ ᠭᠡᠷᠡᠭᠲᠡᠢ᠃ ᠤᠲᠤ ᠦᠶ᠎ᠠ ᠵᠢᠨ ᠬᠦᠲᠡᠭᠡ ᠠᠵᠦ ᠠᠬᠤᠢ ᠵᠢᠨ ᠠᠵᠦ ᠦᠢ᠍ᠯᠡᠰ᠎ᠤᠨ ᠰᠢᠰᠲᠸᠮ᠂ ᠦᠢ᠍ᠯᠡᠳᠪᠦᠷᠢᠯᠡᠯ᠎ᠤᠨ ᠰᠢᠰᠲᠸᠮ᠂ ᠡᠵᠡᠩᠨᠡᠯᠲᠡ ᠵᠢᠨ ᠰᠢᠰᠲᠸᠮ᠎ᠢ ᠲᠦᠷᠭᠡᠡ ᠪᠠᠢ᠍ᠢ᠍ᠭᠤᠯᠵᠦ᠂ ᠨᠢᠩᠰᠢᠶᠠ ᠵᠢᠨ ᠨᠡᠩ ᠤᠯᠠᠠ ᠤᠨᠴᠠᠯᠢᠠᠠᠲᠦ ᠬᠦᠲᠡᠭᠡ ᠠᠵᠦ ᠠᠬᠤᠢ ᠵᠢᠨ ᠦᠢ᠍ᠯᠡᠳᠭᠦᠨ᠎ᠢ ᠵᠠᠬ᠎ᠠ ᠲᠡᠯᠭᠡᠭᠦᠷ᠎ᠲᠤ ᠭᠠᠷᠭ᠋ᠠᠬᠤ ᠭᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠦᠭᠡᠷᠡᠴᠢᠯᠡᠯᠲᠡ ᠨᠡᠭᠡᠭᠡᠯᠲᠡ᠎ᠳᠤ ᠰᠢᠨ᠎ᠠ ᠲᠠᠪᠠᠯᠲᠠ ᠭᠠᠷᠭ᠋ᠠᠬᠤ ᠵᠢ ᠠᠬᠢᠭᠤᠯᠵᠦ᠂ ᠠᠰᠠᠭᠤᠲᠠᠯ ᠵᠶ᠋ᠠᠷ ᠤᠲᠤᠷᠢᠲᠤᠮᠵᠢ ᠪᠤᠯᠭ᠋ᠠᠬᠤ ᠵᠢ ᠪᠠᠷᠢᠮᠲᠠᠯᠠᠠ᠂ ᠬᠠᠷᠠᠯᠲᠠ᠎ᠲᠠᠢ᠎ᠪᠠᠷ ᠰᠤᠮᠤ ᠬᠠᠷᠪᠤᠬᠤ ᠲᠤᠲᠤᠷᠬᠠᠢ ᠵᠤᠷᠢᠯᠭ᠎ᠠ᠎ᠲᠠᠢ᠎ᠪᠠᠷ ᠦᠭᠡᠷᠡᠴᠢᠯᠡᠯᠲᠡ ᠵᠢ ᠠᠬᠢᠭᠤᠯᠵᠦ᠂ ᠦᠭᠡᠷᠡᠴᠢᠯᠡᠯᠲᠡ ᠵᠢᠨ ᠠᠷᠭ᠎ᠠ ᠬᠡᠮᠵᠢᠶ᠎ᠠ ᠵᠢ ᠦᠨᠡᠯᠡᠵᠦ ᠠᠮᠵᠢᠯᠲᠠ ᠪᠦᠲᠦᠮᠵᠢ ᠠᠰᠠᠭᠤᠬᠤ ᠵᠢ ᠴᠢᠩᠭ᠋ᠠᠳᠬᠠᠠ᠂ ᠡᠯ᠎ᠠ ᠵᠦᠢ᠍ᠯ᠎ᠤᠨ ᠦᠭᠡᠷᠡᠴᠢᠯᠡᠯᠲᠡ ᠵᠢ ᠬᠦᠨᠵᠡᠭᠡᠢ᠍ᠢ᠍ᠷᠡᠭᠦᠯᠦᠨ᠂ ᠪᠤᠲᠠᠲᠠᠢ ᠨᠠᠢ᠍ᠢ᠍ᠲᠠᠪᠤᠷᠢᠵᠢᠭᠤᠯᠬᠤ ᠵᠢ ᠠᠬᠢᠭᠤᠯᠵᠦ᠂ ᠬᠦᠢ᠍ᠴᠡᠳ ᠦᠷᠢᠰᠦᠯᠲᠦᠭᠡᠡ᠎ᠲᠠᠢ ᠵᠠᠬ᠎ᠠ ᠲᠡᠯᠭᠡᠭᠦᠷ᠎ᠢ ᠲᠦᠷᠭᠡᠡ ᠪᠤᠢ᠍ᠢ᠍ᠵᠢᠭᠤᠯᠵᠦ᠂ ᠡᠯ᠎ᠠ ᠲᠦᠷᠦᠯ᠎ᠤᠨ ᠵᠠᠬ᠎ᠠ ᠲᠡᠯᠭᠡᠭᠦᠷ᠎ᠤᠨ ᠭᠤᠤᠯ ᠴᠤᠭᠴᠠ ᠵᠢᠨ ᠬᠦᠲᠡᠯᠭᠡᠬᠦ ᠬᠦᠴᠤᠨ᠎ᠢ ᠲᠠᠰᠤᠷᠠᠯᠲᠠ ᠦᠭᠡᠢ ᠤᠷᠮᠠᠰᠢᠭᠤᠯᠤᠨ ᠬᠦᠭᠵᠢᠭᠡᠬᠦ ᠭᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠪᠦᠳᠦᠬᠡᠨ ᠪᠠᠢ᠍ᠢ᠍ᠭᠤᠯᠬᠤ ᠴᠢᠬᠤᠯᠠ ᠶᠡᠬᠡ ᠠᠵᠠ ᠲᠤᠬᠢᠶᠠᠯ᠎ᠢ ᠠᠮᠵᠢᠠ᠂ ᠲᠤᠲᠤᠭ᠋ᠠᠲᠤ ᠨᠡᠭᠡᠭᠡᠯᠲᠡ ᠪᠤᠯᠤᠨ ᠭᠠᠲᠠᠭ᠋ᠠᠲᠤ ᠨᠡᠭᠡᠭᠡᠯᠲᠡ ᠵᠢ ᠤᠶᠠᠯᠲᠤᠭᠤᠯᠬᠤ ᠵᠢ ᠪᠠᠷᠢᠮᠲᠠᠯᠠᠵᠦ᠂ ᠨᠡᠭᠡᠭᠡᠯᠲᠡ ᠵᠢᠨ ᠬᠡᠯᠪᠡᠷᠢ᠎ᠲᠠᠢ ᠠᠵᠦ ᠠᠬᠤᠢ ᠵᠢᠨ ᠭᠤᠤᠯ ᠴᠤᠭᠴᠠ ᠵᠢ ᠪᠤᠢ᠍ᠢ᠍ᠵᠢᠭᠤᠯᠵᠦ᠂ ᠨᠡᠭᠡᠭᠡᠯᠲᠡ ᠵᠢᠨ ᠬᠡᠯᠪᠡᠷᠢ᠎ᠲᠠᠢ ᠠᠵᠦ ᠠᠬᠤᠢ ᠵᠢᠨ ᠤᠷᠴᠢᠨ ᠲᠤᠭᠤᠷᠢᠨ᠎ᠢ ᠪᠤᠢ ᠪᠤᠯᠭ᠋ᠠᠠ᠂ ᠨᠡᠩ ᠦᠨᠳᠦᠷ ᠲᠦᠪᠰᠢᠨ᠎ᠤ ᠨᠡᠭᠡᠭᠡᠯᠲᠡ᠎ᠪᠠᠷ ᠨᠡᠩ ᠴᠢᠨᠠᠷ ᠰᠠᠢ᠍ᠢ᠍ᠲᠠᠢ ᠬᠦᠭᠵᠢᠯᠲᠠ ᠵᠢ ᠠᠬᠢᠭᠤᠯᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠢ᠍ᠢ᠍ᠯᠠᠯᠲᠤᠭ᠋ᠠᠠ᠎ᠤ ᠢᠯᠠᠯᠲᠠ ᠵᠢ ᠡᠷᠡᠰ ᠤᠯᠵᠦ᠂ 《ᠬᠤᠶᠠᠷ᠎ᠲᠤ ᠵᠤᠪᠠᠬᠤ ᠦᠭᠡᠢ ᠭᠤᠷᠪᠠ ᠵᠢ ᠪᠠᠲᠤᠯᠬᠠᠤ》᠎ᠪᠠᠷ ᠪᠠᠷᠢᠮᠵᠢᠶᠠᠯᠠᠨ ᠬᠠᠷᠭᠤᠭᠤᠯᠵᠥ᠂ ᠲᠤᠪᠤᠢ᠍ᠢ᠍ᠮ᠎ᠠ ᠠᠰᠠᠭᠤᠲᠠᠯ ᠪᠤᠯᠤᠨ ᠪᠠᠭᠤᠷᠠᠢ ᠭᠤᠭᠴᠤᠭ᠎ᠠ ᠵᠢ ᠬᠠᠷᠠᠭ᠋ᠠᠯᠠᠵᠦ᠂ ᠨᠢᠭᠡ ᠯᠡ ᠠᠮᠢᠰᠬᠤᠭ᠎ᠠ᠎ᠪᠠᠷ ᠬᠦᠴᠦᠯᠡᠨ ᠠᠵᠢᠯᠯᠠᠵᠦ᠂ ᠡᠷᠡᠮᠡᠭᠡᠢ᠍ᠢ᠍ᠯᠡᠡ ᠪᠠᠢ᠍ᠢ᠍ᠯᠲᠤᠵᠦ᠂ ᠲᠤᠭᠲᠠᠭᠰᠠᠠ ᠬᠤᠭᠤᠴᠠᠭ᠋ᠠᠠ᠎ᠳᠤ ᠶᠠᠲᠠᠭᠤ᠎ᠠᠴᠠ ᠠᠩᠭᠢᠵᠢᠷᠠᠭᠤᠯᠬᠤ ᠬᠠᠷᠠᠯᠲᠠ ᠵᠢ ᠪᠡᠶᠡᠯᠡᠭᠦᠯᠬᠦ ᠵᠢ ᠪᠠᠲᠤᠯᠠᠬᠤ ᠭᠡᠷᠡᠭᠲᠡᠢ᠃ ᠨᠡᠭᠦᠳᠡᠯ ᠠᠷᠠᠳ᠎ᠢ ᠨᠡᠭᠦᠯᠭᠡᠬᠦ ᠲᠡᠳᠭᠦᠠ ᠲᠡᠮᠵᠢᠬᠦ ᠲᠦᠷᠦ ᠵᠢᠨ ᠪᠤᠲᠤᠯᠭ᠎ᠠ ᠵᠢ ᠲᠡᠭᠦᠯᠲᠡᠷᠵᠢᠭᠦᠯᠵᠦ᠂ ᠨᠡᠭᠦᠯᠭᠡᠬᠦ ᠤᠯᠠᠠ ᠲᠦᠮᠠᠠ᠎ᠢ ᠨᠡᠭᠦᠯᠭᠡᠵᠦ ᠲᠡᠢ᠍ᠢ᠍ᠯᠬᠦ᠂ ᠬᠦᠯ ᠲᠤᠭᠲᠠᠨᠢᠭᠤᠯᠵᠤ ᠲᠡᠢ᠍ᠢ᠍ᠯᠬᠦ᠂ ᠴᠢᠨᠡᠭᠡᠯᠢᠭᠵᠢᠭᠦᠯᠵᠤ ᠲᠡᠢ᠍ᠢ᠍ᠯᠬᠦ ᠵᠢ ᠪᠠᠲᠤᠯᠠᠬᠤ ᠭᠡᠷᠡᠭᠲᠡᠢ᠃ ᠶᠠᠲᠠᠭᠤ᠎ᠠᠴᠠ ᠠᠩᠭᠢᠵᠢᠷᠠᠭᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠲᠡᠭᠡᠭᠰᠢᠯᠡᠭᠦᠯᠵᠦ᠂ ᠤᠲᠤ ᠪᠠᠢ᠍ᠢ᠍ᠭ᠎ᠠ ᠲᠦᠷᠦ ᠵᠢᠨ ᠪᠤᠲᠤᠯᠭ᠎ᠠ ᠵᠢ ᠶᠡᠷᠦᠩᠭᠡᠢ᠎ᠳᠤᠨᠢ ᠲᠤᠭᠲᠠᠭᠤᠨ ᠪᠠᠢ᠍ᠢ᠍ᠯᠭ᠋ᠠᠵᠦ᠂ ᠪᠦᠬᠦ ᠲᠠᠯ᠎ᠠ᠎ᠪᠠᠷ ᠶᠠᠲᠠᠭᠤ᠎ᠠᠴᠠ ᠠᠩᠭᠢᠵᠢᠷᠠᠭᠤᠯᠬᠤ ᠪᠠ ᠬᠦᠲᠡᠭᠡ ᠲᠤᠰᠬᠤᠨ᠎ᠢ ᠬᠦᠭᠵᠢᠭᠦᠯᠦᠨ ᠮᠠᠠᠲᠤᠭᠤᠯᠬᠤ ᠪᠠᠢ᠍ᠢ᠍ᠯᠲᠤᠬᠤ ᠪᠤᠲᠤᠯᠭ᠎ᠠ ᠵᠢ ᠪᠦᠲᠦᠮᠵᠢᠲᠠᠢ ᠵᠤᠯᠭ᠋ᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠬᠦᠭᠡᠮᠲᠦᠭ ᠨᠤᠭᠤᠭ᠋ᠠᠠ ᠠᠭᠤᠯᠠ ᠤᠰᠤ ᠪᠤᠯ ᠲᠠᠷᠤᠢ ᠠᠯᠲᠠ ᠮᠦᠩᠭᠦᠨ ᠠᠭᠤᠯᠠ ᠮᠦᠨ ᠭᠡᠬᠦ ᠤᠢ᠍ᠢ᠍ᠯᠠᠭ᠋ᠠᠭᠲᠠᠬᠤᠠ᠎ᠢ ᠪᠠᠲᠤ ᠪᠡᠬᠢ ᠪᠤᠢ ᠪᠤᠯᠭ᠋ᠠᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ᠎ᠢ ᠰᠢᠰᠲᠸᠮ᠎ᠲᠠᠢ᠎ᠪᠠᠷ ᠵᠠᠰᠠᠬᠤ ᠵᠢ ᠨᠢᠭᠡᠲᠦᠯᠲᠡᠢ ᠲᠦᠯᠦᠪᠵᠢᠭᠦᠯᠵᠦ᠂ ᠤᠯᠤᠰ᠎ᠤᠨ ᠨᠤᠲᠤᠭ ᠲᠡᠪᠢᠰᠭᠡᠷ᠎ᠤᠨ ᠤᠷᠤᠨ ᠵᠠᠢ ᠵᠢ ᠨᠡᠭᠡᠭᠡᠡ ᠬᠦᠭᠵᠢᠭᠦᠯᠬᠦ ᠪᠠᠢ᠍ᠢ᠍ᠷᠢᠰᠢᠯ᠎ᠢ ᠰᠢᠯᠢᠲᠡᠭᠵᠢᠭᠦᠯᠵᠦ᠂ ᠬᠦᠭᠡ ᠤᠭᠲᠠᠷᠭᠤᠢ᠂ ᠬᠦᠭᠡᠮᠲᠦᠭ ᠤᠰᠤ᠂ ᠠᠷᠢᠭᠤᠠ ᠬᠦᠷᠦᠰᠦ ᠵᠢ ᠬᠠᠮᠠᠭ᠋ᠠᠯᠠᠬᠤ ᠲᠠᠢ᠍ᠢ᠍ᠯᠠᠯᠲᠤᠭ᠋ᠠᠠ᠎ᠢ ᠦᠷᠬᠦᠯᠵᠢᠯᠠᠠ ᠰᠠᠢ᠍ᠢ᠍ᠲᠤᠷ ᠬᠢᠵᠦ᠂ ᠠᠮᠢ ᠠᠬᠤᠢ ᠤᠷᠴᠢᠨ ᠲᠤᠭᠤᠷᠢᠠ᠎ᠤ ᠬᠠᠮᠠᠭ᠋ᠠᠯᠠᠯᠲᠠ ᠵᠢ ᠰᠠᠢ᠍ᠢ᠍ᠳᠤᠷ ᠠᠳᠬᠤᠬᠤ ᠭᠡᠷᠡᠭᠲᠡᠢ᠃ ᠬᠠᠳᠤᠨ ᠭᠤᠤᠯ᠎ᠤᠨ ᠤᠷᠳᠤ ᠤᠳᠠᠭ᠋ᠠᠨ ᠠᠮᠤᠷ ᠲᠦᠪᠰᠢᠨ ᠪᠠᠢ᠍ᠢ᠍ᠬᠤ ᠵᠢ ᠪᠠᠳᠤᠯᠠᠬᠤ ᠠᠵᠢᠯ᠎ᠢ ᠭᠤᠤᠯᠳᠠᠯᠭ᠎ᠡ ᠵᠢᠨ ᠲᠤᠳᠤᠷᠠᠬᠢ ᠭᠤᠤᠯᠳᠠᠭ᠎ᠡ ᠪᠤᠯᠭ᠋ᠠᠵᠤ᠂ ᠭᠤᠤᠯ᠎ᠤᠨ ᠬᠡᠪᠡᠯᠢ ᠪᠠ ᠭᠤᠤᠯ᠎ᠤᠨ ᠲᠠᠩ ᠤᠷᠤᠨ᠎ᠢ ᠶᠡᠷᠤᠨᠭ᠌ᠭᠡᠢ᠍ᠢ᠍ᠯᠡᠨ ᠵᠠᠰᠠᠬᠤ ᠢᠨᠵᠸᠨ᠋ᠸᠷᠢᠩ᠎ᠢ ᠭᠡᠷᠡᠭᠵᠢᠬᠦᠯᠵᠤ᠂ ᠬᠤᠶᠠᠷ ᠡᠷᠬᠢ ᠵᠢᠨ ᠲᠠᠯᠠᠩ ᠬᠠᠰᠢᠯᠭ᠎ᠡ᠂ ᠭᠤᠤᠯ᠎ᠤᠨ ᠵᠠᠮ᠎ᠤᠨ ᠡᠵᠡᠮᠳᠡᠯ ᠵᠢᠯᠤᠭᠤᠳᠤᠯᠭ᠎ᠡ᠂ ᠭᠤᠤᠯ᠎ᠤᠨ ᠲᠠᠩ ᠤᠷᠤᠨ᠎ᠤ ᠵᠠᠰᠠᠯᠳᠠ ᠵᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠬᠤ ᠡᠷᠴᠢᠮᠵᠢᠭᠰᠡᠨ ᠠᠰᠢᠬᠯᠠᠯᠲᠠ ᠵᠢ ᠠᠬᠢᠭᠤᠯᠵᠤ᠂ ᠠᠮᠢ ᠠᠬᠤᠢ ᠵᠢᠨ ᠬᠠᠮᠠᠭ᠋ᠠᠯᠠᠯᠳᠠ ᠵᠠᠰᠠᠨ ᠰᠡᠷᠬᠦᠭᠡᠯᠳᠠ ᠪᠠ ᠤᠷᠴᠢᠨ ᠲᠤᠭᠤᠷᠢᠨ᠎ᠤ ᠵᠠᠰᠠᠯᠳᠠ ᠵᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠠ ᠴᠢᠨᠠᠷ ᠰᠠᠢ᠍ᠢ᠍ᠳᠠᠢ ᠬᠦᠭᠵᠢᠯᠳᠠ ᠵᠢᠨ ᠤᠷᠢᠳᠠᠴᠢ ᠤᠷᠤᠨ᠎ᠢ ᠴᠢᠷᠮᠠᠢ᠍ᠢ᠍ᠨ ᠪᠦᠳᠦᠭᠡᠨ ᠪᠠᠢ᠍ᠢ᠍ᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠳᠠ ᠵᠢᠨ ᠦᠵᠡᠯ ᠰᠠᠨᠠᠭ᠎ᠡ ᠵᠢ ᠪᠠᠷᠢᠮᠳᠠᠯᠠᠵᠤ᠂ ᠤᠯᠠᠨ ᠲᠦᠮᠡᠨ᠎ᠤ ᠰᠠᠨᠠᠭ᠋ᠠᠰᠢᠷᠠᠵᠤ ᠪᠠᠢ᠍ᠢ᠍ᠭ᠎ᠡ ᠠᠰᠠᠭᠤᠳᠠᠯ᠂ ᠵᠤᠪᠠᠨᠢᠵᠤ ᠪᠠᠢ᠍ᠢ᠍ᠭ᠎ᠡ ᠠᠰᠠᠭᠤᠳᠠᠯ᠂ ᠲᠦᠪᠡᠭᠳᠡᠵᠤ ᠪᠠᠢ᠍ᠢ᠍ᠭ᠎ᠡ ᠠᠰᠠᠭᠤᠳᠠᠯ᠎ᠢ ᠦᠨᠡᠨ ᠬᠦ᠌ ᠰᠠᠢ᠍ᠢ᠍ᠳᠤᠷ ᠰᠢᠢ᠍ᠳᠪᠤᠷᠢᠯᠡᠵᠤ᠂ ᠠᠵᠢᠯ᠎ᠤᠨ ᠪᠠᠢ᠍ᠢ᠍ᠷᠢ᠎ᠠᠴᠠ᠎ᠪᠠᠨ ᠪᠠᠭᠤᠵᠤ ᠠᠵᠢᠯ ᠠᠯᠳᠠᠬᠰᠡᠳ᠂ ᠶᠡᠭᠡ ᠲᠡᠭᠡᠳᠤ ᠰᠤᠷᠭ᠋ᠠᠭᠤᠯᠢ ᠲᠡᠬᠦᠰᠦᠭᠰᠡᠨ ᠤᠶᠤᠳᠡᠳ᠂ ᠬᠦᠯᠦᠰᠤᠨ ᠲᠡᠷᠢᠶᠠᠴᠢᠳ᠂ ᠴᠡᠷᠢᠭ᠎ᠠᠴᠠ ᠬᠠᠯᠠᠬᠳᠡᠭ᠍ᠰᠡᠳ ᠵᠡᠷᠭᠡ ᠭᠤᠤᠯᠳᠠᠯᠭ᠎ᠡ᠎ᠲᠠᠢ ᠬᠦᠮᠦᠰ᠎ᠲᠤ ᠠᠵᠢᠯ ᠤᠯᠭᠤᠬᠤ ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠬᠦ ᠭᠡᠷᠡᠭᠳᠠᠢ᠃ ᠬᠤᠳᠠ ᠬᠦᠳᠡᠭᠡ ᠵᠢᠨ ᠠᠯᠪᠡᠨ ᠵᠢᠷᠤᠮ᠎ᠤᠨ ᠰᠤᠷᠭ᠋ᠠᠨ ᠬᠦᠮᠦᠵᠢᠯ᠎ᠤᠨ ᠲᠡᠨᠭᠴᠡᠬᠦᠷᠢᠳᠠᠢ ᠬᠦᠭᠵᠢᠯᠳᠠ ᠵᠢ ᠠᠬᠢᠭᠤᠯᠵᠤ᠂ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠤᠨ ᠪᠠᠢ᠍ᠢ᠍ᠭᠤᠯᠤᠯᠳᠠ ᠵᠢ ᠲᠦᠷᠭᠡᠳᠭᠡᠵᠤ᠂ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠭᠡᠭᠡᠨ᠎ᠢ ᠦᠷᠭᠡᠨ ᠬᠡᠪᠴᠢᠶ᠎ᠡ᠎ᠪᠠᠷ ᠦᠷᠨᠢᠬᠦᠯᠬᠦ ᠭᠡᠷᠡᠭᠳᠠᠢ᠃ ᠱᠠᠰᠢᠨ ᠰᠤᠷᠳᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠤᠰᠤᠨ ᠴᠢᠭᠯᠡᠯᠳᠠ ᠵᠢ ᠪᠠᠷᠢᠮᠳᠠᠯᠠᠵᠤ᠂ ᠱᠠᠰᠢᠨ ᠰᠤᠷᠳᠠᠬᠤᠨ᠎ᠤ ᠭᠡᠷᠡᠭ ᠶᠠᠪᠤᠳᠠᠯ᠎ᠤᠨ ᠬᠠᠮᠢᠶᠡᠷᠤᠯᠳᠠ ᠵᠢ ᠬᠠᠤᠯᠢ ᠶᠤᠰᠤᠭ᠋ᠠᠷ ᠴᠢᠨᠭ᠌ᠭ᠋ᠠᠳᠬᠠᠬᠤ ᠭᠡᠷᠡᠭᠳᠠᠢ᠃ ᠢᠷᠭᠡᠨ᠎ᠤ ᠬᠠᠤᠯᠢ ᠵᠢᠨ ᠪᠢᠴᠢᠭ᠎ᠢ ᠭᠡᠷᠡᠭᠵᠢᠬᠦᠯᠬᠦ ᠠᠵᠢᠯ᠎ᠢ ᠯᠠᠪᠳᠠᠭᠤᠨ ᠪᠠᠳᠤᠳᠠᠢ ᠠᠬᠢᠭᠤᠯᠵᠤ᠂ ᠨᠡᠢ᠍ᠢ᠍ᠭᠡᠮ᠎ᠤᠨ ᠵᠠᠰᠠᠯᠳᠠ ᠵᠢ ᠴᠢᠨᠭ᠌ᠭ᠋ᠠᠳᠬᠠᠨ ᠰᠢᠨᠡᠴᠢᠯᠡᠵᠤ᠂ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠴᠢᠨᠭ᠌ᠭ᠋ᠠᠳᠬᠠᠬᠤ ᠭᠡᠷᠡᠭᠳᠠᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠬᠦᠰᠡᠯᠡᠩ ᠢᠳᠡᠭᠡᠯ ᠪᠢᠰᠢᠷᠡᠯ ᠵᠶ᠋ᠠᠨ ᠪᠠᠳᠤᠳᠬᠠᠬᠤ ᠪᠤᠯ ᠪᠢᠳᠠᠨ᠎ᠤ ᠡᠷᠡᠮᠡᠭᠡᠢ᠍ᠢ᠍ᠯᠡᠨ ᠤᠷᠤᠬᠰᠢᠯᠠᠬᠤ᠂ ᠬᠦᠴᠢᠷ᠎ᠢ ᠲᠤᠭᠤᠯᠤᠨ ᠢᠯᠡᠯᠳᠠ ᠤᠯᠬᠤ ᠵᠢ ᠤᠷᠮᠠᠰᠢᠭᠤᠯᠤᠨ ᠵᠤᠷᠢᠬ᠍ᠵᠢᠭᠤᠯᠬᠤ ᠲᠠᠭᠤᠰᠤᠰᠢ ᠦᠭᠡᠢ ᠬᠦᠴᠤᠨ ᠴᠢᠳᠠᠯ᠎ᠤᠨ ᠡᠬᠢ ᠪᠤᠯᠠᠭ ᠮᠦᠨ᠃ ᠪᠦᠬᠦ ᠨᠠᠮ᠎ᠤᠨ ᠨᠦᠬᠦᠳ ᠢᠯᠠᠨᠭ᠌ᠭᠤᠶ᠎ᠡ ᠡᠯ᠎ᠡ ᠱᠠᠳᠤᠨ᠎ᠤ ᠤᠳᠤᠷᠢᠳᠬᠤ ᠺᠠᠳ᠋ᠷ ᠤᠭ ᠰᠠᠨᠠᠭ᠎ᠡ᠎ᠪᠠᠨ ᠦᠯᠤ ᠮᠡᠷᠳᠡᠵᠤ᠂ ᠡᠬᠦᠷᠭᠡ ᠬᠠᠷᠢᠭᠤᠴᠠᠯᠭ᠎ᠡ᠎ᠪᠠᠨ ᠪᠠᠳᠤ ᠴᠡᠭᠡᠵᠢᠯᠡᠵᠤ᠂ ᠲᠡᠷᠢᠬᠢ ᠲᠤᠯᠤᠭ᠋ᠠᠢ᠎ᠪᠠᠨ ᠬᠤᠷᠴᠠ ᠰᠡᠷᠭᠡᠭ ᠪᠠᠢ᠍ᠢ᠍ᠯᠭ᠋ᠠᠬᠤ ᠪᠠ ᠤᠯᠤᠰ ᠲᠦᠷᠦ ᠵᠢᠨ ᠲᠤᠬᠳᠠᠯ ᠬᠦᠴᠤᠨ ᠵᠶ᠋ᠠᠨ ᠢᠮᠠᠬᠳᠠ ᠪᠠᠳᠤᠯᠠᠵᠤ᠂ ᠡᠷᠡᠰ ᠭᠤᠢ᠍ᠢ᠍ᠪᠢᠰᠢ ᠦᠭᠡᠢ᠎ᠪᠠᠷ ᠨᠠᠮ᠎ᠤᠨ ᠤᠳᠤᠷᠢᠳᠤᠯᠭ᠎ᠡ ᠵᠢ ᠪᠠᠷᠢᠮᠳᠠᠯᠠᠨ ᠴᠢᠨᠭ᠌ᠭ᠋ᠠᠳᠬᠠᠵᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠢ ᠪᠠᠷᠢᠮᠳᠠᠯᠠᠨ ᠬᠦᠭᠵᠢᠬᠦᠯᠬᠦ ᠵᠢ ᠡᠷᠡᠰ ᠭᠤᠢ᠍ᠢ᠍ᠪᠢᠰᠢ ᠦᠭᠡᠢ ᠪᠠᠷᠢᠮᠳᠠᠯᠠᠵᠤ᠂ ᠲᠤᠮᠳᠠᠳᠤ ᠵᠢᠨ ᠦᠨᠳᠤᠰᠤᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠠᠤᠭ᠎ᠡ ᠬᠠᠷᠠᠯᠳᠠ ᠵᠢ ᠪᠠᠷᠢᠮᠳᠠᠯᠠᠨ ᠪᠠᠶᠠᠯᠡᠬᠦᠯᠬᠦ ᠵᠢ ᠭᠤᠢ᠍ᠢ᠍ᠪᠢᠰᠢ ᠦᠭᠡᠢ ᠪᠠᠷᠢᠮᠳᠠᠯᠠᠵᠤ᠂ ᠠᠬᠠᠮᠡᠳ ᠬᠤᠪᠢᠰᠬᠠᠯᠴᠢᠳ᠎ᠤᠨ ᠡᠬᠦᠨ᠎ᠤ ᠲᠦᠯᠦᠭᠡ ᠲᠡᠮᠡᠴᠡᠭᠰᠡᠨ ᠠᠭᠤᠤ ᠶᠡᠭᠡ ᠦᠢ᠍ᠯᠡᠰ᠎ᠢ ᠴᠦᠬᠦᠷᠡᠰᠢ ᠦᠭᠡᠢ ᠤᠷᠤᠬᠰᠢ ᠠᠬᠢᠭᠤᠯᠬᠤ ᠭᠡᠷᠡᠭᠳᠠᠢ᠃ ᠦᠷᠭᠡᠨ ᠤᠯᠠᠨ ᠨᠠᠮ᠎ᠤᠨ ᠭᠡᠰᠢᠬᠦᠨ᠂ ᠺᠠᠳ᠋ᠷ᠎ᠤᠨ ᠲᠡᠮᠡᠴᠡᠯ᠎ᠤᠨ ᠵᠤᠷᠢᠭ ᠰᠠᠨᠠᠭ᠎ᠡ ᠵᠢ ᠬᠦᠭᠵᠢᠬᠡᠵᠤ᠂ ᠪᠦᠳᠦᠮᠵᠢᠳᠠᠢ ᠠᠷᠭ᠎ᠡ ᠬᠡᠮᠵᠢᠶ᠎ᠡ᠎ᠪᠠᠷ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠰᠠᠢ᠍ᠢ᠍ᠳᠤᠷ ᠨᠠᠢ᠍ᠢ᠍ᠳᠠᠪᠤᠷᠢᠵᠢᠭᠤᠯᠵᠤ᠂ ᠦᠭᠡᠷᠡᠴᠢᠯᠡᠯᠳᠠ ᠬᠦᠭᠵᠢᠯᠳᠠ ᠲᠤᠬᠳᠠᠭᠤᠨ᠎ᠤ ᠡᠯ᠎ᠡ ᠵᠦᠢ᠍ᠯ᠎ᠤᠨ ᠠᠵᠢᠯ᠎ᠢ ᠰᠠᠢ᠍ᠢ᠍ᠳᠤᠷ ᠬᠢᠬᠦ ᠭᠡᠷᠡᠭᠳᠠᠢ᠃ ᠠᠷᠠᠳ ᠲᠦᠮᠡᠨ᠎ᠳᠤ ᠪᠤᠶᠠᠨ ᠦᠢ᠍ᠯᠡᠳᠬᠦ ᠵᠢ ᠬᠠᠮᠤᠭ᠎ᠤᠨ ᠴᠢᠬᠤᠯᠠ ᠠᠵᠢᠯ᠎ᠤᠨ ᠠᠮᠵᠢᠯᠳᠠ ᠪᠦᠳᠦᠮᠵᠢ ᠪᠤᠯᠭ᠋ᠠᠵᠤ᠂ ᠺᠠᠳ᠋ᠷ᠎ᠤᠨ ᠬᠠᠷᠢᠭᠤᠴᠠᠯᠭ᠎ᠡ ᠡᠬᠦᠷᠭᠡᠯᠡᠵᠤ ᠵᠢᠳᠬᠦᠯ ᠴᠢᠷᠮᠠᠢ᠍ᠢ᠍ᠯᠭ᠎ᠡ ᠭᠠᠷᠭ᠋ᠠᠬᠤ ᠵᠢ ᠤᠷᠮᠠᠰᠢᠭᠤᠯᠤᠨ ᠵᠤᠷᠢᠬ᠍ᠵᠢᠭᠤᠯᠬᠤ ᠲᠤᠬᠳᠠᠴᠠ ᠵᠢ ᠪᠠᠢ᠍ᠢ᠍ᠭᠤᠯᠤᠨ ᠪᠦᠷᠢᠨᠰᠢᠬᠦᠯᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠡᠷᠡᠰ ᠡᠰᠡᠷᠬᠦᠴᠡᠬᠦ ᠭᠡᠷᠡᠭᠳᠠᠢ᠃ ᠰᠤᠷᠳᠠᠯ᠎ᠢ ᠲᠦᠪ ᠪᠤᠯᠭ᠋ᠠᠵᠤ ᠰᠠᠬᠢᠯᠭ᠎ᠡ ᠪᠠᠳᠤ ᠵᠢ ᠴᠢᠨᠭ᠌ᠳᠠᠯᠠᠬᠤ ᠵᠢ ᠡᠭᠦᠷᠢᠲᠡ ᠪᠠᠷᠢᠮᠲᠠᠯᠠᠵᠤ᠂ ᠢᠯᠵᠡᠷᠡᠬᠤ᠎ᠠᠴᠠ ᠵᠢᠷᠤᠭᠡᠰᠢᠶᠠᠬᠦ᠂ ᠢᠯᠵᠡᠷᠡᠵᠤ ᠪᠤᠯᠬᠤ ᠦᠭᠡᠢ᠂ ᠢᠯᠵᠡᠷᠡᠬᠤ ᠵᠢ ᠪᠤᠳᠤᠬᠤ ᠦᠭᠡᠢ ᠪᠠᠢ᠍ᠢ᠍ᠬᠤ ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠤᠷᠲᠠᠯ ᠲᠦᠪ ᠤᠪᠤᠷ ᠴᠢᠭᠡᠴᠢ ᠦᠢ᠍ᠯᠡᠰ ᠪᠤᠰᠬᠠᠬᠤ ᠤᠷᠴᠢᠨ ᠲᠤᠭᠤᠷᠢᠨ᠎ᠢ ᠪᠤᠢ ᠪᠤᠯᠭ᠋ᠠᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠳ᠋ᠢᠩ ᠰᠢᠤᠸᠠᠢ ᠰᠢᠶᠠᠩ᠂ ᠯᠢᠤ ᠾᠸ᠂ ᠴᠸᠨ ᠰᠢ᠂ ᠾᠸ ᠯᠢ ᠹᠸᠩ ᠪᠤᠯᠤᠨ ᠲᠦᠪ᠎ᠤᠨ ᠬᠤᠯᠪᠤᠬᠳᠠᠯ ᠪᠦᠬᠦᠢ ᠰᠠᠯᠠᠭ᠎ᠡ ᠮᠦᠴᠢᠷ᠎ᠤᠨ ᠬᠠᠷᠢᠭᠤᠴᠠᠯᠭ᠋ᠠᠳᠠᠨ ᠨᠦᠬᠦᠳ ᠪᠠᠷ᠎ᠡ ᠪᠤᠯᠵᠤ ᠰᠢᠨᠵᠢᠯᠡᠨ ᠪᠠᠢ᠍ᠢ᠍ᠴᠠᠭ᠋ᠠᠵᠠᠢ᠃


ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠤᠯᠤᠨ ᠠᠷᠭ᠌ᠸᠨ᠋ᠲ᠋ᠢᠨ᠎ᠤ ᠶᠡᠷᠤᠩᠬᠡᠢ᠍ᠢ᠍ᠯᠡᠭᠴᠢ ᠹᠸᠢᠢ᠍ᠷᠨᠠᠨᠳ᠋ᠸᠰ ᠬᠠᠷᠢᠯᠴᠠᠨ ᠵᠠᠬᠢᠳᠠᠯ ᠢᠯᠡᠬᠡᠪᠡ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠴᠡᠷᠢᠭ ᠠᠩᠭᠢ ᠵᠢᠨ ᠨᠠᠮ᠎ᠤᠨ ᠪᠠᠢ᠍ᠢ᠍ᠭᠤᠯᠤᠯᠳᠠ ᠵᠢᠨ ᠳᠦᠷᠢᠮ》 ᠪᠤᠯᠤᠨ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠨᠳᠦᠰᠦᠨ ᠱᠠᠳᠤᠨ᠎ᠤ ᠰᠤᠩᠭᠤᠭᠤᠯᠢ ᠵᠢᠨ ᠠᠵᠢᠯ᠎ᠤᠨ ᠳᠦᠷᠢᠮ》᠎ᠢ ᠬᠢᠨᠠᠨ ᠵᠦᠪᠯᠡᠵᠠᠢ
ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠬᠤᠷᠢᠨ ᠨᠢᠬᠡᠳᠤᠬᠡᠷ ᠤᠳᠠᠭ᠎ᠠ ᠵᠢᠨ ᠬᠠᠮᠳᠤ ᠵᠢᠨ ᠰᠤᠷᠤᠯᠴᠠᠯᠭ᠎ᠠ ᠲᠡᠬᠡᠷ᠎ᠡ ᠴᠢᠬᠤᠯᠠᠴᠢᠯᠠᠬᠰᠠᠠ᠎ᠨᠢ ᠰᠢᠨ᠎ᠡ ᠴᠠᠭ ᠦᠶ᠎ᠡ ᠵᠢᠨ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠱᠤᠭᠤᠮ᠎ᠢ ᠰᠠᠢ᠍ᠢ᠍ᠳᠤᠷ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠥ ᠨᠠᠮ᠎ᠢ ᠲᠠᠰᠤᠷᠠᠯᠳᠡ ᠦᠭᠡᠢ ᠨᠡᠩ ᠪᠡᠳᠤ ᠴᠢᠩᠭ᠎ᠠ ᠬᠦᠴᠦᠨ᠎ᠲᠠᠢ ᠪᠤᠯᠭ᠋ᠠᠨ ᠪᠠᠢ᠍ᠢ᠍ᠭᠤᠯᠬᠤ ᠬᠡᠷᠡᠭᠳᠡᠢ
ᠰᠢ ᠵᠢᠨ ᠫᠢᠩ ᠦᠶᠡᠷ᠎ᠢ ᠰᠡᠷᠬᠡᠢ᠍ᠢ᠍ᠯᠡᠵᠥ ᠭᠠᠮᠰᠢᠭ᠎ᠠᠴᠠ ᠠᠪᠤᠷᠠᠬᠤ ᠠᠵᠢᠯ᠎ᠢ ᠴᠢᠨᠠᠬᠰᠢᠳᠠ ᠰᠠᠢ᠍ᠢ᠍ᠳᠤᠷ ᠬᠢᠬᠦ ᠲᠤᠬᠠᠢ ᠴᠢᠬᠤᠯᠠ ᠵᠢᠭ᠋ᠠᠪᠤᠷᠢ ᠦᠭᠪᠠ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠡᠯ ᠬᠤᠷᠡᠯᠳᠤᠭᠤᠯᠵᠥ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ
 
            