ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ ᠰᠡᠳᠬᠦᠯ》 ᠶᠡᠷᠤᠨᠭ᠌ᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ 《ᠢᠷᠭᠡᠨ᠎ᠤ ᠬᠠᠤᠯᠢ ᠵᠢᠨ ᠪᠢᠴᠢᠭ᠎ᠢ ᠨᠡᠢ᠍ᠢ᠍ᠳᠡᠯᠡᠨ ᠭᠡᠷᠡᠭᠵᠢᠬᠦᠯᠬᠦ ᠵᠢᠨ ᠴᠢᠬᠤᠯᠠ ᠶᠡᠭᠡ ᠠᠴᠢ ᠬᠤᠯᠪᠤᠬᠳᠠᠯ᠎ᠢ ᠬᠦᠢ᠍ᠴᠡᠳ ᠲᠠᠨᠢᠵᠤ ᠠᠷᠠᠳ ᠲᠦᠮᠡᠨ᠎ᠤ ᠬᠠᠤᠯᠢ ᠶᠤᠰᠤᠨ᠎ᠤ ᠡᠷᠭᠡ ᠠᠰᠢᠭ᠎ᠢ ᠬᠠᠤᠯᠢ ᠶᠤᠰᠤᠭ᠋ᠠᠷ ᠨᠡᠩ ᠰᠠᠢ᠍ᠢ᠍ᠨ ᠪᠠᠳᠤᠯᠠᠬᠤ ᠭᠡᠷᠡᠭᠳᠠᠢ》᠎ᠢ ᠨᠡᠢ᠍ᠢ᠍ᠳᠡᠯᠡᠪᠡ
ᠨᠡᠶ᠋ᠢᠲᠡᠯᠡᠭᠰᠡᠨ ᠴᠠᠭ᠄ 2020-06-16

     6 ᠰᠠᠷ᠎ᠡ ᠵᠢᠨ 16᠎ᠤ ᠡᠳᠦᠷ ᠭᠡᠪᠯᠡᠭᠳᠡᠬᠦ 12 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠦᠪ ᠬᠤᠷᠢᠶᠠᠨ᠎ᠤ ᠶᠡᠷᠤᠨᠭ᠌ᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ᠎ᠤᠨ 《ᠢᠷᠭᠡᠨ᠎ᠤ ᠬᠠᠤᠯᠢ ᠵᠢᠨ ᠪᠢᠴᠢᠭ᠎ᠢ ᠨᠡᠢ᠍ᠢ᠍ᠳᠡᠯᠡᠨ ᠭᠡᠷᠡᠭᠵᠢᠬᠦᠯᠬᠦ ᠵᠢᠨ ᠴᠢᠬᠤᠯᠠ ᠶᠡᠭᠡ ᠠᠴᠢ ᠬᠤᠯᠪᠤᠬᠳᠠᠯ᠎ᠢ ᠬᠦᠢ᠍ᠴᠡᠳ ᠲᠠᠨᠢᠵᠤ ᠠᠷᠠᠳ ᠲᠦᠮᠡᠨ᠎ᠤ ᠬᠠᠤᠯᠢ ᠶᠤᠰᠤᠨ᠎ᠤ ᠡᠷᠭᠡ ᠠᠰᠢᠭ᠎ᠢ ᠬᠠᠤᠯᠢ ᠶᠤᠰᠤᠭ᠋ᠠᠷ ᠨᠡᠩ ᠰᠠᠢ᠍ᠢ᠍ᠨ ᠪᠠᠳᠤᠯᠠᠬᠤ ᠭᠡᠷᠡᠭᠳᠠᠢ》 ᠭᠡᠬᠦ ᠴᠢᠬᠤᠯᠠ ᠵᠤᠬᠢᠶᠠᠯ᠎ᠢ ᠨᠠᠢ᠍ᠢ᠍ᠳᠡᠯᠡᠪᠡ᠃
      ᠵᠤᠬᠢᠶᠠᠯ᠎ᠳᠤ᠂ ᠢᠷᠭᠡᠨ᠎ᠤ ᠬᠠᠤᠯᠢ ᠵᠢᠨ ᠪᠢᠴᠢᠭ᠎ᠨᠢ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲᠸᠮ᠎ᠳᠤ ᠴᠢᠬᠤᠯᠠ ᠪᠠᠢ᠍ᠢ᠍ᠷᠢ ᠰᠠᠭᠤᠷᠢ᠎ᠲᠠᠢ ᠶᠤᠮ᠂ ᠲᠠᠷᠡ ᠪᠤᠯ ᠦᠨᠳᠤᠰᠤ ᠵᠢ ᠪᠡᠬᠢᠵᠢᠬᠦᠯᠵᠤ᠂ ᠵᠢᠱ᠌ᠢᠯᠳᠠ ᠵᠢ ᠲᠤᠬᠳᠠᠪᠤᠷᠢᠵᠢᠭᠤᠯᠤᠨ᠂ ᠠᠯᠤᠰ ᠭᠡᠳᠤ᠎ᠳᠤ ᠠᠰᠢᠭᠲᠠᠢ ᠰᠠᠭᠤᠷᠢ ᠴᠢᠨᠠᠷᠳᠠᠢ ᠬᠠᠤᠯᠢ ᠴᠠᠭ᠋ᠠᠵᠠ ᠮᠦᠨ᠂ ᠡᠨᠡ᠎ᠨᠢ ᠪᠦᠬᠦ ᠲᠠᠯ᠎ᠡ᠎ᠪᠠᠷ ᠬᠠᠤᠯᠢ᠎ᠪᠠᠷ ᠤᠯᠤᠰ᠎ᠢ ᠵᠠᠰᠠᠬᠤ᠂ ᠨᠡᠢ᠍ᠢ᠍ᠭᠡᠮ ᠵᠢᠷᠤᠮ᠎ᠤᠨ ᠬᠠᠤᠯᠢᠵᠢᠯ᠎ᠤᠨ ᠤᠯᠤᠰ᠎ᠢ ᠲᠦᠷᠭᠡᠳᠭᠡᠨ ᠪᠦᠳᠦᠬᠡᠨ ᠪᠠᠢ᠍ᠢ᠍ᠭᠤᠯᠬᠤ ᠵᠢ ᠠᠬᠢᠭᠤᠯᠬᠤ᠂ ᠨᠡᠢ᠍ᠢ᠍ᠭᠡᠮ ᠵᠢᠷᠤᠮ᠎ᠤᠨ ᠵᠠᠬ᠎ᠡ ᠲᠡᠯᠭᠡᠬᠦᠷ᠎ᠤᠨ ᠠᠵᠤ ᠠᠬᠤᠢ ᠵᠢ ᠬᠦᠭᠵᠢᠬᠦᠯᠬᠦ᠂ ᠨᠡᠢ᠍ᠢ᠍ᠭᠡᠮ ᠵᠢᠷᠤᠮ᠎ᠤᠨ ᠦᠨᠳᠤᠰᠤᠨ ᠠᠵᠤ ᠠᠬᠤᠢ ᠵᠢᠨ ᠲᠦᠷᠢᠮ᠎ᠢ ᠪᠡᠬᠢᠵᠢᠬᠦᠯᠬᠦ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠳᠠ ᠵᠢᠨ ᠦᠵᠡᠯ ᠰᠠᠨᠠᠭ᠎ᠡ ᠵᠢ ᠪᠠᠷᠢᠮᠳᠠᠯᠠᠬᠤ᠂ ᠠᠷᠠᠳ ᠲᠦᠮᠡᠨ᠎ᠤ ᠬᠠᠤᠯᠢ ᠶᠤᠰᠤᠨ᠎ᠤ ᠡᠷᠭᠡ ᠠᠰᠢᠬ᠎ᠢ ᠬᠠᠤᠯᠢ ᠶᠤᠰᠤᠭ᠋ᠠᠷ ᠬᠠᠮᠠᠭ᠋ᠠᠯᠠᠬᠤ᠂ ᠮᠠᠨ᠎ᠤ ᠤᠯᠤᠰ᠎ᠤᠨ ᠬᠦᠮᠦᠨ᠎ᠤ ᠡᠷᠭᠡ ᠵᠢᠨ ᠦᠢ᠍ᠯᠡᠰ᠎ᠤᠨ ᠬᠦᠭᠵᠢᠯᠳᠠ ᠵᠢ ᠠᠬᠢᠭᠤᠯᠬᠤ᠂ ᠤᠯᠤᠰ᠎ᠤᠨ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠬᠤ᠎ᠳᠤ ᠴᠦᠮ ᠴᠢᠬᠤᠯᠠ ᠶᠡᠭᠡ ᠠᠴᠢ ᠬᠤᠯᠪᠤᠬᠳᠠᠯ᠎ᠲᠠᠢ ᠶᠤᠮ ᠭᠡᠵᠤ ᠴᠢᠬᠤᠯᠠᠴᠢᠯᠠᠪᠠ᠃
      ᠵᠤᠬᠢᠶᠠᠯ᠎ᠳᠤ᠂ ᠮᠠᠨ᠎ᠤ ᠤᠯᠤᠰ᠎ᠤᠨ ᠬᠤᠪᠢᠰᠬᠠᠯ᠂ ᠪᠦᠳᠦᠭᠡᠨ ᠪᠠᠢ᠍ᠢ᠍ᠭᠤᠯᠤᠯᠳᠠ᠂ ᠦᠭᠡᠷᠡᠴᠢᠯᠡᠯᠳᠠ ᠵᠢᠨ ᠡᠯ᠎ᠡ ᠲᠡᠤᠭᠡᠨ ᠴᠠᠭ ᠬᠤᠭᠤᠴᠠᠭ᠋ᠠᠨ᠎ᠳᠤ ᠮᠠᠨ᠎ᠤ ᠨᠠᠮ ᠴᠦᠮ ᠢᠷᠭᠡᠨ᠎ᠤ ᠭᠡᠷᠡᠭ᠎ᠤᠨ ᠬᠠᠤᠯᠢ ᠴᠠᠭ᠋ᠠᠵᠠ ᠵᠢ ᠲᠤᠬᠳᠠᠭ᠋ᠠᠨ ᠭᠡᠷᠡᠭᠵᠢᠬᠦᠯᠬᠦ ᠠᠵᠢᠯ᠎ᠢ ᠲᠡᠭᠡᠳᠤ ᠬᠡᠮᠵᠢᠶ᠎ᠡ᠎ᠪᠠᠷ ᠴᠢᠬᠤᠯᠠᠴᠢᠯᠠᠬᠰᠡᠭ᠋ᠠᠷ ᠢᠷᠡᠵᠠᠢ᠃ ᠨᠠᠮ᠎ᠤᠨ ᠠᠷᠪᠡᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠠ ᠦᠢ᠍ᠯᠡᠳᠦᠯᠭᠡ ᠵᠢᠨ ᠬᠦᠭᠵᠢᠯᠳᠠ ᠵᠢᠨ ᠱᠠᠭ᠋ᠠᠷᠳᠠᠯᠭ᠎ᠡ ᠪᠤᠯᠤᠨ ᠤᠯᠠᠨ ᠲᠦᠮᠡᠨ᠎ᠤ ᠬᠦᠰᠡᠯ ᠡᠷᠡᠮᠡᠯᠵᠡᠯ᠎ᠳᠤ ᠨᠡᠢ᠍ᠢ᠍ᠴᠡᠬᠦᠯᠵᠤ᠂ ᠢᠷᠭᠡᠨ᠎ᠤ ᠬᠠᠤᠯᠢ ᠵᠢᠨ ᠪᠢᠴᠢᠭ᠎ᠢ ᠲᠤᠭᠤᠷᠪᠢᠨ ᠨᠠᠢ᠍ᠢ᠍ᠷᠠᠭᠤᠯᠬᠤ ᠠᠵᠢᠯ᠎ᠢ ᠡᠳᠦᠷ ᠲᠤᠳᠤᠮ᠎ᠤᠨ ᠴᠢᠬᠤᠯᠠ ᠵᠦᠪᠯᠡᠬᠦ ᠵᠦᠢ᠍ᠯ᠎ᠳᠤ ᠤᠷᠤᠭᠤᠯᠪᠠ᠃ ᠡᠯ᠎ᠡ ᠲᠠᠯ᠎ᠡ ᠵᠢᠨ ᠬᠠᠮᠳᠤ ᠵᠢᠨ ᠴᠢᠷᠮᠠᠢ᠍ᠢ᠍ᠯᠭ᠎ᠡ ᠲᠤᠤᠷ᠎ᠠ 5 ᠵᠢᠯ ᠭᠠᠷᠤᠢ ᠠᠵᠢᠯᠯᠠᠬᠤ᠎ᠪᠠᠷ ᠲᠠᠮᠵᠢᠨ ᠢᠷᠭᠡᠨ᠎ᠤ ᠬᠠᠤᠯᠢ ᠵᠢᠨ ᠪᠢᠴᠢᠭ᠎ᠢ ᠡᠴᠤᠰ᠎ᠲᠡᠭᠡᠨ ᠨᠠᠢ᠍ᠢ᠍ᠳᠡᠯᠡᠨ ᠭᠡᠷᠡᠭᠵᠢᠬᠦᠯᠬᠦ᠎ᠪᠠᠷ ᠪᠤᠯᠵᠤ᠂ ᠭᠡᠳᠦᠨ ᠦᠶ᠎ᠡ ᠵᠢᠨ᠎ᠬᠢᠨ᠎ᠤ ᠬᠦᠰᠡᠯ ᠡᠷᠡᠮᠡᠯᠵᠡᠯ᠎ᠢ ᠪᠠᠶᠠᠯᠡᠬᠦᠯᠦᠭᠰᠡᠨ ᠪᠠᠢ᠍ᠢ᠍ᠨ᠎ᠡ ᠭᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠢᠷᠭᠡᠨ᠎ᠤ ᠬᠠᠤᠯᠢ ᠵᠢᠨ ᠪᠢᠴᠢᠭ᠎ᠨᠢ ᠰᠢᠨ᠎ᠡ ᠲᠤᠮᠳᠠᠳᠤ ᠤᠯᠤᠰ ᠪᠠᠢ᠍ᠢ᠍ᠭᠤᠯᠤᠬᠳᠠᠬᠰᠡᠨ 70 ᠭᠠᠷᠤᠢ ᠵᠢᠯ᠎ᠤᠨ ᠲᠤᠷᠰᠢᠬᠢ ᠤᠷᠳᠤ ᠬᠤᠭᠤᠴᠠᠭ᠋ᠠᠨ᠎ᠤ ᠦᠢ᠍ᠯᠡᠳᠦᠯᠭᠡ᠎ᠪᠠᠷ ᠲᠠᠮᠵᠢᠨ ᠪᠦᠷᠢᠯᠳᠦᠬᠦᠯᠦᠭᠰᠡᠨ ᠢᠷᠭᠡᠨ᠎ᠤ ᠬᠡᠷᠡᠭ᠎ᠤᠨ ᠬᠠᠤᠯᠢ ᠴᠠᠭ᠋ᠠᠵᠠ ᠵᠢᠨ ᠵᠢᠷᠤᠮᠵᠢᠯ᠎ᠢ ᠰᠢᠰᠲᠸᠮ᠎ᠲᠠᠢ ᠨᠡᠢ᠍ᠢ᠍ᠳᠭᠡᠵᠤ᠂ ᠲᠤᠮᠳᠠᠳᠤ ᠵᠢᠨ ᠦᠨᠳᠤᠰᠤᠳᠡᠨ᠎ᠤ 5000 ᠭᠠᠷᠤᠢ ᠵᠢᠯ᠎ᠤᠨ ᠰᠢᠯᠢᠳᠡᠭ ᠬᠠᠤᠯᠢ ᠴᠠᠭ᠋ᠠᠵᠠ ᠵᠢᠨ ᠰᠤᠶᠤᠯ᠎ᠢ ᠰᠢᠨᠭᠭᠡᠭᠡᠵᠤ᠂ ᠬᠦᠮᠦᠨ ᠲᠦᠷᠦᠯᠬᠢᠳᠠᠨ᠎ᠤ ᠬᠠᠤᠯᠢᠵᠢᠯ᠎ᠤᠨ ᠪᠤᠯᠪᠠᠰᠤᠨ᠎ᠤ ᠪᠠᠢ᠍ᠢ᠍ᠭᠤᠯᠤᠯᠳᠠ ᠵᠢᠨ ᠠᠰᠢᠬᠳᠠᠢ ᠦᠷ᠎ᠡ ᠪᠦᠳᠦᠭᠡᠯ᠎ᠢ ᠲᠤᠯᠢᠯᠠᠨ᠂ ᠮᠠᠨ᠎ᠤ ᠤᠯᠤᠰ᠎ᠤᠨ ᠨᠡᠢ᠍ᠢ᠍ᠭᠡᠮ ᠵᠢᠷᠤᠮ᠎ᠤᠨ ᠰᠢᠨᠵᠢ ᠴᠢᠨᠠᠷ᠎ᠢ ᠬᠠᠷᠠᠭᠤᠯᠵᠤ᠂ ᠠᠷᠠᠳ ᠲᠦᠮᠡᠨ᠎ᠤ ᠠᠰᠢᠭ ᠲᠤᠰᠠ ᠪᠤᠯᠤᠨ ᠬᠦᠰᠡᠯ ᠡᠷᠡᠮᠡᠯᠵᠡᠯ᠎ᠲᠠᠢ ᠨᠡᠢ᠍ᠢ᠍ᠴᠡᠵᠤ᠂ ᠴᠠᠭ ᠦᠶ᠎ᠡ ᠵᠢᠨ ᠬᠦᠭᠵᠢᠯᠳᠠ ᠵᠢᠨ ᠱᠠᠭ᠋ᠠᠷᠳᠠᠯᠭ᠎ᠡ᠎ᠲᠠᠢ ᠵᠤᠬᠢᠴᠠᠬᠰᠡᠨ ᠢᠷᠭᠡᠨ᠎ᠤ ᠬᠠᠤᠯᠢ ᠵᠢᠨ ᠪᠢᠴᠢᠭ ᠮᠦᠨ᠂ ᠡᠨᠡ ᠪᠤᠯ ᠠᠮᠢ ᠨᠠᠰᠤᠨ᠎ᠤ ᠡᠷᠡᠬᠦᠯ ᠮᠠᠨᠳᠤ᠂ ᠡᠳ᠋ ᠬᠦᠷᠤᠨᠭ᠌ᠭᠡ ᠵᠢᠨ ᠠᠮᠤᠷ ᠲᠦᠪᠰᠢᠨ᠂ ᠠᠷᠠᠯᠵᠢᠶᠠᠨ᠎ᠤ ᠲᠦᠬᠦᠮ ᠲᠦᠳᠡ᠂ ᠠᠮᠢᠳᠤᠷᠠᠯ᠎ᠤᠨ ᠵᠤᠯ ᠵᠢᠷᠭ᠋ᠠᠯ᠂ ᠬᠦᠮᠦᠨ᠎ᠤ ᠨᠠᠷ᠎ᠡ ᠬᠦᠨᠳᠤ ᠵᠡᠷᠭᠡ ᠡᠯ᠎ᠡ ᠲᠠᠯ᠎ᠡ ᠵᠢᠨ ᠡᠷᠭᠡ ᠠᠰᠢᠭ᠎ᠤᠨ ᠡᠷᠭᠡ ᠲᠡᠭᠰᠢ ᠵᠢ ᠬᠠᠮᠠᠭ᠋ᠠᠯᠠᠬᠤ ᠢᠷᠭᠡᠨ᠎ᠤ ᠬᠠᠤᠯᠢ ᠵᠢᠨ ᠪᠢᠴᠢᠭ ᠮᠦᠨ᠂ ᠢᠯᠡ ᠲᠤᠳᠤ ᠲᠤᠮᠳᠠᠳᠤ ᠤᠯᠤᠰ᠎ᠤᠨ ᠤᠨᠴᠠᠯᠢᠭ᠎ᠲᠠᠢ᠂ ᠦᠢ᠍ᠯᠡᠳᠦᠯᠭᠡ ᠵᠢᠨ ᠤᠨᠴᠠᠯᠢᠭ᠎ᠲᠠᠢ᠂ ᠴᠠᠭ ᠦᠶ᠎ᠡ ᠵᠢᠨ ᠤᠨᠴᠠᠯᠢᠭ᠎ᠲᠠᠢ ᠢᠷᠭᠡᠨ᠎ᠤ ᠬᠠᠤᠯᠢ ᠵᠢᠨ ᠪᠢᠴᠢᠭ ᠪᠤᠯᠤᠨ᠎ᠡ ᠭᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠢᠷᠭᠡᠨ᠎ᠤ ᠬᠠᠤᠯᠢ ᠵᠢᠨ ᠪᠢᠴᠢᠭ᠎ᠤᠨ ᠴᠢᠬᠤᠯᠠ ᠶᠡᠭᠡ ᠠᠴᠢ ᠬᠤᠯᠪᠤᠬᠳᠠᠯ᠎ᠤᠨ ᠲᠤᠬᠠᠢ ᠤᠬᠠᠭᠤᠯᠭ᠎ᠡ ᠬᠦᠮᠦᠵᠢᠯ᠎ᠢ ᠴᠢᠨᠭ᠌ᠭ᠋ᠠᠳᠬᠠᠬᠤ ᠭᠡᠷᠡᠭᠳᠠᠢ᠃ ᠢᠷᠭᠡᠨ᠎ᠤ ᠬᠠᠤᠯᠢ ᠵᠢᠨ ᠪᠢᠴᠢᠭ᠎ᠢ ᠰᠠᠢ᠍ᠢ᠍ᠳᠤᠷ ᠭᠡᠷᠡᠭᠵᠢᠬᠦᠯᠬᠦ ᠪᠤᠯ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠵᠢ ᠪᠠᠷᠢᠮᠳᠠᠯᠠᠵᠤ᠂ ᠠᠷᠠᠳ ᠲᠦᠮᠡᠨ᠎ᠤ ᠡᠷᠭᠡ ᠠᠰᠢᠭ᠎ᠢ ᠪᠠᠳᠤᠯᠠᠬᠤ ᠵᠢ ᠪᠠᠶᠠᠯᠡᠬᠦᠯᠬᠦ ᠪᠠ ᠬᠦᠭᠵᠢᠬᠦᠯᠬᠦ ᠵᠢᠨ ᠵᠠᠢ᠍ᠢ᠍ᠯᠠᠰᠢ ᠦᠭᠡᠢ ᠱᠠᠭ᠋ᠠᠷᠳᠠᠯᠭ᠎ᠡ ᠪᠤᠯᠬᠤ᠂ ᠨᠡᠢ᠍ᠢ᠍ᠭᠡᠮ ᠵᠢᠷᠤᠮ᠎ᠤᠨ ᠵᠠᠬ᠎ᠡ ᠲᠡᠯᠭᠡᠬᠦᠷ᠎ᠤᠨ ᠠᠵᠤ ᠠᠬᠤᠢ ᠵᠢ ᠬᠦᠭᠵᠢᠬᠦᠯᠵᠤ᠂ ᠨᠡᠢ᠍ᠢ᠍ᠭᠡᠮ ᠵᠢᠷᠤᠮ᠎ᠤᠨ ᠦᠨᠳᠤᠰᠤᠨ ᠠᠵᠤ ᠠᠬᠤᠢ ᠵᠢᠨ ᠲᠦᠷᠢᠮ᠎ᠢ ᠪᠡᠬᠢᠵᠢᠬᠦᠯᠬᠦ ᠵᠢᠨ ᠵᠠᠢ᠍ᠢ᠍ᠯᠠᠰᠢ ᠦᠭᠡᠢ ᠱᠠᠭ᠋ᠠᠷᠳᠠᠯᠭ᠎ᠡ ᠪᠤᠯᠬᠤ᠂ ᠮᠠᠨ᠎ᠤ ᠨᠠᠮ᠎ᠤᠨ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠲᠦᠪᠰᠢᠨ᠎ᠢ ᠲᠡᠭᠡᠭᠰᠢᠯᠡᠬᠦᠯᠬᠦ ᠵᠢᠨ ᠵᠠᠢ᠍ᠢ᠍ᠯᠠᠰᠢ ᠦᠭᠡᠢ ᠱᠠᠭ᠋ᠠᠷᠳᠠᠯᠭ᠎ᠡ ᠪᠤᠯᠬᠤ ᠭᠡᠳᠡᠭ᠎ᠢ ᠲᠤᠳᠤᠷᠬᠠᠢ ᠶᠠᠷᠢᠬᠤ ᠭᠡᠷᠡᠭᠳᠠᠢ᠃ ᠢᠷᠬᠡᠨ᠎ᠤ ᠬᠠᠤᠯᠢ ᠵᠢᠨ ᠪᠢᠴᠢᠭ ᠪᠤᠯ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠴᠢᠬᠤᠯᠠ ᠲᠦᠷᠢᠮ᠎ᠤᠨ ᠠᠴᠢᠶᠠᠯᠠᠪᠤᠷᠢ ᠮᠦᠨ᠂ ᠮᠠᠰᠢ ᠤᠯᠠᠨ ᠲᠤᠭᠳᠠᠭ᠋ᠠᠯ᠎ᠨᠢ ᠬᠤᠯᠪᠤᠬᠳᠠᠯ ᠪᠦᠬᠦᠢ ᠤᠯᠤᠰ᠎ᠤᠨ ᠪᠠᠢ᠍ᠢ᠍ᠭᠤᠯᠭ᠎ᠠ᠎ᠲᠠᠢ ᠰᠢᠭᠤᠳ ᠬᠤᠯᠪᠤᠬᠳᠠᠵᠦ᠂ ᠠᠷᠠᠳ ᠢᠷᠬᠡᠨ ᠪᠤᠯᠤᠨ ᠬᠠᠤᠯᠢ ᠵᠢᠨ ᠡᠷᠬᠡᠳᠡᠨ᠎ᠤ ᠡᠷᠬᠡ ᠠᠰᠢᠬ ᠡᠬᠦᠷᠬᠡ᠎ᠲᠠᠢ ᠰᠢᠭᠤᠳ ᠬᠤᠯᠪᠤᠬᠳᠠᠵᠤ ᠪᠠᠢ᠍ᠢ᠍ᠨ᠎ᠠ᠃ ᠢᠷᠬᠡᠨ᠎ᠤ ᠬᠠᠤᠯᠢ ᠵᠢᠨ ᠪᠢᠴᠢᠭ᠎ᠢ ᠭᠡᠷᠡᠭᠵᠢᠬᠦᠯᠬᠦ ᠲᠦᠪᠰᠢᠨ ᠪᠠ ᠦᠷ᠎ᠠ ᠠᠰᠢᠬ ᠪᠤᠯ ᠡᠯ᠎ᠠ ᠱᠠᠳᠤᠨ᠎ᠤ ᠨᠠᠮ ᠪᠤᠯᠤᠨ ᠲᠦᠷᠤ ᠵᠢᠨ ᠪᠠᠢ᠍ᠢ᠍ᠭᠤᠯᠭ᠎ᠠ ᠵᠢᠨ ᠠᠷᠠᠳ ᠲᠦᠮᠡᠨ᠎ᠳᠤ ᠤᠢ᠍ᠢ᠍ᠯᠡᠴᠢᠯᠡᠬᠦ ᠵᠤᠷᠢᠯᠳᠠ ᠵᠢ ᠬᠦᠢ᠍ᠴᠡᠳᠬᠡᠬᠦ ᠴᠢᠬᠤᠯᠠ ᠬᠡᠮᠵᠢᠬᠦᠷ ᠪᠤᠯᠤᠨ᠎ᠠ ᠭᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠢᠷᠬᠡᠨ᠎ᠤ ᠬᠡᠷᠡᠭ᠎ᠤᠨ ᠬᠠᠤᠯᠢ ᠵᠢ ᠲᠤᠭᠳᠠᠭ᠋ᠠᠬᠤ ᠬᠤᠯᠪᠤᠬᠳᠠᠯ ᠪᠦᠬᠦᠢ ᠠᠵᠢᠯ᠎ᠢ ᠴᠢᠩᠭ᠋ᠠᠳᠬᠠᠬᠤ ᠭᠡᠷᠡᠭᠳᠠᠢ᠃ ᠢᠷᠬᠡᠨ᠎ᠤ ᠬᠠᠤᠯᠢ ᠵᠢᠨ ᠪᠢᠴᠢᠭ᠎ᠢ ᠨᠡᠢ᠍ᠢ᠍ᠳᠠᠯᠠᠨ ᠭᠡᠷᠡᠭᠵᠢᠬᠦᠯᠬᠦ᠎ᠨᠢ ᠢᠷᠬᠡᠨ᠎ᠤ ᠭᠡᠷᠡᠭ᠎ᠤᠨ ᠬᠠᠤᠯᠢᠵᠢᠯ᠎ᠤᠨ ᠪᠠᠢ᠍ᠢ᠍ᠭᠤᠯᠤᠯᠳᠠ ᠵᠢᠨ ᠠᠰᠠᠭᠤᠳᠠᠯ ᠪᠦᠬᠦᠨ᠎ᠢ ᠰᠢᠢ᠍ᠳᠪᠤᠷᠢᠯᠡᠭᠰᠡᠨ ᠶᠠᠪᠤᠳᠠᠯ ᠪᠢᠰᠢ᠂ ᠮᠠᠰᠢ ᠤᠯᠠᠨ ᠠᠰᠠᠭᠤᠳᠠᠯ᠎ᠢ ᠪᠠᠰᠠ ᠤᠢ᠍ᠢ᠍ᠯᠡᠳᠤᠯᠬᠡ ᠵᠢᠨ ᠲᠤᠮᠳᠠ ᠰᠢᠯᠭ᠋ᠠᠨ ᠪᠠᠢ᠍ᠢ᠍ᠴᠠᠭ᠋ᠠᠵᠤ ᠬᠠᠢ᠍ᠢ᠍ᠨ ᠰᠦᠪᠡᠭᠴᠢᠯᠠᠨ᠂ ᠪᠠᠰᠠ ᠲᠠᠰᠤᠷᠠᠯᠳᠠ ᠦᠬᠡᠢ ᠢᠵᠢ ᠪᠦᠷᠢᠳᠤᠬᠦᠯᠤᠨ ᠨᠦᠬᠦᠪᠤᠷᠢᠯᠠᠵᠤ ᠨᠠᠷᠢᠯᠢᠭᠵᠢᠭᠤᠯᠬᠤ ᠭᠡᠷᠡᠭᠳᠠᠢ᠃ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠰᠢᠨ᠎ᠠ ᠤᠢ᠍ᠢ᠍ᠯᠡᠳᠤᠯᠬᠡ ᠵᠢᠨ ᠰᠠᠭᠤᠷᠢᠨ᠎ᠳᠤ ᠢᠷᠬᠡᠨ᠎ᠤ ᠬᠠᠤᠯᠢ ᠵᠢᠨ ᠪᠢᠴᠢᠭ᠎ᠢ ᠲᠠᠰᠤᠷᠠᠯᠳᠠ ᠦᠬᠡᠢ ᠲᠡᠭᠦᠯᠳᠡᠷᠵᠢᠭᠦᠯᠤᠨ ᠬᠦᠭᠵᠢᠬᠦᠯᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠢᠷᠬᠡᠨ᠎ᠤ ᠬᠠᠤᠯᠢ ᠵᠢᠨ ᠪᠢᠴᠢᠭ᠎ᠤᠨ ᠬᠠᠤᠯᠢ ᠭᠡᠷᠡᠭᠵᠢᠬᠦᠯᠬᠦ ᠬᠠᠤᠯᠢ ᠪᠠᠷᠢᠬᠤ ᠠᠵᠢᠯᠯᠠᠭ᠎ᠠ ᠵᠢ ᠴᠢᠩᠭ᠋ᠠᠳᠬᠠᠬᠤ ᠭᠡᠷᠡᠭᠳᠠᠢ᠃ ᠡᠯ᠎ᠠ ᠱᠠᠳᠤᠨ᠎ᠤ ᠵᠠᠰᠠᠬ᠎ᠤᠨ ᠤᠷᠳᠤᠨ᠎ᠤ᠎ᠬᠢᠨ ᠢᠷᠬᠡᠨ᠎ᠤ ᠬᠠᠤᠯᠢ ᠵᠢᠨ ᠪᠢᠴᠢᠭ᠎ᠢ ᠪᠦᠳᠤᠮᠵᠢᠳᠠᠢ ᠭᠡᠷᠡᠭᠵᠢᠬᠦᠯᠬᠦ᠎ᠪᠠᠷ ᠴᠢᠬᠤᠯᠠ ᠭᠠᠷᠳᠠᠴᠠ ᠪᠤᠯᠭ᠋ᠠᠨ ᠬᠠᠤᠯᠢᠵᠢᠯ᠎ᠤᠨ ᠵᠠᠰᠠᠬ᠎ᠤᠨ ᠤᠷᠳᠤᠨ᠎ᠤ ᠪᠠᠢ᠍ᠢ᠍ᠭᠤᠯᠤᠯᠳᠠ ᠵᠢ ᠠᠬᠢᠭᠤᠯᠵᠤ᠂ ᠢᠷᠬᠡᠨ᠎ᠤ ᠬᠠᠤᠯᠢ ᠵᠢᠨ ᠪᠢᠴᠢᠭ᠎ᠢ ᠵᠠᠰᠠᠬ ᠵᠠᠬᠢᠷᠭ᠋ᠠᠨ᠎ᠤ ᠰᠢᠢ᠍ᠳᠪᠤᠷᠢᠳᠤ ᠪᠤᠳᠤᠯᠭ᠎ᠠ᠂ ᠵᠠᠰᠠᠬ ᠵᠠᠬᠢᠷᠭ᠋ᠠᠨ᠎ᠤ ᠬᠠᠮᠢᠶᠠᠷᠤᠯᠳᠠ᠂ ᠵᠠᠰᠠᠬ ᠵᠠᠬᠢᠷᠭ᠋ᠠᠨ᠎ᠤ ᠬᠢᠨᠠᠯᠳᠠ ᠵᠢᠨ ᠴᠢᠬᠤᠯᠠ ᠭᠡᠮᠵᠢᠬᠦᠷ ᠪᠤᠯᠭ᠋ᠠᠬᠤ ᠭᠡᠷᠡᠭᠳᠠᠢ᠃ ᠡᠯ᠎ᠠ ᠱᠠᠳᠤᠨ᠎ᠤ ᠬᠠᠤᠯᠢ ᠴᠠᠭ᠋ᠠᠵᠠ ᠵᠢᠨ ᠪᠠᠢ᠍ᠢ᠍ᠭᠤᠯᠭ᠎ᠠ ᠵᠢᠨ᠎ᠬᠢᠨ ᠲᠦᠪ ᠭᠤᠤᠯᠴᠢ᠎ᠪᠠᠷ ᠬᠠᠤᠯᠢ ᠪᠠᠷᠢᠬᠤ ᠵᠢ ᠪᠠᠷᠢᠮᠳᠠᠯᠠᠵᠤ᠂ ᠢᠷᠬᠡᠨ᠎ᠤ ᠭᠡᠷᠡᠭ᠎ᠢ ᠰᠢᠬᠦᠨ ᠲᠠᠰᠤᠯᠬᠤ ᠲᠦᠪᠰᠢᠨ ᠪᠤᠯᠤᠨ ᠦᠷ᠎ᠠ ᠠᠰᠢᠬ᠎ᠢ ᠲᠡᠭᠡᠭᠰᠢᠯᠡᠬᠦᠯᠬᠦ ᠭᠡᠷᠡᠭᠳᠠᠢ᠃ ᠬᠠᠤᠯᠢᠴᠢ ᠵᠢᠨ ᠭᠡᠷᠡᠭ ᠡᠷᠬᠢᠯᠡᠬᠦ ᠭᠠᠵᠠᠷ ᠪᠤᠯᠤᠨ ᠬᠠᠤᠯᠢᠴᠢ ᠵᠡᠷᠬᠡ ᠬᠠᠤᠯᠢ ᠴᠠᠭ᠋ᠠᠵᠠ ᠵᠢᠨ ᠲᠤᠰᠬᠠᠢ ᠮᠡᠷᠬᠡᠵᠢᠯ᠎ᠤᠨ ᠪᠠᠢ᠍ᠢ᠍ᠭᠤᠯᠤᠮᠵᠢ᠂ ᠲᠤᠰᠬᠠᠢ ᠮᠡᠷᠭᠡᠵᠢᠯ᠎ᠤᠨ ᠠᠵᠢᠯᠳᠠᠨ᠎ᠤ ᠤᠢ᠍ᠢ᠍ᠯᠡᠳᠤᠯ᠎ᠢ ᠬᠦᠢ᠍ᠴᠡᠳ ᠪᠠᠳᠠᠷᠠᠭᠤᠯᠤᠨ᠂ ᠠᠷᠠᠳ᠎ᠤᠨ ᠡᠶᠡᠳᠡᠬᠦᠯᠬᠡ᠂ ᠬᠤᠳᠠᠯᠳᠤᠭ᠋ᠠᠨ᠎ᠤ ᠶᠠᠪᠤᠳᠠᠯ᠎ᠢ ᠬᠦᠨᠳᠠᠯᠠᠨ᠎ᠠᠴᠠ ᠲᠠᠰᠤᠯᠬᠤ ᠵᠡᠷᠬᠡ ᠵᠢᠭᠤᠷᠠᠭ᠋ᠠᠨ᠎ᠢ ᠰᠢᠢ᠍ᠳᠪᠤᠷᠢᠯᠡᠬᠦ ᠤᠯᠠᠨ ᠡᠰᠢᠴᠢᠯᠡᠭᠰᠡᠨ ᠲᠤᠭᠳᠠᠴᠠ ᠵᠢᠨ ᠤᠢ᠍ᠢ᠍ᠯᠡᠳᠤᠯ᠎ᠢ ᠪᠠᠳᠠᠷᠠᠭᠤᠯᠵᠤ᠂ ᠢᠷᠬᠡᠨ᠎ᠤ ᠬᠠᠤᠯᠢ ᠵᠢᠨ ᠪᠢᠴᠢᠭ᠎ᠢ ᠭᠡᠷᠡᠭᠵᠢᠬᠦᠯᠬᠦ ᠠᠵᠢᠯ᠎ᠢ ᠤᠯᠠᠨ ᠲᠠᠯ᠎ᠠ᠎ᠪᠠᠷ ᠠᠬᠢᠭᠤᠯᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠢᠷᠬᠡᠨ᠎ᠤ ᠬᠠᠤᠯᠢ ᠵᠢᠨ ᠪᠢᠴᠢᠭ᠎ᠤᠨ ᠬᠠᠤᠯᠢ ᠲᠦᠬᠡᠮᠡᠯᠵᠢᠬᠦᠯᠬᠦ ᠠᠵᠢᠯ᠎ᠢ ᠴᠢᠩᠭ᠋ᠠᠳᠬᠠᠬᠤ ᠭᠡᠷᠡᠭᠳᠠᠢ᠃ ᠢᠷᠬᠡᠨ᠎ᠤ ᠬᠠᠤᠯᠢ ᠵᠢᠨ ᠪᠢᠴᠢᠭ᠎ᠤᠨ ᠬᠠᠤᠯᠢ ᠲᠦᠬᠡᠮᠡᠯᠵᠢᠬᠦᠯᠬᠦ ᠠᠵᠢᠯ᠎ᠢ ᠦᠷᠬᠡᠨ ᠲᠠᠯᠬᠡᠷ ᠦᠷᠨᠢᠬᠦᠯᠵᠤ᠂ ᠲᠡᠬᠦᠨ᠎ᠢ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢᠨ ᠬᠤᠭᠤᠴᠠᠭ᠋ᠠᠨ᠎ᠤ ᠬᠠᠤᠯᠢ ᠲᠦᠬᠡᠮᠡᠯᠵᠢᠬᠦᠯᠬᠦ ᠠᠵᠢᠯ᠎ᠤᠨ ᠭᠤᠤᠯᠳᠠᠯᠭ᠎ᠠ ᠪᠤᠯᠭ᠋ᠠᠨ ᠠᠳᠬᠤᠬᠤ ᠭᠡᠷᠡᠭᠳᠠᠢ᠃ ᠢᠷᠬᠡᠨ᠎ᠤ ᠬᠠᠤᠯᠢ ᠵᠢᠨ ᠪᠢᠴᠢᠭ᠎ᠢ ᠤᠯᠤᠰ ᠠᠷᠠᠳ᠎ᠤᠨ ᠰᠤᠷᠭ᠋ᠠᠨ ᠬᠦᠮᠤᠵᠢᠯ᠎ᠤᠨ ᠰᠢᠰᠲᠸᠮ᠎ᠳᠤ ᠤᠷᠤᠭᠤᠯᠵᠤ᠂ ᠵᠠᠯᠠᠭᠤᠴᠤᠳ ᠪᠠᠭ᠋ᠠᠴᠤᠳ᠎ᠲᠤ ᠢᠷᠬᠡᠨ᠎ᠤ ᠬᠠᠤᠯᠢ ᠵᠢᠨ ᠪᠢᠴᠢᠭ᠎ᠤᠨ ᠬᠦᠮᠤᠵᠢᠯ ᠬᠢᠬᠦ ᠭᠡᠷᠡᠭᠳᠠᠢ᠃ ᠢᠷᠬᠡᠨ᠎ᠤ ᠬᠠᠤᠯᠢ ᠵᠢᠨ ᠪᠢᠴᠢᠭ᠎ᠤᠨ ᠶᠠᠷᠤᠩᠬᠡᠢ ᠲᠦᠷᠢᠮ᠎ᠤᠨ ᠪᠤᠳᠢ ᠪᠤᠯᠤᠨ ᠡᠯ᠎ᠠ ᠬᠤᠪᠢᠶᠠᠷᠢ ᠪᠤᠳᠢ ᠵᠢᠨ ᠡᠵᠡᠮᠰᠢᠬᠦ ᠴᠢᠬᠤᠯᠠᠳᠠᠢ ᠭᠤᠤᠯ ᠠᠭᠤᠯᠭ᠎ᠠ ᠪᠤᠯᠤᠨ ᠭᠤᠤᠯᠳᠠᠯᠭ᠎ᠠ᠎ᠲᠠᠢ ᠠᠰᠠᠭᠤᠳᠠᠯ᠎ᠳᠤ ᠠᠩᠬᠠᠷᠤᠯ ᠵᠶ᠋ᠠᠨ ᠲᠦᠪᠯᠡᠷᠡᠬᠦᠯᠵᠤ᠂ ᠢᠷᠬᠡᠨ᠎ᠤ ᠬᠠᠤᠯᠢ ᠵᠢᠨ ᠪᠢᠴᠢᠭ᠎ᠤᠨ ᠦᠨᠳᠤᠰᠤᠨ ᠵᠠᠷᠴᠢᠮ᠂ ᠦᠨᠳᠤᠰᠤᠨ ᠱᠠᠭ᠋ᠠᠷᠳᠠᠯᠭ᠎ᠠ ᠪᠤᠯᠤᠨ ᠠᠯᠢ ᠤᠯᠠᠨ ᠰᠢᠨ᠎ᠠ ᠲᠤᠭᠳᠠᠭ᠋ᠠᠯ ᠰᠢᠨ᠎ᠠ ᠤᠢ᠍ᠢ᠍ᠯᠠᠭ᠋ᠠᠭᠳᠠᠬᠤᠨ ᠰᠢᠨ᠎ᠠ ᠵᠤᠷᠢᠬ ᠰᠠᠨᠠᠭ᠎ᠠ ᠵᠢ ᠰᠠᠢ᠍ᠢ᠍ᠳᠤᠷ ᠳᠤᠳᠤᠷᠬᠠᠢ᠍ᠢ᠍ᠯᠠᠨ ᠲᠠᠢ᠍ᠢ᠍ᠯᠪᠤᠷᠢᠯᠠᠬᠤ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠮᠠᠨ᠎ᠤ ᠤᠯᠤᠰ᠎ᠤᠨ ᠢᠷᠬᠡᠨ᠎ᠤ ᠬᠠᠤᠯᠢ ᠲᠦᠷᠢᠮ᠎ᠤᠨ ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠢᠷᠬᠡᠨ᠎ᠤ ᠬᠠᠤᠯᠢ ᠵᠢᠨ ᠪᠢᠴᠢᠭ᠎ᠢ ᠪᠦᠳᠤᠮᠵᠢᠳᠠᠢ ᠭᠡᠷᠡᠭᠵᠢᠬᠦᠯᠬᠦ ᠪᠠ ᠮᠠᠨ᠎ᠤ ᠤᠯᠤᠰ᠎ᠤᠨ ᠢᠷᠬᠡᠨ᠎ᠤ ᠬᠠᠤᠯᠢ ᠲᠦᠷᠢᠮ᠎ᠢ ᠬᠦᠭᠵᠢᠬᠦᠯᠬᠦ᠎ᠳᠤ ᠤᠨᠤᠯ᠎ᠤᠨ ᠲᠤᠯᠭ᠋ᠠᠭᠤᠷᠢᠯᠠᠯ ᠬᠠᠩᠭ᠋ᠠᠬᠤ ᠭᠡᠷᠡᠭᠳᠠᠢ᠃ ᠡᠯ᠎ᠠ ᠱᠠᠳᠤᠨ᠎ᠤ ᠨᠠᠮ ᠪᠤᠯᠤᠨ ᠲᠦᠷᠤ ᠵᠢᠨ ᠪᠠᠢ᠍ᠢ᠍ᠭᠤᠯᠭ᠎ᠠ ᠵᠢᠨ᠎ᠬᠢᠨ ᠢᠷᠬᠡᠨ᠎ᠤ ᠬᠠᠤᠯᠢ ᠵᠢᠨ ᠪᠢᠴᠢᠭ᠎ᠤᠨ ᠭᠡᠷᠡᠭᠵᠢᠬᠦᠯᠤᠯᠳᠠ ᠵᠢ ᠲᠦᠷᠦᠬᠦᠯᠡᠨ ᠤᠬᠠᠭᠤᠯᠵᠤ᠂ ᠠᠬᠢᠭᠤᠯᠵᠤ᠂ ᠪᠠᠳᠤᠯᠠᠬᠤ ᠬᠡᠷᠡᠭᠳᠠᠢ᠂ ᠪᠠᠢ᠍ᠢ᠍ᠴᠠᠭ᠋ᠠᠯᠳᠠ ᠬᠢᠵᠤ ᠬᠢᠨᠠᠯᠳᠠ ᠲᠠᠯᠪᠢᠬᠤ᠎ᠪᠠᠨ ᠴᠢᠩᠭ᠋ᠠᠳᠬᠠᠨ᠂ ᠢᠷᠬᠡᠨ᠎ᠤ ᠬᠠᠤᠯᠢ ᠵᠢᠨ ᠪᠢᠴᠢᠭ᠎ᠢ ᠪᠦᠬᠦ ᠲᠠᠯ᠎ᠠ᠎ᠪᠠᠷ ᠪᠦᠳᠤᠮᠵᠢᠳᠠᠢ ᠭᠡᠷᠡᠭᠵᠢᠬᠦᠯᠬᠦ ᠵᠢ ᠪᠠᠳᠤᠯᠠᠬᠤ ᠭᠡᠷᠡᠭᠳᠠᠢ᠃ ᠡᠯ᠎ᠠ ᠱᠠᠳᠤᠨ᠎ᠤ ᠤᠳᠤᠷᠢᠳᠬᠤ ᠺᠠᠳ᠋ᠷᠴᠤᠳ ᠢᠷᠬᠡᠨ᠎ᠤ ᠬᠠᠤᠯᠢ ᠵᠢᠨ ᠪᠢᠴᠢᠭ᠎ᠢ ᠰᠤᠷᠤᠯᠴᠠᠬᠤ᠂ ᠵᠢᠷᠤᠮᠯᠠᠬᠤ᠂ ᠬᠠᠮᠠᠭ᠋ᠠᠯᠠᠬᠤ ᠦᠯᠢᠬᠡᠷ ᠲᠠᠭᠤᠷᠢᠶᠠᠯ ᠪᠤᠯᠵᠤ᠂ ᠢᠷᠬᠡᠨ᠎ᠤ ᠬᠠᠤᠯᠢ ᠵᠢᠨ ᠪᠢᠴᠢᠭ ᠵᠶ᠋ᠠᠷ ᠠᠷᠠᠳ ᠲᠦᠡᠮᠨ᠎ᠤ ᠡᠷᠬᠡ ᠠᠰᠢᠬ᠎ᠢ ᠬᠠᠮᠠᠭ᠋ᠠᠯᠠᠬᠤ᠂ ᠵᠦᠷᠢᠴᠠᠯ ᠵᠢᠭᠤᠷᠠᠭ᠋ᠠᠨ᠎ᠢ ᠰᠢᠢ᠍ᠳᠪᠤᠷᠢᠯᠡᠬᠦ᠂ ᠨᠡᠢ᠍ᠢ᠍ᠬᠡᠮ᠎ᠤᠨ ᠡᠶ᠎ᠠ ᠵᠤᠬᠢᠴᠠᠩᠭᠤᠢ ᠲᠤᠭᠳᠠᠭᠤᠨ ᠪᠠᠢ᠍ᠢ᠍ᠳᠠᠯ᠎ᠢ ᠠᠬᠢᠭᠤᠯᠬᠤ ᠴᠢᠳᠠᠪᠤᠷᠢ ᠪᠠ ᠲᠦᠪᠰᠢᠨ ᠵᠶ᠋ᠠᠨ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃



ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠦᠶᠡᠷ᠎ᠢ ᠰᠡᠷᠭᠡᠢ᠍ᠢ᠍ᠯᠡᠨ ᠭᠠᠮᠰᠢᠭ᠎ᠠᠴᠠ ᠠᠪᠤᠷᠠᠬᠤ ᠠᠵᠢᠯ᠎ᠳᠤ ᠴᠢᠬᠤᠯᠠ ᠵᠢᠭ᠋ᠠᠪᠤᠷᠢ ᠥᠭᠪᠡ
《ᠦᠨᠡᠨ》 ᠰᠡᠳᠬᠦᠯ ᠶᠡᠷᠤᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠰᠢ ᠵᠢᠨ ᠫᠢᠩ ᠪᠠᠢ᠌ᠭᠤᠯᠵᠦ ᠲᠠᠭᠤᠰᠤᠭᠰᠠᠨ ᠵᠢᠴᠢ ᠠᠰᠢᠬᠯᠠᠯᠳᠠ᠎ᠳᠤ ᠤᠷᠤᠭᠤᠯᠬᠤ ᠶᠤᠰᠤᠯᠠᠯ᠎ᠳᠤ ᠤᠷᠤᠯᠴᠠᠵᠦ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠪᠦᠮᠪᠦᠷᠴᠡᠭ᠎ᠤᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ ᠵᠢᠩᠬᠢᠨᠢ᠎ᠪᠠᠷ ᠨᠡᠪᠳᠡᠷᠡᠭᠰᠡᠨ᠎ᠢ ᠵᠠᠷᠯᠠᠵᠠᠢ
ᠰᠢ ᠵᠢᠨ ᠫᠢᠩ ᠴᠠᠬᠢᠯᠭ᠋ᠠᠨ ᠴᠢᠮᠡᠬᠡ ᠶᠠᠪᠤᠭᠤᠯᠵᠥ ᠯᠦᠺᠠᠱᠸᠨᠨᠺᠸ ᠵᠢᠨ ᠪᠸᠯᠤᠷᠦᠢ᠍ᠰᠢᠶ᠎ᠠ ᠵᠢᠨ ᠶᠡᠷᠤᠩᠬᠡᠢ᠍ᠢ᠍ᠯᠡᠭᠴᠢ᠎ᠪᠠᠷ ᠲᠠᠬᠢᠨᠲᠠ ᠰᠤᠩᠭᠤᠭᠳᠠᠬᠰᠠᠠ᠎ᠳᠤ ᠪᠠᠶᠠᠷ ᠬᠦᠷᠬᠡᠪᠡ
ᠤᠯᠤᠰ᠎ᠤᠨ ᠲᠡᠷᠢᠬᠦᠯᠡᠭᠴᠢ ᠰᠢ ᠵᠢᠨ ᠫᠢᠩ ᠲᠡᠷᠢᠬᠦᠯᠡᠭᠴᠢ ᠵᠢᠨ ᠵᠠᠷᠯᠢᠭ᠎ᠲᠤ ᠭᠠᠷ᠎ᠤᠨ ᠦᠰᠦᠭ ᠵᠢᠷᠤᠵᠤ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠬᠦ ᠲᠠᠮᠠᠴᠡᠯ ᠲᠤᠮᠳᠠ ᠭᠠᠷᠮᠠᠭ᠋ᠠᠢ ᠬᠤᠪᠢ ᠨᠠᠮᠠᠷᠢ ᠦᠵᠡᠬᠦᠯᠦᠭᠰᠡᠨ ᠬᠦᠮᠦᠰ᠎ᠲᠤ ᠤᠯᠤᠰ᠎ᠤᠨ ᠭᠠᠪᠢᠶᠠᠨ ᠲᠠᠮᠳᠡᠭ ᠪᠠ ᠤᠯᠤᠰ᠎ᠤᠨ ᠢᠷᠠᠭᠤ ᠠᠯᠳᠠᠷ᠎ᠤᠨ ᠴᠤᠯᠠ ᠤᠯᠭᠤᠪᠠ
 
            