ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠳᠡᠮᠡᠴᠡᠬᠦ ᠤᠨᠴᠠᠭ᠋ᠠᠢ ᠳᠦᠷᠦᠬᠦᠴᠦᠳ᠎ᠤᠨ ᠬᠤᠷᠠᠯ᠎ᠢ ᠡᠷᠬᠢᠯᠡᠭᠰᠡᠨ ᠪᠦᠬᠡᠳ ᠭᠤᠤᠯ ᠵᠤᠷᠢᠯᠳᠠᠳᠤ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2020-06-18

      ᠤᠯᠤᠰ᠎ᠤᠨ ᠳᠡᠷᠢᠬᠦᠯᠡᠭᠴᠢ ᠰᠢ ᠵᠢᠨ ᠫᠢᠩ 17᠎ᠤ ᠤᠷᠤᠢ ᠪᠡᠬᠡᠵᠢᠩ᠎ᠳᠤ ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠳᠡᠮᠡᠴᠡᠬᠦ ᠤᠨᠴᠠᠭ᠋ᠠᠢ ᠳᠦᠷᠦᠬᠦᠴᠦᠳ᠎ᠤᠨ ᠬᠤᠷᠠᠯ᠎ᠢ ᠡᠷᠬᠢᠯᠡᠭᠰᠡᠨ ᠪᠦᠬᠡᠳ 《ᠪᠦᠯᠬᠦᠮᠳᠡᠨ ᠬᠢᠵᠢᠭ᠎ᠲᠠᠢ ᠳᠠᠮᠡᠴᠡᠵᠥ ᠴᠠᠬ᠎ᠤᠨ ᠪᠡᠷᠬᠡ ᠵᠢ ᠬᠠᠮᠳᠤ᠎ᠪᠠᠷ ᠳᠤᠭᠤᠯᠤᠶ᠎ᠠ》 ᠬᠡᠰᠡᠨ ᠰᠡᠳᠦᠪ᠎ᠲᠠᠢ ᠭᠤᠤᠯ ᠵᠤᠷᠢᠯᠳᠠᠳᠤ ᠶᠠᠷᠢᠶ᠎ᠠ ᠳᠠᠯᠪᠢᠪᠠ᠃ ᠰᠢ ᠵᠢᠨ ᠫᠢᠩ᠂ ᠬᠢᠵᠢᠭ᠎ᠤᠨ ᠪᠠᠢ᠍ᠢ᠍ᠳᠠᠯ᠎ᠤᠨ ᠡᠮᠤᠨ᠎ᠡ᠂ ᠳᠤᠮᠳᠠᠳᠤ ᠠᠹᠷᠢᠺᠠ ᠬᠠᠷᠢᠯᠴᠠᠨ ᠳᠤᠰᠠᠯᠠᠯᠴᠠᠨ ᠮᠦᠷᠦ ᠵᠡᠷᠬᠡᠴᠡᠨ ᠪᠠᠢ᠍ᠢ᠍ᠯᠳᠤᠵᠥ᠂ ᠳᠤᠮᠳᠠᠳᠤ ᠠᠹᠷᠢᠺᠠ ᠨᠡᠩ ᠪᠦᠯᠬᠦᠮᠳᠡᠨ᠂ ᠨᠦᠬᠦᠷᠰᠡᠭ ᠢᠳᠡᠬᠡᠯᠴᠡᠬᠡ ᠨᠡᠩ ᠪᠡᠳᠤᠵᠢᠪᠠ᠃ ᠳᠤᠮᠳᠠᠳᠤ ᠤᠯᠤᠰ ᠳᠤᠮᠳᠠᠳᠤ ᠠᠹᠷᠢᠺᠠ ᠵᠢᠨ ᠤᠯᠠᠮᠵᠢᠯᠠᠯᠳᠤ ᠨᠦᠬᠦᠷᠯᠡᠯ᠎ᠢ ᠨᠠᠨᠳᠢᠩᠨᠠᠨ᠎ᠠ᠂ ᠲᠡᠯᠡᠬᠡᠢ ᠵᠢᠨ ᠪᠠᠢ᠍ᠢ᠍ᠳᠠᠯ ᠶᠠᠭ᠋ᠠᠬᠢᠵᠤ ᠬᠤᠪᠢᠷᠠᠭᠰᠠᠨ ᠴᠤ᠌ ᠳᠤᠮᠳᠠᠳᠤ ᠤᠯᠤᠰ᠎ᠤᠨ᠎ᠬᠢᠨ᠎ᠤ ᠳᠤᠮᠳᠠᠳᠤ ᠠᠹᠷᠢᠺᠠ ᠵᠢᠨ ᠪᠦᠯᠬᠦᠮᠳᠡᠯ ᠬᠠᠮᠳᠤᠷᠠᠯᠴᠠᠭ᠎ᠠ ᠵᠢ ᠴᠢᠩᠭ᠋ᠠᠳᠬᠠᠬᠤ ᠢᠳᠡᠭᠡᠯ ᠵᠤᠷᠢᠭ ᠯᠠᠪᠳᠠᠢ ᠭᠤᠢ᠍ᠢ᠍ᠪᠢᠯᠵᠠᠬᠤ ᠦᠭᠡᠢ ᠶᠤᠮ᠃ ᠳᠤᠮᠳᠠᠳᠤ ᠤᠯᠤᠰ ᠠᠹᠷᠢᠺᠠ ᠵᠢᠨ᠎ᠬᠢᠨ᠎ᠤ ᠬᠢᠵᠢᠭ᠎ᠲᠠᠢ ᠲᠡᠮᠡᠴᠡᠬᠦ ᠠᠵᠢᠯᠯᠠᠭ᠎ᠠ ᠵᠢ ᠦᠷᠭᠦᠯᠵᠢᠯᠡᠨ ᠪᠦᠬᠦ ᠬᠦᠴᠦᠨ ᠵᠶ᠋ᠠᠷ ᠳᠡᠮᠵᠢᠨ᠎ᠠ᠃ ᠬᠤᠶᠠᠷ ᠳᠠᠯ᠎ᠠ᠎ᠪᠠᠷ ᠵᠶ᠋ᠠᠨ ᠠᠷᠠᠳ ᠲᠦᠮᠡᠨ᠎ᠢ ᠳᠡᠭᠡᠳᠦᠯᠡᠬᠦ ᠠᠮᠢ ᠨᠠᠰᠤ ᠵᠢ ᠳᠡᠭᠡᠳᠦᠯᠡᠬᠦ ᠵᠢ ᠪᠠᠷᠢᠮᠳᠠᠯᠠᠨ᠂ ᠬᠠᠮᠤᠭ᠎ᠤᠨ ᠶᠡᠬᠡ ᠴᠢᠷᠮᠠᠢ᠍ᠢ᠍ᠯᠭ᠎ᠠ ᠭᠠᠷᠭ᠋ᠠᠵᠦ ᠪᠠᠢ᠍ᠢ᠍ᠭ᠋ᠠᠳ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ᠎ᠤᠨ ᠡᠷᠡᠭᠦᠯ ᠮᠡᠨᠳᠦ ᠵᠢ ᠬᠠᠮᠠᠭ᠋ᠠᠯᠠᠵᠤ᠂ ᠡᠷᠡᠰ ᠭᠤᠢ᠍ᠢ᠍ᠪᠢᠰᠢ ᠦᠭᠡᠢ᠎ᠪᠠᠷ ᠭᠠᠷ ᠬᠤᠯᠪᠤᠨ ᠬᠢᠵᠢᠭ᠎ᠲᠠᠢ ᠲᠡᠮᠡᠴᠡᠵᠥ᠂ ᠡᠷᠡᠰ ᠭᠤᠢ᠍ᠢ᠍ᠪᠢᠰᠢ ᠦᠭᠡᠢ᠎ᠪᠠᠷ ᠲᠤᠮᠲᠠᠲᠤ ᠠᠹᠷᠢᠺᠠ ᠵᠢᠨ ᠬᠠᠮᠲᠤᠷᠠᠯᠴᠠᠭ᠎ᠠ ᠵᠢ ᠠᠬᠢᠭᠤᠯᠤᠨ᠂ ᠡᠷᠡᠰ ᠭᠤᠢ᠍ᠢ᠍ᠪᠢᠰᠢ ᠦᠭᠡᠢ᠎ᠪᠠᠷ ᠤᠯᠠᠨ ᠲᠠᠯᠠᠳᠤ ᠦᠵᠡᠯ᠎ᠢ ᠤᠢ᠍ᠢ᠍ᠯᠡᠳᠤᠯᠬᠡᠵᠢᠬᠦᠯᠵᠥ᠂ ᠡᠷᠡᠰ ᠭᠤᠢ᠍ᠢ᠍ᠪᠢᠰᠢ ᠦᠭᠡᠢ᠎ᠪᠠᠷ ᠳᠤᠮᠳᠠᠳᠤ ᠠᠹᠷᠢᠺᠠ ᠵᠢᠨ ᠨᠦᠬᠦᠷᠯᠠᠯ᠎ᠢ ᠠᠬᠢᠭᠤᠯᠵᠤ᠂ ᠲᠤᠮᠲᠠᠲᠤ ᠠᠹᠷᠢᠺᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠵᠢᠨ ᠴᠤᠭᠴᠠ ᠪᠤᠯᠤᠨ ᠨᠡᠩ ᠨᠢᠬᠳᠠ ᠳᠤᠮᠳᠠᠳᠤ ᠠᠹᠷᠢᠺᠠ ᠵᠢᠨ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢ ᠬᠠᠮᠲᠤ᠎ᠪᠠᠷ ᠪᠦᠳᠦᠬᠡᠨ ᠪᠠᠢ᠍ᠢ᠍ᠭᠤᠯᠤᠶ᠎ᠠ ᠬᠡᠵᠥ ᠴᠢᠬᠤᠯᠠᠴᠢᠯᠠᠪᠠ᠃ ᠬᠤᠷᠠᠯ᠎ᠠᠴᠠ 《ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠳᠡᠮᠡᠴᠡᠬᠦ ᠤᠨᠴᠠᠭ᠋ᠠᠢ ᠳᠦᠷᠦᠬᠦᠴᠦᠳ᠎ᠤᠨ ᠬᠤᠷᠠᠯ᠎ᠤᠨ ᠬᠠᠮᠳᠤᠷᠠᠬᠰᠠᠨ ᠢᠯᠡᠷᠬᠡᠢ᠍ᠢ᠍ᠯᠡᠯᠳᠡ》 ᠵᠢ ᠨᠡᠢ᠍ᠢ᠍ᠳᠡᠯᠡᠵᠥ᠂ ᠳᠡᠯᠡᠬᠡᠢ ᠨᠡᠢ᠍ᠢ᠍ᠬᠡᠮ᠎ᠳᠤ ᠳᠤᠮᠳᠠᠳᠤ ᠠᠹᠷᠢᠺᠠ ᠪᠦᠯᠬᠦᠮᠳᠡᠨ ᠬᠠᠮᠳᠤᠷᠠᠯᠴᠠᠬᠤ ᠴᠠᠬ ᠦᠶ᠎ᠡ ᠵᠢᠨ ᠬᠦᠴᠦᠷᠬᠡᠭ ᠳᠠᠭᠤᠨ᠎ᠢ ᠰᠤᠨᠤᠷᠳᠠᠭᠤᠯᠪᠠ᠃
      ᠲᠤᠰ ᠤᠲᠠᠭ᠎ᠠ ᠵᠢᠨ ᠲᠦᠷᠦᠭᠦᠴᠤᠳ᠎ᠤᠨ ᠬᠤᠷᠠᠯ᠎ᠢ ᠲᠤᠮᠲᠠᠲᠤ ᠤᠯᠤᠰ ᠪᠤᠯᠤᠨ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠵᠢᠵᠢᠬᠦᠷ ᠲᠡᠷᠢᠭᠦᠯᠡᠭᠴᠢ ᠤᠯᠤᠰ ᠪᠤᠯᠬᠤ ᠡᠮᠦᠨᠡᠲᠦ ᠠᠹᠷᠢᠺᠠ᠂ ᠲᠤᠮᠲᠠᠲᠤ ᠠᠹᠷᠢᠺᠠ ᠵᠢᠨ ᠬᠠᠮᠲᠤᠷᠠᠯᠴᠠᠭ᠎ᠠ ᠵᠢᠨ ᠶᠠᠷᠢᠶᠠᠠ᠎ᠤ ᠲᠠᠪᠴᠠᠩ᠎ᠤᠨ ᠬᠠᠮᠲᠤ ᠵᠢᠨ ᠲᠡᠷᠢᠭᠦᠯᠡᠭᠴᠢ ᠤᠯᠤᠰ ᠪᠤᠯᠬᠤ ᠰᠸᠨ᠋ᠸᠭ᠋ᠠᠯ ᠬᠠᠮᠲᠤ᠎ᠪᠠᠷ ᠰᠠᠨᠠᠭ᠋ᠠᠴᠢᠯᠠᠵᠤ᠂ ᠸᠢᠲᠢᠣ᠋ ᠬᠡᠯᠪᠡᠷᠢ᠎ᠪᠠᠷ ᠶᠠᠪᠤᠭᠲᠠᠪᠠ᠃ ᠡᠮᠦᠨᠡᠲᠦ ᠠᠹᠷᠢᠺᠠ ᠵᠢᠨ ᠶᠡᠷᠦᠩᠭᠡᠢ᠍ᠢ᠍ᠯᠡᠭᠴᠢ ᠯᠠᠮᠠᠹᠦᠢ᠍ᠰᠠ᠂ ᠰᠸᠨ᠋ᠸᠭ᠋ᠠᠯ᠎ᠤᠨ ᠶᠡᠷᠦᠩᠭᠡᠢ᠍ᠢ᠍ᠯᠡᠭᠴᠢ ᠰᠠᠯᠸ ᠪᠤᠯᠤᠨ ᠶᠸᠵᠢᠫᠲ᠎ᠤᠨ ᠶᠡᠷᠦᠩᠭᠡᠢ᠍ᠢ᠍ᠯᠡᠭᠴᠢ ᠰᠠᠢ᠍ᠢ᠍ᠰᠢ᠂ ᠺᠤᠩᠭᠣ᠋ (ᠵᠢᠨ) ᠵᠢᠨ ᠶᠡᠷᠦᠩᠭᠡᠢ᠍ᠢ᠍ᠯᠡᠭᠴᠢ ᠴᠢᠰᠠᠢ᠍ᠢ᠍ᠺᠸᠲᠢ᠂ ᠠᠯᠵᠸᠷᠢᠶ᠎ᠠ ᠵᠢᠨ ᠶᠡᠷᠦᠩᠭᠡᠢ᠍ᠢ᠍ᠯᠡᠭᠴᠢ ᠲᠸᠪᠸᠠ᠂ ᠭᠠᠪᠤᠠ᠎ᠤ ᠶᠡᠷᠦᠩᠭᠡᠢ᠍ᠢ᠍ᠯᠡᠭᠴᠢ ᠪᠠᠩᠭ᠌ᠸ᠂ ᠺᠸᠨᠢᠶᠠ ᠵᠢᠨ ᠶᠡᠷᠦᠩᠭᠡᠢ᠍ᠢ᠍ᠯᠡᠭᠴᠢ ᠺᠸᠠᠶᠠᠲ᠋ᠠ᠂ ᠮᠠᠯᠢ ᠵᠢᠨ ᠶᠡᠷᠦᠩᠭᠡᠢ᠍ᠢ᠍ᠯᠡᠭᠴᠢ ᠺᠠᠢ᠍ᠢ᠍ᠲ᠋ᠠ᠂ ᠨᠢᠭᠸᠷ᠎ᠤᠨ ᠶᠡᠷᠦᠩᠭᠡᠢ᠍ᠢ᠍ᠯᠡᠭᠴᠢ ᠶᠢᠰᠦᠢ᠍ᠹᠦ᠋᠂ ᠨᠢᠭᠸᠷᠢᠶ᠎ᠠ ᠵᠢᠨ ᠶᠡᠷᠦᠩᠭᠡᠢ᠍ᠢ᠍ᠯᠡᠭᠴᠢ ᠪᠦᠬᠠᠯᠢ᠂ ᠷᠦᠸᠠᠠᠲᠠ ᠵᠢᠨ ᠶᠡᠷᠦᠩᠭᠡᠢ᠍ᠢ᠍ᠯᠡᠭᠴᠢ ᠺᠠᠵᠢᠶᠠᠮᠸᠢ᠂ ᠽᠢᠮᠪᠠᠪᠦᠢ᠍ᠸᠸᠢ ᠵᠢᠨ ᠶᠡᠷᠦᠩᠭᠡᠢ᠍ᠢ᠍ᠯᠡᠭᠴᠢ ᠮᠦᠨᠠᠠᠵᠢᠶᠠᠭᠦ᠋ᠸᠠ᠂ ᠡᠸᠽᠢᠤᠫᠢᠶ᠎ᠠ ᠵᠢᠨ ᠶᠡᠷᠦᠩᠭᠡᠢ ᠰᠠᠢ᠍ᠢ᠍ᠳ ᠠᠪᠢ ᠵᠢᠴᠢ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠵᠦᠪᠯᠡᠯ᠎ᠤᠨ ᠲᠡᠷᠢᠭᠦᠯᠡᠭᠴᠢ ᠹᠠᠵᠢ ᠲᠦᠷᠦᠬᠦᠴᠤᠳ᠎ᠤᠨ ᠬᠤᠷᠠᠯ᠎ᠳᠤ ᠤᠷᠤᠯᠴᠠᠵᠠᠢ᠃ ᠤᠯᠠᠠ ᠤᠯᠤᠰ᠎ᠤᠨ ᠬᠤᠯᠪᠤᠭ᠋ᠠᠲᠤ ᠪᠠᠢ᠍ᠢ᠍ᠭᠤᠯᠭ᠎ᠠ ᠵᠢᠨ ᠨᠠᠷᠢᠨ ᠪᠢᠴᠢᠭ᠎ᠤᠨ ᠲᠠᠷᠤᠭ᠎ᠠ ᠭᠦᠲᠸᠯᠸᠢᠢ᠍ᠰ᠂ ᠲᠡᠯᠡᠭᠡᠢ ᠵᠢᠨ ᠡᠷᠡᠭᠦᠯ ᠬᠠᠮᠠᠭ᠋ᠠᠯᠠᠯ᠎ᠤᠨ ᠵᠤᠬᠢᠶᠠᠠ ᠪᠠᠢ᠍ᠢ᠍ᠭᠤᠯᠤᠯᠲᠠ ᠵᠢᠨ ᠶᠡᠷᠦᠩᠭᠡᠢ ᠠᠵᠢᠯᠯᠠᠭᠴᠢ ᠲᠠᠠᠳ᠋ᠸᠰᠠᠢ ᠤᠠᠴᠠ ᠤᠷᠢᠭᠰᠠᠠ ᠵᠤᠴᠢᠨ᠎ᠤ ᠬᠤᠪᠢ᠎ᠪᠠᠷ ᠲᠦᠷᠦᠬᠦᠴᠤᠳ᠎ᠤᠨ ᠬᠤᠷᠠᠯ᠎ᠳᠤ ᠤᠷᠤᠯᠴᠠᠪᠠ᠃
      ᠨᠠᠮ᠎ᠤᠨ ᠲᠦᠪ ᠬᠤᠷᠢᠶᠠᠠ᠎ᠤ ᠤᠯᠤᠰ ᠲᠦᠷᠦ ᠵᠢᠨ ᠲᠤᠪᠴᠢᠶᠠᠠ᠎ᠤ ᠪᠠᠢ᠍ᠢ᠍ᠩᠭᠤ ᠵᠢᠨ ᠭᠡᠰᠢᠭᠦᠨ᠂ ᠲᠦᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠸᠠᠩ ᠬᠤ᠌ ᠨᠢᠩ ᠲᠦᠷᠦᠬᠦᠴᠤᠳ᠎ᠤᠨ ᠬᠤᠷᠠᠯ᠎ᠳᠤ ᠤᠷᠤᠯᠴᠠᠵᠠᠢ᠃



      ᠰᠢ ᠵᠢᠨ ᠫᠢᠩ ᠶᠠᠷᠢᠶᠠᠠ᠎ᠳᠠᠭᠠᠨ᠂ ᠪᠦᠬᠦ ᠪᠦᠮᠪᠦᠷᠴᠡᠭ ᠵᠶ᠋ᠠᠷ ᠵᠶ᠋ᠠᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠳᠡᠮᠡᠴᠡᠵᠦ ᠪᠠᠢ᠍ᠢ᠍ᠬᠤ ᠴᠢᠬᠤᠯᠠ ᠴᠠᠬ ᠮᠦᠴᠡ᠎ᠳᠤ᠂ ᠪᠢᠳᠡ ᠡᠨᠡ ᠤᠳᠠᠭ᠎ᠠ ᠵᠢᠨ ᠳᠤᠮᠳᠠᠳᠤ ᠠᠹᠷᠢᠺᠠ ᠵᠢᠨ ᠤᠨᠴᠠᠭ᠋ᠠᠢ ᠳᠦᠷᠦᠬᠦᠴᠦᠳ᠎ᠤᠨ ᠬᠤᠷᠠᠯ᠎ᠢ ᠬᠤᠷᠠᠯᠳᠤᠭᠤᠯᠵᠥ᠂ ᠰᠢᠨ᠎ᠡ ᠬᠠᠭᠤᠴᠢᠨ ᠨᠠᠢ᠍ᠢ᠍ᠵᠠ ᠨᠠᠷ᠎ᠲᠠᠢ᠎ᠪᠠᠨ ᠸᠢᠳᠢᠣ᠋᠎ᠪᠠᠷ ᠳᠠᠮᠵᠢᠨ ᠴᠤᠬᠯᠠᠷᠠᠵᠥ᠂ ᠪᠦᠯᠬᠦᠮᠳᠡᠨ ᠬᠢᠵᠢᠭ᠎ᠲᠠᠢ ᠳᠡᠮᠡᠴᠡᠬᠦ ᠶᠡᠬᠡ ᠪᠤᠳᠤᠯᠭ᠎ᠠ ᠵᠢ ᠬᠠᠮᠳᠤ᠎ᠪᠠᠷ ᠵᠦᠪᠳᠡᠯᠴᠡᠨ᠂ ᠳᠤᠮᠳᠠᠳᠤ ᠠᠹᠷᠢᠺᠠ ᠵᠢᠨ ᠠᠬ᠎ᠠ ᠳᠡᠬᠦᠦ ᠵᠢᠨ ᠨᠦᠬᠦᠷᠯᠡᠯ ᠵᠶ᠋ᠠᠨ ᠬᠠᠮᠳᠤ᠎ᠪᠠᠷ ᠶᠠᠷᠢᠯᠴᠠᠬᠤ ᠪᠤᠯᠤᠯ᠎ᠠ᠃ ᠡᠨᠡ ᠤᠳᠠᠭ᠎ᠠ ᠵᠢᠨ ᠬᠢᠵᠢᠭ᠎ᠤᠨ ᠪᠠᠢ᠍ᠢ᠍ᠳᠠᠯ ᠬᠡᠨᠡᠳᠳᠡ᠎ᠪᠠᠷ ᠳᠠᠭ᠋ᠠᠷᠢᠨ ᠢᠷᠡᠵᠥ᠂ ᠳᠡᠯᠡᠬᠡᠢ ᠵᠢᠨ ᠡᠯ᠎ᠡ ᠤᠯᠤᠰ᠎ᠲᠤ ᠬᠦᠨᠳᠤ ᠨᠤᠴᠢᠳᠠᠢ ᠳᠠᠭ᠋ᠠᠷᠢᠯᠳᠠ ᠤᠴᠠᠷᠠᠭᠤᠯᠵᠤ᠂ ᠬᠡᠳᠤᠨ ᠠᠷᠪᠠᠨ ᠳᠦᠮᠡᠨ ᠬᠦᠮᠦᠨ ᠨᠠᠨᠳᠢᠨ ᠠᠮᠢ᠎ᠪᠠᠨ ᠠᠯᠳᠠᠪᠠ᠃ ᠡᠨᠳᠡ ᠪᠢ ᠰᠠᠨᠠᠭ᠋ᠠᠴᠢᠯᠠᠬᠤ᠎ᠨᠢ᠂ ᠪᠢᠳᠡ ᠬᠢᠵᠢᠭ᠎ᠲᠤ ᠬᠠᠯᠳᠠᠪᠤᠷᠢᠯᠠᠬᠳᠠᠭ᠋ᠠᠳ ᠵᠤᠯ ᠪᠤᠰᠤ᠎ᠪᠠᠷ ᠨᠠᠰᠤ ᠪᠠᠷᠠᠬᠰᠠᠳ᠎ᠢ ᠨᠠᠮᠠᠨᠴᠢᠯᠠᠨ ᠭᠠᠰᠢᠭᠤᠳᠠᠵᠥ᠂ ᠳᠡᠳᠡᠨ᠎ᠤ ᠰᠠᠳᠤᠨ ᠳᠦᠷᠦᠯ᠎ᠢ ᠳᠤᠬᠤᠨᠢᠭᠤᠯᠵᠥ ᠪᠠᠢ᠍ᠢ᠍ᠬᠤ᠎ᠪᠠᠨ ᠢᠯᠡᠳᠬᠡᠶ᠎ᠡ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠬᠢᠵᠢᠭ᠎ᠤᠨ ᠪᠠᠢ᠍ᠢ᠍ᠳᠠᠯ᠎ᠤᠨ ᠡᠮᠦᠨ᠎ᠠ᠂ ᠳᠤᠮᠳᠠᠳᠤ ᠤᠯᠤᠰ ᠪᠤᠯᠤᠨ ᠠᠹᠷᠢᠺᠠ ᠲᠢᠪ ᠬᠠᠷᠢᠯᠴᠠᠨ ᠲᠤᠰᠠᠯᠠᠯᠴᠠᠨ ᠮᠦᠷᠦ ᠵᠡᠷᠭᠡᠴᠡᠨ ᠪᠠᠢ᠍ᠢ᠍ᠯᠳᠤᠵᠦ᠂ ᠬᠤᠶᠠᠷ ᠲᠠᠯ᠎ᠠ᠎ᠪᠠᠷ ᠵᠶ᠋ᠠᠨ ᠨᠡᠩ ᠪᠦᠯᠬᠦᠮᠳᠡᠨ᠂ ᠨᠦᠬᠦᠷᠰᠡᠭ ᠢᠳᠡᠭᠡᠯᠴᠡᠭᠡ ᠨᠡᠩ ᠪᠠᠳᠤᠵᠢᠪᠠ᠃ ᠳᠤᠮᠳᠠᠳᠤ ᠤᠯᠤᠰ ᠳᠤᠮᠳᠠᠳᠤ ᠠᠹᠷᠢᠺᠠ ᠵᠢᠨ ᠤᠯᠠᠮᠵᠢᠯᠠᠯᠳᠤ ᠨᠦᠬᠦᠷᠯᠡᠯ᠎ᠢ ᠨᠠᠨᠳᠢᠩᠨᠠᠨ᠎ᠠ᠂ ᠲᠡᠯᠡᠬᠡᠢ ᠵᠢᠨ ᠪᠠᠢ᠍ᠢ᠍ᠳᠠᠯ ᠶᠠᠭ᠋ᠠᠬᠢᠵᠤ ᠬᠤᠪᠢᠷᠠᠭᠰᠠᠨ ᠴᠤ᠌ ᠳᠤᠮᠳᠠᠳᠤ ᠤᠯᠤᠰ᠎ᠤᠨ᠎ᠬᠢᠨ᠎ᠤ ᠳᠤᠮᠳᠠᠳᠤ ᠠᠹᠷᠢᠺᠠ ᠵᠢᠨ ᠪᠦᠯᠬᠦᠮᠳᠡᠯ ᠬᠠᠮᠳᠤᠷᠠᠯᠴᠠᠭ᠎ᠠ ᠵᠢ ᠴᠢᠩᠭ᠋ᠠᠳᠬᠠᠬᠤ ᠢᠳᠡᠭᠡᠯ ᠵᠤᠷᠢᠭ ᠯᠠᠪᠳᠠᠢ ᠭᠤᠢ᠍ᠢ᠍ᠪᠢᠯᠵᠠᠬᠤ ᠦᠬᠡᠢ ᠶᠤᠮ ᠭᠡᠵᠦ ᠴᠢᠬᠤᠯᠠᠴᠢᠯᠠᠪᠠ᠃
      ᠰᠢ ᠵᠢᠨ ᠫᠢᠩ᠂ ᠤᠳᠤᠬᠠᠨ᠎ᠳᠤ ᠬᠢᠵᠢᠭ᠎ᠤᠨ ᠪᠠᠢ᠍ᠢ᠍ᠳᠠᠯ ᠪᠦᠬᠦ ᠳᠡᠯᠡᠬᠡᠢ᠎ᠳᠤ ᠮᠦᠨ ᠬᠦ᠌ ᠦᠷᠪᠢᠰᠦᠨ ᠳᠡᠯᠭᠡᠷᠡᠵᠤ ᠪᠠᠢ᠍ᠢ᠍ᠨ᠎ᠠ᠂ ᠳᠤᠮᠳᠠᠳᠤ ᠤᠯᠤᠰ ᠪᠤᠯᠤᠨ ᠠᠹᠷᠢᠺᠠ ᠲᠢᠪ᠎ᠲᠤ ᠴᠦᠮ ᠬᠢᠵᠢᠭ᠎ᠲᠠᠢ ᠲᠡᠮᠡᠴᠡᠬᠦ᠂ ᠠᠵᠤ ᠠᠬᠤᠢ᠎ᠪᠠᠨ ᠲᠤᠭᠳᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠳᠤᠯᠠᠬᠤ ᠬᠦᠨᠳᠦ ᠡᠭᠦᠷᠭᠡ ᠲᠤᠯᠭ᠋ᠠᠷᠠᠵᠤ ᠪᠠᠢ᠍ᠢ᠍ᠨ᠎ᠠ᠃ ᠪᠢᠳᠡ ᠠᠷᠠᠳ ᠲᠦᠮᠡᠨ᠎ᠢ ᠳᠡᠭᠡᠳᠦᠯᠡᠬᠦ ᠠᠮᠢ ᠨᠠᠰᠤ ᠵᠢ ᠳᠡᠭᠡᠳᠦᠯᠡᠬᠦ ᠵᠢ ᠪᠠᠷᠢᠮᠳᠠᠯᠠᠵᠤ᠂ ᠡᠬᠢ ᠪᠠᠶᠠᠯᠢᠭ᠎ᠢ ᠨᠢᠭᠡᠳᠦᠯᠳᠠᠢ ᠲᠦᠯᠦᠪᠵᠢᠭᠦᠯᠤᠨ᠂ ᠪᠦᠯᠬᠦᠮᠳᠡᠨ ᠬᠠᠮᠳᠤᠷᠠᠯᠴᠠᠵᠤ᠂ ᠬᠠᠮᠤᠭ᠎ᠤᠨ ᠶᠡᠬᠡ ᠴᠢᠷᠮᠠᠢ᠍ᠢ᠍ᠯᠭ᠎ᠠ ᠭᠠᠷᠭ᠋ᠠᠵᠦ ᠪᠠᠢ᠍ᠢ᠍ᠭ᠋ᠠᠳ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ᠎ᠤᠨ ᠡᠷᠡᠭᠦᠯ ᠮᠡᠨᠳᠦ ᠵᠢ ᠬᠠᠮᠠᠭ᠋ᠠᠯᠠᠵᠤ᠂ ᠬᠢᠵᠢᠭ᠎ᠤᠨ ᠪᠠᠢ᠍ᠢ᠍ᠳᠠᠯ᠎ᠤᠨ ᠨᠠᠵᠠᠭ᠋ᠠᠢ ᠨᠦᠯᠦᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ ᠭᠡᠵᠦ ᠵᠢᠭ᠋ᠠᠵᠦ ᠭᠠᠷᠭ᠋ᠠᠪᠠ᠃
      ᠨᠢᠭᠡᠳᠦᠭᠡᠷ᠎ᠲᠤ᠂ ᠪᠢᠳᠡ ᠡᠷᠡᠰ ᠭᠤᠢ᠍ᠢ᠍ᠪᠢᠰᠢ ᠦᠭᠡᠢ᠎ᠪᠠᠷ ᠭᠠᠷ ᠬᠤᠯᠪᠤᠨ ᠬᠢᠵᠢᠭ᠎ᠲᠠᠢ ᠲᠡᠮᠡᠴᠡᠨ᠎ᠡ᠃ ᠳᠤᠮᠳᠠᠳᠤ ᠤᠯᠤᠰ ᠠᠹᠷᠢᠺᠠ ᠲᠢᠪ᠎ᠤᠨ᠎ᠬᠢᠨ᠎ᠤ ᠬᠢᠵᠢᠭ᠎ᠲᠠᠢ ᠲᠡᠮᠡᠴᠡᠬᠦ ᠠᠵᠢᠯᠯᠠᠭ᠎ᠠ ᠵᠢ ᠦᠷᠭᠦᠯᠵᠢᠯᠡᠨ ᠪᠦᠬᠦ ᠬᠦᠴᠦᠨ ᠵᠶ᠋ᠠᠷ ᠳᠡᠮᠵᠢᠵᠤ᠂ ᠦᠷᠭᠦᠯᠵᠢᠯᠡᠨ ᠠᠹᠷᠢᠺᠠ ᠲᠢᠪ᠎ᠤᠨ ᠤᠯᠤᠰ᠎ᠤᠳ᠎ᠲᠤ ᠡᠳ᠋ ᠪᠤᠳᠠᠰ᠎ᠤᠨ ᠲᠤᠰᠠᠯᠠᠮᠵᠢ ᠬᠠᠩᠭ᠋ᠠᠨ᠂ ᠡᠮᠴᠢᠯᠡᠭᠡᠨ᠎ᠤ ᠲᠤᠰᠬᠠᠢ ᠮᠡᠷᠭᠡᠵᠢᠯᠳᠡᠨ᠎ᠤ ᠳᠤᠭᠤᠢ᠍ᠢ᠍ᠯᠠᠩ ᠲᠤᠮᠢᠯᠠᠵᠤ᠂ ᠠᠹᠷᠢᠺᠠ ᠲᠢᠪ᠎ᠤᠨ᠎ᠬᠢᠨ᠎ᠤ ᠳᠤᠮᠳᠠᠳᠤ ᠤᠯᠤᠰ᠎ᠲᠤ ᠢᠷᠡᠵᠤ ᠬᠢᠵᠢᠭ᠎ᠲᠠᠢ ᠲᠡᠮᠡᠴᠡᠬᠦ ᠡᠳ᠋ ᠪᠤᠳᠠᠰ ᠬᠤᠳᠠᠯᠳᠤᠨ ᠠᠪᠬᠤ᠎ᠳᠤ ᠲᠤᠰᠠᠯᠠᠨ᠎ᠠ᠃ ᠳᠤᠮᠳᠠᠳᠤ ᠤᠯᠤᠰ ᠡᠨᠡ ᠵᠢᠯ᠎ᠤᠨ ᠳᠤᠳᠤᠷ᠎ᠠ ᠠᠹᠷᠢᠺᠠ ᠲᠢᠪ᠎ᠤᠨ ᠡᠪᠡᠳᠴᠢᠨ ᠡᠮᠬᠡᠭ᠎ᠢ ᠰᠡᠷᠭᠡᠢ᠍ᠢ᠍ᠯᠡᠨ ᠡᠵᠡᠮᠳᠡᠬᠦ ᠲᠦᠪ᠎ᠤᠨ ᠶᠡᠷᠦᠩᠬᠡᠢ ᠭᠠᠵᠠᠷ᠎ᠢ ᠡᠬᠢᠯᠡᠨ ᠪᠠᠢ᠍ᠢ᠍ᠭᠤᠯᠵᠤ᠂ ᠠᠹᠷᠢᠺᠠ ᠲᠢᠪ᠎ᠤᠨ᠎ᠬᠢᠨ᠎ᠲᠠᠢ ᠬᠠᠮᠳᠦ᠎ᠪᠠᠷ ᠳᠤᠮᠳᠠᠳᠤ ᠠᠹᠷᠢᠺᠠ ᠵᠢᠨ ᠬᠠᠮᠳᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠤᠨ ᠪᠤᠷᠤ ᠲᠦᠯᠦᠪ ᠳᠤᠳᠤᠷᠠᠬᠢ 《ᠡᠷᠡᠭᠦᠯ ᠮᠡᠨᠳᠦ ᠡᠷᠡᠭᠦᠯ ᠬᠠᠮᠠᠭ᠋ᠠᠯᠠᠯ᠎ᠤᠨ ᠠᠵᠢᠯᠯᠠᠭ᠋ᠠᠨ》᠎ᠢ ᠰᠠᠢ᠍ᠢ᠍ᠳᠤᠷ ᠬᠡᠷᠡᠭᠵᠢᠭᠦᠯᠵᠤ᠂ ᠲᠤᠮᠲᠠᠲᠤ ᠠᠹᠷᠢᠺᠠ ᠵᠢᠨ ᠨᠦᠬᠦᠷᠯᠡᠯ᠎ᠤᠨ ᠡᠮᠨᠡᠯᠭᠡ ᠵᠢᠨ ᠬᠤᠷᠢᠶᠠᠨ᠎ᠤ ᠪᠦᠳᠦᠬᠡᠨ ᠪᠠᠢ᠍ᠢ᠍ᠭᠤᠯᠤᠯᠲᠠ ᠪᠤᠯᠤᠨ ᠲᠤᠮᠲᠠᠲᠤ ᠠᠹᠷᠢᠺᠠ ᠵᠢᠨ ᠠᠵᠢᠯ ᠲᠦᠷᠦᠯ ᠨᠢᠭᠡᠳᠠᠢ ᠡᠮᠨᠡᠯᠭᠡ ᠵᠢᠨ ᠬᠤᠷᠢᠶᠠᠨ᠎ᠤ ᠬᠠᠮᠲᠤᠷᠠᠯᠴᠠᠭ᠎ᠠ ᠵᠢ ᠲᠦᠷᠭᠡᠳᠭᠡᠵᠦ᠂ ᠲᠤᠮᠲᠠᠲᠤ ᠠᠹᠷᠢᠺᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠵᠢᠨ ᠴᠤᠭᠴᠠ ᠵᠢ ᠬᠠᠮᠲᠤ᠎ᠪᠠᠷ ᠪᠠᠢ᠍ᠢ᠍ᠭᠤᠯᠤᠨ᠎ᠠ᠃ ᠲᠤᠮᠲᠠᠲᠤ ᠤᠯᠤᠰ᠂ ᠰᠢᠨ᠎ᠠ ᠲᠢᠲᠢᠮᠯᠢᠭ ᠠᠭᠤᠰᠬᠢᠠ ᠦᠷᠪᠢᠰᠦᠯ᠎ᠤᠨ ᠸᠠᠺᠼᠢᠨ᠎ᠢ ᠰᠤᠲᠤᠯᠤᠨ ᠬᠦᠭᠵᠢᠬᠦᠯᠵᠤ ᠠᠰᠢᠠᠠᠯᠠᠯᠲᠠ᠎ᠳᠤ ᠤᠷᠤᠭᠤᠯᠤᠭᠰᠠᠠ᠎ᠤ ᠲᠠᠷᠠᠭ᠎ᠠ ᠲᠤᠷᠠᠲᠠᠶ᠎ᠠ ᠤᠷᠢᠳ ᠵᠶ᠋ᠠᠷ ᠠᠹᠷᠢᠺᠠ ᠲᠢᠪ᠎ᠤᠨ ᠤᠯᠤᠰ᠎ᠤᠳ᠎ᠲᠤ ᠬᠠᠷᠠᠭ᠋ᠠᠯᠵᠠᠯ ᠦᠵᠡᠭᠦᠯᠦᠨ᠎ᠠ᠃
      ᠬᠤᠶᠠᠲᠤᠭ᠋ᠠᠷ᠎ᠲᠤ᠂ ᠪᠢᠲᠠ ᠡᠷᠡᠰ ᠭᠤᠢ᠍ᠢ᠍ᠪᠢᠰᠢ ᠦᠭᠡᠢ᠎ᠪᠠᠷ ᠲᠤᠮᠲᠠᠲᠤ ᠠᠹᠷᠢᠺᠠ ᠵᠢᠨ ᠬᠠᠮᠲᠤᠷᠠᠯᠴᠠᠭ᠎ᠠ ᠵᠢ ᠠᠬᠢᠭᠤᠯᠤᠨ᠎ᠠ᠃ ᠲᠤᠮᠲᠠᠲᠤ ᠤᠯᠤᠰ ᠲᠤᠮᠲᠠᠲᠤ ᠠᠹᠷᠢᠺᠠ ᠵᠢᠨ ᠬᠠᠮᠲᠤᠷᠠᠯᠴᠠᠭ᠎ᠠ ᠵᠢᠨ ᠶᠠᠷᠢᠶᠠᠠ᠎ᠤ ᠲᠠᠪᠴᠠᠩ᠎ᠤᠨ ᠪᠤᠷᠤ ᠲᠦᠯᠦᠪ᠎ᠤᠨ ᠲᠤᠤᠷ᠎ᠠ ᠠᠹᠷᠢᠺᠠ ᠲᠢᠪ᠎ᠤᠨ ᠬᠤᠯᠪᠤᠭᠲᠠᠯ ᠪᠦᠬᠦᠢ ᠤᠯᠤᠰ᠎ᠤᠳ᠎ᠤᠨ 2020 ᠤᠨ᠎ᠤ ᠡᠴᠤᠰ᠎ᠲᠤ ᠬᠤᠭᠤᠴᠠᠭ᠎ᠠ᠎ᠨᠢ ᠲᠤᠯᠬᠤ ᠲᠤᠮᠲᠠᠲᠤ ᠤᠯᠤᠰ᠎ᠠᠴᠠ ᠵᠢᠭᠡᠯᠡᠭᠦᠯᠦᠭᠰᠡᠡ ᠬᠦᠤ ᠮᠦᠩᠭᠦ ᠦᠭᠡᠢ ᠵᠢᠭᠡᠯᠡᠯᠭᠡ ᠵᠢᠨ ᠦᠷᠢ ᠰᠢᠷᠢ ᠵᠢ ᠭᠡᠯᠲᠦᠷᠢᠭᠦᠯᠤᠨ᠎ᠠ᠂ ᠲᠤᠮᠲᠠᠲᠤ ᠤᠯᠤᠰ ᠲᠤᠷᠠᠲᠠᠶ᠎ᠠ ᠲᠡᠯᠡᠭᠡᠢ ᠨᠡᠢ᠍ᠢ᠍ᠭᠡᠮ᠎ᠲᠠᠢ ᠬᠠᠮᠲᠤ᠎ᠪᠠᠷ ᠬᠢᠵᠢᠭ᠎ᠤᠨ ᠪᠠᠢ᠍ᠢ᠍ᠲᠠᠯ ᠤᠨᠴᠠᠭ᠋ᠠᠢ ᠬᠦᠨᠲᠦ᠂ ᠲᠠᠷᠤᠭ᠋ᠠᠰᠤ ᠤᠨᠴᠠᠭ᠋ᠠᠢ ᠶᠡᠬᠡ ᠪᠠᠢ᠍ᠢ᠍ᠭ᠎ᠠ ᠠᠹᠷᠢᠺᠠ ᠲᠢᠪ᠎ᠤᠨ ᠤᠯᠤᠰ᠎ᠤᠳ᠎ᠲᠤ ᠲᠡᠮᠵᠢᠯᠭᠡ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠂ ᠡᠭᠦᠨ᠎ᠳᠤ ᠦᠷᠢ ᠰᠢᠷᠢ᠎ᠪᠠᠨ ᠲᠦᠯᠦᠬᠦ ᠬᠤᠭᠤᠴᠠᠭ᠎ᠠ ᠵᠢ ᠴᠢᠨᠠᠭᠰᠢᠲᠠ ᠤᠷᠲᠤᠳᠬᠠᠠ ᠬᠤᠢ᠍ᠢ᠍ᠰᠢᠯᠠᠭᠤᠯᠬᠤ ᠵᠦᠢ᠍ᠯ ᠪᠠᠬᠳᠠᠵᠦ ᠪᠠᠢ᠍ᠢ᠍ᠨ᠎ᠠ᠃ ᠲᠤᠮᠲᠠᠲᠤ ᠵᠢᠨ ᠲᠠᠯ᠎ᠠ ᠵᠢᠨ᠎ᠬᠢᠨ ᠲᠤᠮᠲᠠᠲᠤ ᠤᠯᠤᠰ᠎ᠤᠨ ᠬᠤᠯᠪᠤᠭᠲᠠᠯ ᠪᠦᠬᠦᠢ ᠮᠦᠩᠭᠦᠨ ᠬᠦᠢ᠍ᠯᠭᠡᠭᠡᠡ᠎ᠤ ᠪᠠᠢ᠍ᠢ᠍ᠭᠤᠯᠤᠮᠵᠢ ᠵᠢᠨ ᠬᠤᠷᠢᠨ ᠤᠯᠤᠰ᠎ᠤᠨ ᠪᠦᠯᠦᠭᠯᠡᠯ᠎ᠤᠨ ᠦᠷᠢ ᠰᠢᠷᠢ ᠵᠢ ᠬᠤᠢ᠍ᠢ᠍ᠰᠢᠯᠠᠭᠤᠯᠬᠤ ᠰᠠᠨᠠᠭ᠋ᠠᠴᠢᠯᠠᠭ᠎ᠠ᠎ᠪᠠᠷ ᠯᠠᠪᠯᠠᠯᠲᠠ ᠪᠤᠯᠭ᠋ᠠᠵᠤ᠂ ᠵᠠᠬ᠎ᠠ ᠲᠡᠯᠭᠡᠭᠦᠷ᠎ᠤᠨ ᠵᠠᠷᠴᠢᠮ᠎ᠢ ᠦᠨᠲᠦᠰᠦᠯᠡᠨ ᠠᠹᠷᠢᠺᠠ ᠲᠢᠪ᠎ᠤᠨ ᠤᠯᠤᠰ᠎ᠤᠳ᠎ᠲᠠᠢ ᠬᠤᠲᠠᠯᠲᠤᠭ᠋ᠠᠠ᠎ᠤ ᠡᠷᠭᠡ ᠮᠡᠲᠡᠯᠲᠦ ᠵᠢᠭᠡᠯᠡᠯᠭᠡᠡ ᠵᠢᠨ ᠲᠤᠬᠢᠷᠠᠭᠤᠯᠤᠯᠲᠠ ᠵᠢ ᠨᠦᠬᠦᠷᠰᠡᠭ ᠵᠶ᠋ᠠᠷ ᠵᠦᠪᠲᠡᠬᠦ ᠵᠢ ᠵᠤᠷᠢᠠᠠᠵᠢᠭᠤᠯᠤᠨ᠎ᠠ᠃ ᠲᠤᠮᠲᠠᠲᠤ ᠤᠯᠤᠰ ᠬᠤᠷᠢᠨ ᠤᠯᠤᠰ᠎ᠤᠨ ᠪᠦᠯᠦᠭᠯᠡᠯ᠎ᠤᠨ ᠪᠦᠷᠢᠯᠳᠦᠭᠦᠨ ᠤᠯᠤᠰ᠎ᠲᠠᠢ ᠬᠠᠮᠲᠤ᠎ᠪᠠᠷ ᠬᠤᠷᠢᠨ ᠤᠯᠤᠰ᠎ᠤᠨ ᠪᠦᠯᠦᠭᠯᠡᠯ᠎ᠤᠨ ᠤᠲᠤᠬᠠᠠ᠎ᠤ ᠦᠷᠢ ᠰᠢᠷᠢ ᠵᠢ ᠬᠤᠢ᠍ᠢ᠍ᠰᠢᠯᠠᠭᠤᠯᠬᠤ ᠰᠠᠨᠠᠭ᠋ᠠᠴᠢᠯᠠᠭ᠎ᠠ ᠵᠢ ᠨᠠᠢ᠍ᠢ᠍ᠲᠠᠪᠤᠷᠢᠵᠢᠭᠤᠯᠬᠤ ᠪᠦᠭᠡᠳ ᠬᠤᠷᠢᠨ ᠤᠯᠤᠰ᠎ᠤᠨ ᠪᠦᠯᠦᠭᠯᠡᠯ᠎ᠤᠨ ᠤᠲᠤᠬᠠᠠ᠎ᠤ ᠦᠷᠢ ᠰᠢᠷᠢ ᠵᠢ ᠬᠤᠢ᠍ᠢ᠍ᠰᠢᠯᠠᠭᠤᠯᠬᠤ ᠰᠠᠨᠠᠭ᠋ᠠᠴᠢᠯᠠᠭ᠎ᠠ ᠵᠢ ᠨᠠᠢ᠍ᠢ᠍ᠲᠠᠪᠤᠷᠢᠵᠢᠭᠤᠯᠬᠤ ᠰᠠᠭᠤᠷᠢᠨ ᠲᠡᠭᠡᠷ᠎ᠠ ᠠᠹᠷᠢᠺᠠ ᠲᠢᠪ᠎ᠢ ᠪᠠᠭᠲᠠᠭ᠋ᠠᠭᠰᠠᠠ ᠬᠤᠯᠪᠤᠭᠲᠠᠯ ᠪᠦᠬᠦᠢ ᠤᠯᠤᠰ᠎ᠤᠨ ᠦᠷᠢ ᠰᠢᠷᠢ᠎ᠪᠠᠨ ᠲᠦᠯᠦᠬᠦ ᠬᠤᠭᠤᠴᠠᠭ᠎ᠠ ᠵᠢ ᠴᠢᠨᠠᠭᠰᠢᠲᠠ ᠬᠤᠢ᠍ᠢ᠍ᠰᠢᠯᠠᠭᠤᠯᠬᠤ ᠵᠢ ᠬᠦᠰᠡᠡ ᠤᠷᠢᠶᠠᠯᠠᠵᠦ ᠪᠠᠢ᠍ᠢ᠍ᠨ᠎ᠠ᠃ ᠲᠡᠯᠡᠭᠡᠢ ᠨᠡᠢ᠍ᠢ᠍ᠭᠡᠮ᠂ ᠢᠯᠠᠩᠭᠤᠶ᠎ᠠ ᠬᠦᠭᠵᠢᠭᠰᠡᠡ ᠤᠯᠤᠰ ᠪᠤᠯᠤᠨ ᠤᠯᠠᠠ ᠲᠠᠯᠠᠲᠦ ᠮᠦᠩᠭᠦᠨ ᠬᠦᠢ᠍ᠯᠭᠡᠭᠡᠡ᠎ᠤ ᠪᠠᠢ᠍ᠢ᠍ᠭᠤᠯᠤᠮᠵᠢ᠎ᠠᠴᠠ ᠠᠹᠷᠢᠺᠠ ᠲᠢᠪ᠎ᠤᠨ ᠦᠷᠢ ᠰᠢᠷᠢ ᠵᠢ ᠬᠤᠢ᠍ᠢ᠍ᠰᠢᠯᠠᠭᠤᠯᠬᠤ ᠠᠰᠠᠭᠤᠲᠠᠯ᠎ᠤᠨ ᠲᠠᠯ᠎ᠠ᠎ᠪᠠᠷ ᠨᠡᠩ ᠬᠦᠴᠤᠲᠠᠢ ᠠᠷᠭ᠎ᠠ ᠬᠡᠮᠵᠢᠶ᠎ᠠ ᠠᠪᠬᠤ ᠵᠢ ᠬᠦᠰᠡᠵᠦ ᠪᠠᠢ᠍ᠢ᠍ᠨ᠎ᠠ᠃ ᠲᠤᠮᠲᠠᠲᠤ ᠤᠯᠤᠰ ᠲᠤᠷᠠᠲᠠᠶ᠎ᠠ ᠠᠹᠷᠢᠺᠠ ᠲᠢᠪ᠎ᠤᠨ᠎ᠬᠢᠨ᠎ᠤ ᠬᠦᠰᠡᠯ ᠪᠤᠳᠤᠯ᠎ᠢ ᠬᠦᠨᠲᠦᠳᠭᠡᠬᠦ ᠰᠠᠭᠤᠷᠢᠨ ᠲᠡᠭᠡᠷ᠎ᠠ ᠤᠯᠠᠠ ᠤᠯᠤᠰ᠎ᠤᠨ ᠬᠤᠯᠪᠤᠭ᠋ᠠᠲᠤ ᠪᠠᠢ᠍ᠢ᠍ᠭᠤᠯᠭ᠎ᠠ᠂ ᠲᠡᠯᠡᠭᠡᠢ ᠵᠢᠨ ᠡᠷᠡᠭᠦᠯ ᠬᠠᠮᠠᠭ᠋ᠠᠯᠠᠯ᠎ᠤᠨ ᠵᠤᠬᠢᠶᠠᠠ ᠪᠠᠢ᠍ᠢ᠍ᠭᠤᠯᠤᠯᠲᠠ ᠵᠢᠴᠢ ᠪᠤᠰᠤᠳ ᠬᠠᠨᠢᠲᠠᠠ᠎ᠯᠤᠭ᠎ᠠ ᠠᠹᠷᠢᠺᠠ ᠲᠢᠪ᠎ᠢ ᠲᠤᠰᠠᠯᠠᠵᠦ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠦᠷᠨᠢᠭᠦᠯᠦᠨ᠎ᠠ᠃ ᠳᠤᠮᠳᠠᠳᠤ ᠤᠯᠤᠰ ᠠᠹᠷᠢᠺᠠ ᠲᠢᠪ᠎ᠤᠨ ᠡᠬᠡ ᠬᠠᠭᠤᠷᠠᠢ ᠵᠢᠨ ᠴᠢᠯᠤᠬᠡᠳᠤ ᠠᠷᠠᠯᠵᠢᠶᠠᠨ᠎ᠤ ᠤᠷᠤᠨ᠎ᠤ ᠪᠦᠳᠤᠬᠡᠨ ᠪᠠᠢ᠍ᠢ᠍ᠭᠤᠯᠤᠯᠳᠠ ᠵᠢ ᠲᠡᠮᠵᠢᠵᠤ᠂ ᠠᠹᠷᠢᠺᠠ ᠲᠢᠪ᠎ᠤᠨ᠎ᠬᠢᠨ᠎ᠤ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠬᠦ ᠪᠠ ᠠᠵᠤ ᠤᠢ᠍ᠢ᠍ᠯᠡᠰ᠎ᠤᠨ ᠬᠡᠯᠬᠢᠶ᠎ᠠ ᠬᠠᠩᠭ᠋ᠠᠯᠭ᠎ᠠ ᠵᠢᠨ ᠬᠡᠯᠬᠢᠶ᠎ᠠ ᠵᠢ ᠪᠠᠳᠤᠯᠠᠬᠤ ᠪᠦᠳᠤᠬᠡᠨ ᠪᠠᠢ᠍ᠢ᠍ᠭᠤᠯᠤᠯᠳᠠ᠎ᠪᠠᠨ ᠴᠢᠩᠭ᠋ᠠᠳᠬᠠᠬᠤ ᠵᠢ ᠲᠡᠮᠵᠢᠵᠤ᠂ ᠲᠤᠷᠠᠳᠠᠶ᠎ᠠ ᠠᠹᠷᠢᠺᠠ ᠲᠢᠪ᠎ᠲᠠᠢ ᠬᠠᠮᠳᠤ᠎ᠪᠠᠷ ᠲᠤᠭ᠋ᠠᠴᠢᠯᠠᠬᠰᠠᠨ ᠠᠵᠤ ᠠᠬᠤᠢ᠂ ᠤᠶᠤᠨᠳᠦ ᠬᠤᠳᠠ᠂ ᠴᠡᠪᠡᠷ ᠡᠨ᠋ᠸᠷᠬᠢ᠂ 5G ᠵᠡᠷᠬᠡ ᠰᠢᠨ᠎ᠠ ᠡᠵᠡᠩᠨᠠᠯᠳᠠ ᠵᠢᠨ ᠬᠡᠯᠪᠡᠷᠢ ᠵᠢᠨ ᠬᠠᠮᠳᠤᠷᠠᠯᠴᠠᠭ᠎ᠠ ᠵᠢ ᠦᠷᠬᠡᠳᠬᠡᠨ᠎ᠠ᠃
      ᠭᠤᠷᠪᠠᠳᠤᠭ᠋ᠠᠷ᠎ᠲᠤ᠂ ᠪᠢᠳᠠ ᠡᠷᠡᠰ ᠭᠤᠢ᠍ᠢ᠍ᠪᠢᠰᠢ ᠦᠭᠡᠢ᠎ᠪᠠᠷ ᠤᠯᠠᠨ ᠲᠠᠯᠠᠳᠤ ᠦᠵᠡᠯ᠎ᠢ ᠤᠢ᠍ᠢ᠍ᠯᠡᠳᠤᠯᠬᠡᠵᠢᠬᠦᠯᠤᠨ᠎ᠠ᠃ ᠳᠤᠮᠳᠠᠳᠤ ᠤᠯᠤᠰ ᠲᠤᠷᠠᠳᠠᠶ᠎ᠠ ᠠᠹᠷᠢᠺᠠ ᠲᠢᠪ᠎ᠯᠦᠭᠡ ᠬᠠᠮᠳᠤ᠎ᠪᠠᠷ ᠤᠯᠠᠨ ᠤᠯᠤᠰ᠎ᠤᠨ ᠬᠤᠯᠪᠤᠭ᠋ᠠᠳᠤ ᠪᠠᠢ᠍ᠢ᠍ᠭᠤᠯᠭ᠎ᠠ᠎ᠪᠠᠷ ᠭᠤᠤᠯ ᠪᠤᠯᠭ᠋ᠠᠬᠰᠠᠨ ᠪᠦᠬᠦ ᠪᠦᠮᠪᠦᠷᠴᠡᠭ᠎ᠤᠨ ᠵᠠᠰᠠᠯᠳᠠ ᠵᠢᠨ ᠰᠢᠰᠲᠸᠮ᠎ᠢ ᠬᠠᠮᠠᠭ᠋ᠠᠯᠠᠵᠤ᠂ ᠲᠡᠯᠡᠬᠡᠢ ᠵᠢᠨ ᠡᠷᠡᠬᠦᠯ ᠬᠠᠮᠠᠭ᠋ᠠᠯᠠᠯ᠎ᠤᠨ ᠵᠤᠬᠢᠶᠠᠨ ᠪᠠᠢ᠍ᠢ᠍ᠭᠤᠯᠤᠯᠳᠠ᠎ᠠᠴᠠ ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠲᠡᠮᠡᠴᠡᠯ᠎ᠳᠤ ᠨᠡᠩ ᠶᠡᠬᠡ ᠬᠤᠪᠢ ᠨᠡᠮᠡᠷᠢ ᠦᠵᠡᠬᠦᠯᠬᠦ ᠵᠢ ᠲᠡᠮᠵᠢᠨ᠎ᠠ᠃ ᠪᠢᠳᠠ ᠬᠢᠵᠢᠭ᠎ᠤᠨ ᠪᠠᠢ᠍ᠢ᠍ᠳᠠᠯ᠎ᠢ ᠤᠯᠤᠰ ᠲᠦᠷᠤᠴᠢᠯᠡᠬᠦ᠂ ᠸᠢᠷᠦᠢ᠍ᠰ᠎ᠢ ᠬᠠᠶᠢᠬ᠍ᠴᠢᠯᠠᠬᠤ ᠵᠢ ᠡᠰᠡᠷᠬᠦᠴᠡᠨ᠂ ᠦᠨᠳᠤᠰᠤᠳᠠᠨ᠎ᠤ ᠭᠠᠳᠠᠭᠤᠷᠴᠢᠯᠠᠯ ᠪᠤᠯᠤᠨ ᠦᠵᠡᠯ ᠤᠬᠠᠮᠰᠠᠷ᠎ᠤᠨ ᠬᠡᠯᠪᠡᠢ᠍ᠢ᠍ᠬᠦᠤ ᠦᠵᠡᠯ᠎ᠢ ᠡᠰᠡᠷᠬᠦᠴᠡᠵᠤ᠂ ᠤᠯᠠᠨ ᠤᠯᠤᠰ᠎ᠤᠨ ᠲᠦᠪ ᠭᠤᠤᠯᠴᠢ ᠰᠢᠳᠤᠷᠭᠤ ᠶᠤᠰᠤ ᠵᠢ ᠡᠷᠡᠰ ᠬᠠᠮᠠᠭ᠋ᠠᠯᠠᠨ᠎ᠠ᠃
      ᠲᠦᠷᠪᠡᠳᠤᠭᠡᠷ᠎ᠲᠤ᠂ ᠪᠢᠳᠠ ᠡᠷᠡᠰ ᠭᠤᠢ᠍ᠢ᠍ᠪᠢᠰᠢ ᠦᠭᠡᠢ᠎ᠪᠠᠷ ᠳᠤᠮᠳᠠᠳᠤ ᠠᠹᠷᠢᠺᠠ ᠵᠢᠨ ᠨᠦᠬᠦᠷᠯᠠᠯ᠎ᠢ ᠠᠬᠢᠭᠤᠯᠤᠨ᠎ᠠ᠃ ᠪᠢ ᠲᠤᠷᠠᠳᠠᠶ᠎ᠠ ᠤᠯᠠᠨ᠎ᠲᠠᠢ ᠨᠢᠬᠳᠠ ᠬᠠᠷᠢᠯᠴᠠᠭ᠎ᠠ᠎ᠪᠠᠨ ᠪᠠᠳᠤᠯᠠᠵᠤ᠂ ᠨᠦᠬᠦᠷᠰᠡᠭ ᠢᠳᠡᠬᠡᠯᠴᠡᠬᠡ᠎ᠪᠠᠨ ᠪᠡᠬᠢᠵᠢᠬᠦᠯᠤᠨ᠂ ᠲᠤᠰ ᠲᠤᠰ᠎ᠤᠨ ᠵᠶ᠋ᠠᠨ ᠭᠤᠤᠯᠯᠠᠬ᠍ᠴᠢ ᠠᠰᠢᠬ ᠲᠤᠰᠠ ᠵᠢᠨ ᠠᠰᠠᠭᠤᠳᠠᠯ᠎ᠳᠤ ᠬᠠᠷᠢᠯᠴᠠᠨ ᠲᠡᠮᠵᠢᠯᠴᠡᠵᠤ᠂ ᠳᠤᠮᠳᠠᠳᠤ ᠠᠹᠷᠢᠺᠠ ᠪᠤᠯᠤᠨ ᠬᠦᠭᠵᠢᠵᠤ ᠪᠠᠢ᠍ᠢ᠍ᠭ᠎ᠠ ᠤᠯᠤᠰ᠎ᠤᠳ᠎ᠤᠨ ᠦᠨᠳᠤᠰᠤᠨ ᠠᠰᠢᠬ ᠲᠤᠰᠠ ᠵᠢ ᠬᠠᠮᠳᠤ᠎ᠪᠠᠷ ᠬᠠᠮᠠᠭ᠋ᠠᠯᠠᠵᠤ᠂ ᠳᠤᠮᠳᠠᠳᠤ ᠠᠹᠷᠢᠺᠠ ᠵᠢᠨ ᠪᠦᠬᠦ ᠲᠠᠯ᠎ᠠ ᠵᠢᠨ ᠪᠠᠢ᠍ᠢ᠍ᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ ᠵᠢᠨ ᠬᠠᠨᠢᠳᠠᠨ᠎ᠤ ᠬᠠᠷᠢᠯᠴᠠᠭ᠎ᠠ ᠵᠢᠨ ᠨᠡᠩ ᠦᠨᠳᠤᠷ ᠲᠦᠪᠰᠢᠨ ᠵᠶ᠋ᠠᠷ ᠬᠦᠭᠵᠢᠬᠦ ᠵᠢ ᠠᠬᠢᠭᠤᠯᠤᠨ᠎ᠠ᠃
      ᠰᠢ ᠵᠢᠨ ᠫᠢᠩ ᠬᠠᠮᠤᠭ᠎ᠤᠨ ᠰᠡᠬᠦᠯ᠎ᠳᠤ᠂ ᠪᠢᠳᠠ ᠳᠤᠮᠳᠠᠳᠤ ᠠᠹᠷᠢᠺᠠ ᠵᠢᠨ ᠬᠠᠮᠳᠤᠷᠠᠯᠴᠠᠭ᠎ᠠ ᠵᠢᠨ ᠶᠠᠷᠢᠶᠠᠨ᠎ᠤ ᠲᠠᠪᠴᠠᠩ᠎ᠤᠨ ᠪᠡᠬᠡᠵᠢᠩ᠎ᠤᠨ ᠲᠦᠷᠤᠬᠦᠴᠤᠳ᠎ᠤᠨ ᠬᠤᠷᠠᠯ ᠲᠡᠬᠡᠷ᠎ᠠ ᠨᠡᠩ ᠨᠢᠬᠳᠠ ᠳᠤᠮᠳᠠᠳᠤ ᠠᠹᠷᠢᠺᠠ ᠵᠢᠨ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢ ᠪᠠᠢ᠍ᠢ᠍ᠭᠤᠯᠬᠤ᠎ᠪᠠᠷ ᠰᠠᠨᠠᠯ ᠨᠢᠬᠡᠳᠠᠢ ᠲᠤᠭᠳᠠᠵᠠᠢ᠃ ᠡᠨᠡ ᠡᠳᠤᠷ ᠪᠢᠳᠠ ᠪᠦᠯᠬᠦᠮᠳᠡᠨ ᠬᠢᠵᠢᠭ᠎ᠤᠨ ᠪᠠᠢ᠍ᠢ᠍ᠳᠠᠯ᠎ᠲᠠᠢ ᠲᠡᠮᠡᠴᠡᠬᠦ ᠤᠨᠴᠠᠭ᠋ᠠᠢ ᠲᠦᠷᠤᠬᠦᠴᠤᠳ᠎ᠤᠨ ᠬᠤᠷᠠᠯ᠎ᠢ ᠬᠤᠷᠠᠯᠳᠤᠭᠤᠯᠤᠭᠰᠠᠨ᠎ᠨᠢ ᠲᠠᠷᠤᠢ ᠪᠤᠳᠠᠳᠤ ᠠᠵᠢᠯᠯᠠᠭ᠎ᠠ᠎ᠪᠠᠷ ᠵᠶ᠋ᠠᠨ ᠪᠡᠬᠡᠵᠢᠩ᠎ᠤᠨ ᠲᠦᠷᠤᠬᠦᠴᠤᠳ᠎ᠤᠨ ᠬᠤᠷᠠᠯ᠎ᠤᠨ ᠠᠮᠠᠯᠠᠯᠳᠠ ᠵᠢ ᠤᠢ᠍ᠢ᠍ᠯᠡᠳᠤᠯᠬᠡᠵᠢᠬᠦᠯᠵᠤ ᠪᠠᠢ᠍ᠢ᠍ᠨ᠎ᠠ᠂ ᠮᠦᠨ ᠴᠤ᠌ ᠲᠡᠯᠡᠬᠡᠢ ᠶᠢᠷᠳᠢᠨᠴᠤ᠎ᠪᠠᠷ ᠵᠶ᠋ᠠᠨ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ᠎ᠳᠤ ᠬᠦᠴᠤᠨ ᠨᠡᠮᠡᠷᠢᠯᠠᠵᠤ ᠪᠠᠢ᠍ᠢ᠍ᠨ᠎ᠠ᠃ ᠬᠦᠮᠤᠨ ᠲᠦᠷᠤᠯᠬᠢᠳᠠᠨ ᠡᠴᠤᠰ᠎ᠲᠡᠭᠡᠨ ᠬᠢᠵᠢᠭ᠎ᠤᠨ ᠪᠠᠢ᠍ᠢ᠍ᠳᠠᠯ᠎ᠢ ᠲᠠᠢ᠍ᠢ᠍ᠯᠠᠨ ᠢᠯᠠᠵᠤ᠂ ᠳᠤᠮᠳᠠᠳᠤ ᠠᠹᠷᠢᠺᠠ ᠵᠢᠨ ᠠᠷᠠᠳ ᠲᠦᠮᠡᠨ ᠨᠡᠩ ᠰᠠᠢ᠍ᠢ᠍ᠨ ᠰᠠᠢ᠍ᠢ᠍ᠬᠠᠨ ᠠᠮᠢᠳᠤᠷᠠᠬᠤ ᠪᠤᠯᠤᠨ᠎ᠠ ᠭᠡᠳᠡᠭ᠎ᠢ ᠪᠢ ᠪᠠᠳᠤ ᠢᠳᠡᠬᠡᠵᠤ ᠪᠠᠢ᠍ᠢ᠍ᠨ᠎ᠠ ᠬᠡᠵᠤ ᠴᠢᠬᠤᠯᠠᠴᠢᠯᠠᠪᠠ᠃



      ᠭᠠᠳᠠᠭ᠋ᠠᠳᠤ ᠵᠢᠨ ᠲᠠᠯ᠎ᠠ ᠵᠢᠨ ᠤᠳᠤᠷᠢᠳᠬᠤ ᠬᠦᠮᠦᠰ ᠦᠭᠡ ᠬᠡᠯᠡᠬᠦ᠎ᠳᠡᠭᠡᠨ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ ᠪᠦᠬᠦ ᠳᠡᠯᠡᠬᠡᠢ ᠬᠢᠭᠡᠳ ᠠᠹᠷᠢᠺᠠ ᠲᠢᠪ᠎ᠲᠤ ᠦᠷᠪᠢᠰᠦᠨ ᠳᠡᠯᠭᠡᠷᠡᠵᠤ ᠪᠠᠢ᠍ᠢ᠍ᠭ᠎ᠠ ᠵᠠᠩᠭᠢᠯᠠᠭ᠎ᠠ ᠵᠢᠨ ᠦᠶ᠎ᠡ᠎ᠳᠤ ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠲᠡᠮᠡᠴᠡᠬᠦ ᠤᠨᠴᠠᠭ᠋ᠠᠢ ᠲᠦᠷᠦᠭᠦᠴᠤᠳ᠎ᠤᠨ ᠬᠤᠷᠠᠯ᠎ᠢ ᠬᠤᠷᠠᠯᠳᠤᠭᠤᠯᠤᠭᠰᠠᠨ᠎ᠨᠢ ᠴᠢᠬᠤᠯᠠ ᠠᠴᠢ ᠬᠤᠯᠪᠤᠭᠳᠠᠯ᠎ᠲᠠᠢ ᠶᠤᠮ᠂ ᠡᠨᠡ᠎ᠨᠢ ᠠᠹᠷᠢᠺᠠ ᠳᠤᠮᠳᠠᠳᠤ ᠵᠢᠨ ᠨᠦᠬᠦᠷᠯᠡᠯ᠎ᠤᠨ ᠪᠠᠳᠤ ᠪᠡᠬᠢ᠂ ᠠᠹᠷᠢᠺᠠ ᠳᠤᠮᠳᠠᠳᠤ ᠵᠢᠨ ᠬᠠᠷᠢᠯᠴᠠᠭ᠋ᠠᠨ᠎ᠤ ᠤᠶᠠᠨ ᠬᠠᠳᠠᠨ ᠴᠢᠨᠠᠷ᠎ᠢ ᠳᠠᠬᠢᠨᠳᠠ ᠬᠠᠷᠠᠭᠤᠯᠪᠠ᠃ ᠳᠤᠮᠳᠠᠳᠤ ᠤᠯᠤᠰ ᠠᠹᠷᠢᠺᠠ ᠲᠢᠪ᠎ᠤᠨ ᠤᠯᠤᠰ᠎ᠤᠳ᠎ᠲᠠᠢ ᠬᠠᠷᠢᠯᠴᠠᠨ ᠳᠡᠮᠵᠢᠯᠴᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠵᠢᠷᠭ᠋ᠠᠯ ᠵᠤᠪᠠᠯᠠᠩ ᠵᠶ᠋ᠠᠨ ᠬᠠᠮᠳᠤᠳᠬᠠᠵᠤ᠂ ᠠᠹᠷᠢᠺᠠ ᠲᠢᠪ᠎ᠤᠨ ᠬᠢᠵᠢᠭ᠎ᠲᠠᠢ ᠲᠡᠮᠡᠴᠡᠬᠦ᠎ᠳᠤ ᠡᠳ᠋ ᠪᠤᠳᠠᠰ᠂ ᠮᠡᠷᠭᠡᠵᠢᠯ᠂ ᠲᠤᠷᠰᠢᠯᠭ᠎ᠠ ᠵᠡᠷᠭᠡ ᠲᠠᠯ᠎ᠠ᠎ᠪᠠᠷ ᠡᠷᠬᠢᠮ ᠨᠠᠨᠳᠢᠨ ᠬᠠᠪᠰᠤᠷᠤᠯᠭ᠎ᠠ ᠪᠠ ᠳᠡᠮᠵᠢᠯᠭᠡ ᠦᠵᠡᠭᠦᠯᠦᠭᠰᠡᠨ᠎ᠳᠤ ᠠᠹᠷᠢᠺᠠ ᠲᠢᠪ᠎ᠤᠨ ᠤᠯᠤᠰ᠎ᠤᠳ ᠲᠠᠯᠠᠷᠬᠠᠵᠤ ᠪᠠᠢ᠍ᠢ᠍ᠬᠤ᠎ᠪᠠᠨ ᠢᠯᠡᠳᠭᠡᠵᠤ ᠪᠠᠢ᠍ᠢ᠍ᠨ᠎ᠠ᠃ ᠬᠢᠵᠢᠭ᠎ᠤᠨ ᠪᠠᠢ᠍ᠢ᠍ᠳᠠᠯ ᠪᠤᠯ ᠤᠷᠢᠳ ᠡᠮᠦᠨ᠎ᠡ ᠪᠠᠢ᠍ᠢ᠍ᠭ᠎ᠠ ᠦᠭᠡᠢ ᠲᠦᠢ᠍ᠯ᠎ᠤᠨ ᠬᠦᠨᠳᠦ ᠨᠤᠴᠢᠳᠠᠢ ᠪᠦᠬᠦ ᠳᠡᠯᠡᠭᠡᠢ ᠵᠢᠨ ᠬᠢᠮᠤᠷᠠᠯ ᠮᠦᠨ᠂ ᠳᠡᠯᠡᠬᠡᠢ ᠨᠡᠢ᠍ᠢ᠍ᠭᠡᠮ᠎ᠤᠨ ᠡᠯ᠎ᠠ ᠲᠠᠯ᠎ᠠ ᠵᠢᠨ᠎ᠬᠢᠨ ᠪᠦᠯᠬᠦᠮᠳᠡᠯ ᠵᠶ᠋ᠠᠨ ᠴᠢᠩᠭ᠋ᠠᠳᠬᠠᠨ᠂ ᠤᠯᠠᠨ ᠲᠠᠯᠠᠳᠤ ᠦᠵᠡᠯ᠎ᠢ ᠪᠠᠷᠢᠮᠳᠠᠯᠠᠵᠤ᠂ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠤᠬᠢᠶᠠᠨ ᠪᠠᠢ᠍ᠢ᠍ᠭᠤᠯᠤᠯᠳᠠ ᠵᠡᠷᠭᠡ ᠤᠯᠠᠨ ᠤᠯᠤᠰ᠎ᠤᠨ ᠪᠠᠢ᠍ᠢ᠍ᠭᠤᠯᠤᠮᠵᠢ ᠵᠢᠨ ᠦᠢ᠍ᠯᠡᠳᠦᠯ ᠵᠶ᠋ᠠᠨ ᠪᠠᠳᠠᠷᠠᠭᠤᠯᠬᠤ ᠵᠢ ᠳᠡᠮᠵᠢᠪᠡᠯ ᠰᠠᠶᠢ ᠲᠠᠢ᠍ᠢ᠍ᠯᠠᠯᠳᠤᠭ᠋ᠠᠨ᠎ᠤ ᠢᠯᠠᠯᠳᠠ ᠵᠢ ᠤᠯᠵᠤ ᠴᠢᠳᠠᠨ᠎ᠠ᠃ ᠬᠤᠯᠪᠤᠭᠳᠠᠯ ᠪᠦᠬᠦᠢ ᠠᠪᠤᠴᠠᠭ᠋ᠠᠳᠤ ᠤᠯᠤᠰ ᠪᠤᠯᠤᠨ ᠤᠯᠠᠨ ᠤᠯᠤᠰ᠎ᠤᠨ ᠮᠦᠩᠭᠦᠨ ᠭᠦᠢ᠍ᠯᠭᠡᠬᠡᠨ᠎ᠤ ᠪᠠᠢ᠍ᠢ᠍ᠭᠤᠯᠤᠮᠵᠢ ᠵᠢᠨ᠎ᠬᠢᠨ ᠠᠹᠷᠢᠺᠠ ᠲᠢᠪ᠎ᠤᠨ ᠤᠯᠤᠰ᠎ᠤᠳ᠎ᠤᠨ ᠦᠷᠢ ᠰᠢᠷᠢ ᠵᠢ ᠴᠢᠨᠠᠭᠰᠢᠳᠠ ᠬᠤᠢ᠍ᠢ᠍ᠰᠢᠯᠠᠭᠤᠯᠵᠤ᠂ ᠤᠨᠤᠰᠢᠯᠠᠨ ᠡᠮᠨᠡᠬᠦ᠂ ᠡᠮ ᠲᠠᠩ᠂ ᠸᠠᠺᠼᠢᠨ᠎ᠤ ᠰᠤᠳᠤᠯᠭ᠋ᠠᠨ ᠵᠡᠷᠭᠡ ᠲᠠᠯ᠎ᠠ ᠵᠢᠨ ᠬᠠᠮᠳᠤᠷᠠᠯᠴᠠᠭ᠎ᠠ ᠵᠢ ᠴᠢᠩᠭ᠋ᠠᠳᠬᠠᠨ᠂ ᠠᠹᠷᠢᠺᠠ ᠲᠢᠪ᠎ᠤᠨ ᠤᠯᠤᠰ᠎ᠤᠳ᠎ᠤᠨ ᠬᠢᠵᠢᠭ᠎ᠤᠨ ᠪᠠᠢ᠍ᠢ᠍ᠳᠠᠯ᠎ᠢ ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠵᠤ᠂ ᠠᠵᠤ ᠠᠬᠤᠢ᠎ᠪᠠᠨ ᠰᠡᠷᠭᠦᠭᠡᠬᠦ᠂ ᠪᠡᠶ᠎ᠠ᠎ᠪᠠᠨ ᠳᠠᠭ᠋ᠠᠭ᠋ᠠᠬᠰᠠᠨ ᠦᠷᠭᠦᠯᠵᠢᠯᠡᠬᠦ ᠬᠦᠭᠵᠢᠯᠳᠡ ᠵᠢ ᠪᠡᠶᠡᠯᠡᠭᠦᠯᠬᠦ᠎ᠳᠤ ᠲᠤᠰᠠᠯᠠᠮᠵᠢ ᠦᠵᠡᠬᠦᠯᠬᠦ ᠵᠢ ᠠᠹᠷᠢᠺᠠ ᠲᠢᠪ᠎ᠤᠨ᠎ᠬᠢᠨ ᠬᠦᠰᠡᠨ ᠤᠷᠢᠶᠠᠯᠠᠵᠤ ᠪᠠᠢ᠍ᠢ᠍ᠨ᠎ᠠ᠃ ᠡᠨᠡ ᠲᠠᠯ᠎ᠠ᠎ᠪᠠᠷ ᠳᠤᠮᠳᠠᠳᠤ ᠤᠯᠤᠰ ᠳᠠᠭᠤᠷᠢᠶᠠᠯ ᠪᠤᠯᠵᠦ ᠪᠠᠢ᠍ᠢ᠍ᠨ᠎ᠠ᠂ ᠳᠤᠮᠳᠠᠳᠤ ᠤᠯᠤᠰ ᠪᠤᠯ ᠠᠹᠷᠢᠺᠠ ᠲᠢᠪ᠎ᠤᠨ ᠪᠦᠬᠦ ᠲᠠᠯ᠎ᠠ ᠵᠢᠨ ᠰᠠᠢ᠍ᠢ᠍ᠨ ᠨᠠᠢ᠍ᠢ᠍ᠵᠠ᠂ ᠰᠠᠢ᠍ᠢ᠍ᠨ ᠬᠠᠨᠢᠳᠠᠨ ᠮᠦᠨ ᠭᠡᠳᠡᠭ᠎ᠢ ᠪᠤᠳᠠᠳᠦ ᠠᠵᠢᠯᠯᠠᠭ᠎ᠠ᠎ᠪᠠᠷ ᠵᠶ᠋ᠠᠨ ᠳᠠᠬᠢᠨᠳᠠ ᠭᠡᠷᠡᠴᠢᠯᠡᠪᠡ᠃ ᠠᠹᠷᠢᠺᠠ ᠲᠢᠪ᠎ᠤᠨ᠎ᠬᠢᠨ ᠠᠹᠷᠢᠺᠠ ᠳᠤᠮᠳᠠᠳᠤ ᠵᠢᠨ ᠪᠦᠬᠦ ᠲᠠᠯ᠎ᠠ ᠵᠢᠨ ᠪᠠᠢ᠍ᠢ᠍ᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ ᠵᠢᠨ ᠬᠠᠨᠢᠳᠠᠨ᠎ᠤ ᠬᠠᠷᠢᠯᠴᠠᠭ᠎ᠠ ᠵᠢ ᠬᠦᠭᠵᠢᠭᠦᠯᠬᠦ᠎ᠪᠠᠷ ᠬᠦᠴᠦᠯᠡᠨ ᠴᠢᠷᠮᠠᠢ᠍ᠢ᠍ᠵᠤ᠂ ᠠᠹᠷᠢᠺᠠ ᠳᠤᠮᠳᠠᠳᠤ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠳᠤ ᠵᠢᠨ ᠴᠤᠭᠴᠠ ᠵᠢ ᠬᠠᠮᠳᠦ᠎ᠪᠠᠷ ᠪᠠᠢ᠍ᠢ᠍ᠭᠤᠯᠵᠤ᠂ ᠬᠦᠮᠦᠨ ᠲᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠪᠠᠢ᠍ᠢ᠍ᠭᠤᠯᠬᠤ ᠵᠢ ᠠᠬᠢᠭᠤᠯᠤᠨ᠎ᠠ᠃ ᠠᠹᠷᠢᠺᠠ ᠳᠤᠮᠳᠠᠳᠤ ᠵᠢᠨ ᠤᠯᠠᠮᠵᠢᠯᠠᠯᠳᠤ ᠨᠦᠬᠦᠷᠯᠡᠯ ᠦᠨᠢ ᠮᠦᠩᠬᠡ ᠤᠷᠤᠰᠢᠬᠤ ᠪᠤᠯᠳᠤᠭ᠋ᠠᠢ ᠭᠡᠵᠤ ᠢᠯᠡᠳᠭᠡᠵᠡᠭᠡᠪᠡ᠃
      ᠲᠤᠰ ᠤᠳᠠᠭ᠎ᠠ ᠵᠢᠨ ᠬᠤᠷᠠᠯ᠎ᠨᠢ ᠪᠤᠳᠠᠳᠠᠢ ᠵᠢ ᠡᠷᠬᠢᠮᠯᠡᠨ ᠦᠨᠳᠦᠷ ᠪᠦᠲᠦᠮᠵᠢᠳᠠᠢ ᠶᠠᠪᠤᠭᠳᠠᠵᠤ᠂ ᠢᠳᠡᠪᠬᠢᠳᠠᠢ ᠨᠦᠬᠦᠷᠰᠡᠭ ᠪᠠᠢ᠍ᠢ᠍ᠳᠠᠯ ᠲᠤᠮᠳᠠ ᠴᠢᠬᠤᠯᠠ ᠬᠠᠮᠳᠤ ᠵᠢᠨ ᠲᠠᠨᠢᠯᠳᠠ᠎ᠲᠠᠢ ᠪᠤᠯᠵᠠᠢ᠃ ᠲᠦᠷᠦᠭᠦᠴᠤᠳ᠎ᠤᠨ ᠬᠤᠷᠠᠯ᠎ᠠᠴᠠ 《ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠲᠡᠮᠡᠴᠡᠬᠦ ᠤᠨᠴᠠᠭ᠋ᠠᠢ ᠲᠦᠷᠦᠭᠦᠴᠤᠳ᠎ᠤᠨ ᠬᠤᠷᠠᠯ᠎ᠤᠨ ᠬᠠᠮᠳᠤᠷᠠᠭᠰᠠᠨ ᠢᠯᠡᠷᠬᠡᠢ᠍ᠢ᠍ᠯᠡᠯᠳᠡ》 ᠵᠢ ᠨᠡᠢ᠍ᠢ᠍ᠳᠡᠯᠡᠪᠡ᠃ ᠳᠤᠮᠳᠠᠳᠤ ᠠᠹᠷᠢᠺᠠ ᠬᠤᠶᠠᠷ ᠲᠠᠯ᠎ᠠ᠎ᠪᠠᠷ ᠵᠶ᠋ᠠᠨ ᠳᠤᠮᠳᠠᠳᠤ ᠠᠹᠷᠢᠺᠠ ᠵᠢᠨ ᠨᠦᠬᠦᠷᠯᠡᠯ᠎ᠢ ᠭᠦᠨᠵᠡᠭᠡᠢ᠍ᠢ᠍ᠷᠡᠭᠦᠯᠵᠤ᠂ ᠬᠠᠷᠢᠯᠴᠠᠨ ᠳᠡᠮᠵᠢᠯᠴᠡᠬᠦ᠎ᠪᠠᠨ ᠴᠢᠩᠭ᠋ᠠᠳᠬᠠᠨ᠂ ᠨᠡᠩ ᠨᠢᠭᠳᠠ ᠳᠤᠮᠳᠠᠳᠤ ᠠᠹᠷᠢᠺᠠ ᠵᠢᠨ ᠬᠤᠪᠢ ᠵᠤᠶᠠᠭ᠋ᠠᠨ᠎ᠤ ᠬᠠᠮᠳᠤ ᠵᠢᠨ ᠴᠤᠭᠴᠠ ᠵᠢ ᠴᠢᠷᠮᠠᠢ᠍ᠢ᠍ᠨ ᠪᠠᠢ᠍ᠢ᠍ᠭᠤᠯᠬᠤ᠎ᠪᠠᠷ ᠵᠤᠷᠢᠭ ᠰᠢᠭᠤᠳᠪᠠ; ᠪᠦᠯᠬᠦᠮᠳᠡᠨ ᠬᠠᠮᠳᠤᠷᠠᠯᠴᠠᠬᠤ᠎ᠪᠠᠨ ᠴᠢᠩᠭ᠋ᠠᠳᠬᠠᠵᠤ᠂ ᠤᠯᠠᠨ ᠤᠯᠤᠰ᠎ᠤᠨ ᠬᠤᠯᠪᠤᠭ᠋ᠠᠳᠤ ᠪᠠᠢ᠍ᠢ᠍ᠭᠤᠯᠭ᠎ᠠ ᠵᠢᠴᠢ ᠳᠡᠯᠡᠭᠡᠢ ᠵᠢᠨ ᠡᠷᠡᠭᠦᠯ ᠬᠠᠮᠠᠭ᠋ᠠᠯᠠᠯ᠎ᠤᠨ ᠵᠤᠬᠢᠶᠠᠨ ᠪᠠᠢ᠍ᠢ᠍ᠭᠤᠯᠤᠯᠳᠠ ᠵᠢᠨ ᠳᠠᠭ᠋ᠠᠭᠤᠯᠬᠤ ᠪᠠ ᠵᠤᠬᠢᠴᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠬᠤ ᠵᠢ ᠳᠡᠮᠵᠢᠵᠤ᠂ ᠭᠠᠷ ᠬᠤᠯᠪᠤᠨ ᠬᠢᠵᠢᠭ᠎ᠤᠨ ᠪᠠᠢ᠍ᠢ᠍ᠳᠠᠯ᠎ᠢ ᠢᠯᠠᠨ ᠳᠠᠪᠠᠬᠤ᠎ᠪᠠᠷ ᠵᠤᠷᠢᠭ ᠰᠢᠭᠤᠳᠪᠠ; ᠳᠤᠮᠳᠠᠳᠤ ᠠᠹᠷᠢᠺᠠ ᠵᠢᠨ ᠬᠠᠮᠳᠤᠷᠠᠯᠴᠠᠭ᠎ᠠ ᠵᠢᠨ ᠶᠠᠷᠢᠶᠠᠨ᠎ᠤ ᠲᠠᠪᠴᠠᠩ᠎ᠤᠨ ᠪᠡᠭᠡᠵᠢᠩ᠎ᠳᠠᠬᠢ ᠲᠦᠷᠦᠭᠦᠴᠤᠳ᠎ᠤᠨ ᠬᠤᠷᠠᠯ᠎ᠤᠨ ᠦᠷ᠎ᠠ ᠪᠦᠲᠦᠭᠡᠯ᠎ᠢ ᠳᠠᠷᠤᠢ ᠲᠦᠷᠭᠡᠨ ᠨᠠᠢ᠍ᠢ᠍ᠳᠠᠪᠤᠷᠢᠵᠢᠭᠤᠯᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠵᠢᠯ ᠦᠢ᠍ᠯᠡᠳᠪᠦᠷᠢᠯᠡᠯ᠎ᠢ ᠰᠡᠷᠭᠦᠭᠡᠬᠦ᠂ ᠠᠷᠠᠳ᠎ᠤᠨ ᠠᠮᠢᠳᠤᠷᠠᠯ᠎ᠢ ᠰᠠᠢ᠍ᠢ᠍ᠵᠢᠷᠠᠭᠤᠯᠬᠤ᠎ᠳᠤ ᠨᠡᠩ ᠢᠯᠡᠭᠦᠦ ᠬᠠᠷᠠᠭ᠋ᠠᠯᠵᠠᠯ ᠦᠵᠡᠭᠦᠯᠬᠦ᠎ᠪᠠᠷ ᠵᠤᠷᠢᠭ ᠰᠢᠭᠤᠳᠪᠠ; ᠤᠯᠠᠨ ᠲᠠᠯᠠᠳᠤ ᠦᠵᠡᠯ᠎ᠢ ᠬᠠᠮᠠᠭ᠋ᠠᠯᠠᠵᠤ᠂ ᠬᠢᠵᠢᠭ᠎ᠤᠨ ᠪᠠᠢ᠍ᠢ᠍ᠳᠠᠯ᠎ᠢ ᠤᠯᠤᠰ ᠲᠦᠷᠦᠴᠢᠯᠡᠬᠦ ᠵᠢ ᠡᠰᠡᠷᠭᠦᠴᠡᠵᠤ᠂ ᠲᠡᠯᠡᠬᠡᠢ ᠵᠢᠨ ᠲᠦᠪ ᠭᠤᠤᠯᠴᠢ ᠰᠢᠳᠤᠷᠭᠤ ᠶᠤᠰᠤ ᠵᠢ ᠬᠠᠮᠠᠭ᠋ᠠᠯᠠᠬᠤ᠎ᠪᠠᠷ ᠵᠤᠷᠢᠭ ᠰᠢᠭᠤᠳᠪᠠ᠃
      ᠳ᠋ᠢᠩ ᠰᠢᠤᠸᠠᠢ ᠰᠢᠶᠠᠩ᠂ ᠰᠦᠨ ᠴᠦᠨ ᠯᠠᠨ᠂ ᠸᠠᠩ ᠢ᠂ ᠾᠸ ᠯᠢ ᠹᠸᠩ ᠨᠠᠷ ᠤᠷᠤᠯᠴᠠᠵᠠᠢ᠃


ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠷᠤᠰ᠎ᠤᠨ ᠶᠡᠷᠤᠩᠬᠡᠢ᠍ᠢ᠍ᠯᠡᠭᠴᠢ ᠫᠦᠲ᠋ᠢᠨ᠎ᠲᠠᠢ ᠤᠳᠠᠰᠤ᠎ᠪᠠᠷ ᠶᠠᠷᠢᠯᠴᠠᠪᠠ
ᠪᠦᠬᠦ ᠤᠯᠤᠰ᠎ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠲᠠᠢ ᠲᠡᠮᠡᠴᠡᠭᠰᠡᠳ᠎ᠢ ᠬᠦᠬᠢᠬᠦᠯᠦᠨ ᠰᠠᠢ᠍ᠢ᠍ᠰᠢᠶᠠᠬᠤ ᠶᠡᠭᠡ ᠬᠤᠷᠠᠯ 8᠎ᠤ ᠦᠳᠡ ᠵᠢᠨ ᠡᠮᠦᠨ᠎ᠠ ᠪᠡᠭᠡᠵᠢᠩ᠎ᠳᠤ ᠦᠪᠡᠳᠡᠭᠰᠢ ᠶᠡᠭᠡ᠎ᠪᠠᠷ ᠶᠠᠪᠤᠭᠳᠠᠨ᠎ᠠ
ᠨᠠᠮ᠎ᠤᠨ ᠲᠦᠪ ᠬᠤᠷᠢᠶᠠᠨ᠎ᠤ ᠶᠡᠷᠤᠩᠬᠡᠢ ᠱᠦᠵᠢ ᠤᠯᠤᠰ᠎ᠤᠨ ᠲᠡᠷᠢᠬᠦᠯᠡᠭᠴᠢ ᠰᠢ ᠵᠢᠨ ᠫᠢᠩ ᠪᠤᠯᠤᠨ ᠮᠤᠩᠭᠤᠯ ᠤᠯᠤᠰ᠎ᠤᠨ ᠠᠷᠠᠳ᠎ᠤᠨ ᠨᠠᠮ᠎ᠤᠨ ᠲᠡᠷᠢᠬᠦᠯᠡᠭᠴᠢ ᠵᠠᠰᠠᠭ᠎ᠤᠨ ᠤᠷᠳᠤᠨ᠎ᠤ ᠶᠡᠷᠤᠩᠬᠡᠢ ᠰᠠᠢ᠍ᠢ᠍ᠳ ᠬᠦᠷᠡᠯᠰᠦᠢ᠍ᠬᠡ ᠬᠠᠷᠢᠯᠴᠠᠨ ᠵᠠᠬᠢᠳᠠᠯ ᠢᠯᠡᠬᠡᠪᠡ
ᠰᠢ ᠵᠢᠨ ᠫᠢᠩ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠨᠠᠢ᠍ᠢ᠍ᠷᠠᠭᠤᠯᠤᠨ ᠲᠤᠭᠤᠷᠪᠢᠬᠤ ᠠᠵᠢᠯ᠎ᠳᠤ ᠴᠢᠬᠤᠯᠠ ᠵᠢᠭ᠋ᠠᠪᠤᠷᠢ ᠥᠭᠪᠡ
ᠰᠢ ᠵᠢᠨ ᠫᠢᠩ ᠭᠤᠷᠪᠠᠳᠤᠭ᠋ᠠᠷ ᠤᠳᠠᠭ᠎ᠠ ᠵᠢᠨ ᠳᠦᠪ᠎ᠤᠨ ᠰᠢᠨᠵᠢᠶᠠᠩ᠎ᠤᠨ ᠠᠵᠢᠯ᠎ᠤᠨ ᠳᠤᠬᠠᠢ ᠶᠠᠷᠢᠯᠴᠠᠬᠤ ᠬᠤᠷᠠᠯ ᠳᠡᠬᠡᠷ᠎ᠡ ᠴᠢᠬᠤᠯᠠ ᠶᠠᠷᠢᠶ᠎ᠠ ᠲᠠᠯᠪᠢᠪᠠ
 
            