ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠦᠷᠢᠮ᠎ᠤᠨ ᠲᠦᠪᠯᠡᠷᠡᠬᠦᠯᠥᠭᠰᠡᠨ ᠰᠢᠨᠡᠴᠢᠯᠡᠯᠳᠡ ᠵᠢ ᠲᠤᠪᠤᠢ᠍ᠢ᠍ᠮ᠎ᠠ ᠪᠠᠢ᠍ᠢ᠍ᠷᠢ᠎ᠳᠤ ᠲᠠᠯᠪᠢᠵᠥ ᠴᠢᠨᠠᠷ ᠰᠠᠢ᠍ᠢ᠍ᠳᠠᠢ ᠦᠨᠳᠤᠷ ᠪᠠᠷᠢᠮᠵᠢᠶ᠎ᠠ᠎ᠪᠠᠷ ᠴᠢᠯᠥᠬᠡᠳᠤ ᠠᠷᠠᠯᠵᠢᠶᠠᠨ᠎ᠤ ᠭᠠᠷᠠᠮ᠎ᠢ ᠪᠦᠳᠦᠬᠡᠨ ᠪᠠᠢ᠌ᠭᠣᠯᠬᠣ ᠬᠡᠷᠡᠭᠲᠡᠢ
ᠨᠡᠶ᠋ᠢᠲᠡᠯᠡᠭᠰᠡᠨ ᠴᠠᠭ᠄ 2020-06-02

      ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ ᠵᠢᠨ ᠡᠳᠤᠷ ᠬᠠᠢ᠍ᠢ᠍ᠨᠠᠨ᠎ᠤ ᠴᠢᠯᠥᠬᠡᠳᠤ ᠠᠷᠠᠯᠵᠢᠶᠠᠨ᠎ᠤ ᠭᠠᠷᠠᠮ᠎ᠤᠨ ᠪᠦᠳᠦᠬᠡᠨ ᠪᠠᠢ᠍ᠢ᠍ᠭᠤᠯᠤᠯᠳᠠ᠎ᠳᠤ ᠴᠢᠬᠤᠯᠠ ᠵᠢᠭ᠋ᠠᠪᠤᠷᠢ ᠦᠭᠴᠦ᠂ ᠬᠠᠢ᠍ᠢ᠍ᠨᠠᠨ᠎ᠳᠤ ᠴᠢᠯᠥᠬᠡᠳᠤ ᠠᠷᠠᠯᠵᠢᠶᠠᠨ᠎ᠤ ᠭᠠᠷᠠᠮ ᠪᠠᠢ᠍ᠢ᠍ᠭᠤᠯᠬᠤ ᠪᠤᠯ ᠨᠠᠮ᠎ᠤᠨ ᠲᠦᠪ ᠬᠤᠷᠢᠶ᠎ᠡ᠎ᠠᠴᠠ ᠤᠯᠤᠰ᠎ᠤᠨ ᠲᠤᠳᠤᠭ᠋ᠠᠳᠤ ᠪᠤᠯᠤᠨ ᠲᠡᠯᠡᠬᠡᠢ ᠵᠢᠨ ᠬᠤᠶᠠᠷ ᠶᠡᠬᠡ ᠲᠡᠯ᠎ᠡ ᠵᠢ ᠪᠤᠳᠤᠯᠬᠢᠯᠠᠵᠥ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠬᠡᠮ ᠵᠢᠷᠤᠮ᠎ᠤᠨ ᠰᠢᠨ᠎ᠡ ᠵᠢ ᠡᠬᠦᠳᠦᠨ ᠬᠦᠭᠵᠢᠬᠦ ᠵᠢ ᠠᠬᠢᠭᠤᠯᠬᠤ᠎ᠪᠠᠷ ᠭᠠᠷᠭ᠋ᠠᠭᠰᠠᠠ ᠴᠢᠬᠤᠯᠠ ᠶᠡᠬᠡ ᠪᠠᠢ᠍ᠢ᠍ᠯᠳᠤᠬᠤ ᠪᠤᠳᠤᠯᠭ᠎ᠠ ᠵᠢᠨ ᠰᠢᠢ᠍ᠳᠪᠤᠷᠢᠳᠤ ᠪᠤᠳᠤᠯᠭ᠎ᠠ ᠪᠤᠯᠤᠨ᠎ᠠ᠂ ᠮᠠᠨ᠎ᠤ ᠤᠯᠤᠰ᠎ᠤᠨ ᠰᠢᠨ᠎ᠡ ᠴᠠᠭ ᠦᠶ᠎ᠡ ᠵᠢᠨ ᠦᠬᠡᠷᠡᠴᠢᠯᠡᠯᠳᠡ ᠨᠡᠬᠡᠬᠡᠯᠳᠡ ᠵᠢᠨ ᠶᠠᠪᠤᠴᠠ᠎ᠳᠠᠬᠢ ᠶᠡᠬᠡ ᠶᠠᠪᠤᠳᠠᠯ ᠪᠤᠯᠤᠨ᠎ᠠ᠃ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠵᠥ᠂ ᠲᠤᠮᠳᠠᠳᠤ ᠤᠯᠤᠰ᠎ᠤᠨ ᠤᠠᠴᠠᠯᠢᠭ᠎ᠲᠠᠢ ᠨᠡᠢ᠍ᠢ᠍ᠬᠡᠮ ᠵᠢᠷᠤᠮ᠎ᠤᠨ ᠪᠠᠢ᠍ᠢ᠍ᠭᠤᠯᠤᠯ᠎ᠢ ᠪᠠᠷᠢᠮᠳᠠᠯᠠᠵᠥ᠂ ᠲᠡᠯᠡᠬᠡᠢ ᠵᠢᠨ ᠦᠨᠳᠤᠷ ᠲᠦᠪᠰᠢᠨ ᠪᠦᠬᠦᠢ ᠠᠵᠥ ᠠᠬᠤᠢ ᠠᠷᠠᠯᠵᠢᠶᠠᠨ᠎ᠤ ᠲᠦᠷᠢᠮ᠎ᠲᠠᠢ ᠵᠤᠯᠭ᠋ᠠᠭᠤᠯᠵᠥ᠂ ᠦᠢ᠍ᠯᠡᠳᠪᠤᠷᠢᠯᠡᠯ᠎ᠤᠨ ᠴᠢᠬᠤᠯᠠ ᠡᠯᠸᠮᠸᠨ᠋ᠲ᠎ᠤᠨ ᠴᠢᠯᠦᠬᠡᠳᠡᠢ ᠲᠦᠬᠦᠮ ᠲᠦᠳᠡ᠎ᠪᠠᠷ ᠬᠦᠢ᠍ᠯᠬᠡᠬᠡᠭᠳᠡᠬᠦ ᠵᠢ ᠠᠬᠢᠭᠤᠯᠵᠥ᠂ ᠴᠢᠨᠠᠷ ᠰᠠᠢ᠍ᠢ᠍ᠳᠠᠢ ᠦᠨᠳᠤᠷ ᠪᠠᠷᠢᠮᠵᠢᠶ᠎ᠠ᠎ᠪᠠᠷ ᠴᠢᠯᠥᠬᠡᠳᠤ ᠠᠷᠠᠯᠵᠢᠶᠠᠨ᠎ᠤ ᠭᠠᠷᠠᠮ᠎ᠢ ᠪᠦᠳᠦᠬᠡᠨ ᠪᠠᠢ᠍ᠢ᠍ᠭᠤᠯᠬᠤ ᠬᠡᠷᠡᠭᠳᠡᠢ᠃ ᠲᠦᠷᠢᠮ᠎ᠤᠨ ᠲᠦᠪᠯᠡᠷᠡᠬᠦᠯᠦᠭᠰᠡᠨ ᠰᠢᠨᠡᠴᠢᠯᠡᠯᠳᠠ ᠵᠢ ᠲᠤᠪᠤᠢ᠍ᠢ᠍ᠮ᠎ᠡ ᠪᠠᠢ᠍ᠢ᠍ᠷᠢᠨ᠎ᠳᠤ ᠲᠠᠯᠪᠢᠵᠤ᠂ ᠦᠵᠡᠯ ᠰᠠᠨᠠᠭ᠎ᠡ᠎ᠪᠠᠨ ᠴᠢᠯᠦᠭᠡᠯᠡᠵᠤ᠂ ᠵᠤᠷᠢᠬᠳᠠᠢ᠎ᠪᠠᠷ ᠰᠢᠨ᠎ᠡ ᠵᠢ ᠡᠬᠦᠳᠴᠤ᠂ ᠨᠢᠭᠡ ᠲᠦᠷᠦᠯ᠎ᠨᠢ ᠪᠤᠯᠪᠠᠰᠤᠷᠠᠨᠭ᠌ᠭᠤᠢ ᠪᠤᠯᠪᠡᠯ ᠨᠢᠭᠡ ᠲᠦᠷᠦᠯ᠎ᠢ ᠲᠠᠯᠭᠡᠷᠡᠬᠦᠯᠵᠤ᠂ ᠯᠠᠪᠳᠠᠭᠤᠨ ᠵᠶ᠋ᠠᠷ ᠬᠤᠯᠠ ᠠᠶᠠᠯᠠᠵᠤ᠂ ᠤᠷᠳᠤ ᠤᠳᠠᠭ᠋ᠠᠨ ᠵᠶ᠋ᠠᠷ ᠵᠢᠳᠬᠦᠯ ᠴᠢᠷᠮᠠᠢ᠍ᠢ᠍ᠯᠭ᠎ᠡ ᠭᠠᠷᠭ᠋ᠠᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠠᠢ᠍ᠢ᠍ᠨᠠᠨ ᠮᠤᠵᠢ ᠵᠢᠨ᠎ᠬᠢᠨ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠴᠢᠭᠯᠡᠯ᠎ᠢ ᠤᠨᠤᠴᠠᠳᠠᠢ ᠡᠵᠡᠮᠳᠡᠵᠤ᠂ ᠵᠤᠷᠢᠬᠳᠠᠢ᠎ᠪᠠᠷ ᠬᠠᠷᠢᠭᠤᠴᠠᠯᠭ᠎ᠡ ᠡᠬᠦᠷᠭᠡᠯᠡᠵᠤ᠂ ᠰᠠᠨᠠᠭ᠋ᠠᠴᠢᠯᠠᠭ᠎ᠡ᠎ᠠᠴᠠ᠎ᠪᠠᠨ ᠵᠢᠳᠬᠦᠯ ᠴᠢᠷᠮᠠᠢ᠍ᠢ᠍ᠯᠭ᠎ᠡ ᠭᠠᠷᠭ᠋ᠠᠵᠤ᠂ ᠲᠦᠷᠦ ᠵᠢᠨ ᠪᠤᠳᠤᠯᠭ᠎ᠡ ᠵᠢᠨ ᠠᠨᠭ᠌ᠬᠠᠨ᠎ᠤ ᠲᠤᠬᠢᠷᠠᠭᠤᠯᠤᠯᠳᠠ ᠵᠢ ᠱᠠᠯᠠᠪᠳᠠᠨ ᠨᠠᠢ᠍ᠢ᠍ᠳᠠᠪᠤᠷᠢᠵᠢᠭᠤᠯᠵᠤ᠂ ᠬᠠᠳᠠᠭ᠋ᠠᠰᠤ ᠬᠠᠳᠠᠬᠤ ᠵᠤᠷᠢᠭ ᠰᠠᠨᠠᠭ᠎ᠡ᠎ᠪᠠᠷ ᠴᠢᠯᠦᠭᠡᠳᠤ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢ᠍ᠢ᠍ᠭᠤᠯᠤᠯᠳᠠ ᠵᠢᠨ ᠰᠠᠭᠤᠷᠢ ᠵᠢ ᠪᠠᠬᠢᠵᠢᠬᠦᠯᠬᠦ ᠭᠡᠷᠡᠭᠳᠠᠢ᠃ ᠲᠦᠪ᠎ᠤᠨ ᠪᠠ ᠤᠯᠤᠰ᠎ᠤᠨ ᠬᠤᠯᠪᠤᠬᠳᠠᠯ ᠪᠦᠬᠦᠢ ᠰᠠᠯᠠᠭ᠎ᠡ ᠮᠦᠴᠢᠷ᠎ᠤᠨ᠎ᠬᠢᠨ ᠶᠡᠭᠡ ᠲᠠᠯ᠎ᠡ᠎ᠠᠴᠠ ᠡᠬᠦᠰᠴᠤ᠂ ᠬᠠᠢ᠍ᠢ᠍ᠨᠠᠨ᠎ᠤ ᠵᠤᠷᠢᠬᠳᠠᠢ᠎ᠪᠠᠷ ᠦᠭᠡᠷᠡᠴᠢᠯᠡᠯᠳᠠ ᠬᠢᠵᠤ ᠰᠢᠨ᠎ᠡ ᠵᠢ ᠡᠬᠦᠳᠬᠦ ᠵᠢ ᠲᠠᠮᠵᠢᠵᠤ᠂ ᠬᠠᠢ᠍ᠢ᠍ᠨᠠᠨ᠎ᠤ ᠴᠢᠯᠤᠭᠡᠳᠤ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢ᠍ᠢ᠍ᠭᠤᠯᠤᠯᠳᠠ ᠵᠢᠨ ᠲᠠᠰᠤᠷᠠᠯᠳᠠ ᠦᠭᠡᠢ ᠰᠢᠨ᠎ᠡ ᠦᠷ᠎ᠡ ᠪᠦᠳᠦᠮᠵᠢ ᠤᠯᠬᠤ ᠵᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
      ᠬᠠᠢ᠍ᠢ᠍ᠨᠠᠨ᠎ᠤ ᠴᠢᠯᠦᠭᠡᠳᠤ ᠠᠷᠠᠯᠵᠢᠶᠠᠨ᠎ᠤ ᠭᠠᠷᠠᠮ᠎ᠤᠨ ᠭᠡᠷᠡᠭᠵᠢᠬᠦᠯᠦᠯᠳᠠ ᠵᠢᠨ ᠬᠡᠪᠴᠢᠶ᠎ᠡ᠎ᠨᠢ ᠪᠦᠬᠦᠢ᠍ᠢ᠍ᠯᠡ ᠬᠠᠢ᠍ᠢ᠍ᠨᠠᠨ ᠠᠷᠠᠯ ᠪᠠᠢ᠍ᠢ᠍ᠵᠤ᠂ 2025 ᠤᠨ ᠪᠤᠯᠬᠤ᠎ᠳᠤ ᠠᠷᠠᠯᠵᠢᠶᠠᠨ᠎ᠤ ᠴᠢᠯᠦᠭᠡᠵᠢᠯᠳᠠ ᠪᠠ ᠲᠦᠬᠦᠮᠴᠢᠯᠠᠯᠳᠠ ᠪᠤᠯᠤᠨ ᠪᠡᠯᠡ ᠤᠷᠤᠭᠤᠯᠤᠯᠳᠠ ᠵᠢᠨ ᠴᠢᠯᠦᠭᠡᠵᠢᠯᠳᠠ ᠪᠠ ᠲᠦᠬᠦᠮᠴᠢᠯᠠᠯᠳᠠ᠎ᠪᠠᠷ ᠭᠤᠤᠯ ᠪᠤᠯᠭ᠋ᠠᠬᠰᠡᠨ ᠴᠢᠯᠦᠭᠡᠳᠤ ᠠᠷᠠᠯᠵᠢᠶᠠᠨ᠎ᠤ ᠭᠠᠷᠠᠮ᠎ᠤᠨ ᠲᠦᠷᠦ ᠵᠢᠨ ᠪᠤᠳᠤᠯᠭ᠎ᠡ ᠵᠢᠨ ᠰᠢᠰᠲᠸᠮ᠎ᠢ ᠠᠨᠭ᠌ᠬ᠎ᠡ ᠠᠯᠬᠤᠮ ᠪᠠᠢ᠍ᠢ᠍ᠭᠤᠯᠵᠤ᠂ 2035 ᠤᠨ ᠪᠤᠯᠬᠤ᠎ᠳᠤ ᠮᠠᠨ᠎ᠤ ᠤᠯᠤᠰ᠎ᠤᠨ ᠨᠡᠭᠡᠭᠡᠯᠳᠠᠳᠤ ᠮᠠᠶᠢᠭ᠎ᠤᠨ ᠠᠵᠤ ᠠᠬᠤᠢ ᠵᠢᠨ ᠰᠢᠨ᠎ᠡ ᠦᠨᠳᠤᠷᠯᠢᠭ᠌ ᠪᠤᠯᠭ᠋ᠠᠵᠤ᠂ ᠲᠤᠰ ᠵᠠᠭᠤᠨ᠎ᠤ ᠲᠤᠮᠳᠠᠴᠢ ᠪᠤᠯᠬᠤ᠎ᠳᠤ ᠲᠡᠯᠡᠭᠡᠢ ᠵᠢᠨ ᠨᠦᠯᠦᠭᠡᠯᠡᠬᠦ ᠬᠦᠴᠤᠨ᠎ᠲᠠᠢ ᠦᠨᠳᠤᠷ ᠲᠦᠪᠰᠢᠨ ᠪᠦᠬᠦᠢ ᠴᠢᠯᠦᠭᠡᠳᠤ ᠠᠷᠠᠯᠵᠢᠶᠠᠨ᠎ᠤ ᠭᠠᠷᠠᠮ᠎ᠢ ᠪᠠᠢ᠍ᠢ᠍ᠭᠤᠯᠬᠤ ᠪᠤᠯᠤᠨ᠎ᠡ᠃


ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠨᠢᠩᠰᠢᠶᠠ᠎ᠳᠤ ᠰᠢᠨᠵᠢᠯᠠᠨ ᠪᠠᠢ᠍ᠢ᠍ᠴᠠᠭ᠋ᠠᠬᠤ᠎ᠳᠠᠭᠠᠨ ᠴᠢᠬᠤᠯᠠᠴᠢᠯᠠᠬᠰᠠᠠ᠎ᠨᠢ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠠᠯᠳᠠ ᠵᠢ ᠤᠯᠵᠤ ᠶᠠᠳᠠᠭᠤ᠎ᠠᠴᠠ ᠠᠨᠭ᠌ᠭᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠤ ᠠᠵᠤ ᠠᠬᠤᠢ ᠴᠡᠴᠡᠭᠯᠡᠨ ᠬᠥᠭᠵᠢᠭᠰᠡᠨ ᠦᠨᠳᠦᠰᠦᠲᠡᠨ᠎ᠨᠦᠭᠦᠳ ᠪᠦᠯᠬᠦᠮᠳᠡᠭᠰᠡᠨ ᠣᠷᠴᠢᠨ ᠲᠤᠭᠤᠷᠢᠨ ᠭᠣᠶᠤ ᠰᠠᠶ᠋ᠢᠬᠠᠨ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶ᠋ᠢᠬᠠᠨ ᠰᠢᠨ᠎ᠡ ᠨᠢᠩᠰᠢᠶᠠ ᠵᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠬᠡᠷᠡᠭᠲᠡᠢ
ᠰᠢ ᠵᠢᠨ ᠫᠢᠩ ᠪᠤᠯᠤᠨ ᠠᠷᠭ᠌ᠸᠨ᠋ᠲ᠋ᠢᠨ᠎ᠤ ᠶᠡᠷᠤᠩᠬᠡᠢ᠍ᠢ᠍ᠯᠡᠭᠴᠢ ᠹᠸᠢᠢ᠍ᠷᠨᠠᠨᠳ᠋ᠸᠰ ᠬᠠᠷᠢᠯᠴᠠᠨ ᠵᠠᠬᠢᠳᠠᠯ ᠢᠯᠡᠬᠡᠪᠡ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠴᠡᠷᠢᠭ ᠠᠩᠭᠢ ᠵᠢᠨ ᠨᠠᠮ᠎ᠤᠨ ᠪᠠᠢ᠍ᠢ᠍ᠭᠤᠯᠤᠯᠳᠠ ᠵᠢᠨ ᠳᠦᠷᠢᠮ》 ᠪᠤᠯᠤᠨ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠨᠳᠦᠰᠦᠨ ᠱᠠᠳᠤᠨ᠎ᠤ ᠰᠤᠩᠭᠤᠭᠤᠯᠢ ᠵᠢᠨ ᠠᠵᠢᠯ᠎ᠤᠨ ᠳᠦᠷᠢᠮ》᠎ᠢ ᠬᠢᠨᠠᠨ ᠵᠦᠪᠯᠡᠵᠠᠢ
ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠬᠤᠷᠢᠨ ᠨᠢᠬᠡᠳᠤᠬᠡᠷ ᠤᠳᠠᠭ᠎ᠠ ᠵᠢᠨ ᠬᠠᠮᠳᠤ ᠵᠢᠨ ᠰᠤᠷᠤᠯᠴᠠᠯᠭ᠎ᠠ ᠲᠡᠬᠡᠷ᠎ᠡ ᠴᠢᠬᠤᠯᠠᠴᠢᠯᠠᠬᠰᠠᠠ᠎ᠨᠢ ᠰᠢᠨ᠎ᠡ ᠴᠠᠭ ᠦᠶ᠎ᠡ ᠵᠢᠨ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠱᠤᠭᠤᠮ᠎ᠢ ᠰᠠᠢ᠍ᠢ᠍ᠳᠤᠷ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠥ ᠨᠠᠮ᠎ᠢ ᠲᠠᠰᠤᠷᠠᠯᠳᠡ ᠦᠭᠡᠢ ᠨᠡᠩ ᠪᠡᠳᠤ ᠴᠢᠩᠭ᠎ᠠ ᠬᠦᠴᠦᠨ᠎ᠲᠠᠢ ᠪᠤᠯᠭ᠋ᠠᠨ ᠪᠠᠢ᠍ᠢ᠍ᠭᠤᠯᠬᠤ ᠬᠡᠷᠡᠭᠳᠡᠢ
ᠰᠢ ᠵᠢᠨ ᠫᠢᠩ ᠦᠶᠡᠷ᠎ᠢ ᠰᠡᠷᠬᠡᠢ᠍ᠢ᠍ᠯᠡᠵᠥ ᠭᠠᠮᠰᠢᠭ᠎ᠠᠴᠠ ᠠᠪᠤᠷᠠᠬᠤ ᠠᠵᠢᠯ᠎ᠢ ᠴᠢᠨᠠᠬᠰᠢᠳᠠ ᠰᠠᠢ᠍ᠢ᠍ᠳᠤᠷ ᠬᠢᠬᠦ ᠲᠤᠬᠠᠢ ᠴᠢᠬᠤᠯᠠ ᠵᠢᠭ᠋ᠠᠪᠤᠷᠢ ᠦᠭᠪᠠ
 
            