ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠡᠸᠦ᠋ᠷᠦᠫᠡ ᠲᠢᠪ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠲᠡᠷᠢᠭᠦᠯᠡᠭᠴᠢ ᠮᠢᠰᠢᠶᠧᠷ ᠪᠠ ᠧᠦ᠋ᠷᠦᠫᠠ ᠲᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠹᠧᠩᠳᠧᠯᠠᠢ᠍ᠢ᠍᠊ ᠊ ᠧᠨ᠎ᠲᠠᠢ ᠠᠭᠤᠯᠵᠠᠵᠠᠢ
ᠨᠡᠶ᠋ᠢᠲᠡᠯᠡᠭᠰᠡᠨ ᠴᠠᠭ᠄ 2020-06-23

      ᠰᠢᠨᠬᠤᠸᠠ ᠬᠤᠷᠢᠶᠠᠨ᠎ᠤ ᠪᠡᠭᠡᠵᠢᠩ᠎ᠤᠨ 6 ᠰᠠᠷ᠎ᠠ ᠵᠢᠨ 22᠎ᠤᠨ ᠴᠠᠬᠢᠯᠭ᠋ᠠᠨ ᠮᠡᠳᠡᠭᠡ     ᠤᠯᠤᠰ᠎ᠤᠨ ᠲᠡᠷᠢᠭᠦᠯᠡᠭᠴᠢ ᠰᠢ ᠵᠢᠨ ᠫᠢᠩ 22᠎ᠤᠨ ᠤᠷᠤᠢ ᠪᠡᠭᠡᠵᠢᠩ᠎ᠳᠤ ᠸᠢᠳᠢᠣ᠋ ᠬᠡᠯᠪᠡᠷᠢ᠎ᠪᠠᠷ ᠧᠦᠢ᠍ᠷᠦᠫᠠ ᠲᠢᠪ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠲᠡᠷᠢᠭᠦᠯᠡᠭᠴᠢ ᠮᠢᠰᠢᠶᠧᠷ ᠪᠠ ᠧᠦ᠋ᠷᠦᠫᠠ ᠲᠢᠪ᠎ᠤᠨ ᠤᠯᠤᠰ᠎ᠤᠳ᠎ᠤᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠹᠧᠩᠳᠧᠯᠠᠢ᠍ᠢ᠍᠊ ᠊ ᠧᠨ᠎ᠲᠠᠢ ᠠᠭᠤᠯᠵᠠᠪᠠ᠃
      ᠰᠢ ᠵᠢᠨ ᠫᠢᠩ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ ᠭᠠᠷᠤᠭᠰᠠᠨ᠎ᠠᠴᠠ ᠨᠠᠭ᠋ᠠᠰᠢ᠂ ᠳᠤᠮᠳᠠᠳᠤ ᠤᠯᠤᠰ ᠪᠠ ᠧᠦ᠋ᠷᠦᠫᠠ ᠲᠢᠪ᠎ᠤᠨ ᠤᠯᠤᠰ᠎ᠤᠳ᠎ᠤᠨ ᠬᠤᠯᠪᠤᠭ᠎ᠠ ᠬᠠᠷᠢᠯᠴᠠᠨ ᠳᠡᠮᠵᠢᠵᠦ ᠬᠠᠷᠢᠯᠴᠠᠨ ᠬᠠᠪᠰᠤᠷᠤᠯᠴᠠᠪᠠ᠃ ᠳᠤᠮᠳᠠᠳᠤ ᠵᠢᠨ ᠳᠠᠯ᠎ᠠ ᠳᠤᠷᠠᠳᠠᠶ᠎ᠠ ᠧᠦ᠋ᠷᠦᠫᠠ ᠵᠢᠨ ᠲᠠᠯ᠎ᠠ ᠵᠢᠨ᠎ᠬᠢᠨ᠎ᠲᠠᠢ ᠭᠠᠷ ᠬᠤᠯᠪᠤᠯᠴᠠᠨ ᠬᠠᠮᠳᠤ᠎ᠪᠠᠷ ᠴᠢᠷᠮᠠᠢ᠍ᠢ᠍ᠵᠤ ᠪᠠᠢ᠍ᠢ᠍ᠭ᠋ᠠᠤᠨ 《ᠬᠢᠵᠢᠭ᠎ᠤᠨ ᠳᠠᠷᠠᠭ᠋ᠠᠬᠢ ᠴᠠᠭ ᠦᠶ᠎ᠠ》 ᠵᠢᠨ ᠳᠤᠮᠳᠠᠳᠤ ᠧᠦ᠋ᠷᠦᠫᠠ ᠵᠢᠨ ᠬᠠᠷᠢᠯᠴᠠᠭ᠋ᠠᠨ᠎ᠤ ᠨᠡᠩ ᠯᠠᠪᠳᠠᠭᠤᠨ ᠪᠤᠯᠪᠠᠰᠤᠷᠠᠩᠭᠤᠢ ᠪᠤᠯᠵᠤ᠂ ᠨᠡᠩ ᠦᠨᠳᠦᠷ ᠲᠦᠪᠰᠢᠨ᠎ᠳᠤ ᠳᠠᠪᠰᠢᠬᠤ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃



      ᠰᠢ ᠵᠢᠨ ᠫᠢᠩ᠂ ᠳᠤᠮᠳᠠᠳᠤ ᠤᠯᠤᠰ ᠪᠤᠯ ᠦᠨᠢ ᠤᠳᠠᠭ᠋ᠠᠨ ᠲᠡᠦᠬᠡ᠎ᠲᠠᠢ ᠡᠷᠳᠡᠨ᠎ᠤ ᠤᠯᠤᠰ ᠪᠤᠯᠬᠤ ᠪᠦᠭᠡᠳ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠬᠦᠭᠵᠢᠵᠦ ᠪᠠᠢ᠍ᠢ᠍ᠭ᠎ᠠ ᠤᠯᠤᠰ ᠪᠤᠯᠤᠨ᠎ᠠ᠃ ᠳᠤᠮᠳᠠᠳᠤ ᠤᠯᠤᠰ ᠡᠩᠬᠡ ᠲᠠᠢ᠍ᠢ᠍ᠪᠤᠩ᠎ᠢ ᠡᠷᠬᠢᠮᠯᠡᠵᠦ ᠡᠵᠡᠷᠬᠡᠭᠯᠡᠯ᠎ᠢ ᠡᠰᠡᠷᠭᠦᠴᠡᠨ᠎ᠠ᠃ ᠪᠢᠳᠡᠨ᠎ᠤ ᠠᠯᠢᠪᠠ ᠲᠦᠷᠦ ᠵᠢᠨ ᠪᠤᠳᠤᠯᠭ᠎ᠠ ᠪᠠ ᠠᠵᠢᠯ ᠪᠦ᠍ᠷ ᠳᠤᠮᠳᠠᠳᠤ ᠤᠯᠤᠰ᠎ᠤᠨ ᠠᠷᠠᠳ ᠲᠦᠮᠡᠨ᠎ᠢ ᠵᠤᠯ ᠵᠢᠷᠭ᠋ᠠᠯ᠎ᠲᠠᠢ ᠠᠮᠢᠳᠤᠷᠠᠭᠤᠯᠬᠤ ᠵᠢᠨ ᠲᠦᠯᠦᠭᠡ ᠪᠠᠢ᠍ᠢ᠍ᠳᠠᠭ᠃ ᠪᠢᠳᠡ ᠡᠩᠬᠡ ᠲᠠᠢ᠍ᠢ᠍ᠪᠤᠩ ᠬᠦᠭᠵᠢᠯᠳᠡ ᠵᠢᠨ ᠵᠠᠮ ᠵᠶ᠋ᠠᠷ ᠡᠷᠡᠰ ᠭᠤᠢ᠍ᠢ᠍ᠪᠢᠰᠢ ᠦᠭᠡᠢ ᠵᠠᠮᠨᠠᠨ᠎ᠠ᠃ ᠳᠤᠮᠳᠠᠳᠤ ᠤᠯᠤᠰ ᠪᠤᠯ ᠠᠵᠠ ᠳᠤᠬᠢᠶᠠᠯ ᠮᠦᠨ ᠬᠠᠷᠢᠨ ᠰᠦᠷᠳᠡᠭᠦᠯᠦᠯ ᠪᠢᠰᠢ᠃ ᠳᠤᠮᠳᠠᠳᠤ ᠤᠯᠤᠰ ᠦᠷᠭᠦᠯᠵᠢᠯᠡᠨ ᠦᠭᠡᠷᠡᠴᠢᠯᠡᠯᠳᠡ᠎ᠪᠠᠨ ᠭᠦᠨᠵᠡᠭᠡᠢ᠍ᠢ᠍ᠷᠡᠭᠦᠯᠵᠦ᠂ ᠨᠡᠭᠡᠭᠡᠯᠳᠡ᠎ᠪᠠᠨ ᠦᠷᠭᠡᠳᠭᠡᠨ᠎ᠠ᠂ ᠡᠨᠡ᠎ᠨᠢ ᠧᠦᠢ᠍ᠷᠦᠫᠠ ᠲᠢᠪ᠎ᠤᠨ᠎ᠬᠢᠨ᠎ᠳᠤ ᠰᠢᠨ᠎ᠠ ᠨᠢᠭᠡᠨ ᠡᠭᠡᠯᠵᠢ ᠵᠢᠨ ᠬᠠᠮᠳᠤᠷᠠᠯᠴᠠᠭ᠋ᠠᠨ᠎ᠤ ᠠᠵᠠ ᠳᠤᠬᠢᠶᠠᠯ ᠪᠠ ᠬᠦᠭᠵᠢᠯᠳᠡ ᠵᠨ ᠤᠷᠤᠨ ᠵᠠᠢ ᠬᠠᠩᠭ᠋ᠠᠬᠤ ᠪᠤᠯᠤᠨ᠎ᠠ᠃ ᠳᠤᠮᠳᠠᠳᠤ ᠤᠯᠤᠰ ᠪᠤᠯ ᠬᠠᠨᠢᠳᠠᠨ ᠮᠦᠨ ᠬᠠᠷᠢᠨ ᠳᠠᠢ᠍ᠢ᠍ᠰᠦᠨ ᠪᠢᠰᠢ᠃ ᠳᠤᠮᠳᠠᠳᠤ ᠤᠯᠤᠰ ᠪᠠ ᠧᠦ᠋ᠷᠦᠫᠠ ᠲᠢᠪ᠎ᠤᠨ᠎ᠬᠢᠨ ᠦᠨᠳᠦᠰᠦᠨ ᠠᠰᠢᠭ ᠲᠤᠰᠠ ᠵᠢᠨ ᠮᠦᠷᠭᠦᠯᠳᠦᠭᠡᠨ ᠪᠠᠢ᠍ᠢ᠍ᠬᠤ ᠦᠭᠡᠢ᠂ ᠬᠠᠮᠳᠤᠷᠠᠯᠴᠠᠬᠤ᠎ᠨᠢ ᠦᠷᠢᠰᠦᠯᠳᠦᠬᠦ᠎ᠠᠴᠠ ᠬᠤᠯᠠ ᠳᠠᠪᠠᠵᠤ᠂ ᠬᠠᠮᠳᠤ ᠵᠢᠨ ᠲᠠᠨᠢᠯᠳᠠ᠎ᠨᠢ ᠵᠦᠷᠢᠯᠳᠦᠭᠡᠨ᠎ᠠᠴᠠ ᠬᠤᠯᠠ ᠳᠠᠪᠠᠨ᠎ᠠ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠤᠳᠭᠡᠬᠦ᠂ ᠠᠳᠠᠯᠢ ᠲᠠᠯ᠎ᠠ᠎ᠪᠠᠨ ᠡᠷᠢᠵᠦ ᠵᠦᠷᠢᠶ᠎ᠠ᠎ᠪᠠᠨ ᠦᠯᠡᠳᠡᠭᠡᠬᠦ᠂ ᠨᠠᠢ᠍ᠢ᠍ᠷᠠᠮᠳᠠᠭᠤ ᠪᠤᠯᠪᠠᠴᠤ ᠶᠠᠭ ᠠᠳᠠᠯᠢ ᠪᠤᠯᠬᠤ ᠵᠢ ᠬᠦᠭᠡᠭᠡᠴᠡᠯᠳᠦᠬᠦ ᠦᠭᠡᠢ ᠪᠠᠢ᠍ᠢ᠍ᠵᠤ᠂ ᠤᠢ᠍ᠢ᠍ᠯᠠᠭ᠋ᠠᠯᠴᠠᠭ᠎ᠠ ᠪᠠ ᠢᠳᠡᠭᠡᠯᠴᠡᠭᠡ᠎ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠬᠠᠮᠳᠤᠷᠠᠯᠴᠠᠬᠤ ᠳᠤᠮᠳᠠ ᠬᠠᠮᠳᠤ ᠵᠢᠨ ᠠᠰᠢᠭ ᠲᠤᠰᠠ᠎ᠪᠠᠨ ᠦᠷᠭᠡᠳᠭᠡᠵᠦ᠂ ᠬᠦᠭᠵᠢᠬᠦ ᠳᠤᠮᠳᠠ ᠬᠦᠴᠢᠷ ᠠᠰᠠᠭᠤᠳᠠᠯ᠎ᠢ ᠰᠢᠢ᠍ᠳᠪᠤᠷᠢᠯᠡᠨ᠂ ᠨᠡᠩ ᠢᠯᠡᠭᠦᠦ ᠳᠡᠯᠡᠬᠡᠢ ᠵᠢᠨ ᠨᠦᠯᠦᠭᠡᠯᠡᠬᠦ ᠬᠦᠴᠦᠨ ᠪᠦᠬᠦᠢ ᠳᠤᠮᠳᠠᠳᠤ ᠧᠦ᠋ᠷᠦᠫᠠ ᠵᠢᠨ ᠪᠦᠬᠦ ᠲᠠᠯ᠎ᠠ ᠵᠢᠨ ᠪᠠᠢ᠍ᠢ᠍ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠯᠴᠠᠭ᠎ᠠ ᠵᠢ ᠪᠠᠢ᠍ᠢ᠍ᠭᠤᠯᠤᠶ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠬᠢᠵᠢᠭ᠎ᠤᠨ ᠪᠠᠶ᠋ᠢᠳᠠᠯ᠎ᠤᠨ ᠲᠠᠭ᠋ᠠᠷᠢᠯᠳᠠ ᠳᠣᠣᠷᠠᠬᠢ ᠳᠡᠯᠡᠬᠡᠢ ᠳ᠋ᠠᠬᠢᠨ ᠶᠠᠭ ᠭᠦᠨᠵᠡᠭᠡᠢ ᠬᠤᠪᠢᠷᠠᠯᠳᠠ ᠡᠭᠦᠰᠴᠤ᠂ ᠨᠡᠩ ᠤᠯᠠᠨ ᠲᠣᠭᠲᠠᠭᠤᠨ ᠪᠤᠰᠤ ᠲᠣᠭᠲᠠᠪᠤᠷᠢ ᠦᠭᠡᠢ ᠬᠦᠴᠦᠨ ᠵᠦᠢ᠍ᠯ᠎ᠳᠤ ᠲᠤᠯᠭ᠋ᠠᠷᠠᠵᠤ ᠪᠠᠶ᠋ᠢᠨ᠎ᠠ᠃ ᠬᠢᠮᠤᠷᠠᠯ᠎ᠤᠨ ᠳᠤᠮᠳᠠ ᠰᠢᠨ᠎ᠡ ᠠᠵᠠ ᠲᠣᠬᠢᠶᠠᠯ᠎ᠢ ᠪᠤᠢ ᠪᠤᠯᠭ᠋ᠠᠬᠤ᠎ᠪᠠᠷ ᠴᠢᠷᠮᠠᠢ᠍ᠢ᠍ᠵᠤ᠂ ᠬᠤᠪᠢᠰᠤᠯᠲᠠ ᠵᠢᠨ ᠳᠤᠮᠳᠠ ᠰᠢᠨ᠎ᠡ ᠪᠠᠶ᠋ᠢᠳᠠᠯ᠎ᠢ ᠨᠡᠭᠡᠭᠡᠬᠦ᠎ᠪᠠᠷ ᠴᠢᠷᠮᠠᠢ᠍ᠢ᠍ᠬᠤ ᠬᠡᠷᠡᠭᠲᠡᠶ ᠭᠡᠵᠦ ᠪᠢ ᠳᠤᠷᠠᠳᠴᠤ ᠥᠩᠭᠡᠷᠡᠭᠰᠡᠨ ᠪᠢᠯᠡ᠃ ᠡᠨᠡ᠎ᠨᠢ ᠳᠤᠮᠳᠠᠳᠤ ᠧᠦ᠋ᠷᠣᠫᠠ ᠵᠢᠨ ᠬᠠᠷᠢᠯᠴᠠᠭ᠎ᠠ᠎ᠳᠤ ᠴᠤ᠌ ᠲᠤᠬᠢᠷᠠᠨ᠎ᠠ᠃ ᠳᠤᠮᠳᠠᠳᠤ ᠤᠯᠤᠰ ᠪᠠ ᠧᠦ᠋ᠷᠣᠫᠠ ᠵᠢᠨ᠎ᠬᠢᠨ ᠳᠡᠯᠡᠬᠡᠶ ᠵᠢᠨ ᠬᠣᠶᠠᠷ ᠶᠡᠬᠡ ᠬᠦᠴᠦᠨ᠂ ᠬᠣᠶᠠᠷ ᠶᠡᠬᠡ ᠵᠠᠬ᠎ᠠ ᠳᠡᠯᠭᠡᠭᠦᠷ᠂ ᠬᠣᠶᠠᠷ ᠶᠡᠬᠡ ᠪᠣᠯᠪᠠᠰᠤᠨ ᠪᠣᠯᠤᠭᠰᠠᠨ᠎ᠤ ᠬᠤᠪᠢ᠎ᠳᠤ᠂ ᠶᠠᠭᠤ ᠵᠢ ᠵᠣᠷᠢᠵᠤ᠂ ᠶᠠᠭᠤ ᠵᠢ ᠡᠰᠡᠷᠭᠦᠴᠡᠬᠦ᠂ ᠶᠠᠭᠤᠨ ᠳᠡᠭᠡᠷ᠎ᠠ ᠬᠠᠮᠳᠤᠷᠠᠯᠴᠠᠬᠤ᠎ᠨᠢ ᠳᠡᠯᠡᠬᠡᠶ ᠵᠢᠨ ᠠᠴᠢ ᠬᠣᠯᠪᠣᠭᠳᠠᠯ᠎ᠲᠠᠢ ᠶᠤᠮ ᠬᠡᠵᠥ ᠴᠢᠬᠤᠯᠠᠴᠢᠯᠠᠪᠠ᠃
      ᠳᠤᠮᠳᠠᠳᠤ ᠤᠯᠤᠰ ᠪᠠ ᠧᠦ᠋ᠷᠣᠫᠠ ᠵᠢᠨ᠎ᠬᠢᠨ ᠪᠦᠬᠦ ᠪᠥᠮᠪᠥᠷᠴᠡᠭ᠎ᠤᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠬᠤ ᠬᠣᠶᠠᠷ ᠶᠡᠬᠡ ᠬᠦᠴᠦᠨ ᠪᠣᠯᠬᠤ ᠬᠡᠷᠡᠭᠲᠡᠢ᠃ ᠳᠤᠮᠳᠠᠳᠤ ᠤᠯᠤᠰ ᠳᠤᠷᠠᠳᠠᠶ᠎ᠠ ᠴᠢᠬᠤᠯᠠ ᠶᠡᠬᠡ ᠠᠰᠠᠭᠤᠳᠠᠯ᠎ᠤᠨ ᠲᠤᠬᠠᠶ ᠧᠦ᠋ᠷᠣᠫᠠ ᠵᠢᠨ ᠲᠠᠯ᠎ᠠ ᠵᠢᠨ᠎ᠬᠢᠨ᠎ᠲᠠᠢ ᠰᠣᠯᠢᠯᠴᠠᠭ᠎ᠠ ᠬᠢᠨ᠎ᠡ᠂ ᠧᠦ᠋ᠷᠣᠫᠠ ᠳᠢᠪ᠎ᠤᠨ ᠤᠯᠤᠰ᠎ᠤᠳ᠎ᠤᠨ ᠬᠣᠯᠪᠣᠭ᠎ᠠ ᠪᠦᠯᠬᠦᠮᠳᠡᠯ᠂ ᠲᠣᠭᠲᠠᠭᠤᠨ᠂ ᠨᠡᠭᠡᠭᠡᠯᠲᠡ᠂ ᠬᠥᠭᠵᠢᠯᠲᠡ ᠵᠢᠨ ᠴᠢᠭᠯᠡᠯ ᠵᠶ᠋ᠠᠷ ᠲᠠᠰᠤᠷᠠᠯᠲᠠ ᠦᠭᠡᠶ ᠤᠷᠤᠭᠰᠢᠯᠠᠬᠤ ᠵᠢ ᠢᠳᠡᠭᠡᠵᠦ ᠪᠠᠢ᠍ᠢ᠍ᠨ᠎ᠠ᠂ ᠧᠦ᠋ᠷᠣᠫᠠ ᠵᠢᠨ ᠲᠠᠯ᠎ᠠ ᠵᠢᠨ᠎ᠬᠢᠨ ᠳᠡᠯᠡᠬᠡᠶ ᠵᠢᠨ ᠡᠩᠬᠡ ᠲᠠᠶ᠋ᠢᠪᠤᠩ ᠲᠣᠭᠲᠠᠭᠤᠨ᠎ᠳᠤ ᠪᠦᠲᠦᠭᠡᠯᠴᠢ ᠴᠢᠨᠠᠷᠲᠠᠶ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ᠂ ᠳᠤᠷᠠᠳᠠᠶ᠎ᠠ ᠧᠦ᠋ᠷᠣᠫᠠ ᠵᠢᠨ ᠲᠠᠯ᠎ᠠ ᠵᠢᠨ᠎ᠬᠢᠨ᠎ᠲᠠᠢ ᠪᠠᠶ᠋ᠢᠯᠳᠤᠬᠤ ᠪᠣᠳᠣᠯᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠪᠦᠬᠦ ᠪᠥᠮᠪᠥᠷᠴᠡᠭ᠎ᠤᠨ ᠴᠢᠨᠠᠷᠲᠠᠶ ᠥᠷᠢᠰᠥᠯᠳᠦᠭᠡᠨ᠎ᠢ ᠬᠠᠮᠳᠤ᠎ᠪᠠᠷ ᠠᠷᠭ᠋ᠠᠴᠠᠭ᠋ᠠᠨ᠎ᠠ᠃
      ᠳᠤᠮᠳᠠᠳᠤ ᠤᠯᠤᠰ ᠪᠠ ᠧᠦ᠋ᠷᠣᠫᠠ ᠵᠢᠨ᠎ᠬᠢᠨ ᠪᠦᠬᠦ ᠪᠥᠮᠪᠥᠷᠴᠡᠭ᠎ᠤᠨ ᠬᠥᠭᠵᠢᠯ ᠴᠡᠴᠡᠭᠯᠡᠯ᠎ᠢ ᠠᠬᠢᠭᠤᠯᠬᠤ ᠬᠣᠶᠠᠷ ᠶᠡᠬᠡ ᠵᠠᠬ᠎ᠠ ᠳᠡᠯᠭᠡᠭᠦᠷ ᠪᠣᠯᠬᠤ ᠬᠡᠷᠡᠭᠲᠡᠢ᠃ ᠳᠤᠮᠳᠠᠳᠤ ᠧᠦ᠋ᠷᠣᠫᠠ ᠬᠣᠶᠠᠷ ᠶᠡᠬᠡ ᠠᠵᠤ ᠠᠬᠤᠶ ᠵᠢᠨ ᠴᠣᠭᠴᠠ ᠳᠡᠯᠡᠬᠡᠶ ᠵᠢᠨ ᠠᠵᠤ ᠠᠬᠤᠶ ᠵᠢᠨ 《ᠬᠣᠤᠰ ᠬᠥᠳᠡᠯᠭᠡᠭᠦᠷ》᠎ᠤᠨ ᠦᠢ᠍ᠯᠡᠳᠦᠯ᠎ᠢ ᠪᠠᠳᠠᠷᠠᠭᠤᠯᠵᠥ᠂ ᠳᠡᠯᠡᠬᠡᠶ ᠵᠢᠨ ᠠᠵᠤ ᠠᠬᠤᠢ ᠵᠢᠨ ᠰᠡᠷᠭᠦᠯᠲᠡ ᠵᠢ ᠳᠠᠶ᠋ᠢᠴᠢᠯᠠᠵᠤ᠂ ᠰᠢᠨᠵᠢᠯᠡᠬᠦ ᠤᠬᠠᠭ᠋ᠠᠨᠴᠢ ᠡᠮᠬᠢ ᠵᠢᠷᠤᠮ᠎ᠲᠠᠢ᠎ᠪᠠᠷ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠬᠠᠮᠲᠤ᠎ᠪᠠᠷ ᠳᠠᠮᠵᠢᠵᠤ᠂ ᠬᠣᠷᠸ᠎ᠠ ᠠᠵᠤ ᠠᠬᠤᠶ ᠵᠢᠨ ᠲᠦᠷᠦ ᠵᠢᠨ ᠪᠤᠳᠤᠯᠭ᠎ᠠ ᠵᠢᠨ ᠵᠣᠬᠢᠴᠠᠭᠤᠯᠭ᠎ᠠ ᠵᠢ ᠴᠢᠩᠭ᠋ᠠᠳᠬᠠᠵᠤ᠂ ᠪᠦᠬᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠥᠭᠡᠳ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠪᠠᠯ ᠵᠤᠬᠢᠨ᠎ᠠ᠃ ᠬᠣᠶᠠᠷ ᠲᠠᠯ᠎ᠠ᠎ᠪᠠᠷ ᠵᠶ᠋ᠠᠨ ᠵᠠᠬ᠎ᠠ ᠳᠡᠯᠭᠡᠭᠦᠷ ᠵᠶ᠋ᠠᠨ ᠬᠠᠷᠢᠯᠴᠠᠨ ᠨᠡᠭᠡᠭᠡᠯᠳᠡ᠎ᠲᠠᠢ ᠪᠠᠢ᠍ᠢ᠍ᠯᠭ᠋ᠠᠬᠤ ᠵᠢ ᠪᠠᠲᠤᠯᠠᠵᠤ᠂ ᠳᠤᠮᠳᠠᠳᠤ ᠧᠦ᠋ᠷᠣᠫᠠ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ᠎ᠤᠨ ᠵᠦᠪᠳᠡᠯᠴᠡᠬᠡ ᠵᠢ ᠲᠦᠷᠭᠡᠳᠭᠡᠨ ᠠᠬᠢᠭᠤᠯᠵᠥ᠂ ᠳᠤᠮᠳᠠᠳᠤ ᠧᠦ᠋ᠷᠣᠫᠠ ᠵᠢᠨ ᠪᠣᠬᠢᠷᠲᠤᠯ ᠦᠭᠡᠢ ᠪᠠ ᠲᠣᠭ᠋ᠠᠴᠢᠯᠠᠭᠰᠠᠨ ᠬᠦᠷᠢᠶᠡᠨ᠎ᠳᠠᠬᠢ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠬᠥᠭᠵᠢᠯᠲᠡ ᠵᠢᠨ ᠬᠠᠨᠢᠲᠠᠨ ᠪᠠᠶ᠋ᠢᠭᠤᠯᠤᠶ᠎ᠠ᠃ ᠬᠣᠶᠠᠷ ᠲᠠᠯ᠎ᠠ᠎ᠪᠠᠷ ᠵᠶ᠋ᠠᠨ ᠠᠹᠷᠢᠺᠠ᠎ᠳᠤ ᠬᠠᠨᠳᠤᠭᠤᠯᠤᠬᠰᠠᠨ ᠭᠤᠷᠪᠠᠨ ᠲᠠᠯ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠶ᠎ᠠ᠃
      ᠳᠤᠮᠳᠠᠳᠤ ᠤᠯᠤᠰ ᠪᠠ ᠧᠦ᠋ᠷᠣᠫᠠ ᠵᠢᠨ᠎ᠬᠢᠨ ᠤᠯᠠᠨ ᠲᠠᠯᠠᠲᠤ ᠦᠵᠡᠯ᠎ᠢ ᠪᠠᠷᠢᠮᠲᠠᠯᠠᠬᠤ᠂ ᠪᠦᠬᠦ ᠪᠥᠮᠪᠥᠷᠴᠡᠭ᠎ᠤᠨ ᠵᠠᠰᠠᠯᠲᠠ ᠵᠢ ᠲᠡᠭᠦᠯᠳᠡᠷᠵᠢᠭᠦᠯᠬᠦ ᠬᠣᠶᠠᠷ ᠶᠡᠬᠡ ᠪᠣᠯᠪᠠᠰᠤᠨ ᠪᠣᠯᠬᠤ ᠬᠡᠷᠡᠭᠲᠡᠢ᠃ ᠳᠡᠯᠡᠬᠡᠢ ᠵᠢᠨ ᠪᠠᠶ᠋ᠢᠳᠠᠯ ᠶᠠᠭ᠋ᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ ᠴᠦᠮ ᠤᠯᠠᠨ ᠲᠠᠯᠠᠲᠤ ᠦᠵᠡᠯ᠎ᠤᠨ ᠲᠠᠯ᠎ᠠ᠎ᠳᠤ ᠵᠣᠭᠰᠣᠵᠤ᠂ ᠬᠠᠮᠲᠤ᠎ᠪᠠᠷ ᠵᠥᠪᠳᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠪᠦᠬᠦ ᠪᠥᠮᠪᠥᠷᠴᠡᠭ᠎ᠤᠨ ᠵᠠᠰᠠᠯᠲᠠ ᠵᠢᠨ ᠦᠵᠡᠯᠲᠡ ᠵᠢ ᠪᠠᠷᠢᠮᠲᠠᠯᠠᠬᠤ ᠪᠣᠯᠤᠨ᠎ᠠ᠃ ᠳᠤᠮᠳᠠᠳᠤ ᠤᠯᠤᠰ ᠧᠦ᠋ᠷᠣᠫᠠ ᠳᠢᠪ᠎ᠤᠨ ᠤᠯᠤᠰ᠎ᠤᠳ᠎ᠤᠨ ᠬᠣᠯᠪᠣᠭ᠋ᠠᠨ᠎ᠤ ᠣᠯᠠᠨ ᠲᠠᠯᠠᠲᠤ ᠦᠵᠡᠯ᠎ᠢ ᠡᠷᠡᠰ ᠬᠠᠮᠠᠭ᠋ᠠᠯᠠᠵᠤ᠂ ᠣᠯᠠᠨ ᠤᠯᠤᠰ᠎ᠤᠨ ᠬᠢᠵᠢᠭ᠎ᠲᠠᠢ ᠳᠡᠮᠡᠴᠡᠬᠦ ᠬᠠᠮᠳᠤᠷᠠᠯᠴᠠᠭ᠎ᠠ᠎ᠳᠤ ᠣᠷᠣᠯᠴᠠᠭᠰᠠᠨ ᠪᠦᠬᠡᠳ ᠳᠡᠯᠡᠬᠡᠶ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ ᠵᠡᠷᠭᠡ ᠣᠯᠠᠨ ᠤᠯᠤᠰ᠎ᠤᠨ ᠪᠠᠶ᠋ᠢᠭᠤᠯᠤᠮᠵᠢ᠎ᠳᠠᠬᠢ ᠣᠷᠣᠭᠤᠯᠤᠯᠲᠠ᠎ᠪᠠᠨ ᠨᠡᠮᠡᠭᠳᠡᠭᠦᠯᠦᠭᠰᠡᠨ᠎ᠢ ᠮᠠᠭᠲᠠᠨ ᠰᠠᠶ᠋ᠢᠰᠢᠶᠠᠵᠤ ᠪᠠᠢ᠍ᠢ᠍ᠨ᠎ᠠ᠂ ᠳᠤᠷᠠᠳᠠᠶ᠎ᠠ ᠧᠦ᠋ᠷᠣᠫᠠ ᠵᠢᠨ ᠲᠠᠯ᠎ᠠ᠎ᠯᠤᠭ᠎ᠠ ᠳᠡᠯᠡᠬᠡᠶ ᠵᠢᠨ ᠪᠠ ᠭᠠᠵᠠᠷ ᠣᠷᠣᠨ᠎ᠤ ᠴᠢᠬᠤᠯᠠ ᠶᠡᠬᠡ ᠠᠰᠠᠭᠤᠳᠠᠯ᠎ᠤᠨ ᠲᠤᠬᠠᠶ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠥ᠂ ᠪᠦᠬᠦ ᠪᠥᠮᠪᠥᠷᠴᠡᠭ᠎ᠤᠨ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠵᠠᠰᠠᠯᠲᠠ ᠵᠢᠨ ᠶᠠᠷᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠎ᠠ᠃
      ᠰᠢ ᠵᠢᠨ ᠫᠢᠩ᠂ ᠪᠢ ᠳᠤᠷᠠᠲᠠᠶ᠎ᠠ ᠬᠣᠶᠠᠷ ᠲᠡᠷᠢᠭᠦᠯᠡᠭᠴᠢ᠎ᠲᠠᠢ ᠨᠢᠭᠲᠠ ᠤᠯᠤᠯᠴᠠᠭ᠎ᠠ᠎ᠪᠠᠨ ᠪᠠᠲᠤᠯᠠᠵᠤ᠂ ᠳᠤᠮᠳᠠᠳᠤ ᠧᠦ᠋ᠷᠣᠫᠠ ᠵᠢᠨ ᠠᠯᠢ ᠤᠯᠠᠨ ᠴᠢᠬᠤᠯᠠ ᠶᠡᠬᠡ ᠤᠯᠤᠰ ᠲᠦᠷᠦ ᠵᠢᠨ ᠵᠥᠪᠯᠡᠬᠦ ᠵᠦᠢ᠍ᠯ᠎ᠢ ᠠᠬᠢᠭᠤᠯᠵᠤ᠂ ᠳᠤᠮᠳᠠᠳᠤ ᠧᠦ᠋ᠷᠣᠫᠠ ᠵᠢᠨ ᠬᠠᠷᠢᠯᠴᠠᠭ᠎ᠠ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ ᠬᠡᠵᠥ ᠴᠢᠬᠤᠯᠠᠴᠢᠯᠠᠪᠠ᠃



      ᠮᠢᠰᠢᠶᠸᠷ ᠪᠣᠯᠤᠨ ᠹᠧᠩᠳᠧᠯᠠᠢ᠍ᠢ᠍᠊ ᠊ ᠧᠨ᠂ ᠧᠦ᠋ᠷᠣᠫᠠ ᠪᠠ ᠳᠤᠮᠳᠠᠳᠤ ᠤᠯᠤᠰ ᠳᠡᠯᠡᠬᠡᠢ ᠵᠢᠨ ᠬᠣᠶᠠᠷ ᠶᠡᠬᠡ ᠠᠵᠤ ᠠᠬᠤᠢ ᠵᠢᠨ ᠴᠣᠭᠴᠠ ᠪᠣᠯᠤᠭᠰᠠᠨ᠎ᠤ ᠬᠤᠪᠢ᠎ᠳᠤ᠂ ᠬᠣᠶᠠᠷ ᠲᠠᠯ᠎ᠠ ᠵᠢᠨ ᠬᠠᠷᠢᠯᠴᠠᠭ᠎ᠠ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠪᠠᠶ᠋ᠢᠨ᠎ᠠ᠃ ᠣᠳᠣᠬᠠᠨ᠎ᠤ ᠳᠡᠯᠡᠬᠡᠶ ᠳ᠋ᠠᠬᠢᠨ᠎ᠳᠤ ᠮᠠᠰᠢ ᠶᠡᠬᠡ ᠲᠣᠭᠲᠠᠪᠤᠷᠢ ᠦᠭᠡᠢ ᠴᠢᠨᠠᠷ ᠲᠤᠯᠭ᠋ᠠᠷᠠᠵᠤ ᠪᠠᠶ᠋ᠢᠨ᠎ᠠ᠂ ᠭᠠᠭᠴᠠ ᠬᠦ᠌ ᠣᠯᠠᠨ ᠤᠯᠤᠰ᠎ᠤᠨ ᠬᠠᠮᠲᠤᠷᠠᠯᠴᠠᠭ᠎ᠠ ᠰᠠᠶᠢ ᠪᠦᠬᠦ ᠪᠥᠮᠪᠥᠷᠴᠡᠭ᠎ᠤᠨ ᠴᠢᠨᠠᠷᠲᠠᠶ ᠥᠷᠢᠰᠥᠯᠳᠦᠭᠡᠨ᠎ᠢ ᠠᠷᠭ᠋ᠠᠴᠠᠭ᠋ᠠᠵᠤ ᠴᠢᠳᠠᠵᠥ᠂ ᠭᠠᠭᠴᠠ ᠬᠦ᠌ ᠶᠠᠷᠢᠯᠴᠠᠭ᠎ᠠ ᠵᠥᠪᠳᠡᠯᠴᠡᠭᠡ ᠬᠢᠪᠡᠯ ᠰᠠᠶᠢ ᠵᠥᠷᠢᠴᠡᠯ ᠮᠥᠷᠭᠥᠯᠳᠦᠭᠡᠨ᠎ᠢ ᠰᠢᠢ᠍ᠳᠪᠦᠷᠢᠯᠡᠵᠦ᠂ ᠭᠠᠵᠠᠷ ᠣᠷᠣᠨ᠎ᠤ ᠲᠣᠭᠲᠠᠭᠤᠨ ᠪᠤᠰᠤ ᠪᠠᠶ᠋ᠢᠳᠠᠯ᠎ᠢ ᠠᠷᠢᠯᠭ᠋ᠠᠵᠥ ᠴᠢᠳᠠᠨ᠎ᠠ᠃ ᠧᠦ᠋ᠷᠣᠫᠠ ᠵᠢᠨ ᠲᠠᠯ᠎ᠠ ᠳᠤᠷᠠᠳᠠᠶ᠎ᠠ ᠦᠨᠡᠨᠴᠢ ᠣᠪᠣᠷ ᠵᠶ᠋ᠠᠷ ᠳᠤᠮᠳᠠᠳᠤ ᠤᠯᠤᠰ᠎ᠯᠤᠭ᠎ᠠ ᠪᠠᠶ᠋ᠢᠯᠳᠤᠬᠤ ᠪᠣᠳᠣᠯᠭ᠎ᠠ ᠵᠢᠨ ᠶᠠᠷᠢᠯᠴᠠᠭ᠎ᠠ ᠥᠷᠨᠢᠭᠦᠯᠵᠦ᠂ ᠬᠠᠮᠲᠤ ᠵᠢᠨ ᠲᠠᠨᠢᠯᠲᠠ᠎ᠪᠠᠨ ᠥᠷᠭᠡᠳᠬᠡᠨ᠎ᠡ᠃ ᠧᠦ᠋ᠷᠣᠫᠠ ᠵᠢᠨ ᠲᠠᠯ᠎ᠠ ᠳᠤᠷᠠᠲᠠᠶ᠎ᠠ ᠳᠤᠮᠳᠠᠳᠤ ᠵᠢᠨ ᠲᠠᠯ᠎ᠠ᠎ᠯᠤᠭ᠎ᠠ ᠸᠠᠺᠼᠢᠨ ᠰᠤᠳᠤᠯᠤᠨ ᠦᠢ᠍ᠯᠡᠳᠬᠦ᠂ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ ᠲᠠᠯ᠎ᠠ᠎ᠪᠠᠷ᠎ᠬᠢ ᠬᠠᠮᠳᠤᠷᠠᠯᠴᠠᠭ᠎ᠠ᠎ᠪᠠᠨ ᠴᠢᠩᠭ᠋ᠠᠳᠬᠠᠵᠥ᠂ ᠬᠣᠶᠠᠷ ᠲᠠᠯ᠎ᠠ ᠵᠢᠨ ᠠᠷᠠᠯᠵᠢᠶᠠᠨ᠎ᠤ ᠬᠡᠪᠴᠢᠶ᠎ᠡ ᠵᠢ ᠥᠷᠭᠡᠳᠬᠡᠵᠦ᠂ ᠪᠣᠬᠢᠷᠲᠤᠯ ᠦᠭᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠲᠣᠭ᠋ᠠᠴᠢᠯᠠᠭᠰᠠᠨ ᠠᠵᠤ ᠠᠬᠤᠶ ᠵᠡᠷᠭᠡ ᠥᠷᠭᠡᠨ ᠬᠦᠷᠢᠶᠡᠨ᠎ᠤ ᠬᠠᠮᠳᠤᠷᠠᠯᠴᠠᠭ᠎ᠠ ᠵᠢᠨ ᠨᠡᠩ ᠶᠡᠬᠡ ᠠᠬᠢᠴᠠ᠎ᠲᠠᠢ ᠪᠣᠯᠬᠤ ᠵᠢ ᠠᠬᠢᠭᠤᠯᠵᠤ᠂ ᠧᠦ᠋ᠷᠣᠫᠠ ᠳᠤᠮᠳᠠᠳᠤ ᠵᠢᠨ ᠪᠡᠯᠡ ᠣᠷᠣᠭᠤᠯᠤᠯᠲᠠ ᠵᠢᠨ ᠵᠥᠪᠳᠡᠯᠴᠡᠬᠡᠷ᠎ᠢ ᠳᠠᠷᠤᠶ ᠳᠦᠷᠬᠡᠨ ᠲᠣᠬᠢᠷᠠᠯᠴᠠᠵᠥ᠂ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠡᠷᠳᠡᠬᠡᠨ ᠢᠯᠠᠨ ᠳᠠᠪᠠᠬᠤ᠂ ᠳᠡᠯᠡᠬᠡᠶ ᠵᠢᠨ ᠠᠵᠤ ᠠᠬᠤᠶ ᠵᠢᠨ ᠰᠡᠷᠭᠦᠯᠲᠡ ᠵᠢ ᠠᠬᠢᠭᠤᠯᠬᠤ ᠲᠠᠯ᠎ᠠ᠎ᠪᠠᠷ ᠴᠢᠷᠮᠠᠶ᠋ᠢᠨ᠎ᠠ᠃ ᠧᠦ᠋ᠷᠣᠫᠠ ᠵᠢᠨ ᠳᠠᠯ᠎ᠠ ᠤᠯᠠᠨ ᠲᠠᠯᠠᠲᠤ ᠦᠵᠡᠯ᠎ᠢ ᠪᠠᠷᠢᠮᠲᠠᠯᠠᠨ᠎ᠠ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ᠂ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠂ ᠬᠣᠷᠢᠨ ᠤᠯᠤᠰ᠎ᠤᠨ ᠪᠦᠯᠦᠭᠯᠡᠯ ᠵᠡᠷᠭᠡ ᠪᠣᠷᠣ ᠲᠥᠯᠥᠪ᠎ᠤᠨ ᠳᠣᠲᠣᠷ᠎ᠠ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ᠂ ᠠᠭᠤᠷ ᠠᠮᠢᠰᠬᠤᠯ᠎ᠤᠨ ᠬᠤᠪᠢᠷᠠᠯᠲᠠ᠂ ᠦᠷᠭᠦᠯᠵᠢᠯᠡᠬᠦ ᠬᠥᠭᠵᠢᠯᠲᠡ᠂ ᠠᠹᠷᠢᠺᠠ᠎ᠳᠤ ᠬᠠᠨᠳᠤᠭᠤᠯᠤᠬᠰᠠᠨ ᠭᠤᠷᠪᠠᠨ ᠲᠠᠯ᠎ᠠ ᠵᠢᠨ ᠬᠠᠮᠲᠤᠷᠠᠯᠴᠠᠭ᠎ᠠ ᠵᠡᠷᠭᠡ ᠴᠢᠬᠤᠯᠠ ᠶᠡᠬᠡ ᠠᠰᠠᠭᠤᠳᠠᠯ᠎ᠤᠨ ᠲᠤᠬᠠᠢ ᠵᠣᠬᠢᠴᠠᠭᠤᠯᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠧᠦ᠋ᠷᠣᠫᠠ ᠵᠢᠨ ᠲᠠᠯ᠎ᠠ ᠳᠤᠷᠠᠳᠠᠶ᠎ᠠ ᠳᠤᠮᠳᠠᠳᠤ ᠤᠯᠤᠰ᠎ᠯᠤᠭ᠎ᠠ ᠬᠠᠮᠲᠤ᠎ᠪᠠᠷ ᠴᠢᠷᠮᠠᠶ᠋ᠢᠵᠤ᠂ ᠧᠦ᠋ᠷᠣᠫᠠ ᠳᠤᠮᠳᠠᠳᠤ ᠵᠢᠨ ᠵᠥᠪᠳᠡᠯᠴᠡᠨ ᠲᠣᠭᠲᠠᠭ᠋ᠠᠭᠰᠠᠨ ᠴᠢᠬᠤᠯᠠ ᠶᠡᠬᠡ ᠤᠯᠤᠰ ᠲᠥᠷᠥ ᠵᠢᠨ ᠵᠥᠪᠯᠡᠬᠦ ᠵᠦᠢ᠍ᠯ᠎ᠤᠨ ᠠᠮᠵᠢᠯᠲᠠ ᠣᠯᠬᠤ ᠵᠢ ᠠᠬᠢᠭᠤᠯᠤᠨ᠎ᠠ ᠬᠡᠵᠥ ᠢᠯᠡᠳᠬᠡᠪᠡ᠃
      ᠸᠠᠩ ᠢ᠂ ᠡᡁᠸ ᠯᠢ ᠹᠸᠩ ᠨᠠᠷ ᠠᠭᠤᠯᠵᠠᠯᠲᠠ᠎ᠳᠤ ᠣᠷᠣᠯᠴᠠᠵᠠᠢ᠃


ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠦᠷᠢᠮ᠎ᠤᠨ ᠲᠦᠪᠯᠡᠷᠡᠬᠦᠯᠥᠭᠰᠡᠨ ᠰᠢᠨᠡᠴᠢᠯᠡᠯᠳᠡ ᠵᠢ ᠲᠤᠪᠤᠢ᠍ᠢ᠍ᠮ᠎ᠠ ᠪᠠᠢ᠍ᠢ᠍ᠷᠢ᠎ᠳᠤ ᠲᠠᠯᠪᠢᠵᠥ ᠴᠢᠨᠠᠷ ᠰᠠᠢ᠍ᠢ᠍ᠳᠠᠢ ᠦᠨᠳᠤᠷ ᠪᠠᠷᠢᠮᠵᠢᠶ᠎ᠠ᠎ᠪᠠᠷ ᠴᠢᠯᠥᠬᠡᠳᠤ ᠠᠷᠠᠯᠵᠢᠶᠠᠨ᠎ᠤ ᠭᠠᠷᠠᠮ᠎ᠢ ᠪᠦᠳᠦᠬᠡᠨ ᠪᠠᠢ᠌ᠭᠣᠯᠬᠣ ᠬᠡᠷᠡᠭᠲᠡᠢ
ᠰᠢ ᠵᠢᠨ ᠫᠢᠩ ᠨᠢᠩᠰᠢᠶᠠ᠎ᠳᠤ ᠰᠢᠨᠵᠢᠯᠠᠨ ᠪᠠᠢ᠍ᠢ᠍ᠴᠠᠭ᠋ᠠᠬᠤ᠎ᠳᠠᠭᠠᠨ ᠴᠢᠬᠤᠯᠠᠴᠢᠯᠠᠬᠰᠠᠠ᠎ᠨᠢ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠠᠯᠳᠠ ᠵᠢ ᠤᠯᠵᠤ ᠶᠠᠳᠠᠭᠤ᠎ᠠᠴᠠ ᠠᠨᠭ᠌ᠭᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠤ ᠠᠵᠤ ᠠᠬᠤᠢ ᠴᠡᠴᠡᠭᠯᠡᠨ ᠬᠥᠭᠵᠢᠭᠰᠡᠨ ᠦᠨᠳᠦᠰᠦᠲᠡᠨ᠎ᠨᠦᠭᠦᠳ ᠪᠦᠯᠬᠦᠮᠳᠡᠭᠰᠡᠨ ᠣᠷᠴᠢᠨ ᠲᠤᠭᠤᠷᠢᠨ ᠭᠣᠶᠤ ᠰᠠᠶ᠋ᠢᠬᠠᠨ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶ᠋ᠢᠬᠠᠨ ᠰᠢᠨ᠎ᠡ ᠨᠢᠩᠰᠢᠶᠠ ᠵᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠬᠡᠷᠡᠭᠲᠡᠢ
ᠰᠢ ᠵᠢᠨ ᠫᠢᠩ ᠪᠤᠯᠤᠨ ᠠᠷᠭ᠌ᠸᠨ᠋ᠲ᠋ᠢᠨ᠎ᠤ ᠶᠡᠷᠤᠩᠬᠡᠢ᠍ᠢ᠍ᠯᠡᠭᠴᠢ ᠹᠸᠢᠢ᠍ᠷᠨᠠᠨᠳ᠋ᠸᠰ ᠬᠠᠷᠢᠯᠴᠠᠨ ᠵᠠᠬᠢᠳᠠᠯ ᠢᠯᠡᠬᠡᠪᠡ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠴᠡᠷᠢᠭ ᠠᠩᠭᠢ ᠵᠢᠨ ᠨᠠᠮ᠎ᠤᠨ ᠪᠠᠢ᠍ᠢ᠍ᠭᠤᠯᠤᠯᠳᠠ ᠵᠢᠨ ᠳᠦᠷᠢᠮ》 ᠪᠤᠯᠤᠨ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠨᠳᠦᠰᠦᠨ ᠱᠠᠳᠤᠨ᠎ᠤ ᠰᠤᠩᠭᠤᠭᠤᠯᠢ ᠵᠢᠨ ᠠᠵᠢᠯ᠎ᠤᠨ ᠳᠦᠷᠢᠮ》᠎ᠢ ᠬᠢᠨᠠᠨ ᠵᠦᠪᠯᠡᠵᠠᠢ
ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠬᠤᠷᠢᠨ ᠨᠢᠬᠡᠳᠤᠬᠡᠷ ᠤᠳᠠᠭ᠎ᠠ ᠵᠢᠨ ᠬᠠᠮᠳᠤ ᠵᠢᠨ ᠰᠤᠷᠤᠯᠴᠠᠯᠭ᠎ᠠ ᠲᠡᠬᠡᠷ᠎ᠡ ᠴᠢᠬᠤᠯᠠᠴᠢᠯᠠᠬᠰᠠᠠ᠎ᠨᠢ ᠰᠢᠨ᠎ᠡ ᠴᠠᠭ ᠦᠶ᠎ᠡ ᠵᠢᠨ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠱᠤᠭᠤᠮ᠎ᠢ ᠰᠠᠢ᠍ᠢ᠍ᠳᠤᠷ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠥ ᠨᠠᠮ᠎ᠢ ᠲᠠᠰᠤᠷᠠᠯᠳᠡ ᠦᠭᠡᠢ ᠨᠡᠩ ᠪᠡᠳᠤ ᠴᠢᠩᠭ᠎ᠠ ᠬᠦᠴᠦᠨ᠎ᠲᠠᠢ ᠪᠤᠯᠭ᠋ᠠᠨ ᠪᠠᠢ᠍ᠢ᠍ᠭᠤᠯᠬᠤ ᠬᠡᠷᠡᠭᠳᠡᠢ
 
            