ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ 6 ᠰᠠᠷ᠎ᠠ ᠵᠢᠨ 2᠎ᠤᠨ ᠦᠳᠡ ᠵᠢᠨ ᠬᠤᠢ᠍ᠢ᠍ᠨ᠎ᠠ ᠲᠤᠰᠬᠠᠢ ᠮᠡᠷᠭᠡᠵᠢᠯᠳᠠᠨ ᠡᠷᠳᠡᠮᠳᠡᠨᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠠᠷᠠᠳ ᠲᠦᠮᠡᠨ᠎ᠤ ᠠᠮᠤᠷ ᠲᠦᠪᠰᠢᠨ ᠪᠤᠯ ᠤᠯᠤᠰ᠎ᠤᠨ ᠠᠮᠤᠷ ᠲᠦᠪᠰᠢᠨ᠎ᠤ ᠰᠠᠭᠤᠷᠢ ᠴᠢᠯᠠᠭᠤ ᠮᠦᠨ᠃ ᠬᠤᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠦ᠂ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠨ᠂ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠬᠦᠷᠢᠶᠡᠨ᠎ᠳᠠᠬᠢ ᠬᠦᠨᠳᠦ ᠶᠡᠭᠡ ᠠᠶᠦᠯ ᠲᠦᠭᠰᠢᠬᠦᠷᠢ ᠵᠢ ᠴᠠᠭ ᠢᠮᠠᠬᠳᠠ ᠰᠡᠷᠭᠡᠢ᠍ᠢ᠍ᠯᠡᠬᠦ ᠭᠡᠷᠡᠭᠲᠡᠢ᠃ ᠭᠠᠭᠴᠠ ᠬᠦ᠌ ᠬᠦᠴᠦᠷᠭᠡᠭ ᠶᠡᠭᠡ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠢ ᠴᠤᠬ᠍ᠴᠠᠯᠠᠵᠦ᠂ ᠤᠷᠢᠳᠴᠢᠯᠡᠨ ᠰᠡᠷᠡᠮᠵᠢᠯᠡᠬᠦᠯᠬᠦ ᠴᠤᠤᠷᠢᠶᠠᠳᠤᠨ ᠲᠠᠭ᠋ᠠᠬᠤ ᠲᠤᠭᠳᠠᠴᠠ ᠵᠢ ᠪᠦᠷᠢᠨᠰᠢᠬᠦᠯᠦᠨ᠂ ᠰᠡᠷᠭᠡᠢ᠍ᠢ᠍ᠯᠡᠨ ᠡᠵᠡᠮᠳᠡᠬᠦ ᠪᠠ ᠠᠪᠤᠷᠠᠨ ᠵᠠᠰᠠᠬᠤ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠬᠦᠯᠵᠦ᠂ ᠰᠡᠷᠭᠡᠢ᠍ᠢ᠍ᠯᠡᠯᠳᠠ ᠵᠢᠨ ᠲᠤᠤᠷ᠎ᠢ ᠪᠡᠬᠢᠵᠢᠬᠦᠯᠵᠦ᠂ ᠲᠤᠰᠠᠭ᠋ᠠᠷᠯᠠᠬᠤ ᠭᠡᠷᠡᠮ᠎ᠢ ᠪᠤᠳᠠᠳᠠᠢ ᠪᠠᠳᠤ ᠴᠤᠬ᠍ᠴᠠᠯᠠᠪᠠᠯ ᠰᠠᠶᠢ ᠠᠷᠠᠳ ᠲᠦᠮᠡᠨ᠎ᠤ ᠡᠷᠡᠬᠦᠯ ᠮᠡᠨᠳᠦ ᠵᠢ ᠬᠠᠮᠠᠭ᠋ᠠᠯᠠᠬᠤ᠎ᠳᠤ ᠦᠨᠡᠨ ᠬᠦ᠌ ᠬᠦᠴᠦᠳᠠᠢ ᠪᠠᠳᠤᠯᠠᠭ᠎ᠠ ᠬᠠᠩᠭ᠋ᠠᠵᠦ ᠴᠢᠳᠠᠨ᠎ᠠ ᠭᠡᠵᠦ ᠴᠢᠬᠤᠯᠠᠴᠢᠯᠠᠪᠠ᠃

ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠭᠡᠰᠢᠬᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠍ᠢ᠍ᠳ ᠯᠢ ᠺᠸ ᠴᠢᠶᠠᠩ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠭᠡᠰᠢᠬᠦᠨ᠂ ᠲᠦᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠸᠠᠩ ᠬᠤ᠌ ᠨᠢᠩ ᠶᠠᠷᠢᠯᠴᠠᠬᠤ ᠬᠤᠷᠠᠯ᠎ᠳᠤ ᠤᠷᠤᠯᠴᠠᠵᠠᠢ᠃
ᠶᠠᠷᠢᠯᠴᠠᠬᠤ ᠬᠤᠷᠠᠯ ᠳᠡᠭᠡᠷ᠎ᠠ᠂ ᠳᠤᠮᠳᠠᠳᠤ ᠤᠯᠤᠰ᠎ᠤᠨ ᠢᠨᠵᠸᠨ᠋ᠸᠷᠢᠩ᠎ᠤᠨ ᠬᠦᠷᠢᠶᠡᠯᠡᠩ᠎ᠤᠨ ᠠᠺᠠᠳ᠋ᠸᠮᠢᠴᠢ᠂ ᠭᠤᠸᠠᠩᠵᠸᠦ ᠵᠢᠨ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠵᠢᠨ ᠠᠮᠢᠰᠬᠤᠯ᠎ᠤᠨ ᠳᠤᠳᠤᠷ ᠰᠠᠯᠠᠭ᠋ᠠᠨ᠎ᠤ ᠫᠷᠦᠹᠸᠰᠰᠤᠷ ᠵᠦᠩ ᠨᠠᠨ ᠱᠠᠨ᠂ ᠨᠡᠢ᠍ᠢ᠍ᠰᠯᠡᠯᠤᠨ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠵᠢᠨ ᠬᠠᠷᠢᠶᠠᠳᠦ ᠪᠡᠭᠡᠵᠢᠩ᠎ᠤᠨ ᠴᠤᠤᠶᠠᠩ ᠡᠮᠨᠡᠯᠭᠡ ᠵᠢᠨ ᠬᠤᠷᠢᠶᠠᠨ᠎ᠤ ᠳᠡᠳ᠋ ᠳᠠᠷᠤᠭ᠎ᠠ᠂ ᠡᠷᠬᠢᠯᠡᠭᠴᠢ ᠡᠮᠴᠢ ᠲᠦᠩ ᠴᠤᠤ ᠬᠤᠢ᠂ ᠳᠤᠮᠳᠠᠳᠤ ᠤᠯᠤᠰ᠎ᠤᠨ ᠢᠨᠵᠸᠨ᠋ᠸᠷᠢᠩ᠎ᠤᠨ ᠬᠦᠷᠢᠶᠡᠯᠡᠩ᠎ᠤᠨ ᠠᠺᠠᠳ᠋ᠸᠮᠢᠴᠢ᠂ ᠲᠢᠶᠠᠨᠵᠢᠨ᠎ᠤ ᠬᠢᠳᠡᠳ ᠡᠮ ᠡᠮᠨᠡᠯᠭᠡ ᠵᠢᠨ ᠶᠡᠭᠡ ᠰᠤᠷᠭ᠋ᠠᠭᠤᠯᠢ ᠵᠢᠨ ᠵᠠᠬᠢᠷᠤᠯ ᠵᠠᠩ ᠪᠦᠸᠸ ᠯᠢ᠂ ᠳᠤᠮᠳᠠᠳᠤ ᠤᠯᠤᠰ᠎ᠤᠨ ᠢᠨᠵᠸᠨ᠋ᠸᠷᠢᠩ᠎ᠤᠨ ᠬᠦᠷᠢᠶᠡᠯᠡᠩ᠎ᠤᠨ ᠠᠺᠠᠳ᠋ᠸᠮᠢᠴᠢ᠂ ᠴᠡᠷᠢᠭ᠎ᠤᠨ ᠶᠠᠪᠤᠳᠠᠯ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠴᠡᠷᠢᠭ᠎ᠤᠨ ᠶᠠᠪᠤᠳᠠᠯ᠎ᠤᠨ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠤᠤᠷᠳᠦ ᠪᠤᠳᠠᠰ ᠡᠮ᠎ᠤᠨ ᠵᠦᠢ᠍ᠯ᠎ᠤᠨ ᠰᠤᠳᠤᠯᠭ᠋ᠠᠨ᠎ᠤ ᠭᠠᠵᠠᠷ᠎ᠤᠨ ᠰᠤᠳᠤᠯᠤᠬ᠍ᠴᠢ ᠯᠢ ᠰᠦᠩ᠂ ᠴᠢᠩᠬᠤᠸᠠ ᠶᠡᠭᠡ ᠰᠤᠷᠭ᠋ᠠᠭᠤᠯᠢ ᠵᠢᠨ ᠰᠤ᠌ ᠱ᠌ᠢ ᠮᠢᠨ ᠪᠢᠴᠢᠭ᠎ᠤᠨ ᠬᠦᠷᠢᠶᠡᠯᠡᠩ᠎ᠤᠨ ᠳᠠᠷᠤᠭ᠎ᠠ᠂ ᠤᠯᠠᠨ ᠨᠡᠢ᠍ᠢ᠍ᠳᠡ ᠵᠢᠨ ᠬᠠᠮᠢᠶᠠᠷᠤᠯᠳᠠ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠫᠷᠦᠹᠸᠰᠰᠤᠷ ᠰᠢᠤᠸᠠᠢ ᠯᠠᠨ᠂ ᠳᠤᠮᠳᠠᠳᠤ ᠵᠢᠨ ᠤᠷᠢᠳᠴᠢᠯᠡᠨ ᠰᠡᠷᠭᠡᠢ᠍ᠢ᠍ᠯᠡᠬᠦ ᠠᠨᠠᠭ᠋ᠠᠬᠤ ᠤᠬᠠᠭ᠋ᠠᠨ᠎ᠤ ᠨᠡᠢ᠍ᠢ᠍ᠭᠡᠮᠯᠢᠭ᠎ᠤᠨ ᠳᠡᠳ᠋ ᠳᠠᠷᠤᠭ᠎ᠠ᠂ ᠡᠷᠬᠢᠯᠡᠭᠴᠢ ᠡᠮᠴᠢ ᠶᠠᠩ ᠸᠸᠢ ᠵᠦᠩ᠂ ᠴᠢᠩᠬᠤᠸᠠ ᠶᠡᠭᠡ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠫᠷᠦᠹᠸᠰᠰᠤᠷ᠂ ᠡᠷᠡᠬᠦᠯ ᠬᠠᠮᠠᠭ᠋ᠠᠯᠠᠯ᠎ᠤᠨ ᠬᠠᠤᠯᠢ ᠵᠢᠨ ᠰᠤᠳᠤᠯᠭ᠋ᠠᠨ᠎ᠤ ᠲᠦᠪ᠎ᠤᠨ ᠡᠷᠬᠢᠯᠡᠭᠴᠢ ᠸᠠᠩ ᠴᠸᠨ ᠭᠤᠸᠠᠩ ᠤᠷᠢᠳ ᠬᠤᠵᠢᠳ ᠦᠭᠡ ᠭᠡᠯᠡᠵᠦ᠂ ᠮᠠᠨ᠎ᠤ ᠤᠯᠤᠰ᠎ᠤᠨ ᠬᠦᠨᠳᠦ ᠶᠡᠭᠡ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠᠢ᠍ᠢ᠍ᠭᠤᠯᠤᠮᠵᠢ ᠲᠤᠭᠳᠠᠴᠠ ᠵᠢ ᠳᠡᠬᠦᠯᠳᠡᠷᠵᠢᠬᠦᠯᠬᠦ᠂ ᠤᠯᠤᠰ᠎ᠤᠨ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠢ ᠪᠦᠷᠢᠨᠰᠢᠬᠦᠯᠬᠦ᠂ ᠡᠮᠴᠢᠯᠡᠭᠡᠨ᠎ᠤ ᠠᠪᠤᠷᠠᠨ ᠵᠠᠰᠠᠬᠤ ᠲᠦᠪᠰᠢᠨ᠎ᠢ ᠳᠡᠭᠡᠭᠰᠢᠯᠡᠬᠦᠯᠬᠦ᠂ ᠬᠢᠳᠡᠳ ᠡᠮ ᠡᠮᠨᠡᠯᠭᠡ ᠵᠢᠨ ᠦᠢ᠍ᠯᠡᠳᠦᠯ᠎ᠢ ᠪᠠᠳᠠᠷᠠᠭᠤᠯᠬᠤ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠬᠤ᠂ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠬᠠᠤᠯᠢ ᠴᠠᠭ᠋ᠠᠵᠠ ᠲᠦᠷᠢᠮ ᠲᠤᠭᠳᠠᠭ᠋ᠠᠯ᠎ᠤᠨ ᠰᠢᠰᠲᠸᠮ᠎ᠢ ᠳᠡᠬᠦᠯᠳᠡᠷᠵᠢᠬᠦᠯᠬᠦ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠪᠠ᠃ ᠡᠨᠡ ᠬᠦ᠌ ᠶᠠᠪᠤᠴᠠ᠎ᠳᠤ ᠰᠢ ᠵᠢᠨ ᠫᠢᠩ ᠲᠤᠰᠬᠠᠢ ᠮᠡᠷᠭᠡᠵᠢᠯᠳᠠᠨ ᠨᠢᠭᠡᠪᠦᠷᠢ᠎ᠲᠠᠢ ᠰᠠᠨᠠᠯ ᠵᠶ᠋ᠠᠨ ᠰᠤᠯᠢᠯᠴᠠᠵᠦ᠂ ᠵᠠᠷᠢᠮ ᠠᠰᠠᠭᠤᠳᠠᠯ᠎ᠤᠨ ᠲᠤᠬᠠᠢ ᠪᠠᠢ᠍ᠢ᠍ᠳᠠᠯ᠎ᠢ ᠬᠦᠨᠵᠡᠭᠡᠢ ᠤᠢ᠍ᠢ᠍ᠯᠠᠭ᠋ᠠᠨ᠂ ᠬᠤᠯᠪᠤᠭᠳᠠᠯ ᠪᠦᠬᠦᠢ ᠲᠠᠯ᠎ᠠ ᠵᠢᠨ᠎ᠬᠢᠨ ᠨᠠᠷᠢᠨ ᠬᠢᠨᠠᠮᠠᠭ᠋ᠠᠢ ᠰᠤᠳᠤᠯᠵᠦ᠂ ᠰᠢᠨᠵᠢᠯᠡᠬᠦ ᠤᠬᠠᠭ᠋ᠠᠨᠴᠢ᠎ᠪᠠᠷ ᠰᠠᠢ᠍ᠢ᠍ᠵᠢᠷᠠᠭᠤᠯᠤᠨ᠂ ᠲᠤᠬᠢᠳᠠᠢ ᠰᠢᠢ᠍ᠳᠪᠤᠷᠢᠯᠡᠬᠦ ᠭᠡᠷᠡᠭᠲᠡᠢ ᠭᠡᠵᠦ ᠱᠠᠭ᠋ᠠᠷᠳᠠᠵᠠᠢ᠃
ᠤᠯᠠᠨ᠎ᠤ ᠭᠡᠯᠡᠬᠦ ᠵᠢ ᠨᠠᠷᠢᠨ ᠬᠢᠨᠠᠮᠠᠭ᠋ᠠᠢ ᠰᠤᠨᠤᠰᠤᠬᠰᠠᠨ᠎ᠤ ᠳᠠᠷᠠᠭ᠎ᠠ᠂ ᠶᠡᠷᠦᠩᠭᠡᠢ ᠱᠦᠵᠢ ᠰᠢ ᠵᠢᠨ ᠫᠢᠩ ᠮᠠᠰᠢ ᠴᠢᠬᠤᠯᠠ ᠶᠠᠷᠢᠶ᠎ᠠ ᠲᠠᠯᠪᠢᠪᠠ᠃ ᠲᠡᠷᠡ᠂ ᠭᠡᠨᠡᠳᠳᠡ᠎ᠪᠠᠷ ᠲᠠᠭ᠋ᠠᠷᠢᠵᠦ ᠢᠷᠡᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠤᠨ ᠡᠮᠦᠨ᠎ᠠ᠂ ᠨᠠᠮ᠎ᠤᠨ ᠲᠦᠪ ᠬᠤᠷᠢᠶ᠎ᠠ ᠪᠦᠬᠦ ᠲᠠᠯ᠎ᠠ ᠵᠢ ᠨᠢᠭᠡᠳᠦᠯᠳᠠᠢ ᠲᠦᠯᠦᠪᠵᠢᠬᠦᠯᠵᠦ᠂ ᠡᠷᠡᠰ ᠳᠠᠰᠤᠷᠬᠠᠢ ᠰᠢᠢ᠍ᠳᠪᠤᠷᠢᠳᠦ ᠪᠤᠳᠤᠯᠭ᠎ᠠ ᠠᠪᠴᠦ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠠ ᠮᠠᠬᠠᠪᠤᠳ᠎ᠤᠨ ᠡᠷᠡᠬᠦᠯ ᠮᠡᠨᠳᠦ ᠵᠢ ᠲᠡᠷᠢᠬᠦᠨ ᠪᠠᠢ᠍ᠢ᠍ᠷᠢᠨ᠎ᠳᠤ ᠲᠠᠯᠪᠢᠵᠤ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ ᠰᠡᠳᠬᠢᠯ ᠨᠢᠭᠡᠳᠴᠦ᠂ ᠪᠦᠬᠦ ᠬᠦᠴᠦ᠎ᠪᠠᠷ ᠵᠶ᠋ᠠᠨ ᠴᠢᠷᠮᠠᠢ᠍ᠢ᠍ᠨ᠂ ᠬᠠᠮᠤᠬ᠎ᠤᠨ ᠴᠢᠩᠭ᠎ᠠ᠂ ᠬᠠᠮᠤᠬ᠎ᠤᠨ ᠪᠦᠷᠢᠨ ᠬᠦᠢ᠍ᠴᠡᠳ᠂ ᠬᠠᠮᠤᠭ᠎ᠤᠨ ᠲᠤᠭᠤᠰᠢᠳᠠᠢ ᠰᠡᠷᠭᠡᠢ᠍ᠢ᠍ᠯᠡᠨ ᠡᠵᠡᠮᠳᠡᠬᠦ ᠠᠷᠭ᠎ᠠ ᠭᠡᠮᠵᠢᠶ᠎ᠠ ᠠᠪᠤᠭᠰᠠᠠ᠎ᠠᠴᠠ᠂ ᠪᠦᠬᠦ ᠤᠯᠤᠰ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠤᠷᠢᠬᠯᠠᠯᠳᠠ ᠵᠢᠨ ᠲᠠᠢ᠍ᠢ᠍ᠯᠠᠯᠳᠤᠭ᠋ᠠᠨ ᠴᠢᠬᠤᠯᠠ ᠶᠡᠭᠡ ᠪᠠᠢ᠍ᠢ᠍ᠯᠳᠤᠬᠤ ᠪᠤᠳᠤᠯᠭ᠎ᠠ ᠵᠢᠨ ᠦᠷ᠎ᠡ ᠪᠦᠳᠦᠭᠡᠯ ᠤᠯᠵᠠᠢ᠃ ᠡᠳᠡᠭᠡᠷ ᠠᠮᠵᠢᠯᠳᠠ ᠵᠢ ᠤᠯᠤᠬᠰᠠᠨ᠎ᠨᠢ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠤᠳᠤᠷᠢᠳᠤᠯᠭ᠎ᠠ ᠪᠠ ᠮᠠᠨ᠎ᠤ ᠤᠯᠤᠰ᠎ᠤᠨ ᠨᠡᠢ᠍ᠢ᠍ᠭᠡᠮ ᠵᠢᠷᠤᠮ᠎ᠤᠨ ᠪᠠᠢ᠍ᠢ᠍ᠭᠤᠯᠤᠯ᠎ᠤᠨ ᠢᠯᠡᠳᠳᠡ ᠤᠯᠤᠰ ᠲᠦᠷᠦ ᠵᠢᠨ ᠳᠠᠪᠠᠭᠤᠯᠢᠭ᠎ᠢ ᠢᠯᠡᠷᠡᠬᠦᠯᠵᠦ᠂ ᠦᠭᠡᠷᠡᠴᠢᠯᠡᠯᠳᠠ ᠨᠡᠭᠡᠭᠡᠯᠳᠠ᠎ᠠᠴᠠ ᠨᠠᠭ᠋ᠠᠰᠢᠬᠢ ᠮᠠᠨ᠎ᠤ ᠤᠯᠤᠰ᠎ᠤᠨ ᠡᠳᠦᠷ ᠢᠷᠡᠬᠦᠶ᠎ᠠ ᠴᠢᠩᠭ᠋ᠠᠷᠠᠵᠦ ᠪᠠᠢ᠍ᠢ᠍ᠭ᠎ᠠ ᠤᠯᠤᠰ᠎ᠤᠨ ᠶᠡᠷᠦᠩᠭᠡᠢ ᠬᠦᠴᠦᠨ᠎ᠢ ᠬᠠᠷᠠᠭᠤᠯᠵᠦ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠬᠠᠳᠠᠭᠤ ᠪᠡᠷᠭᠡᠰᠢᠶᠡᠯ᠎ᠢ ᠬᠠᠮᠳᠦ᠎ᠪᠠᠷ ᠲᠤᠭᠤᠯᠵᠦ᠂ ᠲᠦᠮᠡᠨ ᠤᠯᠠᠨ ᠵᠶ᠋ᠠᠷ ᠵᠶ᠋ᠠᠨ ᠪᠤᠯᠤᠳ ᠭᠡᠷᠡᠮ ᠪᠤᠯᠬᠤ ᠬᠦᠴᠦᠷᠭᠡᠭ ᠶᠡᠭᠡ ᠬᠦᠴᠦᠨ ᠴᠢᠳᠠᠯ᠎ᠢ ᠳᠡᠯᠭᠡᠨ ᠦᠵᠡᠬᠦᠯᠵᠡᠢ ᠭᠡᠵᠦ ᠢᠯᠡᠳᠭᠡᠪᠡ᠃
ᠰᠢ ᠵᠢᠨ ᠫᠢᠩ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠡᠮᠡᠴᠡᠯ ᠳᠤᠮᠳᠠ᠂ ᠦᠷᠭᠡᠨ ᠤᠯᠠᠨ ᠲᠤᠰᠬᠠᠢ ᠮᠡᠷᠭᠡᠵᠢᠯᠳᠠᠨ ᠡᠷᠳᠡᠮᠳᠡᠨ ᠨᠠᠷ ᠳᠡᠭᠡᠳᠦ ᠭᠡᠮᠵᠢᠶᠡᠨ᠎ᠤ ᠤᠯᠤᠰ ᠲᠦᠷᠦ ᠵᠢᠨ ᠬᠠᠷᠢᠭᠤᠴᠠᠯᠭ᠋ᠠᠳᠦ ᠰᠡᠳᠬᠢᠯᠭᠡ ᠪᠠ ᠡᠬᠦᠷᠭᠡᠳᠦ ᠪᠤᠳᠤᠯ ᠵᠶ᠋ᠠᠷ ᠲᠤᠰᠬᠠᠢ ᠮᠡᠷᠭᠡᠵᠢᠯ᠎ᠤᠨ ᠵᠶ᠋ᠠᠨ ᠲᠠᠪᠠᠭᠤᠯᠢᠬ᠎ᠢ ᠪᠠᠳᠠᠷᠠᠭᠤᠯᠵᠦ᠂ ᠬᠢᠵᠢᠭ᠎ᠤᠨ ᠪᠠᠢ᠍ᠢ᠍ᠳᠠᠯ᠎ᠤᠨ ᠬᠠᠨᠳᠤᠰᠢ ᠵᠢ ᠵᠠᠳᠠᠯᠬᠤ᠂ ᠰᠡᠷᠭᠡᠢ᠍ᠢ᠍ᠯᠡᠨ ᠡᠵᠡᠮᠳᠡᠬᠦ ᠠᠷᠭ᠎ᠠ ᠪᠤᠳᠤᠯᠭ᠎ᠠ ᠵᠢ ᠳᠡᠬᠦᠯᠳᠡᠷᠵᠢᠬᠦᠯᠬᠦ᠂ ᠡᠮᠴᠢᠯᠡᠭᠡᠨ᠎ᠤ ᠠᠪᠤᠷᠠᠨ ᠵᠠᠰᠠᠬᠤ ᠵᠢ ᠵᠢᠯᠤᠭᠤᠳᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠤᠭᠤᠮᠳᠠ ᠰᠢᠪᠳᠤᠯᠬᠤ ᠵᠢ ᠲᠦᠷᠭᠡᠳᠭᠡᠬᠦ᠂ ᠬᠠᠤᠯᠢ ᠴᠠᠭ᠋ᠠᠵᠠ ᠬᠠᠤᠯᠢ ᠲᠤᠭᠳᠠᠭ᠋ᠠᠯ᠎ᠳᠤ ᠵᠠᠰᠠᠪᠤᠷᠢ ᠤᠷᠤᠭᠤᠯᠬᠤ᠂ ᠤᠯᠠᠨ ᠤᠯᠤᠰ᠎ᠤᠨ ᠬᠠᠮᠳᠤᠷᠠᠯᠴᠠᠭ᠎ᠠ ᠵᠢ ᠠᠬᠢᠭᠤᠯᠬᠤ ᠵᠡᠷᠭᠡ ᠲᠠᠯ᠎ᠠ᠎ᠪᠠᠷ ᠠᠷᠭ᠎ᠠ ᠤᠬᠠᠭ᠋ᠠᠨ ᠭᠠᠷᠭ᠋ᠠᠨ ᠦᠭᠴᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠡᠮᠡᠴᠡᠯ᠎ᠳᠤ ᠴᠢᠬᠤᠯᠠ ᠬᠤᠪᠢ ᠨᠡᠮᠡᠷᠢ ᠦᠵᠡᠬᠦᠯᠵᠡᠢ ᠭᠡᠵᠦ ᠵᠢᠭ᠋ᠠᠵᠦ ᠭᠠᠷᠭ᠋ᠠᠪᠠ᠃ ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠡᠮᠦᠨ᠎ᠠ᠎ᠠᠴᠠ ᠤᠯᠠᠨ᠎ᠳᠤ ᠴᠢᠩ ᠰᠡᠳᠬᠢᠯ᠎ᠠᠴᠠ᠎ᠪᠠᠨ ᠳᠠᠯᠠᠷᠬᠠᠵᠦ ᠪᠠᠢ᠍ᠢ᠍ᠬᠤ᠎ᠪᠠᠨ ᠢᠯᠡᠳᠭᠡᠪᠡ᠃
ᠰᠢ ᠵᠢᠨ ᠫᠢᠩ᠂ ᠬᠦᠮᠦᠨ ᠲᠦᠷᠦᠯᠬᠢᠳᠡᠨ᠎ᠤ ᠡᠷᠡᠬᠦᠯ ᠮᠡᠨᠳᠦ ᠪᠤᠯ ᠨᠡᠢ᠍ᠢ᠍ᠭᠡᠮ᠎ᠤᠨ ᠪᠤᠯᠪᠠᠰᠤᠨ᠎ᠤ ᠲᠠᠪᠰᠢᠯᠳᠠ ᠵᠢᠨ ᠰᠠᠭᠤᠷᠢ ᠮᠦᠨ᠃ ᠨᠠᠮ᠎ᠤᠨ ᠠᠷᠪᠡᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠦᠪ ᠬᠤᠷᠢᠶ᠎ᠠ ᠰᠢᠨ᠎ᠠ ᠴᠠᠭ ᠦᠶ᠎ᠠ ᠵᠢᠨ ᠨᠠᠮ᠎ᠤᠨ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠠᠵᠢᠯ᠎ᠤᠨ ᠴᠢᠭᠯᠡᠯᠳᠠ ᠵᠢ ᠳᠤᠳᠤᠷᠬᠠᠢ᠍ᠢ᠍ᠯᠠᠵᠦ᠂ ᠠᠷᠠᠳ ᠲᠦᠮᠡᠨ᠎ᠤ ᠡᠷᠡᠬᠦᠯ ᠮᠡᠨᠳᠦ ᠵᠢᠨ ᠲᠦᠪᠰᠢᠨ᠎ᠢ ᠳᠡᠭᠡᠭᠰᠢᠯᠡᠬᠦᠯᠬᠦ ᠲᠦᠷᠢᠮ᠎ᠤᠨ ᠪᠠᠳᠤᠯᠠᠭ᠎ᠠ ᠵᠢ ᠴᠢᠩᠭ᠋ᠠᠳᠬᠠᠨ᠂ ᠰᠡᠷᠭᠡᠢ᠍ᠢ᠍ᠯᠡᠬᠦ᠎ᠪᠠᠷ ᠭᠤᠤᠯ ᠪᠤᠯᠭ᠋ᠠᠬᠤ ᠵᠢ ᠪᠠᠷᠢᠮᠳᠠᠯᠠᠵᠦ᠂ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲᠸᠮ᠎ᠢ ᠲᠤᠭᠳᠠᠭᠤᠨ ᠵᠶ᠋ᠠᠷ ᠬᠦᠭᠵᠢᠬᠦᠯᠦᠨ᠂ ᠬᠦᠭᠡ ᠭᠡᠯᠪᠡᠷᠢ ᠵᠢᠨ H1N1 ᠬᠠᠯᠳᠠᠪᠤᠷᠢᠳᠦ ᠳᠠᠬᠰᠢᠭᠤᠷ᠂ H7N9᠂ ᠡᠸᠪᠦ᠋ᠯᠠ ᠴᠢᠰᠤ ᠭᠠᠷᠬᠤ ᠬᠠᠯᠠᠭᠤᠨ ᠬᠢᠵᠢᠭ ᠵᠡᠷᠭᠡ ᠭᠡᠨᠡᠳᠳᠡ ᠡᠬᠦᠰᠦᠭᠰᠡᠨ ᠬᠢᠵᠢᠭ᠎ᠤᠨ ᠪᠠᠢ᠍ᠢ᠍ᠳᠠᠯ᠎ᠢ ᠠᠮᠵᠢᠯᠳᠠᠳᠠᠢ ᠰᠡᠷᠭᠡᠢ᠍ᠢ᠍ᠯᠡᠨ ᠠᠷᠭ᠋ᠠᠴᠠᠭ᠋ᠠᠵᠦ᠂ ᠭᠤᠤᠯ ᠪᠤᠯᠬᠤ ᠬᠠᠯᠳᠠᠪᠤᠷᠢᠳᠦ ᠡᠪᠡᠳᠴᠢᠨ ᠡᠬᠦᠰᠬᠦ ᠨᠤᠷᠮ᠎ᠠ ᠮᠡᠳᠡᠭᠳᠡᠮ᠎ᠠ ᠪᠠᠭᠤᠷᠠᠵᠠᠢ᠃ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠳᠠ ᠵᠢ ᠪᠡᠶᠡᠯᠡᠬᠦᠯᠬᠦ ᠲᠡᠦᠭᠡᠨ ᠶᠠᠪᠤᠴᠠ ᠳᠤᠮᠳᠠ᠂ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠦᠢ᠍ᠯᠡᠰ᠎ᠤᠨ ᠬᠦᠭᠵᠢᠯᠳᠠ᠎ᠨᠢ ᠢᠮᠠᠬᠳᠠ ᠰᠠᠭᠤᠷᠢ ᠴᠢᠨᠠᠷᠳᠠᠢ ᠪᠠᠢ᠍ᠢ᠍ᠷᠢᠨ᠎ᠳᠤ ᠪᠠᠢ᠍ᠢ᠍ᠵᠦ᠂ ᠤᠯᠤᠰ᠎ᠤᠨ ᠪᠦᠬᠦᠯᠢ ᠴᠤᠬ᠍ᠴᠠ ᠵᠢᠨ ᠪᠠᠢ᠍ᠢ᠍ᠯᠳᠤᠬᠤ ᠪᠤᠳᠤᠯᠭ᠎ᠠ᠎ᠯᠤᠭ᠎ᠠ ᠨᠢᠬᠳᠠ ᠵᠤᠯᠭ᠋ᠠᠯᠴᠠᠵᠦ᠂ ᠴᠢᠬᠤᠯᠠ ᠲᠤᠯᠭ᠋ᠠᠭᠤᠷᠢᠯᠠᠬᠤ ᠦᠢ᠍ᠯᠡᠳᠦᠯ ᠦᠵᠡᠬᠦᠯᠵᠦ ᠪᠠᠢ᠍ᠢ᠍ᠳᠠᠭ ᠶᠤᠮ ᠭᠡᠵᠦ ᠴᠢᠬᠤᠯᠠᠴᠢᠯᠠᠵᠠᠢ᠃

ᠰᠢ ᠵᠢᠨ ᠫᠢᠩ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠰᠢᠰᠲᠸᠮ ᠪᠤᠯ ᠠᠷᠠᠳ ᠲᠦᠮᠡᠨ᠎ᠤ ᠡᠷᠡᠬᠦᠯ ᠮᠡᠨᠳᠤ ᠵᠢ ᠬᠠᠮᠠᠭ᠋ᠠᠯᠠᠬᠤ᠂ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠠᠮᠤᠷ ᠲᠦᠪᠰᠢᠨ᠎ᠢ ᠪᠠᠳᠤᠯᠠᠬᠤ᠂ ᠠᠵᠥ ᠠᠬᠤᠢ ᠨᠡᠢ᠍ᠢ᠍ᠬᠡᠮ᠎ᠤᠨ ᠲᠤᠭᠳᠠᠭᠤᠨ᠎ᠢ ᠬᠠᠮᠠᠭ᠋ᠠᠯᠠᠬᠤ ᠴᠢᠬᠤᠯᠠ ᠪᠠᠳᠤᠯᠠᠭ᠎ᠠ ᠪᠤᠯᠤᠨ᠎ᠠ᠃ ᠨᠡᠩ ᠤᠨᠤᠴᠠᠳᠠᠢ ᠨᠡᠩ ᠪᠦᠳᠦᠮᠵᠢᠳᠡᠢ᠎ᠪᠠᠷ ᠰᠡᠷᠬᠡᠢ᠍ᠢ᠍ᠯᠡᠬᠦ᠎ᠳᠤ ᠰᠠᠭᠤᠷᠢᠯᠠᠵᠥ᠂ ᠪᠠᠢ᠍ᠢ᠍ᠭᠤᠯᠤᠮᠵᠢ ᠲᠤᠭᠳᠠᠴᠠ ᠵᠢ ᠰᠢᠯᠤᠭᠤᠳᠬᠠᠬᠤ᠂ ᠴᠢᠳᠠᠪᠬᠢ ᠵᠢᠨ ᠪᠠᠢ᠍ᠢ᠍ᠷᠢ ᠲᠤᠭᠳᠠᠭ᠋ᠠᠯᠳᠠ ᠵᠢ ᠲᠤᠳᠤᠷᠬᠠᠢ᠍ᠢ᠍ᠯᠠᠬᠤ᠂ ᠲᠤᠰᠬᠠᠢ ᠮᠡᠷᠬᠡᠵᠢᠯ᠎ᠤᠨ ᠴᠢᠳᠠᠪᠤᠷᠢ ᠵᠢ ᠲᠡᠬᠡᠭᠰᠢᠯᠡᠬᠦᠯᠬᠦ ᠵᠡᠷᠬᠡ ᠲᠡᠯ᠎ᠡ᠎ᠪᠠᠷ ᠦᠬᠡᠷᠡᠴᠢᠯᠡᠯᠳᠡ ᠵᠢᠨ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠳᠡᠢ᠃ ᠲᠤᠭᠳᠠᠭᠤᠨ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠰ᠎ᠤᠨ ᠤᠷᠤᠭᠤᠯᠤᠯᠳᠠ ᠵᠢᠨ ᠲᠤᠭᠳᠠᠴᠠ ᠵᠢ ᠪᠠᠢ᠍ᠢ᠍ᠭᠤᠯᠵᠥ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠦᠨᠳᠦᠰᠦᠨ ᠨᠦᠬᠦᠴᠡᠯ᠎ᠢ ᠰᠠᠢ᠍ᠢ᠍ᠵᠢᠷᠠᠭᠤᠯᠵᠥ᠂ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠬᠡᠨ᠎ᠤ ᠲᠦᠷᠦᠯ ᠵᠦᠢ᠍ᠯ᠎ᠢ ᠲᠡᠬᠦᠯᠳᠡᠷᠵᠢᠬᠦᠯᠬᠦ ᠬᠡᠷᠡᠭᠳᠡᠢ᠃ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠪᠠᠢ᠍ᠢ᠍ᠭᠤᠯᠤᠮᠵᠢ ᠵᠢᠨ ᠡᠬᠦᠷᠬᠡ ᠴᠢᠳᠠᠪᠬᠢ ᠵᠢᠨ ᠲᠤᠬᠢᠷᠠᠭᠤᠯᠤᠯᠳᠠ ᠵᠢ ᠰᠢᠯᠢᠳᠡᠭᠵᠢᠬᠦᠯᠦᠨ ᠲᠡᠬᠦᠯᠳᠡᠷᠵᠢᠬᠦᠯᠵᠦ᠂ ᠲᠡᠬᠡᠳᠦ ᠲᠤᠤᠷᠠᠳᠤ ᠱᠠᠳᠤ᠎ᠪᠠᠷ ᠵᠶ᠋ᠠᠨ ᠬᠤᠯᠪᠤᠭ᠋ᠠᠯᠠᠨ ᠬᠦᠳᠡᠯᠥᠯᠴᠡᠵᠤ ᠠᠵᠢᠯ ᠬᠤᠪᠢᠶᠠᠨ ᠬᠠᠮᠵᠢᠯᠴᠠᠬᠤ ᠲᠤᠭᠳᠠᠴᠠ ᠵᠢ ᠪᠠᠢ᠍ᠢ᠍ᠭᠤᠯᠬᠤ ᠬᠡᠷᠡᠭᠳᠡᠢ᠃ ᠤᠯᠤᠰ᠎ᠤᠨ ᠲᠡᠰ᠎ᠤᠨ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠪᠠᠢ᠍ᠢ᠍ᠭᠤᠯᠤᠮᠵᠢ ᠵᠢᠨ ᠴᠢᠳᠠᠪᠤᠷᠢ ᠵᠢᠨ ᠪᠠᠢ᠍ᠢ᠍ᠭᠤᠯᠤᠯᠳᠠ ᠵᠢ ᠴᠢᠩᠭ᠋ᠠᠳᠬᠠᠵᠥ᠂ ᠲᠡᠬᠦᠨ᠎ᠤ ᠮᠡᠷᠬᠡᠵᠢᠯ᠂ ᠴᠢᠳᠠᠪᠤᠷᠢ᠂ ᠴᠢᠳᠠᠪᠤᠷᠢᠳᠡᠨᠤ ᠨᠦᠬᠡᠴᠡ ᠵᠢ ᠴᠢᠩᠭ᠋ᠠᠳᠬᠠᠬᠤ ᠬᠡᠷᠡᠭᠳᠡᠢ᠃ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠪᠠᠢ᠍ᠢ᠍ᠭᠤᠯᠤᠮᠵᠢ ᠪᠤᠯᠤᠨ ᠬᠤᠳᠠ ᠬᠦᠳᠡᠬᠡ ᠨᠡᠢ᠍ᠢ᠍ᠬᠡᠮ ᠲᠤᠭᠤᠷᠢᠭ᠎ᠤᠨ ᠬᠤᠯᠪᠤᠭ᠋ᠠᠯᠠᠨ ᠬᠦᠳᠡᠯᠥᠯᠴᠡᠬᠦ ᠠᠵᠢᠯ᠎ᠤᠨ ᠲᠤᠭᠳᠠᠴᠠ ᠵᠢ ᠪᠦᠷᠢᠨᠰᠢᠬᠦᠯᠵᠥ᠂ ᠰᠢᠶᠠᠩ ᠪᠠᠯᠭ᠋ᠠᠰᠤᠨ᠎ᠤ ᠡᠷᠡᠬᠦᠯ ᠬᠠᠮᠠᠭ᠋ᠠᠯᠠᠯ᠎ᠤᠨ ᠬᠤᠷᠢᠶ᠎ᠡ ᠪᠤᠯᠤᠨ ᠨᠡᠢ᠍ᠢ᠍ᠬᠡᠮ ᠲᠤᠭᠤᠷᠢᠭ᠎ᠤᠨ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠬᠡᠨ᠎ᠤ ᠲᠦᠪ᠎ᠤᠨ ᠡᠪᠡᠳᠴᠢᠨ ᠡᠮᠬᠡᠭ᠎ᠢ ᠰᠡᠷᠬᠡᠢ᠍ᠢ᠍ᠯᠡᠬᠦ ᠡᠬᠦᠷᠬᠡ ᠬᠠᠷᠢᠭᠤᠴᠠᠯᠭ᠎ᠠ ᠵᠢ ᠴᠢᠩᠭ᠋ᠠᠳᠬᠠᠵᠥ᠂ ᠬᠤᠯᠪᠤᠭ᠋ᠠᠯᠠᠨ ᠰᠡᠷᠬᠡᠢ᠍ᠢ᠍ᠯᠡᠵᠥ ᠬᠤᠯᠪᠤᠭ᠋ᠠᠯᠠᠨ ᠡᠵᠡᠮᠳᠡᠬᠦ ᠠᠵᠢᠯ᠎ᠤᠨ ᠦᠨᠳᠦᠰᠦᠨ ᠱᠠᠳᠤᠨ᠎ᠤ ᠰᠠᠭᠤᠷᠢ ᠵᠢ ᠪᠡᠬᠢᠵᠢᠬᠦᠯᠬᠦ ᠬᠡᠷᠡᠭᠳᠡᠢ᠃ ᠡᠮᠨᠡᠬᠦ ᠪᠠ ᠰᠡᠷᠬᠡᠢ᠍ᠢ᠍ᠯᠡᠬᠦ ᠵᠢ ᠬᠠᠮᠵᠢᠯᠴᠠᠭᠤᠯᠬᠤ ᠲᠤᠭᠳᠠᠴᠠ ᠵᠢ ᠰᠢᠨᠡᠴᠢᠯᠡᠵᠥ᠂ ᠬᠦᠮᠥᠰ᠎ᠤᠨ ᠨᠡᠪᠳᠡᠷᠡᠯᠴᠡᠬᠡ᠂ ᠮᠡᠳᠡᠬᠡ ᠵᠠᠩᠬᠢ ᠵᠢᠨ ᠨᠡᠪᠳᠡᠷᠡᠯᠴᠡᠬᠡ᠂ ᠡᠬᠢ ᠪᠠᠶᠠᠯᠢᠭ᠎ᠤᠨ ᠨᠡᠪᠳᠡᠷᠡᠯᠴᠡᠬᠡ ᠪᠤᠯᠤᠨ ᠬᠢᠨᠠᠯᠳᠠ ᠬᠠᠮᠢᠶᠠᠷᠤᠯᠳᠠ᠎ᠪᠠᠷ ᠬᠠᠷᠢᠯᠴᠠᠨ ᠬᠢᠵᠠᠭ᠋ᠠᠷᠯᠠᠬᠤ ᠲᠤᠭᠳᠠᠴᠠ ᠵᠢ ᠪᠠᠢ᠍ᠢ᠍ᠭᠤᠯᠬᠤ ᠬᠡᠷᠡᠭᠳᠡᠢ᠃ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠴᠢᠳᠠᠪᠤᠷᠢᠳᠡᠨᠤ ᠡᠩᠨᠡᠬᠡ ᠵᠢᠨ ᠪᠠᠢ᠍ᠢ᠍ᠭᠤᠯᠤᠯᠳᠠ ᠵᠢ ᠴᠢᠩᠭ᠋ᠠᠳᠬᠠᠵᠥ᠂ ᠤᠳᠤᠬᠢᠴᠢᠯᠠᠬᠰᠠᠠ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠰᠢᠰᠲᠸᠮ᠎ᠳᠤ ᠲᠤᠬᠢᠷᠠᠬᠰᠠᠠ ᠴᠢᠳᠠᠪᠤᠷᠢᠳᠡᠨ᠎ᠢ ᠬᠦᠮᠥᠵᠢᠬᠦᠯᠬᠦ ᠬᠡᠷᠡᠭᠯᠡᠬᠦ ᠲᠤᠭᠳᠠᠴᠠ ᠵᠢ ᠪᠠᠢ᠍ᠢ᠍ᠭᠤᠯᠵᠥ᠂ ᠦᠨᠳᠦᠰᠦᠨ ᠱᠠᠳᠤᠨ᠎ᠤ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠡᠩᠨᠡᠬᠡ ᠵᠢ ᠲᠤᠭᠳᠠᠪᠤᠷᠢᠵᠢᠭᠤᠯᠬᠤ ᠬᠡᠷᠡᠭᠳᠡᠢ᠃ ᠨᠢᠬᠡ ᠪᠦᠯᠥᠭ ᠦᠨᠳᠤᠷ ᠲᠦᠪᠰᠢᠨ ᠪᠦᠬᠦᠢ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠲᠡᠬᠡᠳᠤ ᠰᠤᠷᠭ᠋ᠠᠭᠤᠯᠢ ᠪᠠᠢ᠍ᠢ᠍ᠭᠤᠯᠵᠥ᠂ ᠡᠪᠡᠳᠴᠢᠨ ᠡᠬᠦᠰᠭᠡᠭᠴᠢ ᠵᠢᠨ ᠰᠤᠳᠤᠯᠤᠯ᠎ᠤᠨ ᠬᠢᠨᠠᠨ ᠲᠤᠭᠳᠠᠭ᠋ᠠᠬᠤ᠂ ᠬᠢᠵᠢᠭ᠎ᠤᠨ ᠪᠠᠢ᠍ᠢ᠍ᠳᠠᠯ᠎ᠢ ᠰᠤᠳᠤᠯᠤᠨ ᠮᠠᠭ᠋ᠠᠳᠯᠠᠬᠤ ᠪᠠ ᠬᠠᠯᠲᠠᠪᠤᠷᠢᠯᠠᠨ ᠲᠠᠷᠬᠠᠬᠤ ᠵᠢᠮ᠎ᠡ ᠶᠤᠰᠤ ᠵᠢ ᠰᠤᠳᠤᠯᠬᠤ᠂ ᠲᠤᠬᠠᠢ ᠵᠢᠨ ᠲᠠᠯᠠᠪᠠᠢ᠎ᠳᠤ ᠲᠠᠬᠤᠯ ᠡᠪᠡᠳᠴᠢᠨ᠎ᠤ ᠪᠠᠢ᠍ᠢ᠍ᠴᠠᠭ᠋ᠠᠨ ᠰᠤᠳᠤᠯᠤᠯᠳᠡ ᠬᠢᠬᠦ᠂ ᠲᠤᠷᠰᠢᠯᠳᠠ ᠵᠢᠨ ᠲᠠᠰᠤᠭ᠎ᠲᠤ ᠰᠢᠯᠭ᠋ᠠᠨ ᠪᠠᠢ᠍ᠢ᠍ᠴᠠᠭ᠋ᠠᠬᠤ ᠵᠡᠷᠬᠡ ᠪᠤᠳᠠᠳᠠᠢ ᠠᠰᠠᠭᠤᠳᠠᠯ᠎ᠢ ᠰᠢᠢ᠍ᠳᠪᠤᠷᠢᠯᠡᠬᠦ ᠴᠢᠳᠠᠪᠤᠷᠢᠳᠡᠨ᠎ᠢ ᠬᠦᠴᠦᠯᠡᠨ ᠬᠦᠮᠥᠵᠢᠬᠦᠯᠬᠦ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
ᠰᠢ ᠵᠢᠨ ᠫᠢᠩ᠂ ᠡᠬᠢᠨ᠎ᠤ ᠬᠤᠭᠤᠴᠠᠭ᠋ᠠᠨ᠎ᠳᠠᠬᠢ ᠬᠢᠨᠠᠨ ᠬᠡᠮᠵᠢᠵᠥ ᠰᠡᠷᠡᠮᠵᠢᠯᠡᠬᠦᠯᠬᠦ ᠴᠢᠳᠠᠪᠤᠷᠢ ᠵᠢ ᠴᠢᠩᠭ᠋ᠠᠳᠬᠠᠬᠤ ᠵᠢ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠢ ᠪᠦᠷᠢᠨᠰᠢᠬᠦᠯᠬᠦ ᠪᠠᠷᠢᠨ ᠬᠦᠢ᠍ᠴᠡᠳᠬᠡᠬᠦ ᠪᠠᠴᠢᠮ ᠡᠬᠦᠷᠬᠡ ᠪᠤᠯᠭ᠋ᠠᠵᠥ᠂ ᠬᠠᠯᠳᠠᠪᠤᠷᠢᠳᠤ ᠡᠪᠡᠳᠴᠢᠨ᠎ᠤ ᠬᠢᠵᠢᠭ᠎ᠤᠨ ᠪᠠᠢ᠍ᠢ᠍ᠳᠠᠯ ᠪᠤᠯᠤᠨ ᠬᠡᠨᠡᠳᠳᠡ ᠡᠬᠦᠰᠬᠦ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ ᠶᠠᠪᠤᠳᠠᠯ᠎ᠢ ᠬᠢᠨᠠᠨ ᠬᠡᠮᠵᠢᠬᠦ ᠰᠢᠰᠲᠸᠮ᠎ᠢ ᠲᠡᠬᠦᠯᠳᠡᠷᠵᠢᠬᠦᠯᠵᠥ᠂ ᠰᠢᠯᠳᠠᠭ᠋ᠠᠨ᠎ᠨᠢ ᠲᠤᠳᠤ ᠦᠬᠡᠢ ᠡᠪᠡᠳᠴᠢᠨ ᠡᠮᠬᠡᠭ ᠪᠤᠯᠤᠨ ᠬᠡᠪ᠎ᠤᠨ ᠪᠤᠰᠤ ᠡᠷᠡᠬᠦᠯ ᠮᠡᠨᠳᠦ ᠵᠢᠨ ᠬᠡᠷᠡᠭ ᠶᠠᠪᠤᠳᠠᠯ᠎ᠢ ᠬᠢᠨᠡᠨ ᠬᠡᠮᠵᠢᠬᠦ ᠲᠤᠭᠳᠠᠴᠠ ᠵᠢ ᠰᠠᠢ᠍ᠢ᠍ᠵᠢᠷᠠᠭᠤᠯᠵᠥ᠂ ᠦᠨᠡᠯᠡᠨ ᠵᠢᠱ᠌ᠢᠬᠦ ᠬᠢᠨᠡᠨ ᠬᠡᠮᠵᠢᠬᠦ ᠰᠡᠷᠬᠡᠭ ᠴᠢᠨᠠᠷ ᠪᠤᠯᠤᠨ ᠤᠨᠤᠪᠴᠢᠳᠤ ᠴᠢᠨᠠᠷ᠎ᠢ ᠲᠡᠭᠡᠭᠰᠢᠯᠡᠬᠦᠯᠵᠥ᠂ ᠤᠶᠤᠨᠴᠢ᠎ᠪᠠᠷ ᠰᠡᠷᠡᠮᠵᠢᠯᠡᠬᠦᠯᠵᠤ ᠤᠯᠠᠨ ᠲᠡᠯ᠎ᠡ᠎ᠠᠴᠠ ᠲᠤᠰᠬᠠᠯ ᠭᠠᠷᠭ᠋ᠠᠬᠤ ᠲᠤᠭᠳᠠᠴᠠ ᠵᠢ ᠪᠠᠢ᠍ᠢ᠍ᠭᠤᠯᠵᠥ᠂ ᠤᠯᠠᠨ ᠠᠷᠭ᠎ᠠ ᠵᠠᠮ ᠵᠶ᠋ᠠᠷ ᠬᠢᠨᠡᠨ ᠬᠡᠮᠵᠢᠵᠥ ᠰᠡᠷᠡᠮᠵᠢᠯᠡᠬᠦᠯᠬᠦ ᠲᠤᠭᠳᠠᠴᠠ ᠵᠢ ᠪᠦᠷᠢᠨᠰᠢᠬᠦᠯᠵᠥ᠂ ᠴᠠᠭ ᠲᠤᠬᠠᠢᠳᠤᠨᠢ ᠵᠠᠳᠠᠯᠬᠤ᠂ ᠲᠦᠪᠯᠡᠷᠡᠬᠦᠯᠵᠥ ᠰᠤᠳᠤᠯᠤᠨ ᠮᠠᠭ᠋ᠠᠳᠯᠠᠬᠤ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ᠃ ᠲᠤᠷᠰᠢᠯᠳᠠ ᠵᠢᠨ ᠲᠠᠰᠤᠭ᠎ᠤᠨ ᠰᠢᠯᠭ᠋ᠠᠨ ᠪᠠᠢ᠍ᠢ᠍ᠴᠠᠭ᠋ᠠᠬᠤ ᠲᠤᠤᠷ᠎ᠤᠨ ᠪᠠᠢ᠍ᠢ᠍ᠭᠤᠯᠤᠯᠳᠠ ᠵᠢ ᠴᠢᠩᠭ᠋ᠠᠳᠬᠠᠵᠥ᠂ ᠬᠠᠯᠳᠠᠪᠤᠷᠢᠳᠤ ᠡᠪᠡᠳᠴᠢᠨ᠎ᠢ ᠰᠢᠯᠭ᠋ᠠᠨ ᠪᠠᠢ᠍ᠢ᠍ᠴᠠᠭ᠋ᠠᠬᠤ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ᠃ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠪᠠᠢ᠍ᠢ᠍ᠭᠤᠯᠤᠮᠵᠢ ᠪᠤᠯᠤᠨ ᠡᠮᠴᠢᠯᠡᠬᠡᠨ᠎ᠤ ᠪᠠᠢ᠍ᠢ᠍ᠭᠤᠯᠤᠮᠵᠢ ᠵᠢᠨ ᠬᠠᠮᠵᠢᠯᠴᠠᠨ ᠬᠢᠨᠡᠨ ᠬᠡᠮᠵᠢᠬᠦ ᠲᠤᠭᠳᠠᠴᠠ ᠵᠢ ᠪᠠᠢ᠍ᠢ᠍ᠭᠤᠯᠵᠥ᠂ ᠦᠨᠳᠦᠰᠦᠨ ᠱᠠᠳᠤᠨ᠎ᠤ ᠬᠠᠷᠠᠭᠤᠯ᠎ᠤᠨ ᠴᠡᠭ᠎ᠤᠨ ᠦᠢ᠍ᠯᠡᠳᠦᠯ᠎ᠢ ᠪᠠᠳᠠᠷᠠᠭᠤᠯᠵᠥ᠂ ᠡᠷᠳᠡ ᠢᠯᠡᠷᠡᠬᠦᠯᠬᠦ᠂ ᠡᠷᠳᠡ ᠮᠡᠳᠡᠬᠦᠯᠬᠦ᠂ ᠡᠷᠳᠡ ᠰᠢᠢ᠍ᠳᠪᠤᠷᠢᠯᠡᠬᠦ ᠵᠢ ᠪᠡᠶᠡᠯᠡᠬᠦᠯᠬᠦ ᠬᠡᠷᠡᠭᠳᠡᠢ᠃ ᠬᠡᠨᠡᠳᠳᠡ ᠡᠬᠦᠰᠬᠦ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ ᠲᠦᠰᠦᠪ᠎ᠤᠨ ᠰᠢᠰᠲᠸᠮ᠎ᠢ ᠪᠦᠷᠢᠨᠰᠢᠬᠦᠯᠵᠥ᠂ ᠡᠷᠡᠬᠦᠯ ᠬᠠᠮᠠᠭ᠋ᠠᠯᠠᠯ᠎ᠤᠨ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠡᠩᠨᠡᠬᠡ ᠵᠢ ᠱᠠᠳᠤ ᠬᠤᠪᠢᠶᠠᠨ ᠲᠦᠷᠦᠯ ᠬᠤᠪᠢᠶᠠᠨ ᠪᠠᠢ᠍ᠢ᠍ᠭᠤᠯᠵᠥ᠂ ᠪᠠᠢ᠍ᠢ᠍ᠳᠠᠯ᠎ᠢ ᠰᠤᠳᠤᠯᠤᠨ ᠮᠠᠭ᠋ᠠᠳᠯᠠᠬᠤ᠂ ᠲᠠᠬᠤᠯ ᠡᠪᠡᠳᠴᠢᠨ᠎ᠤ ᠰᠤᠳᠤᠯᠤᠯ᠎ᠤᠨ ᠪᠠᠢ᠍ᠢ᠍ᠴᠠᠭ᠋ᠠᠯᠳᠠ ᠬᠢᠬᠦ᠂ ᠡᠮᠴᠢᠯᠡᠬᠡ᠎ᠪᠠᠷ ᠠᠪᠤᠷᠠᠨ ᠵᠠᠰᠠᠬᠤ᠂ ᠲᠤᠷᠰᠢᠯᠳᠠ ᠵᠢᠨ ᠲᠠᠰᠤᠭ᠎ᠤᠨ ᠰᠢᠯᠭ᠋ᠠᠨ ᠪᠠᠢ᠍ᠢ᠍ᠴᠠᠭ᠋ᠠᠯᠳᠠ᠂ ᠨᠡᠢ᠍ᠢ᠍ᠬᠡᠮ ᠲᠤᠭᠤᠷᠢᠭ᠎ᠤᠨ ᠵᠢᠯᠤᠭᠤᠳᠤᠯᠭ᠎ᠠ᠂ ᠡᠳ᠋ ᠪᠤᠳᠠᠰ᠎ᠤᠨ ᠲᠤᠬᠢᠷᠠᠭᠤᠯᠭ᠎ᠠ ᠵᠡᠷᠬᠡ ᠬᠦᠷᠢᠶᠡᠨ᠎ᠳᠤ ᠪᠦᠷᠬᠦᠬᠦᠯᠬᠦ ᠬᠡᠷᠡᠭᠳᠡᠢ᠃ ᠦᠨᠳᠦᠰᠦᠨ ᠱᠠᠳᠤᠨ᠎ᠤ ᠡᠷᠡᠬᠦᠯ ᠬᠠᠮᠠᠭ᠋ᠠᠯᠠᠯ᠎ᠤᠨ ᠠᠵᠢᠯᠳᠠᠨ᠎ᠤ ᠮᠡᠳᠡᠯᠬᠡ ᠵᠢᠨ ᠨᠦᠬᠡᠴᠡ ᠪᠤᠯᠤᠨ ᠪᠤᠯᠪᠠᠰᠤᠷᠠᠯ ᠰᠤᠷᠢᠯᠳᠡ ᠵᠢ ᠴᠢᠩᠭ᠋ᠠᠳᠬᠠᠵᠥ᠂ ᠤᠷᠢᠳ ᠵᠶ᠋ᠠᠷ ᠰᠢᠢ᠍ᠳᠪᠤᠷᠢᠯᠡᠬᠦ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ᠃ ᠡᠷᠡᠬᠦᠯ ᠬᠠᠮᠠᠭ᠋ᠠᠯᠠᠯ᠎ᠤᠨ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠮᠡᠳᠡᠯᠬᠡ ᠵᠢᠨ ᠤᠬᠠᠭᠤᠯᠭ᠎ᠠ ᠬᠦᠮᠥᠵᠢᠯᠢ ᠬᠦᠨᠵᠡᠬᠡᠢ ᠦᠷᠨᠢᠬᠦᠯᠵᠥ᠂ ᠠᠷᠠᠳ ᠤᠯᠠᠨ᠎ᠤ ᠬᠡᠨᠡᠳᠳᠡ ᠡᠬᠦᠰᠬᠦ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ᠎ᠢ ᠲᠠᠨᠢᠨ ᠮᠡᠳᠡᠬᠦ ᠲᠦᠪᠰᠢᠨ ᠪᠤᠯᠤᠨ ᠤᠷᠢᠳᠴᠢᠯᠡᠨ ᠰᠡᠷᠬᠡᠢ᠍ᠢ᠍ᠯᠡᠬᠦ ᠦᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ ᠬᠦᠨᠳᠤ ᠶᠡᠬᠡ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠵᠢ ᠲᠤᠭᠳᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠪᠠᠢ᠍ᠢ᠍ᠷᠢᠯᠠᠭᠤᠯᠬᠤ ᠵᠡᠷᠬᠡ ᠡᠷᠡᠬᠦᠯ ᠬᠠᠮᠠᠭ᠋ᠠᠯᠠᠯ ᠡᠷᠡᠬᠦᠯ ᠮᠡᠨᠳᠤ ᠵᠢᠨ ᠠᠵᠢᠯ᠎ᠤᠨ ᠲᠤᠭᠳᠠᠴᠠ ᠵᠢ ᠪᠠᠢ᠍ᠢ᠍ᠭᠤᠯᠵᠥ᠂ ᠵᠢᠭ᠋ᠠᠪᠤᠷᠢ ᠵᠠᠷᠯᠢᠭ ᠲᠤᠳᠤᠷᠬᠠᠢ᠂ ᠰᠢᠰᠲᠸᠮ᠎ᠨᠢ ᠡᠮᠬᠢ ᠵᠢᠷᠤᠮ᠎ᠲᠠᠢ᠂ ᠵᠦᠢ᠍ᠯ ᠵᠤᠷᠪᠤᠰ᠎ᠨᠢ ᠰᠢᠯᠤᠭᠤᠬᠠᠨ᠂ ᠬᠡᠷᠡᠭᠵᠢᠬᠦᠯᠥᠯᠳᠡ ᠬᠦᠴᠦᠳᠠᠢ ᠪᠠᠢ᠍ᠢ᠍ᠬᠤ ᠵᠢ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
ᠰᠢ ᠵᠢᠨ ᠫᠢᠩ᠂ ᠡᠨᠡ ᠤᠳᠠᠭ᠎ᠠ ᠵᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠳᠤ ᠨᠡᠷᠪᠡᠭᠳᠡᠭᠰᠡᠳᠢ ᠠᠪᠤᠷᠠᠨ ᠵᠠᠰᠠᠬᠤ ᠠᠵᠢᠯ᠎ᠳᠤ᠂ ᠪᠢᠳᠡ ᠠᠷᠠᠳ ᠲᠦᠮᠡᠨ᠎ᠢ ᠲᠡᠬᠡᠳᠤᠯᠡᠬᠦ᠂ ᠠᠮᠢ ᠨᠠᠰᠤ ᠵᠢ ᠲᠡᠬᠡᠳᠤᠯᠡᠬᠦ ᠵᠢ ᠪᠠᠷᠢᠮᠳᠠᠯᠠᠵᠥ᠂ ᠤᠷᠢᠳ ᠡᠮᠤᠨ᠎ᠡ ᠪᠠᠢ᠍ᠢ᠍ᠭ᠎ᠠ ᠦᠬᠡᠢ᠎ᠪᠠᠷ ᠪᠦᠬᠦ ᠤᠯᠤᠰ᠎ᠤᠨ ᠡᠬᠢ ᠪᠠᠶᠠᠯᠢᠭ᠎ᠢ ᠲᠥᠪᠯᠡᠷᠡᠭᠦᠯᠦᠨ ᠶᠡᠬᠡ ᠬᠡᠪᠴᠢᠶᠡᠨ᠎ᠤ ᠠᠪᠤᠷᠠᠨ ᠵᠠᠰᠠᠬᠤ ᠠᠵᠢᠯ ᠦᠷᠨᠢᠬᠦᠯᠵᠥ᠂ ᠬᠠᠯᠳᠠᠪᠤᠷᠢᠯᠠᠬᠳᠠᠭᠰᠠᠳᠢ ᠨᠢᠭᠡ ᠵᠢ ᠴᠤ᠌ ᠭᠤᠭᠤᠵᠢᠭᠳᠠᠭᠤᠯᠬᠤ ᠦᠭᠡᠢ᠂ ᠨᠢᠭᠡ ᠡᠪᠡᠳᠴᠢᠲᠡᠨ᠎ᠢ ᠴᠤ᠌ ᠲᠠᠶᠠᠭᠲᠠᠬᠤ ᠦᠭᠡᠢ ᠪᠠᠢ᠍ᠢ᠍ᠵᠤ᠂ ᠲᠦᠷᠦᠬᠡᠳ ᠲᠡᠮᠡᠢ ᠤᠳᠠᠭ᠋ᠠᠳᠤᠢ ᠨᠢᠯᠬ᠎ᠠ ᠬᠡᠤᠬᠡᠳ᠎ᠠᠴᠠ 100 ᠭᠠᠷᠤᠭᠰᠠᠠ ᠨᠠᠰᠤᠳᠠᠨ᠎ᠢ ᠴᠦ᠍ ᠦᠯᠥ ᠤᠷᠬᠢᠬᠳᠠᠭᠤᠯᠵᠥ᠂ ᠡᠪᠡᠳᠴᠢᠳᠡᠨ᠎ᠤ ᠰᠦᠢ᠍ᠳᠬᠡᠯ᠎ᠤᠨ ᠠᠰᠠᠭᠤᠳᠠᠯ᠎ᠠᠴᠠ ᠪᠤᠯᠵᠥ ᠡᠮᠨᠡᠬᠦᠯᠬᠦ᠎ᠪᠠᠨ ᠨᠥᠯᠥᠭᠡᠯᠡᠬᠦ ᠦᠬᠡᠢ ᠪᠠᠢ᠍ᠢ᠍ᠬᠤ ᠵᠢ ᠦᠨᠡᠨ ᠬᠦ᠌ ᠪᠠᠳᠤᠯᠠᠪᠠ᠃ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠵᠢ ᠨᠢᠬᠡᠳᠤᠯᠳᠡᠢ ᠲᠦᠯᠥᠪᠵᠢᠬᠦᠯᠥᠭᠰᠡᠡ ᠪᠠᠢ᠍ᠢ᠍ᠳᠠᠯ ᠲᠤᠤᠷ᠎ᠡ ᠡᠮ ᠡᠮᠨᠡᠯᠬᠡ ᠡᠷᠡᠬᠦᠯ ᠬᠠᠮᠠᠭ᠋ᠠᠯᠠᠯ᠎ᠤᠨ ᠪᠠᠢ᠍ᠢ᠍ᠭᠤᠯᠤᠮᠵᠢ ᠲᠠᠢ᠍ᠢ᠍ᠴᠢᠯᠠᠨ ᠴᠤᠤᠷᠢᠶᠠᠳᠤᠵᠥ᠂ ᠤᠷᠤᠨ ᠪᠦᠰᠡ ᠵᠢᠨ᠎ᠬᠢᠨ ᠬᠤᠯᠪᠤᠭ᠋ᠠᠯᠠᠨ ᠬᠦᠳᠡᠯᠥᠯᠴᠡᠵᠥ᠂ ᠬᠦᠮᠥᠰᠢ ᠲᠦᠪᠯᠡᠷᠡᠬᠦᠯᠵᠥ᠂ ᠱᠠᠳᠤ ᠬᠤᠪᠢᠶᠠᠬᠰᠠᠠ᠂ ᠲᠠᠪᠬᠤᠷᠭ᠎ᠠ ᠬᠤᠪᠢᠶᠠᠬᠰᠠᠠ᠂ ᠢᠯᠭ᠋ᠠᠨ ᠰᠠᠯᠪᠤᠷᠢᠯᠠᠭᠰᠠᠠ ᠬᠦᠨᠳᠤ ᠶᠡᠬᠡ ᠬᠢᠵᠢᠭ᠎ᠤᠨ ᠪᠠᠢ᠍ᠢ᠍ᠳᠠᠯ᠎ᠤᠨ ᠠᠪᠤᠷᠡᠨ ᠵᠠᠰᠠᠬᠤ ᠲᠤᠭᠳᠠᠴᠠ ᠵᠢ ᠪᠠᠢ᠍ᠢ᠍ᠭᠤᠯᠤᠨ ᠪᠦᠷᠢᠨᠰᠢᠬᠦᠯᠬᠦ ᠬᠡᠷᠡᠭᠲᠡᠢ᠃ ᠠᠯᠪᠠᠨ᠎ᠠᠴᠠ ᠪᠠᠢ᠍ᠢ᠍ᠭᠤᠯᠤᠬᠰᠠᠠ ᠡᠮᠨᠡᠯᠬᠡ ᠵᠢᠨ ᠬᠤᠷᠢᠶ᠎ᠡ ᠵᠢᠨ ᠬᠠᠯᠳᠠᠪᠤᠷᠢᠳᠤ ᠡᠪᠡᠳᠴᠢᠨ᠎ᠢ ᠠᠪᠤᠷᠡᠨ ᠵᠠᠰᠠᠬᠤ ᠴᠢᠳᠠᠪᠤᠷᠢ ᠵᠢᠨ ᠪᠠᠢ᠍ᠢ᠍ᠭᠤᠯᠤᠯᠳᠠ ᠵᠢ ᠪᠦᠬᠦ ᠲᠡᠯ᠎ᠡ᠎ᠪᠠᠷ ᠴᠢᠩᠭ᠋ᠠᠳᠬᠠᠵᠥ᠂ ᠶᠡᠷᠤᠩᠬᠡᠢ᠍ᠢ᠍ᠯᠡᠭᠰᠡᠡ ᠡᠮᠨᠡᠯᠬᠡ ᠵᠢᠨ ᠬᠤᠷᠢᠶ᠎ᠡ ᠵᠢᠨ ᠬᠠᠯᠳᠠᠪᠤᠷᠢᠳᠤ ᠡᠪᠡᠳᠴᠢᠨ᠎ᠢ ᠰᠡᠷᠬᠡᠢ᠍ᠢ᠍ᠯᠡᠨ ᠵᠠᠰᠠᠬᠤ ᠲᠦᠬᠦᠬᠡᠷᠤᠮᠵᠢ ᠵᠢᠨ ᠪᠦᠳᠦᠬᠡᠨ ᠪᠠᠢ᠍ᠢ᠍ᠭᠤᠯᠤᠯᠳᠠ ᠵᠢᠨ ᠪᠠᠷᠢᠮᠵᠢᠶ᠎ᠠ ᠵᠢ ᠲᠡᠬᠦᠯᠳᠡᠷᠵᠢᠬᠦᠯᠵᠥ᠂ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠡᠮᠴᠢᠯᠡᠬᠡᠨ᠎ᠤ ᠠᠪᠤᠷᠠᠨ ᠵᠠᠰᠠᠬᠤ ᠨᠦᠬᠡᠴᠡ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ᠃ ᠬᠤᠳᠠ ᠵᠢᠨ ᠨᠡᠢ᠍ᠢ᠍ᠬᠡᠮ ᠲᠤᠭᠤᠷᠢᠭ ᠪᠤᠯᠤᠨ ᠬᠦᠳᠡᠬᠡ ᠲᠤᠰᠬᠤᠨ᠎ᠤ ᠦᠨᠳᠦᠰᠦᠨ ᠱᠠᠳᠤ᠂ ᠬᠢᠯᠢ ᠵᠢᠨ ᠪᠤᠭᠤᠮᠳᠠ ᠵᠢᠨ ᠬᠤᠳᠠ᠂ ᠰᠢᠶᠠᠨ᠎ᠤ ᠱᠠᠳᠤᠨ᠎ᠤ ᠡᠮᠨᠡᠯᠬᠡ ᠵᠢᠨ ᠬᠤᠷᠢᠶ᠎ᠡ ᠪᠤᠯᠤᠨ ᠬᠢᠳᠠᠳ ᠡᠮᠨᠡᠯᠬᠡ ᠵᠢᠨ ᠬᠤᠷᠢᠶ᠎ᠡ᠎ᠪᠠᠷ ᠭᠤᠤᠯᠳᠠᠯᠭ᠎ᠠ ᠪᠤᠯᠭ᠋ᠠᠵᠥ᠂ ᠬᠤᠳᠠ ᠬᠦᠳᠡᠬᠡ ᠵᠢᠨ ᠭᠤᠷᠪᠠᠨ ᠱᠠᠳᠤᠨ᠎ᠤ ᠡᠮ ᠡᠮᠨᠡᠯᠬᠡ ᠵᠢᠨ ᠦᠢ᠍ᠯᠡᠴᠢᠯᠡᠬᠡᠨ᠎ᠤ ᠲᠤᠤᠷ᠎ᠢ ᠲᠡᠬᠦᠯᠳᠡᠷᠵᠢᠬᠦᠯᠬᠦ ᠬᠡᠷᠡᠭᠳᠡᠢ᠃ ᠤᠯᠤᠰ᠎ᠤᠨ ᠠᠨᠠᠭ᠋ᠠᠬᠤ ᠤᠬᠠᠭ᠋ᠠᠨ᠎ᠤ ᠲᠦᠪ᠂ ᠤᠷᠤᠨ ᠪᠦᠰᠡ ᠵᠢᠨ ᠡᠮᠴᠢᠯᠡᠬᠡᠨ᠎ᠤ ᠲᠦᠪ ᠵᠡᠷᠬᠡ ᠰᠠᠭᠤᠷᠢᠨ᠎ᠤ ᠪᠦᠳᠦᠬᠡᠨ ᠪᠠᠢ᠍ᠢ᠍ᠭᠤᠯᠤᠯᠳᠠ ᠵᠢ ᠴᠢᠩᠭ᠋ᠠᠳᠬᠠᠵᠥ᠂ ᠬᠦᠨᠳᠤ ᠶᠡᠬᠡ ᠬᠠᠯᠳᠠᠪᠤᠷᠢᠳᠤ ᠡᠪᠡᠳᠴᠢᠨ᠎ᠢ ᠠᠪᠤᠷᠡᠨ ᠵᠠᠰᠠᠬᠤ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
ᠰᠢ ᠵᠢᠨ ᠫᠢᠩ᠂ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠭᠡᠭᠡᠨ ᠪᠤᠯ ᠮᠠᠨ᠎ᠤ ᠨᠠᠮ᠎ᠤᠨ ᠤᠯᠠᠨ ᠲᠦᠮᠡᠨᠴᠢ ᠱᠤᠭᠤᠮ᠎ᠢ ᠡᠷᠡᠬᠦᠯ ᠬᠠᠮᠠᠭ᠋ᠠᠯᠠᠯ ᠡᠪᠡᠳᠴᠢᠨ ᠡᠮᠭᠡᠭ᠎ᠢ ᠰᠡᠷᠭᠡᠢ᠍ᠢ᠍ᠯᠡᠬᠦ ᠠᠵᠢᠯ᠎ᠳᠤ ᠭᠡᠷᠡᠭᠯᠡᠭᠰᠡᠨ ᠠᠮᠵᠢᠯᠳᠠᠳᠠᠢ ᠦᠢ᠍ᠯᠡᠳᠦᠯᠭᠡ ᠪᠤᠯᠤᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠠᠮᠠᠴᠡᠯ᠎ᠤᠨ ᠲᠤᠷᠰᠢᠯᠭᠡᠪᠠᠨ ᠳ᠋ᠦᠨᠭᠨᠡᠵᠤ᠂ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠭᠡᠭᠡᠨ᠎ᠤ ᠠᠭᠤᠯᠤᠬᠳᠠᠬᠤᠨ᠎ᠢ ᠪᠠᠶᠠᠯᠢᠬ᠍ᠵᠢᠭᠤᠯᠵᠤ᠂ ᠠᠷᠭ᠎ᠡ ᠬᠡᠯᠪᠡᠷᠢ ᠠᠷᠭ᠎ᠡ ᠬᠡᠮᠵᠢᠶ᠎ᠡ᠎ᠪᠠᠨ ᠰᠢᠨᠡᠴᠢᠯᠡᠵᠤ᠂ ᠤᠷᠴᠢᠨ ᠲᠤᠭᠤᠷᠢᠨ᠎ᠤ ᠡᠷᠡᠬᠦᠯ ᠬᠠᠮᠠᠭ᠋ᠠᠯᠠᠯ᠎ᠤᠨ ᠵᠠᠰᠠᠯᠳᠠ᠎ᠠᠴᠠ ᠪᠦᠬᠦ ᠲᠠᠯ᠎ᠡ ᠵᠢᠨ ᠨᠡᠢ᠍ᠢ᠍ᠭᠡᠮ᠎ᠤᠨ ᠡᠷᠡᠬᠦᠯ ᠮᠠᠨᠳᠤ ᠵᠢᠨ ᠬᠠᠮᠢᠶᠡᠷᠤᠯᠳᠠ ᠲᠠᠢ᠍ᠢ᠍ᠰᠢ ᠬᠤᠪᠢᠷᠠᠭᠤᠯᠬᠤ ᠵᠢ ᠠᠬᠢᠭᠤᠯᠵᠤ᠂ ᠠᠷᠠᠳ ᠲᠦᠮᠨᠨ᠎ᠤ ᠡᠷᠡᠬᠦᠯ ᠮᠠᠨᠳᠤ᠎ᠳᠤ ᠬᠤᠯᠪᠤᠬᠳᠠᠬᠤ ᠪᠦᠬᠦ ᠲᠠᠯ᠎ᠠ ᠵᠢᠨ ᠴᠢᠨᠠᠷᠲᠠᠢ ᠤᠷᠳᠤ ᠬᠤᠭᠤᠴᠠᠭ᠋ᠠᠨ᠎ᠤ ᠴᠢᠨᠠᠷᠲᠠᠢ ᠠᠰᠠᠭᠤᠳᠠᠯ᠎ᠢ ᠰᠠᠢ᠍ᠢ᠍ᠳᠤᠷ ᠰᠢᠢ᠍ᠳᠪᠤᠷᠢᠯᠡᠬᠦ ᠭᠡᠷᠡᠭᠳᠠᠢ᠃ ᠬᠦᠮᠦᠰ᠎ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠢ ᠪᠦᠬᠦ ᠲᠠᠯ᠎ᠡ᠎ᠪᠠᠷ ᠰᠠᠢ᠍ᠢ᠍ᠵᠢᠷᠠᠭᠤᠯᠵᠤ᠂ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ ᠤᠷᠴᠢᠨ ᠲᠤᠭᠤᠷᠢᠨ᠎ᠤ ᠰᠠᠭᠤᠷᠢ ᠲᠦᠬᠦᠭᠡᠷᠤᠮᠵᠢ ᠵᠢᠨ ᠪᠦᠳᠦᠭᠡᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ᠂ ᠬᠤᠳᠠ ᠬᠦᠳᠡᠭᠡ ᠵᠢᠨ ᠤᠷᠴᠢᠨ ᠲᠤᠭᠤᠷᠢᠨ᠎ᠤ ᠡᠷᠡᠬᠦᠯ ᠬᠠᠮᠠᠭ᠋ᠠᠯᠠᠯ᠎ᠤᠨ ᠴᠡᠭᠴᠡᠯᠡᠨ ᠵᠠᠰᠠᠯᠳᠠ ᠵᠢ ᠠᠬᠢᠭᠤᠯᠵᠤ᠂ ᠠᠷᠢᠭᠤᠨ ᠴᠡᠪᠡᠷ ᠬᠤᠳᠠ ᠪᠠᠯᠭ᠋ᠠᠰᠤ ᠵᠢ ᠡᠬᠦᠳᠤᠨ ᠪᠠᠢ᠍ᠢ᠍ᠭᠤᠯᠬᠤ ᠠᠵᠢᠯ᠎ᠢ ᠠᠬᠢᠭᠤᠯᠬᠤ ᠭᠡᠷᠡᠭᠳᠠᠢ᠃ ᠪᠤᠯᠪᠠᠰᠤᠨ ᠡᠷᠡᠬᠦᠯ ᠰᠠᠷᠠᠭᠤᠯ ᠪᠤᠬᠢᠷᠳᠤᠯ ᠦᠭᠡᠢ ᠤᠷᠴᠢᠨ ᠲᠤᠭᠤᠷᠢᠨ᠎ᠢ ᠬᠠᠮᠠᠭ᠋ᠠᠯᠠᠬᠤ ᠠᠮᠢᠳᠤᠷᠠᠯ᠎ᠤᠨ ᠠᠷᠭ᠎ᠡ ᠬᠡᠯᠪᠡᠷᠢ ᠵᠢ ᠰᠠᠨᠠᠭ᠋ᠠᠴᠢᠯᠠᠵᠤ᠂ ᠡᠷᠡᠬᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠬᠦᠯᠬᠦ ᠠᠵᠢᠯ᠎ᠢ ᠦᠷᠨᠢᠬᠦᠯᠵᠤ᠂ ᠰᠠᠢ᠍ᠢ᠍ᠨ ᠰᠠᠢ᠍ᠢ᠍ᠬᠠᠨ ᠢᠳᠡᠭᠡᠨ ᠤᠮᠳᠠᠭ᠋ᠠᠨ᠎ᠤ ᠬᠡᠪ ᠰᠤᠷᠳᠠᠯ᠎ᠢ ᠪᠤᠢ ᠪᠤᠯᠭ᠋ᠠᠵᠤ᠂ ᠪᠤᠯᠪᠠᠰᠤᠨ ᠡᠷᠡᠬᠦᠯ ᠰᠠᠷᠠᠭᠤᠯ ᠠᠮᠢᠳᠤᠷᠠᠯ᠎ᠤᠨ ᠲᠠᠳᠬᠠᠯ᠎ᠢ ᠲᠡᠯᠭᠡᠷᠡᠬᠦᠯᠬᠦ ᠭᠡᠷᠡᠭᠳᠠᠢ᠃ ᠡᠷᠡᠬᠦᠯ ᠡᠨᠭᠭᠡ ᠵᠢ ᠪᠤᠢ ᠪᠦᠬᠦᠢ ᠲᠦᠷᠦ ᠵᠢᠨ ᠪᠤᠳᠤᠯᠭ᠎ᠡ᠎ᠲᠠᠢ ᠠᠭᠤᠰᠤᠯᠴᠠᠭᠤᠯᠬᠤ ᠵᠢ ᠠᠬᠢᠭᠤᠯᠵᠤ᠂ ᠪᠦᠬᠦ ᠠᠮᠢ ᠨᠠᠰᠤᠨ᠎ᠤ ᠦᠶᠠᠯᠡᠯᠤᠨ ᠬᠤᠭᠤᠴᠠᠭ᠋ᠠᠨ᠎ᠤ ᠡᠷᠡᠬᠦᠯ ᠮᠡᠨᠳᠦ ᠵᠢᠨ ᠬᠠᠮᠢᠶᠡᠷᠤᠯᠳᠠ ᠵᠢᠨ ᠤᠢ᠍ᠢ᠍ᠯᠠᠭ᠋ᠠᠬᠳᠠᠬᠤᠨ᠎ᠢ ᠬᠤᠳᠠ ᠵᠢᠨ ᠲᠦᠯᠦᠪᠵᠢᠬᠦᠯᠭᠡ᠂ ᠪᠦᠳᠦᠭᠡᠨ ᠪᠠᠢ᠍ᠢ᠍ᠭᠤᠯᠤᠯᠳᠠ᠂ ᠬᠠᠮᠢᠶᠡᠷᠤᠯᠳᠠ ᠵᠢᠨ ᠪᠦᠬᠦ ᠶᠠᠪᠤᠴᠠ ᠡᠯ᠎ᠡ ᠭᠤᠬ᠍ᠴᠤᠭᠡᠳᠤ ᠲᠤᠭᠤᠰᠢᠯᠠᠭᠤᠯᠬᠤ ᠭᠡᠷᠡᠭᠳᠠᠢ᠃ ᠡᠯ᠎ᠡ ᠱᠠᠳᠤᠨ᠎ᠤ ᠨᠠᠮ᠎ᠤᠨ ᠬᠤᠷᠢᠶ᠎ᠡ ᠪᠠ ᠵᠠᠰᠠᠭ᠎ᠤᠨ ᠤᠷᠳᠤᠨ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠠᠵᠢᠯ᠎ᠢ ᠴᠢᠬᠤᠯᠠ ᠵᠦᠪᠯᠡᠬᠦ ᠵᠦᠢ᠍ᠯ᠎ᠳᠤ ᠤᠷᠤᠭᠤᠯᠵᠤ᠂ ᠨᠡᠩ ᠪᠦᠳᠦᠮᠵᠢᠳᠠᠢ ᠨᠡᠢ᠍ᠢ᠍ᠭᠡᠮ᠎ᠤᠨ ᠲᠠᠢ᠍ᠢ᠍ᠴᠢᠯᠠᠯᠳᠠ ᠵᠢᠨ ᠠᠷᠭ᠎ᠡ ᠬᠡᠯᠪᠡᠷᠢ ᠵᠢ ᠬᠠᠢ᠍ᠢ᠍ᠨ ᠰᠦᠪᠡᠭᠴᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠬᠢᠳᠠᠳ ᠡᠮᠨᠡᠯᠭᠡ ᠡᠸᠦ᠋ᠷᠤᠫᠠ ᠡᠮᠨᠡᠯᠭᠡ ᠵᠢ ᠤᠶᠠᠯᠳᠤᠭᠤᠯᠵᠤ᠂ ᠬᠢᠳᠠᠳ ᠡᠮ ᠡᠸᠦ᠋ᠷᠤᠫᠠ ᠡᠮ᠎ᠢ ᠵᠡᠷᠭᠡ᠎ᠪᠠᠷ ᠭᠡᠷᠡᠭᠯᠡᠭᠰᠡᠨ᠎ᠨᠢ ᠡᠨᠡ ᠤᠳᠠᠭᠡ ᠵᠢᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠤᠨ ᠨᠢᠭᠡ ᠶᠡᠭᠡ ᠤᠨᠴᠠᠯᠢᠭ ᠪᠤᠯᠬᠤ ᠪᠦᠭᠡᠳ ᠪᠠᠰᠠ ᠴᠤ᠌ ᠬᠢᠳᠡᠳ ᠡᠮ ᠡᠮᠨᠡᠯᠭᠡ ᠵᠢᠨ ᠤᠬᠢ ᠰᠤᠳᠤ ᠵᠢ᠎ᠨᠢ ᠵᠠᠯᠭ᠋ᠠᠮᠵᠢᠯᠠᠵᠤ᠂ ᠲᠦᠪ ᠶᠤᠰᠤ ᠵᠢ ᠵᠢᠷᠤᠮᠯᠠᠵᠤ ᠰᠢᠨ᠎ᠡ ᠵᠢ ᠡᠬᠦᠳᠦᠭᠰᠡᠨ ᠠᠮᠢᠳᠤᠯᠢᠭ ᠦᠢ᠍ᠯᠡᠳᠦᠯᠭᠡ ᠪᠤᠯᠤᠨ᠎ᠡ᠃ ᠡᠷᠳᠡᠨ᠎ᠤ ᠰᠤᠨᠭ᠌ᠭᠤᠳᠠᠭ ᠠᠨᠠᠭ᠋ᠠᠬᠤ ᠤᠬᠠᠭ᠋ᠠᠨ᠎ᠤ ᠨᠤᠮ ᠰᠤᠳᠤᠷ᠎ᠤᠨ ᠤᠬᠢ ᠰᠤᠳᠤ ᠵᠢ ᠡᠮᠬᠢᠯᠡᠨ ᠠᠭᠤᠳᠠᠯᠠᠬᠤ᠎ᠪᠠᠨ ᠴᠢᠨᠭ᠌ᠭ᠋ᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠯᠭ᠋ᠠᠭᠤᠷᠢᠯᠡᠬᠤ ᠲᠠᠪᠴᠠᠩ᠎ᠢ ᠪᠠᠢ᠍ᠢ᠍ᠭᠤᠯᠵᠤ᠂ ᠬᠢᠳᠠᠳ ᠡᠮ᠎ᠤᠨ ᠬᠢᠨᠠᠨ ᠦᠨᠡᠯᠡᠬᠦ ᠬᠢᠨᠡᠨ ᠵᠦᠪᠰᠢᠶᠡᠷᠡᠬᠦ ᠲᠤᠬᠳᠠᠴᠠ ᠵᠢ ᠦᠭᠡᠷᠡᠴᠢᠯᠡᠨ ᠲᠡᠬᠦᠯᠳᠡᠷᠵᠢᠬᠦᠯᠵᠤ᠂ ᠬᠢᠳᠠᠳ ᠡᠮ᠎ᠤᠨ ᠰᠢᠨ᠎ᠡ ᠡᠮ᠎ᠢ ᠰᠤᠳᠤᠯᠤᠨ ᠨᠡᠭᠡᠭᠡᠬᠦ ᠪᠠ ᠠᠵᠤ ᠦᠢ᠍ᠯᠡᠰᠵᠢᠬᠦᠯᠦᠨ ᠬᠦᠭᠵᠢᠬᠦ ᠵᠢ ᠠᠬᠢᠭᠤᠯᠬᠤ ᠭᠡᠷᠡᠭᠳᠠᠢ᠃ ᠬᠢᠳᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ᠂ ᠬᠢᠳᠠᠳ ᠡᠮᠨᠡᠯᠭᠡ ᠵᠢᠨ ᠬᠤᠷᠢᠶᠠᠨ᠎ᠤ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠪᠠ ᠠᠪᠤᠷᠠᠨ ᠵᠠᠰᠠᠬᠤ ᠴᠢᠳᠠᠪᠤᠷᠢ ᠵᠢ ᠲᠡᠭᠡᠭᠰᠢᠯᠡᠬᠦᠯᠬᠦ ᠭᠡᠷᠡᠭᠳᠠᠢ᠃ ᠬᠢᠳᠠᠳ ᠡᠮ ᠡᠮᠨᠡᠯᠭᠡ ᠵᠢᠨ ᠤᠨᠴᠠᠯᠢᠭᠳᠤ ᠴᠢᠳᠠᠪᠤᠷᠢᠳᠠᠨ᠎ᠤ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ᠂ ᠨᠢᠭᠡ ᠰᠠᠯᠠᠭ᠎ᠡ ᠦᠨᠳᠤᠷ ᠲᠦᠪᠰᠢᠨ ᠪᠦᠬᠦᠢ ᠤᠯᠤᠰ᠎ᠤᠨ ᠬᠢᠳᠠᠳ ᠡᠮᠨᠡᠯᠭᠡ ᠵᠢᠨ ᠬᠢᠵᠢᠭ ᠡᠪᠡᠳᠴᠢᠨ᠎ᠢ ᠰᠡᠷᠭᠡᠢ᠍ᠢ᠍ᠯᠡᠨ ᠵᠠᠰᠠᠬᠤ ᠡᠨᠭᠨᠡᠭᠡ ᠵᠢ ᠴᠤᠬ᠍ᠴᠠᠯᠠᠬᠤ ᠭᠡᠷᠡᠭᠳᠠᠢ᠃ ᠬᠢᠳᠠᠳ ᠡᠮ ᠡᠮᠨᠡᠯᠭᠡ ᠵᠢᠨ ᠠᠵᠢᠯ᠎ᠢ ᠵᠤᠬᠢᠶᠠᠨ ᠪᠠᠢ᠍ᠢ᠍ᠭᠤᠯᠵᠤ ᠤᠳᠤᠷᠢᠳᠬᠤ᠎ᠪᠠᠨ ᠴᠢᠨᠭ᠌ᠭ᠋ᠠᠳᠬᠠᠵᠤ᠂ ᠬᠢᠳᠠᠳ ᠡᠸᠦ᠋ᠷᠦᠫᠠ ᠡᠮ ᠡᠮᠨᠡᠯᠭᠡ ᠵᠢᠨ ᠬᠠᠷᠢᠯᠴᠠᠨ ᠨᠦᠬᠦᠪᠤᠷᠢᠯᠡᠵᠤ᠂ ᠵᠤᠬᠢᠴᠠᠨᠭ᠌ᠭᠤᠢ ᠬᠦᠭᠵᠢᠬᠦ ᠵᠢ ᠠᠬᠢᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠠᠯᠳᠠᠪᠤᠷᠢᠳᠤ ᠡᠪᠡᠳᠴᠢᠨ᠎ᠢ ᠰᠡᠷᠭᠡᠢ᠍ᠢ᠍ᠯᠡᠨ ᠵᠠᠰᠠᠬᠤ ᠬᠠᠤᠯᠢ᠂ ᠭᠡᠨᠡᠳᠳᠠ ᠡᠬᠦᠰᠦᠭᠰᠡᠨ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠭᠡᠷᠡᠭ᠎ᠢ ᠠᠷᠭ᠋ᠠᠴᠠᠭ᠋ᠠᠬᠤ ᠬᠠᠤᠯᠢ ᠵᠡᠷᠭᠡ ᠬᠠᠤᠯᠢ ᠴᠠᠭ᠋ᠠᠵᠠ᠎ᠳᠤ ᠵᠠᠰᠠᠪᠤᠷᠢ ᠤᠷᠤᠭᠤᠯᠬᠤ ᠪᠠ ᠬᠠᠤᠯᠢ ᠲᠤᠬᠳᠠᠭ᠋ᠠᠬᠤ ᠠᠵᠢᠯ᠎ᠢ ᠴᠢᠭᠯᠡᠬᠦᠯᠦᠯᠳᠤ ᠴᠢᠨᠠᠷᠳᠠᠢ᠎ᠪᠠᠷ ᠠᠬᠢᠭᠤᠯᠵᠤ᠂ ᠡᠷᠭᠡ ᠬᠠᠷᠢᠭᠤᠴᠠᠯᠭ᠎ᠡ ᠲᠤᠳᠤᠷᠬᠠᠢ᠂ ᠲᠡᠰ ᠳᠠᠷᠠᠭ᠋ᠠᠯᠠᠯ ᠵᠢᠷᠤᠮᠵᠢᠬᠰᠡᠨ᠂ ᠭᠡᠷᠡᠭᠵᠢᠬᠦᠯᠦᠯᠳᠠ ᠬᠦᠴᠤᠳᠠᠢ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠠᠤᠯᠢ ᠭᠡᠷᠡᠭᠵᠢᠬᠦᠯᠬᠦ ᠲᠤᠬᠳᠠᠴᠠ ᠵᠢ ᠪᠦᠷᠢᠨᠰᠢᠬᠦᠯᠵᠤ᠂ ᠰᠢᠨ᠎ᠡ᠎ᠪᠠᠷ ᠡᠬᠦᠰᠦᠭᠰᠡᠨ ᠭᠡᠨᠡᠳᠳᠠ ᠡᠬᠦᠰᠦᠭᠰᠡᠨ ᠬᠦᠨᠳᠤ ᠶᠡᠭᠡ ᠬᠠᠯᠳᠠᠪᠤᠷᠢᠳᠤ ᠡᠪᠡᠳᠴᠢᠨ᠎ᠢ ᠰᠡᠷᠭᠡᠢ᠍ᠢ᠍ᠯᠡᠨ ᠡᠵᠡᠮᠳᠡᠬᠦ ᠠᠷᠭ᠎ᠡ ᠬᠡᠮᠵᠢᠶ᠎ᠡ ᠵᠢ ᠬᠠᠤᠯᠢ ᠴᠠᠭ᠋ᠠᠵᠠ ᠵᠢᠨ ᠲᠠᠯ᠎ᠠ᠎ᠠᠴᠠ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠲᠦᠪ ᠪᠠ ᠤᠷᠤᠨ ᠨᠤᠳᠤᠭ᠂ ᠵᠠᠰᠠᠭ᠎ᠤᠨ ᠤᠷᠳᠤᠨ ᠪᠠ ᠰᠠᠯᠠᠭ᠎ᠡ ᠮᠦᠴᠢᠷ᠂ ᠵᠠᠰᠠᠭ ᠵᠠᠬᠢᠷᠭ᠋ᠠᠨ᠎ᠤ ᠪᠠᠢ᠍ᠢ᠍ᠭᠤᠯᠭ᠎ᠡ ᠪᠠ ᠲᠤᠰᠬᠠᠢ ᠮᠡᠷᠭᠡᠵᠢᠯ᠎ᠤᠨ ᠪᠠᠢ᠍ᠢ᠍ᠭᠤᠯᠤᠮᠵᠢ ᠵᠢᠨ ᠲᠤᠰᠢᠶᠠᠯ ᠬᠠᠷᠢᠭᠤᠴᠠᠯᠭ᠎ᠡ ᠵᠢ ᠲᠤᠳᠤᠷᠬᠠᠢ᠍ᠢ᠍ᠯᠠᠬᠤ ᠭᠡᠷᠡᠭᠳᠠᠢ᠃ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠠᠮᠤᠷ ᠲᠦᠪᠰᠢᠨ ᠪᠠ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠠᠤᠯᠢ ᠴᠠᠭ᠋ᠠᠵᠠ ᠬᠠᠤᠯᠢ ᠲᠤᠬᠳᠠᠭ᠋ᠠᠯ᠎ᠢ ᠲᠦᠭᠡᠮᠡᠯᠵᠢᠬᠦᠯᠵᠤ᠂ ᠪᠦᠬᠦ ᠨᠡᠢ᠍ᠢ᠍ᠭᠡᠮ᠎ᠤᠨ ᠬᠠᠤᠯᠢ ᠶᠤᠰᠤᠭ᠋ᠠᠷ ᠠᠵᠢᠯᠯᠠᠵᠤ᠂ ᠬᠠᠤᠯᠢ ᠶᠤᠰᠤᠭ᠋ᠠᠷ ᠬᠦᠢ᠍ᠴᠡᠳᠭᠡᠬᠦ ᠵᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠤᠯ ᠬᠦᠮᠦᠨ ᠲᠦᠷᠦᠯᠬᠢᠳᠠᠨ᠎ᠤ ᠬᠢᠵᠢᠭ ᠡᠪᠡᠳᠴᠢᠨᠯᠦᠭᠡ ᠲᠡᠮᠡᠴᠡᠬᠦ ᠬᠤᠷᠴᠠ ᠵᠡᠪᠰᠡᠭ ᠮᠦᠨ᠂ ᠬᠦᠮᠦᠨ ᠲᠦᠷᠦᠯᠬᠢᠳᠠᠨ ᠶᠡᠭᠡ ᠭᠠᠮᠰᠢᠭ ᠶᠡᠭᠡ ᠬᠢᠵᠢᠭ᠎ᠢ ᠢᠯᠡᠨ ᠲᠠᠪᠠᠬᠤ᠎ᠳᠤ ᠰᠢᠨᠵᠢᠯᠡᠬᠦ ᠤᠬᠠᠭ᠋ᠠᠨ᠎ᠤ ᠬᠦᠭᠵᠢᠯᠳᠠ ᠪᠠ ᠮᠡᠷᠭᠡᠵᠢᠯ᠎ᠤᠨ ᠰᠢᠨᠡᠴᠢᠯᠡᠯᠳᠠ᠎ᠠᠴᠠ ᠰᠠᠯᠵᠤ ᠴᠢᠳᠠᠬᠤ ᠦᠭᠡᠢ ᠶᠤᠮ᠃ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠬᠦᠷᠢᠶᠠᠨ᠎ᠳᠠᠬᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠤᠷᠤᠭᠤᠯᠤᠯᠳᠠ᠎ᠪᠠᠨ ᠨᠡᠮᠡᠭᠳᠡᠬᠦᠯᠵᠤ᠂ ᠵᠠᠨᠭ᠌ᠭᠢᠯᠠᠭᠡ ᠵᠢᠨ ᠮᠡᠷᠭᠡᠵᠢᠯ᠎ᠤᠨ ᠪᠤᠭᠤᠮᠳᠠ ᠰᠢᠪᠳᠤᠯᠤᠯᠳᠠ ᠵᠢ ᠬᠦᠴᠤ᠎ᠪᠠᠨ ᠲᠦᠪᠯᠡᠷᠡᠬᠦᠯᠤᠨ ᠦᠷᠨᠢᠬᠦᠯᠵᠤ᠂ ᠰᠢᠨ᠎ᠡ ᠮᠠᠶᠢᠭ᠎ᠤᠨ ᠪᠦᠬᠦ ᠤᠯᠤᠰ᠎ᠤᠨ ᠪᠠᠢ᠍ᠢ᠍ᠭᠤᠯᠤᠮᠵᠢ ᠵᠢᠨ ᠲᠠᠪᠠᠭᠤᠯᠢᠭ᠎ᠢ ᠪᠠᠳᠠᠷᠠᠭᠤᠯᠬᠤ ᠭᠡᠷᠡᠭᠳᠠᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠳᠠᠨ᠎ᠢ ᠬᠦᠭᠵᠢᠬᠦᠯᠬᠦ ᠪᠠᠢ᠍ᠢ᠍ᠭᠤᠯᠤᠮᠵᠢ ᠲᠤᠬᠳᠠᠴᠠ ᠵᠢᠨ ᠦᠭᠡᠷᠡᠴᠢᠯᠡᠯᠳᠠ ᠵᠢ ᠬᠦᠨᠵᠡᠭᠡᠢ᠍ᠢ᠍ᠷᠠᠬᠦᠯᠵᠤ᠂ ᠪᠠᠢ᠍ᠢ᠍ᠯᠳᠤᠬᠤ ᠪᠤᠳᠤᠯᠭ᠎ᠡ ᠵᠢᠨ ᠰᠢᠨᠵᠢᠯᠡᠬᠦ ᠤᠬᠠᠭ᠋ᠠᠨᠳᠠᠨ ᠪᠠ ᠰᠢᠨ᠎ᠡ ᠵᠢ ᠡᠬᠦᠳᠬᠦ ᠮᠠᠶᠢᠭ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠴᠢᠳᠠᠪᠤᠷᠢᠳᠠᠨ᠎ᠢ ᠢᠯᠡᠷᠡᠬᠦᠯᠬᠦ᠂ ᠬᠦᠮᠦᠵᠢᠬᠦᠯᠬᠦ᠂ ᠤᠷᠮᠠᠰᠢᠭᠤᠯᠤᠨ ᠵᠤᠷᠢᠬ᠍ᠵᠢᠭᠤᠯᠬᠤ ᠲᠤᠬᠳᠠᠴᠠ ᠵᠢ ᠲᠡᠬᠦᠯᠳᠡᠷᠵᠢᠬᠦᠯᠵᠤ᠂ ᠨᠡᠩ ᠤᠯᠠᠨ ᠰᠢᠯᠢᠳᠡᠭ ᠴᠢᠳᠠᠪᠤᠷᠢᠳᠠᠨ᠎ᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠨᠭᠨᠡᠭᠡᠨᠳᠤ ᠲᠠᠳᠠᠨ ᠤᠷᠤᠭᠤᠯᠵᠤ᠂ ᠲᠠᠳᠡᠨ᠎ᠤ ᠴᠤᠯᠭᠤᠷᠠᠨ ᠭᠠᠷᠬᠤ᠎ᠳᠤ ᠨᠦᠬᠦᠴᠡᠯ ᠡᠬᠦᠳᠬᠦ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠡᠨᠡ ᠤᠳᠠᠭᠡ ᠵᠢᠨ ᠬᠢᠵᠢᠭ᠎ᠤᠨ ᠪᠠᠢ᠍ᠢ᠍ᠳᠠᠯ ᠭᠠᠷᠤᠬᠰᠡᠨ᠎ᠠᠴᠠ ᠨᠠᠭ᠋ᠠᠰᠢ᠂ ᠪᠢᠳᠠ ᠬᠦᠮᠦᠨ ᠲᠦᠷᠦᠯᠬᠢᠳᠠᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢᠨ ᠤᠢ᠍ᠢ᠍ᠯᠠᠭ᠋ᠠᠬᠳᠠᠬᠤᠨ᠎ᠢ ᠪᠠᠷᠢᠮᠳᠠᠯᠠᠵᠤ᠂ ᠤᠯᠠᠨ ᠤᠯᠤᠰ᠎ᠤᠨ ᠡᠬᠦᠷᠭᠡ᠎ᠪᠠᠨ ᠢᠳᠡᠪᠬᠢᠳᠠᠢ ᠬᠦᠢ᠍ᠴᠡᠳᠭᠡᠵᠤ᠂ ᠲᠡᠯᠡᠭᠡᠢ ᠵᠢᠨ ᠡᠷᠡᠬᠦᠯ ᠬᠠᠮᠠᠭ᠋ᠠᠯᠠᠯ᠎ᠤᠨ ᠵᠤᠬᠢᠶᠠᠨ ᠪᠠᠢ᠍ᠢ᠍ᠭᠤᠯᠤᠯᠳᠠ ᠪᠤᠯᠤᠨ ᠬᠤᠯᠪᠤᠬᠳᠠᠯ ᠪᠦᠬᠦᠢ ᠤᠯᠤᠰ᠎ᠯᠤᠭ᠎ᠠ ᠨᠦᠬᠦᠷᠰᠡᠭ ᠬᠠᠮᠳᠤᠷᠠᠯᠴᠠᠭ᠎ᠡ᠎ᠪᠠᠨ ᠨᠢᠬᠳᠠᠷᠠᠭᠤᠯᠵᠤ᠂ ᠲᠡᠯᠡᠭᠡᠢ ᠨᠡᠢ᠍ᠢ᠍ᠭᠡᠮᠯᠦᠭᠡ ᠬᠢᠵᠢᠭ᠎ᠤᠨ ᠪᠠᠢ᠍ᠢ᠍ᠳᠠᠯ ᠪᠠ ᠸᠢᠷᠦ᠋ᠰ᠎ᠤᠨ ᠮᠡᠳᠡᠭᠡ ᠵᠠᠨᠭ᠌ᠭᠢ᠂ ᠬᠢᠵᠢᠭ᠎ᠲᠠᠢ ᠲᠡᠮᠡᠴᠡᠭᠰᠡᠨ ᠲᠤᠷᠰᠢᠯᠭᠡ ᠠᠷᠭ᠎ᠡ ᠬᠢᠳᠠᠯ ᠵᠶ᠋ᠠᠨ ᠰᠠᠨᠠᠭ᠋ᠠᠴᠢᠯᠠᠭᠡᠠᠴᠠᠪᠠᠨ ᠬᠤᠪᠢᠶᠠᠯᠴᠠᠵᠤ᠂ 100 ᠭᠠᠷᠤᠢ ᠤᠯᠤᠰ ᠪᠠ ᠤᠯᠠᠨ ᠤᠯᠤᠰ᠎ᠤᠨ ᠵᠤᠬᠢᠶᠠᠨ ᠪᠠᠢ᠍ᠢ᠍ᠭᠤᠯᠤᠯᠳᠠ᠎ᠳᠤ ᠴᠢᠳᠠᠯ᠎ᠤᠨ ᠬᠢᠷᠢ᠎ᠪᠠᠷ ᠵᠶ᠋ᠠᠨ ᠡᠳ᠋ ᠪᠤᠳᠠᠰ ᠪᠠ ᠮᠡᠷᠭᠡᠵᠢᠯ᠎ᠤᠨ ᠲᠤᠰᠠᠯᠠᠮᠠᠵᠢ ᠦᠵᠡᠬᠦᠯᠵᠤ᠂ ᠬᠠᠷᠢᠭᠤᠴᠠᠯᠭ᠎ᠡ᠎ᠲᠠᠢ ᠶᠡᠭᠡ ᠤᠯᠤᠰ᠎ᠤᠨ ᠬᠠᠷᠢᠭᠤᠴᠠᠯᠭ᠎ᠡ ᠡᠬᠦᠷᠭᠡᠯᠡᠯ᠎ᠢ ᠢᠯᠡᠷᠡᠬᠦᠯᠪᠠ᠃ ᠪᠢᠳᠠ ᠤᠯᠠᠨ ᠤᠯᠤᠰ᠎ᠤᠨ ᠡᠬᠦᠷᠭᠡ᠎ᠪᠠᠨ ᠦᠷᠬᠦᠯᠵᠢᠯᠡᠨ ᠬᠦᠢ᠍ᠴᠡᠳᠭᠡᠵᠤ᠂ ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠡᠳ᠋ ᠪᠤᠳᠠᠰ᠎ᠤᠨ ᠬᠠᠮᠤᠭ᠎ᠤᠨ ᠶᠡᠭᠡ ᠬᠠᠨᠭ᠌ᠭ᠋ᠠᠯᠭ᠎ᠡ ᠵᠢᠨ ᠤᠯᠤᠰ᠎ᠤᠨ ᠦᠢ᠍ᠯᠡᠳᠦᠯ ᠵᠶ᠋ᠠᠨ ᠪᠠᠳᠠᠷᠠᠭᠤᠯᠵᠤ᠂ ᠬᠦᠮᠦᠨ ᠲᠦᠷᠦᠯᠬᠢᠳᠠᠨ᠎ᠤ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠬᠠᠮᠳᠤ ᠵᠢᠨ ᠴᠤᠬ᠍ᠴᠠ ᠵᠢ ᠬᠠᠮᠳᠤ᠎ᠪᠠᠷ ᠪᠠᠢ᠍ᠢ᠍ᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
ᠳ᠋ᠢᠩ ᠰᠢᠤᠸᠠᠢ ᠰᠢᠶᠠᠩ᠂ ᠯᠢᠤ ᠾᠸ᠂ ᠰᠦᠨ ᠴᠦᠨ ᠯᠠᠨ᠂ ᠶᠠᠩ ᠵᠢᠶᠸ ᠊ᠤᠣᠢ᠂ ᠵᠠᠩ ᠶᠢᠤ ᠰᠢᠶᠠ᠂ ᠬᠤᠸᠠᠩ ᠺᠦᠨ ᠮᠢᠩ᠂ ᠼᠠᠢ ᠴᠢ᠂ ᠸᠠᠩ ᠶᠦᠩ᠂ ᠰᠢᠶᠤᠤ ᠵᠢᠶᠸ᠂ ᠵᠤᠤ ᠺᠸ ᡁᠢ᠂ ᠾᠸ ᠯᠢ ᠹᠸᠩ ᠶᠠᠷᠢᠯᠴᠠᠬᠤ ᠬᠤᠷᠠᠯ᠎ᠳᠤ ᠤᠷᠤᠯᠴᠠᠵᠠᠢ᠃
ᠲᠦᠪ᠎ᠤᠨ ᠪᠠ ᠲᠦᠷᠦ ᠵᠢᠨ ᠪᠠᠢ᠍ᠢ᠍ᠭᠤᠯᠭ᠎ᠡ ᠵᠢᠨ ᠬᠤᠯᠪᠤᠬᠳᠠᠯ ᠪᠦᠬᠦᠢ ᠰᠠᠯᠠᠭ᠎ᠡ ᠮᠦᠴᠢᠷ᠎ᠤᠨ ᠭᠤᠤᠯ ᠬᠠᠷᠢᠭᠤᠴᠠᠯᠭ᠋ᠠᠳᠠᠨ᠂ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠨᠭ᠌ᠭᠤ ᠵᠢᠨ ᠬᠤᠷᠢᠶᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠵᠦᠪᠯᠡᠯ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠠᠯᠪᠡᠨ ᠲᠢᠨᠭᠭᠢᠮ᠎ᠤᠨ ᠭᠤᠤᠯ ᠬᠠᠷᠢᠭᠤᠴᠠᠯᠭ᠋ᠠᠳᠠᠨ᠂ ᠲᠤᠰᠬᠠᠢ ᠮᠡᠷᠭᠡᠵᠢᠯᠳᠠᠨ ᠡᠷᠳᠡᠮᠳᠠᠳ᠎ᠤᠨ ᠲᠦᠯᠦᠭᠡᠯᠡᠭᠴᠢ ᠶᠠᠷᠢᠯᠴᠠᠬᠤ ᠬᠤᠷᠠᠯ᠎ᠳᠤ ᠤᠷᠤᠯᠴᠠᠵᠠᠢ᠃