《ᠦᠨᠡᠨ》 ᠰᠡᠳᠬᠦᠯ ᠶᠡᠷᠤᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯ ᠲᠤᠮᠳᠠᠳᠤ ᠤᠯᠤᠰ᠎ᠤᠨ
ᠤᠨᠴᠠᠯᠢᠭ᠎ᠲᠠᠢ ᠨᠡᠢ᠍ᠢ᠍ᠬᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠤᠨᠴᠠᠯᠢᠭ ᠪᠤᠯᠤᠨ᠎ᠠ》
ᠰᠢᠨᠬᠤᠸᠠ ᠬᠤᠷᠢᠶᠡᠨ᠎ᠤ ᠪᠡᠭᠡᠵᠢᠩ᠎ᠤᠨ 7 ᠰᠠᠷ᠎ᠠ ᠵᠢᠨ 15᠎ᠤ ᠴᠠᠬᠢᠯᠭ᠋ᠠᠨ ᠮᠡᠳᠡᠬᠡ 7 ᠰᠠᠷ᠎ᠠ ᠵᠢᠨ 16᠎ᠤ ᠡᠳᠤᠷ ᠬᠡᠪᠯᠡᠭᠳᠡᠬᠥ 14 ᠳ᠋ᠤᠬᠡᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠦᠪ ᠬᠤᠷᠢᠶᠡᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠡᠨ᠎ᠤ ᠲᠡᠷᠢᠬᠦᠯᠡᠭᠴᠢ ᠰᠢ ᠵᠢᠨ ᠫᠢᠩ᠎ᠤᠨ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠬᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠤᠨᠴᠠᠯᠢᠭ ᠪᠤᠯᠤᠨ᠎ᠠ》 ᠬᠡᠬᠦ ᠴᠢᠬᠤᠯᠠ ᠵᠤᠬᠢᠶᠠᠯ᠎ᠢ ᠨᠡᠢ᠍ᠢ᠍ᠳᠡᠯᠡᠪᠡ᠃
ᠵᠤᠬᠢᠶᠠᠯ᠎ᠳᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠬᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠤᠨᠴᠠᠯᠢᠭ ᠪᠤᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯᠤᠨ᠎ᠠ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠬᠡᠮ ᠵᠢᠷᠤᠮᠳᠤ ᠪᠠᠢ᠍ᠢ᠍ᠭᠤᠯᠤᠯ᠎ᠤᠨ ᠬᠠᠮᠤᠭ᠎ᠤᠨ ᠶᠡᠬᠡ ᠲᠠᠪᠠᠭᠤᠯᠢᠭ ᠪᠤᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯᠤᠨ᠎ᠠ᠂ ᠨᠠᠮ ᠪᠤᠯ ᠬᠠᠮᠤᠭ᠎ᠤᠨ ᠲᠡᠬᠡᠳᠤ ᠤᠯᠤᠰ ᠲᠦᠷᠦ ᠵᠢᠨ ᠤᠳᠤᠷᠢᠳᠬᠤ ᠬᠦᠴᠦᠨ ᠪᠤᠯᠤᠨ᠎ᠠ᠃ ᠨᠠᠮ ᠵᠠᠰᠠᠭ ᠴᠡᠷᠢᠭ ᠠᠷᠠᠳ ᠰᠤᠷᠭ᠋ᠠᠭᠤᠯᠢ᠎ᠳᠤ᠂ ᠲᠦᠷᠪᠡᠨ ᠵᠦᠭ ᠨᠠᠢ᠍ᠮᠠᠨ ᠵᠤᠪᠬᠢᠰ᠎ᠲᠤ᠂ ᠨᠠᠮ ᠠᠯᠢᠪᠡ ᠵᠢ ᠤᠳᠤᠷᠢᠳᠤᠨ᠎ᠠ᠃ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠨ ᠲᠡᠬᠦᠯᠳᠡᠷᠵᠢᠬᠦᠯᠬᠦ ᠪᠤᠯ ᠨᠠᠮ ᠪᠠ ᠤᠯᠤᠰ᠎ᠤᠨ ᠦᠨᠳᠦᠰᠦᠨ ᠤᠷᠤᠰᠢᠬᠤᠢ᠂ ᠠᠮᠢᠨ ᠰᠤᠳᠠᠰᠤ ᠵᠢᠨ ᠤᠷᠤᠰᠢᠬᠤᠢ᠎ᠠᠴᠠ ᠪᠤᠯᠤᠬᠰᠠᠠ ᠶᠤᠮ᠂ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠠᠰᠢᠬ ᠲᠤᠰᠠ ᠵᠢᠨ ᠤᠷᠤᠰᠢᠬᠤᠢ᠂ ᠵᠤᠯ ᠵᠢᠷᠭ᠋ᠠᠯ᠎ᠤᠨ ᠤᠷᠤᠰᠢᠬᠤᠢ᠎ᠠᠴᠠ ᠪᠤᠯᠤᠬᠰᠠᠠ ᠶᠤᠮ᠃ ᠲᠤᠮᠳᠠᠳᠤ ᠤᠯᠤᠰ᠎ᠲᠤ ᠲᠤᠮᠳᠠᠳᠤ ᠤᠯᠤᠰ᠎ᠤᠨ ᠡᠪ ᠬᠠᠮᠳᠤ ᠨᠠᠮ ᠲᠦᠷᠦ ᠪᠠᠷᠢᠬᠰᠠᠠ ᠶᠠᠪᠤᠳᠠᠯ ᠪᠤᠯ ᠲᠤᠮᠳᠠᠳᠤ ᠤᠯᠤᠰ᠂ ᠲᠤᠮᠳᠠᠳᠤ ᠤᠯᠤᠰ᠎ᠤᠨ ᠠᠷᠠᠳ ᠲᠦᠮᠡᠨ᠂ ᠲᠤᠮᠳᠠᠳᠤ ᠵᠢᠨ ᠦᠨᠳᠦᠰᠦᠳᠡᠨ᠎ᠤ ᠮᠠᠰᠢ ᠵᠤᠯ᠎ᠲᠠᠢ ᠶᠠᠪᠤᠳᠠᠯ ᠮᠦᠨ᠃ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠬᠤ ᠡᠨᠡ ᠬᠦ᠌ ᠨᠠᠮ ᠪᠠ ᠤᠯᠤᠰ᠎ᠤᠨ ᠠᠯᠤᠰ ᠢᠷᠡᠬᠡᠳᠤᠢ ᠬᠤᠪᠢ ᠵᠠᠶᠠᠭ᠎ᠠ ᠵᠢ ᠲᠤᠭᠳᠠᠭ᠋ᠠᠬᠤ ᠴᠢᠬᠤᠯᠠ ᠶᠡᠬᠡ ᠵᠠᠷᠴᠢᠮ᠎ᠤᠨ ᠠᠰᠠᠭᠤᠳᠠᠯ ᠲᠡᠬᠡᠷ᠎ᠡ᠂ ᠪᠦᠬᠦ ᠨᠠᠮ ᠪᠦᠬᠦ ᠤᠯᠤᠰ ᠵᠶ᠋ᠠᠷ ᠵᠶ᠋ᠠᠨ ᠡᠷᠬᠡᠪᠰᠢ ᠲᠡᠬᠡᠳᠤ ᠬᠡᠮᠵᠢᠶᠡᠨ᠎ᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠦᠷᠦ ᠵᠢᠨ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ᠎ᠲᠠᠢ ᠪᠠᠢ᠍ᠢ᠍ᠬᠤ ᠬᠡᠷᠡᠭᠳᠡᠢ᠂ ᠦᠴᠦᠬᠡᠨ ᠴᠦ᠍ ᠭᠤᠢ᠍ᠢ᠍ᠪᠢᠯᠵᠠᠵᠥ ᠪᠤᠯᠬᠤ ᠦᠬᠡᠢ ᠬᠡᠵᠥ ᠴᠢᠬᠤᠯᠠᠴᠢᠯᠠᠪᠠ᠃
ᠵᠤᠬᠢᠶᠠᠯ᠎ᠳᠤ᠂ ᠳᠤᠮᠳᠠᠳᠤ ᠤᠯᠤᠰ᠎ᠤᠨ ᠡᠪ ᠬᠠᠮᠳᠦ ᠨᠠᠮ ᠪᠤᠯ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠢ᠍ᠯᠡᠰ᠎ᠤᠨ ᠤᠳᠤᠷᠢᠳᠬᠤ ᠭᠤᠤᠯᠯᠠᠬ᠍ᠴᠢ ᠮᠦᠨ᠃ ᠮᠠᠨ᠎ᠤ ᠤᠯᠤᠰ᠎ᠤᠨ ᠨᠡᠢ᠍ᠢ᠍ᠭᠡᠮ ᠵᠢᠷᠤᠮ᠎ᠤᠨ ᠤᠯᠤᠰ ᠲᠦᠷᠦ ᠵᠢᠨ ᠪᠠᠢ᠍ᠢ᠍ᠭᠤᠯᠤᠯ᠎ᠤᠨ ᠲᠠᠪᠠᠭᠤᠯᠢᠭ ᠴᠢᠨᠠᠷ᠎ᠤᠨ ᠨᠢᠭᠡ ᠲᠤᠪᠤᠢ᠍ᠢ᠍ᠮ᠎ᠠ ᠤᠨᠴᠠᠯᠢᠭ ᠪᠤᠯ ᠨᠠᠮ ᠪᠦᠬᠦ ᠲᠠᠯ᠎ᠠ ᠵᠢ ᠶᠡᠷᠦᠩᠭᠡᠢ᠍ᠢ᠍ᠯᠡᠨ ᠡᠵᠡᠮᠳᠡᠵᠦ᠂ ᠡᠯ᠎ᠠ ᠲᠠᠯ᠎ᠠ ᠵᠢ ᠵᠤᠬᠢᠴᠠᠭᠤᠯᠬᠤ ᠤᠳᠤᠷᠢᠳᠬᠤ ᠭᠤᠤᠯᠯᠠᠬ᠍ᠴᠢ ᠵᠢᠨ ᠦᠢ᠍ᠯᠡᠳᠦᠯ ᠪᠤᠯᠤᠨ᠎ᠠ᠂ ᠲᠦᠷᠰᠦᠯᠢᠭ ᠵᠶ᠋ᠠᠷ ᠬᠡᠯᠡᠪᠡᠯ 《ᠲᠦᠮᠡᠨ ᠤᠳᠤᠨ ᠳᠡᠷᠭᠡᠯ ᠰᠠᠷ᠎ᠠ ᠵᠢᠨ ᠲᠤᠭᠤᠷᠢᠨ᠎ᠳᠤ ᠭᠡᠷᠡᠯᠳᠦᠵᠦ》 ᠪᠠᠢ᠍ᠢ᠍ᠭ᠎ᠠ ᠶᠠᠪᠤᠳᠠᠯ ᠪᠤᠯᠤᠨ᠎ᠠ᠂ ᠡᠨᠡ ᠬᠦ᠌ 《ᠳᠡᠷᠭᠡᠯ ᠰᠠᠷᠨ》 ᠪᠤᠯ ᠳᠤᠮᠳᠠᠳᠤ ᠤᠯᠤᠰ᠎ᠤᠨ ᠡᠪ ᠬᠠᠮᠳᠦ ᠨᠠᠮ ᠪᠤᠯᠬᠤ ᠶᠤᠮ᠃ ᠳᠤᠮᠳᠠᠳᠤ ᠤᠯᠤᠰ᠎ᠤᠨ ᠬᠠᠮᠤᠭ᠎ᠤᠨ ᠶᠡᠭᠡ ᠤᠯᠤᠰ᠎ᠤᠨ ᠪᠠᠢ᠍ᠢ᠍ᠳᠠᠯ ᠪᠤᠯ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠤᠳᠤᠷᠢᠳᠤᠯᠭ᠎ᠠ ᠪᠤᠯᠤᠨ᠎ᠠ᠃ ᠶᠠᠭᠤ ᠵᠢ ᠳᠤᠮᠳᠠᠳᠤ ᠤᠯᠤᠰ᠎ᠤᠨ ᠤᠨᠴᠠᠯᠢᠭ ᠭᠡᠬᠦ ᠪᠤᠢ? ᠡᠨᠡ ᠪᠤᠯ ᠳᠠᠷᠤᠢ ᠳᠤᠮᠳᠠᠳᠤ ᠤᠯᠤᠰ᠎ᠤᠨ ᠤᠨᠴᠠᠯᠢᠭ ᠮᠦᠨ ᠭᠡᠵᠦ ᠵᠢᠭ᠋ᠠᠵᠦ ᠭᠠᠷᠭ᠋ᠠᠪᠠ᠃
ᠵᠤᠬᠢᠶᠠᠯ᠎ᠳᠤ᠂ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠬᠤ᠎ᠳᠤ ᠡᠩ ᠲᠡᠷᠢᠬᠦᠨ᠎ᠳᠤ ᠨᠠᠮ᠎ᠤᠨ ᠲᠦᠪ ᠬᠤᠷᠢᠶᠠᠨ᠎ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠵᠢ ᠪᠠᠷᠢᠮᠳᠠᠯᠠᠬᠤ ᠭᠡᠷᠡᠭᠲᠡᠢ᠂ ᠡᠨᠡ ᠪᠤᠯ ᠨᠠᠮ᠎ᠤᠨ ᠤᠳᠤᠷᠢᠳᠤᠯᠭ᠎ᠠ ᠵᠢᠨ ᠬᠠᠮᠤᠭ᠎ᠤᠨ ᠳᠡᠭᠡᠳᠦ ᠵᠠᠷᠴᠢᠮ ᠮᠦᠨ᠂ ᠶᠠᠮᠠᠷᠪᠠ ᠦᠶ᠎ᠠ᠎ᠳᠤ ᠶᠠᠮᠠᠷᠪᠠ ᠪᠠᠢ᠍ᠢ᠍ᠳᠠᠯ ᠳᠤᠤᠷ᠎ᠠ ᠴᠦ᠍ ᠭᠡᠳ ᠲᠠᠳᠠᠭ᠋ᠠᠯᠵᠠᠵᠦ ᠪᠤᠯᠬᠤ ᠦᠭᠡᠢ᠂ ᠭᠤᠢ᠍ᠢ᠍ᠪᠢᠯᠵᠠᠵᠦ ᠪᠤᠯᠬᠤ ᠦᠭᠡᠢ᠃ ᠡᠷᠭᠡᠪᠰᠢ ᠤᠯᠤᠰ ᠲᠦᠷᠦ ᠵᠢᠨ ᠤᠬᠠᠮᠰᠠᠷ᠂ ᠶᠡᠭᠡ ᠲᠠᠯ᠎ᠠ ᠵᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠠᠢ ᠪᠠᠢ᠍ᠢ᠍ᠬᠤ ᠤᠬᠠᠮᠰᠠᠷ ᠵᠶ᠋ᠠᠨ ᠴᠢᠩᠭ᠋ᠠᠳᠬᠠᠵᠦ᠂ ᠨᠠᠮ᠎ᠤᠨ ᠲᠦᠪ ᠬᠤᠷᠢᠶᠠᠨ᠎ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠬᠠᠮᠠᠭ᠋ᠠᠯᠠᠵᠦ᠂ ᠦᠵᠡᠯ ᠰᠠᠨᠠᠭ᠎ᠠ᠂ ᠤᠯᠤᠰ ᠲᠦᠷᠦ ᠪᠠ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠨᠠᠮ᠎ᠤᠨ ᠲᠦᠪ ᠬᠤᠷᠢᠶ᠎ᠠ᠎ᠲᠠᠢ ᠳᠡᠭᠡᠳᠦ ᠭᠡᠮᠵᠢᠶ᠎ᠠ᠎ᠪᠠᠷ ᠨᠢᠭᠡᠳᠦᠯᠳᠠᠢ ᠪᠠᠢ᠍ᠢ᠍ᠬᠤ ᠭᠡᠷᠡᠭᠲᠡᠢ ᠭᠡᠵᠦ ᠵᠢᠭ᠋ᠠᠵᠦ ᠭᠠᠷᠭ᠋ᠠᠵᠠᠢ᠃
ᠵᠤᠬᠢᠶᠠᠯ᠎ᠳᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠪᠠᠢ᠍ᠢ᠍ᠭᠤᠯᠤᠯ ᠪᠤᠯ ᠨᠢᠬᠳᠠ ᠴᠢᠨᠭᠭ᠎ᠡ ᠪᠦᠷᠢᠨ ᠪᠦᠳᠤᠨ ᠰᠢᠨᠵᠢᠯᠡᠬᠦ ᠤᠬᠠᠭ᠋ᠠᠨᠴᠢ ᠪᠠᠢ᠍ᠢ᠍ᠭᠤᠯᠤᠯ᠎ᠤᠨ ᠰᠢᠰᠲ᠋ᠧᠮ ᠮᠦᠨ᠂ ᠨᠢᠷᠤᠭᠤ ᠲᠤᠯᠭ᠋ᠠᠭᠤᠷᠢ ᠵᠢᠨ ᠦᠢ᠍ᠯᠡᠳᠦᠯ ᠦᠵᠡᠬᠦᠯᠵᠤ ᠪᠠᠢ᠍ᠢ᠍ᠭ᠎ᠡ᠎ᠨᠢ ᠦᠨᠳᠤᠰᠤᠨ ᠪᠠᠢ᠍ᠢ᠍ᠭᠤᠯᠤᠯ᠂ ᠰᠠᠭᠤᠷᠢ ᠪᠠᠢ᠍ᠢ᠍ᠭᠤᠯᠤᠯ᠂ ᠴᠢᠬᠤᠯᠠ ᠪᠠᠢ᠍ᠢ᠍ᠭᠤᠯᠤᠯ ᠪᠤᠯᠤᠨ᠎ᠡ᠂ ᠡᠬᠦᠨ᠎ᠳᠤ ᠶᠡᠷᠤᠨᠭ᠌ᠭᠡᠢ᠍ᠢ᠍ᠯᠡᠨ ᠤᠳᠤᠷᠢᠳᠬᠤ ᠪᠠᠢ᠍ᠢ᠍ᠷᠢ ᠰᠠᠭᠤᠷᠢ᠎ᠲᠠᠢ᠎ᠨᠢ ᠨᠠᠮ᠎ᠤᠨ ᠤᠳᠤᠷᠢᠳᠬᠤ ᠪᠠᠢ᠍ᠢ᠍ᠭᠤᠯᠤᠯ ᠪᠤᠯᠤᠨ᠎ᠡ᠃ ᠨᠠᠮ᠎ᠤᠨ ᠤᠳᠤᠷᠢᠳᠬᠤ ᠪᠠᠢ᠍ᠢ᠍ᠭᠤᠯᠤᠯ ᠪᠤᠯ ᠮᠠᠨ᠎ᠤ ᠤᠯᠤᠰ᠎ᠤᠨ ᠦᠨᠳᠤᠰᠤᠨ ᠤᠳᠤᠷᠢᠳᠬᠤ ᠪᠠᠢ᠍ᠢ᠍ᠭᠤᠯᠤᠯ ᠮᠦᠨ᠃ ᠪᠢᠳᠠ ᠡᠯ᠎ᠡ ᠲᠠᠯ᠎ᠡ ᠵᠢᠨ ᠪᠠᠢ᠍ᠢ᠍ᠭᠤᠯᠤᠯ᠎ᠤᠨ ᠪᠠᠢ᠍ᠢ᠍ᠭᠤᠯᠤᠯᠳᠠ ᠵᠢ ᠠᠬᠢᠭᠤᠯᠵᠤ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠦᠭᠵᠢᠯᠳᠠ ᠵᠢ ᠠᠬᠢᠭᠤᠯᠤᠨ᠂ ᠡᠯ᠎ᠡ ᠲᠠᠯ᠎ᠡ ᠵᠢᠨ ᠠᠵᠢᠯ᠎ᠢ ᠴᠢᠨᠭ᠌ᠭ᠋ᠠᠳᠬᠠᠨ ᠰᠠᠢ᠍ᠢ᠍ᠵᠢᠷᠠᠭᠤᠯᠬᠤ᠎ᠳᠤ ᠡᠷᠬᠡᠪᠰᠢ ᠨᠠᠮ᠎ᠤᠨ ᠤᠳᠤᠷᠢᠳᠤᠯᠭᠡ ᠵᠢ ᠪᠠᠷᠢᠮᠳᠠᠯᠠᠵᠤ᠂ ᠨᠠᠮ᠎ᠤᠨ ᠪᠦᠬᠦ ᠲᠠᠯ᠎ᠡ ᠵᠢ ᠶᠡᠷᠤᠨᠭ᠌ᠭᠡᠢ᠍ᠢ᠍ᠯᠡᠨ ᠡᠵᠡᠮᠳᠡᠬᠦ᠂ ᠡᠯ᠎ᠡ ᠲᠠᠯ᠎ᠡ ᠵᠢ ᠵᠤᠬᠢᠴᠠᠭᠤᠯᠬᠤ ᠦᠨᠳᠤᠰᠤᠨ ᠱᠠᠭ᠋ᠠᠷᠳᠠᠯᠭ᠎ᠡ ᠵᠢ ᠤᠬᠠᠮᠰᠠᠷ᠎ᠠᠴᠠ᠎ᠪᠠᠨ ᠲᠤᠭᠤᠰᠢᠯᠠᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠵᠤᠬᠢᠶᠠᠯ᠎ᠳᠤ᠂ ᠲᠤᠮᠳᠠᠳᠤ ᠤᠯᠤᠰ᠎ᠤᠨ ᠶᠠᠪᠤᠳᠠᠯ᠎ᠢ ᠰᠠᠢ᠍ᠢ᠍ᠳᠤᠷ ᠬᠢᠬᠦ᠎ᠳᠤ ᠡᠩ ᠲᠡᠷᠢᠭᠦᠨ᠎ᠳᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠶᠠᠪᠤᠳᠠᠯ᠎ᠢ ᠰᠠᠢ᠍ᠢ᠍ᠳᠤᠷ ᠬᠢᠭᠦ ᠭᠡᠷᠡᠭᠳᠠᠢ᠃ ᠤᠷᠤᠬᠰᠢᠯᠠᠯᠳᠠ ᠵᠢᠨ ᠵᠠᠮ ᠲᠡᠭᠡᠷᠡᠬᠢ ᠡᠯ᠎ᠡ ᠵᠦᠢ᠍ᠯ᠎ᠤᠨ ᠠᠶᠤᠯ ᠲᠦᠭᠰᠢᠬᠦᠷᠢ ᠦᠷᠢᠰᠦᠯᠳᠦᠭᠡᠨ᠎ᠢ ᠠᠷᠭ᠋ᠠᠴᠠᠭ᠋ᠠᠬᠤ ᠪᠠ ᠢᠯᠡᠨ ᠲᠠᠪᠠᠬᠤ ᠵᠢᠨ ᠵᠠᠨᠭ᠌ᠭᠢᠯᠠᠭᠡᠨᠢ ᠨᠠᠮ᠎ᠳᠤ ᠪᠠᠢ᠍ᠢ᠍ᠨ᠎ᠡ᠃ ᠪᠢᠳᠠ ᠠᠨᠭ᠌ᠬᠠᠷᠤᠯ ᠵᠶ᠋ᠠᠨ ᠲᠦᠪᠯᠡᠷᠡᠬᠦᠯᠤᠨ ᠨᠠᠮ᠎ᠤᠨ ᠪᠠᠢ᠍ᠢ᠍ᠭᠤᠯᠤᠯᠳᠠ ᠵᠢ ᠰᠠᠢ᠍ᠢ᠍ᠳᠤᠷ ᠠᠳᠬᠤᠵᠤ᠂ ᠮᠠᠨ᠎ᠤ ᠨᠠᠮ ᠵᠶ᠋ᠠᠨ ᠤᠯᠠᠮ᠎ᠠᠴᠠ ᠤᠯᠠᠮ ᠪᠤᠯᠪᠠᠰᠤᠷᠠᠨᠭ᠌ᠭᠤᠢ᠂ ᠤᠯᠠᠮ᠎ᠠᠴᠠ ᠤᠯᠠᠮ ᠬᠦᠴᠦᠷᠭᠡᠭ᠂ ᠤᠯᠠᠮ᠎ᠠᠴᠠ ᠤᠯᠠᠮ ᠲᠠᠢ᠍ᠢ᠍ᠴᠢᠨ ᠬᠦᠴᠤᠨ᠎ᠲᠠᠢ ᠪᠤᠯᠭ᠋ᠠᠬᠤ ᠭᠡᠷᠡᠭᠳᠠᠢ ᠭᠡᠵᠤ ᠴᠢᠬᠤᠯᠠᠴᠢᠯᠠᠪᠠ᠃