ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠤᠯᠤᠨ ᠠᠷᠭ᠌ᠸᠨ᠋ᠲ᠋ᠢᠨ᠎ᠤ ᠶᠡᠷᠤᠩᠬᠡᠢ᠍ᠢ᠍ᠯᠡᠭᠴᠢ ᠹᠸᠢᠢ᠍ᠷᠨᠠᠨᠳ᠋ᠸᠰ ᠬᠠᠷᠢᠯᠴᠠᠨ ᠵᠠᠬᠢᠳᠠᠯ ᠢᠯᠡᠬᠡᠪᠡ
ᠨᠡᠶ᠋ᠢᠲᠡᠯᠡᠭᠰᠡᠨ ᠴᠠᠭ᠄ 2020-07-08

      ᠰᠢᠨᠬᠤᠸᠠ ᠬᠤᠷᠢᠶᠡᠨ᠎ᠤ ᠪᠡᠭᠡᠵᠢᠩ᠎ᠤᠨ 7 ᠰᠠᠷ᠎ᠠ ᠵᠢᠨ 7᠎ᠤ ᠴᠠᠬᠢᠯᠭ᠋ᠠᠨ ᠮᠡᠳᠡᠬᠡ ᠤᠯᠤᠰ᠎ᠤᠨ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ᠎ᠳᠤ ᠠᠷᠭ᠌ᠸᠨ᠋ᠲ᠋ᠢᠨ᠎ᠤ ᠶᠡᠷᠤᠩᠬᠡᠢ᠍ᠢ᠍ᠯᠡᠭᠴᠢ ᠹᠸᠢᠢ᠍ᠷᠨᠠᠨᠳ᠋ᠸᠰ᠎ᠲᠠᠢ ᠬᠠᠷᠢᠯᠴᠠᠨ ᠵᠠᠬᠢᠳᠠᠯ ᠢᠯᠡᠬᠡᠵᠥ᠂ ᠬᠤᠶᠠᠷ ᠤᠯᠤᠰ ᠵᠶ᠋ᠠᠷ ᠵᠶ᠋ᠠᠨ ᠭᠠᠷ ᠬᠤᠯᠪᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠂ ᠡᠯ᠎ᠡ ᠬᠦᠷᠢᠶᠡᠨ᠎ᠤ ᠪᠤᠳᠠᠳᠠᠢ ᠵᠢ ᠡᠷᠬᠢᠮᠯᠡᠭᠰᠡᠡ ᠬᠠᠮᠳᠤᠷᠠᠯᠴᠠᠭ᠎ᠠ ᠵᠢ ᠴᠢᠩᠭ᠋ᠠᠳᠬᠠᠬᠤ ᠲᠤᠬᠠᠢ ᠰᠠᠨᠠᠯ ᠵᠶ᠋ᠠᠨ

ᠰᠤᠯᠢᠯᠴᠠᠪᠠ᠃
      ᠰᠢ ᠵᠢᠨ ᠫᠢᠩ᠂ ᠬᠢᠵᠢᠭ᠎ᠤᠨ ᠪᠠᠢ᠍ᠢ᠍ᠳᠠᠯ᠎ᠤᠨ ᠡᠮᠤᠨ᠎ᠡ᠂ ᠲᠤᠮᠳᠠᠳᠤ ᠠᠷᠭ᠌ᠸᠨ᠋ᠲ᠋ᠢᠨ᠎ᠤ ᠠᠷᠠᠳ ᠲᠦᠮᠡᠨ ᠬᠠᠷᠢᠯᠴᠠᠨ ᠲᠠᠮᠵᠢᠯᠴᠡᠨ ᠬᠠᠳᠠᠭᠤ ᠪᠡᠷᠭᠡᠰᠢᠶᠡᠯ᠎ᠢ ᠬᠠᠮᠳᠤ᠎ᠪᠠᠷ ᠲᠤᠭᠤᠯᠵᠤ᠂ ᠬᠤᠶᠠᠷ ᠤᠯᠤᠰ᠎ᠤᠨ ᠠᠷᠠᠳ ᠲᠦᠮᠡᠨ᠎ᠤ ᠬᠦᠨ ᠵᠤᠵᠠᠭ᠋ᠠᠨ ᠨᠦᠬᠦᠷᠯᠡᠯ᠎ᠢ ᠢᠯᠡᠷᠡᠬᠦᠯᠵᠠᠢ᠃ ᠤᠳᠤᠬᠠᠨ᠎ᠳᠤ᠂ ᠲᠤᠮᠳᠠᠳᠤ ᠤᠯᠤᠰ ᠪᠤᠯᠤᠨ ᠠᠷᠭ᠌ᠸᠨ᠋ᠲ᠋ᠢᠨ ᠵᠢᠴᠢ ᠯᠠᠲ᠋ᠢᠨ ᠠᠮᠸᠷᠢᠺᠠ ᠵᠢᠨ ᠤᠯᠤᠰ᠎ᠤᠳ ᠪᠦᠷ ᠬᠢᠵᠢᠭ᠎ᠲᠠᠢ ᠲᠡᠮᠡᠴᠡᠬᠦ᠂ ᠠᠵᠥ ᠠᠬᠤᠢ᠎ᠪᠠᠨ ᠲᠤᠭᠳᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠳᠤᠯᠠᠬᠤ ᠬᠠᠳᠠᠭᠤ ᠡᠬᠦᠷᠬᠡ᠎ᠳᠤ ᠲᠤᠯᠭ᠋ᠠᠷᠠᠵᠥ ᠪᠠᠢ᠍ᠢ᠍ᠨ᠎ᠠ᠃ ᠲᠤᠮᠳᠠᠳᠤ ᠤᠯᠤᠰ ᠲᠤᠷᠠᠳᠠᠶ᠎ᠠ ᠠᠷᠭ᠌ᠸᠨ᠋ᠲ᠋ᠢᠨ᠎ᠯᠤᠭ᠎ᠠ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ ᠵᠢ ᠢᠳᠡᠪᠬᠢᠳᠡᠢ ᠦᠷᠨᠢᠬᠦᠯᠬᠦ ᠵᠢᠨ ᠬᠠᠮᠳᠤ ᠠᠷᠭ᠌ᠸᠨ᠋ᠲ᠋ᠢᠨ᠎ᠳᠤ ᠴᠢᠲᠠᠯ᠎ᠤᠨ ᠬᠢᠷᠢ᠎ᠪᠠᠷ ᠬᠠᠪᠰᠤᠷᠤᠯᠭ᠎ᠠ ᠬᠠᠩᠭ᠋ᠠᠨ᠎ᠠ ᠬᠡᠵᠥ ᠴᠢᠬᠤᠯᠠᠴᠢᠯᠠᠪᠠ᠃ ᠰᠢ ᠵᠢᠨ ᠫᠢᠩ᠂ ᠲᠤᠮᠳᠠᠳᠤ ᠤᠯᠤᠰ ᠠᠷᠭ᠌ᠸᠨ᠋ᠲ᠋ᠢᠨ᠎ᠤ ᠤᠯᠤᠰ᠎ᠤᠨ ᠲᠤᠬᠳᠠᠭᠤᠨ ᠪᠠ ᠬᠦᠭᠵᠢᠯᠳᠠ᠎ᠪᠠᠨ ᠬᠠᠮᠠᠭ᠋ᠠᠯᠠᠬᠤ᠎ᠳᠤ ᠭᠠᠷᠭ᠋ᠠᠬᠰᠡᠨ ᠴᠢᠷᠮᠠᠢ᠍ᠢ᠍ᠯᠭ᠎ᠡ ᠵᠢ ᠡᠷᠡᠰ ᠲᠠᠮᠵᠢᠨ᠎ᠡ᠂ ᠲᠤᠷᠠᠳᠠᠶ᠎ᠡ ᠬᠤᠶᠠᠷ ᠤᠯᠤᠰ᠎ᠤᠨ ᠡᠯ᠎ᠡ ᠬᠦᠷᠢᠶᠠᠨ᠎ᠤ ᠨᠦᠬᠦᠷᠰᠡᠭ ᠰᠤᠯᠢᠯᠴᠠᠭ᠎ᠡ ᠪᠠ ᠪᠤᠳᠠᠳᠠᠢ ᠵᠢ ᠡᠷᠬᠢᠮᠯᠡᠭᠰᠡᠡ ᠬᠠᠮᠳᠤᠷᠠᠯᠴᠠᠭ᠎ᠡ ᠵᠢ ᠬᠦᠨᠵᠡᠭᠡᠢ᠍ᠢ᠍ᠷᠠᠬᠦᠯᠵᠤ᠂ ᠲᠤᠮᠳᠠᠳᠤ ᠠᠷᠭ᠌ᠸᠨ᠋ᠲ᠋ᠢᠨ᠎ᠤ ᠪᠦᠬᠦ ᠲᠠᠯ᠎ᠡ ᠵᠢᠨ ᠪᠠᠢ᠍ᠢ᠍ᠯᠳᠤᠬᠤ ᠪᠤᠳᠤᠯᠭ᠎ᠡ ᠵᠢᠨ ᠬᠠᠨᠢᠳᠠᠨ᠎ᠤ ᠬᠠᠷᠢᠯᠴᠠᠭ᠎ᠡ ᠵᠢᠨ ᠨᠡᠩ ᠰᠠᠢ᠍ᠢ᠍ᠨ ᠬᠦᠭᠵᠢᠬᠦ ᠵᠢ ᠠᠬᠢᠭᠤᠯᠤᠨ᠎ᠡ ᠭᠡᠵᠤ ᠴᠢᠬᠤᠯᠠᠴᠢᠯᠠᠪᠠ᠃
      ᠹᠸᠢᠢ᠍ᠷᠨᠠᠨᠳ᠋ᠸᠰ᠂ ᠲᠤᠮᠳᠠᠳᠤ ᠤᠯᠤᠰ᠎ᠤᠨ ᠵᠠᠰᠠᠭ᠎ᠤᠨ ᠤᠷᠳᠤᠨ ᠪᠤᠯᠤᠨ ᠠᠷᠠᠳ ᠲᠦᠮᠡᠨ᠎ᠤ ᠬᠢᠵᠢᠭ᠎ᠤᠨ ᠪᠠᠢ᠍ᠢ᠍ᠳᠠᠯ᠎ᠢ ᠠᠷᠭ᠋ᠠᠴᠠᠭ᠋ᠠᠬᠤ ᠵᠢᠨ ᠲᠦᠯᠦᠭᠡ ᠭᠠᠷᠭ᠋ᠠᠬᠰᠡᠨ ᠯᠤᠳᠤ ᠶᠡᠭᠡ ᠴᠢᠷᠮᠠᠢ᠍ᠢ᠍ᠯᠭ᠎ᠡ ᠪᠠ ᠤᠯᠠᠨ ᠤᠯᠤᠰ᠎ᠤᠨ ᠬᠢᠵᠢᠭ᠎ᠲᠠᠢ ᠲᠡᠮᠡᠴᠡᠬᠦ ᠲᠠᠮᠠᠴᠡᠯ ᠲᠤᠮᠳᠠ ᠪᠠᠳᠠᠷᠠᠭᠤᠯᠤᠬᠰᠡᠨ ᠤᠳᠤᠷᠢᠳᠬᠤ ᠦᠢ᠍ᠯᠡᠳᠦᠯ᠎ᠳᠤ ᠲᠠᠯᠠᠷᠬᠠᠵᠤ ᠪᠠᠢ᠍ᠢ᠍ᠨ᠎ᠡ᠂ ᠲᠤᠮᠳᠠᠳᠤ ᠤᠯᠤᠰ᠎ᠤᠨ ᠠᠷᠭ᠌ᠸᠨ᠋ᠲ᠋ᠢᠨ᠎ᠳᠤ ᠦᠵᠡᠬᠦᠯᠦᠭᠰᠡᠨ ᠲᠠᠮᠵᠢᠯᠭᠡ᠎ᠳᠤ ᠤᠨᠴᠠᠭ᠋ᠠᠢ᠍ᠢ᠍ᠯᠠᠨ ᠲᠠᠯᠠᠷᠬᠠᠵᠤ ᠪᠠᠢ᠍ᠢ᠍ᠨ᠎ᠡ᠃ ᠵᠤᠪᠠᠭᠤᠷᠢ ᠵᠦᠳᠡᠬᠦᠷᠢ᠎ᠪᠠᠨ ᠬᠠᠮᠲᠤᠳᠬᠠᠬᠤ ᠲᠤᠮᠲᠠ ᠦᠨᠡᠨ ᠰᠡᠳᠬᠢᠯ ᠢᠯᠡᠷᠡᠨ᠎ᠡ᠂ ᠡᠨᠡ ᠬᠦ᠌ ᠤᠨᠴᠠᠭ᠋ᠠᠢ ᠴᠠᠭ ᠦᠶ᠎ᠡ᠎ᠳᠤ ᠪᠢᠳᠠ ᠠᠷᠭ᠌ᠸᠨ᠋ᠲ᠋ᠢᠨ ᠲᠤᠮᠳᠠᠳᠤ ᠵᠢᠨ ᠬᠦᠨ ᠵᠤᠵᠠᠭ᠋ᠠᠨ ᠨᠦᠬᠦᠷᠯᠡᠯ᠎ᠢ ᠬᠦᠨᠵᠡᠭᠡᠢ ᠮᠠᠳᠡᠷᠠᠪᠠ᠃ ᠪᠢᠳᠠ ᠶᠠᠭ ᠰᠠᠢ᠍ᠢ᠍ᠬᠠᠨ ᠬᠤᠶᠠᠷ ᠤᠯᠤᠰ᠎ᠤᠨ ᠬᠠᠷᠢᠯᠴᠠᠭ᠎ᠡ ᠵᠢᠨ ᠭᠡᠷᠡᠯ ᠰᠠᠴᠤᠷᠠᠨᠭ᠌ᠭᠤᠢ ᠴᠠᠭ ᠦᠶ᠎ᠡ ᠵᠢ ᠨᠡᠭᠡᠭᠡᠵᠤ ᠪᠠᠢ᠍ᠢ᠍ᠨ᠎ᠡ᠂ ᠠᠷᠭ᠌ᠸᠨ᠋ᠲ᠋ᠢᠨ ᠲᠤᠮᠳᠠᠳᠤ ᠵᠢᠨ ᠪᠦᠬᠦ ᠲᠠᠯ᠎ᠡ ᠵᠢᠨ ᠪᠠᠢ᠍ᠢ᠍ᠯᠳᠤᠬᠤ ᠪᠤᠳᠤᠯᠭ᠎ᠡ ᠵᠢᠨ ᠬᠠᠨᠢᠳᠠᠨ᠎ᠤ ᠬᠠᠷᠢᠯᠴᠠᠭ᠎ᠡ ᠵᠢᠴᠢ ᠤᠯᠠᠨ ᠲᠠᠯᠠᠳᠤ ᠬᠠᠮᠳᠤᠷᠠᠯᠴᠠᠭ᠎ᠡ ᠤᠯᠠᠮ ᠴᠢᠨᠠᠬᠰᠢ ᠬᠦᠨᠵᠡᠭᠡᠢ᠍ᠢ᠍ᠷᠠᠨ᠎ᠡ ᠭᠡᠳᠡᠭ᠎ᠢ ᠪᠢ ᠪᠠᠳᠤ ᠢᠳᠡᠭᠡᠵᠤ ᠪᠠᠢ᠍ᠢ᠍ᠨ᠎ᠡ ᠭᠡᠵᠤ ᠢᠯᠡᠳᠭᠡᠪᠡ᠃


ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠴᠡᠷᠢᠭ ᠠᠩᠭᠢ ᠵᠢᠨ ᠨᠠᠮ᠎ᠤᠨ ᠪᠠᠢ᠍ᠢ᠍ᠭᠤᠯᠤᠯᠳᠠ ᠵᠢᠨ ᠳᠦᠷᠢᠮ》 ᠪᠤᠯᠤᠨ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠨᠳᠦᠰᠦᠨ ᠱᠠᠳᠤᠨ᠎ᠤ ᠰᠤᠩᠭᠤᠭᠤᠯᠢ ᠵᠢᠨ ᠠᠵᠢᠯ᠎ᠤᠨ ᠳᠦᠷᠢᠮ》᠎ᠢ ᠬᠢᠨᠠᠨ ᠵᠦᠪᠯᠡᠵᠠᠢ
ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠬᠤᠷᠢᠨ ᠨᠢᠬᠡᠳᠤᠬᠡᠷ ᠤᠳᠠᠭ᠎ᠠ ᠵᠢᠨ ᠬᠠᠮᠳᠤ ᠵᠢᠨ ᠰᠤᠷᠤᠯᠴᠠᠯᠭ᠎ᠠ ᠲᠡᠬᠡᠷ᠎ᠡ ᠴᠢᠬᠤᠯᠠᠴᠢᠯᠠᠬᠰᠠᠠ᠎ᠨᠢ ᠰᠢᠨ᠎ᠡ ᠴᠠᠭ ᠦᠶ᠎ᠡ ᠵᠢᠨ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠱᠤᠭᠤᠮ᠎ᠢ ᠰᠠᠢ᠍ᠢ᠍ᠳᠤᠷ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠥ ᠨᠠᠮ᠎ᠢ ᠲᠠᠰᠤᠷᠠᠯᠳᠡ ᠦᠭᠡᠢ ᠨᠡᠩ ᠪᠡᠳᠤ ᠴᠢᠩᠭ᠎ᠠ ᠬᠦᠴᠦᠨ᠎ᠲᠠᠢ ᠪᠤᠯᠭ᠋ᠠᠨ ᠪᠠᠢ᠍ᠢ᠍ᠭᠤᠯᠬᠤ ᠬᠡᠷᠡᠭᠳᠡᠢ
ᠰᠢ ᠵᠢᠨ ᠫᠢᠩ ᠦᠶᠡᠷ᠎ᠢ ᠰᠡᠷᠬᠡᠢ᠍ᠢ᠍ᠯᠡᠵᠥ ᠭᠠᠮᠰᠢᠭ᠎ᠠᠴᠠ ᠠᠪᠤᠷᠠᠬᠤ ᠠᠵᠢᠯ᠎ᠢ ᠴᠢᠨᠠᠬᠰᠢᠳᠠ ᠰᠠᠢ᠍ᠢ᠍ᠳᠤᠷ ᠬᠢᠬᠦ ᠲᠤᠬᠠᠢ ᠴᠢᠬᠤᠯᠠ ᠵᠢᠭ᠋ᠠᠪᠤᠷᠢ ᠦᠭᠪᠠ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠡᠯ ᠬᠤᠷᠡᠯᠳᠤᠭᠤᠯᠵᠥ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠠᠷᠪᠠᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ᠎ᠳᠤ ᠲᠦᠰᠢᠭᠯᠡᠨ ᠬᠤᠪᠢᠷᠠᠯᠲᠠ ᠵᠢ ᠠᠷᠭ᠋ᠠᠴᠠᠭ᠋ᠠᠵᠥ ᠰᠢᠨ᠎ᠡ ᠪᠠᠶ᠋ᠢᠳᠠᠯ᠎ᠢ ᠨᠡᠭᠡᠭᠡᠵᠤ ᠵᠠᠩᠭᠢᠯᠠᠭ᠎ᠠ ᠵᠢ ᠴᠢᠩᠭ᠎ᠠ ᠠᠳᠬᠤᠨ ᠰᠦᠪᠡᠭᠴᠢᠯᠡᠯᠲᠡ ᠬᠢᠬᠦ ᠵᠢ ᠵᠤᠷᠢᠬ᠍ᠵᠢᠭᠤᠯᠵᠤ ᠪᠣᠳᠠᠲᠤ ᠦᠷ᠎ᠡ ᠪᠦᠲᠦᠮᠵᠢ ᠵᠢ ᠳᠣᠪᠣᠶ᠋ᠢᠯᠭ᠋ᠠᠬᠤ ᠬᠡᠷᠡᠭᠳᠡᠢ
 
            