ᠤᠯᠤᠰ᠎ᠤᠨ ᠲᠡᠷᠢᠬᠦᠯᠡᠭᠴᠢ ᠰᠢ ᠵᠢᠨ ᠫᠢᠩ 11᠎ᠤ ᠡᠳᠦᠷ ᠲᠡᠷᠢᠬᠦᠯᠡᠭᠴᠢ ᠵᠢᠨ ᠵᠠᠷᠯᠢᠭ᠎ᠲᠤ ᠭᠠᠷᠤᠨ ᠦᠰᠦᠭ ᠵᠢᠷᠤᠵᠤ᠂ ᠠᠷᠪᠡᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠨᠭ᠌ᠭᠤ ᠵᠢᠨ ᠬᠤᠷᠢᠶᠠᠨ᠎ᠤ ᠬᠤᠷᠢᠨ ᠨᠢᠭᠡᠳᠤᠭᠡᠷ ᠬᠤᠷᠠᠯ᠎ᠠᠴᠠ 11᠎ᠤ ᠦᠳᠠ ᠵᠢᠨ ᠬᠤᠢ᠍ᠢ᠍ᠨᠡ ᠪᠠᠳᠤᠯᠠᠯᠳᠠ ᠬᠢᠬᠦ᠎ᠪᠠᠷ ᠲᠠᠮᠵᠢᠨ ᠪᠠᠳᠤᠯᠠᠬᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠬᠦ ᠲᠠᠮᠠᠴᠡᠯ ᠲᠤᠮᠳᠠ ᠭᠠᠷᠮᠠᠭ᠋ᠠᠢ ᠬᠤᠪᠢ ᠨᠠᠮᠠᠷᠢ ᠦᠵᠡᠬᠦᠯᠦᠭᠰᠡᠨ ᠬᠦᠮᠦᠰ᠎ᠲᠤ ᠤᠯᠤᠰ᠎ᠤᠨ ᠭᠠᠪᠢᠶᠠᠨ ᠲᠠᠮᠳᠡᠭ ᠪᠤᠯᠤᠨ ᠤᠯᠤᠰ᠎ᠤᠨ ᠢᠷᠠᠭᠤ ᠠᠯᠳᠠᠷ᠎ᠤᠨ ᠴᠤᠯᠠ ᠤᠯᠭᠤᠬᠤ ᠲᠤᠬᠠᠢ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠨᠭ᠌ᠭᠤ ᠵᠢᠨ ᠬᠤᠷᠢᠶᠠᠨ᠎ᠤ ᠲᠤᠬᠳᠠᠭ᠋ᠠᠯ᠎ᠢ ᠦᠨᠳᠤᠰᠤᠯᠠᠵᠤ᠂ ᠵᠦᠩ ᠨᠠᠨ ᠱᠠᠨ᠎ᠳᠤ 《ᠪᠦᠬᠦᠳᠠ ᠨᠠᠢ᠍ᠢ᠍ᠷᠠᠮᠳᠠᠬᠤ ᠤᠯᠤᠰ᠎ᠤᠨ ᠭᠠᠪᠢᠶᠠᠨ ᠲᠠᠮᠳᠡᠭ》 ᠤᠯᠭᠤᠵᠤ᠂ ᠵᠠᠩ ᠪᠦᠸᠸ ᠯᠢ᠂ ᠵᠠᠩ ᠳ᠋ᠢᠩ ᠢᠦᠢ᠂ ᠴᠸᠨ ᠸᠸᠢ (ᠡᠮᠡᠭᠳᠠᠢ)᠎ᠳᠤ 《ᠠᠷᠠᠳ᠎ᠤᠨ ᠪᠠᠭ᠋ᠠᠳᠤᠷ》 ᠭᠡᠬᠦ ᠤᠯᠤᠰ᠎ᠤᠨ ᠢᠷᠠᠭᠤ ᠠᠯᠳᠠᠷ᠎ᠤᠨ ᠴᠤᠯᠠ ᠤᠯᠭᠤᠪᠠ᠃
ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠬᠦ ᠲᠠᠮᠠᠴᠡᠯ ᠲᠤᠮᠳᠠ᠂ ᠨᠢᠭᠡ ᠪᠦᠯᠦᠭ ᠮᠠᠬᠳᠠᠨ ᠲᠠᠭᠤᠯᠠᠭᠤᠰᠢᠳᠠᠢ ᠲᠡᠷᠢᠬᠦᠨ᠎ᠤ ᠨᠠᠢ᠍ᠢ᠍ᠳᠡᠯᠢᠭ ᠵᠢᠱ᠌ᠢᠶ᠎ᠡ ᠴᠤᠯᠭᠤᠷᠠᠨ ᠭᠠᠷᠪᠠ᠃ ᠡᠨᠡ ᠬᠦ᠌ ᠲᠠᠮᠡᠴᠡᠯ ᠲᠤᠮᠳᠠ ᠭᠠᠷᠮᠠᠭ᠋ᠠᠢ ᠬᠤᠪᠢ ᠨᠠᠮᠠᠷᠢ ᠦᠵᠡᠬᠦᠯᠦᠭᠰᠡᠨ ᠭᠠᠪᠢᠶᠠᠳᠤ ᠵᠢᠱ᠌ᠢᠶᠠᠴᠢ ᠬᠦᠮᠦᠰ᠎ᠢ ᠦᠪᠡᠳᠡᠭᠰᠢ ᠶᠡᠭᠡ᠎ᠪᠠᠷ ᠰᠠᠢ᠍ᠢ᠍ᠰᠢᠶᠠᠨ ᠬᠦᠬᠢᠬᠦᠯᠵᠤ᠂ ᠲᠠᠳᠠᠨ᠎ᠤ ᠦᠨᠡᠨᠴᠢ ᠰᠢᠳᠤᠷᠭᠤ᠂ ᠬᠠᠷᠢᠭᠤᠴᠠᠯᠭ᠎ᠡ ᠡᠬᠦᠷᠭᠡᠯᠡᠯ᠎ᠲᠠᠢ᠂ ᠬᠠᠷᠠᠮ ᠦᠭᠡᠢ ᠵᠤᠷᠢᠭᠤᠯᠬᠤ ᠡᠷᠬᠢᠮ ᠲᠠᠭᠡᠳᠤ ᠵᠠᠩ ᠴᠢᠨᠠᠷ᠎ᠢ ᠪᠠᠳᠠᠷᠠᠭᠤᠯᠬᠤ ᠵᠢᠨ ᠲᠦᠯᠦᠭᠡ ᠦᠨᠳᠤᠰᠤᠨ ᠬᠠᠤᠯᠢ᠂ ᠤᠯᠤᠰ᠎ᠤᠨ ᠭᠠᠪᠢᠶᠠᠨ ᠲᠠᠮᠳᠡᠭ ᠪᠤᠯᠤᠨ ᠤᠯᠤᠰ᠎ᠤᠨ ᠢᠷᠠᠭᠤ ᠠᠯᠳᠠᠷ᠎ᠤᠨ ᠴᠤᠯᠠ ᠵᠢᠨ ᠬᠠᠤᠯᠢ ᠵᠢ ᠦᠨᠳᠤᠰᠤᠯᠠᠵᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠤᠬᠡᠯᠡᠭᠴᠢᠳ᠎ᠤᠨ ᠶᠡᠬᠡ ᠬᠤᠷᠠᠯ᠎ᠤᠨ ᠪᠠᠢ᠍ᠢ᠍ᠩᠭᠤ ᠵᠢᠨ ᠬᠤᠷᠢᠶᠠᠨ᠎ᠤ ᠬᠤᠷᠢᠨ ᠨᠢᠬᠡᠳᠤᠭᠡᠷ ᠬᠤᠷᠠᠯ᠎ᠠᠴᠠ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠬᠦ ᠲᠡᠮᠡᠴᠡᠯ᠎ᠳᠤ ᠭᠠᠷᠮᠠᠭ᠋ᠠᠢ ᠬᠤᠪᠢ ᠨᠡᠮᠡᠷᠢ ᠦᠵᠡᠬᠦᠯᠦᠭᠰᠡᠨ ᠬᠦᠮᠤᠰ᠎ᠲᠤ ᠤᠯᠤᠰ᠎ᠤᠨ ᠭᠠᠪᠢᠶᠠᠨ ᠲᠡᠮᠳᠡᠭ ᠪᠤᠯᠤᠨ ᠤᠯᠤᠰ᠎ᠤᠨ ᠢᠷᠠᠭᠤ ᠠᠯᠳᠠᠷ᠎ᠤᠨ ᠴᠤᠯᠠ ᠤᠯᠭᠤᠬᠤ᠎ᠪᠠᠷ ᠲᠤᠭᠳᠠᠪᠠ᠃
ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠬᠦ ᠲᠡᠮᠡᠴᠡᠯ᠎ᠳᠤ ᠭᠠᠷᠮᠠᠭ᠋ᠠᠢ ᠬᠤᠪᠢ ᠨᠡᠮᠡᠷᠢ ᠦᠵᠡᠬᠦᠯᠦᠭᠰᠡᠨ ᠬᠦᠮᠤᠰ᠎ᠲᠤ ᠤᠯᠤᠰ᠎ᠤᠨ ᠬᠠᠮᠤᠬ᠎ᠤᠨ ᠲᠡᠭᠡᠳᠦ ᠢᠷᠠᠭᠤ ᠠᠯᠳᠠᠷ᠎ᠢ ᠤᠯᠭᠤᠬᠤ᠎ᠨᠢ ᠬᠢᠵᠢᠭ᠎ᠲᠠᠢ ᠲᠡᠮᠡᠴᠡᠭᠰᠡᠨ ᠪᠠᠭ᠋ᠠᠳᠤᠷᠴᠤᠳ᠎ᠤᠨ ᠭᠠᠷᠮᠠᠭ᠋ᠠᠢ ᠭᠠᠪᠢᠶ᠎ᠠ ᠵᠢᠳᠬᠦᠯ ᠪᠤᠯᠤᠨ ᠭᠡᠷᠡᠯ ᠰᠠᠴᠤᠷᠠᠩᠭᠤᠢ ᠲᠦᠷᠢ ᠲᠦᠷᠬᠦ ᠵᠢ ᠶᠡᠬᠡ᠎ᠪᠠᠷ ᠤᠬᠠᠭᠤᠯᠵᠤ᠂ ᠤᠯᠤᠰ᠎ᠤᠨ ᠬᠦᠨᠳᠤᠳᠬᠡᠯ ᠪᠤᠯᠤᠨ ᠦᠨᠳᠤᠰᠤᠳᠠᠨ᠎ᠤ ᠲᠤᠷᠠᠳᠬᠠᠯᠢ ᠴᠢᠩᠭ᠋ᠠᠳᠬᠠᠬᠤ᠎ᠳᠤ ᠠᠰᠢᠬᠳᠠᠢ ᠶᠤᠮ; ᠤᠯᠤᠰ ᠵᠶ᠋ᠠᠨ ᠬᠠᠢ᠍ᠢ᠍ᠷᠠᠯᠠᠬᠤ ᠦᠵᠡᠯ᠂ ᠬᠠᠮᠳᠤᠴᠢ ᠦᠵᠡᠯ᠎ᠤᠨ ᠬᠦᠮᠤᠵᠢᠯ᠎ᠢ ᠴᠢᠩᠭ᠋ᠠᠳᠬᠠᠬᠤ᠂ ᠨᠡᠢ᠍ᠢ᠍ᠬᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠠ ᠵᠢ ᠪᠠᠳᠠᠷᠠᠭᠤᠯᠬᠤ᠎ᠳᠤ ᠠᠰᠢᠬᠳᠠᠢ ᠶᠤᠮ; ᠳᠤᠮᠳᠠᠳᠤ ᠵᠢᠨ ᠬᠦᠪᠡᠬᠦᠳ ᠦᠬᠢᠳ᠎ᠤᠨ ᠨᠢᠬᠳᠠᠷᠠᠨ ᠪᠦᠯᠬᠦᠮᠳᠡᠵᠦ᠂ ᠠᠶᠤᠯ ᠪᠡᠷᠬᠡᠰᠢᠶᠠᠯ᠎ᠠᠴᠠ ᠠᠶᠤᠬᠤ ᠦᠬᠡᠢ᠂ ᠨᠤᠭᠤᠷᠠᠯ ᠪᠦᠳᠤᠷᠢᠯ᠎ᠤᠨ ᠲᠤᠮᠳᠠ ᠡᠷᠡᠯᠭᠡᠭᠯᠡᠨ ᠤᠷᠤᠬᠰᠢᠯᠠᠬᠤ ᠦᠨᠳᠤᠰᠤᠳᠠᠨ᠎ᠤ ᠬᠡᠪ ᠴᠢᠨᠠᠷ᠎ᠢ ᠬᠦᠢ᠍ᠴᠡᠳ ᠢᠯᠡᠷᠡᠭᠦᠯᠬᠦ᠂ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢ᠍ᠢ᠍ᠬᠡᠮ ᠵᠢᠷᠤᠮ᠎ᠤᠨ ᠠᠭᠤᠤ ᠶᠡᠬᠡ ᠤᠢ᠍ᠢ᠍ᠯᠡᠰᠢ ᠤᠷᠤᠬᠰᠢᠳᠠᠢ ᠠᠬᠢᠭᠤᠯᠬᠤ᠂ ᠨᠢᠬᠡᠳᠤᠭᠡᠷ ᠵᠠᠭᠤᠨ ᠵᠢᠯ᠎ᠤᠨ ᠲᠡᠮᠡᠴᠡᠬᠦ ᠬᠠᠷᠠᠯᠳᠠ ᠵᠢ ᠪᠡᠶᠡᠯᠡᠬᠦᠯᠬᠦ ᠵᠢᠨ ᠲᠦᠯᠦᠭᠡ ᠨᠠᠮ᠎ᠤᠨ ᠰᠡᠳᠬᠢᠯ ᠴᠡᠷᠢᠭ᠎ᠤᠨ ᠰᠡᠳᠬᠢᠯ ᠠᠷᠠᠳ᠎ᠤᠨ ᠰᠡᠳᠬᠢᠯ᠎ᠢ ᠨᠢᠬᠳᠠᠷᠠᠭᠤᠯᠬᠤ᠎ᠳᠤ ᠠᠰᠢᠬᠳᠠᠢ ᠶᠤᠮ᠃