ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠬᠡ᠎ᠳᠤ ᠲᠤᠭ ᠤᠯᠭᠤᠭᠰᠠᠨ ᠪᠦᠭᠡᠳ ᠰᠤᠷᠭ᠋ᠠᠯ ᠬᠠᠢ᠍ᠢ᠍ᠷᠠᠯᠠᠪᠠ
ᠨᠡᠶ᠋ᠢᠲᠡᠯᠡᠭᠰᠡᠨ ᠴᠠᠭ᠄ 2020-08-28

      ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠬᠡ᠎ᠳᠤ ᠲᠤᠭ ᠤᠯᠭᠤᠭᠰᠠᠨ ᠪᠦᠭᠡᠳ ᠰᠤᠷᠭ᠋ᠠᠯ ᠬᠠᠢ᠌ᠷᠠᠯᠠᠵᠤ ᠴᠢᠬᠤᠯᠠᠴᠢᠯᠠᠭᠰᠠᠨ᠎ᠨᠢ ᠨᠠᠮ᠎ᠳᠠᠭᠠᠨ ᠦᠨᠡᠨᠴᠢ ᠪᠠᠢ᠍ᠢ᠍ᠵᠤ ᠠᠷᠠᠳ ᠲᠦᠮᠠᠠ᠎ᠳᠤ ᠦᠢ᠍ᠯᠡᠴᠢᠯᠡᠵᠦ ᠲᠦᠪ ᠭᠤᠤᠯᠴᠢ᠎ᠪᠠᠷ ᠬᠠᠤᠯᠢ ᠭᠡᠷᠡᠭᠵᠢᠭᠦᠯᠵᠦ ᠰᠠᠬᠢᠯᠭ᠎ᠠ ᠪᠠᠲᠤ᠎ᠪᠠᠨ ᠴᠢᠩᠳᠠᠯᠠᠵᠥ ᠨᠠᠮ ᠪᠠ ᠠᠷᠠᠳ ᠲᠦᠮᠠᠠ᠎ᠠᠴᠠ ᠤᠯᠭᠤᠭᠰᠨᠨ ᠡᠬᠦᠷᠭᠡ ᠬᠠᠷᠢᠭᠤᠴᠠᠯᠭ᠎ᠠ ᠵᠢ ᠡᠷᠡᠰ ᠪᠡᠶᠡᠯᠡᠭᠦᠯᠬᠦ ᠬᠡᠷᠡᠭᠲᠡᠢ


      ᠲᠤᠮᠲᠠᠲᠤ ᠤᠯᠤᠰ᠎ᠤᠨ ᠠᠷᠠᠳ᠎ᠤᠨ ᠴᠠᠭᠲᠠᠭ᠎ᠠ᠎ᠳᠤ ᠴᠠᠭᠲᠠᠭ᠋ᠠᠨ᠎ᠤ ᠲᠤᠭ ᠤᠯᠭᠤᠬᠤ ᠶᠤᠰᠤᠯᠠᠯ 26᠎ᠤ ᠡᠲᠦᠷ ᠠᠷᠠᠳ᠎ᠤᠨ ᠶᠡᠬᠡ ᠬᠤᠷᠠᠯ᠎ᠤᠨ ᠲᠠᠩᠭᠢᠮ᠎ᠳᠤ ᠶᠠᠪᠤᠭᠲᠠᠵᠠᠢ᠃ ᠨᠠᠮ᠎ᠤᠨ ᠲᠦᠪ ᠬᠤᠷᠢᠶᠠᠠ᠎ᠤ ᠶᠡᠷᠦᠩᠭᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶᠠᠠ᠎ᠤ ᠲᠡᠷᠢᠭᠦᠯᠡᠭᠴᠢ ᠰᠢ ᠵᠢᠨ ᠫᠢᠩ ᠲᠤᠮᠲᠠᠲᠤ ᠤᠯᠤᠰ᠎ᠤᠨ ᠠᠷᠠᠳ᠎ᠤᠨ ᠴᠠᠭᠲᠠᠭ᠎ᠠ ᠵᠢᠨ ᠡᠩᠨᠡᠭᠡ᠎ᠳᠤ ᠲᠤᠭ ᠤᠯᠭᠤᠭᠰᠠᠠ ᠪᠦᠭᠡᠳ ᠰᠤᠷᠭ᠋ᠠᠯ ᠬᠠᠢ᠍ᠢ᠍ᠷᠠᠯᠠᠵᠦ᠂ ᠨᠠᠮ᠎ᠤᠨ ᠲᠦᠪ ᠬᠤᠷᠢᠶᠠᠠ᠎ᠤ ᠡᠮᠦᠨ᠎ᠠ᠎ᠠᠴᠠ ᠪᠦᠬᠦ ᠠᠷᠠᠳ᠎ᠤᠨ ᠴᠠᠭᠲᠠᠭ᠎ᠠ᠎ᠳᠤ ᠬᠠᠯᠠᠭᠤᠨ ᠪᠠᠶᠠᠷ ᠬᠦᠷᠭᠡᠵᠠᠢ᠃ ᠲᠡᠷᠡ᠂ ᠮᠠᠠ᠎ᠤ ᠤᠯᠤᠰ᠎ᠤᠨ ᠠᠷᠠᠳ᠎ᠤᠨ ᠴᠠᠭᠲᠠᠭ᠎ᠠ ᠪᠤᠯ ᠤᠯᠤᠰ᠎ᠤᠨ ᠠᠮᠤᠷ᠎ᠢ ᠬᠠᠮᠠᠭ᠋ᠠᠯᠠᠬᠤ ᠵᠠᠰᠠᠭ ᠵᠠᠬᠢᠷᠭ᠎ᠠ ᠪᠠ ᠡᠷᠡᠭᠦᠦ ᠵᠢᠨ ᠬᠠᠤᠯᠢ ᠴᠠᠭ᠋ᠠᠵᠠ ᠵᠢᠨ ᠴᠢᠬᠤᠯᠠ ᠬᠦᠴᠤᠨ ᠮᠦᠨ᠂ ᠤᠯᠤᠰ᠎ᠤᠨ ᠠᠮᠤᠷ ᠲᠦᠪᠰᠢᠨ ᠪᠠ ᠨᠡᠢ᠍ᠢ᠍ᠭᠡᠮ᠎ᠤᠨ ᠠᠮᠤᠷ ᠲᠦᠪᠰᠢᠨ ᠡᠮᠬᠢ ᠲᠢᠭᠯᠢᠮ᠎ᠢ ᠬᠠᠮᠠᠭ᠋ᠠᠯᠠᠵᠦ᠂ ᠡᠷᠭᠡᠲᠦ ᠠᠷᠠᠳ᠎ᠤᠨ ᠠᠮᠢ ᠪᠡᠶ᠎ᠠ ᠵᠢᠨ ᠠᠮᠤᠷ ᠲᠦᠪᠰᠢᠨ᠂ ᠪᠡᠶ᠎ᠠ ᠵᠢᠨ ᠡᠷᠭᠡ ᠴᠢᠯᠦᠭᠡ᠂ ᠬᠠᠤᠯᠢ ᠶᠤᠰᠤᠨ᠎ᠤ ᠡᠳ᠋ ᠬᠦᠷᠦᠩᠭᠡ ᠵᠢ ᠬᠠᠮᠠᠭ᠋ᠠᠯᠠᠵᠦ᠂ ᠤᠯᠠᠠ ᠨᠡᠢ᠍ᠢ᠍ᠲᠡ ᠵᠢᠨ ᠡᠳ᠋ ᠬᠦᠷᠦᠩᠭᠡ ᠵᠢ ᠬᠠᠮᠠᠭ᠋ᠠᠯᠠᠨ᠂ ᠬᠠᠤᠯᠢ᠎ᠠᠴᠠ ᠵᠦᠷᠢᠴᠡᠭᠰᠡᠡ ᠶᠠᠯᠠᠲᠦ ᠠᠵᠢᠯᠯᠠᠭ᠎ᠠ ᠵᠢ ᠰᠡᠷᠭᠡᠢ᠍ᠢ᠍ᠯᠡᠨ ᠵᠤᠭᠰᠤᠭ᠋ᠠᠵᠤ ᠰᠢᠢ᠍ᠳᠭᠡᠬᠦ᠎ᠪᠠᠷ ᠭᠤᠤᠯ ᠡᠭᠦᠷᠭᠡ ᠪᠤᠯᠭ᠋ᠠᠳᠠᠭ᠃ ᠰᠢᠨ᠎ᠠ ᠲᠡᠤᠭᠡᠨ ᠨᠦᠭᠦᠴᠡᠯ ᠲᠤᠤᠷ᠎ᠠ᠂ ᠮᠠᠠ᠎ᠤ ᠤᠯᠤᠰ᠎ᠤᠨ ᠠᠷᠠᠳ᠎ᠤᠨ ᠴᠠᠭᠲᠠᠭ᠎ᠠ ᠨᠠᠮ᠎ᠳᠠᠭᠠᠨ ᠦᠨᠡᠨᠴᠢ ᠪᠠᠢ᠍ᠢ᠍ᠵᠥ᠂ ᠠᠷᠠᠳ ᠲᠦᠮᠡᠡ᠎ᠳᠤ ᠦᠢ᠍ᠯᠡᠴᠢᠯᠡᠡ᠂ ᠲᠦᠪ ᠭᠤᠤᠯᠴᠢ᠎ᠪᠠᠷ ᠬᠠᠤᠯᠢ ᠭᠡᠷᠡᠭᠵᠢᠭᠦᠯᠵᠦ᠂ ᠰᠠᠬᠢᠯᠭ᠎ᠠ ᠪᠠᠲᠤ᠎ᠪᠠᠨ ᠴᠢᠩᠳᠠᠯᠠᠨ᠂ ᠪᠦᠬᠦ ᠰᠡᠳᠭᠢᠯ ᠪᠦᠬᠦ ᠵᠤᠷᠢᠭ ᠵᠶ᠋ᠠᠷ ᠵᠶ᠋ᠠᠨ ᠠᠷᠠᠳ ᠤᠯᠠᠠ᠎ᠤ ᠬᠦᠷᠲᠡᠮᠵᠢ ᠵᠢᠨ ᠲᠦᠷᠦᠭᠲᠡᠯ᠂ ᠵᠢᠷᠭ᠋ᠠᠯᠲᠦ ᠲᠦᠷᠦᠭᠲᠡᠯ᠂ ᠠᠮᠤᠷ ᠲᠦᠪᠰᠢᠨ᠎ᠤ ᠲᠦᠷᠦᠭᠲᠡᠯ᠎ᠢ ᠴᠢᠩᠭ᠋ᠠᠳᠬᠠᠬᠤ᠎ᠪᠠᠷ ᠴᠢᠷᠮᠠᠢ᠍ᠢ᠍ᠨ ᠠᠵᠢᠯᠯᠠᠵᠦ᠂ ᠨᠠᠮ ᠪᠠ ᠠᠷᠠᠳ ᠲᠦᠮᠠᠠ᠎ᠠᠴᠠ ᠤᠯᠭᠤᠭᠰᠠᠠ ᠡᠬᠦᠷᠭᠡ ᠬᠠᠷᠢᠭᠤᠴᠠᠯᠭ᠎ᠠ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃



     8 ᠰᠠᠷ᠎ᠠ ᠵᠢᠨ 26᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠭᠡ᠎ᠳᠤ ᠲᠤᠭ ᠤᠯᠭᠤᠬᠤ ᠶᠤᠰᠤᠯᠠᠯ ᠠᠷᠠᠳ᠎ᠤᠨ ᠶᠡᠬᠡ ᠬᠤᠷᠠᠯ᠎ᠤᠨ ᠲᠠᠩᠭᠢᠮ᠎ᠳᠤ ᠶᠠᠪᠤᠭᠳᠠᠵᠠᠢ᠃ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠬᠡ᠎ᠳᠤ ᠲᠤᠭ ᠤᠯᠭᠤᠭᠰᠠᠨ ᠪᠦᠭᠡᠳ ᠰᠤᠷᠭ᠋ᠠᠯ ᠬᠠᠢ᠍ᠢ᠍ᠷᠠᠯᠠᠪᠠ᠃ ᠵᠢᠷᠤᠭ ᠪᠤᠯ ᠰᠢ ᠵᠢᠨ ᠫᠢᠩ ᠰᠤᠷᠭ᠋ᠠᠯ ᠬᠠᠢ᠍ᠢ᠍ᠷᠠᠯᠠᠵᠤ ᠪᠠᠢ᠍ᠢ᠍ᠭ᠎ᠠ᠎ᠨᠢ᠃
                ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠧ ᠬᠤᠸᠠᠨ ᠊ᠤᠤᠢ ᠰᠡᠭᠦᠳᠡᠷᠯᠡᠪᠡ

      ᠠᠷᠠᠳ᠎ᠤᠨ ᠶᠡᠬᠡ ᠬᠤᠷᠠᠯ᠎ᠤᠨ ᠲᠠᠩᠭᠢᠮ᠎ᠤᠨ ᠬᠤᠢ᠍ᠢ᠍ᠲᠦ ᠲᠢᠩᠭᠢᠮ᠎ᠳᠤ ᠦᠪᠡᠲᠡᠭᠰᠢ ᠶᠡᠬᠡ ᠪᠦᠭᠡᠳ ᠬᠦᠷ ᠬᠦᠭᠵᠢᠶᠠᠨ᠎ᠲᠠᠢ ᠠᠭᠤᠷ ᠠᠮᠢᠰᠬᠤᠯ ᠵᠶ᠋ᠠᠷ ᠪᠢᠯᠬᠠᠨ᠎ᠠ᠃ ᠤᠯᠠᠭ᠋ᠠᠠ ᠦᠩᠭᠡ ᠵᠢᠨ ᠠᠷᠤ ᠦᠵᠡᠭᠲᠡᠯ᠎ᠤᠨ ᠬᠠᠪᠳᠠᠰᠤᠨ ᠳᠡᠭᠡᠷᠡᠬᠢ 《ᠲᠤᠮᠲᠠᠲᠤ ᠤᠯᠤᠰ᠎ᠤᠨ ᠠᠷᠠᠳ᠎ᠤᠨ ᠴᠠᠭᠲᠠᠭ᠎ᠠ᠎ᠳᠤ ᠴᠠᠭᠳᠠᠭ᠋ᠠᠨ᠎ᠤ ᠲᠤᠭ ᠤᠯᠭᠤᠬᠤ ᠶᠤᠰᠤᠯᠠᠯ》 ᠭᠡᠬᠦ ᠦᠰᠦᠭ ᠤᠨᠴᠠ ᠵᠢᠨ ᠢᠯᠡ ᠲᠤᠳᠤ ᠬᠠᠷᠠᠭᠲᠠᠨ᠎ᠠ᠃ ᠴᠠᠭᠲᠠᠭ᠎ᠠ ᠵᠢᠨ ᠶᠤᠰᠤᠯᠠᠯ᠎ᠤᠨ ᠬᠤᠪᠴᠠᠰᠤ᠂ ᠤᠨᠴᠠ ᠴᠠᠭᠲᠠᠭ᠎ᠠ ᠵᠢᠨ ᠪᠠᠢ᠍ᠢ᠍ᠯᠲᠤᠭ᠋ᠠᠠ᠎ᠤ ᠪᠤᠯᠪᠠᠰᠤᠷᠠᠯ᠎ᠤᠨ ᠬᠤᠪᠴᠠᠰᠤ ᠡᠮᠦᠰᠦᠭᠰᠡᠡ 300 ᠭᠠᠷᠤᠢ ᠠᠷᠠᠳ᠎ᠤᠨ ᠴᠠᠭᠲᠠᠭ᠎ᠠ ᠴᠡᠭᠡᠵᠢ ᠲᠡᠨᠢᠢ᠍ᠨ ᠵᠢᠪᠬᠤᠭ᠎ᠠ ᠲᠡᠭᠦᠯᠲᠡᠷ ᠵᠶ᠋ᠠᠷ ᠲᠡᠷᠢ ᠲᠡᠭᠰᠢ ᠵᠢᠭᠰᠠᠪᠠ᠃
     10 ᠴᠠᠭ 30 ᠮᠢᠨᠦᠢ᠍ᠲ᠎ᠤᠨ ᠦᠶ᠎ᠠ᠎ᠪᠠᠷ᠂ ᠲᠤᠭ ᠤᠯᠭᠤᠬᠤ ᠶᠤᠰᠤᠯᠠᠯ ᠡᠬᠢᠯᠡᠪᠡ᠃ ᠳᠠᠯᠠᠪᠠᠢ ᠳᠠᠶᠠᠭ᠋ᠠᠷ ᠵᠶ᠋ᠠᠨ ᠤᠯᠤᠰ᠎ᠤᠨ ᠰᠦᠯᠲᠠ ᠲᠠᠭᠤᠤ ᠵᠢ ᠬᠠᠩᠭᠢᠨᠠᠲᠠᠯ᠎ᠠ ᠲᠠᠭᠤᠯᠠᠵᠠᠢ᠃
      ᠶᠤᠰᠤᠯᠠᠯ᠎ᠤᠨ ᠠᠩᠭᠢ ᠵᠢᠨ ᠭᠡᠰᠢᠭᠦᠳ ᠲᠤᠮᠲᠠᠲᠤ ᠤᠯᠤᠰ᠎ᠤᠨ ᠠᠷᠠᠳ᠎ᠤᠨ ᠴᠠᠭᠲᠠᠭ᠎ᠠ ᠵᠢᠨ ᠴᠠᠭᠳᠠᠭ᠋ᠠᠨ᠎ᠤ ᠲᠤᠭ᠎ᠢ ᠬᠠᠮᠠᠭ᠋ᠠᠯᠠᠵᠦ᠂ ᠲᠦᠪ ᠠᠯᠬᠤᠭ᠎ᠠ᠎ᠪᠠᠷ ᠲᠡᠷᠢᠭᠦᠯᠡᠭᠴᠢ ᠵᠢᠨ ᠲᠠᠢ᠍ᠢ᠍ᠰᠠᠠ᠎ᠤ ᠡᠮᠦᠨ᠎ᠠ ᠠᠯᠬᠤᠨ ᠬᠦᠷᠪᠡ᠃ ᠰᠢ ᠵᠢᠨ ᠫᠢᠩ ᠲᠤᠲᠤᠭ᠋ᠠᠲᠤ ᠵᠢ ᠬᠠᠮᠠᠭ᠋ᠠᠯᠠᠬᠤ ᠶᠠᠮᠤᠨ᠎ᠤ ᠰᠠᠢ᠍ᠢ᠍ᠳ᠂ ᠶᠡᠷᠦᠩᠭᠡᠢ ᠴᠠᠭᠳᠠᠭ᠋ᠠᠨ ᠵᠠᠬᠢᠷᠤᠭᠴᠢ ᠵᠤᠤ ᠺᠸ ᡁᠢ᠂ ᠤᠯᠤᠰ᠎ᠤᠨ ᠠᠮᠤᠷ ᠲᠦᠪᠰᠢᠨ᠎ᠤ ᠶᠠᠮᠤᠨ᠎ᠤ ᠰᠠᠢ᠍ᠢ᠍ᠳ᠂ ᠶᠡᠷᠦᠩᠭᠡᠢ ᠴᠠᠭᠳᠠᠭ᠋ᠠᠨ ᠵᠠᠬᠢᠷᠤᠭᠴᠢ ᠴᠸᠠ ᠸᠸᠠ ᠴᠢᠩ᠎ᠳᠤ ᠲᠤᠰ ᠲᠤᠰ ᠲᠤᠭ ᠤᠯᠭᠤᠵᠠᠢ᠃ ᠵᠤᠤ ᠺᠸ ᡁᠢ᠂ ᠴᠸᠠ ᠸᠸᠠ ᠴᠢᠩ ᠰᠢ ᠵᠢᠨ ᠫᠢᠩ᠎ᠳᠤ ᠶᠤᠰᠤᠯᠠᠵᠦ᠂ ᠰᠢ ᠵᠢᠨ ᠫᠢᠩ᠎ᠤᠨ ᠭᠠᠷ᠎ᠠᠴᠠ ᠲᠤᠮᠲᠠᠲᠤ ᠤᠯᠤᠰ᠎ᠤᠨ ᠠᠷᠠᠳ᠎ᠤᠨ ᠴᠠᠭᠲᠠᠭ᠎ᠠ ᠵᠢᠨ ᠴᠠᠭᠳᠠᠭ᠋ᠠᠨ᠎ᠤ ᠲᠤᠭ᠎ᠢ ᠲᠤᠰᠴᠤ ᠠᠪᠤᠨ᠂ ᠤᠯᠠᠨ᠎ᠳᠤ ᠬᠠᠨᠳᠤᠨ ᠲᠤᠭ ᠵᠶ᠋ᠠᠨ ᠬᠤᠷᠤᠢ᠍ᠢ᠍ᠯᠠᠪᠠ᠃ ᠪᠦᠬᠦ ᠲᠠᠯᠠᠪᠠᠢ ᠵᠢᠨ ᠠᠷᠠᠳ᠎ᠤᠨ ᠴᠠᠭᠲᠠᠭ᠎ᠠ ᠴᠠᠭᠳᠠᠭ᠋ᠠᠨ᠎ᠤ ᠲᠤᠭ᠎ᠲᠤ ᠶᠤᠰᠤᠯᠠᠵᠠᠢ᠃



     8 ᠰᠠᠷ᠎ᠠ ᠵᠢᠨ 26᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠭᠡ᠎ᠳᠤ ᠲᠤᠭ ᠤᠯᠭᠤᠬᠤ ᠶᠤᠰᠤᠯᠠᠯ ᠠᠷᠠᠳ᠎ᠤᠨ ᠶᠡᠬᠡ ᠬᠤᠷᠠᠯ᠎ᠤᠨ ᠲᠠᠩᠭᠢᠮ᠎ᠳᠤ ᠶᠠᠪᠤᠭᠳᠠᠵᠠᠢ᠃ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠬᠡ᠎ᠳᠤ ᠲᠤᠭ ᠤᠯᠭᠤᠭᠰᠠᠨ ᠪᠦᠭᠡᠳ ᠰᠤᠷᠭ᠋ᠠᠯ ᠬᠠᠢ᠍ᠢ᠍ᠷᠠᠯᠠᠪᠠ᠃ ᠵᠢᠷᠤᠭ ᠪᠤᠯ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠭᠡ᠎ᠳᠤ ᠲᠤᠭ ᠤᠯᠭᠤᠵᠤ ᠪᠠᠢ᠍ᠢ᠍ᠭ᠎ᠠ᠎ᠨᠢ᠃
                          ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ



     8 ᠰᠠᠷ᠎ᠠ ᠵᠢᠨ 26᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠭᠡ᠎ᠳᠤ ᠲᠤᠭ ᠤᠯᠭᠤᠬᠤ ᠶᠤᠰᠤᠯᠠᠯ ᠠᠷᠠᠳ᠎ᠤᠨ ᠶᠡᠬᠡ ᠬᠤᠷᠠᠯ᠎ᠤᠨ ᠲᠠᠩᠭᠢᠮ᠎ᠳᠤ ᠶᠠᠪᠤᠭᠳᠠᠵᠠᠢ᠃ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠬᠡ᠎ᠳᠤ ᠲᠤᠭ ᠤᠯᠭᠤᠭᠰᠠᠨ ᠪᠦᠭᠡᠳ ᠰᠤᠷᠭ᠋ᠠᠯ ᠬᠠᠢ᠍ᠢ᠍ᠷᠠᠯᠠᠪᠠ᠃ ᠵᠢᠷᠤᠭ ᠪᠤᠯ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠭᠡ᠎ᠳᠤ ᠲᠣᠭ ᠣᠯᠭᠣᠵᠣ ᠪᠠᠢ᠌ᠭ᠎ᠠ᠎ᠨᠢ᠃
                            ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ

      ᠲᠠᠷᠠᠭ᠎ᠠ᠎ᠨᠢ᠂ ᠰᠢ ᠵᠢᠨ ᠫᠢᠩ ᠰᠤᠷᠭ᠋ᠠᠯ ᠬᠠᠢ᠍ᠢ᠍ᠷᠠᠯᠠᠵᠠᠢ᠃ ᠲᠡᠷᠡ᠂ ᠤᠷᠲᠤ ᠬᠤᠭᠤᠴᠠᠭ᠋ᠠᠠ᠎ᠤ ᠲᠤᠷᠰᠢ᠂ ᠨᠠᠮ᠎ᠤᠨ ᠤᠲᠤᠷᠢᠲᠤᠯᠭ᠎ᠠ ᠲᠤᠤᠷ᠎ᠠ᠂ ᠮᠠᠠ᠎ᠤ ᠤᠯᠤᠰ᠎ᠤᠨ ᠠᠷᠠᠳ᠎ᠤᠨ ᠴᠠᠭᠲᠠᠭ᠎ᠠ ᠵᠤᠷᠢᠯᠲᠠ ᠡᠬᠦᠷᠭᠡ᠎ᠪᠠᠨ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠦᠨᠡᠡᠴᠢ᠎ᠪᠠᠷ ᠬᠦᠢ᠍ᠴᠡᠳᠭᠡᠵᠦ᠂ ᠵᠤᠷᠢᠠᠠᠲᠠᠢ᠎ᠪᠠᠷ ᠡᠭᠦᠷᠭᠡ ᠡᠭᠦᠷᠭᠡᠯᠡᠨ ᠵᠢᠳᠭᠦᠨ ᠴᠢᠷᠮᠠᠢ᠍ᠢ᠍ᠵᠤ᠂ ᠲᠤᠷᠠᠲᠠᠶ᠎ᠠ ᠠᠮᠢ ᠪᠡᠶ᠎ᠠ᠎ᠪᠠᠨ ᠵᠤᠷᠢᠭᠤᠯᠵᠤ᠂ ᠤᠯᠤᠰ᠎ᠤᠨ ᠠᠮᠤᠷ ᠲᠦᠪᠰᠢᠨ᠂ ᠨᠡᠢ᠍ᠢ᠍ᠭᠡᠮ᠎ᠤᠨ ᠠᠮᠦᠷ ᠲᠤᠭᠲᠠᠭᠤᠠ᠂ ᠠᠷᠠᠳ ᠲᠦᠮᠠᠠ᠎ᠤ ᠠᠰᠢᠭ ᠲᠤᠰᠠ ᠵᠢ ᠬᠠᠮᠠᠭ᠋ᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠵᠠᠢ᠃
      ᠮᠠᠠ᠎ᠤ ᠤᠯᠤᠰ᠎ᠤᠨ ᠠᠷᠠᠳ᠎ᠤᠨ ᠴᠠᠭᠲᠠᠭ᠎ᠠ ᠪᠤᠯ ᠨᠢᠭᠡᠡ ᠰᠠᠯᠠᠭ᠎ᠠ ᠨᠠᠮ ᠪᠠ ᠠᠷᠠᠳ ᠲᠦᠮᠠᠠ ᠪᠦᠷᠢᠮᠦᠰᠦᠨ ᠢᠳᠡᠭᠡᠵᠦ ᠪᠤᠯᠬᠤ ᠪᠠᠳᠤ ᠴᠢᠩᠭ᠎ᠠ ᠲᠠᠢ᠍ᠢ᠍ᠴᠢᠠ ᠬᠦᠴᠦᠨ ᠪᠦᠬᠦᠢ ᠡᠩᠨᠡᠭᠡ ᠪᠤᠯᠬᠤ ᠵᠢ ᠦᠢ᠍ᠯᠡᠳᠦᠯᠭᠡ ᠭᠡᠷᠡᠴᠢᠯᠡᠵᠠᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ ᠠᠷᠠᠳ᠎ᠤᠨ ᠴᠠᠭᠳᠠᠭ᠎ᠠ ᠵᠢᠨ ᠡᠩᠨᠡᠭᠡ᠎ᠳᠤ 4 ᠲᠠᠯ᠎ᠠ ᠵᠢᠨ ᠱᠠᠭ᠋ᠠᠷᠳᠠᠯᠭ᠎ᠠ ᠳᠤᠷᠠᠳᠪᠠ᠃ ᠨᠢᠭᠡ᠎ᠳᠤ ᠨᠠᠮ᠎ᠳᠠᠭᠠᠨ ᠦᠨᠡᠨᠴᠢ ᠪᠠᠶ᠋ᠢᠬᠤ ᠬᠡᠷᠡᠭᠲᠡᠶ᠃ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠵᠤ᠂ ᠤᠯᠤᠰ ᠲᠥᠷᠥ᠎ᠪᠠᠷ ᠴᠠᠭᠳᠠᠭ᠎ᠠ ᠵᠢ ᠪᠠᠶ᠋ᠢᠭᠤᠯᠬᠤ ᠴᠢᠭᠯᠡᠯᠲᠡ ᠵᠢ ᠪᠠᠷᠢᠮᠲᠠᠯᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠢᠮᠠᠭᠲᠠ ᠨᠠᠮ᠎ᠤᠨ ᠲᠣᠭ ᠵᠶ᠋ᠠᠷ ᠲᠤᠭ ᠲᠡᠮᠳᠡᠭ ᠪᠣᠯᠭ᠋ᠠᠵᠤ᠂ ᠨᠠᠮ᠎ᠤᠨ ᠴᠢᠭᠯᠡᠯ ᠵᠶ᠋ᠠᠷ ᠴᠢᠭᠯᠡᠯ ᠪᠣᠯᠭ᠋ᠠᠵᠤ᠂ ᠨᠠᠮ᠎ᠤᠨ ᠵᠣᠷᠢᠭ ᠰᠠᠨᠠᠭ᠎ᠠ᠎ᠪᠠᠷ ᠵᠣᠷᠢᠭ ᠰᠠᠨᠠᠭ᠎ᠠ ᠪᠣᠯᠭ᠋ᠠᠵᠤ᠂ ᠨᠠᠮ᠎ᠤᠨ ᠲᠥᠪ ᠬᠣᠷᠢᠶᠠᠨ᠎ᠤ ᠵᠠᠷᠯᠢᠭ᠎ᠢ ᠡᠷᠡᠰ ᠲᠠᠭ᠋ᠠᠵᠤ᠂ ᠨᠠᠮ᠎ᠤᠨ ᠲᠥᠪ ᠬᠣᠷᠢᠶᠠᠨ᠎ᠤ ᠵᠢᠯᠤᠭᠤᠳᠤᠯᠭ᠎ᠠ ᠵᠢ ᠳᠠᠭ᠋ᠠᠵᠤ᠂ ᠬᠠᠷᠢᠴᠠᠯᠠᠰᠢᠭᠦᠢ ᠦᠨᠡᠨᠴᠢ ᠪᠠᠢ᠍ᠢ᠍ᠬᠤ᠂ ᠬᠠᠷᠢᠴᠠᠯᠠᠰᠢᠭᠦᠢ ᠴᠡᠪᠡᠷ ᠪᠠᠢ᠍ᠢ᠍ᠬᠤ᠂ ᠬᠠᠷᠢᠴᠠᠯᠠᠰᠢᠭᠦᠢ ᠨᠠᠶ᠋ᠢᠳᠠᠪᠤᠷᠢᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠣᠶᠠᠷ᠎ᠲᠤ ᠠᠷᠠᠳ ᠲᠦᠮᠡᠨ᠎ᠳᠤ ᠦᠢ᠍ᠯᠡᠴᠢᠯᠡᠬᠦ ᠬᠡᠷᠡᠭᠳᠠᠢ᠃ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠣᠯᠠᠨ ᠲᠦᠮᠡᠨᠴᠢ ᠱᠤᠭᠤᠮ᠎ᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠠᠯᠢᠪᠠ ᠪᠦᠬᠦᠨ᠎ᠳᠤ ᠠᠷᠠᠳ ᠲᠦᠮᠡᠨ᠎ᠤ ᠲᠥᠯᠥᠭᠡ ᠪᠠᠶ᠋ᠢᠬᠤ᠂ ᠠᠯᠢᠪᠠ ᠪᠦᠬᠦᠨ᠎ᠳᠤ ᠠᠷᠠᠳ ᠲᠦᠮᠡᠨ᠎ᠢ ᠲᠦᠰᠢᠭᠯᠡᠬᠦ ᠵᠢ ᠪᠠᠷᠢᠮᠳᠠᠯᠠᠵᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠵᠤ᠂ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠳᠤᠮᠳᠠ ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠠᠷᠠᠳ ᠲᠦᠮᠡᠨ᠎ᠤ ᠠᠰᠢᠭ ᠲᠤᠰᠠ ᠵᠢ ᠬᠠᠮᠠᠭ᠋ᠠᠯᠠᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠤᠯᠠᠨ᠎ᠤ ᠬᠦᠷᠳᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠮᠡᠭᠳᠡᠭᠦᠯᠬᠦ ᠵᠢᠨ ᠲᠥᠯᠥᠭᠡ ᠴᠢᠷᠮᠠᠶ᠋ᠢᠨ ᠠᠵᠢᠯᠯᠠᠬᠤ ᠬᠡᠷᠡᠭᠳᠠᠢ᠃ ᠭᠤᠷᠪᠠ᠎ᠳᠤ ᠲᠥᠪ ᠭᠣᠤᠯᠴᠢ᠎ᠪᠠᠷ ᠬᠠᠤᠯᠢ ᠬᠡᠷᠡᠭᠵᠢᠭᠦᠯᠬᠦ ᠬᠡᠷᠡᠭᠳᠠᠢ᠃ ᠨᠡᠶ᠋ᠢᠭᠡᠮ᠎ᠤᠨ ᠲᠥᠪ ᠭᠣᠤᠯᠴᠢ ᠰᠢᠳᠤᠷᠭᠤ ᠶᠣᠰᠣ ᠵᠢ ᠬᠠᠮᠠᠭ᠋ᠠᠯᠠᠬᠤ ᠵᠢ ᠪᠠᠷᠢᠮᠲᠠᠯᠠᠵᠤ᠂ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠨ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠵᠤ᠂ ᠨᠢᠭᠳᠠ ᠴᠢᠩᠭ᠎ᠠ ᠵᠢᠷᠤᠮᠵᠢᠯ᠎ᠲᠠᠢ ᠲᠥᠪ ᠭᠣᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠪᠣᠳᠠᠲᠠᠶ᠎ᠳᠤ ᠨᠠᠢ᠍ᠢ᠍ᠳᠠᠪᠤᠷᠢᠵᠢᠭᠤᠯᠤᠨ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠨᠡᠢ᠍ᠢ᠍ᠳᠡ᠎ᠳᠤ ᠢᠲᠡᠭᠡᠭᠦᠯᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠡᠷᠡᠭ ᠨᠢᠭᠡᠪᠦᠷᠢ ᠵᠢ ᠭᠦᠢ᠍ᠴᠡᠳᠭᠡᠭᠰᠡᠨ ᠪᠠᠢ᠍ᠢ᠍ᠳᠠᠯ᠂ ᠶᠠᠪᠤᠳᠠᠯ ᠪᠦᠷᠢ ᠵᠢ ᠰᠢᠢ᠍ᠳᠪᠦᠷᠢᠯᠡᠭᠰᠡᠨ ᠪᠠᠢ᠍ᠢ᠍ᠳᠠᠯ᠎ᠠᠴᠠ ᠲᠥᠪ ᠭᠣᠤᠯᠴᠢ ᠰᠢᠳᠤᠷᠭᠤ ᠶᠣᠰᠣ ᠵᠢ ᠠᠷᠠᠳ ᠲᠦᠮᠡᠨ᠎ᠳᠤ ᠮᠡᠳᠡᠷᠡᠭᠦᠯᠬᠦ᠎ᠪᠠᠷ ᠴᠢᠷᠮᠠᠶ᠋ᠢᠬᠤ ᠬᠡᠷᠡᠭᠲᠡᠶ᠃ ᠲᠦᠷᠪᠡ᠎ᠳᠤ ᠰᠠᠬᠢᠯᠭ᠎ᠠ ᠪᠠᠲᠤ ᠵᠢ ᠴᠢᠩᠳᠠᠯᠠᠬᠤ ᠬᠡᠷᠡᠭᠳᠠᠢ᠃ ᠴᠢᠩᠭ᠎ᠠ ᠬᠠᠮᠢᠶᠠᠷᠬᠤ ᠪᠠ ᠰᠠᠢ᠍ᠢ᠍ᠳᠦᠷ ᠬᠠᠯᠠᠮᠵᠢᠯᠠᠬᠤ ᠵᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭ᠋ᠠᠷᠯᠠᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠴᠠᠭᠳᠠᠭ᠋ᠠᠨ᠎ᠤ ᠰᠠᠬᠢᠯᠭ᠎ᠠ ᠪᠠᠲᠤ ᠵᠢ ᠴᠢᠩᠳᠠᠯᠠᠨ ᠡᠩᠨᠡᠭᠡ᠎ᠪᠠᠨ ᠴᠡᠪᠡᠷᠰᠢᠭᠦᠯᠵᠦ᠂ ᠪᠣᠳᠠᠲᠤ ᠳᠠᠢ᠍ᠢ᠍ᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠯᠪᠠᠰᠤᠷᠠᠯ ᠵᠶ᠋ᠠᠨ ᠴᠢᠩᠭ᠋ᠠᠳᠬᠠᠵᠤ᠂ ᠲᠡᠮᠦᠷ ᠮᠡᠳᠦ ᠪᠠᠳᠤ ᠪᠡᠬᠢ ᠬᠦᠰᠡᠯᠡᠩ ᠢᠲᠡᠭᠡᠯ ᠪᠢᠰᠢᠷᠡᠯ᠂ ᠲᠡᠮᠦᠷ ᠮᠡᠳᠦ ᠪᠠᠳᠤ ᠪᠡᠬᠢ ᠬᠠᠷᠢᠭᠤᠴᠠᠯᠭ᠎ᠠ ᠡᠭᠦᠷᠭᠡᠯᠡᠯ᠂ ᠲᠡᠮᠦᠷ ᠮᠡᠲᠦ ᠪᠠᠳᠤ ᠪᠡᠬᠢ ᠴᠢᠳᠠᠪᠤᠷᠢ᠂ ᠲᠡᠮᠦᠷ ᠮᠡᠲᠦ ᠰᠠᠬᠢᠯᠭ᠎ᠠ ᠪᠠᠲᠤ ᠬᠡᠪ ᠰᠤᠷᠲᠠᠯ᠎ᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠨᠠᠮ᠎ᠤᠨ ᠤᠳᠤᠷᠢᠳᠤᠭᠰᠠᠨ ᠨᠡᠶ᠋ᠢᠭᠡᠮ ᠵᠢᠷᠤᠮᠲᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠡᠶ᠎ᠡ᠎ᠪᠠᠨ ᠪᠠᠷᠢᠵᠤ ᠤᠯᠠᠨ᠎ᠤ ᠲᠥᠯᠥᠭᠡ ᠵᠢᠳᠬᠦᠬᠦ᠂ ᠬᠠᠷᠠᠮ ᠦᠭᠡᠢ ᠵᠣᠷᠢᠭᠤᠯᠬᠤ ᠰᠠᠢ᠍ᠢ᠍ᠨ ᠰᠠᠶ᠋ᠢᠬᠠᠨ ᠲᠦᠷᠢ ᠲᠥᠷᠬᠦ ᠵᠢ ᠭᠦᠢ᠍ᠴᠡᠳ ᠢᠯᠡᠷᠡᠭᠦᠯᠬᠦ ᠬᠡᠷᠡᠭᠳᠠᠢ᠃
      ᠲᠣᠭ ᠣᠯᠭᠣᠬᠤ ᠶᠣᠰᠣᠯᠠᠯ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ ᠸᠠᠩ ᠬᠤ᠌ ᠨᠢᠩ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠡᠩᠨᠡᠭᠡ᠎ᠳᠤ 〈ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠲᠣᠭ〉 ᠣᠯᠭᠣᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠢ ᠤᠩᠰᠢᠨ ᠨᠡᠶ᠋ᠢᠲᠡᠯᠡᠪᠡ᠃
      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠠᠨ ᠵᠧᠩ ᠶᠣᠰᠣᠯᠠᠯ᠎ᠳᠤ ᠣᠷᠣᠯᠴᠠᠵᠠᠢ᠃
      ᠲᠤᠭ ᠣᠯᠭᠣᠬᠤ ᠶᠣᠰᠣᠯᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠬᠠᠮᠲᠤ᠎ᠪᠠᠷ ᠲᠠᠩᠭ᠋ᠠᠷᠢᠡᠡᠯᠠᠵᠠᠢ᠂ ᠲᠠᠩᠭ᠋ᠠᠷᠢᠭ᠎ᠤᠨ ᠦᠭᠡ᠎ᠨᠢ᠄ ᠨᠠᠮ᠎ᠳᠠᠭᠠᠨ ᠦᠨᠡᠨᠴᠢ ᠪᠠᠢ᠍ᠢ᠍ᠵᠤ᠂ ᠠᠷᠠᠳ ᠲᠦᠮᠡᠨ᠎ᠳᠤ ᠦᠢ᠍ᠯᠡᠴᠢᠯᠡᠵᠦ᠂ ᠲᠦᠪ ᠭᠣᠤᠯᠴᠢ᠎ᠪᠠᠷ ᠬᠠᠤᠯᠢ ᠬᠡᠷᠡᠭᠵᠢᠭᠦᠯᠵᠦ᠂ ᠰᠠᠬᠢᠯᠭ᠎ᠠ ᠪᠠᠲᠤ᠎ᠪᠠᠨ ᠴᠢᠩᠳᠠᠯᠠᠨ᠎ᠠ; ᠡᠷᠡᠰ ᠪᠠᠲᠤ ᠠᠷᠢᠭᠤᠨ ᠴᠡᠪᠡᠷ ᠪᠠᠢ᠍ᠢ᠍ᠵᠤ᠂ ᠨᠠᠮ ᠵᠶ᠋ᠠᠨ ᠰᠠᠨᠠᠭ᠎ᠠ ᠠᠮᠤᠷ ᠪᠠᠢ᠍ᠢ᠍ᠯᠭ᠋ᠠᠵᠤ᠂ ᠳᠤᠷᠠᠲᠠᠶ᠎ᠠ ᠵᠤᠷᠢᠭᠤᠯᠵᠤ᠂ ᠭᠠᠪᠰᠢᠭ᠋ᠠᠢ᠍ᠢ᠍ᠯᠠᠨ ᠲᠡᠮᠡᠴᠡᠵᠤ ᠢᠯᠠᠯᠳᠠ ᠤᠯᠤᠨ᠎ᠠ᠃
      ᠭᠦᠸᠧ ᠱᠧᠩ ᠺᠦᠨ ᠶᠣᠰᠣᠯᠠᠯ᠎ᠢ ᠡᠷᠬᠢᠯᠡᠪᠡ᠃ ᠳ᠋ᠢᠩ ᠰᠢᠤᠸᠠᠢ ᠰᠢᠶᠠᠩ᠂ ᠵᠠᠩ ᠶᠢᠦ ᠰᠢᠶᠠ᠂ ᠴᠧᠨ ᠰᠢ᠂ ᠵᠧᠦ ᠴᠢᠶᠠᠩ᠂ ᠵᠠᠩ ᠵᠢᠶᠦ᠋ᠨ ᠶᠣᠰᠣᠯᠠᠯ᠎ᠳᠤ ᠣᠷᠣᠯᠴᠠᠵᠠᠢ᠃ ᠲᠥᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶᠠᠨ᠎ᠤ ᠭᠡᠰᠢᠭᠦᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠶᠣᠰᠣᠯᠠᠯ᠎ᠳᠤ ᠣᠷᠣᠯᠴᠠᠵᠠᠢ᠃
      ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠲᠤᠭ᠎ᠨᠢ ᠤᠯᠠᠭ᠋ᠠᠨ ᠬᠥᠬᠡ ᠬᠣᠶᠠᠷ ᠥᠩᠭᠡ᠎ᠪᠠᠷ ᠪᠦᠷᠢᠯᠳᠦᠵᠤ᠂ ᠤᠯᠠᠭ᠋ᠠᠨ ᠥᠩᠭᠡ᠎ᠪᠠᠷ ᠭᠣᠣᠯ ᠪᠣᠯᠭ᠋ᠠᠵᠤ᠂ ᠴᠠᠭᠳᠠᠭ᠋ᠠᠨ᠎ᠤ ᠰᠦᠯᠳᠡ᠎ᠨᠢ ᠲᠤᠭ᠎ᠤᠨ ᠵᠡᠭᠦᠨ ᠳᠡᠭᠡᠷ᠎ᠡ ᠥᠨᠴᠥᠭ᠎ᠲᠤ ᠪᠠᠢ᠍ᠢ᠍ᠳᠠᠭ᠃ ᠴᠠᠭᠳᠠᠭ᠋ᠠᠨ᠎ᠤ ᠲᠤᠭ ᠪᠣᠯ ᠠᠷᠠᠳ᠎ᠤᠨ ᠴᠠᠭᠳᠠᠭ᠎ᠠ ᠵᠢᠨ ᠡᠩᠨᠡᠭᠡ ᠵᠢᠨ ᠴᠢᠬᠤᠯᠠ ᠪᠡᠯᠭᠡ ᠲᠡᠮᠳᠡᠭ ᠮᠥᠨ᠂ ᠠᠷᠠᠳ᠎ᠤᠨ ᠴᠠᠭᠳᠠᠭ᠋ᠠᠨ᠎ᠤ ᠢᠷᠠᠭᠤ ᠠᠯᠳᠠᠷ ᠪᠠ ᠡᠭᠦᠷᠭᠡ ᠬᠠᠷᠢᠭᠤᠴᠠᠯᠭ᠎ᠠ ᠵᠢᠨ ᠪᠡᠯᠭᠡᠳᠡᠯ ᠮᠥᠨ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠶᠡᠷᠦᠩᠬᠡᠢ ᠱᠦᠵᠢ ᠰᠢ ᠵᠢᠨ ᠫᠢᠩ ᠨᠢᠩᠰᠢᠶᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠰᠢ ᠵᠢᠨ ᠫᠢᠩ ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠳᠡᠮᠡᠴᠡᠬᠦ ᠤᠨᠴᠠᠭ᠋ᠠᠢ ᠳᠦᠷᠦᠬᠦᠴᠦᠳ᠎ᠤᠨ ᠬᠤᠷᠠᠯ᠎ᠢ ᠡᠷᠬᠢᠯᠡᠭᠰᠡᠨ ᠪᠦᠬᠡᠳ ᠭᠤᠤᠯ ᠵᠤᠷᠢᠯᠳᠠᠳᠤ ᠶᠠᠷᠢᠶ᠎ᠠ ᠲᠠᠯᠪᠢᠪᠠ
ᠰᠢ ᠵᠢᠨ ᠫᠢᠩ ᠤᠷᠤᠰ᠎ᠤᠨ ᠶᠡᠷᠤᠩᠬᠡᠢ᠍ᠢ᠍ᠯᠡᠭᠴᠢ ᠫᠦᠲ᠋ᠢᠨ᠎ᠲᠠᠢ ᠤᠳᠠᠰᠤ᠎ᠪᠠᠷ ᠶᠠᠷᠢᠯᠴᠠᠪᠠ
ᠪᠦᠬᠦ ᠤᠯᠤᠰ᠎ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠲᠠᠢ ᠲᠡᠮᠡᠴᠡᠭᠰᠡᠳ᠎ᠢ ᠬᠦᠬᠢᠬᠦᠯᠦᠨ ᠰᠠᠢ᠍ᠢ᠍ᠰᠢᠶᠠᠬᠤ ᠶᠡᠭᠡ ᠬᠤᠷᠠᠯ 8᠎ᠤ ᠦᠳᠡ ᠵᠢᠨ ᠡᠮᠦᠨ᠎ᠠ ᠪᠡᠭᠡᠵᠢᠩ᠎ᠳᠤ ᠦᠪᠡᠳᠡᠭᠰᠢ ᠶᠡᠭᠡ᠎ᠪᠠᠷ ᠶᠠᠪᠤᠭᠳᠠᠨ᠎ᠠ
ᠨᠠᠮ᠎ᠤᠨ ᠲᠦᠪ ᠬᠤᠷᠢᠶᠠᠨ᠎ᠤ ᠶᠡᠷᠤᠩᠬᠡᠢ ᠱᠦᠵᠢ ᠤᠯᠤᠰ᠎ᠤᠨ ᠲᠡᠷᠢᠬᠦᠯᠡᠭᠴᠢ ᠰᠢ ᠵᠢᠨ ᠫᠢᠩ ᠪᠤᠯᠤᠨ ᠮᠤᠩᠭᠤᠯ ᠤᠯᠤᠰ᠎ᠤᠨ ᠠᠷᠠᠳ᠎ᠤᠨ ᠨᠠᠮ᠎ᠤᠨ ᠲᠡᠷᠢᠬᠦᠯᠡᠭᠴᠢ ᠵᠠᠰᠠᠭ᠎ᠤᠨ ᠤᠷᠳᠤᠨ᠎ᠤ ᠶᠡᠷᠤᠩᠬᠡᠢ ᠰᠠᠢ᠍ᠢ᠍ᠳ ᠬᠦᠷᠡᠯᠰᠦᠢ᠍ᠬᠡ ᠬᠠᠷᠢᠯᠴᠠᠨ ᠵᠠᠬᠢᠳᠠᠯ ᠢᠯᠡᠬᠡᠪᠡ
 
            