ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠠᠢ᠌ᠭᠤᠯᠵᠦ ᠲᠠᠭᠤᠰᠤᠭᠰᠠᠨ ᠵᠢᠴᠢ ᠠᠰᠢᠬᠯᠠᠯᠳᠠ᠎ᠳᠤ ᠤᠷᠤᠭᠤᠯᠬᠤ ᠶᠤᠰᠤᠯᠠᠯ᠎ᠳᠤ ᠤᠷᠤᠯᠴᠠᠵᠦ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠪᠦᠮᠪᠦᠷᠴᠡᠭ᠎ᠤᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ ᠵᠢᠩᠬᠢᠨᠢ᠎ᠪᠠᠷ ᠨᠡᠪᠳᠡᠷᠡᠭᠰᠡᠨ᠎ᠢ ᠵᠠᠷᠯᠠᠵᠠᠢ
ᠨᠡᠶ᠋ᠢᠲᠡᠯᠡᠭᠰᠡᠨ ᠴᠠᠭ᠄ 2020-08-06


        7 ᠰᠠᠷ᠎ᠠ ᠵᠢᠨ 31᠎ᠤ ᠦᠳᠡ ᠵᠢᠨ ᠡᠮᠤᠨ᠎ᠠ᠂ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠲᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ᠎ᠢ ᠪᠠᠢ᠍ᠢ᠍ᠭᠤᠯᠵᠤ ᠳᠠᠭᠤᠰᠤᠭᠰᠠᠨ ᠵᠢᠴᠢ ᠠᠰᠢᠬᠯᠠᠯᠳᠠ᠎ᠳᠤ ᠤᠷᠤᠭᠤᠯᠬᠤ ᠶᠤᠰᠤᠯᠠᠯ ᠪᠡᠬᠡᠵᠢᠩ᠎ᠳᠤ ᠶᠠᠪᠤᠬᠳᠠᠪᠠ᠃ ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠶᠤᠰᠤᠯᠠᠯ᠎ᠳᠤ ᠤᠷᠤᠯᠴᠠᠵᠤ᠂ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ ᠵᠢᠩᠬᠢᠨᠢ᠎ᠪᠠᠷ ᠨᠡᠪᠲᠡᠷᠡᠭᠰᠡᠨ᠎ᠢ ᠵᠠᠷᠯᠠᠪᠠ᠃
                        ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠬᠦᠳᠡᠷᠯᠡᠪᠡ

      ᠰᠢᠨᠬᠤᠸᠠ ᠬᠤᠷᠢᠶᠠᠨ᠎ᠤ ᠪᠡᠬᠡᠵᠢᠩ᠎ᠤᠨ 7 ᠰᠠᠷ᠎ᠠ ᠵᠢᠨ 31᠎ᠤ ᠴᠠᠬᠢᠯᠭ᠋ᠠᠨ ᠮᠡᠳᠡᠬᠡ (ᠰᠤᠷᠪᠤᠯᠵᠢᠯᠠᠬ᠍ᠴᠢ ᠽᠸᠤ ᠸᠸᠢ) ᠲᠤᠬᠢᠭᠤᠷ ᠲᠤᠯᠤᠭ᠋ᠠᠨ ᠤᠳᠤ ᠬᠢᠯᠠᠯᠵᠠᠨ ᠵᠦᠭ ᠪᠦᠷᠢ ᠵᠢᠨ ᠬᠦᠮᠦᠰ᠎ᠲᠤ ᠵᠠᠮᠴᠢᠯᠠᠨ᠎ᠠ᠃ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠲᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ᠎ᠢ ᠪᠠᠢ᠍ᠢ᠍ᠭᠤᠯᠵᠤ ᠳᠠᠭᠤᠰᠤᠭᠰᠠᠨ ᠵᠢᠴᠢ ᠠᠰᠢᠬᠯᠠᠯᠳᠠ᠎ᠳᠤ ᠤᠷᠤᠭᠤᠯᠬᠤ ᠶᠤᠰᠤᠯᠠᠯ 31᠎ᠤ ᠦᠳᠡ ᠵᠢᠨ ᠡᠮᠤᠨ᠎ᠠ ᠪᠡᠬᠡᠵᠢᠩ᠎ᠳᠤ ᠶᠠᠪᠤᠬᠳᠠᠪᠠ᠃ ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠶᠤᠰᠤᠯᠠᠯ᠎ᠳᠤ ᠤᠷᠤᠯᠴᠠᠵᠤ᠂ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ ᠵᠢᠩᠬᠢᠨᠢ᠎ᠪᠠᠷ ᠨᠡᠪᠲᠡᠷᠡᠭᠰᠡᠨ᠎ᠢ ᠵᠠᠷᠯᠠᠭᠰᠠᠨ ᠪᠦᠭᠡᠳ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠎ᠤᠨ ᠪᠠᠢ᠍ᠢ᠍ᠭᠤᠯᠤᠯᠳᠠ ᠬᠦᠭᠵᠢᠯᠳᠠ ᠵᠢᠨ ᠦᠷ᠎ᠠ ᠪᠦᠳᠤᠬᠡᠯ᠎ᠤᠨ ᠦᠵᠡᠬᠦᠯᠬᠡ ᠵᠢ ᠲᠤᠭᠤᠷᠢᠨ ᠦᠵᠡᠵᠤ᠂ ᠨᠠᠮ᠎ᠤᠨ ᠲᠦᠪ ᠬᠤᠷᠢᠶᠠᠨ᠎ᠤ ᠡᠮᠦᠨ᠎ᠠ᠎ᠠᠴᠠ ᠲᠤᠰ ᠰᠢᠰᠲᠸᠮ᠎ᠢ ᠰᠤᠳᠤᠯᠵᠤ ᠪᠠᠢ᠍ᠢ᠍ᠭᠤᠯᠬᠤ᠎ᠳᠤ ᠤᠷᠤᠯᠴᠠᠬᠰᠠᠨ ᠪᠦᠬᠦ ᠬᠦᠮᠦᠰ᠎ᠲᠤ ᠴᠢᠩ ᠰᠡᠳᠬᠢᠯ᠎ᠤᠨ ᠳᠠᠯᠠᠷᠬᠠᠯ ᠪᠠ ᠲᠤᠳᠤᠨᠤ ᠮᠡᠨᠳᠤᠴᠢᠯᠠᠯ ᠳᠡᠪᠰᠢᠭᠦᠯᠵᠦ ᠪᠠᠢ᠍ᠢ᠍ᠬᠤ᠎ᠪᠠᠨ ᠢᠯᠡᠳᠭᠡᠪᠡ


      ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠡᠰᠢᠬᠦᠨ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠶᠠᠷᠤᠩᠬᠡᠢ ᠰᠠᠢ᠍ᠢ᠍ᠳ ᠯᠢ ᠺᠸ ᠴᠢᠶᠠᠩ᠂ ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠡᠰᠢᠬᠦᠨ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠲᠡᠳ᠋ ᠶᠠᠷᠤᠩᠬᠡᠢ ᠰᠠᠢ᠍ᠢ᠍ᠳ ᠬᠠᠨ ᠵᠸᠩ ᠶᠤᠰᠤᠯᠠᠯ᠎ᠳᠤ ᠤᠷᠤᠯᠴᠠᠪᠠ᠃
      ᠲᠦᠪ ᠰᠦᠷᠯᠢᠭ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠬᠦᠨ ᠶᠡᠬᠡ ᠲᠢᠩᠬᠢᠮ᠎ᠳᠤ ᠳ᠋ᠸᠩ᠎ᠤᠨ ᠬᠡᠷᠡᠯ ᠲᠤᠸᠠᠯᠠᠵᠤ᠂ ᠬᠦᠷ ᠬᠦᠭᠵᠢᠶᠠᠨ ᠵᠶ᠋ᠠᠷ ᠪᠢᠯᠬᠠᠨ᠎ᠠ᠃ 10 ᠴᠠᠬ 30 ᠮᠢᠨᠦᠢ᠍ᠲ᠎ᠤᠨ ᠦᠶ᠎ᠠ᠎ᠪᠠᠷ᠂ ᠬᠠᠯᠠᠭᠤᠨ ᠠᠯᠠᠭ᠎ᠠ ᠲᠠᠰᠢᠯᠳᠠ ᠵᠢᠨ ᠲᠤᠮᠳᠠ ᠰᠢ ᠵᠢᠨ ᠫᠢᠩ ᠨᠠᠷ ᠶᠤᠰᠤᠯᠠᠯ᠎ᠤᠨ ᠲᠠᠯᠠᠪᠠᠢ᠎ᠳᠤ ᠠᠯᠬᠤᠨ ᠤᠷᠤᠪᠠ᠃
      ᠯᠢᠦ ᠡᡁᠸ ᠶᠤᠰᠤᠯᠠᠯ᠎ᠢ ᠡᠷᠬᠢᠯᠠᠪᠠ᠃ ᠶᠤᠰᠤᠯᠠᠯ ᠲᠡᠭᠡᠷ᠎ᠠ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ᠎ᠤᠨ ᠪᠠᠢ᠍ᠢ᠍ᠭᠤᠯᠤᠯᠳᠠ ᠬᠦᠭᠵᠢᠯᠳᠠ ᠵᠢᠨ ᠪᠠᠢ᠍ᠢ᠍ᠳᠠᠯ᠎ᠤᠨ ᠸᠢᠳᠢᠣ᠋ ᠤᠬᠤᠷ ᠹᠢᠯᠢᠮ᠎ᠢ ᠨᠡᠪᠳᠡᠷᠡᠬᠦᠯᠵᠠᠢ᠃ ᠵᠠᠩ ᠶᠢᠤ ᠰᠢᠶᠠ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠪᠠᠶᠠᠷ᠎ᠤᠨ ᠴᠠᠬᠢᠯᠭ᠋ᠠᠨ ᠴᠢᠮᠡᠬᠡ ᠵᠢ ᠤᠩᠰᠢᠪᠠ᠃
     10 ᠴᠠᠬ 48 ᠮᠢᠨᠦᠢ᠍ᠲ᠎ᠲᠤ ᠰᠢ ᠵᠢᠨ ᠫᠢᠩ ᠲᠡᠷᠢᠬᠦᠯᠡᠭᠴᠢ ᠵᠢᠨ ᠲᠠᠢ᠍ᠢ᠍ᠰᠠᠨ᠎ᠳᠤ ᠭᠠᠷᠴᠤ᠂ 《ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ ᠵᠢᠩᠬᠢᠨᠢ᠎ᠪᠠᠷ ᠨᠡᠪᠲᠡᠷᠡᠵᠠᠢ!》 ᠬᠡᠵᠤ ᠵᠠᠷᠯᠠᠬᠤ᠎ᠳᠤ ᠪᠦᠬᠦ ᠲᠠᠯᠠᠪᠠᠢ᠎ᠳᠤ ᠬᠠᠯᠠᠭᠤᠨ ᠠᠯᠠᠭ᠎ᠠ ᠲᠠᠰᠢᠯᠳᠠ ᠤᠳᠠᠳᠠᠯ᠎ᠠ ᠦᠷᠬᠦᠯᠵᠢᠯᠠᠯ᠎ᠠ᠃


      ᠶᠤᠰᠤᠯᠠᠯ ᠲᠡᠬᠦᠰᠦᠭᠰᠡᠨ᠎ᠤ ᠲᠠᠷᠠᠭ᠎ᠠ᠂ ᠰᠢ ᠵᠢᠨ ᠫᠢᠩ ᠨᠠᠷ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠡᡁᠸᠪᠸᠢ ᠲᠢᠩᠬᠢᠮ᠎ᠳᠤ ᠬᠦᠷᠴᠤ᠂ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠎ᠤᠨ ᠪᠠᠢ᠍ᠢ᠍ᠭᠤᠯᠤᠯᠳᠠ ᠬᠦᠭᠵᠢᠯᠳᠠ ᠵᠢᠨ ᠦᠷ᠎ᠠ ᠪᠦᠳᠤᠬᠡᠯ᠎ᠤᠨ ᠦᠵᠡᠬᠦᠯᠬᠡ ᠵᠢ ᠲᠤᠭᠤᠷᠢᠨ ᠦᠵᠡᠵᠤ᠂ ᠢᠨᠵᠸᠨ᠋ᠸᠷᠢᠩ᠎ᠤᠨ ᠪᠦᠳᠤᠬᠡᠨ ᠪᠠᠢ᠍ᠢ᠍ᠭᠤᠯᠤᠯᠳᠠ᠂ ᠡᠷᠬᠢᠯᠳᠡ ᠵᠢᠨ ᠤᠢ᠍ᠢ᠍ᠯᠡᠴᠢᠯᠡᠬᠡ᠂ ᠭᠡᠷᠡᠭᠯᠡᠬᠡᠨ᠎ᠤ ᠲᠠᠯᠬᠡᠷᠡᠬᠦᠯᠦᠯᠳᠡ᠂ ᠤᠯᠠᠨ ᠤᠯᠤᠰ᠎ᠤᠨ ᠬᠠᠮᠳᠤᠷᠠᠯᠴᠠᠭ᠎ᠠ ᠪᠠ ᠬᠦᠭᠵᠢᠯᠳᠠ ᠵᠢᠨ ᠢᠷᠡᠭᠡᠳᠦᠢ ᠵᠢᠨ ᠲᠤᠬᠠᠢ ᠪᠠᠷᠠᠯᠠᠯ᠎ᠤᠨ ᠲᠠᠨᠢᠯᠴᠠᠭᠤᠯᠭ᠎ᠠ ᠵᠢ ᠰᠤᠨᠤᠰᠴᠠᠢ᠃ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠎ᠤᠨ ᠪᠡᠶ᠎ᠠ᠎ᠪᠠᠨ ᠲᠠᠭ᠋ᠠᠭ᠋ᠠᠵᠤ ᠰᠢᠨ᠎ᠠ ᠵᠢ ᠡᠭᠦᠳᠦᠭᠰᠡᠨ ᠪᠠᠶ᠎ᠠ᠎ᠪᠠᠨ ᠲᠠᠭ᠋ᠠᠭ᠋ᠠᠵᠤ ᠡᠵᠡᠮᠳᠡᠵᠤ ᠪᠤᠯᠬᠤ ᠴᠢᠬᠤᠯᠠ ᠦᠷ᠎ᠠ ᠪᠦᠳᠤᠬᠡᠯ ᠪᠤᠯᠤᠨ ᠬᠡᠪᠴᠢᠶᠡᠵᠢᠭᠰᠡᠨ᠂ ᠵᠠᠬ᠎ᠠ  ᠳᠡᠯᠭᠡᠭᠦᠷᠴᠢᠯᠡᠭᠰᠡᠨ᠂ ᠠᠵᠤ ᠤᠢ᠍ᠢ᠍ᠯᠡᠰᠵᠢᠭᠰᠡᠨ ᠭᠡᠷᠡᠭᠯᠡᠬᠡ ᠵᠢᠴᠢ ᠲᠡᠯᠡᠬᠡᠢ᠍ᠢ᠍ᠵᠢᠯᠳᠠ ᠵᠢᠨ ᠠᠬᠢᠴᠠ ᠵᠢᠨ ᠦᠵᠡᠭᠦᠯᠭᠡ᠂ ᠦᠵᠡᠬᠦᠯᠬᠡ ᠵᠢᠨ ᠬᠠᠪᠳᠠᠰᠤ ᠪᠤᠯᠤᠨ ᠦᠵᠡᠬᠦᠯᠬᠡ ᠵᠢᠨ ᠪᠤᠳᠠᠰ᠎ᠨᠢ ᠰᠢ ᠵᠢᠨ ᠫᠢᠩ᠎ᠤᠨ ᠠᠩᠬᠠᠷᠤᠯ᠎ᠢ ᠲᠠᠳᠠᠵᠤ᠂ ᠲᠡᠷᠡ ᠪᠠᠢ᠍ᠢ᠍ᠨ ᠪᠠᠢ᠍ᠢ᠍ᠨ ᠵᠤᠬᠰᠤᠭ᠋ᠠᠳ ᠪᠠᠢ᠍ᠢ᠍ᠴᠠᠭ᠋ᠠᠨ ᠦᠵᠡᠵᠤ᠂ ᠬᠤᠯᠪᠤᠬᠳᠠᠯ ᠪᠦᠬᠦᠢ ᠪᠠᠢ᠍ᠢ᠍ᠳᠠᠯ᠎ᠢ ᠨᠠᠷᠢᠨ ᠠᠰᠠᠭᠤᠵᠤ ᠪᠠᠢ᠍ᠢ᠍ᠯ᠎ᠠ᠃


      ᠰᠢ ᠵᠢᠨ ᠫᠢᠩ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠂ ᠢᠯᠠᠩᠭᠤᠶ᠎ᠠ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ᠎ᠤᠨ ᠪᠠᠢ᠍ᠢ᠍ᠭᠤᠯᠤᠯᠳᠠ᠎ᠳᠤ ᠤᠯᠤᠬᠰᠠᠨ ᠠᠮᠵᠢᠯᠳᠠ ᠵᠢ ᠬᠦᠢ᠍ᠴᠡᠳ ᠨᠤᠳᠠᠯᠠᠪᠠ᠃ ᠲᠡᠷᠡ᠂ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ᠎ᠢ ᠪᠠᠢ᠍ᠢ᠍ᠭᠤᠯᠵᠤ ᠳᠠᠭᠤᠰᠤᠭᠰᠠᠨ ᠪᠠ ᠠᠰᠢᠬᠯᠠᠯᠳᠠ᠎ᠳᠤ ᠤᠷᠤᠭᠤᠯᠤᠬᠰᠠᠨ᠎ᠨᠢ ᠮᠠᠨ᠎ᠤ ᠤᠯᠤᠰ᠎ᠤᠨ ᠨᠡᠢ᠍ᠢ᠍ᠬᠡᠮ ᠵᠢᠷᠦᠮᠳᠦ ᠪᠠᠢ᠍ᠢ᠍ᠭᠤᠯᠤᠯ᠎ᠤᠨ ᠬᠦᠴᠤᠨ ᠵᠶ᠋ᠠᠨ ᠲᠦᠪᠯᠡᠷᠡᠬᠦᠯᠤᠨ ᠶᠡᠬᠡ ᠶᠠᠪᠤᠳᠠᠯ᠎ᠢ ᠪᠦᠳᠤᠬᠡᠳᠡᠭ ᠤᠯᠤᠰ ᠲᠦᠷᠤ ᠵᠢᠨ ᠲᠠᠪᠠᠭᠤᠯᠢᠬ᠎ᠢ ᠬᠦᠢ᠍ᠴᠡᠳ ᠬᠠᠷᠡᠭᠤᠯᠵᠤ᠂ ᠮᠠᠨ᠎ᠤ ᠤᠯᠤᠰ᠎ᠤᠨ ᠶᠠᠷᠤᠩᠬᠡᠢ᠍ᠢ᠍ᠯᠡᠭᠰᠡᠨ ᠪᠤᠳᠠᠳᠤ ᠬᠦᠴᠤᠨ᠎ᠢ ᠲᠡᠭᠡᠭᠰᠢᠯᠡᠬᠦᠯᠬᠦ᠂ ᠬᠢᠵᠢᠭ᠎ᠤᠨ ᠪᠠᠢ᠍ᠢ᠍ᠳᠠᠯ᠎ᠢ ᠪᠠᠢ᠍ᠢ᠍ᠩᠭᠤᠵᠢᠭᠤᠯᠤᠨ ᠰᠡᠷᠭᠡᠢ᠍ᠢ᠍ᠯᠡᠨ ᠡᠵᠡᠮᠳᠡᠭᠰᠡᠨ ᠨᠦᠬᠦᠴᠠᠯ ᠳᠤᠤᠷ᠎ᠠ ᠮᠠᠨ᠎ᠤ ᠤᠯᠤᠰ᠎ᠤᠨ ᠠᠵᠤ ᠠᠬᠤᠢ ᠵᠢᠨ ᠬᠦᠭᠵᠢᠯᠳᠠ ᠪᠤᠯᠤᠨ ᠠᠷᠠᠳ᠎ᠤᠨ ᠠᠮᠢᠳᠤᠷᠠᠯ᠎ᠤᠨ ᠰᠠᠢ᠍ᠢ᠍ᠵᠢᠷᠠᠯᠳᠠ ᠵᠢ ᠠᠬᠢᠭᠤᠯᠬᠤ᠂ ᠤᠳᠤᠬᠠᠨ᠎ᠤ ᠲᠡᠯᠡᠬᠡᠢ ᠵᠢᠨ ᠠᠵᠤ ᠠᠬᠤᠢ ᠵᠢᠨ ᠪᠠᠢ᠍ᠢ᠍ᠳᠠᠯ ᠲᠤᠤᠷ᠎ᠠ ᠮᠠᠨ᠎ᠤ ᠤᠯᠤᠰ᠎ᠤᠨ ᠭᠠᠳᠠᠭ᠋ᠠᠳᠦ ᠨᠡᠬᠡᠬᠡᠯᠳᠠ ᠵᠢ ᠠᠬᠢᠭᠤᠯᠬᠤ᠂ ᠦᠨᠳᠤᠰᠤᠳᠠᠨ᠎ᠤ ᠦᠪᠡᠷ᠎ᠢ᠎ᠪᠠᠨ ᠢᠳᠡᠭᠡᠬᠦ ᠰᠡᠳᠬᠢᠯ᠎ᠢ ᠤᠯᠠᠮ ᠨᠢᠭᠡ ᠠᠯᠬᠤᠮ ᠴᠢᠩᠭ᠋ᠠᠳᠬᠠᠨ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠳᠠ ᠵᠢ ᠴᠢᠷᠮᠠᠢ᠍ᠢ᠍ᠨ ᠪᠡᠶᠡᠯᠡᠬᠦᠯᠬᠦ᠎ᠳᠤ ᠲᠤᠢ᠍ᠢ᠍ᠯ᠎ᠤᠨ ᠴᠢᠬᠤᠯᠠ ᠠᠴᠢ ᠬᠤᠯᠪᠤᠬᠳᠠᠯ᠎ᠲᠠᠢ ᠶᠤᠮ᠃ 26 ᠵᠢᠯ᠎ᠤᠨ ᠲᠤᠷᠰᠢ᠂ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠎ᠢ ᠰᠤᠳᠤᠯᠵᠤ ᠪᠠᠢ᠍ᠢ᠍ᠭᠤᠯᠬᠤ᠎ᠳᠤ ᠤᠷᠤᠯᠴᠠᠬᠰᠠᠨ ᠪᠦᠬᠦ ᠬᠦᠮᠦᠰ ᠬᠦᠴᠢᠷ᠎ᠢ ᠰᠦᠷᠤᠨ ᠤᠷᠤᠭᠰᠢᠯᠠᠵᠤ᠂ ᠵᠤᠷᠢᠭᠳᠠᠢ᠎ᠪᠠᠷ ᠬᠠᠳᠠᠭᠤ ᠲᠠᠢ᠍ᠢ᠍ᠯᠠᠯᠳᠤᠭ᠋ᠠᠨ ᠬᠢᠵᠤ᠂ ᠪᠤᠤᠬᠢᠶ᠎ᠠ ᠳᠠᠮᠵᠢᠭᠤᠯᠤᠨ ᠲᠡᠮᠡᠴᠡᠵᠤ᠂ 《ᠬᠤᠶᠠᠷ ᠪᠦᠮᠪᠦᠬᠡ ᠨᠢᠬᠡ ᠤᠳᠤᠨ》᠎ᠤ ᠵᠤᠷᠢᠬ ᠰᠠᠨᠠᠭ᠎ᠠ ᠵᠢ ᠪᠠᠳᠠᠷᠠᠭᠤᠯᠤᠨ᠂ ᠰᠢᠨ᠎ᠠ ᠴᠠᠬ ᠦᠶ᠎ᠠ ᠵᠢᠨ ᠲᠤᠬᠢᠭᠤᠷ ᠲᠤᠯᠤᠭ᠋ᠠᠨ ᠤᠳᠤᠨ᠎ᠤ ᠵᠤᠷᠢᠬ ᠰᠠᠨᠠᠭ᠎ᠠ ᠵᠢ ᠪᠤᠢ ᠪᠤᠯᠭ᠋ᠠᠪᠠ᠂ ᠡᠬᠦᠨ᠎ᠢ ᠰᠠᠢ᠍ᠢ᠍ᠳᠦᠷ ᠤᠯᠠᠮᠵᠢᠯᠠᠨ ᠪᠠᠳᠠᠷᠠᠭᠤᠯᠬᠤ ᠭᠡᠷᠡᠭᠳᠠᠢ᠃ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠎ᠤᠨ ᠭᠡᠷᠡᠭᠯᠡᠬᠡ ᠵᠢ ᠲᠠᠯᠬᠡᠷᠡᠬᠦᠯᠬᠦ᠂ ᠰᠢᠰᠲᠸᠮ᠎ᠤᠨ ᠳᠤᠭᠳᠠᠭᠤᠨ ᠡᠷᠬᠢᠯᠳᠡ ᠵᠢ ᠪᠠᠳᠤᠯᠠᠬᠤ ᠵᠡᠷᠬᠡ ᠳᠠᠷᠠᠭ᠋ᠠᠴᠢ ᠵᠢᠨ ᠡᠯ᠎ᠠ ᠵᠤᠢ᠍ᠢ᠍ᠯ᠎ᠤᠨ ᠠᠵᠢᠯ᠎ᠢ ᠰᠠᠢ᠍ᠢ᠍ᠳᠤᠷ ᠬᠢᠵᠤ᠂ ᠮᠠᠨ᠎ᠤ ᠤᠯᠤᠰ᠎ᠤᠨ ᠠᠵᠤ ᠠᠬᠤᠢ ᠨᠡᠢ᠍ᠢ᠍ᠬᠡᠮ᠎ᠤᠨ ᠬᠦᠭᠵᠢᠯᠳᠠ ᠵᠢ ᠠᠬᠢᠭᠤᠯᠬᠤ᠂ ᠬᠦᠮᠤᠨ ᠲᠦᠷᠤᠯᠬᠢᠳᠠᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢᠨ ᠪᠠᠢ᠍ᠢ᠍ᠭᠤᠯᠤᠯᠳᠠ ᠵᠢ ᠠᠬᠢᠭᠤᠯᠬᠤ᠎ᠳᠤ ᠨᠡᠩ ᠶᠡᠬᠡ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ ᠰᠢᠶᠤᠤ ᠵᠢᠶᠸ᠂ ᠡᡁᠸ ᠯᠢ ᠹᠸᠩ ᠵᠢᠴᠢ ᠯᠢ ᠽᠦᠸᠸ ᠴᠸᠩ ᠲᠡᠭᠡᠷᠡᠬᠢ ᠠᠵᠢᠯᠯᠠᠭ᠎ᠠ᠎ᠳᠤ ᠤᠷᠤᠯᠴᠠᠵᠠᠢ᠃
      ᠲᠦᠪ᠎ᠤᠨ ᠪᠠ ᠲᠦᠷᠤ ᠵᠢᠨ ᠪᠠᠢ᠍ᠢ᠍ᠭᠤᠯᠭ᠎ᠠ ᠵᠢᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠴᠡᠷᠢᠭ ᠠᠩᠬᠢ ᠵᠢᠨ ᠬᠤᠯᠪᠤᠬᠳᠠᠯ ᠪᠦᠬᠦᠢ ᠪᠠᠢ᠍ᠢ᠍ᠭᠤᠯᠭ᠎ᠠ ᠨᠢᠭᠡᠴᠢ ᠵᠢᠨ ᠬᠠᠷᠢᠭᠤᠴᠠᠯᠭ᠋ᠠᠳᠠᠨ ᠨᠦᠬᠦᠳ᠂ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠎ᠢ ᠰᠤᠳᠤᠯᠵᠤ ᠪᠠᠢ᠍ᠢ᠍ᠭᠤᠯᠬᠤ᠎ᠳᠤ ᠤᠷᠤᠯᠴᠠᠬᠰᠠᠳ᠎ᠤᠨ ᠲᠦᠯᠤᠬᠡᠯᠡᠭᠴᠢ ᠨᠡᠷ ᠶᠤᠰᠤᠯᠠᠯ᠎ᠳᠤ ᠤᠷᠤᠯᠴᠠᠵᠠᠢ᠃
      ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ ᠪᠤᠯ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ᠎ᠪᠠᠷ ᠭᠡᠷᠡᠭᠵᠢᠬᠦᠯᠦᠭᠰᠡᠨ ᠤᠯᠤᠰ᠎ᠤᠨ ᠴᠢᠬᠤᠯᠠ ᠶᠡᠬᠡ ᠰᠢᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠢᠨᠵᠸᠨ᠋ᠸᠷᠢᠩ ᠪᠤᠯᠤᠨ᠎ᠠ᠃ ᠡᠨᠡ ᠬᠦ᠌ ᠢᠨᠵᠸᠨ᠋ᠸᠷᠢᠩ᠎ᠢ 1994 ᠤᠨ᠎ᠳᠤ ᠡᠬᠢᠯᠡᠬᠦᠯᠵᠤ᠂ 2000 ᠤᠨ᠎ᠳᠤ ᠲᠤᠬᠢᠭᠤᠷ ᠲᠤᠯᠤᠭ᠋ᠠᠨ ᠤᠳᠤ ᠨᠢᠬᠡᠳᠤᠭᠡᠷ ᠨᠡᠷᠡᠮᠵᠢᠳᠤ ᠰᠢᠰᠲᠸᠮ᠎ᠤᠨ ᠪᠠᠢ᠍ᠢ᠍ᠭᠤᠯᠤᠯᠳᠠ ᠵᠢ ᠲᠠᠭᠤᠰᠬᠠᠨ᠂ 2012 ᠤᠨ᠎ᠳᠤ ᠲᠤᠬᠢᠭᠤᠷ ᠲᠤᠯᠤᠭ᠋ᠠᠨ ᠤᠳᠤ ᠬᠤᠶᠠᠳᠤᠭ᠋ᠠᠷ ᠨᠡᠷᠡᠮᠵᠢᠳᠤ ᠰᠢᠰᠲᠸᠮ᠎ᠤᠨ ᠪᠠᠢ᠍ᠢ᠍ᠭᠤᠯᠤᠯᠳᠠ ᠵᠢ ᠲᠠᠭᠤᠰᠬᠠᠵᠠᠢ᠃ ᠲᠤᠬᠢᠭᠤᠷ ᠲᠤᠯᠤᠭ᠋ᠠᠨ ᠤᠳᠤ ᠭᠤᠷᠪᠠᠳᠤᠭ᠋ᠠᠷ ᠨᠡᠷᠡᠮᠵᠢᠳᠤ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ᠎ᠢ ᠪᠦᠬᠦ ᠲᠠᠯ᠎ᠠ᠎ᠪᠠᠷ ᠪᠠᠢ᠍ᠢ᠍ᠭᠤᠯᠵᠤ ᠳᠠᠭᠤᠰᠤᠭ᠋ᠠᠳ ᠠᠰᠢᠬᠯᠠᠯᠳᠠ᠎ᠳᠤ ᠤᠷᠤᠭᠤᠯᠵᠤ ᠦᠢ᠍ᠯᠡᠴᠢᠯᠡᠭᠡ᠎ᠪᠠᠨ ᠡᠬᠢᠯᠡᠭᠦᠯᠦᠭᠰᠡᠨ᠎ᠨᠢ ᠢᠨᠵᠸᠨ᠋ᠸᠷᠢᠩ᠎ᠤᠨ 《ᠭᠤᠷᠪᠠᠨ ᠠᠯᠬᠤᠮ ᠵᠶ᠋ᠠᠷ ᠶᠠᠪᠤᠬᠤ》 ᠬᠦ᠍ᠭᠵᠢᠯᠳᠠ ᠵᠢᠨ ᠪᠠᠢ᠍ᠢ᠍ᠯᠳᠤᠬᠤ ᠪᠤᠳᠤᠯᠭ᠎ᠠ ᠰᠢᠢ᠍ᠳᠪᠤᠷᠢᠳᠤ ᠲᠠᠢ᠍ᠢ᠍ᠯᠠᠯᠳᠤᠭ᠋ᠠᠨ ᠬᠢᠵᠤ ᠰᠢᠢ᠍ᠳᠪᠤᠷᠢᠳᠤ ᠢᠯᠠᠯᠳᠠ ᠤᠯᠤᠭᠰᠠᠨ᠂ ᠮᠠᠨ᠎ᠤ ᠤᠯᠤᠰ ᠳᠡᠯᠡᠭᠡᠢ ᠳᠡᠭᠡᠷ᠎ᠠ ᠪᠠᠶ᠎ᠠ᠎ᠪᠠᠨ ᠳᠠᠭ᠋ᠠᠭ᠋ᠠᠭᠰᠠᠨ ᠪᠦᠬᠦ ᠳᠡᠯᠡᠬᠡᠢ ᠵᠢᠨ ᠲᠠᠭ᠋ᠠᠭᠤᠯᠢ ᠤᠳᠤ᠎ᠪᠠᠷ ᠵᠠᠮᠴᠢᠯᠠᠬᠤ ᠰᠢᠰᠲᠸᠮ᠎ᠲᠠᠢ ᠭᠤᠷᠪᠠᠳᠡᠬᠢ ᠤᠯᠤᠰ ᠪᠤᠯᠤᠭᠰᠠᠨ᠎ᠢ ᠬᠠᠷᠠᠭᠤᠯᠪᠠ᠃ ᠤᠳᠤᠬᠠᠨ᠎ᠳᠤ ᠪᠦᠬᠦ ᠳᠡᠯᠡᠬᠡᠢ ᠵᠢᠨ 120 ᠭᠠᠷᠤᠢ ᠤᠯᠤᠰ ᠪᠤᠯᠤᠨ ᠭᠠᠵᠠᠷ ᠤᠷᠤᠨ᠎ᠤ᠎ᠬᠢᠨ ᠲᠤᠬᠢᠭᠤᠷ ᠲᠤᠯᠤᠭ᠋ᠠᠨ ᠤᠳᠤ ᠵᠠᠮᠴᠢᠯᠠᠬᠤ ᠰᠢᠰᠲᠸᠮ᠎ᠢ ᠭᠡᠷᠡᠭᠯᠠᠵᠤ ᠪᠠᠢ᠍ᠢ᠍ᠨ᠎ᠠ᠃

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠠᠬᠢᠯᠭ᠋ᠠᠨ ᠴᠢᠮᠡᠬᠡ ᠶᠠᠪᠤᠭᠤᠯᠵᠥ ᠯᠦᠺᠠᠱᠸᠨᠨᠺᠸ ᠵᠢᠨ ᠪᠸᠯᠤᠷᠦᠢ᠍ᠰᠢᠶ᠎ᠠ ᠵᠢᠨ ᠶᠡᠷᠤᠩᠬᠡᠢ᠍ᠢ᠍ᠯᠡᠭᠴᠢ᠎ᠪᠠᠷ ᠲᠠᠬᠢᠨᠲᠠ ᠰᠤᠩᠭᠤᠭᠳᠠᠬᠰᠠᠠ᠎ᠳᠤ ᠪᠠᠶᠠᠷ ᠬᠦᠷᠬᠡᠪᠡ
ᠤᠯᠤᠰ᠎ᠤᠨ ᠲᠡᠷᠢᠬᠦᠯᠡᠭᠴᠢ ᠰᠢ ᠵᠢᠨ ᠫᠢᠩ ᠲᠡᠷᠢᠬᠦᠯᠡᠭᠴᠢ ᠵᠢᠨ ᠵᠠᠷᠯᠢᠭ᠎ᠲᠤ ᠭᠠᠷ᠎ᠤᠨ ᠦᠰᠦᠭ ᠵᠢᠷᠤᠵᠤ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠬᠦ ᠲᠠᠮᠠᠴᠡᠯ ᠲᠤᠮᠳᠠ ᠭᠠᠷᠮᠠᠭ᠋ᠠᠢ ᠬᠤᠪᠢ ᠨᠠᠮᠠᠷᠢ ᠦᠵᠡᠬᠦᠯᠦᠭᠰᠡᠨ ᠬᠦᠮᠦᠰ᠎ᠲᠤ ᠤᠯᠤᠰ᠎ᠤᠨ ᠭᠠᠪᠢᠶᠠᠨ ᠲᠠᠮᠳᠡᠭ ᠪᠠ ᠤᠯᠤᠰ᠎ᠤᠨ ᠢᠷᠠᠭᠤ ᠠᠯᠳᠠᠷ᠎ᠤᠨ ᠴᠤᠯᠠ ᠤᠯᠭᠤᠪᠠ
ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠋ᠠᠨ᠎ᠤ ᠡᠩᠨᠡᠬᠡ᠎ᠳᠤ ᠲᠤᠭ ᠤᠯᠭᠤᠭᠰᠠᠨ ᠪᠦᠭᠡᠳ ᠰᠤᠷᠭ᠋ᠠᠯ ᠬᠠᠢ᠍ᠢ᠍ᠷᠠᠯᠠᠪᠠ
ᠶᠡᠷᠦᠩᠬᠡᠢ ᠱᠦᠵᠢ ᠰᠢ ᠵᠢᠨ ᠫᠢᠩ ᠨᠢᠩᠰᠢᠶᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠰᠢ ᠵᠢᠨ ᠫᠢᠩ ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠳᠡᠮᠡᠴᠡᠬᠦ ᠤᠨᠴᠠᠭ᠋ᠠᠢ ᠳᠦᠷᠦᠬᠦᠴᠦᠳ᠎ᠤᠨ ᠬᠤᠷᠠᠯ᠎ᠢ ᠡᠷᠬᠢᠯᠡᠭᠰᠡᠨ ᠪᠦᠬᠡᠳ ᠭᠤᠤᠯ ᠵᠤᠷᠢᠯᠳᠠᠳᠤ ᠶᠠᠷᠢᠶ᠎ᠠ ᠲᠠᠯᠪᠢᠪᠠ
 
            