ᠰᠢ ᠵᠢᠨ ᠫᠢᠩ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠨᠠᠢ᠍ᠢ᠍ᠷᠠᠭᠤᠯᠤᠨ ᠲᠤᠭᠤᠷᠪᠢᠬᠤ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠦᠵᠤ ᠲᠦᠯᠤᠪᠯᠡᠬᠡ ᠵᠢ ᠴᠢᠩᠭ᠋ᠠᠳᠬᠠᠬᠤ ᠪᠠ ᠠᠷᠭ᠎ᠠ ᠪᠤᠳᠤᠯᠭ᠎ᠠ ᠵᠢ ᠠᠷᠠᠳ᠎ᠠᠴᠠ ᠠᠰᠠᠭᠤᠬᠤ ᠵᠢ ᠤᠶᠠᠯᠳᠤᠭᠤᠯᠵᠤ ᠰᠡᠳᠬᠢᠯ ᠵᠶ᠋ᠠᠨ ᠨᠢᠬᠡᠳᠬᠡᠵᠤ ᠬᠦᠴᠤᠨ ᠵᠶ᠋ᠠᠨ ᠬᠠᠮᠳᠤᠳᠬᠠᠨ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠰᠠᠢ᠍ᠢ᠍ᠳᠤᠷ ᠨᠠᠢ᠍ᠢ᠍ᠷᠠᠭᠤᠯᠤᠨ ᠲᠤᠭᠤᠷᠪᠢᠬᠤ ᠭᠡᠷᠡᠭᠳᠠᠢ
ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ᠎ᠳᠤ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠨᠠᠢ᠍ᠢ᠍ᠷᠠᠭᠤᠯᠤᠨ ᠲᠤᠭᠤᠷᠪᠢᠬᠤ ᠠᠵᠢᠯ᠎ᠳᠤ ᠴᠢᠬᠤᠯᠠ ᠵᠢᠭ᠋ᠠᠪᠤᠷᠢ ᠦᠭᠬᠦ᠎ᠳᠡᠭᠡᠨ᠂ ᠤᠯᠤᠰ ᠠᠷᠠᠳ᠎ᠤᠨ ᠠᠵᠤ ᠠᠬᠤᠢ ᠪᠤᠯᠤᠨ ᠨᠡᠢ᠍ᠢ᠍ᠬᠡᠮ᠎ᠤᠨ ᠬᠦᠭᠵᠢᠯᠳᠠ ᠵᠢᠨ ᠲᠠᠪᠤᠨ ᠵᠢᠯ᠎ᠤᠨ ᠲᠦᠯᠤᠪᠵᠢᠬᠦᠯᠬᠡ ᠵᠢ ᠨᠠᠢ᠍ᠢ᠍ᠷᠠᠭᠤᠯᠤᠨ ᠲᠤᠭᠤᠷᠪᠢᠬᠤ ᠪᠠ ᠭᠡᠷᠡᠭᠵᠢᠬᠦᠯᠬᠦ ᠪᠤᠯ ᠮᠠᠨ᠎ᠤ ᠨᠠᠮ᠎ᠤᠨ ᠲᠦᠷᠤ ᠵᠢ ᠵᠠᠰᠠᠵᠤ ᠵᠠᠰᠠᠬ᠎ᠢ ᠡᠷᠬᠢᠯᠡᠬᠦ ᠴᠢᠬᠤᠯᠠ ᠠᠷᠭ᠎ᠠ ᠬᠡᠯᠪᠡᠷᠢ ᠪᠤᠯᠤᠨ᠎ᠠ᠃ ᠲᠠᠪᠤᠨ ᠵᠢᠯ᠎ᠤᠨ ᠲᠦᠯᠤᠪᠵᠢᠬᠦᠯᠬᠡ ᠵᠢ ᠨᠠᠢ᠍ᠢ᠍ᠷᠠᠭᠤᠯᠤᠨ ᠲᠤᠭᠤᠷᠪᠢᠬᠤ᠎ᠨᠢ ᠠᠵᠤ ᠠᠬᠤᠢ ᠪᠠ ᠨᠡᠢ᠍ᠢ᠍ᠬᠡᠮ᠎ᠤᠨ ᠬᠦᠭᠵᠢᠯᠳᠠ ᠵᠢᠨ ᠡᠯ᠎ᠠ ᠲᠠᠯ᠎ᠠ᠎ᠳᠤ ᠬᠤᠯᠪᠤᠬᠳᠠᠵᠤ᠂ ᠠᠷᠠᠳ ᠤᠯᠠᠨ᠎ᠤ ᠤᠢ᠍ᠢ᠍ᠯᠡᠳᠪᠤᠷᠢᠯᠡᠯ ᠠᠮᠢᠳᠤᠷᠠᠯ᠎ᠲᠠᠢ ᠨᠢᠬᠳᠠ ᠬᠤᠯᠪᠤᠬᠳᠠᠵᠤ ᠪᠠᠢ᠍ᠢ᠍ᠬᠤ ᠪᠤᠯᠬᠤᠷ ᠡᠭᠦᠲᠡ᠎ᠪᠠᠨ ᠨᠡᠭᠡᠭᠡᠨ ᠤᠯᠠᠨ᠎ᠠᠴᠠ ᠰᠠᠨᠠᠯ ᠬᠤᠷᠢᠶᠠᠵᠤ᠂ ᠲᠦᠮᠡᠨ᠎ᠤ ᠰᠠᠨᠠᠯ᠎ᠢ ᠠᠪᠴᠤ ᠤᠯᠠᠨ᠎ᠤ ᠤᠬᠠᠭ᠋ᠠᠨ᠎ᠢ ᠲᠦᠪᠯᠡᠷᠡᠬᠦᠯᠦᠨ᠂ ᠦᠵᠤ ᠲᠦᠯᠤᠪᠯᠡᠬᠡ ᠵᠢ ᠴᠢᠩᠭ᠋ᠠᠳᠬᠠᠬᠤ ᠪᠠ ᠠᠷᠭ᠎ᠠ ᠪᠤᠳᠤᠯᠭ᠎ᠠ ᠵᠢ ᠠᠷᠠᠳ᠎ᠠᠴᠠ ᠠᠰᠠᠭᠤᠬᠤ ᠵᠢ ᠤᠶᠠᠯᠳᠤᠭᠤᠯᠵᠤ᠂ ᠦᠷᠬᠡᠨ ᠤᠯᠠᠨ ᠠᠷᠠᠳ ᠲᠦᠮᠡᠨ ᠪᠤᠯᠤᠨ ᠨᠡᠢ᠍ᠢ᠍ᠬᠡᠮ᠎ᠤᠨ ᠡᠯ᠎ᠠ ᠡᠳᠡᠬᠡᠳ᠎ᠤᠨ᠎ᠬᠢᠨ᠎ᠤ ᠡᠯ᠎ᠠ ᠵᠤᠢ᠍ᠢ᠍ᠯ᠎ᠤᠨ ᠬᠡᠯᠪᠡᠷᠢ᠎ᠪᠠᠷ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ᠎ᠳᠤ ᠠᠷᠭ᠎ᠠ ᠤᠬᠠᠭ᠋ᠠᠨ ᠭᠠᠷᠭ᠋ᠠᠵᠤ ᠵᠦᠪᠯᠡᠯᠭᠡ ᠦᠭᠬᠦ ᠵᠢ ᠵᠤᠷᠢᠬ᠍ᠵᠢᠭᠤᠯᠵᠤ᠂
《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠨᠠᠢ᠍ᠢ᠍ᠷᠠᠭᠤᠯᠤᠨ ᠲᠤᠭᠤᠷᠪᠢᠬᠤ᠎ᠳᠤ ᠨᠡᠢ᠍ᠢ᠍ᠬᠡᠮ᠎ᠤᠨ ᠬᠦᠰᠡᠯ ᠡᠷᠡᠮᠡᠯᠵᠡᠯ᠂ ᠤᠯᠠᠨ ᠲᠦᠮᠡᠨ᠎ᠤ ᠤᠶᠤᠨ ᠤᠬᠠᠭ᠋ᠠᠨ᠂ ᠲᠤᠰᠬᠠᠢ ᠮᠡᠷᠬᠡᠵᠢᠯᠳᠠᠨᠤ ᠰᠠᠨᠠᠯ᠂ ᠦᠨᠳᠤᠰᠤᠨ ᠱᠠᠳᠤᠨ᠎ᠤ ᠲᠤᠷᠰᠢᠯᠭ᠎ᠠ ᠵᠢ ᠬᠦᠢ᠍ᠴᠡᠳ ᠰᠢᠩᠬᠡᠬᠡᠨ᠂ ᠰᠡᠳᠬᠢᠯ ᠵᠶ᠋ᠠᠨ ᠨᠢᠬᠡᠳᠬᠡᠵᠤ ᠬᠦᠴᠤᠨ ᠵᠶ᠋ᠠᠨ ᠬᠠᠮᠳᠤᠳᠬᠠᠨ
《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠰᠠᠢ᠍ᠢ᠍ᠳᠤᠷ ᠨᠠᠢ᠍ᠢ᠍ᠷᠠᠭᠤᠯᠤᠨ ᠲᠤᠭᠤᠷᠪᠢᠬᠤ ᠭᠡᠷᠡᠭᠳᠠᠢ ᠬᠡᠵᠤ ᠴᠢᠬᠤᠯᠠᠴᠢᠯᠠᠪᠠ᠃
ᠮᠠᠨ᠎ᠤ ᠤᠯᠤᠰ 2021 ᠤᠨ᠎ᠠᠴᠠ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠡᠬᠢᠯᠠᠨ ᠭᠡᠷᠡᠭᠵᠢᠬᠦᠯᠬᠦ ᠪᠤᠯᠤᠨ᠎ᠠ᠂ ᠤᠳᠤᠬᠠᠨ᠎ᠳᠤ ᠨᠠᠮ᠎ᠤᠨ ᠲᠦᠪ ᠬᠤᠷᠢᠶ᠎ᠠ 《ᠠᠷᠪᠠᠨ ᠲᠦᠷᠪᠡᠳᠤᠭᠡᠷ ᠲᠠᠪᠤᠨ ᠵᠢᠯ》᠎ᠤᠨ ᠬᠤᠭᠤᠴᠠᠭ᠋ᠠᠨ᠎ᠤ ᠠᠵᠤ ᠠᠬᠤᠢ ᠨᠡᠢ᠍ᠢ᠍ᠬᠡᠮ᠎ᠤᠨ ᠬᠦᠭᠵᠢᠯᠳᠠ ᠵᠢᠨ ᠲᠦᠯᠤᠪᠵᠢᠬᠦᠯᠬᠡ ᠵᠢᠨ ᠲᠤᠬᠠᠢ ᠰᠠᠨᠠᠭᠤᠯᠭ᠎ᠠ ᠵᠢ ᠵᠤᠬᠢᠶᠠᠨ ᠪᠠᠢ᠍ᠢ᠍ᠭᠤᠯᠵᠤ ᠲᠤᠭᠳᠠᠭ᠋ᠠᠵᠦ ᠪᠤᠢ᠃ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠤᠷᠢᠬ ᠰᠠᠨᠠᠭ᠎ᠠ ᠪᠤᠯᠤᠨ ᠲᠦᠯᠤᠪᠵᠢᠬᠦᠯᠬᠡ ᠵᠢᠨ ᠰᠠᠨᠠᠭᠤᠯᠭ᠎ᠠ ᠵᠢ ᠨᠠᠢ᠍ᠢ᠍ᠷᠠᠭᠤᠯᠤᠨ ᠲᠤᠭᠤᠷᠪᠢᠬᠤ ᠠᠵᠢᠯ᠎ᠤᠨ ᠲᠤᠬᠢᠷᠠᠭᠤᠯᠤᠯᠳᠠ᠎ᠪᠠᠷ᠂ ᠬᠤᠯᠪᠤᠬᠳᠠᠯ ᠪᠦᠬᠦᠢ ᠲᠠᠯ᠎ᠠ ᠵᠢᠨ᠎ᠬᠢᠨ ᠤᠢ᠍ᠢ᠍ᠷ᠎ᠠ ᠵᠢᠨ ᠬᠤᠭᠤᠴᠠᠭ᠋ᠠᠨ᠎ᠳᠤ ᠤᠯᠠᠨ ᠵᠤᠢ᠍ᠢ᠍ᠯ᠎ᠤᠨ ᠬᠡᠯᠪᠡᠷᠢ᠎ᠪᠠᠷ ᠺᠠᠳ᠋ᠷ ᠤᠯᠠᠨ ᠲᠦᠮᠡᠨ᠂ ᠲᠤᠰᠬᠠᠢ ᠮᠡᠷᠬᠡᠵᠢᠯᠳᠠᠨ ᠡᠷᠳᠡᠮᠳᠡᠨ ᠨᠠᠷ᠎ᠠᠴᠠ 《ᠠᠷᠪᠠᠨ ᠲᠦᠷᠪᠡᠳᠤᠬᠡᠷ ᠲᠠᠪᠤᠨ ᠵᠢᠯ》᠎ᠤᠨ ᠲᠦᠯᠤᠪᠵᠢᠬᠦᠯᠬᠡ ᠵᠢᠨ ᠲᠤᠬᠠᠢ ᠰᠠᠨᠠᠯ ᠰᠠᠨᠠᠭᠤᠯᠭ᠎ᠠ ᠬᠤᠷᠢᠶᠠᠨ᠎ᠠ᠃