ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠠᠢ ᠰᠢ ᠵᠢᠨ ᠫᠢᠩ ᠬᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2020-09-01

      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ 8 ᠰᠠᠷ᠎ᠠ ᠵᠢᠨ 31᠎ᠤ ᠡᠳᠦᠷ ᠬᠤᠷᠠᠯ ᠬᠤᠷᠠᠯᠳᠤᠭᠤᠯᠵᠤ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠬᠦᠳᠦᠯᠪᠦᠷᠢ》 ᠪᠠ 《ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠡᠭᠡᠯᠵᠢ ᠵᠢᠨ ᠲᠣᠭᠣᠷᠢᠨ ᠪᠠᠶ᠋ᠢᠴᠠᠭ᠋ᠠᠯᠳᠠ ᠵᠢᠨ ᠪᠠᠶ᠋ᠢᠳᠠᠯ᠎ᠤᠨ ᠲᠤᠬᠠᠶ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ᠃
      ᠬᠤᠷᠠᠯ᠎ᠠᠴᠠ᠂ ᠬᠠᠳᠤᠨ ᠭᠣᠤᠯ ᠪᠣᠯ ᠳᠤᠮᠳᠠᠳᠤ ᠵᠢᠨ ᠦᠨᠳᠦᠰᠦᠲᠡᠨ᠎ᠤ ᠡᠵᠢ ᠭᠣᠤᠯ ᠮᠥᠨ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭᠳᠠᠬᠤ ᠮᠢᠩᠭ᠋ᠠᠨ ᠤᠨ᠎ᠤ ᠶᠡᠬᠡ ᠪᠣᠳᠣᠯᠭ᠎ᠠ ᠪᠣᠯᠭ᠋ᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠪᠠᠶ᠋ᠢᠭ᠋ᠠᠯᠢ ᠵᠢᠨ ᠵᠢᠮ᠎ᠡ ᠶᠣᠰᠣ ᠪᠠ ᠪᠤᠰᠤᠳᠴᠢ ᠵᠢᠮ᠎ᠡ ᠶᠣᠰᠣ ᠵᠢ ᠵᠢᠷᠤᠮᠯᠠᠨ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠬᠠᠳᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠪᠦᠬᠦ ᠰᠠᠪᠠ ᠭᠠᠵᠠᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠠᠷᠠᠳ ᠤᠯᠠᠨ᠎ᠤ ᠠᠮᠢᠳᠤᠷᠠᠯ᠎ᠢ ᠰᠠᠶ᠋ᠢᠵᠢᠷᠠᠭᠤᠯᠵᠤ᠂ ᠬᠠᠳᠤᠨ ᠭᠣᠤᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠵᠤ᠂ ᠬᠠᠳᠤᠨ ᠭᠣᠤᠯ᠎ᠢ ᠠᠷᠠᠳ ᠲᠦᠮᠡᠨ᠎ᠳᠤ ᠪᠤᠶᠠᠨ ᠦᠢ᠍ᠯᠡᠳᠬᠦ ᠵᠢᠷᠭ᠋ᠠᠯ᠎ᠤᠨ ᠭᠣᠤᠯ ᠪᠣᠯᠭ᠋ᠠᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠢᠮ᠎ᠡ ᠶᠣᠰᠣ ᠵᠢ ᠬᠦᠨᠳᠦᠳᠬᠡᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠬᠡᠷᠡᠭᠲᠡᠢ᠃ ᠬᠠᠳᠤᠨ ᠭᠣᠣᠯ᠎ᠤᠨ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠡᠡᠯᠠᠬᠤ ᠵᠢ ᠶᠡᠬᠡ᠎ᠪᠠᠷ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠬᠠᠲᠠᠭᠤ ᠴᠢᠩᠭ᠎ᠠ ᠬᠢᠵᠠᠭ᠋ᠠᠷᠯᠠᠯ ᠪᠣᠯᠭ᠋ᠠᠵᠤ᠂ ᠤᠰᠤ ᠠᠷᠪᠢᠯᠠᠵᠤ ᠬᠡᠷᠡᠭᠯᠡᠬᠦ᠎ᠪᠠᠷ ᠬᠥᠭᠵᠢᠯᠲᠡ ᠵᠢᠨ ᠣᠷᠣᠨ ᠵᠠᠶ ᠵᠢ ᠥᠷᠭᠡᠳᠬᠡᠬᠦ ᠬᠡᠷᠡᠭᠲᠡᠶ᠃ ᠠᠯᠤᠰ ᠬᠡᠳᠤ ᠵᠢ ᠪᠤᠳᠤᠯᠬᠢᠯᠠᠨ ᠬᠠᠲᠤᠨ ᠭᠣᠤᠯ᠎ᠤᠨ ᠦᠶᠡᠷ ᠤᠰᠤᠳᠤᠯ ᠭᠠᠩ ᠭᠠᠮᠰᠢᠭ᠎ᠢ ᠪᠠᠭ᠋ᠠᠰᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠴᠢᠩᠭ᠋ᠠᠳᠬᠠᠵᠥ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠭᠠᠶ ᠭᠠᠮᠰᠢᠭ᠎ᠢ ᠠᠷᠭ᠋ᠠᠴᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠳᠡᠢ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢ᠍ᠢ᠍ᠭ᠋ᠠᠳ ᠬᠠᠳᠤᠨ ᠭᠣᠤᠯ᠎ᠤᠨ ᠰᠠᠪᠠ ᠭᠠᠵᠠᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠵᠢᠨ ᠰᠣᠯᠢᠭᠳᠠᠯ᠎ᠢ ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠣᠳᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠵᠤ᠂ ᠬᠤᠳᠠ ᠵᠢᠨ ᠬᠥᠭᠵᠢᠯᠲᠡ ᠵᠢᠨ ᠪᠠᠶ᠋ᠢᠷᠢᠰᠢᠯ᠎ᠢ ᠰᠢᠯᠢᠳᠡᠭᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠳᠡᠢ᠃ ᠬᠠᠳᠤᠨ ᠭᠣᠤᠯ᠎ᠤᠨ ᠰᠣᠶᠣᠯ᠎ᠢ ᠶᠡᠬᠡ᠎ᠪᠠᠷ ᠬᠠᠮᠠᠭ᠋ᠠᠯᠠᠨ ᠪᠠᠳᠠᠷᠠᠭᠤᠯᠵᠤ᠂ ᠲᠡᠤᠬᠡ ᠰᠣᠶᠣᠯ᠎ᠤᠨ ᠰᠤᠳᠠᠰᠤ ᠵᠢ ᠦᠷᠭᠦᠯᠵᠢᠯᠡᠬᠦᠯᠵᠥ᠂ ᠴᠠᠭ ᠦᠶ᠎ᠡ ᠵᠢᠨ ᠦᠨ᠎ᠡ ᠦᠷᠳᠡᠭ᠎ᠢ ᠠᠭᠤᠳᠠᠯᠵᠤ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠬᠤ ᠬᠡᠷᠡᠭᠳᠡᠢ᠃ ᠲᠡᠮᠦᠷ᠎ᠢ ᠠᠳᠬᠤᠪᠠᠯ ᠣᠷᠣᠮ᠎ᠲᠠᠢ᠂ ᠴᠢᠯᠠᠭᠤᠨ ᠳᠡᠭᠡᠷ᠎ᠡ ᠭᠢᠰᠬᠢᠪᠡᠯ ᠣᠷᠣ ᠦᠯᠡᠳᠡᠭᠡᠬᠦ ᠰᠤᠷᠲᠠᠯ ᠵᠶ᠋ᠠᠷ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠠᠳᠤᠨ ᠭᠣᠤᠯ ᠳᠠᠭ᠋ᠠᠤ ᠵᠢᠨ ᠡᠯ᠎ᠡ ᠮᠣᠵᠢ ᠣᠷᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠢ᠍ᠢ᠍ᠳᠠᠪᠤᠷᠢᠵᠢᠭᠤᠯᠵᠤ᠂ ᠪᠣᠳᠠᠲᠠᠶ ᠲᠥᠯᠥᠪᠵᠢᠭᠦᠯᠪᠡ᠂ ᠬᠡᠷᠡᠭᠵᠢᠭᠦᠯᠬᠦ ᠲᠥᠰᠦᠯ ᠪᠣᠯᠤᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠦᠷᠭᠡᠨ ᠲᠣᠭᠲᠠᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠮᠡᠳᠡᠭᠳᠡᠬᠦᠶ᠋ᠢᠴᠡ ᠠᠬᠢᠯᠳᠠ᠎ᠲᠠᠢ ᠪᠣᠯᠭ᠋ᠠᠬᠤ᠎ᠪᠠᠷ ᠴᠢᠷᠮᠠᠶ᠋ᠢᠬᠤ ᠬᠡᠷᠡᠭᠳᠡᠢ ᠬᠡᠵᠥ

ᠴᠢᠬᠤᠯᠠᠴᠢᠯᠠᠪᠠ᠃
      ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠤᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠥᠬᠥ ᠲᠠᠯ᠎ᠠ ᠪᠠ ᠳᠡᠯᠡᠬᠡᠶ ᠵᠢᠨ ᠵᠠᠭᠤᠨ ᠵᠢᠯ᠎ᠳᠤ ᠲᠣᠬᠢᠶᠠᠯᠳᠤᠭ᠎ᠠ ᠥᠬᠡᠶ ᠶᠡᠬᠡ ᠬᠤᠪᠢᠰᠤᠯᠲᠠ᠎ᠳᠤ ᠠᠩᠬᠠᠷᠤᠯ ᠵᠶ᠋ᠠᠨ ᠬᠠᠨᠳᠤᠭᠤᠯᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠦᠷᠭᠦᠯᠵᠢᠯᠡᠨ ᠠᠬᠢᠭᠤᠯᠵᠤ᠂ ᠨᠠᠮ ᠪᠣᠯᠤᠨ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠤᠯᠤᠰ ᠲᠦᠷᠦ ᠵᠢᠨ ᠪᠠᠶ᠋ᠢᠭᠤᠯᠤᠯᠲᠠ᠂ ᠦᠵᠡᠯ ᠰᠠᠨᠠᠭ᠋ᠠᠨ᠎ᠤ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠢᠯᠡᠳᠲᠡ ᠦᠷ᠎ᠡ ᠪᠦᠲᠦᠮᠵᠢ ᠤᠯᠪᠠ᠃ ᠲᠣᠭᠣᠷᠢᠨ ᠪᠠᠶ᠋ᠢᠴᠠᠭ᠋ᠠᠭᠰᠠᠨ ᠪᠠᠶ᠋ᠢᠳᠠᠯ᠎ᠠᠴᠠ ᠦᠵᠡᠪᠡᠯ᠂ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠣᠷᠢᠶ᠎ᠠ) ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠣᠪᠣᠷ ᠨᠡᠩ ᠢᠳᠡᠪᠬᠢᠲᠡᠶ ᠪᠣᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠋ᠠᠲᠤ ᠤᠬᠠᠮᠰᠠᠷ ᠪᠦᠬᠦ ᠲᠠᠯ᠎ᠠ᠎ᠪᠠᠷ ᠳᠡᠭᠡᠭᠰᠢᠯᠡᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ ᠦᠷᠭᠦᠯᠵᠢᠯᠡᠨ ᠰᠠᠶ᠋ᠢᠵᠢᠷᠠᠬᠤ ᠪᠠᠢ᠍ᠢ᠍ᠳᠠᠯ ᠢᠯᠡᠷᠡᠵᠦ᠂ ᠡᠯ᠎ᠡ ᠵᠦᠢ᠍ᠯ᠎ᠤᠨ ᠠᠵᠢᠯ ᠰᠢᠨ᠎ᠡ ᠠᠬᠢᠯᠲᠠ᠎ᠲᠠᠢ ᠪᠣᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠲᠡᠮᠡᠴᠡᠯ ᠪᠣᠯᠤᠨ ᠠᠵᠤ ᠠᠬᠤᠶ ᠨᠡᠶ᠋ᠢᠭᠡᠮ᠎ᠤᠨ ᠬᠡᠪ᠎ᠤᠨ ᠠᠵᠢᠯᠯᠠᠭ᠎ᠠ ᠵᠢ ᠰᠡᠷᠭᠦᠭᠡᠬᠦ ᠵᠡᠷᠭᠡ ᠲᠠᠯ᠎ᠠ᠎ᠪᠠᠷ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠢ᠍ᠴᠡᠳᠬᠡᠵᠦ᠂ ᠯᠠᠪᠳᠠᠭᠤᠨ ᠪᠠᠲᠤᠲᠠᠶ ᠠᠵᠢᠯᠯᠠᠪᠠ᠃ ᠡᠭᠦᠨ᠎ᠤ ᠬᠠᠮᠲᠤ᠂ ᠰᠢᠨ᠎ᠡ ᠴᠠᠭ ᠦᠶ᠎ᠡ ᠰᠢᠨ᠎ᠡ ᠪᠠᠢ᠍ᠢ᠍ᠳᠠᠯ ᠰᠢᠨ᠎ᠡ ᠱᠠᠭ᠋ᠠᠷᠳᠠᠯᠭ᠎ᠠ ᠵᠢᠨ ᠡᠮᠦᠨ᠎ᠡ᠂ ᠪᠠᠰᠠ ᠵᠠᠷᠢᠮ ᠳᠣᠪᠣᠢ᠍ᠢ᠍ᠮ᠎ᠠ ᠠᠰᠠᠭᠤᠳᠠᠯ ᠣᠷᠣᠰᠢᠵᠤ ᠪᠠᠢ᠌ᠭ᠎ᠠ ᠪᠣᠯᠬᠣᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠲᠠᠯ᠎ᠠ᠎ᠪᠠᠷ ᠦᠨᠡᠨ ᠪᠣᠳᠠᠲᠠᠶ ᠬᠢᠵᠤ᠂ ᠴᠡᠭᠴᠡᠯᠡᠨ ᠰᠠᠶ᠋ᠢᠵᠢᠷᠠᠭᠤᠯᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠡᠳᠦᠷ ᠲᠤᠲᠤᠮ᠎ᠤᠨ ᠬᠢᠨᠠᠯᠲᠠ ᠲᠠᠯᠪᠢᠯᠲᠠ ᠵᠢ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠬᠤ ᠵᠢ ᠠᠳᠬᠤᠬᠤ ᠵᠢ ᠡᠳᠦᠷ ᠲᠤᠲᠤᠮ᠎ᠤᠨ ᠠᠵᠢᠯ᠎ᠳᠤ ᠠᠭᠤᠰᠬᠠᠵᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠠᠭᠤᠰᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠳᠤ ᠠᠭᠤᠰᠬᠠᠵᠤ᠂ ᠤᠳᠤᠷᠢᠳᠬᠤ ᠪᠠᠭ᠎ᠤᠨ ᠡᠩᠨᠡᠭᠡ ᠵᠢᠨ ᠪᠠᠶ᠋ᠢᠭᠤᠯᠤᠯᠲᠠ᠎ᠳᠤ ᠠᠭᠤᠰᠬᠠᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ᠂ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠪᠣᠯ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ 《ᠡᠴᠤᠰ᠎ᠤᠨ ᠨᠢᠬᠡ ᠺᠢᠯᠣᠮᠸᠲᠷ》 ᠪᠠᠢ᠍ᠢ᠍ᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠡᠵᠡᠮᠰᠢᠵᠥ ᠪᠣᠳᠠᠲᠠᠶ᠋ᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠪᠦᠲᠦᠭᠡᠯᠴᠢ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠨᠠᠮ᠎ᠤᠨ ᠰᠢᠨ᠎ᠡ ᠵᠢ ᠡᠭᠦᠳᠬᠦ ᠣᠨᠣᠯ᠎ᠢ ᠤᠬᠠᠮᠰᠠᠷ᠎ᠠᠴᠠ᠎ᠪᠠᠨ ᠬᠡᠷᠡᠭᠯᠡᠨ ᠲᠠᠷᠢᠬᠢ ᠲᠣᠯᠣᠭ᠋ᠠᠶ᠎ᠪᠠᠨ ᠵᠡᠪᠰᠡᠭᠯᠡᠵᠤ᠂ ᠦᠢ᠍ᠯᠡᠳᠦᠯᠭᠡ᠎ᠪᠠᠨ ᠵᠢᠯᠣᠭᠣᠳᠤᠭᠤᠯᠵᠥ᠂ ᠠᠵᠢᠯ ᠵᠶ᠋ᠠᠨ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠪᠠᠢ᠍ᠢ᠍ᠳᠠᠯ ᠰᠢᠨ᠎ᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠨᠠᠮ ᠪᠠ ᠤᠯᠤᠰ᠎ᠠᠴᠠ ᠣᠯᠭᠣᠭᠰᠠᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠵᠢ ᠭᠦᠨᠵᠡᠭᠡᠶ ᠲᠠᠨᠢᠬᠤ ᠬᠡᠷᠡᠭᠳᠠᠢ᠂ ᠭᠡᠬᠦ᠎ᠳᠡᠭᠡᠨ 《ᠬᠣᠶᠠᠷ ᠶᠡᠬᠡ ᠲᠠᠯ᠎ᠠ》 ᠵᠢ ᠰᠡᠳᠬᠢᠯ᠎ᠳᠡᠭᠡᠨ ᠪᠤᠳᠤᠵᠤ᠂ ᠬᠠᠷᠢᠭᠤᠴᠠᠯᠭ᠎ᠠ ᠵᠢᠨ ᠤᠬᠠᠮᠰᠠᠷ ᠪᠠ ᠤᠯᠤᠰ ᠲᠥᠷᠥ ᠵᠢᠨ ᠡᠭᠦᠷᠭᠡᠯᠡᠯ ᠵᠶ᠋ᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠳᠡᠢ᠃ ᠥᠭᠡᠷᠡᠴᠢᠯᠡᠯᠲᠡ ᠵᠢᠨ ᠤᠯᠤᠰ ᠲᠥᠷᠥ ᠵᠢᠨ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠳᠦᠷᠦᠬᠦᠯᠡᠨ ᠴᠢᠩᠭ᠋ᠠᠳᠬᠠᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠲᠠᠰᠤᠷᠠᠯᠲᠠ ᠤᠢ᠍ᠭᠡᠢ ᠪᠡᠬᠢᠵᠢᠭᠦᠯᠦᠨ ᠭᠦᠨᠵᠡᠭᠡᠶ᠋ᠢᠷᠡᠭᠦᠯᠵᠤ᠂ ᠰᠢᠰᠲ᠋ᠧᠮ᠎ᠲᠠᠢ ᠲᠦᠪᠯᠡᠷᠡᠭᠰᠡᠨ᠂ ᠬᠠᠮᠵᠢᠯᠴᠠᠬᠤ ᠥᠨᠳᠥᠷ ᠪᠦᠲᠦᠮᠵᠢᠲᠡᠶ ᠪᠠᠢ᠍ᠢ᠍ᠬᠤ ᠵᠢ ᠪᠡᠶᠡᠯᠡᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠳᠠ ᠵᠢᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠡᠷᠡᠰ ᠨᠠᠢ᠍ᠢ᠍ᠳᠠᠪᠤᠷᠢᠵᠢᠭᠤᠯᠵᠤ᠂ ᠱᠠᠲᠤ ᠱᠠᠲᠤ᠎ᠪᠠᠷ ᠳᠠᠷᠤᠯᠲᠠ ᠥᠭᠴᠦ᠂ 《ᠴᠢᠩᠭ᠎ᠠ》 ᠪᠠᠢ᠌ᠬᠤ ᠭᠣᠣᠯ ᠬᠥᠭ ᠠᠶᠠᠰ᠎ᠢ ᠤᠷᠲᠤ ᠬᠤᠭᠤᠴᠠᠭ᠎ᠠ᠎ᠪᠠᠷ ᠪᠠᠷᠢᠮᠲᠠᠯᠠᠵᠤ᠂ ᠡᠷᠬᠡ᠎ᠳᠤ ᠬᠢᠨᠠᠯᠲᠠ ᠲᠠᠯᠪᠢᠵᠤ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ 《ᠲᠦᠷᠪᠡᠨ ᠰᠤᠷᠲᠠᠯ》 ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠳᠡᠢ᠃ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠤᠳᠤᠷᠢᠳᠬᠤ ᠪᠠᠭ᠎ᠤᠨ ᠪᠠᠶ᠋ᠢᠭᠤᠯᠤᠯᠲᠠ᠂ ᠺᠠᠳ᠋ᠷ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢ ᠤᠯᠤᠰ ᠲᠦᠷᠦ ᠵᠢ ᠡᠷᠬᠢᠮᠯᠡᠬᠦ᠂ ᠰᠠᠬᠢᠯᠭ᠎ᠠ ᠪᠠᠲᠤ ᠵᠢ ᠰᠠᠬᠢᠬᠤ᠂ ᠬᠠᠷᠢᠭᠤᠴᠠᠯᠭ᠎ᠠ ᠡᠭᠦᠷᠭᠡᠯᠡᠬᠦ᠂ ᠪᠦᠲᠦᠮᠵᠢᠳᠠᠢ ᠵᠢᠱ᠌ᠢᠶᠡᠴᠢ ᠪᠠᠶ᠋ᠢᠭᠤᠯᠭ᠎ᠠ ᠪᠣᠯᠭ᠋ᠠᠨ ᠪᠠᠶ᠋ᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ
ᠰᠢ ᠵᠢᠨ ᠫᠢᠩ ᠲᠦᠪ᠎ᠤᠨ ᠦᠭᠡᠷᠡᠴᠢᠯᠡᠯᠳᠠ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠬᠦᠯᠬᠦ ᠬᠤᠷᠢᠶᠠᠨ᠎ᠤ ᠠᠷᠪᠡᠨ ᠵᠢᠷᠭᠤᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠳᠦ ᠴᠢᠬᠤᠯᠠ ᠶᠠᠷᠢᠶ᠎ᠠ ᠲᠠᠯᠪᠢᠪᠠ
ᠭᠤᠷᠪᠠᠳᠡᠬᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠳᠠ ᠵᠢᠨ ᠪᠠᠶᠠᠷ》 ᠬᠦᠷᠴᠤ ᠢᠷᠡᠬᠦ ᠲᠠᠰᠢᠷᠠᠮ᠎ᠳᠤ ᠰᠢ ᠵᠢᠨ ᠫᠢᠩ ᠪᠦᠬᠦ ᠤᠯᠤᠰ᠎ᠤᠨ ᠦᠷᠭᠡᠨ ᠤᠯᠠᠨ ᠲᠠᠷᠢᠶᠠᠴᠢᠨ ᠪᠤᠯᠤᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ ᠠᠵᠢᠯ᠎ᠤᠨ ᠹᠷᠤᠨᠲ᠎ᠲᠤ ᠠᠵᠢᠯᠯᠠᠵᠤ ᠪᠠᠢ᠍ᠢ᠍ᠭ᠎ᠠ ᠨᠦᠭᠦᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠤᠨ ᠴᠢᠩ ᠰᠡᠳᠭᠢᠯ᠎ᠠᠴᠠ᠎ᠪᠠᠨ ᠲᠤᠬᠤᠨᠢᠭᠤᠯᠵᠠᠢ
《ᠰᠢ ᠵᠢᠨ ᠫᠢᠩ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠠ ᠠᠵᠤ ᠠᠬᠤᠢ ᠨᠡᠢ᠍ᠢ᠍ᠬᠡᠮ᠎ᠤᠨ ᠬᠦᠭᠵᠢᠯᠳᠠ ᠵᠢ ᠨᠢᠬᠡᠳᠤᠯᠳᠠᠢ ᠲᠦᠯᠤᠪᠵᠢᠬᠦᠯᠬᠦ ᠲᠣᠬᠠᠢ ᠴᠢᠬᠤᠯᠠ ᠦᠬᠦᠯᠠᠯᠳᠠ ᠵᠢᠨ ᠲᠡᠬᠦᠪᠦᠷᠢ》 ᠵᠢ ᠬᠡᠪᠯᠠᠨ ᠲᠠᠷᠬᠠᠭ᠋ᠠᠪᠠ
ᠰᠢ ᠵᠢᠨ ᠫᠢᠩ ᠨᠦᠬᠦᠷ᠎ᠤᠨ 《ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬᠠᠢ ᠦᠬᠦᠯᠡᠬᠦ᠎ᠨᠢ》 ᠬᠡᠬᠦ ᠨᠤᠮ ᠬᠡᠪᠯᠡᠭᠳᠡᠪᠡ
 
            