ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠨᠡᠶ᠋ᠢᠲᠡᠯᠡᠭᠰᠡᠨ ᠴᠠᠭ᠄ 2020-09-16

      ᠰᠢᠨᠬᠤᠸᠠ ᠬᠤᠷᠢᠶᠠᠨ᠎ᠤ ᠪᠡᠭᠡᠵᠢᠩ᠎ᠤᠨ 9 ᠰᠠᠷ᠎ᠠ ᠵᠢᠨ 15᠎ᠤ ᠴᠠᠬᠢᠯᠭ᠋ᠠᠨ ᠮᠡᠳᠡᠭᠡ    9 ᠰᠠᠷ᠎ᠠ ᠵᠢᠨ 16᠎ᠤ ᠡᠳᠦᠷ ᠭᠡᠪᠯᠡᠭᠳᠡᠬᠦ 18 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ᠎ᠤᠨ ᠴᠢᠬᠤᠯᠠ ᠵᠤᠬᠢᠶᠠᠯ 《ᠬᠦᠴᠦᠷᠭᠡᠭ ᠶᠡᠭᠡ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠢ ᠪᠠᠢ᠍ᠢ᠍ᠭᠤᠯᠵᠤ᠂ ᠠᠷᠠᠳ ᠲᠦᠮᠡᠨ᠎ᠤ ᠡᠷᠡᠬᠦᠯ ᠮᠡᠨᠳᠦ ᠵᠢ ᠬᠠᠮᠠᠭ᠋ᠠᠯᠠᠬᠤ᠎ᠳᠤ ᠬᠦᠴᠦᠳᠠᠢ ᠪᠠᠳᠤᠯᠠᠭ᠎ᠠ ᠬᠠᠩᠭ᠋ᠠᠬᠤ ᠭᠡᠷᠡᠭᠲᠡᠢ》 ᠵᠢ ᠨᠡᠢ᠍ᠢ᠍ᠳᠡᠯᠡᠵᠡᠢ᠃
      ᠵᠤᠬᠢᠶᠠᠯ᠎ᠳᠤ᠂ ᠠᠷᠠᠳ ᠲᠦᠮᠡᠨ᠎ᠤ ᠠᠮᠤᠷ ᠲᠦᠪᠰᠢᠨ ᠪᠤᠯ ᠤᠯᠤᠰ᠎ᠤᠨ ᠠᠮᠤᠷ ᠲᠦᠪᠰᠢᠨ᠎ᠤ ᠰᠠᠭᠤᠷᠢ ᠮᠦᠨ᠃ ᠬᠤᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠦ᠂ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠨ᠂ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠬᠦᠷᠢᠶᠡᠨ᠎ᠳᠠᠬᠢ ᠬᠦᠨᠳᠦ ᠶᠡᠭᠡ ᠠᠶᠦᠯ ᠲᠦᠭᠰᠢᠬᠦᠷᠢ ᠵᠢ ᠴᠠᠭ ᠢᠮᠠᠬᠳᠠ ᠰᠡᠷᠭᠡᠢ᠍ᠢ᠍ᠯᠡᠬᠦ ᠭᠡᠷᠡᠭᠲᠡᠢ᠃ ᠭᠠᠭᠴᠠ ᠬᠦ᠌ ᠬᠦᠴᠦᠷᠭᠡᠭ ᠶᠡᠭᠡ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠢ ᠪᠠᠢ᠍ᠢ᠍ᠭᠤᠯᠵᠦ᠂ ᠤᠷᠢᠳᠴᠢᠯᠡᠨ ᠰᠡᠷᠡᠮᠵᠢᠯᠡᠬᠦᠯᠬᠦ ᠴᠤᠤᠷᠢᠶᠠᠳᠤᠨ ᠲᠠᠭ᠋ᠠᠬᠤ ᠲᠤᠭᠳᠠᠴᠠ ᠵᠢ ᠪᠦᠷᠢᠨᠰᠢᠬᠦᠯᠦᠨ᠂ ᠰᠡᠷᠭᠡᠢ᠍ᠢ᠍ᠯᠡᠨ ᠡᠵᠡᠮᠳᠡᠬᠦ ᠪᠠ ᠠᠪᠤᠷᠠᠨ ᠵᠠᠰᠠᠬᠤ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠬᠦᠯᠵᠦ᠂ ᠰᠡᠷᠭᠡᠢ᠍ᠢ᠍ᠯᠡᠯᠳᠠ ᠵᠢᠨ ᠲᠤᠤᠷ᠎ᠢ ᠪᠡᠬᠢᠵᠢᠬᠦᠯᠵᠦ᠂ ᠲᠤᠰᠠᠭ᠋ᠠᠷᠯᠠᠬᠤ ᠭᠡᠷᠡᠮ᠎ᠢ ᠪᠠᠳᠤ ᠴᠤᠬ᠍ᠴᠠᠯᠠᠪᠠᠯ ᠰᠠᠶᠢ ᠠᠷᠠᠳ ᠲᠦᠮᠡᠨ᠎ᠤ ᠡᠷᠡᠬᠦᠯ ᠮᠡᠨᠳᠦ ᠵᠢ ᠬᠠᠮᠠᠭ᠋ᠠᠯᠠᠬᠤ᠎ᠳᠤ ᠦᠨᠡᠨ ᠬᠦ᠌ ᠬᠦᠴᠦᠳᠠᠢ ᠪᠠᠳᠤᠯᠠᠭ᠎ᠠ ᠬᠠᠩᠭ᠋ᠠᠵᠦ ᠴᠢᠳᠠᠨ᠎ᠠ ᠭᠡᠵᠦ ᠴᠢᠬᠤᠯᠠᠴᠢᠯᠠᠪᠠ᠃
      ᠵᠤᠬᠢᠶᠠᠯ᠎ᠳᠤ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠰᠢᠰᠲᠸᠮ᠎ᠢ ᠦᠭᠡᠷᠡᠴᠢᠯᠡᠨ ᠳᠡᠬᠦᠯᠳᠡᠷᠵᠢᠬᠦᠯᠬᠦ ᠭᠡᠷᠡᠭᠲᠡᠢ᠃ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠰᠢᠰᠲᠸᠮ ᠪᠤᠯ ᠠᠷᠠᠳ ᠲᠦᠮᠡᠨ᠎ᠤ ᠡᠷᠡᠬᠦᠯ ᠮᠡᠨᠳᠤ ᠵᠢ ᠬᠠᠮᠠᠭ᠋ᠠᠯᠠᠬᠤ᠂ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠠᠮᠤᠷ ᠲᠦᠪᠰᠢᠨ᠎ᠢ ᠪᠠᠳᠤᠯᠠᠬᠤ᠂ ᠠᠵᠥ ᠠᠬᠤᠢ ᠨᠡᠢ᠍ᠢ᠍ᠬᠡᠮ᠎ᠤᠨ ᠲᠤᠭᠳᠠᠭᠤᠨ᠎ᠢ ᠬᠠᠮᠠᠭ᠋ᠠᠯᠠᠬᠤ ᠴᠢᠬᠤᠯᠠ ᠪᠠᠳᠤᠯᠠᠭ᠎ᠠ ᠪᠤᠯᠤᠨ᠎ᠠ᠃ ᠨᠡᠩ ᠤᠨᠤᠴᠠᠳᠠᠢ ᠨᠡᠩ ᠪᠦᠳᠦᠮᠵᠢᠳᠡᠢ᠎ᠪᠠᠷ ᠰᠡᠷᠬᠡᠢ᠍ᠢ᠍ᠯᠡᠬᠦ᠎ᠳᠤ ᠰᠠᠭᠤᠷᠢᠯᠠᠵᠥ᠂ ᠪᠠᠢ᠍ᠢ᠍ᠭᠤᠯᠤᠮᠵᠢ ᠲᠤᠭᠳᠠᠴᠠ ᠵᠢ ᠰᠢᠯᠤᠭᠤᠳᠬᠠᠬᠤ᠂ ᠦᠢ᠍ᠯᠡᠳᠦᠯ ᠴᠢᠳᠠᠪᠬᠢ ᠵᠢᠨ ᠪᠠᠢ᠍ᠢ᠍ᠷᠢ ᠲᠤᠭᠳᠠᠭ᠋ᠠᠯᠳᠠ ᠵᠢ ᠲᠤᠳᠤᠷᠬᠠᠢ᠍ᠢ᠍ᠯᠠᠬᠤ᠂ ᠲᠤᠰᠬᠠᠢ ᠮᠡᠷᠬᠡᠵᠢᠯ᠎ᠤᠨ ᠴᠢᠳᠠᠪᠤᠷᠢ ᠵᠢ ᠲᠡᠬᠡᠭᠰᠢᠯᠡᠬᠦᠯᠬᠦ ᠵᠡᠷᠬᠡ ᠲᠡᠯ᠎ᠡ᠎ᠪᠠᠷ ᠦᠬᠡᠷᠡᠴᠢᠯᠡᠯᠳᠡ ᠵᠢᠨ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠳᠡᠢ᠃ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠰ᠎ᠤᠨ ᠲᠤᠬᠳᠠᠪᠤᠷᠢᠳᠠᠢ ᠤᠷᠤᠭᠤᠯᠤᠯᠳᠠ ᠵᠢᠨ ᠲᠤᠭᠳᠠᠴᠠ ᠵᠢ ᠪᠠᠢ᠍ᠢ᠍ᠭᠤᠯᠵᠥ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠦᠨᠳᠦᠰᠦᠨ ᠨᠦᠬᠦᠴᠡᠯ᠎ᠢ ᠰᠠᠢ᠍ᠢ᠍ᠵᠢᠷᠠᠭᠤᠯᠵᠥ᠂ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠴᠢᠯᠡᠬᠡᠨ᠎ᠤ ᠲᠦᠷᠦᠯ ᠵᠦᠢ᠍ᠯ᠎ᠢ ᠲᠡᠬᠦᠯᠳᠡᠷᠵᠢᠬᠦᠯᠵᠦ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠪᠠᠢ᠍ᠢ᠍ᠭᠤᠯᠤᠮᠵᠢ ᠵᠢᠨ ᠡᠬᠦᠷᠬᠡ ᠴᠢᠳᠠᠪᠬᠢ ᠵᠢᠨ ᠲᠤᠬᠢᠷᠠᠭᠤᠯᠤᠯᠳᠠ ᠵᠢ ᠰᠢᠯᠢᠳᠡᠭᠵᠢᠬᠦᠯᠦᠨ ᠲᠡᠬᠦᠯᠳᠡᠷᠵᠢᠬᠦᠯᠤᠨ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠤᠯᠤᠰ᠎ᠤᠨ ᠲᠡᠰ᠎ᠤᠨ ᠪᠠᠢ᠍ᠢ᠍ᠭᠤᠯᠤᠮᠵᠢ ᠵᠢᠨ ᠴᠢᠳᠠᠪᠤᠷᠢ ᠵᠢᠨ ᠪᠠᠢ᠍ᠢ᠍ᠭᠤᠯᠤᠯᠳᠠ ᠵᠢ ᠴᠢᠩᠭ᠋ᠠᠳᠬᠠᠵᠥ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠪᠠᠢ᠍ᠢ᠍ᠭᠤᠯᠤᠮᠵᠢ ᠪᠤᠯᠤᠨ ᠬᠤᠳᠠ ᠬᠦᠳᠡᠬᠡ ᠨᠡᠢ᠍ᠢ᠍ᠬᠡᠮ ᠲᠤᠭᠤᠷᠢᠭ᠎ᠤᠨ ᠬᠤᠯᠪᠤᠭ᠋ᠠᠯᠠᠨ ᠬᠦᠳᠡᠯᠥᠯᠴᠡᠬᠦ ᠠᠵᠢᠯ᠎ᠤᠨ ᠲᠤᠭᠳᠠᠴᠠ ᠵᠢ ᠪᠦᠷᠢᠨᠰᠢᠬᠦᠯᠵᠥ᠂ ᠡᠮᠨᠡᠬᠦ ᠪᠠ ᠰᠡᠷᠬᠡᠢ᠍ᠢ᠍ᠯᠡᠬᠦ ᠵᠢ ᠬᠠᠮᠵᠢᠯᠴᠠᠭᠤᠯᠬᠤ ᠲᠤᠭᠳᠠᠴᠠ ᠵᠢ ᠰᠢᠨᠡᠴᠢᠯᠡᠵᠥ᠂ ᠡᠪᠡᠳᠴᠢᠨ ᠡᠮᠬᠡᠭ᠎ᠢ ᠰᠡᠷᠬᠡᠢ᠍ᠢ᠍ᠯᠡᠨ ᠡᠵᠡᠮᠳᠡᠬᠦ ᠴᠢᠳᠠᠪᠤᠷᠢᠳᠡᠨ᠎ᠤ ᠡᠩᠨᠡᠬᠡ ᠵᠢᠨ ᠪᠠᠢ᠍ᠢ᠍ᠭᠤᠯᠤᠯᠳᠠ ᠵᠢ ᠴᠢᠩᠭ᠋ᠠᠳᠬᠠᠨ᠂ ᠨᠢᠬᠡ ᠪᠦᠯᠥᠭ ᠦᠨᠳᠤᠷ ᠲᠦᠪᠰᠢᠨ ᠪᠦᠬᠦᠢ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠲᠡᠬᠡᠳᠤ ᠰᠤᠷᠭ᠋ᠠᠭᠤᠯᠢ ᠵᠢ ᠪᠠᠢ᠍ᠢ᠍ᠭᠤᠯᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠵᠤᠬᠢᠶᠠᠯ᠎ᠳᠤ᠂ ᠬᠢᠨᠡᠨ ᠭᠡᠮᠵᠢᠵᠦ ᠤᠷᠢᠳᠴᠢᠯᠡᠨ ᠰᠡᠷᠡᠮᠵᠢᠯᠡᠬᠦᠯᠬᠦ ᠪᠠ ᠪᠠᠴᠢᠮ ᠠᠷᠭ᠋ᠠᠴᠠᠭ᠋ᠠᠬᠤ ᠴᠢᠳᠠᠪᠤᠷᠢ ᠵᠢ ᠴᠢᠩᠭ᠋ᠠᠳᠬᠠᠬᠤ ᠭᠡᠷᠡᠭᠲᠡᠢ᠃ ᠡᠬᠢᠨ᠎ᠤ ᠬᠤᠭᠤᠴᠠᠭ᠋ᠠᠨ᠎ᠳᠠᠬᠢ ᠬᠢᠨᠠᠨ ᠬᠡᠮᠵᠢᠵᠥ ᠰᠡᠷᠡᠮᠵᠢᠯᠡᠬᠦᠯᠬᠦ ᠴᠢᠳᠠᠪᠤᠷᠢ ᠵᠢ ᠴᠢᠩᠭ᠋ᠠᠳᠬᠠᠬᠤ ᠵᠢ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠰᠢᠰᠲᠸᠮ᠎ᠢ ᠪᠦᠷᠢᠨᠰᠢᠬᠦᠯᠬᠦ ᠪᠠᠷᠢᠨ ᠬᠦᠢ᠍ᠴᠡᠳᠬᠡᠬᠦ ᠪᠠᠴᠢᠮ ᠡᠬᠦᠷᠬᠡ ᠪᠤᠯᠭ᠋ᠠᠵᠥ᠂ ᠬᠠᠯᠳᠠᠪᠤᠷᠢᠳᠤ ᠡᠪᠡᠳᠴᠢᠨ᠎ᠤ ᠬᠢᠵᠢᠭ᠎ᠤᠨ ᠪᠠᠢ᠍ᠢ᠍ᠳᠠᠯ ᠪᠤᠯᠤᠨ ᠬᠡᠨᠡᠳᠳᠡ ᠡᠬᠦᠰᠬᠦ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ᠎ᠢ ᠬᠢᠨᠠᠨ ᠬᠡᠮᠵᠢᠬᠦ ᠰᠢᠰᠲᠸᠮ᠎ᠢ ᠲᠡᠬᠦᠯᠳᠡᠷᠵᠢᠬᠦᠯᠤᠨ᠂ ᠲᠤᠷᠰᠢᠯᠳᠠ ᠵᠢᠨ ᠲᠠᠰᠤᠭ᠎ᠤᠨ ᠰᠢᠯᠭ᠋ᠠᠨ ᠪᠠᠢ᠍ᠢ᠍ᠴᠠᠭ᠋ᠠᠬᠤ ᠲᠤᠤᠷ᠎ᠤᠨ ᠪᠠᠢ᠍ᠢ᠍ᠭᠤᠯᠤᠯᠳᠠ ᠵᠢ ᠴᠢᠩᠭ᠋ᠠᠳᠬᠠᠵᠥ᠂ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠪᠠᠢ᠍ᠢ᠍ᠭᠤᠯᠤᠮᠵᠢ ᠪᠤᠯᠤᠨ ᠡᠮᠴᠢᠯᠡᠬᠡᠨ᠎ᠤ ᠪᠠᠢ᠍ᠢ᠍ᠭᠤᠯᠤᠮᠵᠢ ᠵᠢᠨ ᠬᠠᠮᠵᠢᠯᠴᠠᠨ ᠬᠢᠨᠡᠨ ᠬᠡᠮᠵᠢᠬᠦ ᠲᠤᠭᠳᠠᠴᠠ ᠵᠢ ᠪᠠᠢ᠍ᠢ᠍ᠭᠤᠯᠤᠨ᠂ ᠬᠡᠨᠡᠳᠳᠡ ᠡᠬᠦᠰᠬᠦ ᠤᠯᠠᠨ ᠨᠡᠢ᠍ᠢ᠍ᠳᠡ ᠵᠢᠨ ᠡᠷᠡᠬᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ ᠲᠦᠰᠦᠪ᠎ᠤᠨ ᠰᠢᠰᠲᠸᠮ᠎ᠢ ᠪᠦᠷᠢᠨᠰᠢᠬᠦᠯᠵᠥ᠂ ᠦᠨᠳᠦᠰᠦᠨ ᠱᠠᠳᠤᠨ᠎ᠤ ᠡᠷᠡᠬᠦᠯ ᠬᠠᠮᠠᠭ᠋ᠠᠯᠠᠯ᠎ᠤᠨ ᠠᠵᠢᠯᠳᠠᠨ᠎ᠤ ᠮᠡᠳᠡᠯᠬᠡ ᠵᠢᠨ ᠨᠦᠬᠡᠴᠡᠯᠡᠯ ᠪᠤᠯᠤᠨ ᠪᠤᠯᠪᠠᠰᠤᠷᠠᠯ ᠰᠤᠷᠢᠯᠳᠡ ᠵᠢ ᠴᠢᠩᠭ᠋ᠠᠳᠨᠬᠬᠤ ᠭᠡᠷᠡᠭᠳᠠᠢ᠃ ᠡᠯ᠎ᠡ ᠱᠠᠳᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ ᠬᠦᠨᠳᠤ ᠶᠡᠬᠡ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠵᠢ ᠲᠤᠭᠳᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠪᠠᠢ᠍ᠢ᠍ᠷᠢᠯᠠᠭᠤᠯᠬᠤ ᠵᠡᠷᠬᠡ ᠡᠷᠡᠬᠦᠯ ᠬᠠᠮᠠᠭ᠋ᠠᠯᠠᠯ ᠡᠷᠡᠬᠦᠯ ᠮᠡᠨᠳᠤ ᠵᠢᠨ ᠠᠵᠢᠯ᠎ᠤᠨ ᠲᠤᠭᠳᠠᠴᠠ ᠵᠢ ᠪᠠᠢ᠍ᠢ᠍ᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠬᠦᠨᠳᠤ ᠶᠡᠭᠡ ᠬᠢᠵᠢᠭ᠎ᠢ ᠠᠪᠤᠷᠠᠨ ᠵᠠᠰᠠᠬᠤ ᠰᠢᠰᠲᠸᠮ᠎ᠢ ᠪᠦᠷᠢᠨᠰᠢᠬᠦᠯᠬᠦ ᠭᠡᠷᠡᠭᠳᠠᠢ᠃ ᠠᠯᠪᠠᠨ᠎ᠠᠴᠠ ᠪᠠᠢ᠍ᠢ᠍ᠭᠤᠯᠤᠬᠰᠠᠠ ᠡᠮᠨᠡᠯᠬᠡ ᠵᠢᠨ ᠬᠤᠷᠢᠶᠠᠨ᠎ᠤ ᠬᠠᠯᠳᠠᠪᠤᠷᠢᠳᠤ ᠡᠪᠡᠳᠴᠢᠨ᠎ᠢ ᠠᠪᠤᠷᠡᠨ ᠵᠠᠰᠠᠬᠤ ᠴᠢᠳᠠᠪᠤᠷᠢ ᠵᠢᠨ ᠪᠠᠢ᠍ᠢ᠍ᠭᠤᠯᠤᠯᠳᠠ ᠵᠢ ᠪᠦᠬᠦ ᠲᠡᠯ᠎ᠡ᠎ᠪᠠᠷ ᠴᠢᠩᠭ᠋ᠠᠳᠬᠠᠵᠥ᠂ ᠶᠡᠷᠤᠩᠬᠡᠢ᠍ᠢ᠍ᠯᠡᠭᠰᠡᠡ ᠡᠮᠨᠡᠯᠬᠡ ᠵᠢᠨ ᠬᠤᠷᠢᠶᠠᠨ᠎ᠤ ᠬᠠᠯᠳᠠᠪᠤᠷᠢᠳᠤ ᠡᠪᠡᠳᠴᠢᠨ᠎ᠢ ᠰᠡᠷᠬᠡᠢ᠍ᠢ᠍ᠯᠡᠨ ᠵᠠᠰᠠᠬᠤ ᠲᠦᠬᠦᠬᠡᠷᠤᠮᠵᠢ ᠵᠢᠨ ᠪᠦᠳᠦᠬᠡᠨ ᠪᠠᠢ᠍ᠢ᠍ᠭᠤᠯᠤᠯᠳᠠ ᠵᠢᠨ ᠪᠠᠷᠢᠮᠵᠢᠶ᠎ᠠ ᠵᠢ ᠲᠡᠬᠦᠯᠳᠡᠷᠵᠢᠬᠦᠯᠤᠨ᠂ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠡᠮᠴᠢᠯᠡᠬᠡᠨ᠎ᠤ ᠠᠪᠤᠷᠠᠨ ᠵᠠᠰᠠᠬᠤ ᠨᠦᠬᠡᠴᠡ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ᠃ ᠡᠮᠴᠢᠯᠡᠭᠡᠨ᠎ᠤ ᠡᠬᠢ ᠪᠠᠶᠠᠯᠢᠭ᠎ᠤᠨ ᠵᠤᠬᠢᠰᠳᠠᠢ ᠪᠠᠢ᠍ᠢ᠍ᠷᠢᠰᠢᠭᠤᠯᠤᠯᠳᠠ ᠵᠢ ᠰᠢᠯᠢᠳᠡᠭᠵᠢᠬᠦᠯᠵᠤ᠂ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠪᠠᠢ᠍ᠢ᠍ᠳᠠᠯ ᠲᠤᠤᠷ᠎ᠡ ᠡᠮ ᠡᠮᠨᠡᠯᠭᠡ ᠡᠷᠡᠬᠦᠯ ᠬᠠᠮᠠᠭ᠋ᠠᠯᠠᠯ᠎ᠤᠨ ᠪᠠᠢ᠍ᠢ᠍ᠭᠤᠯᠤᠮᠵᠢ ᠵᠢᠨ ᠲᠠᠢ᠍ᠢ᠍ᠴᠢᠯᠠᠵᠦ ᠴᠤᠤᠷᠢᠶᠠᠳᠤᠨ ᠲᠠᠭ᠋ᠠᠬᠤ᠂ ᠤᠷᠤᠨ ᠪᠦᠰᠡ ᠵᠢᠨ ᠬᠤᠯᠪᠤᠭ᠋ᠠᠯᠠᠨ ᠬᠦᠳᠡᠯᠦᠯᠴᠡᠬᠦ᠂ ᠬᠦᠮᠦᠰ᠎ᠢ ᠰᠢᠯᠵᠢᠬᠦᠯᠤᠨ ᠴᠤᠬᠯᠠᠭᠤᠯᠬᠤ ᠵᠢ ᠨᠢᠭᠡᠳᠦᠯᠳᠠᠢ ᠲᠦᠯᠦᠪᠵᠢᠬᠦᠯᠵᠤ᠂ ᠲᠡᠰ ᠬᠤᠪᠢᠶᠠᠬᠰᠠᠨ᠂ ᠲᠠᠪᠬᠤᠷᠭ᠎ᠡ ᠬᠤᠪᠢᠶᠠᠬᠰᠠᠨ᠂ ᠰᠠᠯᠭ᠋ᠠᠨ ᠲᠠᠷᠬᠠᠭ᠋ᠠᠬᠰᠠᠨ ᠬᠠᠯᠳᠠᠪᠤᠷᠢᠳᠤ ᠡᠪᠡᠳᠴᠢᠨ ᠵᠡᠷᠭᠡ ᠬᠦᠨᠳᠤ ᠶᠡᠭᠡ ᠬᠢᠵᠢᠭ᠎ᠢ ᠠᠪᠤᠷᠠᠨ ᠵᠠᠰᠠᠬᠤ ᠲᠤᠬᠳᠠᠴᠠ ᠵᠢ ᠪᠠᠢ᠍ᠢ᠍ᠭᠤᠯᠤᠨ ᠪᠦᠷᠢᠨᠰᠢᠬᠦᠯᠵᠤ᠂ ᠬᠤᠳᠠ ᠬᠦᠳᠡᠬᠡ ᠵᠢᠨ ᠭᠤᠷᠪᠠᠨ ᠱᠠᠳᠤᠨ᠎ᠤ ᠡᠮ ᠡᠮᠨᠡᠯᠬᠡ ᠵᠢᠨ ᠦᠢ᠍ᠯᠡᠴᠢᠯᠡᠬᠡᠨ᠎ᠤ ᠲᠤᠤᠷ᠎ᠢ ᠲᠡᠬᠦᠯᠳᠡᠷᠵᠢᠬᠦᠯᠵᠤ᠂ ᠤᠯᠤᠰ᠎ᠤᠨ ᠠᠨᠠᠭ᠋ᠠᠬᠤ ᠤᠬᠠᠭ᠋ᠠᠨ᠎ᠤ ᠲᠦᠪ᠂ ᠤᠷᠤᠨ ᠪᠦᠰᠡ ᠵᠢᠨ ᠡᠮᠴᠢᠯᠡᠬᠡᠨ᠎ᠤ ᠲᠦᠪ ᠵᠡᠷᠬᠡ ᠰᠠᠭᠤᠷᠢᠨ᠎ᠤ ᠪᠦᠳᠦᠬᠡᠨ ᠪᠠᠢ᠍ᠢ᠍ᠭᠤᠯᠤᠯᠳᠠ ᠵᠢ ᠴᠢᠩᠭ᠋ᠠᠳᠬᠠᠵᠥ᠂ ᠬᠦᠨᠳᠤ ᠶᠡᠬᠡ ᠬᠠᠯᠳᠠᠪᠤᠷᠢᠳᠤ ᠡᠪᠡᠳᠴᠢᠨ᠎ᠢ ᠠᠪᠤᠷᠡᠨ ᠵᠠᠰᠠᠬᠤ ᠴᠢᠳᠠᠪᠤᠷᠢ ᠵᠢ ᠲᠡᠭᠡᠭᠰᠢᠯᠡᠬᠦᠯᠬᠦ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
      ᠵᠤᠬᠢᠶᠠᠯ᠎ᠳᠤ᠂ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠭᠡᠭᠡᠨ᠎ᠢ ᠬᠦᠨᠵᠡᠭᠡᠢ ᠦᠷᠨᠢᠬᠦᠯᠬᠦ ᠭᠡᠷᠡᠭᠳᠠᠢ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠠᠮᠠᠴᠡᠯ᠎ᠤᠨ ᠲᠤᠷᠰᠢᠯᠭ᠎ᠡ᠎ᠪᠠᠨ ᠳ᠋ᠦᠨᠭᠨᠡᠵᠤ᠂ ᠤᠯᠤᠰ ᠵᠶ᠋ᠠᠨ ᠬᠠᠢ᠍ᠢ᠍ᠷᠠᠯᠠᠬᠤ ᠡᠷᠡᠬᠦᠯ ᠬᠠᠮᠠᠭ᠋ᠠᠯᠠᠯ᠎ᠤᠨ ᠬᠦᠳᠡᠯᠭᠡᠭᠡᠨ᠎ᠤ ᠠᠭᠤᠯᠤᠬᠳᠠᠬᠤᠨ᠎ᠢ ᠪᠠᠶᠠᠯᠢᠬ᠍ᠵᠢᠭᠤᠯᠵᠤ᠂ ᠠᠷᠭ᠎ᠡ ᠬᠡᠯᠪᠡᠷᠢ ᠠᠷᠭ᠎ᠡ ᠬᠡᠮᠵᠢᠶ᠎ᠡ᠎ᠪᠠᠨ ᠰᠢᠨᠡᠴᠢᠯᠡᠵᠤ᠂ ᠤᠷᠴᠢᠨ ᠲᠤᠭᠤᠷᠢᠨ᠎ᠤ ᠡᠷᠡᠬᠦᠯ ᠬᠠᠮᠠᠭ᠋ᠠᠯᠠᠯ᠎ᠤᠨ ᠵᠠᠰᠠᠯᠳᠠ᠎ᠠᠴᠠ ᠪᠦᠬᠦ ᠲᠠᠯ᠎ᠡ ᠵᠢᠨ ᠨᠡᠢ᠍ᠢ᠍ᠭᠡᠮ᠎ᠤᠨ ᠡᠷᠡᠬᠦᠯ ᠮᠠᠨᠳᠤ ᠵᠢᠨ ᠬᠠᠮᠢᠶᠡᠷᠤᠯᠳᠠ ᠲᠠᠢ᠍ᠢ᠍ᠰᠢ ᠬᠤᠪᠢᠷᠠᠭᠤᠯᠬᠤ ᠵᠢ ᠠᠬᠢᠭᠤᠯᠵᠤ᠂ ᠠᠷᠠᠳ ᠲᠦᠮᠨᠨ᠎ᠤ ᠡᠷᠡᠬᠦᠯ ᠮᠠᠨᠳᠤ᠎ᠳᠤ ᠬᠤᠯᠪᠤᠬᠳᠠᠬᠤ ᠪᠦᠬᠦ ᠲᠠᠯ᠎ᠠ ᠵᠢᠨ ᠴᠢᠨᠠᠷᠲᠠᠢ ᠤᠷᠳᠤ ᠬᠤᠭᠤᠴᠠᠭ᠋ᠠᠨ᠎ᠤ ᠴᠢᠨᠠᠷᠲᠠᠢ ᠠᠰᠠᠭᠤᠳᠠᠯ᠎ᠢ ᠰᠠᠢ᠍ᠢ᠍ᠳᠤᠷ ᠰᠢᠢ᠍ᠳᠪᠤᠷᠢᠯᠡᠬᠦ ᠭᠡᠷᠡᠭᠳᠠᠢ᠃ ᠬᠦᠮᠦᠰ᠎ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠢ ᠪᠦᠬᠦ ᠲᠠᠯ᠎ᠡ᠎ᠪᠠᠷ ᠰᠠᠢ᠍ᠢ᠍ᠵᠢᠷᠠᠭᠤᠯᠵᠤ᠂ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ ᠤᠷᠴᠢᠨ ᠲᠤᠭᠤᠷᠢᠨ᠎ᠤ ᠰᠠᠭᠤᠷᠢ ᠲᠦᠬᠦᠭᠡᠷᠤᠮᠵᠢ ᠵᠢᠨ ᠪᠦᠳᠦᠭᠡᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ᠂ ᠪᠤᠯᠪᠠᠰᠤᠨ ᠡᠷᠡᠬᠦᠯ ᠪᠤᠬᠢᠷᠳᠤᠯ ᠦᠭᠡᠢ ᠤᠷᠴᠢᠨ ᠲᠤᠭᠤᠷᠢᠨ᠎ᠢ ᠬᠠᠮᠠᠭ᠋ᠠᠯᠠᠬᠤ ᠠᠮᠢᠳᠤᠷᠠᠯ᠎ᠤᠨ ᠠᠷᠭ᠎ᠡ ᠬᠡᠯᠪᠡᠷᠢ ᠵᠢ ᠰᠠᠨᠠᠭ᠋ᠠᠴᠢᠯᠠᠵᠤ᠂ ᠡᠷᠡᠬᠦᠯ ᠡᠨᠭᠭᠡ ᠵᠢ ᠪᠤᠢ ᠪᠦᠬᠦᠢ ᠲᠦᠷᠦ ᠵᠢᠨ ᠪᠤᠳᠤᠯᠭ᠎ᠡ᠎ᠳᠤ ᠠᠭᠤᠰᠤᠯᠴᠠᠭᠤᠯᠬᠤ ᠵᠢ ᠠᠬᠢᠭᠤᠯᠵᠤ᠂ ᠪᠦᠬᠦ ᠠᠮᠢ ᠨᠠᠰᠤᠨ᠎ᠤ ᠦᠶᠠᠯᠡᠯ᠎ᠤᠨ ᠬᠤᠭᠤᠴᠠᠭ᠋ᠠᠨ᠎ᠤ ᠡᠷᠡᠬᠦᠯ ᠮᠡᠨᠳᠦ ᠵᠢᠨ ᠬᠠᠮᠢᠶᠡᠷᠤᠯᠳᠠ ᠵᠢᠨ ᠤᠢ᠍ᠢ᠍ᠯᠠᠭ᠋ᠠᠬᠳᠠᠬᠤᠨ᠎ᠢ ᠬᠤᠳᠠ ᠵᠢᠨ ᠲᠦᠯᠦᠪᠵᠢᠬᠦᠯᠭᠡ᠂ ᠪᠦᠳᠦᠭᠡᠨ ᠪᠠᠢ᠍ᠢ᠍ᠭᠤᠯᠤᠯᠳᠠ᠂ ᠬᠠᠮᠢᠶᠡᠷᠤᠯᠳᠠ ᠵᠢᠨ ᠪᠦᠬᠦ ᠶᠠᠪᠤᠴᠠ ᠡᠯ᠎ᠡ ᠭᠤᠬ᠍ᠴᠤᠭ᠎ᠡ᠎ᠳᠤ ᠲᠤᠭᠤᠰᠢᠯᠠᠭᠤᠯᠬᠤ ᠭᠡᠷᠡᠭᠳᠠᠢ ᠭᠡᠵᠤ ᠵᠢᠭ᠋ᠠᠵᠤ

ᠭᠠᠷᠭ᠋ᠠᠪᠠ᠃
      ᠵᠤᠬᠢᠶᠠᠯ᠎ᠳᠤ᠂ ᠬᠢᠳᠡᠳ ᠡᠮ ᠡᠮᠨᠡᠯᠭᠡ ᠵᠢᠨ ᠬᠦᠨᠳᠤ ᠶᠡᠭᠡ ᠬᠢᠵᠢᠭ ᠡᠪᠡᠳᠴᠢᠨ᠎ᠢ ᠰᠡᠷᠭᠡᠢ᠍ᠢ᠍ᠯᠡᠨ ᠵᠠᠰᠬᠠᠤ ᠲᠤᠮᠳᠠᠬᠢ ᠦᠢ᠍ᠯᠡᠳᠦᠯ᠎ᠢ ᠪᠠᠳᠠᠷᠠᠭᠤᠯᠬᠤ ᠭᠡᠷᠡᠭᠳᠠᠢ᠃ ᠬᠢᠳᠠᠳ ᠡᠮᠨᠡᠯᠭᠡ ᠡᠸᠦ᠋ᠷᠤᠫᠠ ᠡᠮᠨᠡᠯᠭᠡ ᠵᠢ ᠤᠶᠠᠯᠳᠤᠭᠤᠯᠵᠤ᠂ ᠬᠢᠳᠠᠳ ᠡᠮ ᠡᠸᠦ᠋ᠷᠤᠫᠠ ᠡᠮ᠎ᠢ ᠵᠡᠷᠭᠡ᠎ᠪᠠᠷ ᠭᠡᠷᠡᠭᠯᠡᠭᠰᠡᠨ᠎ᠨᠢ ᠡᠨᠡ ᠤᠳᠠᠭ᠎ᠡ ᠵᠢᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠤᠨ ᠨᠢᠭᠡ ᠶᠡᠭᠡ ᠤᠨᠴᠠᠯᠢᠭ ᠪᠤᠯᠬᠤ ᠪᠦᠭᠡᠳ ᠪᠠᠰᠠ ᠴᠤ᠌ ᠬᠢᠳᠡᠳ ᠡᠮ ᠡᠮᠨᠡᠯᠭᠡ ᠵᠢᠨ ᠤᠬᠢ ᠰᠤᠳᠤ ᠵᠢ᠎ᠨᠢ ᠵᠠᠯᠭ᠋ᠠᠮᠵᠢᠯᠠᠵᠤ᠂ ᠲᠦᠪ ᠶᠤᠰᠤ ᠵᠢ ᠵᠢᠷᠤᠮᠯᠠᠵᠤ ᠰᠢᠨ᠎ᠡ ᠵᠢ ᠡᠬᠦᠳᠦᠭᠰᠡᠨ ᠠᠮᠢᠳᠤᠯᠢᠭ ᠦᠢ᠍ᠯᠡᠳᠦᠯᠭᠡ ᠪᠤᠯᠤᠨ᠎ᠡ᠃ ᠰᠤᠳᠤᠯᠤᠨ ᠨᠤᠳᠠᠯᠠᠬᠤ᠎ᠪᠠᠨ ᠴᠢᠩᠭ᠋ᠠᠳᠬᠠᠵᠤ᠂ ᠬᠢᠳᠡᠳ ᠡᠮ ᠡᠮᠨᠡᠯᠬᠡ ᠵᠢᠨ ᠬᠠᠯᠳᠠᠪᠤᠷᠢᠳᠤ ᠡᠪᠡᠳᠴᠢᠨ᠎ᠢ ᠰᠡᠷᠬᠡᠢ᠍ᠢ᠍ᠯᠡᠨ ᠵᠠᠰᠠᠬᠤ ᠤᠨᠤᠯ ᠪᠠ ᠤᠨᠤᠰᠢᠯᠠᠨ ᠡᠮᠨᠡᠬᠦ ᠵᠢᠮ᠎ᠠ ᠶᠤᠰᠤ ᠵᠢ ᠳ᠋ᠦᠩᠨᠠᠵᠤ᠂ ᠡᠷᠳᠡᠨ᠎ᠤ ᠰᠤᠨᠭ᠌ᠭᠤᠳᠠᠭ ᠠᠨᠠᠭ᠋ᠠᠬᠤ ᠤᠬᠠᠭ᠋ᠠᠨ᠎ᠤ ᠨᠤᠮ ᠰᠤᠳᠤᠷ᠎ᠤᠨ ᠤᠬᠢ ᠰᠤᠳᠤᠨ ᠵᠦᠢ᠍ᠯᠡᠰ᠎ᠢ ᠡᠮᠬᠢᠯᠡᠨ ᠠᠭᠤᠳᠠᠯᠠᠬᠤ᠎ᠪᠠᠨ ᠴᠢᠨᠭ᠌ᠭ᠋ᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠯᠭ᠋ᠠᠭᠤᠷᠢᠯᠡᠬᠤ ᠲᠠᠪᠴᠠᠩ᠎ᠢ ᠪᠠᠢ᠍ᠢ᠍ᠭᠤᠯᠤᠨ᠂ ᠬᠢᠳᠠᠳ ᠡᠮ᠎ᠤᠨ ᠬᠢᠨᠠᠨ ᠦᠨᠡᠯᠡᠬᠦ ᠬᠢᠨᠡᠨ ᠵᠦᠪᠰᠢᠶᠡᠷᠡᠬᠦ ᠲᠤᠬᠳᠠᠴᠠ ᠵᠢ ᠦᠭᠡᠷᠡᠴᠢᠯᠡᠨ ᠲᠡᠬᠦᠯᠳᠡᠷᠵᠢᠬᠦᠯᠵᠤ᠂ ᠬᠢᠳᠠᠳ ᠡᠮ᠎ᠤᠨ ᠰᠢᠨ᠎ᠡ ᠡᠮ᠎ᠢ ᠰᠤᠳᠤᠯᠤᠨ ᠨᠡᠭᠡᠭᠡᠬᠦ ᠪᠠ ᠠᠵᠤ ᠦᠢ᠍ᠯᠡᠰᠵᠢᠬᠦᠯᠦᠨ ᠬᠦᠭᠵᠢᠭᠦᠯᠬᠦ ᠵᠢ ᠠᠬᠢᠭᠤᠯᠬᠤ ᠭᠡᠷᠡᠭᠳᠠᠢ᠃ ᠬᠢᠳᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ᠂ ᠬᠢᠳᠠᠳ ᠡᠮ ᠡᠮᠨᠡᠯᠭᠡ ᠵᠢᠨ ᠤᠨᠴᠠᠯᠢᠭᠳᠤ ᠴᠢᠳᠠᠪᠤᠷᠢᠳᠠᠨ᠎ᠤ ᠪᠠᠢ᠍ᠢ᠍ᠭᠤᠯᠤᠯᠳᠠ ᠵᠢ ᠴᠢᠨᠭ᠌ᠭ᠋ᠠᠳᠬᠠᠨ᠂ ᠬᠢᠳᠠᠳ ᠡᠮ ᠡᠮᠨᠡᠯᠭᠡ ᠵᠢᠨ ᠠᠵᠢᠯ᠎ᠢ ᠵᠤᠬᠢᠶᠠᠨ ᠪᠠᠢ᠍ᠢ᠍ᠭᠤᠯᠵᠤ ᠤᠳᠤᠷᠢᠳᠬᠤ᠎ᠪᠠᠨ ᠴᠢᠨᠭ᠌ᠭ᠋ᠠᠳᠬᠠᠵᠤ᠂ ᠬᠢᠳᠠᠳ ᠡᠸᠦ᠋ᠷᠦᠫᠠ ᠡᠮ ᠡᠮᠨᠡᠯᠭᠡ ᠵᠢᠨ ᠬᠠᠷᠢᠯᠴᠠᠨ ᠨᠦᠬᠦᠪᠤᠷᠢᠯᠡᠵᠤ᠂ ᠵᠤᠬᠢᠴᠠᠨᠭ᠌ᠭᠤᠢ ᠬᠦᠭᠵᠢᠬᠦ ᠵᠢ ᠠᠬᠢᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠤᠯᠠᠨ ᠨᠡᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠬᠠᠤᠯᠢ ᠴᠠᠭ᠋ᠠᠵᠠ ᠬᠠᠤᠯᠢ ᠲᠦᠷᠢᠮ᠎ᠢ ᠲᠡᠬᠦᠯᠳᠡᠷᠵᠢᠬᠦᠯᠬᠦ ᠭᠡᠷᠡᠭᠳᠠᠢ᠃ ᠬᠠᠯᠳᠠᠪᠤᠷᠢᠳᠤ ᠡᠪᠡᠳᠴᠢᠨ᠎ᠢ ᠰᠡᠷᠭᠡᠢ᠍ᠢ᠍ᠯᠡᠨ ᠵᠠᠰᠠᠬᠤ ᠬᠠᠤᠯᠢ᠂ ᠭᠡᠨᠡᠳᠳᠠ ᠡᠬᠦᠰᠦᠭᠰᠡᠨ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠭᠡᠷᠡᠭ᠎ᠢ ᠠᠷᠭ᠋ᠠᠴᠠᠭ᠋ᠠᠬᠤ ᠬᠠᠤᠯᠢ ᠵᠡᠷᠭᠡ ᠬᠠᠤᠯᠢ ᠴᠠᠭ᠋ᠠᠵᠠ᠎ᠳᠤ ᠵᠠᠰᠠᠪᠤᠷᠢ ᠤᠷᠤᠭᠤᠯᠬᠤ ᠪᠠ ᠬᠠᠤᠯᠢ ᠲᠤᠬᠳᠠᠭ᠋ᠠᠬᠤ ᠠᠵᠢᠯ᠎ᠢ ᠴᠢᠭᠯᠡᠬᠦᠯᠦᠯᠳᠤ ᠴᠢᠨᠠᠷᠳᠠᠢ᠎ᠪᠠᠷ ᠠᠬᠢᠭᠤᠯᠵᠤ᠂ ᠡᠷᠭᠡ ᠬᠠᠷᠢᠭᠤᠴᠠᠯᠭ᠎ᠡ ᠲᠤᠳᠤᠷᠬᠠᠢ᠂ ᠲᠡᠰ ᠳᠠᠷᠠᠭ᠋ᠠᠯᠠᠯ ᠵᠢᠷᠤᠮᠵᠢᠬᠰᠡᠨ᠂ ᠭᠡᠷᠡᠭᠵᠢᠬᠦᠯᠦᠯᠳᠠ ᠬᠦᠴᠤᠳᠠᠢ ᠪᠠᠢ᠍ᠢ᠍ᠬᠤ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠠᠤᠯᠢ ᠭᠡᠷᠡᠭᠵᠢᠬᠦᠯᠬᠦ ᠲᠤᠬᠳᠠᠴᠠ ᠵᠢ ᠪᠦᠷᠢᠨᠰᠢᠬᠦᠯᠬᠦ ᠭᠡᠷᠡᠭᠳᠠᠢ᠃ ᠤᠯᠠᠨ ᠨᠠᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠠᠮᠤᠷ ᠲᠦᠪᠰᠢᠨ ᠪᠠ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠬᠠᠤᠯᠢ ᠴᠠᠭ᠋ᠠᠵᠠ ᠬᠠᠤᠯᠢ ᠲᠤᠬᠳᠠᠭ᠋ᠠᠯ᠎ᠢ ᠲᠦᠭᠡᠮᠡᠯᠵᠢᠬᠦᠯᠵᠤ᠂ ᠪᠦᠬᠦ ᠨᠡᠢ᠍ᠢ᠍ᠭᠡᠮ᠎ᠤᠨ ᠬᠠᠤᠯᠢ ᠶᠤᠰᠤᠭ᠋ᠠᠷ ᠠᠵᠢᠯᠯᠠᠵᠤ᠂ ᠬᠠᠤᠯᠢ ᠶᠤᠰᠤᠭ᠋ᠠᠷ ᠬᠦᠢ᠍ᠴᠡᠳᠭᠡᠬᠦ ᠵᠢ ᠠᠬᠢᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠶᠠᠪᠤᠴᠠ᠎ᠳᠠᠬᠢ ᠲᠤᠯᠭ᠋ᠠᠭᠤᠷᠢᠯᠬᠤ ᠤᠢ᠍ᠢ᠍ᠯᠡᠳᠤᠯ᠎ᠢ ᠪᠠᠳᠠᠷᠠᠭᠤᠯᠬᠤ ᠭᠡᠷᠡᠭᠳᠠᠢ᠃ ᠠᠮᠢ ᠨᠠᠰᠤᠨ᠎ᠤ ᠠᠮᠤᠷ ᠲᠦᠪᠰᠢᠨ ᠪᠤᠯᠤᠨ ᠠᠮᠢᠳᠤ ᠪᠤᠳᠠᠰ᠎ᠤᠨ ᠠᠮᠤᠷ ᠲᠦᠪᠰᠢᠨ᠎ᠤ ᠬᠦᠷᠢᠶᠠᠨ᠎ᠳᠠᠬᠢ ᠴᠢᠬᠤᠯᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠠ ᠪᠦᠳᠦᠭᠡᠯ ᠪᠤᠯ ᠤᠯᠤᠰ᠎ᠤᠨ ᠰᠤᠳᠤᠨ ᠲᠤᠨᠤᠬᠯᠠᠯ ᠮᠦᠨ᠂ ᠵᠠᠪᠠᠯ ᠦᠪᠡᠷ᠎ᠤᠨ ᠭᠠᠷ᠎ᠲᠠᠭᠠᠨ ᠡᠵᠡᠮᠳᠡᠬᠦ ᠭᠡᠷᠡᠭᠳᠠᠢ᠃ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠬᠦᠷᠢᠶᠠᠨ᠎ᠳᠠᠬᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠤᠷᠤᠭᠤᠯᠤᠯᠳᠠ ᠵᠢ ᠨᠡᠮᠡᠭᠳᠡᠬᠦᠯᠵᠤ᠂ ᠰᠢᠨ᠎ᠡ ᠮᠠᠶᠢᠭ᠎ᠤᠨ ᠤᠯᠤᠰ ᠲᠠᠶᠠᠭ᠋ᠠᠷᠴᠢᠯᠠᠬᠰᠠᠨ ᠪᠠᠢ᠍ᠢ᠍ᠭᠤᠯᠤᠮᠵᠢ ᠵᠢᠨ ᠲᠠᠪᠠᠭᠤᠯᠢᠭ᠎ᠢ ᠪᠠᠳᠠᠷᠠᠭᠤᠯᠵᠤ᠂ ᠵᠠᠨᠭ᠌ᠭᠢᠯᠠᠭ᠎ᠡ ᠵᠢᠨ ᠮᠡᠷᠭᠡᠵᠢᠯ᠎ᠤᠨ ᠪᠤᠭᠤᠮᠳᠠ ᠰᠢᠪᠳᠤᠯᠤᠯᠳᠠ ᠵᠢ ᠬᠦᠴᠤ᠎ᠪᠠᠨ ᠲᠦᠪᠯᠡᠷᠡᠬᠦᠯᠤᠨ ᠬᠢᠵᠦ᠂ ᠬᠦᠨᠳᠤ ᠶᠡᠬᠡ ᠡᠪᠡᠳᠴᠢᠨ ᠡᠮᠭᠡᠭ᠎ᠢ ᠰᠡᠷᠬᠡᠢ᠍ᠢ᠍ᠯᠡᠨ ᠵᠠᠰᠠᠬᠤ ᠤᠷᠤᠭᠤᠯᠤᠯᠳᠠ᠎ᠪᠠᠨ ᠦᠷᠬᠦᠯᠵᠢᠯᠠᠨ ᠨᠡᠮᠡᠭᠳᠡᠬᠦᠯᠵᠤ᠂ ᠮᠠᠨ᠎ᠤ ᠤᠯᠤᠰ᠎ᠤᠨ ᠠᠮᠢ ᠨᠠᠰᠤᠨ᠎ᠤ ᠰᠢᠨᠵᠢᠯᠡᠬᠦ ᠤᠬᠠᠭ᠋ᠠᠨ᠂ ᠠᠮᠢᠳᠦ ᠪᠤᠳᠠᠰ᠎ᠤᠨ ᠮᠡᠷᠬᠡᠵᠢᠯ᠂ ᠡᠮ ᠡᠮᠨᠡᠯᠬᠡ ᠡᠷᠡᠬᠦᠯ ᠬᠠᠮᠠᠭ᠋ᠠᠯᠠᠯ᠂ ᠡᠮᠴᠢᠯᠡᠬᠡᠨ᠎ᠤ ᠲᠦᠬᠦᠬᠡᠷᠤᠮᠵᠢ ᠵᠡᠷᠬᠡ ᠬᠦᠷᠢᠶᠡᠨ᠎ᠤ ᠲᠤᠳᠠᠭᠤᠳᠠᠯ᠎ᠢ ᠨᠦᠬᠦᠪᠤᠷᠢᠯᠡᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃
      ᠵᠤᠬᠢᠶᠠᠯ᠎ᠳᠤ᠂ ᠤᠯᠠᠨ ᠤᠯᠤᠰ᠎ᠤᠨ ᠡᠷᠡᠬᠦᠯ ᠬᠠᠮᠠᠭ᠋ᠠᠯᠠᠯ᠎ᠤᠨ ᠰᠤᠯᠢᠯᠴᠠᠭ᠎ᠠ ᠬᠠᠮᠳᠤᠷᠠᠯᠴᠠᠭ᠎ᠠ ᠵᠢ ᠴᠢᠩᠭ᠋ᠠᠳᠬᠠᠬᠤ ᠭᠡᠷᠡᠭᠳᠠᠢ᠃ ᠤᠯᠠᠨ ᠤᠯᠤᠰ᠎ᠤᠨ ᠡᠬᠦᠷᠭᠡ᠎ᠪᠠᠨ ᠦᠷᠬᠦᠯᠵᠢᠯᠠᠨ ᠬᠦᠢ᠍ᠴᠡᠳᠭᠡᠵᠤ᠂ ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠡᠳ᠋ ᠪᠤᠳᠠᠰ᠎ᠤᠨ ᠬᠠᠮᠤᠭ᠎ᠤᠨ ᠶᠡᠭᠡ ᠬᠠᠨᠭ᠌ᠭ᠋ᠠᠯᠭ᠎ᠡ ᠵᠢᠨ ᠤᠯᠤᠰ᠎ᠤᠨ ᠦᠢ᠍ᠯᠡᠳᠦᠯ ᠵᠶ᠋ᠠᠨ ᠪᠠᠳᠠᠷᠠᠭᠤᠯᠵᠤ᠂ ᠬᠤᠯᠪᠤᠬᠳᠠᠯ ᠪᠦᠬᠦᠢ ᠤᠯᠠᠨ ᠤᠯᠤᠰ᠎ᠤᠨ ᠪᠠᠷᠢᠮᠵᠢᠶ᠎ᠠ᠂ ᠵᠢᠷᠤᠮᠵᠢᠯ᠂ ᠴᠢᠭᠯᠡᠯ᠎ᠢ ᠲᠤᠭᠳᠠᠭ᠋ᠠᠬᠤ᠎ᠳᠤ ᠪᠦᠬᠦ ᠲᠠᠯ᠎ᠠ᠎ᠪᠠᠷ ᠬᠦᠨᠵᠡᠬᠡᠢ ᠤᠷᠤᠯᠴᠠᠨ᠂ ᠳᠤᠮᠳᠠᠳᠤ ᠤᠯᠤᠰ᠎ᠤᠨ ᠲᠦᠰᠤᠯ᠂ ᠳᠤᠮᠳᠠᠳᠤ ᠤᠯᠤᠰ᠎ᠤᠨ ᠲᠤᠷᠰᠢᠯᠭ᠎ᠠ ᠵᠢ ᠬᠤᠪᠢᠶᠠᠯᠴᠠᠵᠤ᠂ ᠮᠠᠨ᠎ᠤ ᠤᠯᠤᠰ᠎ᠤᠨ ᠪᠦᠬᠦ ᠪᠦᠮᠪᠦᠷᠴᠡᠭ᠎ᠤᠨ ᠡᠷᠡᠬᠦᠯ ᠬᠠᠮᠠᠭ᠋ᠠᠯᠠᠯ᠎ᠤᠨ ᠵᠠᠰᠠᠯᠳᠠ ᠵᠢᠨ ᠰᠢᠰᠲᠸᠮ᠎ᠳᠠᠬᠢ ᠨᠦᠯᠤᠬᠡᠯᠡᠬᠦ ᠬᠦᠴᠤᠨ ᠪᠤᠯᠤᠨ ᠦᠬᠡ ᠬᠡᠯᠡᠬᠦ ᠡᠷᠬᠡ ᠵᠢ ᠲᠡᠭᠡᠭᠰᠢᠯᠡᠬᠦᠯᠵᠤ᠂ ᠬᠦᠮᠦᠨ ᠲᠦᠷᠦᠯᠬᠢᠳᠠᠨ᠎ᠤ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠬᠠᠮᠳᠤ ᠵᠢᠨ ᠴᠤᠬ᠍ᠴᠠ ᠵᠢ ᠬᠠᠮᠳᠤ᠎ᠪᠠᠷ ᠪᠠᠢ᠍ᠢ᠍ᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠦ ᠴᠢᠬᠤᠯᠠ ᠶᠠᠷᠢᠶ᠎ᠠ ᠲᠠᠯᠪᠢᠪᠠ
ᠰᠢ ᠵᠢᠨ ᠫᠢᠩ ᠵᠠᠬᠢᠳᠠᠯ ᠢᠯᠡᠭᠡᠵᠦ 《ᠲᠡᠮᠡᠴᠡᠭᠴᠢ》 ᠨᠡᠷᠡᠮᠵᠢᠲᠦ ᠪᠥᠬᠥ ᠲᠡᠯᠡᠶ ᠵᠢᠨ ᠭᠦᠨ᠎ᠤ ᠬᠥᠮᠦᠨ ᠰᠠᠭᠤᠯᠭ᠋ᠠᠭᠰᠠᠨ ᠱᠤᠩᠭᠤᠭᠤᠷ ᠲᠦᠮᠡᠨ ᠮᠧᠲᠷ᠎ᠤᠨ ᠭᠦᠨ ᠲᠡᠯᠡᠶ᠎ᠳᠤ ᠱᠤᠩᠭᠤᠬᠤ ᠲᠤᠷᠰᠢᠯᠲᠠ ᠵᠢ ᠠᠮᠵᠢᠯᠲᠠ᠎ᠲᠠᠢ ᠪᠡᠶᠡᠯᠡᠭᠦᠯᠵᠤ ᠢᠯᠠᠯᠲᠠ᠎ᠲᠠᠢ᠎ᠪᠠᠷ ᠪᠤᠴᠠᠵᠤ ᠢᠷᠡᠭᠰᠡᠨ᠎ᠳᠤ ᠪᠠᠶᠠᠷ ᠬᠦᠷᠭᠡᠪᠡ
ᠰᠢ ᠵᠢᠨ ᠫᠢᠩ᠄ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠦ ᠰᠢᠨ᠎ᠠ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠨ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠬᠤ ᠬᠡᠷᠡᠭᠳᠡᠢ
ᠰᠢ ᠵᠢᠨ ᠫᠢᠩ ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠤᠳᠠ (ᠰᠢᠶᠠᠨ)᠎ᠪᠠᠷ ᠨᠡᠷᠡᠶ᠋ᠢᠳᠬᠦ ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠤᠯᠤᠨ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠎ᠤᠨ ᠲᠥᠯᠥᠭᠡᠯᠡᠭᠴᠢᠳ᠎ᠲᠠᠢ ᠠᠭᠤᠯᠵᠠᠪᠠ
ᠰᠢ ᠵᠢᠨ ᠫᠢᠩ ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠦᠷᠢᠮ᠎ᠤᠨ ᠦᠭᠡᠷᠡᠴᠢᠯᠡᠯᠳᠠ ᠵᠢ ᠠᠬᠢᠭᠤᠯᠬᠤ ᠬᠦᠳᠡᠭᠡ ᠲᠤᠰᠬᠤᠨ᠎ᠤ ᠳᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠬᠠᠮᠢᠶᠠᠷᠤᠯᠳᠠ ᠵᠢᠨ ᠠᠵᠢᠯ᠎ᠢ ᠰᠠᠢ᠍ᠢ᠍ᠳᠤᠷ ᠬᠢᠬᠦ ᠲᠤᠬᠠᠢ ᠴᠢᠬᠤᠯᠠ ᠵᠢᠭ᠋ᠠᠪᠤᠷᠢ ᠥᠭᠪᠡ
 
            