ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠰᠤᠷᠭ᠋ᠠᠨ ᠬᠦᠮᠦᠵᠢᠯ ᠰᠣᠶᠣᠯ ᠡᠷᠡᠬᠦᠯ ᠬᠠᠮᠠᠭ᠋ᠠᠯᠠᠯ ᠪᠡᠶ᠎ᠡ ᠵᠢᠨ ᠲᠠᠮᠢᠷ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2020-09-23

      ᠰᠢ ᠵᠢᠨ ᠫᠢᠩ ᠰᠤᠷᠭ᠋ᠠᠨ ᠬᠦᠮᠦᠵᠢᠯ ᠰᠣᠶᠣᠯ ᠡᠷᠡᠬᠦᠯ ᠬᠠᠮᠠᠭ᠋ᠠᠯᠠᠯ ᠪᠡᠶ᠎ᠡ ᠵᠢᠨ ᠲᠠᠮᠢᠷ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠰᠤᠷᠭ᠋ᠠᠨ ᠬᠥᠮᠦᠵᠢᠯ ᠰᠣᠶᠣᠯ ᠡᠷᠡᠭᠦᠯ ᠬᠠᠮᠠᠭ᠋ᠠᠯᠠᠯ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠵᠥ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ
          ᠸᠠᠩ ᠬᠤ᠌ ᠨᠢᠩ   ᠬᠠᠨ ᠵᠧᠩ ᠣᠷᠣᠯᠴᠠᠵᠠᠢ


      ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 9 ᠰᠠᠷ᠎ᠠ ᠵᠢᠨ 22᠎ᠤᠨ ᠦᠳᠡ ᠵᠢᠨ ᠬᠣᠶ᠋ᠢᠨ᠎ᠠ ᠪᠡᠭᠡᠵᠢᠩ᠎ᠳᠤ ᠰᠤᠷᠭ᠋ᠠᠨ ᠬᠥᠮᠦᠵᠢᠯ ᠰᠣᠶᠣᠯ ᠡᠷᠡᠭᠦᠯ ᠬᠠᠮᠠᠭ᠋ᠠᠯᠠᠯ ᠪᠡᠶ᠎ᠡ ᠵᠢᠨ ᠲᠠᠮᠢᠷ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠤᠬᠠᠶ ᠰᠠᠨᠠᠯ ᠰᠠᠨᠠᠭᠤᠯᠭ᠎ᠠ ᠵᠢ᠎ᠨᠢ ᠰᠣᠨᠣᠰᠪᠠ᠃ ᠲᠡᠷᠡ᠂ ᠨᠠᠮ ᠪᠠ ᠤᠯᠤᠰ᠎ᠠᠴᠠ ᠰᠤᠷᠭ᠋ᠠᠨ ᠬᠥᠮᠦᠵᠢᠯ᠂ ᠰᠣᠶᠣᠯ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠨᠠᠮ᠎ᠤᠨ ᠲᠥᠪ ᠬᠣᠷᠢᠶ᠎ᠠ ᠡᠭᠦᠨ᠎ᠤ ᠲᠤᠬᠠᠶ ᠠᠯᠢ ᠣᠯᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠡᠶ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠴᠢᠷᠮᠠᠶ᠋ᠢᠨ ᠬᠥᠮᠦᠵᠢᠭᠦᠯᠵᠦ᠂ ᠨᠡᠶ᠋ᠢᠭᠡᠮ ᠵᠢᠷᠤᠮ᠎ᠤᠨ ᠰᠣᠶᠣᠯ᠎ᠤᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠨᠡᠶ᠋ᠢᠭᠡᠮ᠎ᠤᠨ ᠡᠯ᠎ᠡ ᠵᠦᠢ᠍ᠯ᠎ᠤᠨ ᠦᠢ᠍ᠯᠡᠰ᠎ᠤᠨ ᠰᠢᠨ᠎ᠡ ᠬᠥᠳᠡᠯᠭᠡᠬᠦ ᠬᠦᠴᠦᠨ ᠨᠡᠮᠡᠭᠳᠡᠬᠦ᠂ ᠰᠢᠨ᠎ᠡ ᠪᠠᠶ᠋ᠢᠳᠠᠯ᠎ᠢ ᠡᠭᠦᠳᠬᠦ ᠵᠢ ᠠᠬᠢᠭᠤᠯᠵᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠳᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃



     9 ᠰᠠᠷ᠎ᠠ ᠵᠢᠨ 22᠎ᠤᠨ ᠡᠳᠦᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠰᠤᠷᠭ᠋ᠠᠨ ᠬᠥᠮᠦᠵᠢᠯ ᠰᠣᠶᠣᠯ ᠡᠷᠡᠭᠦᠯ ᠬᠠᠮᠠᠭ᠋ᠠᠯᠠᠯ ᠪᠡᠶ᠎ᠡ ᠵᠢᠨ ᠲᠠᠮᠢᠷ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠤᠬᠠᠶ ᠰᠠᠨᠠᠯ ᠰᠠᠨᠠᠭᠤᠯᠭ᠎ᠠ ᠵᠢ᠎ᠨᠢ ᠰᠣᠨᠣᠰᠪᠠ᠃
                          ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢᠤ ᠸᠸᠢ ᠪᠢᠩ ᠰᠡᠭᠦᠳᠡᠷᠯᠡᠪᠡ

      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ ᠸᠠᠩ ᠬᠤ᠌ ᠨᠢᠩ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠠᠨ ᠵᠧᠩ ᠶᠠᠷᠢᠯᠴᠠᠬᠤ ᠬᠤᠷᠠᠯ᠎ᠳᠤ ᠣᠷᠣᠯᠴᠠᠪᠠ᠃
      ᠶᠠᠷᠢᠯᠴᠠᠬᠤ ᠬᠤᠷᠠᠯ ᠳᠡᠭᠡᠷ᠎ᠡ᠂ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠴᠧᠩ ᠵᠢᠶᠠᠨ ᠫᠢᠩ᠂ ᠪᠡᠭᠡᠵᠢᠩ ᠶᠡᠬᠡ ᠰᠤᠷᠭ᠋ᠠᠭᠤᠯᠢ ᠵᠢᠨ ᠵᠠᠬᠢᠷᠤᠯ ᠬᠤᠤ ᠫᠢᠩ᠂ ᠲᠢᠶᠠᠨᠵᠢᠨ ᠶᠡᠬᠡ ᠰᠤᠷᠭ᠋ᠠᠭᠤᠯᠢ ᠵᠢᠨ ᠹᠧᠩ ᠵᠢᠶ ᠼᠠᠢ ᠤᠳᠬ᠎ᠠ ᠵᠣᠬᠢᠶᠠᠯ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠹᠧᠩ ᠵᠢᠶ ᠼᠠᠢ᠂ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠭᠠᠵᠠᠷ᠎ᠤᠨ ᠳᠠᠷᠤᠭ᠎ᠠ ᠴᠧᠨ ᠰᠢᠩ ᠼᠠᠨ᠂ ᠳᠤᠮᠳᠠᠳᠤ ᠤᠯᠤᠰ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠳᠡᠳ᠋ ᠲᠡᠷᠢᠭᠦᠯᠡᠭᠴᠢ᠂ ᠳᠤᠮᠳᠠᠳᠤ ᠤᠯᠤᠰ᠎ᠤᠨ ᠰᠢ ᠵᠦᠴᠦᠭᠡᠴᠢᠳ᠎ᠤᠨ ᠨᠡᠶ᠋ᠢᠭᠡᠮᠯᠢᠭ᠎ᠤᠨ ᠳᠡᠳ᠋ ᠲᠡᠷᠢᠭᠦᠯᠡᠭᠴᠢ᠂ ᠲᠢᠶᠠᠨᠵᠢᠨ᠎ᠤ ᠵᠠᠯᠠᠭᠤᠴᠤᠳ᠎ᠤᠨ ᠪᠡᠭᠡᠵᠢᠩ ᠵᠦᠴᠦᠭᠡ ᠵᠢᠨ ᠪᠦᠯᠬᠦᠮ᠎ᠤᠨ ᠤᠷᠠᠯᠢᠭ᠎ᠤᠨ ᠵᠥᠪᠯᠡᠯ᠎ᠤᠨ ᠡᠷᠬᠢᠯᠡᠭᠴᠢ ᠮᠧᠩ ᠭᠤᠸᠠᠩ ᠯᠦ᠍᠂ ᠳᠤᠮᠳᠠᠳᠤ ᠤᠯᠤᠰ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠳᠡᠳ᠋ ᠲᠡᠷᠢᠭᠦᠯᠡᠭᠴᠢ᠂ ᠱᠠᠩᠬᠠᠶ ᠵᠢᠨ ᠶᠠᠷᠢᠶᠠᠲᠤ ᠵᠦᠴᠦᠭᠡ ᠵᠢᠨ ᠤᠷᠠᠯᠢᠭ᠎ᠤᠨ ᠲᠥᠪ᠎ᠤᠨ ᠨᠢᠭᠡᠳᠦᠭᠡᠷ ᠳᠡᠰ᠎ᠤᠨ ᠲᠣᠭᠯᠠᠭᠴᠢ ᠰᠢ ᠮᠧᠶ ᠵᠢᠤᠸᠠᠨ᠂ ᠳᠤᠮᠳᠠᠳᠤ ᠤᠯᠤᠰ᠎ᠤᠨ ᠤᠷᠠᠨ ᠵᠢᠷᠤᠭᠴᠢᠳ᠎ᠤᠨ ᠨᠡᠶ᠋ᠢᠭᠡᠮᠯᠢᠭ᠎ᠤᠨ ᠲᠡᠷᠢᠭᠦᠯᠡᠭᠴᠢ᠂ ᠲᠥᠪ᠎ᠤᠨ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ ᠵᠢᠨ ᠵᠠᠬᠢᠷᠤᠯ ᠹᠠᠨ ᠳ᠋ᠢ ᠠᠨ᠂ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠨᠠᠮ᠎ᠤᠨ ᠬᠣᠷᠢᠶᠠᠨ᠎ᠤ ᠱᠦᠵᠢ ᠯᠦ᠍ ᠵᠢᠶᠠᠩ᠂ ᠪᠡᠭᠡᠵᠢᠩ ᠶᠡᠬᠡ ᠰᠤᠷᠭ᠋ᠠᠭᠤᠯᠢ ᠵᠢᠨ ᠠᠨᠠᠭ᠋ᠠᠬᠤ ᠤᠬᠠᠭ᠋ᠠᠨ᠎ᠤ ᠬᠡᠯᠲᠡᠰ᠎ᠤᠨ ᠪᠠᠶ᠋ᠢᠩᠭᠤ ᠵᠢᠨ ᠳᠡᠳ᠋ ᠡᠷᠬᠢᠯᠡᠭᠴᠢ᠂ ᠪᠡᠭᠡᠵᠢᠩ ᠶᠡᠬᠡ ᠰᠤᠷᠭ᠋ᠠᠭᠤᠯᠢ ᠵᠢᠨ ᠭᠤᠷᠪᠠᠳᠤᠭ᠋ᠠᠷ ᠡᠮᠨᠡᠯᠭᠡ ᠵᠢᠨ ᠬᠣᠷᠢᠶᠠᠨ᠎ᠤ ᠳᠠᠷᠤᠭ᠎ᠠ ᠴᠢᠶᠣᠤ ᠵᠢᠶᠧ᠂ ᠪᠡᠭᠡᠵᠢᠩ᠎ᠤᠨ ᠪᠡᠶ᠎ᠡ ᠵᠢᠨ ᠲᠠᠮᠢᠷ᠎ᠤᠨ ᠶᠡᠬᠡ ᠰᠤᠷᠭ᠋ᠠᠭᠤᠯᠢ ᠵᠢᠨ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠭᠦᠢ᠍ᠴᠡᠳᠭᠡᠭᠴᠢ ᠵᠠᠬᠢᠷᠤᠯ ᠪᠦᠦ ᠮᠢᠩ ᠰᠢᠶᠤᠤ ᠵᠡᠷᠭᠡ ᠰᠤᠷᠭ᠋ᠠᠨ ᠬᠥᠮᠦᠵᠢᠯ᠂ ᠰᠣᠶᠣᠯ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ᠎ᠤᠨ ᠬᠦᠷᠢᠶᠡᠨ᠎ᠤ 10 ᠲᠤᠰᠬᠠᠶ ᠮᠡᠷᠭᠡᠵᠢᠯᠲᠡᠨ ᠪᠣᠯᠤᠨ ᠲᠥᠯᠥᠭᠡᠯᠡᠭᠴᠢ ᠤᠷᠢᠳ ᠬᠣᠵᠢᠳ ᠦᠬᠡ ᠬᠡᠯᠡᠵᠥ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠪᠠ ᠬᠥᠭᠵᠢᠯᠲᠡ᠂ ᠰᠣᠶᠣᠯ᠎ᠤᠨ ᠤᠯᠠᠮᠵᠢᠯᠠᠯ ᠪᠠ ᠰᠢᠨ᠎ᠡ ᠡᠭᠦᠳᠦᠯᠲᠡ᠂ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ᠎ᠪᠠᠨ ᠳᠤᠷᠠᠳᠪᠠ᠃ ᠰᠢ ᠵᠢᠨ ᠫᠢᠩ ᠦᠭᠡ ᠶᠠᠷᠢᠭᠰᠠᠨ ᠲᠥᠯᠥᠭᠡᠯᠡᠭᠴᠢ ᠨᠢᠭᠡ ᠪᠦᠷᠢ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠬᠣᠯᠪᠣᠭᠳᠠᠯ ᠪᠦᠬᠦᠢ ᠪᠠᠶ᠋ᠢᠳᠠᠯ᠎ᠢ ᠯᠠᠪᠯᠠᠨ ᠠᠰᠠᠭᠤᠵᠤ᠂ ᠵᠠᠷᠢᠮ ᠠᠵᠢᠯ ᠪᠣᠯᠤᠨ ᠠᠰᠠᠭᠤᠳᠠᠯ᠎ᠤᠨ ᠲᠤᠬᠠᠢ ᠤᠯᠠᠮ ᠨᠢᠭᠡ ᠠᠯᠬᠤᠮ ᠰᠠᠨᠠᠯ ᠰᠣᠨᠣᠰᠴᠤ᠂ ᠦᠨᠡᠯᠡᠯᠲᠡ ᠬᠢᠵᠦ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠶᠡᠬᠡ ᠬᠦᠷ ᠬᠥᠭᠵᠢᠶᠡᠨ᠎ᠲᠠᠢ ᠪᠠᠢ᠍ᠢ᠍ᠯ᠎ᠠ᠃



      ᠤᠯᠠᠨ᠎ᠤ ᠶᠠᠷᠢᠬᠤ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠲᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠣᠯᠠᠨ ᠵᠶ᠋ᠠᠷ ᠵᠶ᠋ᠠᠨ ᠮᠠᠰᠢ ᠰᠠᠶ᠋ᠢᠨ ᠶᠠᠷᠢᠵᠥ᠂ ᠮᠠᠰᠢ ᠦᠨ᠎ᠡ ᠥᠷᠲᠡᠭ᠎ᠲᠠᠢ ᠰᠠᠨᠠᠯ ᠪᠠ ᠰᠠᠨᠠᠭᠤᠯᠭ᠎ᠠ ᠳᠤᠷᠠᠳᠪᠠ᠂ ᠬᠤᠷᠠᠯ᠎ᠳᠤ ᠣᠷᠣᠯᠴᠠᠭᠰᠠᠨ ᠪᠤᠰᠤᠳ ᠲᠤᠰᠬᠠᠶ ᠮᠡᠷᠭᠡᠵᠢᠯᠲᠡᠨ ᠲᠥᠯᠥᠭᠡᠯᠡᠭᠴᠢᠳ ᠪᠢᠴᠢᠭ᠎ᠤᠨ ᠬᠡᠯᠪᠡᠷᠢ ᠵᠢᠨ ᠶᠠᠷᠢᠶ᠎ᠠ᠎ᠪᠠᠨ ᠳᠡᠪᠰᠢᠭᠦᠯᠪᠠ᠂ ᠬᠣᠯᠪᠣᠭᠳᠠᠯ ᠪᠦᠬᠦᠢ ᠲᠠᠯ᠎ᠠ ᠵᠢᠨ᠎ᠬᠢᠨ ᠰᠤᠳᠤᠯᠵᠤ ᠰᠢᠩᠭᠡᠭᠡᠨ ᠠᠪᠬᠤ ᠬᠡᠷᠡᠭᠳᠠᠢ ᠬᠡᠵᠥ ᠢᠯᠡᠳᠬᠡᠪᠡ᠃
      ᠰᠢ ᠵᠢᠨ ᠫᠢᠩ᠂ ᠰᠤᠷᠭ᠋ᠠᠨ ᠬᠥᠮᠦᠵᠢᠯ ᠪᠣᠯ ᠤᠯᠤᠰ᠎ᠤᠨ ᠶᠡᠬᠡ ᠪᠤᠳᠤᠯᠭ᠎ᠠ᠂ ᠨᠠᠮ᠎ᠤᠨ ᠶᠡᠬᠡ ᠪᠤᠳᠤᠯᠭ᠎ᠠ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠤᠪᠵᠢᠭᠦᠯᠭᠡ ᠵᠢᠨ ᠬᠤᠭᠤᠴᠠᠭ᠋ᠠᠨ᠎ᠳᠤ᠂ ᠪᠢᠳᠡ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠦᠨᠳᠦᠷᠴᠠ᠎ᠠᠴᠠ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠤᠨ ᠦᠢ᠍ᠯᠡᠰ᠎ᠢ ᠡᠩ ᠲᠡᠷᠢᠭᠦᠨ᠎ᠳᠤ ᠬᠥᠭᠵᠢᠭᠦᠯᠬᠦ ᠵᠢ ᠪᠠᠷᠢᠮᠲᠠᠯᠠᠨ᠂ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠣᠷᠣᠨ᠎ᠤ ᠲᠥᠯᠥᠭᠡ ᠴᠢᠳᠠᠪᠤᠷᠢᠲᠠᠨ ᠬᠥᠮᠦᠵᠢᠭᠦᠯᠬᠦ ᠵᠢ ᠪᠠᠲᠤ ᠪᠠᠷᠢᠮᠳᠠᠯᠠᠵᠤ᠂ ᠠᠷᠠᠳ ᠲᠦᠮᠡᠨ᠎ᠤ ᠰᠡᠳᠬᠢᠯ ᠬᠠᠨᠤᠮᠵᠢᠲᠠᠶ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ᠎ᠪᠠᠷ ᠴᠢᠷᠮᠠᠢ᠍ᠢ᠍ᠨ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠰᠢᠨ᠎ᠡ ᠠᠶᠠᠯᠠᠯ᠎ᠳᠤ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠭᠡᠷᠡᠭᠳᠠᠢ᠃ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠶᠤᠰᠤ ᠰᠤᠷᠳᠠᠬᠤᠨ ᠵᠶ᠋ᠠᠷ ᠬᠥᠮᠦᠨ᠎ᠢ ᠬᠥᠮᠦᠵᠢᠭᠦᠯᠬᠦ ᠵᠢ ᠰᠤᠷᠭ᠋ᠠᠨ ᠬᠥᠮᠦᠵᠢᠯ᠎ᠤᠨ ᠦᠨᠳᠦᠰᠦᠨ ᠡᠭᠦᠷᠭᠡ ᠪᠣᠯᠭ᠋ᠠᠨ᠂ ᠰᠤᠷᠭ᠋ᠠᠨ ᠬᠥᠮᠦᠵᠢᠯ᠎ᠤᠨ ᠨᠡᠶ᠋ᠢᠭᠡᠮ ᠵᠢᠷᠤᠮ᠎ᠤᠨ ᠭᠣᠤᠯᠯᠠᠬ᠍ᠴᠢ ᠥᠷᠲᠡᠭ᠎ᠤᠨ ᠦᠵᠡᠯᠲᠡ ᠵᠢ ᠪᠤᠢ ᠪᠤᠯᠭ᠋ᠠᠨ ᠦᠢ᠍ᠯᠡᠳᠦᠯᠭᠡᠵᠢᠭᠦᠯᠬᠦ᠎ᠳᠤ ᠦᠵᠡᠭᠦᠯᠬᠦ ᠴᠢᠬᠤᠯᠠ ᠦᠢ᠍ᠯᠡᠳᠦᠯ᠎ᠢ ᠪᠠᠳᠠᠷᠠᠭᠤᠯᠵᠤ᠂ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠣᠨᠣᠯ᠎ᠤᠨ ᠬᠢᠴᠢᠶᠡᠯ᠎ᠤᠨ ᠥᠭᠡᠷᠡᠴᠢᠯᠡᠯᠲᠡ ᠰᠢᠨᠡᠴᠢᠯᠡᠯᠳᠡ ᠵᠢ ᠭᠦᠨᠵᠡᠭᠡᠶ᠋ᠢᠷᠡᠭᠦᠯᠤᠨ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ ᠭᠤᠸ᠎ᠠ ᠰᠠᠶ᠋ᠢᠬᠠᠨ᠎ᠤ ᠬᠥᠮᠦᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠬᠥᠳᠡᠯᠮᠦᠷᠢ ᠵᠢᠨ ᠬᠥᠮᠦᠵᠢᠯ᠎ᠢ ᠥᠷᠭᠡᠨ ᠳᠡᠯᠭᠡᠷ ᠥᠷᠨᠢᠭᠦᠯᠤᠨ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠥᠭᠵᠢᠭᠦᠯᠵᠦ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠤᠨ᠂ ᠰᠤᠷᠤᠭᠴᠢᠳ᠎ᠤᠨ ᠶᠣᠰᠣ ᠮᠣᠷᠠᠯ ᠣᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠵᠤ᠂ ᠰᠤᠷᠤᠭᠴᠢᠳ᠎ᠤᠨ ᠤᠯᠤᠰ ᠵᠶ᠋ᠠᠨ ᠬᠠᠢ᠍ᠢ᠍ᠷᠠᠯᠠᠬᠤ ᠰᠡᠳᠬᠢᠯᠭᠡ᠂ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ᠂ ᠰᠢᠨ᠎ᠡ ᠵᠢ ᠡᠭᠦᠳᠬᠦ ᠵᠣᠷᠢᠭ ᠰᠠᠨᠠᠭ᠎ᠠ᠂ ᠦᠢ᠍ᠯᠡᠳᠦᠯᠭᠡ ᠵᠢᠨ ᠴᠢᠳᠠᠪᠤᠷᠢ ᠵᠢ ᠬᠥᠮᠦᠵᠢᠭᠦᠯᠬᠦ ᠭᠡᠷᠡᠭᠳᠠᠢ᠃ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠲᠠᠢ ᠵᠣᠬᠢᠴᠠᠬᠤ ᠰᠤᠷᠭ᠋ᠠᠨ ᠬᠥᠮᠦᠵᠢᠯ᠎ᠤᠨ ᠪᠦᠲᠦᠴᠡ᠂ ᠰᠢᠨᠵᠢᠯᠡᠭᠡᠨ᠎ᠤ ᠰᠠᠯᠠᠭ᠎ᠠ ᠲᠤᠰᠬᠠᠶ ᠮᠡᠷᠭᠡᠵᠢᠯ᠎ᠤᠨ ᠪᠦᠲᠦᠴᠡ᠂ ᠴᠢᠳᠠᠪᠤᠷᠢᠲᠠᠨ ᠬᠥᠮᠦᠵᠢᠭᠦᠯᠬᠦ ᠪᠦᠲᠦᠴᠡ ᠵᠢ ᠰᠢᠯᠢᠳᠡᠭᠵᠢᠭᠦᠯᠵᠦ᠂ ᠪᠦᠬᠦ ᠠᠷᠠᠳ᠎ᠤᠨ ᠨᠠᠰᠤᠨ ᠲᠤᠷᠰᠢᠳᠠ ᠵᠢᠨ ᠰᠤᠷᠤᠯᠴᠠᠯᠭ᠎ᠠ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠭᠡᠷᠡᠭᠳᠠᠢ᠃ ᠮᠠᠨ᠎ᠤ ᠤᠯᠤᠰ᠎ᠤᠨ ᠶᠡᠬᠡ ᠳᠡᠭᠡᠳᠦ ᠰᠤᠷᠭ᠋ᠠᠭᠤᠯᠢ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠵᠦ᠂ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠳᠤ ᠴᠢᠭᠯᠡᠭᠦᠯᠦᠨ ᠮᠡᠷᠭᠡᠵᠢᠯ᠎ᠤᠨ ᠪᠣᠭᠣᠮᠲᠠ ᠰᠢᠪᠲᠤᠯᠬᠤ᠎ᠪᠠᠨ ᠲᠦᠷᠭᠡᠳᠬᠡᠬᠦ ᠬᠡᠷᠡᠭᠲᠡᠢ᠃ ᠤᠯᠤᠰ᠎ᠤᠨ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ᠎ᠳᠤ ᠰᠠᠭᠤᠷᠢᠯᠠᠵᠤ᠂ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠤᠨ᠂ ᠴᠡᠭ ᠱᠤᠭᠤᠮ ᠪᠠ ᠤᠷᠤᠨ ᠪᠦᠰᠡ ᠵᠢ ᠤᠶᠠᠯᠳᠤᠭᠤᠯᠬᠤ᠂ ᠵᠡᠭᠦᠨ ᠳᠤᠮᠳᠠ ᠪᠠᠷᠠᠭᠤᠨ ᠣᠷᠣᠨ ᠠᠪᠴᠠᠯᠳᠤᠬᠤ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠣᠷᠣᠨ ᠵᠠᠶ ᠵᠢᠨ ᠪᠠᠶ᠋ᠢᠷᠢᠰᠢᠯ᠎ᠢ ᠱᠠᠯᠠᠪᠳᠠᠨ ᠪᠦᠷᠢᠯᠳᠦᠭᠦᠯᠵᠦ᠂ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠲᠦᠪᠰᠢᠨ᠎ᠢ ᠳᠡᠭᠡᠭᠰᠢᠯᠡᠭᠦᠯᠬᠦ ᠭᠡᠷᠡᠭᠳᠠᠢ᠃ ᠰᠤᠷᠭ᠋ᠠᠨ ᠬᠥᠮᠦᠵᠢᠯ᠎ᠤᠨ ᠬᠦᠷᠢᠶᠡᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭ᠋ᠠᠳᠬᠠᠬᠤ ᠬᠡᠷᠡᠭᠲᠡᠢ ᠬᠡᠵᠤ ᠵᠢᠭ᠋ᠠᠵᠤ ᠭᠠᠷᠭ᠋ᠠᠪᠠ᠃



      ᠰᠢ ᠵᠢᠨ ᠫᠢᠩ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠪᠣᠯ ᠪᠦᠬᠦ ᠲᠠᠯ᠎ᠠ᠎ᠪᠠᠷ ᠬᠥᠭᠵᠢᠵᠦ᠂ ᠪᠦᠬᠦ ᠲᠠᠯ᠎ᠠ᠎ᠪᠠᠷ ᠳᠠᠪᠰᠢᠬᠤ ᠠᠭᠤᠤ ᠶᠡᠬᠡ ᠦᠢ᠍ᠯᠡᠰ ᠮᠥᠨ᠂ ᠨᠡᠶ᠋ᠢᠭᠡᠮ ᠵᠢᠷᠤᠮ᠎ᠤᠨ ᠰᠣᠶᠣᠯ᠎ᠤᠨ ᠴᠡᠴᠡᠭᠯᠡᠯ ᠬᠥᠭᠵᠢᠯ ᠪᠠᠶ᠋ᠢᠬᠤ ᠦᠭᠡᠢ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠪᠠᠢ᠍ᠢ᠍ᠬᠤ ᠦᠭᠡᠢ ᠶᠤᠮ᠃ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠨᠳᠤᠤᠰᠢᠭᠤᠯᠬᠤ᠂ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ᠂ ᠬᠤᠪᠢᠰᠬᠠᠯ᠎ᠤᠨ ᠰᠣᠶᠣᠯ᠎ᠢ ᠵᠠᠯᠭ᠋ᠠᠮᠵᠢᠯᠠᠨ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠵᠦ᠂ ᠳᠤᠮᠳᠠᠳᠤ ᠵᠢᠨ ᠰᠣᠶᠣᠯ᠎ᠤᠨ ᠰᠢᠨ᠎ᠡ ᠭᠡᠷᠡᠯ ᠰᠠᠴᠤᠷᠠᠩᠭᠤᠶ ᠠᠮᠵᠢᠯᠳᠠ ᠵᠢ ᠲᠠᠰᠤᠷᠠᠯᠲᠠ ᠦᠭᠡᠢ ᠴᠤᠭᠴᠠᠯᠠᠨ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠭᠡᠷᠡᠭᠳᠠᠢ᠃ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠳᠠ ᠵᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠳᠠ ᠵᠢ ᠵᠣᠬᠢᠴᠠᠭᠤᠯᠤᠨ ᠠᠬᠢᠭᠤᠯᠬᠤ᠎ᠳᠤ ᠰᠣᠶᠣᠯ ᠪᠣᠯ ᠴᠢᠬᠤᠯᠠ ᠠᠭᠤᠯᠭ᠎ᠠ ᠮᠥᠨ; ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠰᠣᠶᠣᠯ ᠪᠣᠯ ᠴᠢᠬᠤᠯᠠ ᠲᠤᠯᠭ᠋ᠠᠭᠤᠷᠢᠯᠠᠯ ᠮᠦᠨ; ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠳᠤ ᠰᠣᠶᠣᠯ ᠪᠣᠯ ᠴᠢᠬᠤᠯᠠ ᠡᠯᠸᠮᠸᠨ᠋ᠲ ᠮᠥᠨ; ᠤᠷᠤᠭᠰᠢᠯᠠᠯᠲᠠ ᠵᠢᠨ ᠵᠠᠮ ᠳᠡᠭᠡᠷᠡᠬᠢ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠬᠤ᠎ᠳᠤ ᠰᠣᠶᠣᠯ ᠪᠣᠯ ᠴᠢᠬᠤᠯᠠ ᠬᠦᠴᠦᠨ ᠴᠢᠳᠠᠯ᠎ᠤᠨ ᠡᠬᠢ ᠪᠤᠯᠠᠭ ᠮᠥᠨ᠃ ᠰᠣᠶᠣᠯ᠎ᠤᠨ ᠪᠠᠶ᠋ᠢᠭᠤᠯᠤᠯᠲᠠ ᠵᠢ ᠪᠦᠬᠦ ᠲᠠᠯ᠎ᠠ ᠵᠢᠨ ᠠᠵᠢᠯ᠎ᠤᠨ ᠲᠤᠪᠤᠢ᠍ᠢ᠍ᠮ᠎ᠠ ᠪᠠᠶ᠋ᠢᠷᠢᠨ᠎ᠳᠤ ᠲᠠᠯᠪᠢᠵᠤ᠂ ᠨᠡᠶ᠋ᠢᠭᠡᠮ ᠵᠢᠷᠤᠮ᠎ᠤᠨ ᠭᠣᠤᠯᠯᠠᠬ᠍ᠴᠢ ᠥᠷᠲᠡᠭ᠎ᠤᠨ ᠦᠵᠡᠯᠲᠡ᠎ᠪᠠᠷ ᠰᠣᠶᠣᠯ᠎ᠤᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠵᠤ᠂ ᠨᠡᠶ᠋ᠢᠭᠡᠮ ᠵᠢᠷᠤᠮ᠎ᠤᠨ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠵᠦ᠂ ᠨᠡᠶ᠋ᠢᠭᠡᠮ᠎ᠤᠨ ᠪᠣᠯᠪᠠᠰᠤᠨ᠎ᠤ ᠲᠦᠪᠰᠢᠨ᠎ᠢ ᠳᠡᠭᠡᠭᠰᠢᠯᠡᠭᠦᠯᠤᠨ᠂ ᠰᠣᠶᠣᠯ᠎ᠤᠨ ᠬᠡᠪ ᠰᠤᠷᠲᠠᠯ᠎ᠢ ᠬᠥᠲᠥᠯᠥᠨ ᠳᠠᠭ᠋ᠠᠭᠤᠯᠬᠤ᠂ ᠠᠷᠠᠳ ᠲᠦᠮᠡᠨ᠎ᠢ ᠰᠤᠷᠭ᠋ᠠᠨ ᠬᠥᠮᠦᠵᠢᠭᠦᠯᠬᠦ᠂ ᠨᠡᠶ᠋ᠢᠭᠡᠮ᠎ᠳᠤ ᠦᠢ᠍ᠯᠡᠴᠢᠯᠡᠬᠦ᠂ ᠬᠥᠭᠵᠢᠯᠲᠡ ᠵᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠬᠤ ᠭᠡᠷᠡᠭᠳᠠᠢ᠃ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠪᠠᠶ᠋ᠢᠩᠭᠤᠵᠢᠭᠤᠯᠤᠨ ᠳᠦᠷᠢᠮᠵᠢᠭᠦᠯᠬᠦ ᠵᠢ ᠠᠬᠢᠭᠤᠯᠵᠤ᠂ ᠨᠠᠮ᠎ᠤᠨ ᠲᠡᠤᠬᠡ᠂ ᠰᠢᠨ᠎ᠡ ᠳᠤᠮᠳᠠᠳᠤ ᠤᠯᠤᠰ᠎ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠤᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠤᠬᠡ ᠵᠢᠨ ᠬᠥᠮᠦᠵᠢᠯ᠎ᠢ ᠴᠢᠩᠭ᠋ᠠᠳᠬᠠᠨ᠂ ᠤᠯᠤᠰ ᠵᠶ᠋ᠠᠨ ᠬᠠᠢ᠍ᠢ᠍ᠷᠠᠯᠠᠬᠤ ᠦᠵᠡᠯ᠂ ᠬᠠᠮᠳᠤᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠴᠢᠩᠭ᠋ᠠᠳᠬᠠᠵᠤ᠂ ᠬᠥᠮᠦᠰ᠎ᠢ ᠬᠥᠲᠥᠯᠥᠨ ᠵᠢᠯᠣᠭᠣᠳᠴᠤ ᠵᠠᠮ᠎ᠤᠨ ᠢᠲᠡᠭᠡᠯ᠂ ᠣᠨᠣᠯ᠎ᠤᠨ ᠢᠲᠡᠭᠡᠯ᠂ ᠲᠦᠷᠢᠮ᠎ᠤᠨ ᠢᠲᠡᠭᠡᠯ᠂ ᠰᠣᠶᠣᠯ᠎ᠤᠨ ᠢᠲᠡᠭᠡᠯ᠎ᠢ ᠪᠠᠲᠤᠳᠬᠠᠵᠤ᠂ ᠪᠦᠬᠦ ᠠᠷᠠᠳ᠎ᠤᠨ ᠦᠵᠡᠯ ᠰᠠᠨᠠᠭ᠎ᠠ ᠪᠠ ᠵᠣᠷᠢᠭ ᠰᠠᠨᠠᠭ᠋ᠠᠨ ᠳᠡᠭᠡᠷ᠎ᠠ᠎ᠪᠠᠨ ᠨᠢᠭᠲᠠ ᠪᠦᠯᠬᠦᠮᠳᠡᠬᠦ ᠵᠢ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃
      ᠰᠢ ᠵᠢᠨ ᠫᠢᠩ᠂ ᠠᠷᠠᠳ ᠲᠦᠮᠡᠨ ᠡᠷᠡᠭᠦᠯ ᠮᠡᠨᠳᠦ ᠪᠠᠢ᠍ᠢ᠍ᠬᠤ ᠪᠣᠯ ᠨᠡᠶ᠋ᠢᠭᠡᠮ᠎ᠤᠨ ᠪᠣᠯᠪᠠᠰᠤᠨ ᠳᠠᠪᠰᠢᠯᠲᠠ ᠵᠢᠨ ᠰᠠᠭᠤᠷᠢ ᠮᠥᠨ᠂ ᠦᠨᠳᠦᠰᠦᠲᠡᠨ᠎ᠤ ᠬᠥᠭᠵᠢᠯ ᠪᠠᠳᠠᠷᠠᠯ ᠪᠠ ᠤᠯᠤᠰ ᠣᠷᠣᠨ᠎ᠤ ᠪᠠᠶᠠᠨ ᠬᠦᠴᠦᠷᠬᠡᠭ᠎ᠤᠨ ᠴᠢᠬᠤᠯᠠ ᠪᠡᠯᠭᠡ ᠲᠡᠮᠳᠡᠭ ᠮᠥᠨ᠂ ᠪᠠᠰᠠ ᠴᠤ᠌ ᠥᠷᠭᠡᠨ ᠣᠯᠠᠨ ᠠᠷᠠᠳ ᠲᠦᠮᠡᠨ᠎ᠤ ᠬᠠᠮᠲᠤ ᠵᠢᠨ ᠬᠥᠭᠡᠭᠡᠴᠡᠯᠳᠦᠯ ᠮᠥᠨ᠃ ᠪᠦᠬᠦ ᠲᠠᠯ᠎ᠠ᠎ᠳᠤ ᠰᠠᠭᠤᠷᠢᠯᠠᠵᠤ᠂ ᠠᠯᠤᠰ ᠬᠡᠳᠦ ᠵᠢᠨ ᠬᠠᠷᠠᠴᠠ᠎ᠪᠠᠷ᠂ ᠲᠤᠯᠭ᠋ᠠᠷᠠᠵᠤ ᠪᠦᠬᠦᠢ ᠬᠠᠭᠤᠴᠢᠨ ᠪᠡᠷᠬᠡ ᠠᠰᠠᠭᠤᠳᠠᠯ ᠪᠣᠯᠤᠨ ᠰᠢᠨ᠎ᠡ ᠥᠷᠢᠰᠥᠯᠳᠦᠭᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠠᠪᠴᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠭᠡᠷᠡᠭᠳᠠᠢ᠃ ᠠᠷᠠᠳ ᠲᠦᠮᠡᠨ᠎ᠤ ᠡᠷᠡᠭᠦᠯ ᠮᠡᠨᠳᠦ ᠵᠢ ᠡᠩ ᠲᠡᠷᠢᠭᠦᠨ᠎ᠳᠤ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠨ᠎ᠳᠤ ᠲᠠᠯᠪᠢᠵᠤ᠂ ᠪᠦᠬᠦ ᠲᠠᠯ᠎ᠠ᠎ᠪᠠᠷ ᠪᠦᠬᠦ ᠦᠶᠡᠯᠡᠯ᠎ᠤᠨ ᠬᠤᠭᠤᠴᠠᠭ᠎ᠠ᠎ᠪᠠᠷ ᠠᠷᠠᠳ ᠲᠦᠮᠡᠨ᠎ᠤ ᠡᠷᠡᠭᠦᠯ ᠮᠡᠨᠳᠦ ᠵᠢ ᠪᠠᠲᠤᠯᠠᠬᠤ᠎ᠪᠠᠷ ᠴᠢᠷᠮᠠᠢ᠍ᠢ᠍ᠨ᠂ ᠳᠦᠷᠢᠮ᠎ᠤᠨ ᠰᠢᠰᠲ᠋ᠧᠮ᠎ᠢ ᠲᠦᠷᠭᠡᠨ ᠪᠠᠶ᠋ᠢᠭᠤᠯᠤᠨ ᠲᠡᠭᠦᠯᠳᠡᠷᠵᠢᠭᠦᠯᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ᠎ᠢ ᠪᠠᠲᠤᠯᠠᠵᠤ᠂ ᠡᠷᠡᠭᠦᠯ ᠮᠡᠨᠳᠦ᠎ᠳᠤ ᠠᠰᠢᠭᠲᠠᠶ ᠠᠮᠢᠳᠤᠷᠠᠯ᠎ᠤᠨ ᠠᠷᠭ᠎ᠠ ᠬᠡᠯᠪᠡᠷᠢ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠵᠠᠭᠪᠤᠷ ᠪᠣᠯᠤᠨ ᠵᠠᠰᠠᠯᠲᠠ ᠵᠢᠨ ᠵᠠᠭᠪᠤᠷ᠎ᠢ ᠲᠦᠷᠭᠡᠨ ᠪᠦᠷᠢᠯᠳᠦᠭᠦᠯᠵᠤ᠂ ᠡᠷᠡᠭᠦᠯ ᠮᠡᠨᠳᠦ ᠪᠠ ᠠᠵᠤ ᠠᠬᠤᠢ ᠨᠡᠶ᠋ᠢᠭᠡᠮ᠎ᠤᠨ ᠰᠠᠢ᠍ᠢ᠍ᠨ ᠰᠠᠢ᠍ᠢ᠍ᠬᠠᠨ ᠵᠤᠬᠢᠴᠠᠩᠭᠤᠢ ᠬᠥᠭᠵᠢᠯᠲᠡ ᠵᠢ ᠪᠡᠶᠡᠯᠡᠭᠦᠯᠬᠦ ᠬᠡᠷᠡᠭᠳᠠᠢ᠃ ᠰᠡᠷᠭᠡᠶ᠋ᠢᠯᠡᠬᠦ᠎ᠪᠠᠷ ᠭᠣᠤᠯ ᠪᠣᠯᠭ᠋ᠠᠬᠤ ᠴᠢᠭᠯᠡᠯᠲᠡ ᠵᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ᠂ ᠰᠡᠷᠭᠡᠶ᠋ᠢᠯᠡᠬᠦ ᠪᠠ ᠵᠠᠰᠠᠬᠤ ᠵᠢ ᠤᠶᠠᠯᠳᠤᠭᠤᠯᠬᠤ᠂ ᠬᠤᠯᠪᠤᠭ᠋ᠠᠯᠠᠨ ᠰᠡᠷᠭᠡᠶ᠋ᠢᠯᠡᠵᠤ ᠬᠤᠯᠪᠤᠭ᠋ᠠᠯᠠᠨ ᠡᠵᠡᠮᠳᠡᠬᠦ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠡᠵᠡᠮᠳᠡᠬᠦ ᠵᠢ ᠪᠠᠷᠢᠮᠲᠠᠯᠠᠨ᠂ ᠣᠯᠠᠨ ᠨᠡᠢ᠍ᠢ᠍ᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠲᠣᠭᠲᠠᠪᠤᠷᠢᠳᠠᠢ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠤᠨ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠳᠠᠢ᠃ ᠠᠷᠠᠳ ᠲᠦᠮᠡᠨ᠎ᠤ ᠡᠷᠡᠭᠦᠯ ᠮᠡᠨᠳᠦ ᠵᠢ ᠨᠥᠯᠥᠭᠡᠯᠡᠬᠦ ᠬᠦᠨᠳᠦ ᠶᠡᠬᠡ ᠡᠪᠡᠳᠴᠢᠨ ᠪᠠ ᠭᠣᠣᠯ ᠪᠤᠯᠬᠤ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ ᠵᠢ ᠲᠦᠷᠭᠡᠳᠬᠡᠨ ᠬᠡᠷᠡᠭᠵᠢᠭᠦᠯᠵᠦ᠂ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠭᠦᠨᠵᠡᠭᠡᠶ ᠥᠷᠨᠢᠭᠦᠯᠤᠨ᠂ ᠤᠯᠤᠰ ᠠᠷᠠᠳ᠎ᠤᠨ ᠡᠷᠡᠭᠦᠯ ᠮᠡᠨᠳᠦ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠳᠠᠶ᠋ᠢᠴᠢᠯᠠᠯᠲᠠ ᠵᠢᠨ ᠲᠣᠭᠲᠠᠴᠠ ᠵᠢ ᠰᠢᠨᠡᠴᠢᠯᠡᠵᠤ᠂ ᠡᠷᠡᠭᠦᠯ ᠮᠡᠨᠳᠦ ᠵᠢᠨ ᠬᠥᠮᠦᠵᠢᠯ᠎ᠤᠨ ᠳᠦᠷᠢᠮ᠎ᠢ ᠲᠡᠭᠦᠯᠳᠡᠷᠵᠢᠭᠦᠯᠤᠨ᠂ ᠬᠦᠨᠳᠦ ᠶᠡᠬᠡ ᠡᠪᠡᠳᠴᠢᠨ᠎ᠢ ᠡᠬᠢ ᠦᠨᠳᠦᠰᠦ᠎ᠠᠴᠠ᠎ᠨᠢ ᠰᠡᠷᠭᠡᠶ᠋ᠢᠯᠡᠨ ᠡᠵᠡᠮᠳᠡᠵᠦ᠂ ᠡᠪᠡᠳᠴᠢᠨ ᠵᠠᠰᠠᠬᠤ᠎ᠪᠠᠷ ᠭᠣᠤᠯ ᠪᠣᠯᠭ᠋ᠠᠵᠤ ᠪᠠᠶ᠋ᠢᠭᠰᠠᠨ᠎ᠠᠴᠠ ᠡᠷᠡᠭᠦᠯ ᠮᠡᠨᠳᠦ᠎ᠪᠠᠷ ᠭᠣᠤᠯ ᠪᠣᠯᠭ᠋ᠠᠬᠤ ᠲᠡᠢ᠍ᠢ᠍ᠰᠢ ᠰᠢᠯᠵᠢᠬᠦ ᠵᠢ ᠪᠡᠶᠡᠯᠡᠭᠦᠯᠬᠦ ᠬᠡᠷᠡᠭᠳᠠᠢ᠃ ᠦᠨᠳᠦᠰᠦᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠨᠡᠢ᠍ᠢ᠍ᠲᠡ ᠵᠢᠨ ᠠᠰᠠᠷᠠᠮᠵᠢ ᠵᠢᠨ ᠴᠢᠨᠠᠷ᠎ᠢ ᠪᠠᠷᠢᠮᠲᠠᠯᠠᠵᠤ᠂ ᠴᠢᠨᠠᠷ ᠰᠠᠶ᠋ᠢᠲᠠᠶ ᠡᠮ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠬᠦ ᠪᠠ ᠣᠷᠣᠨ ᠪᠦᠰᠡ ᠵᠢᠨ ᠲᠡᠩᠴᠡᠭᠦᠷᠢᠲᠡᠶ ᠪᠠᠶ᠋ᠢᠷᠢᠰᠢᠭᠤᠯᠤᠯᠳᠠ ᠵᠢ ᠲᠦᠷᠭᠡᠳᠭᠡᠨ᠂ ᠥᠷᠭᠡᠨ ᠣᠯᠠᠨ ᠠᠷᠠᠳ ᠲᠦᠮᠡᠨ᠎ᠳᠤ ᠲᠥᠪ ᠭᠣᠤᠯᠴᠢ ᠪᠥᠭᠡᠳ ᠤᠢ᠍ᠢ᠍ᠷᠠᠬᠠᠨ ᠬᠦᠷᠲᠡᠵᠦ ᠪᠣᠯᠬᠤ᠂ ᠰᠢᠰᠲ᠋ᠧᠮ᠎ᠲᠠᠢ ᠦᠷᠭᠦᠯᠵᠢᠯᠡᠭᠰᠡᠨ ᠤᠷᠢᠳᠴᠢᠯᠠᠭᠰᠠᠨ ᠰᠡᠷᠭᠡᠶ᠋ᠢᠯᠡᠯᠳᠡ᠂ ᠡᠮᠴᠢᠯᠡᠭᠡ᠂ ᠡᠷᠡᠭᠦᠯᠵᠢᠯ᠂ ᠡᠷᠡᠭᠦᠯ ᠮᠡᠨᠳᠦ ᠵᠢ ᠠᠬᠢᠭᠤᠯᠬᠤ ᠵᠡᠷᠭᠡ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠬᠦᠷᠲᠡᠭᠡᠬᠦ ᠬᠡᠷᠡᠭᠲᠡᠶ᠃ ᠬᠢᠵᠢᠭ᠎ᠲᠠᠢ ᠲᠡᠮᠡᠴᠡᠬᠦ ᠠᠭᠤᠤ ᠶᠡᠬᠡ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠶᠠᠪᠤᠴᠠ᠎ᠳᠠᠬᠢ ᠦᠢ᠍ᠯᠡᠳᠦᠯᠭᠡ ᠵᠢᠨ ᠰᠢᠯᠭ᠋ᠠᠯᠳᠠ ᠵᠢ ᠦᠩᠭᠡᠷᠡᠭᠦᠯᠦᠭᠰᠡᠨ ᠲᠤᠷᠰᠢᠯᠭ᠎ᠠ ᠪᠠ ᠵᠠᠭᠪᠤᠷ᠎ᠢ ᠨᠠᠷᠢᠨ ᠬᠢᠨᠠᠮᠠᠭ᠋ᠠᠶ ᠳ᠋ᠦᠩᠨᠡᠵᠦ᠂ ᠳᠦᠷᠢᠮ᠎ᠤᠨ ᠬᠡᠯᠪᠡᠷᠢ᠎ᠪᠠᠷ ᠪᠡᠬᠢᠵᠢᠭᠦᠯᠬᠦ ᠬᠡᠷᠡᠭᠲᠡᠶ᠃ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠮᠠᠨ᠎ᠤ ᠤᠯᠤᠰ᠎ᠤᠨ ᠣᠯᠠᠨ ᠤᠯᠤᠰ᠎ᠤᠨ ᠣᠨᠴᠠ ᠬᠦᠨᠳᠤ ᠶᠡᠬᠡ ᠭᠡᠨᠡᠳᠳᠡ ᠡᠭᠦᠰᠦᠭᠰᠡᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ ᠠᠵᠢᠯ᠎ᠳᠤ ᠤᠷᠤᠯᠴᠠᠬᠤ ᠲᠣᠭᠲᠠᠴᠠ ᠵᠢ ᠲᠡᠭᠦᠯᠳᠡᠷᠵᠢᠭᠦᠯᠤᠨ᠂ ᠣᠯᠠᠨ ᠤᠯᠤᠰ᠎ᠤᠨ ᠡᠭᠦᠷᠭᠡ ᠵᠢ ᠭᠦᠢ᠍ᠴᠡᠳᠭᠡᠵᠤ᠂ ᠪᠦᠬᠦ ᠳᠡᠯᠡᠬᠡᠢ ᠵᠢᠨ ᠬᠢᠵᠢᠭ᠎ᠢ ᠡᠰᠡᠷᠭᠦᠴᠡᠬᠦ ᠡᠳ᠋ ᠪᠣᠳᠠᠰ᠎ᠤᠨ ᠬᠠᠩᠭ᠋ᠠᠯᠭ᠎ᠠ ᠵᠢᠨ ᠬᠠᠮᠤᠭ᠎ᠤᠨ ᠶᠡᠬᠡ ᠤᠯᠤᠰ᠎ᠤᠨ ᠦᠢ᠍ᠯᠡᠳᠦᠯ᠎ᠢ ᠪᠠᠳᠠᠷᠠᠭᠤᠯᠵᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠵᠢᠨ ᠴᠣᠭᠴᠠ ᠵᠢᠨ ᠪᠠᠢ᠍ᠢ᠍ᠭᠤᠯᠤᠯᠳᠠ ᠵᠢ ᠠᠬᠢᠭᠤᠯᠬᠤ ᠬᠡᠷᠡᠭᠳᠠᠢ ᠬᠡᠵᠤ ᠵᠢᠭ᠋ᠠᠵᠤ ᠭᠠᠷᠭ᠋ᠠᠪᠠ᠃



      ᠰᠢ ᠵᠢᠨ ᠫᠢᠩ᠂ ᠪᠡᠶ᠎ᠡ ᠵᠢᠨ ᠲᠠᠮᠢᠷ ᠪᠣᠯ ᠠᠷᠠᠳ ᠲᠦᠮᠡᠨ᠎ᠤ ᠡᠷᠡᠭᠦᠯ ᠮᠡᠨᠳᠦ ᠵᠢᠨ ᠲᠦᠪᠰᠢᠨ᠎ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠠᠷᠠᠳ ᠤᠯᠠᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭ᠋ᠠᠬᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠡᠶ᠎ᠡ ᠵᠢᠨ ᠲᠠᠮᠢᠷ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠰᠤᠳᠤᠯᠤᠨ ᠮᠠᠭ᠋ᠠᠳᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠣᠤᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠬᠠᠨᠳᠤᠭᠤᠯᠤᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠬᠦ ᠬᠡᠷᠡᠭᠳᠠᠢ᠃ ᠠᠷᠠᠳ ᠣᠯᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠭᠤᠤᠯᠳᠠᠭᠤᠯᠤᠨ᠂ ᠨᠠᠩ ᠥᠨᠳᠥᠷ ᠲᠦᠪᠰᠢᠨ ᠪᠥᠬᠥᠶ ᠪᠦᠬᠦ ᠠᠷᠠᠳ᠎ᠤᠨ ᠪᠡᠶ᠎ᠡ᠎ᠪᠠᠨ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃ ᠡᠷᠡᠭᠦᠯ ᠮᠡᠨᠳᠦ ᠵᠢᠨ ᠪᠣᠭᠣᠮᠲᠠ ᠵᠢ ᠤᠷᠤᠭᠰᠢ ᠰᠢᠯᠵᠢᠭᠦᠯᠬᠦ ᠵᠢ ᠠᠬᠢᠭᠤᠯᠵᠤ᠂ ᠪᠡᠶ᠎ᠡ ᠵᠢᠨ ᠲᠠᠮᠢᠷ ᠪᠣᠯᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶ᠋ᠢᠭᠡᠮ ᠵᠶ᠋ᠠᠷ ᠵᠶ᠋ᠠᠨ ᠣᠷᠣᠯᠴᠠᠭᠰᠠᠨ ᠬᠥᠳᠡᠯᠭᠡᠭᠡᠨ ᠵᠶ᠋ᠠᠷ ᠡᠷᠡᠭᠦᠯ ᠮᠡᠨᠳᠦ ᠵᠢ ᠠᠬᠢᠭᠤᠯᠬᠤ ᠰᠢᠨ᠎ᠡ ᠵᠠᠭᠪᠤᠷ᠎ᠢ ᠪᠠᠶ᠋ᠢᠭᠤᠯᠬᠤ ᠬᠡᠷᠡᠭᠲᠡᠢ᠃ ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ ᠰᠤᠷᠭ᠋ᠠᠨ ᠬᠥᠮᠦᠵᠢᠯ᠎ᠤᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠢ ᠴᠢᠩᠭ᠋ᠠᠳᠬᠠᠨ᠂ ᠵᠠᠯᠠᠭᠤᠴᠤᠳ ᠪᠠᠭ᠋ᠠᠴᠤᠳ᠎ᠤᠨ ᠰᠣᠶᠣᠯ᠎ᠤᠨ ᠰᠤᠷᠤᠯᠴᠠᠯᠭ᠎ᠠ ᠪᠠ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠲᠡᠢ᠃ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠰᠢᠨᠡᠴᠢᠯᠡᠯᠳᠡ ᠵᠢᠨ ᠠᠬᠢᠴᠠ ᠵᠢ ᠲᠦᠷᠭᠡᠳᠬᠡᠵᠤ᠂ ᠮᠠᠨ᠎ᠤ ᠤᠯᠤᠰ᠎ᠤᠨ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠂ ᠰᠢᠯᠢᠨ ᠰᠤᠩᠭᠤᠬᠤ᠂ ᠤᠷᠮᠠᠰᠢᠭᠤᠯᠬᠤ ᠪᠠᠲᠤᠯᠠᠭ᠎ᠠ ᠵᠢᠨ ᠲᠣᠭᠲᠠᠴᠠ ᠪᠠ ᠤᠯᠤᠰ᠎ᠤᠨ ᠠᠩᠭᠢ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠰᠢᠨᠡᠴᠢᠯᠡᠬᠦ ᠬᠡᠷᠡᠭᠲᠡᠶ᠃ ᠬᠥᠭᠡᠷᠦᠭᠦᠯᠬᠦ ᠡᠮ ᠬᠡᠷᠡᠭᠯᠡᠬᠦ ᠵᠢ ᠡᠰᠡᠷᠭᠦᠴᠡᠬᠦ ᠲᠡᠮᠡᠴᠡᠯ᠎ᠢ ᠡᠷᠡᠰ ᠠᠬᠢᠭᠤᠯᠵᠤ᠂ ᠶᠣᠰᠣ ᠰᠤᠷᠲᠠᠬᠤᠨ᠎ᠤ ᠠᠯᠲᠠᠨ ᠮᠧᠳᠠᠯ ᠤᠯᠬᠤ᠂ ᠬᠡᠪ ᠰᠤᠷᠳᠠᠯ᠎ᠤᠨ ᠠᠯᠲᠠᠨ ᠮᠧᠳᠠᠯ ᠤᠯᠬᠤ᠂ ᠠᠷᠢᠭᠤᠨ ᠴᠡᠪᠡᠷ᠎ᠤᠨ ᠠᠯᠲᠠᠨ ᠮᠧᠳᠠᠯ ᠤᠯᠬᠤ ᠤᠬᠠᠮᠰᠠᠷ᠎ᠢ ᠴᠢᠩᠭ᠋ᠠᠷᠠᠭᠤᠯᠵᠤ᠂ ᠬᠥᠭᠡᠷᠦᠭᠦᠯᠬᠦ ᠡᠮ᠎ᠤᠨ ᠠᠰᠠᠭᠤᠳᠠᠯ 《ᠭᠠᠷᠬᠤ ᠥᠬᠡᠶ》᠂ 《ᠠᠭᠤᠴᠢᠯᠠᠬᠤ ᠥᠬᠡᠶ》 ᠪᠠᠢ᠍ᠢ᠍ᠬᠤ ᠵᠢ ᠡᠷᠡᠰ ᠪᠡᠶᠡᠯᠡᠭᠦᠯᠬᠦ ᠬᠡᠷᠡᠭᠳᠠᠢ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠴᠢᠨᠠᠷ ᠰᠠᠶ᠋ᠢᠲᠠᠢ ᠡᠷᠬᠢᠯᠡᠵᠤ᠂ ᠤᠷᠤᠯᠳᠤᠭ᠋ᠠᠨ᠎ᠢ ᠰᠠᠢ᠍ᠢ᠍ᠳᠦᠷ ᠡᠷᠬᠢᠯᠡᠬᠦ᠂ ᠤᠷᠤᠯᠳᠤᠭ᠋ᠠᠨ᠎ᠳᠤ ᠭᠢᠯᠠᠯᠵᠠᠭᠰᠠᠨ ᠠᠮᠵᠢᠯᠳᠠ ᠤᠯᠬᠤ ᠬᠠᠷᠠᠯᠲᠠ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠳ᠋ᠢᠩ ᠰᠢᠤᠸᠠᠢ ᠰᠢᠶᠠᠩ᠂ ᠰᠦᠨ ᠴᠦᠨ ᠯᠠᠨ᠂ ᠴᠧᠨ ᠰᠢ᠂ ᠬᠤᠸᠠᠩ ᠺᠦᠨ ᠮᠢᠩ᠂ ᠰᠢᠶᠤᠤ ᠵᠢᠶᠸ᠂ ᠾᠧ ᠯᠢ ᠹᠸᠩ ᠶᠠᠷᠢᠯᠴᠠᠬᠤ ᠬᠤᠷᠠᠯ᠎ᠳᠤ ᠣᠷᠣᠯᠴᠠᠪᠠ᠃
      ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠪᠦᠯᠬᠦᠮ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠰᠤᠷᠭ᠋ᠠᠨ ᠬᠥᠮᠦᠵᠢᠯ᠂ ᠰᠣᠶᠣᠯ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠲᠥᠯᠥᠭᠡᠯᠡᠭᠴᠢᠳ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠨᠠᠮ᠎ᠤᠨ ᠠᠷᠪᠠᠨ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠭᠥᠳᠡ ᠬᠤᠷᠠᠯ ᠪᠡᠭᠡᠵᠢᠩ᠎ᠳᠤ ᠬᠤᠷᠠᠯᠳᠤᠵᠤ ᠡᠬᠢᠯᠡᠪᠡ
ᠰᠢ ᠵᠢᠨ ᠫᠢᠩ ᠠᠽᠢᠶ᠎ᠠ ᠳᠢᠪ᠎ᠤᠨ ᠰᠠᠭᠤᠷᠢ ᠳᠦᠬᠦᠬᠡᠷᠤᠮᠵᠢ ᠵᠢᠨ ᠪᠡᠯᠡ ᠤᠷᠤᠭᠤᠯᠤᠯᠳᠠ ᠵᠢᠨ ᠪᠠᠩᠬᠢ ᠵᠢᠨ ᠳᠠᠪᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠤᠨ᠎ᠤ ᠬᠤᠷᠠᠯ᠎ᠤᠨ ᠸᠢᠳᠢᠣ᠋ ᠬᠤᠷᠠᠯ᠎ᠤᠨ ᠡᠬᠢᠯᠡᠯᠳᠡ ᠵᠢᠨ ᠶᠤᠰᠤᠯᠠᠯ ᠳᠡᠭᠡᠷ᠎ᠡ ᠪᠠᠶᠠᠷ᠎ᠤᠨ ᠦᠬᠡ ᠬᠡᠯᠡᠪᠡ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠠᠢ ᠰᠢ ᠵᠢᠨ ᠫᠢᠩ ᠬᠤᠷᠠᠯ᠎ᠢ ᠡᠷᠬᠢᠯᠡᠪᠡ
ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ
ᠰᠢ ᠵᠢᠨ ᠫᠢᠩ ᠲᠦᠪ᠎ᠤᠨ ᠦᠭᠡᠷᠡᠴᠢᠯᠡᠯᠳᠠ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠬᠦᠯᠬᠦ ᠬᠤᠷᠢᠶᠠᠨ᠎ᠤ ᠠᠷᠪᠡᠨ ᠵᠢᠷᠭᠤᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠳᠦ ᠴᠢᠬᠤᠯᠠ ᠶᠠᠷᠢᠶ᠎ᠠ ᠲᠠᠯᠪᠢᠪᠠ
 
            