ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠠᠩᠭ᠋ᠠᠨ ᠪᠣᠷᠣᠯᠠᠭᠤᠯᠬᠤ ᠬᠣᠷᠰᠢᠶᠠᠨ᠎ᠤ ᠠᠵᠢᠯ᠎ᠳᠤ ᠴᠢᠬᠤᠯᠠ ᠵᠢᠭ᠋ᠠᠪᠤᠷᠢ ᠥᠭᠪᠡ
ᠨᠡᠶ᠋ᠢᠲᠡᠯᠡᠭᠰᠡᠨ ᠴᠠᠭ᠄ 2020-09-25

      ᠰᠢ ᠵᠢᠨ ᠫᠢᠩ ᠬᠠᠩᠭ᠋ᠠᠨ ᠪᠣᠷᠣᠯᠠᠭᠤᠯᠬᠤ ᠬᠣᠷᠰᠢᠶᠠᠨ᠎ᠤ ᠠᠵᠢᠯ᠎ᠳᠤ ᠴᠢᠬᠤᠯᠠ ᠵᠢᠭ᠋ᠠᠪᠤᠷᠢ ᠥᠭᠴᠦ ᠬᠦᠳᠡᠭᠡ ᠠᠵᠤ ᠠᠬᠤᠢ ᠬᠦᠳᠡᠭᠡ ᠲᠤᠰᠬᠤᠨ ᠳᠠᠷᠢᠶᠠᠴᠢᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ᠎ᠪᠠᠨ ᠪᠠᠲᠤ ᠴᠡᠭᠡᠵᠢᠯᠡᠵᠦ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ  
                        ᠯᠢ ᠺᠸ ᠴᠢᠶᠠᠩ ᠴᠣᠬᠣᠯᠠᠪᠤᠷᠢ ᠥᠭᠴᠡᠢ


      ᠰᠢᠨᠬᠤᠸᠠ ᠬᠣᠷᠢᠶᠠᠨ᠎ᠤ ᠪᠡᠭᠡᠵᠢᠩ᠎ᠤᠨ 9 ᠰᠠᠷ᠎ᠠ ᠵᠢᠨ 24᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ ᠵᠢᠨ ᠡᠳᠦᠷ ᠬᠠᠩᠭ᠋ᠠᠨ ᠪᠣᠷᠣᠯᠠᠭᠤᠯᠬᠤ ᠬᠤᠷᠰᠢᠶᠠᠨ᠎ᠤ ᠠᠵᠢᠯ᠎ᠳᠤ ᠴᠢᠬᠤᠯᠠ ᠵᠢᠭ᠋ᠠᠪᠤᠷᠢ ᠦᠭᠬᠦ᠎ᠳᠡᠭᠡᠨ᠂ ᠬᠠᠩᠭ᠋ᠠᠨ ᠪᠣᠷᠣᠯᠠᠭᠤᠯᠬᠤ ᠬᠣᠷᠰᠢᠶ᠎ᠠ ᠪᠣᠯ ᠨᠠᠮ᠎ᠤᠨ ᠤᠳᠤᠷᠢᠳᠤᠯᠭ᠎ᠠ ᠳᠣᠤᠷᠠᠬᠢ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ᠎ᠳᠤ ᠦᠢ᠍ᠯᠡᠴᠢᠯᠡᠬᠦ ᠶᠡᠷᠦᠩᠬᠡᠶ᠋ᠢᠯᠡᠭᠰᠡᠨ ᠴᠢᠨᠠᠷᠲᠠᠶ ᠬᠣᠷᠰᠢᠭᠰᠠᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠣᠯᠤᠨ᠎ᠠ᠂ ᠥᠨᠢ ᠤᠳᠠᠭ᠋ᠠᠨ ᠲᠡᠤᠬᠡ᠎ᠲᠠᠢ᠂ ᠢᠷᠠᠭᠤ ᠠᠯᠳᠠᠷᠲᠤ ᠤᠯᠠᠮᠵᠢᠯᠠᠯ᠎ᠲᠠᠢ᠂ ᠮᠠᠨ᠎ᠤ ᠤᠯᠤᠰ᠎ᠤᠨ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠬᠥᠭᠵᠢᠯᠲᠡ ᠵᠢ ᠠᠬᠢᠭᠤᠯᠬᠤ ᠨᠢᠭᠡᠨ ᠰᠠᠯᠠᠭ᠎ᠠ ᠴᠢᠬᠤᠯᠠ ᠬᠦᠴᠦᠨ ᠪᠤᠯᠤᠨ᠎ᠠ᠃ ᠤᠢ᠍ᠢ᠍ᠷ᠎ᠠ ᠵᠢᠨ ᠵᠢᠯ᠎ᠠᠴᠠ ᠨᠠᠭ᠋ᠠᠰᠢ᠂ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠬᠤᠷᠰᠢᠶᠠᠨ᠎ᠤ ᠰᠢᠰᠲ᠋ᠧᠮ᠎ᠤᠨ᠎ᠬᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠳᠤ ᠦᠶ᠎ᠡ ᠵᠢᠨ ᠬᠦᠳᠡᠭᠡ ᠠᠵᠤ ᠠᠬᠤᠢ ᠵᠢᠨ ᠪᠦᠳᠦᠭᠡᠨ ᠪᠠᠶ᠋ᠢᠭᠤᠯᠤᠯᠲᠠ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ ᠬᠢᠭᠰᠡᠨ ᠪᠠᠶ᠋ᠢᠨ᠎ᠠ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ᠂ ᠬᠥᠳᠡᠭᠡ ᠲᠣᠰᠬᠣᠨ᠎ᠳᠠᠬᠢ ᠨᠠᠮ᠎ᠤᠨ ᠲᠦᠷᠦ ᠪᠠᠷᠢᠬᠤ ᠰᠠᠭᠤᠷᠢ ᠵᠢ ᠪᠡᠬᠢᠵᠢᠭᠦᠯᠬᠦ᠎ᠪᠠᠷ ᠭᠤᠤᠯᠳᠠᠭᠤᠯᠵᠤ᠂ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢ ᠦᠷᠭᠦᠯᠵᠢᠯᠡᠨ ᠰᠠᠶ᠋ᠢᠲᠤᠷ ᠡᠷᠬᠢᠯᠡᠬᠦ ᠬᠡᠷᠡᠭᠳᠠᠢ᠃ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ᠎ᠬᠢᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ ᠠᠵᠢᠯ᠎ᠤᠨ ᠶᠡᠬᠡ ᠲᠠᠯ᠎ᠠ᠎ᠠᠴᠠ ᠡᠭᠦᠰᠴᠦ᠂ ᠬᠦᠳᠡᠭᠡ ᠠᠵᠤ ᠠᠬᠤᠢ ᠬᠦᠳᠡᠭᠡ ᠲᠤᠰᠬᠤᠨ ᠳᠠᠷᠢᠶᠠᠴᠢᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ᠎ᠪᠠᠨ ᠪᠠᠲᠤ ᠴᠡᠭᠡᠵᠢᠯᠡᠵᠦ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠠᠶ᠋ᠢᠭᠤᠯᠤᠮᠵᠢ ᠲᠣᠭᠲᠠᠴᠠ᠎ᠪᠠᠨ ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ ᠬᠦᠷᠢᠶ᠎ᠡ᠎ᠪᠠᠨ ᠥᠷᠭᠡᠳᠬᠡᠵᠦ᠂ ᠲᠠᠷᠢᠶᠠᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠦᠢ᠍ᠯᠡᠴᠢᠯᠡᠬᠦ ᠶᠡᠷᠦᠩᠬᠡᠶ᠋ᠢᠯᠡᠭᠰᠡᠨ ᠲᠠᠪᠴᠠᠩ ᠪᠣᠯᠬᠤ᠎ᠪᠠᠷ ᠱᠠᠯᠠᠪᠳᠠᠨ᠂ ᠨᠠᠮ ᠪᠣᠯᠤᠨ ᠵᠠᠰᠠᠭ᠎ᠤᠨ ᠣᠷᠳᠣᠨ᠎ᠤ ᠲᠠᠷᠢᠶᠠᠴᠢᠨ ᠲᠦᠮᠡᠨ᠎ᠲᠠᠢ ᠨᠢᠭᠲᠠ ᠬᠠᠷᠢᠯᠴᠠᠬᠤ ᠬᠥᠭᠥᠷᠭᠡ ᠬᠣᠯᠪᠣᠭ᠋ᠠᠰᠤ ᠪᠣᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ᠎ᠪᠠᠷ ᠴᠢᠷᠮᠠᠶ᠋ᠢᠵᠤ᠂ ᠮᠠᠨ᠎ᠤ ᠤᠯᠤᠰ᠎ᠤᠨ ᠬᠠᠩᠭ᠋ᠠᠨ ᠪᠣᠷᠣᠯᠠᠭᠤᠯᠬᠤ ᠬᠤᠷᠰᠢᠶᠠᠨ᠎ᠤ ᠦᠢ᠍ᠯᠡᠰ᠎ᠤᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠶ ᠭᠡᠵᠤ ᠴᠢᠬᠤᠯᠠᠴᠢᠯᠠᠵᠠᠢ᠃
      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ ᠴᠣᠬᠣᠯᠠᠪᠤᠷᠢ ᠥᠭᠬᠦ᠎ᠳᠡᠭᠡᠨ᠂ ᠬᠠᠩᠭ᠋ᠠᠨ ᠪᠣᠷᠣᠯᠠᠭᠤᠯᠬᠤ ᠬᠤᠷᠰᠢᠶ᠎ᠠ ᠪᠣᠯ ᠤᠯᠤᠰ᠎ᠤᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ ᠠᠵᠢᠯ᠎ᠢ ᠠᠬᠢᠭᠤᠯᠬᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ᠎ᠳᠤ ᠰᠢᠭᠤᠳ ᠦᠢ᠍ᠯᠡᠴᠢᠯᠡᠬᠦ ᠴᠢᠬᠤᠯᠠ ᠠᠴᠢᠶᠠᠯᠠᠪᠤᠷᠢ ᠮᠦᠨ᠃ ᠤᠢ᠍ᠢ᠍ᠷ᠎ᠠ ᠵᠢᠨ ᠵᠢᠯ᠎ᠠᠴᠠ ᠨᠠᠭ᠋ᠠᠰᠢ᠂ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ᠎ᠬᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠦᠢ᠍ᠯᠡᠴᠢᠯᠡᠭᠡᠨ᠎ᠤ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠬᠥᠭᠵᠢᠯᠲᠡ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠡᠷᠭᠡ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠳᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ᠂ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠨ᠎ᠳᠤ ᠦᠢ᠍ᠯᠡᠴᠢᠯᠡᠬᠦ ᠵᠣᠷᠢᠯᠲᠠ᠎ᠪᠠᠨ ᠢᠮᠠᠭᠳᠠ ᠦᠢ᠍ᠯᠡᠳᠦᠯᠭᠡᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ᠂ 《ᠬᠦᠲᠡᠭᠡ ᠠᠵᠦ ᠠᠬᠤᠢ ᠬᠥᠳᠡᠭᠡ ᠲᠣᠰᠬᠣᠨ ᠲᠠᠷᠢᠶᠠᠴᠢᠠ》᠎ᠳᠤ ᠦᠢ᠍ᠯᠡᠴᠢᠯᠡᠬᠦ ᠶᠡᠷᠦᠩᠬᠡᠶ᠋ᠢᠯᠡᠭᠰᠡᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠬᠥᠳᠡᠭᠡ ᠠᠵᠤ ᠠᠬᠤᠶ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡ᠂ ᠬᠥᠳᠡᠭᠡ ᠲᠣᠰᠬᠣᠨ᠎ᠤ ᠣᠳᠣ ᠦᠶ᠎ᠡ ᠵᠢᠨ ᠭᠦᠢ᠍ᠯᠭᠡᠭᠡ᠂ ᠲᠠᠷᠢᠶᠠᠴᠢᠳ᠎ᠤᠨ ᠲᠤᠰᠬᠠᠶ ᠬᠤᠷᠰᠢᠶ᠎ᠠ ᠵᠡᠷᠭᠡ ᠭᠣᠤᠯᠳᠠᠯᠭ᠎ᠠ᠎ᠲᠠᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠠᠳᠬᠤᠨ ᠠᠬᠢᠭᠤᠯᠵᠤ᠂ ᠲᠠᠷᠢᠶᠠᠯᠠᠩ᠎ᠤᠨ ᠴᠢᠬᠤᠯᠠ ᠦᠢ᠍ᠯᠡᠳᠪᠦᠷᠢᠯᠡᠯ᠎ᠤᠨ ᠬᠡᠷᠡᠭᠰᠡᠯ ᠪᠤᠯᠤᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠤᠨ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠬᠦᠲᠡᠭᠡ ᠠᠵᠦ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠲᠤᠮᠲᠠᠲᠤ ᠵᠢᠨ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠬᠣᠷᠰᠢᠶᠠᠨ᠎ᠤ ᠳᠣᠯᠣᠳᠤᠭ᠋ᠠᠷ ᠤᠳᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ 24᠎ᠤ ᠡᠳᠦᠷ ᠪᠡᠭᠡᠵᠢᠩ᠎ᠳᠤ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠣᠯᠤᠨ ᠯᠢ ᠺᠸ ᠴᠢᠶᠠᠩ᠎ᠤᠨ ᠴᠣᠬᠣᠯᠠᠪᠤᠷᠢ ᠵᠢ ᠤᠯᠠᠮᠵᠢᠯᠠᠨ ᠰᠤᠷᠤᠯᠴᠠᠪᠠ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠤ᠌ ᠴᠦᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠬᠡᠳᠭᠡᠨ ᠠᠬᠢᠭᠤᠯᠬᠤ᠎ᠨᠢ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ ᠬᠥᠭᠵᠢᠯᠲᠡ᠎ᠳᠤ ᠨᠡᠩ ᠥᠨᠳᠥᠷ ᠰᠢᠨ᠎ᠡ ᠱᠠᠭ᠋ᠠᠷᠳᠠᠯᠭ᠎ᠠ ᠳᠤᠷᠠᠳᠴᠤ᠂ ᠨᠡᠩ ᠥᠷᠭᠡᠨ ᠠᠭᠤᠳᠠᠮ ᠣᠷᠣᠨ ᠵᠠᠢ ᠵᠢ ᠨᠡᠭᠡᠭᠡᠪᠡ᠃ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠲᠤ ᠡᠵᠡᠮᠳᠡᠵᠦ᠂ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ᠎ᠳᠤ ᠦᠢ᠍ᠯᠡᠴᠢᠯᠡᠬᠦ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠯᠠᠪᠳᠠᠭᠤᠨ ᠪᠠᠲᠤᠲᠠᠶ ᠡᠷᠴᠢᠮᠳᠠᠢ ᠭᠦᠨᠵᠡᠭᠡᠶ᠋ᠢᠷᠡᠭᠦᠯᠤᠨ᠂ ᠳᠠᠪᠠᠭᠤᠯᠢᠭ ᠵᠶ᠋ᠠᠨ ᠪᠠᠳᠠᠷᠠᠭᠤᠯᠤᠨ ᠲᠦᠷᠭᠡᠡ ᠬᠥᠭᠵᠢᠨ ᠪᠤᠵᠠᠭ᠋ᠠᠶ᠋ᠢᠷᠠᠵᠤ᠂ ᠲᠣᠰ ᠪᠡᠶ᠎ᠡ ᠵᠢᠨ ᠪᠠᠶ᠋ᠢᠭᠤᠯᠤᠯᠲᠠ᠎ᠪᠠᠨ ᠪᠥᠬᠥ ᠲᠠᠯ᠎ᠠ᠎ᠪᠠᠷ ᠴᠢᠩᠭ᠋ᠠᠳᠬᠠᠠ᠂ ᠬᠦᠲᠡᠭᠡ ᠠᠵᠦ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠭᠡᠨ ᠠᠬᠢᠭᠤᠯᠬᠤ᠎ᠳᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠰᠢᠨ᠎ᠡ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠳᠡᠳ᠋ ᠬᠣᠷᠢᠶᠠᠨ ᠳᠠᠷᠤᠭ᠎ᠠ ᠵᠢᠶ ᠪᠢᠩ ᠰᠢᠤᠸᠠᠨ᠂ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠴᠤᠸᠠᠨ ᠲᠠᠩ ᠬᠤᠷᠠᠯ᠎ᠳᠤ ᠣᠷᠣᠯᠴᠠᠪᠠ᠃
      ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠬᠣᠷᠰᠢᠶᠠᠨ᠎ᠤ ᠰᠢᠰᠲ᠋ᠧᠮ᠎ᠤᠨ ᠲᠥᠯᠥᠭᠡᠯᠡᠭᠴᠢ ᠵᠡᠷᠭᠡ 600 ᠭᠠᠷᠤᠢ ᠬᠥᠮᠦᠨ ᠬᠤᠷᠠᠯ᠎ᠳᠤ ᠣᠷᠣᠯᠴᠠᠪᠠ᠃
      ᠡᠨᠡ ᠤᠳᠠᠭ᠋ᠠᠨ᠎ᠤ ᠶᠡᠬᠡ ᠬᠤᠷᠠᠯ᠎ᠳᠤ ᠳᠤᠮᠳᠠᠳᠤ ᠵᠢᠨ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠤᠷᠰᠢᠶᠠᠨ᠎ᠤ ᠵᠢᠷᠭᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠠᠵᠢᠯ᠎ᠤᠨ ᠮᠡᠳᠡᠭᠦᠯᠦᠯᠳᠡ ᠪᠣᠯᠤᠨ ᠬᠢᠨᠠᠭᠴᠢᠳ᠎ᠤᠨ ᠵᠥᠪᠯᠡᠯ᠎ᠤᠨ ᠠᠵᠢᠯ᠎ᠤᠨ ᠮᠡᠳᠡᠭᠦᠯᠦᠯᠳᠡ ᠵᠢ ᠰᠣᠨᠣᠰᠴᠤ ᠬᠢᠨᠠᠵᠤ ᠵᠦᠪᠯᠡᠨ᠂ 《ᠳᠤᠮᠳᠠᠳᠤ ᠵᠢᠨ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠶ ᠬᠣᠷᠰᠢᠶᠠᠨ᠎ᠤ ᠲᠦᠷᠢᠮ》᠎ᠢ ᠬᠢᠨᠠᠨ ᠵᠦᠪᠯᠡᠵᠦ ᠵᠠᠰᠠᠪᠤᠷᠢ ᠣᠷᠣᠭᠤᠯᠵᠤ᠂ ᠶᠡᠷᠦᠩᠬᠡᠶ ᠬᠣᠷᠰᠢᠶᠠᠨ᠎ᠤ ᠳᠣᠯᠣᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ ᠪᠠ ᠬᠢᠨᠠᠭᠴᠢᠳ᠎ᠤᠨ ᠵᠥᠪᠯᠡᠯ᠎ᠢ ᠰᠣᠩᠭᠣᠵᠤ ᠭᠠᠷᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠰᠠᠢ᠍ᠢ᠍ᠨ ᠳᠤᠷ᠎ᠠ ᠵᠢᠨ ᠴᠡᠷᠢᠭ᠎ᠤᠨ ᠠᠮᠧᠷᠢᠺᠠ ᠵᠢ ᠡᠰᠡᠷᠭᠦᠴᠡᠵᠥ ᠰᠣᠯᠣᠩᠭᠣᠰ᠎ᠢ ᠲᠤᠰᠠᠯᠠᠬᠤ᠎ᠪᠠᠷ ᠭᠠᠳᠠᠭ᠋ᠠᠳᠤ᠎ᠳᠤ ᠭᠠᠷᠴᠤ ᠲᠠᠢ᠍ᠢ᠍ᠨ ᠬᠢᠭᠰᠡᠨ 70 ᠵᠢᠯ᠎ᠤᠨ ᠤᠢ ᠵᠢ ᠳᠤᠷᠠᠰᠬᠠᠬᠤ ᠶᠡᠬᠡ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠢ
ᠰᠢ ᠵᠢᠨ ᠫᠢᠩ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ᠎ᠳᠤ ᠭᠤᠤᠯ ᠵᠤᠷᠢᠯᠳᠠᠳᠤ ᠶᠠᠷᠢᠶ᠎ᠠ ᠢᠯᠡᠳᠭᠡᠯ ᠬᠢᠪᠠ
ᠰᠢ ᠵᠢᠨ ᠫᠢᠩ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ᠎ᠳᠤ ᠴᠢᠬᠤᠯᠠ ᠵᠢᠭ᠋ᠠᠪᠤᠷᠢ ᠥᠭᠪᠡ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠰᠢ ᠵᠢᠨ ᠫᠢᠩ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠦ ᠴᠢᠬᠤᠯᠠ ᠶᠠᠷᠢᠶ᠎ᠠ ᠲᠠᠯᠪᠢᠪᠠ
 
            