ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠭᠤᠷᠪᠠᠳᠤᠭ᠋ᠠᠷ ᠤᠳᠠᠭ᠎ᠠ ᠵᠢᠨ ᠳᠦᠪ᠎ᠤᠨ ᠰᠢᠨᠵᠢᠶᠠᠩ᠎ᠤᠨ ᠠᠵᠢᠯ᠎ᠤᠨ ᠳᠤᠬᠠᠢ ᠶᠠᠷᠢᠯᠴᠠᠬᠤ ᠬᠤᠷᠠᠯ ᠳᠡᠬᠡᠷ᠎ᠡ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2020-09-28

      ᠰᠢ ᠵᠢᠨ ᠫᠢᠩ ᠭᠤᠷᠪᠠᠳᠤᠭ᠋ᠠᠷ ᠤᠳᠠᠭ᠎ᠠ ᠵᠢᠨ ᠳᠦᠪ᠎ᠤᠨ ᠰᠢᠨᠵᠢᠶᠠᠩ᠎ᠤᠨ ᠠᠵᠢᠯ᠎ᠤᠨ ᠳᠤᠬᠠᠢ ᠶᠠᠷᠢᠯᠴᠠᠬᠤ ᠬᠤᠷᠠᠯ ᠳᠡᠬᠡᠷ᠎ᠡ ᠴᠢᠬᠤᠯᠠᠴᠢᠯᠠᠬᠰᠠᠨ᠎ᠨᠢ ᠬᠠᠤᠯᠢ᠎ᠪᠠᠷ ᠰᠢᠨᠵᠢᠶᠠᠩ᠎ᠢ ᠵᠠᠰᠠᠬᠤ ᠪᠦᠯᠬᠦᠮᠳᠠᠯ ᠵᠶ᠋ᠠᠷ ᠰᠢᠨᠵᠢᠶᠠᠩ᠎ᠢ ᠳᠤᠬᠳᠠᠪᠤᠷᠢᠵᠢᠭᠤᠯᠬᠤ ᠰᠤᠶᠤᠯ ᠵᠶ᠋ᠠᠷ ᠰᠢᠨᠵᠢᠶᠠᠩ᠎ᠢ ᠤᠮᠳᠠᠯᠠᠬᠤ ᠠᠷᠠᠳ᠎ᠢ ᠪᠠᠶᠠᠵᠢᠭᠤᠯᠤᠨ ᠰᠢᠨᠵᠢᠶᠠᠩ᠎ᠢ ᠮᠠᠨᠳᠤᠭᠤᠯᠬᠤ ᠤᠷᠳᠤ ᠬᠤᠭᠤᠴᠠᠭ᠎ᠠ᠎ᠪᠠᠷ ᠰᠢᠨᠵᠢᠶᠠᠩ᠎ᠢ ᠪᠦᠳᠦᠬᠡᠨ ᠪᠠᠢ᠍ᠢ᠍ᠭᠤᠯᠬᠤ ᠵᠢ ᠪᠠᠷᠢᠮᠳᠠᠯᠠᠵᠥ ᠰᠢᠨ᠎ᠠ ᠴᠠᠬ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠬᠡᠮ ᠵᠢᠷᠦᠮ᠎ᠤᠨ ᠰᠢᠨᠵᠢᠶᠠᠩ᠎ᠢ ᠴᠢᠷᠮᠠᠢ᠍ᠢ᠍ᠨ ᠪᠦᠳᠦᠬᠡᠨ ᠪᠠᠢ᠍ᠢ᠍ᠭᠤᠯᠬᠤ ᠬᠡᠷᠡᠭᠳᠡᠢ        
      ᠯᠢ ᠺᠸ ᠴᠢᠶᠠᠩ ᠬᠤᠷᠠᠯ᠎ᠢ ᠡᠷᠬᠢᠯᠡᠵᠥ ᠯᠢ ᠵᠠᠨ ᠱᠤ᠌   ᠸᠠᠩ ᠬᠤ᠌ ᠨᠢᠩ   ᠵᠤᠤ ᠯᠸ ᠵᠢᠢ   ᠬᠠᠨ ᠵᠸᠩ ᠤᠷᠤᠯᠴᠠᠪᠠ   ᠸᠠᠩ ᠶᠠᠩ ᠶᠠᠷᠢᠶ᠎ᠠ ᠳᠠᠯᠪᠢᠵᠠᠢ


      ᠭᠤᠷᠪᠠᠳᠤᠭ᠋ᠠᠷ ᠤᠳᠠᠭ᠎ᠠ ᠵᠢᠨ ᠲᠥᠪ᠎ᠤᠨ ᠰᠢᠨᠵᠢᠶᠠᠩ᠎ᠤᠨ ᠠᠵᠢᠯ᠎ᠤᠨ ᠳᠤᠬᠠᠢ ᠶᠠᠷᠢᠯᠴᠠᠬᠤ ᠬᠤᠷᠠᠯ 9 ᠰᠠᠷ᠎ᠠ ᠵᠢᠨ 25᠎ᠠᠴᠠ 26᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠵᠢᠨ ᠫᠢᠩ᠂ ᠣᠳᠣᠬᠠᠨ ᠪᠠ ᠬᠣᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ ᠰᠢᠨᠵᠢᠶᠠᠩ᠎ᠤᠨ ᠠᠵᠢᠯ᠎ᠢ ᠰᠠᠶ᠋ᠢᠲᠤᠷ ᠬᠢᠬᠦ᠎ᠳᠤ᠂ ᠰᠢᠨ᠎ᠡ ᠴᠠᠭ ᠦᠶ᠎ᠡ ᠵᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ ᠵᠢ ᠪᠦᠷᠢᠨ ᠪᠦᠲᠦᠨ ᠣᠨᠣᠪᠴᠢᠲᠠᠶ ᠲᠤᠭᠤᠰᠢᠯᠠᠭᠤᠯᠵᠤ᠂ ᠰᠢᠨᠵᠢᠶᠠᠩ᠎ᠤᠨ ᠠᠵᠢᠯ᠎ᠤᠨ ᠶᠡᠷᠦᠩᠬᠡᠶ ᠬᠠᠷᠠᠯᠲᠠ ᠵᠢ ᠪᠠᠲᠤ ᠡᠵᠡᠮᠳᠡᠵᠦ᠂ ᠬᠠᠤᠯᠢ᠎ᠪᠠᠷ ᠰᠢᠨᠵᠢᠶᠠᠩ᠎ᠢ ᠵᠠᠰᠠᠵᠤ᠂ ᠪᠦᠯᠬᠦᠮᠳᠠᠯ ᠵᠶ᠋ᠠᠷ ᠰᠢᠨᠵᠢᠶᠠᠩ᠎ᠢ ᠳᠤᠬᠳᠠᠪᠤᠷᠢᠵᠢᠭᠤᠯᠵᠥ᠂ ᠰᠤᠶᠤᠯ ᠵᠶ᠋ᠠᠷ ᠰᠢᠨᠵᠢᠶᠠᠩ᠎ᠢ ᠤᠮᠳᠠᠯᠠᠵᠤ᠂ ᠠᠷᠠᠳ᠎ᠢ ᠪᠠᠶᠠᠵᠢᠭᠤᠯᠤᠨ ᠰᠢᠨᠵᠢᠶᠠᠩ᠎ᠢ ᠮᠠᠨᠳᠤᠭᠤᠯᠵᠤ᠂ ᠤᠷᠳᠤ ᠬᠤᠭᠤᠴᠠᠭ᠎ᠠ᠎ᠪᠠᠷ ᠰᠢᠨᠵᠢᠶᠠᠩ᠎ᠢ ᠪᠦᠳᠦᠬᠡᠨ ᠪᠠᠢ᠍ᠢ᠍ᠭᠤᠯᠵᠥ᠂ ᠵᠠᠰᠠᠯᠳᠠ ᠵᠢᠨ ᠰᠢᠰᠲ᠋ᠧᠮ ᠪᠠ ᠵᠠᠰᠠᠯᠳᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠪᠠᠷ ᠪᠠᠲᠤᠯᠠᠭ᠎ᠠ ᠪᠣᠯᠭ᠋ᠠᠨ᠂ ᠠᠯᠤᠰ ᠬᠡᠲᠦ ᠵᠢᠨ ᠠᠷᠭ᠎ᠠ ᠪᠣᠳᠣᠯᠭ᠎ᠠ ᠵᠢ ᠢᠯᠡᠭᠦᠬᠡᠨ ᠰᠦᠪᠡᠭᠴᠢᠯᠡᠵᠦ᠂ ᠦᠨᠳᠦᠰᠦ᠎ᠪᠠᠨ ᠪᠡᠬᠢᠵᠢᠭᠦᠯᠬᠦ ᠠᠷᠭ᠎ᠠ ᠬᠡᠮᠵᠢᠶ᠎ᠡ ᠵᠢ ᠢᠯᠡᠭᠦᠬᠡᠨ ᠬᠡᠷᠡᠭᠵᠢᠭᠦᠯᠵᠦ᠂ ᠪᠦᠯᠬᠦᠮᠳᠡᠯ᠎ᠲᠠᠢ ᠡᠶ᠎ᠡ ᠵᠣᠬᠢᠴᠠᠯ᠎ᠲᠠᠢ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠰᠢᠭᠰᠠᠨ᠂ ᠠᠮᠤᠷ ᠲᠠᠶ᠋ᠢᠪᠤᠩ ᠠᠵᠤ ᠲᠦᠷᠦᠭᠦ᠂ ᠠᠮᠢ ᠠᠬᠤᠶ ᠰᠠᠶ᠋ᠢᠨ ᠰᠠᠶ᠋ᠢᠬᠠᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠢᠨᠵᠢᠶᠠᠩ᠎ᠢ ᠴᠢᠷᠮᠠᠶ᠋ᠢᠨ ᠪᠠᠶ᠋ᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃


     9 ᠰᠠᠷ᠎ᠠ ᠵᠢᠨ 25᠎ᠠᠴᠠ 26᠎ᠤ ᠡᠳᠦᠷ ᠪᠣᠯᠲᠠᠯ᠎ᠠ᠂ ᠭᠤᠷᠪᠠᠳᠤᠭ᠋ᠠᠷ ᠤᠳᠠᠭ᠎ᠠ ᠵᠢᠨ ᠲᠥᠪ᠎ᠤᠨ ᠰᠢᠨᠵᠢᠶᠠᠩ᠎ᠤᠨ ᠠᠵᠢᠯ᠎ᠤᠨ ᠳᠤᠬᠠᠢ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
                      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ


      ᠯᠢ ᠺᠸ ᠴᠢᠶᠠᠩ ᠬᠤᠷᠠᠯ᠎ᠢ ᠡᠷᠭᠢᠯᠡᠪᠡ᠃ ᠯᠢ ᠵᠠᠨ ᠱᠤ᠌᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ ᠬᠤᠷᠠᠯ᠎ᠳᠤ ᠣᠷᠣᠯᠴᠠᠪᠠ᠃ ᠸᠠᠩ ᠶᠠᠩ ᠳ᠋ᠦᠩᠨᠡᠯᠲᠡ ᠵᠢᠨ ᠶᠠᠷᠢᠶ᠎ᠠ ᠲᠠᠯᠪᠢᠵᠠᠢ᠃
      ᠰᠢ ᠵᠢᠨ ᠫᠢᠩ ᠶᠠᠷᠢᠶᠠᠨ᠎ᠳᠠᠭᠠᠨ᠂ ᠬᠣᠶᠠᠳᠤᠭ᠋ᠠᠷ ᠤᠳᠠᠭ᠎ᠠ ᠵᠢᠨ ᠲᠥᠪ᠎ᠤᠨ ᠰᠢᠨᠵᠢᠶᠠᠩ᠎ᠤᠨ ᠠᠵᠢᠯ᠎ᠤᠨ ᠳᠤᠬᠠᠢ ᠶᠠᠷᠢᠯᠴᠠᠬᠤ ᠬᠤᠷᠠᠯ᠎ᠠᠴᠠ ᠨᠠᠭ᠋ᠠᠰᠢ᠂ ᠡᠯ᠎ᠡ ᠲᠠᠯ᠎ᠠ ᠵᠢᠨ ᠴᠢᠷᠮᠠᠶ᠋ᠢᠯᠭ᠎ᠠ᠎ᠪᠠᠷ ᠳᠠᠮᠵᠢᠨ᠂ ᠰᠢᠨᠵᠢᠶᠠᠩ᠎ᠤᠨ ᠠᠵᠢᠯ ᠴᠢᠬᠤᠯᠠ ᠶᠡᠬᠡ ᠠᠮᠵᠢᠯᠲᠠ ᠪᠦᠲᠦᠮᠵᠢ ᠣᠯᠵᠠᠶ᠃ ᠰᠢᠨᠵᠢᠶᠠᠩ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠤᠷᠢᠳ ᠡᠮᠦᠨ᠎ᠡ ᠪᠠᠢ᠍ᠢ᠍ᠭ᠎ᠠ ᠦᠭᠡᠢ ᠠᠮᠵᠢᠯᠲᠠ ᠣᠯᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ ᠲᠠᠰᠤᠷᠠᠯᠲᠠ ᠦᠭᠡᠢ ᠴᠢᠩᠭ᠋ᠠᠷᠠᠭᠰᠠᠨ ᠪᠠᠶ᠋ᠢᠨ᠎ᠠ᠃ ᠨᠢᠭᠡ᠎ᠳᠤ ᠠᠵᠤ ᠠᠬᠤᠶ ᠵᠢᠨ ᠬᠥᠭᠵᠢᠯᠲᠡ ᠦᠷᠭᠦᠯᠵᠢᠯᠡᠨ ᠰᠠᠶ᠋ᠢᠵᠢᠷᠠᠪᠠ᠃ 2014 ᠣᠨ᠎ᠠᠴᠠ 2019 ᠣᠨ ᠪᠣᠯᠲᠠᠯ᠎ᠠ᠂ ᠰᠢᠨᠵᠢᠶᠠᠩ᠎ᠤᠨ ᠤᠷᠤᠨ ᠨᠤᠳᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 9195.9 ᠳ᠋ᠦᠩᠰᠢᠭᠤᠷ ᠲᠥᠭᠥᠷᠢᠭ ᠪᠠᠢ᠍ᠢ᠍ᠭᠰᠠᠨ᠎ᠠᠴᠠ ᠨᠡᠮᠡᠭᠳᠡᠭᠡᠳ 13597.1 ᠳ᠋ᠦᠩᠰᠢᠭᠤᠷ ᠲᠥᠭᠥᠷᠢᠭ ᠪᠣᠯᠵᠤ᠂ ᠵᠢᠯ ᠳᠤᠮᠳᠠᠴᠢ᠎ᠪᠠᠷ 7.2%᠎ᠪᠠᠷ ᠨᠡᠮᠡᠭᠳᠡᠪᠡ᠃ ᠡᠩ᠎ᠤᠨ ᠣᠯᠠᠨ ᠨᠡᠢ᠍ᠢ᠍ᠲᠡ ᠵᠢᠨ ᠲᠥᠰᠦᠪ᠎ᠤᠨ ᠣᠷᠣᠯᠭ᠎ᠠ 1282.3 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ ᠨᠡᠮᠡᠭᠳᠡᠭᠡᠳ 1577.6 ᠳ᠋ᠦᠩᠰᠢᠭᠤᠷ ᠲᠥᠭᠥᠷᠢᠭ ᠪᠤᠯᠵᠤ᠂ ᠵᠢᠯ ᠳᠤᠮᠳᠠᠴᠢ᠎ᠪᠠᠷ 5.7%᠎ᠪᠠᠷ ᠨᠡᠮᠡᠭᠳᠡᠪᠡ᠃ ᠰᠠᠭᠤᠷᠢ ᠲᠥᠬᠥᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠪᠤᠢ ᠪᠦᠬᠦᠢ ᠲᠤᠰᠬᠠᠶ ᠣᠷᠣᠨ ᠵᠧᠤ ᠬᠣᠲᠠ ᠲᠦᠷᠭᠡᠨ᠎ᠤ ᠵᠠᠮ᠎ᠤᠨ ᠴᠠᠭ ᠦᠶ᠎ᠡ᠎ᠳᠤ ᠣᠷᠣᠪᠠ᠃ ᠬᠣᠶᠠᠷ᠎ᠲᠤ ᠠᠷᠠᠳ᠎ᠤᠨ ᠠᠮᠢᠳᠤᠷᠠᠯ ᠮᠡᠳᠡᠭᠳᠡᠮ᠎ᠠ ᠰᠠᠶ᠋ᠢᠵᠢᠷᠠᠪᠠ᠃ 2014 ᠣᠨ᠎ᠠᠴᠠ 2019 ᠣᠨ ᠪᠣᠯᠲᠠᠯ᠎ᠠ᠂ ᠰᠢᠨᠵᠢᠶᠠᠩ᠎ᠤᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ᠎ᠪᠠᠷ 9.1%᠎ᠪᠠᠷ ᠨᠡᠮᠡᠭᠳᠡᠪᠡ᠃ ᠬᠥᠳᠡᠭᠡ ᠲᠣᠰᠬᠣᠨ᠎ᠤ ᠠᠮᠤᠭᠤᠯᠠᠩ ᠣᠷᠣᠨ ᠰᠠᠭᠤᠴᠠ ᠵᠢᠨ ᠢᠨᠵᠧᠨᠧᠷᠢᠩ ᠵᠶ᠋ᠠᠷ 169 ᠲᠦᠮᠡ ᠭᠠᠷᠤᠶ ᠢᠵᠢ ᠤᠷᠤᠨ ᠰᠠᠭᠤᠴᠠ ᠪᠠᠢ᠍ᠢ᠍ᠭᠤᠯᠵᠤ᠂ ᠬᠣᠲᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠵᠢᠨ ᠢᠨᠵᠧᠨᠧᠷᠢᠩ ᠵᠶ᠋ᠠᠷ 156 ᠲᠦᠮᠡ ᠭᠠᠷᠤᠶ ᠢᠵᠢ ᠤᠷᠤᠨ ᠰᠠᠭᠤᠴᠠ ᠪᠠᠶ᠋ᠢᠭᠤᠯᠵᠤ᠂ 1000 ᠭᠠᠷᠤᠶ ᠲᠦᠮᠡᠨ ᠤᠯᠠᠨ ᠲᠦᠮᠡᠨ ᠪᠠᠶᠠᠷ᠎ᠲᠠᠢ᠎ᠪᠠᠷ ᠰᠢᠨ᠎ᠡ ᠣᠷᠣᠨ ᠰᠠᠭᠤᠴᠠ᠎ᠳᠠᠭᠠᠨ ᠨᠡᠭᠦᠭᠰᠡᠨ ᠪᠠᠶ᠋ᠢᠨ᠎ᠠ᠃ ᠬᠣᠲᠠ ᠬᠥᠳᠡᠭᠡ ᠵᠢᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ ᠠᠷᠠᠳ᠎ᠲᠤ ᠰᠦᠢ᠍ᠳᠬᠡᠯ ᠬᠤᠷᠢᠶᠠᠬᠤ ᠦᠭᠡᠢ ᠡᠷᠡᠭᠦᠯ ᠮᠡᠨᠳᠦ ᠵᠢᠨ ᠪᠠᠶ᠋ᠢᠴᠠᠭ᠋ᠠᠯᠲᠠ ᠬᠢᠵᠦ ᠦᠭᠭᠦᠨ᠂ ᠮᠠᠯᠵᠢᠬᠤ ᠲᠠᠷᠢᠶᠠᠯᠠᠬᠤ ᠣᠷᠣᠨ᠎ᠤ ᠡᠮ ᠡᠮᠴᠢᠯᠡᠭᠡᠨ᠎ᠤ ᠲᠥᠬᠥᠭᠡᠷᠦᠮᠵᠢ ᠪᠠ ᠨᠥᠬᠥᠴᠡᠯ ᠢᠯᠡᠳᠲᠡ ᠰᠠᠶ᠋ᠢᠵᠢᠷᠠᠵᠤ᠂ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠠ ᠳᠤᠰᠬᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠤᠨ ᠪᠠᠷᠢᠮᠵᠢᠶᠠᠵᠢᠭᠰᠠᠨ ᠨᠣᠷᠮ᠎ᠠ ᠪᠦᠷ 100%᠎ᠳᠤ ᠬᠦᠷᠴᠤ᠂ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ 99.7%᠎ᠳᠤ ᠬᠦᠷᠪᠡ᠃ ᠭᠤᠷᠪᠠ᠎ᠳᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠢ᠍ᠳᠪᠦᠷᠢᠲᠦ ᠴᠢᠨᠠᠷᠲᠠᠶ ᠠᠮᠵᠢᠯᠲᠠ ᠤᠯᠪᠠ᠃ 2014 ᠣᠨ᠎ᠳᠤ᠂ ᠰᠢᠨᠵᠢᠶᠠᠩ᠎ᠳᠤ ᠺᠠᠷᠲᠯᠠᠵᠥ ᠳᠠᠩᠰᠠᠯᠠᠬᠰᠠᠨ ᠶᠠᠳᠠᠭᠤ ᠬᠦᠴᠢᠷᠳᠡᠯᠳᠡᠢ ᠬᠦᠮᠦᠨ ᠠᠮᠠ 77.9 ᠲᠦᠮᠡᠨ ᠡᠷᠦᠬᠡ᠂ 308.9 ᠲᠦᠮᠡᠨ ᠬᠥᠮᠦᠨ ᠪᠠᠢ᠍ᠢ᠍ᠵᠤ᠂ ᠶᠠᠳᠠᠭᠤ ᠬᠦᠴᠢᠷᠳᠡᠯᠳᠡᠢ ᠲᠣᠰᠬᠣᠨ 3666᠂ ᠶᠠᠳᠠᠭᠤ ᠬᠦᠴᠢᠷᠳᠡᠯᠲᠡᠶ ᠰᠢᠶᠠᠨ 32 ᠪᠠᠢ᠍ᠢ᠍ᠪᠠ᠃ 2019 ᠣᠨ ᠪᠣᠯᠬᠤ᠎ᠳᠤ᠂ ᠪᠦᠬᠦ ᠰᠢᠨᠵᠢᠶᠠᠩ᠎ᠳᠤ 292.32 ᠲᠦᠮᠡᠨ ᠬᠥᠮᠦᠨ ᠶᠠᠳᠠᠭᠤ᠎ᠠᠴᠠ ᠠᠩᠭᠢᠵᠢᠷᠠᠵᠤ᠂ 3107 ᠶᠠᠳᠠᠭᠤ ᠬᠦᠴᠢᠷᠳᠡᠯᠲᠡᠢ ᠲᠣᠰᠬᠣᠨ ᠵᠠᠳᠠᠭᠤ ᠬᠦᠴᠢᠷᠳᠡᠯ᠎ᠠᠴᠠ ᠰᠠᠯᠵᠤ᠂ 22 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠮᠠᠯᠠᠭ᠋ᠠᠢ᠎ᠪᠠᠨ ᠳᠠᠶᠠᠭᠳᠠᠵᠤ᠂ ᠶᠠᠳᠠᠭᠤᠷᠠᠯ ᠡᠬᠦᠰᠬᠦ ᠨᠤᠷᠮ᠎ᠠ 2014 ᠣᠨ᠎ᠤ 19.4% ᠪᠠᠶ᠋ᠢᠭᠰᠠᠨ᠎ᠠᠴᠠ᠎ᠪᠠᠨ ᠪᠠᠭᠤᠷᠠᠭ᠋ᠠᠳ 1.24% ᠪᠤᠯᠪᠠ᠃ ᠡᠭᠦᠨ᠎ᠳᠤ᠂ ᠡᠮᠦᠨᠡᠳᠦ ᠰᠢᠨᠵᠢᠶᠠᠩ᠎ᠤᠨ 4 ᠲᠤᠰᠬᠠᠢ ᠣᠷᠣᠨ ᠵᠧᠦ ᠵᠢᠨ 251.16 ᠲᠦᠮᠡᠨ ᠬᠥᠮᠦᠨ ᠤᠷᠢᠳ ᠬᠤᠵᠢᠳ ᠶᠠᠳᠠᠭᠤ᠎ᠠᠴᠠ ᠠᠩᠭᠢᠵᠢᠷᠠᠵᠤ᠂ 2683 ᠶᠠᠳᠠᠭᠤ ᠬᠦᠴᠢᠷᠳᠡᠯᠲᠡᠢ ᠲᠣᠰᠬᠣᠨ ᠵᠠᠳᠠᠭᠤ ᠬᠦᠴᠢᠷᠳᠡᠯ᠎ᠠᠴᠠ ᠰᠠᠯᠵᠤ᠂ 16 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠮᠠᠯᠠᠭ᠋ᠠᠢ᠎ᠪᠠᠨ ᠳᠠᠶᠠᠭᠳᠠᠵᠤ᠂ ᠶᠠᠳᠠᠭᠤᠷᠠᠯ ᠡᠭᠦᠰᠬᠦ ᠨᠤᠷᠮ᠎ᠠ 2014 ᠣᠨ᠎ᠤ 29.1% ᠪᠠᠶ᠋ᠢᠭᠰᠠᠨ᠎ᠠᠴᠠ᠎ᠪᠠᠨ ᠪᠠᠭᠤᠷᠠᠭ᠋ᠠᠳ 2.21% ᠪᠤᠯᠪᠠ᠃ 《ᠬᠣᠶᠠᠷ᠎ᠲᠤ ᠵᠣᠪᠠᠬᠤ ᠦᠭᠡᠢ ᠭᠤᠷᠪᠠ ᠵᠢ ᠪᠠᠲᠤᠯᠠᠬᠤ》 ᠲᠣᠪᠣᠢ᠍ᠢ᠍ᠮ᠎ᠠ ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠦᠷᠢᠯᠡᠵᠦ᠂ ᠶᠠᠳᠠᠭᠤ ᠬᠦᠴᠢᠷᠳᠡᠯᠲᠡᠢ ᠭᠡᠷ ᠪᠦᠯᠢ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠳᠤᠨ᠎ᠤ ᠬᠡᠦᠬᠡᠳ᠎ᠤᠨ ᠶᠠᠳᠠᠭᠤ᠎ᠠᠴᠠ ᠪᠣᠯᠵᠤ ᠰᠤᠷᠤᠯᠭ᠎ᠠ ᠠᠯᠳᠠᠵᠤ ᠰᠤᠷᠤᠯᠭ᠎ᠠ᠎ᠪᠠᠨ ᠳᠣᠷᠭᠣᠨ ᠵᠣᠭᠰᠣᠬᠤ ᠶᠠᠪᠤᠳᠠᠯ᠎ᠢ ᠴᠠᠭ ᠲᠤᠬᠠᠢ᠎ᠳᠤᠨᠢ ᠦᠭᠡᠢ᠍ᠢ᠍ᠰᠭᠡᠬᠦ ᠵᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠦᠨᠳᠦᠰᠦᠨ ᠡᠮ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ ᠴᠥᠮ 100%᠎ᠳᠤ ᠬᠦᠷᠴᠤ᠂ ᠣᠨᠳᠣᠤ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ ᠶᠡᠬᠡ᠎ᠪᠠᠷ ᠰᠠᠶ᠋ᠢᠵᠢᠷᠠᠪᠠ᠃ ᠳᠥᠷᠪᠡ᠎ᠳᠤ ᠲᠥᠪ᠎ᠠᠴᠠ ᠳᠡᠮᠵᠢᠬᠦ ᠪᠠ ᠪᠦᠬᠦ ᠤᠯᠤᠰ᠎ᠤᠨ ᠡᠯ᠎ᠠ ᠭᠠᠵᠠᠷ᠎ᠤᠨ ᠠᠵᠢᠯ ᠲᠥᠷᠥᠯ ᠵᠶ᠋ᠠᠷ ᠵᠶ᠋ᠠᠨ ᠰᠢᠨᠵᠢᠶᠠᠩ᠎ᠢ ᠲᠤᠰᠠᠯᠠᠬᠤ ᠡᠷᠴᠢᠮ ᠲᠠᠰᠤᠷᠠᠯᠲᠠ ᠦᠭᠡᠢ ᠴᠢᠩᠭ᠋ᠠᠷᠠᠪᠠ᠃ 2014 ᠣᠨ᠎ᠠᠴᠠ 2019 ᠣᠨ ᠪᠣᠯᠲᠠᠯ᠎ᠠ᠂ ᠲᠥᠪ᠎ᠤᠨ ᠡᠳ᠋᠎ᠤᠨ ᠵᠠᠰᠠᠭ᠎ᠠᠴᠠ ᠰᠢᠨᠵᠢᠶᠠᠩ᠎ᠤᠨ ᠥᠪᠡᠷᠲᠡᠭᠡᠨ ᠵᠠᠰᠠᠬᠤ ᠣᠷᠣᠨ ᠪᠠ ᠪᠢᠩᠲ᠋ᠤᠸᠠᠨ᠎ᠳᠤ ᠰᠢᠯᠵᠢᠭᠦᠯᠦᠨ ᠥᠭᠬᠦ ᠵᠠᠷᠤᠯᠭ᠎ᠠ 2636.9 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ 4224.8 ᠳ᠋ᠦᠩᠰᠢᠭᠤᠷ ᠲᠥᠭᠥᠷᠢᠭ ᠪᠤᠯᠤᠨ ᠨᠡᠮᠡᠭᠳᠡᠵᠤ᠂ ᠵᠢᠯ ᠳᠤᠮᠳᠠᠴᠢ᠎ᠪᠠᠷ 10.4%᠎ᠪᠠᠷ ᠨᠡᠮᠡᠭᠳᠡᠨ᠂ 6 ᠵᠢᠯ᠎ᠳᠤ ᠰᠢᠨᠵᠢᠶᠠᠩ᠎ᠢ 2 ᠲᠦᠮᠡ ᠭᠠᠷᠤᠶ ᠳ᠋ᠦᠩᠰᠢᠭᠤᠷ ᠲᠥᠭᠥᠷᠢᠭ ᠳᠡᠮᠵᠢᠪᠡ᠃ ᠰᠢᠨᠵᠢᠶᠠᠩ᠎ᠢ ᠳᠤᠰᠠᠯᠠᠬᠤ 19 ᠮᠣᠵᠢ ᠬᠣᠲᠠ ᠪᠦᠬᠦ ᠲᠠᠯ᠎ᠠ᠎ᠪᠠᠷ ᠠᠵᠢᠯ ᠲᠥᠷᠥᠯ ᠵᠶ᠋ᠠᠷ ᠵᠶ᠋ᠠᠨ ᠲᠤᠰᠠᠯᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠷᠢᠳ ᠬᠤᠵᠢᠳ ᠨᠡᠢ᠍ᠢ᠍ᠳᠡ 964 ᠳ᠋ᠦᠩᠰᠢᠭᠤᠷ ᠲᠥᠭᠥᠷᠢᠭ᠎ᠤᠨ ᠰᠢᠨᠵᠢᠶᠠᠩ (ᠪᠢᠩᠲ᠋ᠤᠸᠠᠨ᠎ᠢ ᠪᠠᠬᠳᠠᠭ᠋ᠠᠨ᠎ᠠ)᠎ᠢ ᠲᠤᠰᠠᠯᠠᠬᠤ ᠪᠡᠯᠡ ᠮᠥᠩᠭᠥ ᠣᠷᠣᠭᠤᠯᠵᠤ᠂ ᠰᠢᠨᠵᠢᠶᠠᠩ᠎ᠢ ᠲᠤᠰᠠᠯᠠᠬᠤ ᠲᠥᠷᠥᠯ ᠵᠦᠶᠯ᠎ᠢ ᠲᠦᠮᠡ ᠭᠠᠷᠤᠶ ᠬᠡᠷᠡᠭᠵᠢᠭᠦᠯᠵᠤ᠂ ᠰᠢᠨᠵᠢᠶᠠᠩ᠎ᠢ ᠲᠤᠰᠠᠯᠠᠬᠤ ᠮᠤᠵᠢ ᠬᠤᠳᠠ ᠵᠢᠨ ᠠᠵᠤ ᠠᠬᠤᠶ᠋ᠢᠯᠠᠯ᠎ᠤᠨ ᠪᠡᠯᠡ ᠮᠥᠩᠭᠥ ᠵᠢ 16840 ᠳ᠋ᠦᠩᠰᠢᠭᠤᠷ ᠲᠥᠭᠥᠷᠢᠭ ᠤᠷᠤᠭᠤᠯᠤᠨ ᠠᠪᠴᠢᠷᠠᠵᠤ᠂ ᠲᠥᠪ᠎ᠤᠨ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ 7000 ᠳ᠋ᠦᠩᠰᠢᠭᠤᠷ ᠲᠥᠭᠥᠷᠢᠭ᠎ᠢ ᠳᠠᠪᠠᠪᠠ᠃ ᠶᠡᠷᠦᠩᠬᠡᠢ᠎ᠳᠤᠨᠢ ᠠᠪᠴᠤ ᠦᠵᠡᠪᠡᠯ᠂ ᠰᠢᠨᠵᠢᠶᠠᠩ᠎ᠳᠤ ᠨᠡᠶ᠋ᠢᠭᠡᠮ ᠲᠣᠭᠲᠠᠭᠤᠨ᠂ ᠠᠷᠠᠳ ᠲᠦᠮᠡᠨ ᠠᠮᠤᠷ ᠵᠢᠮᠦᠷ ᠠᠵᠤ ᠲᠦᠷᠦᠭᠦ ᠰᠠᠢ᠍ᠢ᠍ᠨ ᠰᠠᠢ᠍ᠢ᠍ᠬᠠᠨ ᠪᠠᠢ᠍ᠢ᠍ᠳᠠᠯ ᠢᠯᠡᠷᠡᠵᠦ᠂ ᠥᠨᠢ ᠤᠳᠠᠭ᠋ᠠᠨ᠎ᠤ ᠠᠮᠤᠷ ᠳᠤᠭᠳᠠᠭᠤᠨ ᠪᠤᠯᠬᠤ᠎ᠳᠤ ᠪᠠᠲᠤ ᠪᠡᠬᠢ ᠰᠠᠭᠤᠷᠢ ᠲᠠᠯᠪᠢᠭᠰᠠᠨ ᠪᠠᠶ᠋ᠢᠨ᠎ᠠ᠃ ᠮᠠᠨ᠎ᠤ ᠤᠯᠤᠰ᠎ᠤᠨ ᠦᠨᠳᠦᠰᠦᠲᠡᠨ᠎ᠤ ᠳᠤᠬᠠᠢ ᠠᠵᠢᠯ ᠪᠤᠯ ᠠᠮᠵᠢᠯᠲᠠ᠎ᠲᠠᠢ ᠭᠡᠳᠡᠭ᠎ᠢ ᠪᠣᠳᠠᠲᠤ ᠶᠠᠪᠤᠳᠠᠯ ᠭᠦᠢ᠍ᠴᠡᠳ ᠭᠡᠷᠡᠴᠢᠯᠡᠵᠦ ᠪᠠᠶ᠋ᠢᠨ᠎ᠠ᠃ ᠡᠳᠡᠭᠡᠷ ᠠᠮᠵᠢᠯᠳᠠ ᠪᠦᠳᠦᠮᠵᠢ ᠪᠣᠯ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠵᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠤ ᠬᠠᠮᠲᠤ᠎ᠪᠠᠷ ᠲᠡᠮᠡᠴᠡᠭᠰᠡᠨ᠎ᠤ ᠦᠷ᠎ᠡ ᠳ᠋ᠦᠩ ᠪᠣᠯᠬᠤ ᠪᠥᠭᠡᠳ ᠰᠢᠨᠵᠢᠶᠠᠩ᠎ᠤᠨ 2500 ᠭᠠᠷᠤᠢ ᠲᠦᠮᠡᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠤᠶᠤᠨ ᠤᠬᠠᠭ᠋ᠠᠨ ᠪᠠ ᠬᠦᠴᠦ ᠬᠥᠯᠥᠰᠥ ᠰᠢᠩᠭᠡᠵᠦ ᠪᠠᠶ᠋ᠢᠨ᠎ᠠ ᠭᠡᠵᠥ ᠵᠢᠭ᠋ᠠᠵᠥ ᠭᠠᠷᠭ᠋ᠠᠪᠠ᠃ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠡᠮᠦᠨ᠎ᠡ᠎ᠠᠴᠠ᠂ ᠰᠢᠨᠵᠢᠶᠠᠩ᠎ᠤᠨ ᠠᠵᠢᠯ᠎ᠳᠤ ᠣᠷᠣᠯᠴᠠᠭᠰᠠᠨ ᠪᠠ ᠳᠡᠮᠵᠢᠭᠰᠡᠨ ᠡᠯ᠎ᠠ ᠹᠷᠤᠨᠲ᠎ᠤᠨ ᠨᠥᠬᠥᠳ᠎ᠲᠤ᠂ ᠰᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠰᠢᠷᠭ᠋ᠠᠭᠤ ᠠᠵᠢᠯᠯᠠᠵᠤ ᠪᠠᠶ᠋ᠢᠭ᠎ᠠ ᠥᠷᠭᠡᠨ ᠤᠯᠠᠨ ᠺᠠᠳ᠋ᠷ ᠠᠵᠢᠯᠴᠢᠳ᠎ᠢ ᠴᠢᠩ ᠰᠡᠳᠬᠢᠯ᠎ᠠᠴᠠ᠎ᠪᠠᠨ ᠲᠣᠬᠣᠨᠢᠭᠤᠯᠵᠤ ᠪᠠᠶ᠋ᠢᠬᠤ᠎ᠪᠠᠨ ᠢᠯᠡᠳᠬᠡᠪᠡ᠃
      ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ ᠰᠢᠨᠵᠢᠶᠠᠩ᠎ᠢ ᠵᠠᠰᠠᠬᠤ ᠵᠢᠮ᠎ᠡ ᠶᠣᠰᠣ ᠵᠢᠨ ᠲᠤᠬᠠᠶ ᠲᠠᠨᠢᠯᠲᠠ ᠪᠠ ᠡᠵᠡᠮᠳᠡᠯ ᠵᠶ᠋ᠠᠨ ᠭᠦᠨᠵᠡᠭᠡᠶ᠋ᠢᠷᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ ᠵᠢ ᠪᠦᠷᠢᠯᠳᠦᠭᠦᠯᠵᠤ᠂ ᠪᠠᠶ᠋ᠢᠯᠳᠤᠬᠤ ᠪᠣᠳᠣᠯᠭ᠎ᠠ ᠵᠢᠨ ᠲᠠᠯ᠎ᠠ᠎ᠠᠴᠠ ᠰᠢᠨᠵᠢᠶᠠᠩ᠎ᠤᠨ ᠠᠵᠢᠯ᠎ᠢ ᠬᠢᠨᠠᠨ ᠦᠵᠡᠬᠦ ᠪᠠ ᠲᠦᠯᠦᠪᠯᠡᠬᠦ ᠵᠢ ᠪᠠᠷᠢᠮᠲᠠᠯᠠᠵᠤ᠂ ᠨᠡᠶ᠋ᠢᠭᠡᠮ᠎ᠤᠨ ᠠᠮᠦᠷ ᠲᠣᠭᠲᠠᠭᠤᠨ ᠪᠠ ᠥᠨᠢ ᠤᠳᠠᠭ᠋ᠠᠨ᠎ᠤ ᠠᠮᠤᠷ ᠳᠤᠭᠳᠠᠭᠤᠨ᠎ᠢ ᠰᠢᠨᠵᠢᠶᠠᠩ᠎ᠤᠨ ᠠᠵᠢᠯ᠎ᠤᠨ ᠶᠡᠷᠦᠩᠬᠡᠶ ᠬᠠᠷᠠᠯᠲᠠ ᠪᠣᠯᠭ᠋ᠠᠬᠤ ᠵᠢ ᠪᠠᠷᠢᠮᠲᠠᠯᠠᠵᠤ᠂ ᠬᠦᠮᠦᠨ᠎ᠤ ᠰᠡᠳᠬᠢᠯ᠎ᠢ ᠨᠢᠭᠲᠠᠷᠠᠭᠤᠯᠬᠤ᠎ᠪᠠᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠵᠢ ᠪᠠᠷᠢᠮᠳᠠᠯᠠᠵᠥ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠬᠤ ᠪᠠ ᠪᠤᠢ ᠪᠤᠯᠭ᠋ᠠᠬᠤ ᠵᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠲᠠᠢ ᠨᠢᠭᠲᠠ ᠤᠶᠠᠯᠳᠤᠭᠤᠯᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠰᠢᠨᠵᠢᠶᠠᠩ᠎ᠤᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ ᠵᠢ ᠪᠠᠷᠢᠮᠳᠠᠯᠠᠪᠠ᠃ ᠰᠢᠨ᠎ᠡ ᠴᠠᠭ ᠦᠶ᠎ᠡ ᠵᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ ᠪᠦᠷᠢᠮᠦᠰᠦᠨ ᠵᠥᠪ ᠪᠠᠢ᠍ᠢ᠍ᠨ᠎ᠠ᠂ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠶ ᠪᠠᠢ᠍ᠢ᠍ᠨ᠎ᠠ ᠭᠡᠳᠡᠭ᠎ᠢ ᠦᠢ᠍ᠯᠡᠳᠦᠯᠭᠡ ᠭᠡᠷᠡᠴᠢᠯᠡᠵᠠᠢ᠃ ᠪᠦᠬᠦ ᠨᠠᠮ ᠵᠶ᠋ᠠᠷ ᠵᠶ᠋ᠠᠨ ᠰᠢᠨ᠎ᠡ ᠴᠠᠭ ᠦᠶ᠎ᠡ ᠵᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ ᠵᠢ ᠲᠤᠭᠤᠰᠢᠯᠠᠭᠤᠯᠬᠤ ᠵᠢ ᠨᠢᠭᠡ ᠵᠦᠢ᠍ᠯ᠎ᠤᠨ ᠤᠯᠤᠰ ᠲᠥᠷᠥ ᠵᠢᠨ ᠡᠭᠦᠷᠭᠡ ᠪᠣᠯᠭ᠋ᠠᠵᠤ᠂ ᠪᠦᠷᠢᠨ ᠪᠦᠲᠦᠨ ᠣᠨᠣᠪᠴᠢᠲᠠᠶ ᠲᠤᠭᠤᠰᠢᠯᠠᠭᠤᠯᠬᠤ ᠳᠡᠭᠡᠷ᠎ᠡ ᠬᠦᠴᠦ ᠲᠠᠯᠪᠢᠨ᠂ ᠰᠢᠨᠵᠢᠶᠠᠩ᠎ᠤᠨ ᠠᠵᠢᠯ ᠢᠮᠠᠭᠳᠠ ᠵᠥᠪ ᠤᠯᠤᠰ ᠲᠥᠷᠥ ᠵᠢᠨ ᠴᠢᠭᠯᠡᠯ᠎ᠢ ᠪᠠᠷᠢᠮᠳᠠᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃
      ᠰᠢ ᠵᠢᠨ ᠫᠢᠩ᠂ ᠰᠢᠨᠵᠢᠶᠠᠩ᠎ᠤᠨ ᠨᠡᠶ᠋ᠢᠭᠡᠮ᠎ᠤᠨ ᠶᠡᠬᠡ ᠲᠠᠯ᠎ᠠ ᠵᠢᠨ ᠦᠷᠭᠦᠯᠵᠢ ᠵᠢᠨ ᠲᠣᠭᠲᠠᠭᠤᠨ ᠤᠷᠳᠤ ᠬᠤᠭᠤᠴᠠᠭ᠎ᠠ᠎ᠪᠠᠷ ᠲᠤᠭᠳᠠᠭᠤᠨ ᠪᠠᠢ᠍ᠢ᠍ᠬᠤ ᠵᠢ ᠪᠠᠲᠤᠯᠠᠬᠤ᠎ᠳᠤ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠲᠤᠭ᠎ᠢ ᠥᠨᠳᠥᠷ ᠮᠠᠨᠳᠤᠭᠤᠯᠵᠤ᠂ ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢ ᠵᠠᠰᠠᠬᠤ ᠱᠠᠭ᠋ᠠᠷᠳᠠᠯᠭ᠎ᠠ ᠵᠢ ᠰᠢᠨᠵᠢᠶᠠᠩ᠎ᠤᠨ ᠠᠵᠢᠯ᠎ᠤᠨ ᠡᠯ᠎ᠡ ᠬᠦᠷᠢᠶᠡᠨ᠎ᠳᠤ ᠨᠠᠶ᠋ᠢᠳᠠᠪᠤᠷᠢᠵᠢᠭᠤᠯᠬᠤ ᠬᠡᠷᠡᠭᠳᠠᠢ᠃ ᠨᠠᠮ᠎ᠤᠨ ᠬᠣᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠬᠠᠷᠢᠭᠤᠴᠠᠬᠤ᠂ ᠨᠡᠶ᠋ᠢᠭᠡᠮ᠎ᠤᠨ᠎ᠬᠢᠨ ᠬᠠᠮᠵᠢᠯᠴᠠᠬᠤ᠂ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠬᠠᠤᠯᠢᠵᠢᠯ ᠵᠶ᠋ᠠᠷ ᠪᠠᠲᠤᠯᠠᠬᠤ ᠨᠡᠶ᠋ᠢᠭᠡᠮ᠎ᠤᠨ ᠵᠠᠰᠠᠯᠲᠠ ᠵᠢᠨ ᠪᠠᠢ᠍ᠢ᠍ᠭᠤᠯᠤᠯ᠎ᠢ ᠪᠦᠬᠦ ᠲᠠᠯ᠎ᠠ᠎ᠪᠠᠷ ᠪᠦᠷᠢᠯᠳᠦᠭᠦᠯᠵᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠪᠠᠶ᠋ᠢᠷᠢᠰᠢᠯ᠎ᠢ ᠪᠠᠢ᠍ᠢ᠍ᠭᠤᠯᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠢ ᠲᠠᠰᠤᠷᠠᠯᠳᠠ ᠦᠭᠡᠢ ᠪᠡᠬᠢᠵᠢᠭᠦᠯᠬᠦ ᠬᠡᠷᠡᠭᠲᠡᠢ᠃ ᠰᠢᠨᠵᠢᠶᠠᠩ ᠡᠷᠲᠡᠨ᠎ᠠᠴᠠ ᠠᠪᠤᠭ᠋ᠠᠳ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠮᠥᠨ᠂ ᠰᠢᠨᠵᠢᠶᠠᠩ᠎ᠤᠨ ᠦᠨᠳᠦᠰᠦᠲᠡᠨ᠎ᠨᠦᠭᠦᠳ ᠪᠣᠯ ᠳᠤᠮᠳᠠᠳᠤ ᠵᠢᠨ ᠦᠨᠳᠦᠰᠦᠲᠡᠨ᠎ᠤ ᠴᠢᠰᠤ ᠮᠢᠬᠠᠨ᠎ᠤ ᠪᠠᠷᠢᠯᠳᠤᠯᠭ᠎ᠠ᠎ᠲᠠᠢ ᠭᠡᠷ ᠪᠦᠯᠢ ᠵᠢᠨ ᠪᠦᠷᠢᠯᠳᠦᠬᠦᠨ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠤᠬᠡ᠂ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠳᠦ ᠨᠢᠭᠡ ᠴᠣᠭᠴᠠᠵᠢᠭᠰᠠᠨ ᠪᠠᠶ᠋ᠢᠷᠢᠰᠢᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠰᠢᠨᠵᠢᠶᠠᠩ᠎ᠤᠨ ᠺᠠᠳ᠋ᠷ᠎ᠤᠨ ᠬᠥᠮᠦᠵᠢᠯ᠂ ᠵᠠᠯᠠᠭᠤᠴᠤᠳ ᠪᠠᠭ᠋ᠠᠴᠤᠳ᠎ᠤᠨ ᠬᠥᠮᠦᠵᠢᠯ᠂ ᠨᠡᠶ᠋ᠢᠭᠡᠮ᠎ᠤᠨ ᠬᠥᠮᠦᠵᠢᠯ᠎ᠳᠤ ᠣᠷᠣᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠦᠮᠦᠵᠢᠭᠦᠯᠦᠨ ᠵᠢᠯᠤᠭᠤᠳᠴᠤ ᠪᠠᠢ᠍ᠢ᠍ᠭ᠋ᠠᠳ ᠵᠥᠪ ᠤᠯᠤᠰ᠎ᠤᠨ ᠦᠵᠡᠯᠲᠡ᠂ ᠲᠡᠤᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠲᠠᠢ ᠪᠤᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠡᠳᠬᠢᠯ ᠵᠢᠷᠦᠭᠡᠨ᠎ᠳᠤᠨᠢ ᠭᠦᠨ ᠦᠨᠳᠦᠰᠦᠯᠡᠭᠦᠯᠬᠦ ᠬᠡᠷᠡᠭᠳᠠᠢ᠃ ᠦᠨᠳᠦᠰᠦᠳᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠵᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠰᠢᠨᠵᠢᠶᠠᠩ᠎ᠤᠨ ᠢᠰᠯᠠᠮ᠎ᠤᠨ ᠱᠠᠰᠢᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠱᠠᠰᠢᠨ ᠰᠤᠷᠲᠠᠬᠤᠨ᠎ᠤ ᠡᠷᠡᠭᠦᠯ ᠵᠶ᠋ᠠᠷ ᠬᠥᠭᠵᠢᠬᠦ ᠵᠢ ᠪᠡᠶᠡᠯᠡᠭᠦᠯᠬᠦ ᠬᠡᠷᠡᠭᠲᠡᠶ᠃ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠤ ᠠᠵᠢᠯ᠎ᠢ ᠭᠦᠨᠵᠡᠭᠡᠶ ᠰᠠᠶ᠋ᠢᠲᠤᠷ ᠬᠢᠵᠦ᠂ ᠰᠤᠶᠤᠯ ᠵᠶ᠋ᠠᠷ ᠰᠢᠨᠵᠢᠶᠠᠩ᠎ᠢ ᠤᠮᠳᠠᠯᠠᠬᠤ ᠢᠨᠵᠧᠨᠧᠷᠢᠩ᠎ᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃
      ᠰᠢ ᠵᠢᠨ ᠫᠢᠩ᠂ ᠬᠥᠭᠵᠢᠯᠲᠡ ᠪᠣᠯ ᠰᠢᠨᠵᠢᠶᠠᠩ᠎ᠤᠨ ᠥᠨᠢ ᠤᠳᠠᠭ᠋ᠠᠨ ᠠᠮᠤᠷ ᠳᠤᠭᠳᠠᠭᠤᠨ ᠪᠠᠶ᠋ᠢᠬᠤ ᠵᠢᠨ ᠴᠢᠬᠤᠯᠠ ᠰᠠᠭᠤᠷᠢ ᠮᠥᠨ᠃ ᠰᠢᠨᠵᠢᠶᠠᠩ᠎ᠤᠨ ᠣᠷᠣᠨ ᠪᠠᠶ᠋ᠢᠷᠢ ᠵᠢᠨ ᠳᠠᠪᠠᠭᠤᠯᠢᠭ᠎ᠢ ᠪᠠᠳᠠᠷᠠᠭᠤᠯᠵᠤ᠂ ᠲᠣᠷᠭ᠋ᠠᠨ ᠵᠠᠮ᠎ᠤᠨ ᠠᠵᠤ ᠠᠬᠤᠶ ᠵᠢᠨ ᠪᠦᠰᠡ ᠵᠢᠨ ᠭᠣᠤᠯ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ᠎ᠪᠠᠷ ᠬᠥᠳᠡᠯᠭᠡᠭᠦᠷ ᠪᠣᠯᠭ᠋ᠠᠵᠤ᠂ ᠰᠢᠨᠵᠢᠶᠠᠩ᠎ᠤᠨ ᠲᠤᠰ ᠪᠡᠶ᠎ᠡ ᠵᠢᠨ ᠣᠷᠣᠨ ᠪᠦᠰᠡ ᠵᠢᠨ ᠴᠢᠨᠠᠷᠲᠠᠶ ᠨᠡᠭᠡᠭᠡᠯᠲᠡ ᠵᠢᠨ ᠪᠠᠶ᠋ᠢᠯᠳᠤᠬᠤ ᠪᠣᠳᠣᠯᠭ᠎ᠠ ᠵᠢ ᠤᠯᠤᠰ᠎ᠤᠨ ᠪᠠᠷᠠᠭᠤᠨᠰᠢ ᠨᠡᠭᠡᠭᠡᠯᠲᠡ ᠬᠢᠬᠦ ᠶᠡᠷᠦᠩᠬᠡᠶ ᠪᠠᠶ᠋ᠢᠷᠢᠰᠢᠭᠤᠯᠤᠯᠳᠠ᠎ᠳᠤ ᠣᠷᠣᠭᠤᠯᠵᠤ᠂ ᠭᠠᠳᠠᠭᠰᠢ ᠨᠡᠭᠡᠭᠡᠯᠲᠡ ᠬᠢᠬᠦ ᠠᠴᠢᠶᠠᠯᠠᠪᠤᠷᠢ ᠵᠢ ᠪᠠᠶᠠᠯᠢᠭᠵᠢᠭᠤᠯᠤᠨ᠂ ᠭᠠᠳᠠᠭᠰᠢ ᠨᠡᠭᠡᠭᠡᠯᠲᠡ ᠬᠢᠬᠦ ᠳᠡᠰ ᠳᠠᠪᠬᠤᠷᠭ᠎ᠠ ᠵᠢ ᠳᠡᠭᠡᠭᠰᠢᠯᠡᠭᠦᠯᠵᠤ᠂ ᠨᠡᠭᠡᠭᠡᠯᠲᠡᠲᠦ ᠮᠠᠶᠢᠭ᠎ᠤᠨ ᠠᠵᠤ ᠠᠬᠤᠢ ᠵᠢᠨ ᠪᠠᠶ᠋ᠢᠭᠤᠯᠤᠯ᠎ᠢ ᠰᠢᠨᠡᠴᠢᠯᠡᠵᠦ᠂ ᠳᠣᠲᠣᠭ᠋ᠠᠳᠤ ᠬᠠᠭᠤᠷᠠᠶ ᠵᠢᠨ ᠨᠡᠭᠡᠭᠡᠯᠲᠡ ᠪᠠ ᠬᠢᠯᠢ ᠳᠠᠭ᠋ᠠᠤ ᠵᠢᠨ ᠨᠡᠭᠡᠭᠡᠯᠲᠡ ᠵᠢᠨ ᠥᠨᠳᠥᠷᠯᠢᠭ ᠭᠠᠵᠠᠷ᠎ᠢ ᠪᠠᠢ᠍ᠢ᠍ᠭᠤᠯᠬᠤ ᠬᠡᠷᠡᠭᠳᠠᠢ᠃ ᠠᠵᠤ ᠦᠢ᠍ᠯᠡᠳᠪᠦᠷᠢ ᠵᠢᠨ ᠰᠠᠭᠤᠷᠢ ᠵᠢ ᠬᠦᠴᠦᠷᠬᠡᠭᠵᠢᠭᠦᠯᠦᠨ ᠦᠷ᠎ᠡ ᠠᠰᠢᠭ᠎ᠢ ᠨᠡᠮᠡᠭᠳᠡᠭᠦᠯᠬᠦ ᠪᠠ ᠬᠡᠯᠪᠡᠷᠢ ᠵᠢ᠎ᠨᠢ ᠬᠤᠪᠢᠷᠠᠭᠤᠯᠤᠨ ᠳᠡᠰ ᠳᠡᠪᠰᠢᠬᠦᠯᠬᠦ ᠵᠢ ᠠᠬᠢᠭᠤᠯᠵᠤ᠂ ᠰᠢᠨᠵᠢᠶᠠᠩ᠎ᠤᠨ ᠦᠪᠡᠷᠮᠢᠴᠡ ᠤᠨᠴᠠᠯᠢᠡᠡᠳᠦ ᠳᠠᠪᠠᠭᠤᠯᠢᠭ ᠠᠵᠤ ᠦᠢ᠍ᠯᠡᠰ᠎ᠢ ᠪᠤᠢ ᠪᠤᠯᠭ᠋ᠠᠨ ᠪᠤᠵᠠᠭ᠋ᠠᠶ᠋ᠢᠷᠠᠭᠤᠯᠵᠤ᠂ ᠲᠤᠬᠠᠶ ᠵᠢᠨ ᠭᠠᠵᠠᠷ᠎ᠤᠨ ᠣᠯᠠᠨ ᠲᠦᠮᠡᠨ᠎ᠢ ᠳᠠᠶ᠋ᠢᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠳᠠᠢ᠃ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠦᠲᠦᠭᠡᠨ ᠪᠠᠶ᠋ᠢᠭᠤᠯᠵᠤ᠂ ᠬᠣᠲᠠ ᠪᠠᠯᠭ᠋ᠠᠰᠤᠵᠢᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ᠂ ᠡᠯᠡᠰᠦ ᠵᠢ ᠵᠠᠰᠠᠵᠤ ᠤᠰᠤ ᠵᠢ ᠵᠠᠰᠠᠬᠤ ᠪᠠ ᠣᠢ ᠰᠢᠭᠤᠶ ᠨᠤᠲᠤᠭ ᠪᠡᠯᠴᠢᠭᠡᠷ᠎ᠢ ᠬᠠᠮᠠᠭ᠋ᠠᠯᠠᠬᠤ ᠠᠵᠢᠯ᠎ᠢ ᠨᠢᠭᠡᠳᠦᠯᠲᠡᠶ ᠲᠦᠯᠦᠪᠵᠢᠭᠦᠯᠦᠨ ᠥᠷᠨᠢᠭᠦᠯᠵᠦ᠂ ᠦᠵᠡᠰᠬᠦᠯᠡᠩᠲᠦ ᠰᠠᠶ᠋ᠢᠬᠠᠨ ᠰᠢᠨᠵᠢᠶᠠᠩ᠎ᠤᠨ ᠲᠩᠷᠢ ᠵᠢ ᠨᠠᠩ ᠴᠡᠯᠮᠡᠭ᠂ ᠠᠭᠤᠯᠠ ᠵᠢ ᠨᠠᠩ ᠨᠣᠭᠣᠭ᠋ᠠᠨ᠂ ᠤᠰᠤ ᠵᠢ ᠨᠠᠩ ᠲᠤᠩᠭ᠋ᠠᠯᠠᠭ ᠪᠣᠯᠭ᠋ᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠵᠦ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠨᠠᠶ᠋ᠢᠳᠠᠪᠤᠷᠢᠵᠢᠭᠤᠯᠤᠨ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠ ᠠᠵᠢᠯ ᠣᠯᠭᠣᠯᠲᠠ ᠵᠢ ᠠᠬᠢᠭᠤᠯᠬᠤ ᠬᠣᠶᠠᠷ ᠶᠡᠬᠡ ᠶᠠᠪᠤᠳᠠᠯ᠎ᠢ ᠴᠥᠬᠥᠷᠡᠰᠢ ᠥᠬᠡᠶ ᠰᠠᠶ᠋ᠢᠲᠤᠷ ᠠᠳᠬᠤᠬᠤ ᠬᠡᠷᠡᠭᠳᠠᠢ᠃ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠡᠵᠡᠮᠳᠡᠬᠦ ᠪᠠ ᠬᠠᠪᠰᠤᠷᠤᠨ ᠲᠡᠳᠬᠦᠬᠦ ᠳᠦᠷᠢᠮ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠲᠠᠯ᠎ᠠ᠎ᠪᠠᠷ ᠶᠠᠳᠠᠭᠤ᠎ᠠᠴᠠ ᠠ᠋ᠩᠭᠢᠵᠢᠷᠠᠭᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠦᠷᠭᠦᠯᠵᠢᠯᠡᠨ ᠠᠬᠢᠭᠤᠯᠵᠤ᠂ ᠳᠣᠲᠣᠭ᠋ᠠᠳᠤ ᠬᠥᠭᠵᠢᠯᠲᠡ ᠵᠢᠨ ᠬᠥᠳᠡᠯᠭᠡᠬᠦ ᠬᠦᠴᠦᠨ ᠪᠠ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠰᠠᠨ᠎ᠤ ᠳᠠᠷᠠᠭ᠎ᠠ ᠬᠥᠭᠵᠢᠵᠦ ᠳᠡᠢ᠍ᠢ᠍ᠯᠬᠦ᠂ ᠦᠷᠭᠦᠯᠵᠢᠯᠡᠵᠤ ᠳᠡᠢ᠍ᠢ᠍ᠯᠬᠦ ᠵᠢ ᠪᠠᠲᠤᠯᠠᠬᠤ ᠬᠡᠷᠡᠭᠲᠡᠶ᠃ ᠲᠥᠷᠥ ᠵᠢᠨ ᠪᠣᠳᠣᠯᠭ᠎ᠠ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠠᠶ᠋ᠢᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠴᠦ᠂ ᠣᠶ᠋ᠢᠷ᠎ᠠ ᠬᠠᠪᠢ᠎ᠳᠠᠭᠠᠨ ᠲᠤᠬᠠᠶ ᠵᠢᠨ ᠭᠠᠵᠠᠷ᠎ᠲᠤᠨᠢ ᠠᠵᠢᠯ ᠣᠯᠭᠣᠬᠤ ᠪᠠ ᠡᠮᠬᠢ ᠵᠢᠷᠤᠮ᠎ᠲᠠᠢ᠎ᠪᠠᠷ ᠰᠢᠯᠵᠢᠭᠦᠯᠦᠨ ᠭᠠᠳᠠᠭᠰᠢ ᠭᠠᠷᠭ᠋ᠠᠵᠤ ᠠᠵᠢᠯ ᠣᠯᠭᠣᠬᠤ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠬᠤ ᠬᠡᠷᠡᠭᠲᠡᠶ᠃ ᠡᠮᠦᠨᠡᠳᠦ ᠰᠢᠨᠵᠢᠶᠠᠩ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠵᠢ ᠶᠡᠬᠡ᠎ᠪᠠᠷ ᠠᠬᠢᠭᠤᠯᠬᠤ ᠬᠡᠷᠡᠭᠲᠡᠶ᠃ ᠤᠯᠠᠨ ᠲᠡᠰ ᠳᠠᠪᠬᠤᠷᠭ᠎ᠠ᠂ ᠪᠦᠬᠦ ᠲᠠᠯ᠎ᠠ᠎ᠪᠠᠷ᠂ ᠪᠣᠰᠣᠭ᠎ᠠ ᠴᠣᠭᠴᠠ᠎ᠪᠠᠷ ᠰᠢᠨᠵᠢᠶᠠᠩ᠎ᠤᠨ ᠦᠯᠢᠬᠡᠷ᠎ᠢ ᠰᠠᠶ᠋ᠢᠲᠤᠷ ᠶᠠᠷᠢᠵᠤ᠂ ᠣᠮᠣᠭ ᠲᠡᠭᠦᠯᠳᠡᠷ ᠵᠶ᠋ᠠᠷ ᠰᠢᠨᠵᠢᠶᠠᠩ᠎ᠤᠨ ᠨᠡᠶ᠋ᠢᠭᠡᠮ᠎ᠤᠨ ᠠᠮᠦᠷ ᠲᠣᠭᠲᠠᠭᠤᠨ ᠪᠠᠢ᠍ᠢ᠍ᠬᠤ ᠶᠡᠬᠡ ᠰᠠᠢ᠍ᠢ᠍ᠨ ᠪᠠᠶ᠋ᠢᠳᠠᠯ᠂ ᠠᠷᠠᠳ ᠲᠦᠮᠡᠨ᠎ᠤ ᠠᠮᠤᠷ ᠲᠠᠢ᠍ᠢ᠍ᠪᠤᠩ ᠠᠵᠤ ᠲᠦᠷᠦᠵᠤ ᠪᠠᠢ᠍ᠢ᠍ᠬᠤ ᠵᠣᠯ ᠵᠢᠷᠭ᠋ᠠᠯᠲᠤ ᠠᠮᠢᠳᠤᠷᠠᠯ᠎ᠢ ᠤᠬᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
      ᠰᠢ ᠵᠢᠨ ᠫᠢᠩ᠂ ᠮᠠᠨ᠎ᠤ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠳᠠᠷᠤᠶ ᠰᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠠᠭᠲᠠᠭ᠋ᠠᠭᠰᠠᠨ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠣᠯᠭᠣᠵᠤ᠂ ᠰᠢᠨᠵᠢᠶᠠᠩ᠎ᠤᠨ ᠦᠨᠳᠦᠰᠦᠲᠡᠨ᠎ᠨᠦᠭᠦᠳ᠎ᠢ ᠪᠠᠭᠲᠠᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠳᠠ ᠵᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠰᠢᠨ᠎ᠡ ᠴᠠᠭ ᠦᠶ᠎ᠡ ᠵᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠪᠠᠷ ᠪᠠᠷᠢᠮᠵᠢᠶᠠᠯᠠᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠳᠡᠭᠡᠷ᠎ᠠ᠎ᠪᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠶ᠋ᠢᠬᠤ ᠵᠢ ᠪᠠᠳᠤᠯᠠᠬᠤ ᠬᠡᠷᠡᠭᠲᠡᠶ᠃ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠴᠥᠬᠥᠷᠡᠰᠢ ᠦᠭᠡᠢ ᠴᠢᠩᠭ᠋ᠠᠳᠬᠠᠵᠤ᠂ ᠤᠯᠤᠰ ᠲᠥᠷᠥ ᠵᠢᠨ ᠪᠣᠯᠪᠠᠰᠤᠷᠠᠯ᠎ᠢ ᠳᠣᠪᠣᠶ᠋ᠢᠯᠭ᠋ᠠᠵᠤ᠂ ᠺᠠᠳ᠋ᠷ᠎ᠤᠨ ᠤᠯᠤᠰ ᠲᠦᠷᠦ ᠵᠢᠨ ᠬᠡᠪ ᠪᠤᠯᠪᠠᠰᠤᠷᠠᠯ᠎ᠢ ᠪᠠᠶ᠋ᠢᠩᠭᠤ ᠵᠢᠨ ᠴᠢᠨᠠᠷᠳᠠᠢ ᠢᠯᠭ᠋ᠠᠨ ᠲᠠᠨᠢᠵᠤ᠂ ᠡᠯ᠎ᠡ ᠱᠠᠲᠤᠨ᠎ᠤ ᠤᠳᠤᠷᠢᠳᠬᠤ ᠡᠷᠬᠡ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ᠎ᠤᠨ ᠭᠠᠷ᠎ᠲᠤ ᠪᠠᠢ᠍ᠢ᠍ᠬᠤ ᠵᠢ ᠪᠠᠳᠤᠯᠠᠬᠤ ᠬᠡᠷᠡᠭᠳᠠᠢ᠃ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠢᠨᠵᠢᠶᠠᠩ᠎ᠤᠨ ᠺᠠᠳ᠋ᠷ᠎ᠤᠨ ᠡᠩᠨᠡᠭᠡ ᠵᠢ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠵᠤ᠂ ᠤᠨᠤᠯ᠎ᠤᠨ ᠦᠨᠳᠦᠰᠦᠨ ᠪᠣᠯᠪᠠᠰᠤᠷᠠᠯ ᠪᠠᠳᠤ ᠴᠢᠩᠭ᠎ᠠ᠂ ᠲᠦᠷᠦ ᠵᠢᠨ ᠪᠤᠳᠤᠯᠭ᠎ᠠ ᠵᠢ ᠭᠦᠢ᠍ᠴᠡᠳ ᠡᠵᠡᠮᠳᠡᠭᠰᠡᠨ᠂ ᠦᠢ᠍ᠯᠡᠳᠦᠯᠭᠡ ᠵᠢᠨ ᠴᠢᠳᠠᠪᠤᠷᠢ ᠴᠢᠩᠭ᠎ᠠ ᠺᠠᠳ᠋ᠷ᠎ᠤᠨ ᠡᠩᠨᠡᠭᠡ ᠵᠢ ᠬᠦᠴᠦᠯᠡᠨ ᠬᠥᠮᠦᠵᠢᠭᠦᠯᠬᠦ ᠬᠡᠷᠡᠭᠲᠡᠢ᠃ ᠨᠠᠮ᠎ᠳᠤ ᠦᠨᠡᠨᠴᠢ ᠰᠢᠳᠤᠷᠭᠤ᠂ ᠮᠣᠷᠠᠯ ᠴᠢᠳᠠᠪᠤᠷᠢ ᠬᠣᠣᠰᠯᠠᠭᠰᠠᠨ ᠥᠨᠳᠥᠷ ᠬᠡᠪ ᠪᠤᠯᠪᠠᠰᠤᠷᠠᠯ᠎ᠲᠠᠢ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠤᠨ ᠡᠩᠨᠡᠭᠡ ᠵᠢ ᠪᠠᠶ᠋ᠢᠭᠤᠯᠬᠤ ᠶᠠᠪᠤᠳᠠᠯ᠎ᠢ ᠴᠢᠬᠤᠯᠠ ᠡᠭᠦᠷᠭᠡ ᠪᠣᠯᠭ᠋ᠠᠨ ᠰᠤᠯᠠᠷᠠᠭᠤᠯᠤᠯ ᠦᠭᠡᠢ ᠪᠠᠶ᠋ᠢᠩᠭᠤ ᠠᠳᠬᠤᠬᠤ ᠬᠡᠷᠡᠭᠲᠡᠢ᠃ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠵᠢ ᠪᠤᠢ ᠪᠣᠯᠭ᠋ᠠᠵᠤ᠂ ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭ᠋ᠠᠲᠤ ᠦᠨᠳᠦᠰᠦᠲᠡᠨ᠎ᠤ ᠰᠢᠯᠢᠳᠡᠭ ᠺᠠᠳ᠋ᠷ᠎ᠢ ᠭᠦᠢ᠍ᠴᠡᠳ ᠢᠲᠡᠭᠡᠵᠦ᠂ ᠡᠷᠡᠰ ᠪᠦᠯᠬᠦᠮᠳᠡᠨ᠂ ᠵᠣᠷᠢᠭᠲᠠᠶ᠎ᠪᠠᠷ ᠰᠢᠯᠢᠨ ᠳᠡᠪᠰᠢᠭᠦᠯᠵᠦ᠂ ᠵᠣᠷᠢᠭᠲᠠᠶ ᠬᠡᠷᠡᠭᠯᠡᠵᠤ᠂ ᠢᠯᠡᠷᠡᠯ ᠲᠤᠪᠤᠢ᠍ᠢ᠍ᠮ᠎ᠠ ᠰᠠᠢ᠍ᠢ᠍ᠨ ᠪᠤᠯ ᠰᠢᠭᠤᠳ ᠱᠠᠳᠤ ᠠᠯᠭ᠋ᠠᠰᠠᠨ ᠳᠡᠪᠰᠢᠭᠦᠯᠦᠨ ᠬᠡᠷᠡᠭᠯᠡᠵᠦ ᠪᠣᠯᠤᠨ᠎ᠠ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠺᠠᠳ᠋ᠷ ᠪᠣᠯ ᠢᠲᠡᠭᠡᠭᠦᠰᠢᠲᠡᠢ᠂ ᠲᠠᠢ᠍ᠢ᠍ᠴᠢᠨ ᠬᠦᠴᠦᠨ᠎ᠲᠠᠢ ᠶᠤᠮ᠃ ᠲᠡᠳᠡᠨ᠎ᠢ ᠤᠯᠤᠰ ᠲᠥᠷᠥ ᠵᠢᠨ ᠲᠠᠯ᠎ᠠ᠎ᠪᠠᠷ ᠤᠷᠮᠠᠰᠢᠭᠤᠯᠤᠨ ᠵᠣᠷᠢᠭᠵᠢᠭᠤᠯᠵᠤ᠂ ᠠᠵᠢᠯ᠎ᠢ᠎ᠨᠢ ᠳᠡᠮᠵᠢᠵᠦ᠂ ᠬᠦᠷᠲᠡᠭᠡᠮᠵᠢ ᠤᠯᠭᠤᠮᠵᠢ ᠵᠢ᠎ᠨᠢ ᠪᠠᠲᠤᠯᠠᠵᠤ᠂ ᠠᠮᠢᠳᠤᠷᠠᠯ᠎ᠢ᠎ᠨᠢ ᠬᠠᠷᠠᠭ᠋ᠠᠯᠵᠠᠵᠤ᠂ ᠰᠡᠳᠬᠢᠴᠠ ᠵᠢ᠎ᠨᠢ ᠬᠠᠯᠠᠮᠵᠢᠯᠠᠵᠦ᠂ ᠪᠦᠲᠦᠮᠵᠢᠲᠡᠶ ᠠᠷᠭ᠎ᠠ ᠬᠡᠮᠵᠢᠶ᠎ᠡ ᠵᠢ ᠰᠤᠳᠤᠯᠤᠨ ᠬᠡᠷᠡᠭᠯᠡᠵᠦ᠂ ᠰᠢᠨᠵᠢᠶᠠᠩ᠎ᠤᠨ ᠺᠠᠳ᠋ᠷ ᠴᠢᠳᠠᠪᠤᠷᠢᠲᠠᠨ᠎ᠤ ᠡᠩᠨᠡᠭᠡ ᠵᠢ ᠲᠣᠭᠲᠠᠪᠤᠷᠢᠵᠢᠭᠤᠯᠬᠤ ᠬᠡᠷᠡᠭᠲᠡᠢ᠃ ᠦᠨᠳᠦᠰᠦᠲᠡᠨ᠎ᠤ ᠵᠣᠷᠢᠭ ᠰᠠᠨᠠᠭ᠎ᠠ ᠪᠠ ᠴᠠᠭ ᠦᠶ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠲᠤᠤᠷᠠᠢ ᠵᠢᠨ ᠵᠣᠷᠢᠭ ᠰᠠᠨᠠᠭ᠎ᠠ ᠪᠠ ᠪᠢᠩᠲ᠋ᠤᠸᠠᠨ᠎ᠤ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠦᠨ᠂ ᠡᠯ᠎ᠡ ᠱᠠᠲᠤᠨ᠎ᠤ ᠺᠠᠳ᠋ᠷᠴᠤᠳ᠎ᠤᠨ ᠰᠢᠨ᠎ᠡ ᠴᠠᠭ ᠦᠶ᠎ᠡ᠎ᠳᠤ ᠬᠢᠯᠢ ᠬᠢᠵᠠᠭ᠋ᠠᠷ᠎ᠲᠤ ᠦᠨᠳᠦᠰᠦ ᠬᠠᠳᠬᠤᠵᠤ᠂ ᠬᠢᠯᠢ ᠬᠢᠵᠠᠭ᠋ᠠᠷ᠎ᠲᠤ ᠬᠤᠪᠢ ᠨᠡᠮᠡᠷᠢ ᠦᠵᠡᠭᠦᠯᠬᠦ ᠵᠢ ᠵᠣᠷᠢᠭᠵᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠰᠢᠨᠵᠢᠶᠠᠩ᠎ᠤᠨ ᠠᠵᠢᠯ᠎ᠢ ᠰᠠᠶ᠋ᠢᠲᠤᠷ ᠬᠢᠬᠦ ᠪᠣᠯ ᠪᠦᠬᠦ ᠨᠠᠮ ᠪᠦᠬᠦ ᠤᠯᠤᠰ᠎ᠤᠨ ᠶᠡᠬᠡ ᠶᠠᠪᠤᠳᠠᠯ ᠮᠥᠨ᠂ ᠡᠷᠬᠡᠪᠰᠢ ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠳᠠᠷ᠎ᠠ ᠪᠠᠶ᠋ᠢᠬᠤ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠨᠠᠮ᠎ᠤᠨ ᠲᠥᠪ ᠬᠤᠷᠢᠶ᠎ᠠ ᠨᠢᠭᠡᠳᠦᠯᠲᠡᠶ ᠤᠳᠤᠷᠢᠳᠬᠤ᠂ ᠲᠥᠪ᠎ᠤᠨ ᠰᠠᠯᠠᠭ᠎ᠠ ᠮᠥᠴᠢᠷ ᠳᠠᠮᠵᠢᠨ ᠵᠢᠯᠣᠭᠣᠳᠬᠤ᠂ ᠡᠯ᠎ᠡ ᠮᠤᠵᠢ ᠬᠤᠲᠠ ᠲᠤᠰᠠᠯᠠᠨ ᠬᠠᠮᠵᠢᠯᠴᠠᠬᠤ᠂ ᠰᠢᠨᠵᠢᠶᠠᠩ ᠭᠣᠤᠯ ᠴᠣᠭᠴᠠ ᠵᠢᠨ   ᠦᠢ᠍ᠯᠡᠳᠦᠯ ᠵᠶ᠋ᠠᠨ ᠪᠠᠳᠠᠷᠠᠭᠤᠯᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃ ᠲᠥᠪ᠎ᠤᠨ ᠰᠢᠨᠵᠢᠶᠠᠩ᠎ᠤᠨ ᠠᠵᠢᠯ᠎ᠢ ᠵᠣᠬᠢᠴᠠᠭᠤᠯᠬᠤ ᠳᠤᠭᠤᠶ᠋ᠢᠯᠠᠩ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠳᠣᠣᠷ᠎ᠠ᠂ ᠰᠢᠨᠵᠢᠶᠠᠩ᠎ᠤᠨ ᠠᠵᠢᠯ᠎ᠤᠨ ᠪᠠᠶ᠋ᠢᠳᠠᠯ᠎ᠢ ᠰᠤᠳᠤᠯᠤᠨ ᠮᠠᠭ᠋ᠠᠳᠯᠠᠬᠤ᠂ ᠲᠦᠷᠦ ᠵᠢᠨ ᠪᠤᠳᠤᠯᠭ᠎ᠠ ᠵᠢ ᠰᠤᠳᠤᠯᠬᠤ᠂ ᠵᠣᠬᠢᠴᠠᠭᠤᠯᠤᠨ ᠵᠢᠯᠣᠭᠣᠳᠬᠤ᠂ ᠱᠠᠯᠠᠪᠲᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠴᠢᠬᠤᠯᠠ ᠶᠡᠬᠡ ᠠᠰᠠᠭᠤᠳᠠᠯ᠎ᠳᠤ ᠴᠠᠭ ᠲᠤᠬᠠᠶ᠎ᠳᠤᠨᠢ ᠠᠵᠢᠯ᠎ᠤᠨ ᠰᠠᠨᠠᠯ ᠵᠶ᠋ᠠᠨ ᠳᠤᠷᠠᠳᠬᠤ ᠬᠡᠷᠡᠭᠲᠡᠢ᠃ ᠲᠥᠪ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠨᠢᠭᠲᠠ ᠬᠠᠮᠵᠢᠯᠴᠠᠵᠤ᠂ ᠭᠦᠨᠵᠡᠭᠡᠶ ᠪᠠᠶ᠋ᠢᠴᠠᠭ᠋ᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠣᠳᠴᠤ᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠬᠦᠴᠢᠷᠳᠡᠯ᠎ᠢ᠎ᠨᠢ ᠬᠠᠪᠰᠤᠷᠴᠤ ᠰᠢᠢ᠍ᠳᠪᠦᠷᠢᠯᠡᠵᠦ ᠥᠭᠬᠦ ᠬᠡᠷᠡᠭᠲᠡᠶ᠃ ᠰᠢᠨᠵᠢᠶᠠᠩ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠢᠭᠡᠳᠦᠭᠡᠷ ᠹᠷᠣᠨᠲ᠎ᠲᠤ ᠵᠣᠭᠰᠣᠵᠤ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠵᠦ᠂ ᠠᠵᠢᠯ᠎ᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃ ᠲᠤᠳᠤᠷ᠎ᠠ ᠭᠠᠵᠠᠷ᠎ᠤᠨ ᠡᠯ᠎ᠡ ᠮᠤᠵᠢ ᠣᠷᠣᠨ ᠬᠣᠲᠠ ᠰᠢᠨᠵᠢᠶᠠᠩ᠎ᠲᠠᠢ ᠬᠣᠯᠪᠣᠭᠳᠠᠭᠰᠠᠨ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠰᠢᠨᠵᠢᠶᠠᠩ᠎ᠤᠨ ᠲᠣᠭᠲᠠᠭᠤᠨ ᠪᠠ ᠬᠥᠭᠵᠢᠯᠲᠡ ᠵᠢ ᠳᠡᠮᠵᠢᠬᠦ ᠬᠡᠷᠡᠭᠲᠡᠶ᠃ ᠰᠢᠨᠵᠢᠶᠠᠩ᠎ᠢ ᠲᠤᠰᠠᠯᠠᠵᠦ ᠪᠠᠢ᠍ᠢ᠍ᠭ᠎ᠠ ᠡᠯ᠎ᠡ ᠮᠣᠵᠢ ᠬᠣᠲᠠ ᠰᠢᠨᠵᠢᠶᠠᠩ᠎ᠯᠤᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠠᠵᠢᠯ ᠲᠦᠷᠦᠯ ᠵᠶ᠋ᠠᠷ ᠵᠶ᠋ᠠᠨ ᠰᠢᠨᠵᠢᠶᠠᠩ᠎ᠢ ᠲᠤᠰᠠᠯᠠᠬᠤ ᠵᠢ ᠤᠷᠳᠤ ᠬᠤᠭᠤᠴᠠᠭ᠎ᠠ᠎ᠪᠠᠷ ᠪᠠᠷᠢᠮᠲᠠᠯᠠᠨ᠂ ᠠᠵᠢᠯ ᠲᠦᠷᠦᠯ ᠵᠶ᠋ᠠᠷ ᠵᠶ᠋ᠠᠨ ᠰᠢᠨᠵᠢᠶᠠᠩ᠎ᠢ ᠲᠤᠰᠠᠯᠠᠬᠤ ᠶᠡᠷᠦᠩᠬᠡᠶ᠋ᠢᠯᠡᠭᠰᠡᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠲᠣᠭᠲᠠᠭᠤᠨ ᠪᠠᠢ᠍ᠢ᠍ᠳᠠᠯ᠎ᠢ ᠬᠠᠮᠠᠭ᠋ᠠᠯᠠᠬᠤ ᠴᠢᠳᠠᠪᠤᠷᠢ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠪᠢᠩᠲ᠋ᠤᠸᠠᠨ᠎ᠤ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ ᠪᠠ ᠳᠠᠶ᠋ᠢᠴᠢᠯᠠᠬᠤ ᠴᠢᠳᠠᠪᠤᠷᠢ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠣᠨᠴᠠᠭ᠋ᠠᠶ ᠦᠢ᠍ᠯᠡᠳᠦᠯ᠎ᠢ᠎ᠨᠢ ᠨᠡᠩ ᠰᠠᠢ᠍ᠢ᠍ᠳᠦᠷ ᠪᠠᠳᠠᠷᠠᠭᠤᠯᠬᠤ ᠭᠡᠵᠦ ᠵᠢᠭ᠋ᠠᠵᠦ ᠭᠠᠷᠭ᠋ᠠᠪᠠ᠃


      ᠯᠢ ᠺᠸ ᠴᠢᠶᠠᠩ ᠬᠤᠷᠠᠯ᠎ᠢ ᠡᠷᠬᠢᠯᠡᠬᠦ᠎ᠳᠡᠭᠡᠨ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠬᠣᠶᠠᠳᠤᠭ᠋ᠠᠷ ᠤᠳᠠᠭ᠋ᠠᠨ᠎ᠤ ᠲᠥᠪ᠎ᠤᠨ ᠰᠢᠨᠵᠢᠶᠠᠩ᠎ᠤᠨ ᠠᠵᠢᠯ᠎ᠤᠨ ᠲᠤᠬᠠᠢ ᠶᠠᠷᠢᠯᠴᠠᠬᠤ ᠬᠤᠷᠠᠯ᠎ᠠᠴᠠ ᠨᠠᠭ᠋ᠠᠰᠢᠬᠢ ᠰᠢᠨᠵᠢᠶᠠᠩ᠎ᠤᠨ ᠠᠵᠢᠯ᠎ᠤᠨ ᠣᠯᠤᠭᠰᠠᠨ ᠴᠢᠬᠤᠯᠠ ᠶᠡᠬᠡ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠰᠢᠨᠵᠢᠶᠠᠩ᠎ᠤᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠢ ᠭᠦᠨᠵᠡᠭᠡᠶ ᠵᠠᠳᠠᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ ᠵᠢ ᠲᠣᠳᠣᠷᠬᠠᠶ᠋ᠢᠯᠠᠨ ᠥᠭᠦᠯᠡᠵᠦ᠂ ᠣᠳᠣᠬᠠᠨ ᠪᠠ ᠬᠣᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠰᠢᠨᠵᠢᠶᠠᠩ᠎ᠤᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ᠂ ᠬᠠᠷᠠᠯᠲᠠ ᠡᠭᠦᠷᠭᠡ᠂ ᠴᠢᠭᠯᠡᠯᠲᠡ ᠲᠥᠷᠥ ᠵᠢᠨ ᠪᠣᠳᠣᠯᠭ᠎ᠠ᠂ ᠪᠠᠶ᠋ᠢᠯᠳᠤᠬᠤ ᠪᠣᠳᠣᠯᠭ᠎ᠠ ᠵᠢᠨ ᠠᠷᠭ᠎ᠠ ᠭᠡᠮᠵᠢᠶ᠎ᠠ ᠵᠢ ᠲᠣᠳᠣᠷᠬᠠᠶ᠋ᠢᠯᠠᠵᠤ᠂ ᠰᠢᠨᠵᠢᠶᠠᠩ᠎ᠤᠨ ᠨᠡᠶ᠋ᠢᠭᠡᠮ᠎ᠤᠨ ᠠᠮᠦᠷ ᠲᠣᠭᠲᠠᠭᠤᠨ ᠪᠣᠯᠤᠨ ᠥᠨᠢ ᠤᠳᠠᠭ᠋ᠠᠨ᠎ᠤ ᠠᠮᠤᠷ ᠳᠤᠭᠳᠠᠭᠤᠨ᠎ᠢ ᠠᠬᠢᠭᠤᠯᠬᠤ ᠭᠣᠤᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠪᠠᠶ᠋ᠢᠷᠢᠯᠠᠭᠤᠯᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠤᠨᠤᠯᠴᠢ ᠴᠢᠨᠠᠷ᠎ᠲᠠᠢ ᠪᠠᠶ᠋ᠢᠵᠤ᠂ ᠰᠢᠨ᠎ᠡ ᠴᠠᠭ ᠦᠶ᠎ᠡ ᠵᠢᠨ ᠰᠢᠨᠵᠢᠶᠠᠩ᠎ᠤᠨ ᠠᠵᠢᠯ᠎ᠢ ᠵᠢᠯᠣᠭᠣᠳᠬᠤ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ ᠮᠥᠨ᠃ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ᠂ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠭᠦᠨᠵᠡᠭᠡᠶ ᠪᠣᠳᠣᠯᠬᠢᠯᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠬᠤ ᠬᠡᠷᠡᠭᠲᠡᠶ᠃ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠰᠢᠨᠵᠢᠶᠠᠩ᠎ᠤᠨ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ᠎ᠲᠠᠢ ᠦᠨᠡᠨ ᠬᠦ᠌ ᠨᠢᠭᠡᠳᠬᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠌ᠨᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠭᠤᠶ᠋ᠢᠪᠢᠰᠢ ᠦᠭᠡᠶ ᠰᠠᠶ᠋ᠢᠲᠤᠷ ᠠᠳᠬᠤᠵᠦ᠂ ᠰᠢᠨᠵᠢᠶᠠᠩ᠎ᠤᠨ ᠨᠡᠶ᠋ᠢᠭᠡᠮ᠎ᠤᠨ ᠠᠮᠦᠷ ᠲᠣᠭᠲᠠᠭᠤᠨ ᠪᠠ ᠥᠨᠢ ᠤᠳᠠᠭ᠋ᠠᠨ᠎ᠤ ᠠᠮᠤᠷ ᠳᠤᠭᠳᠠᠭᠤᠨ᠎ᠢ ᠠᠬᠢᠭᠤᠯᠬᠤ ᠬᠡᠷᠡᠭᠲᠡᠢ ᠭᠡᠵᠦ ᠵᠢᠭ᠋ᠠᠵᠥ ᠭᠠᠷᠭ᠋ᠠᠪᠠ᠃
      ᠸᠠᠩ ᠶᠠᠩ ᠳ᠋ᠦᠩᠨᠡᠯᠲᠡ ᠵᠢᠨ ᠶᠠᠷᠢᠶᠠᠨ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠠᠯᠤᠰ ᠬᠡᠲᠦ ᠵᠢᠨ ᠰᠠᠨᠠᠭ᠎ᠠ ᠪᠤᠳᠤᠯᠭ᠎ᠠ᠎ᠲᠠᠢ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶ᠋ᠢᠵᠤ᠂ ᠰᠢᠨ᠎ᠡ ᠴᠠᠭ ᠦᠶ᠎ᠡ ᠵᠢᠨ ᠰᠢᠨᠵᠢᠶᠠᠩ᠎ᠤᠨ ᠠᠵᠢᠯ᠎ᠢ ᠵᠢᠯᠣᠭᠣᠳᠬᠤ ᠬᠥᠲᠥᠯᠪᠦᠷᠢ ᠵᠢᠨ ᠴᠢᠨᠠᠷᠲᠠᠶ ᠲᠤᠯᠭᠤᠷ ᠪᠢᠴᠢᠭ ᠪᠣᠯᠤᠨ᠎ᠠ᠂ ᠰᠢᠨᠵᠢᠶᠠᠩ᠎ᠤᠨ ᠠᠵᠢᠯ᠎ᠤᠨ ᠲᠥᠪ ᠶᠤᠰᠤ ᠵᠢ ᠪᠠᠷᠢᠮᠲᠠᠯᠠᠨ ᠰᠢᠨ᠎ᠡ ᠵᠢ ᠡᠭᠦᠳᠴᠤ᠂ ᠢᠯᠠᠯᠲᠠ᠎ᠲᠠᠢ᠎ᠪᠠᠷ ᠤᠷᠤᠭᠰᠢᠯᠠᠬᠤ ᠵᠢ ᠬᠦᠳᠦᠯᠦᠨ ᠳᠠᠭ᠋ᠠᠭᠤᠯᠬᠤ ᠬᠦᠴᠦᠷᠬᠡᠭ ᠶᠡᠬᠡ ᠦᠵᠡᠯ ᠰᠠᠨᠠᠭ᠋ᠠᠨ᠎ᠤ ᠵᠡᠪᠰᠡᠭ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠬᠤ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠭᠣᠣᠯ ᠠᠭᠤᠯᠭ᠎ᠠ ᠪᠠ ᠵᠣᠷᠢᠭ ᠰᠠᠨᠠᠭ᠋ᠠᠨ᠎ᠤ ᠮᠥᠨ ᠴᠢᠨᠠᠷ᠎ᠢ ᠦᠨᠡᠨ ᠬᠦ᠌ ᠡᠵᠡᠮᠰᠢᠵᠦ᠂ ᠰᠤᠷᠤᠯᠴᠠᠬᠤ ᠶᠠᠪᠤᠴᠠ ᠵᠢ ᠲᠠᠨᠢᠯᠲᠠ᠎ᠪᠠᠨ ᠳᠡᠭᠡᠭᠰᠢᠯᠡᠭᠦᠯᠬᠦ᠂ ᠠᠵᠢᠯ ᠵᠶ᠋ᠠᠨ ᠰᠠᠶ᠋ᠢᠵᠢᠷᠠᠭᠤᠯᠬᠤ ᠶᠠᠪᠤᠴᠠ ᠪᠣᠯᠭ᠋ᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠨᠠᠮ᠎ᠤᠨ ᠰᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ ᠵᠢ ᠪᠦᠷᠢᠨ ᠪᠦᠲᠦᠨ ᠣᠨᠣᠪᠴᠢᠲᠠᠶ ᠣᠶ᠋ᠢᠯᠠᠭ᠋ᠠᠨ ᠤᠷᠲᠤ ᠬᠤᠭᠤᠴᠠᠭ᠎ᠠ᠎ᠪᠠᠷ ᠪᠠᠷᠢᠮᠲᠠᠯᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠰᠢᠨᠵᠢᠶᠠᠩ᠎ᠤᠨ ᠠᠵᠢᠯ᠎ᠤᠨ ᠢᠮᠠᠭᠲᠠ ᠵᠥᠪ ᠴᠢᠭᠯᠡᠯ ᠵᠶ᠋ᠠᠷ ᠤᠷᠤᠭᠰᠢᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠰᠢᠨᠵᠢᠶᠠᠩ᠎ᠤᠨ ᠠᠵᠢᠯ᠎ᠤᠨ ᠶᠡᠷᠦᠩᠬᠡᠶ ᠬᠠᠷᠠᠯᠲᠠ ᠵᠢ ᠪᠠᠲᠤ ᠡᠵᠡᠮᠰᠢᠵᠦ᠂ ᠤᠷᠲᠤ ᠬᠤᠭᠤᠴᠠᠭ᠋ᠠᠨ᠎ᠤ ᠠᠷᠭ᠎ᠠ ᠪᠣᠳᠣᠯᠭ᠎ᠠ ᠵᠢ ᠰᠦᠪᠡᠭᠴᠢᠯᠡᠵᠦ᠂ ᠦᠨᠳᠦᠰᠦ ᠵᠢ ᠪᠡᠬᠢᠵᠢᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠥᠨᠢ ᠤᠳᠠᠭ᠋ᠠᠨ᠎ᠤ ᠠᠮᠤᠷ ᠳᠤᠭᠳᠠᠭᠤᠨ᠎ᠲᠠᠢ ᠬᠣᠯᠪᠣᠭᠳᠠᠬᠤ ᠭᠦᠨ ᠳᠠᠪᠬᠤᠷᠭ᠎ᠠ ᠵᠢᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠰᠢᠨᠵᠢᠶᠠᠩ ᠪᠣᠯᠤᠨ ᠲᠥᠪ᠎ᠤᠨ ᠡᠯ᠎ᠡ ᠰᠠᠯᠠᠭ᠎ᠠ ᠮᠥᠴᠢᠷ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ ᠳᠤᠭᠳᠠᠭ᠋ᠠᠵᠤ᠂ ᠭᠣᠣᠯᠳᠠᠯᠭ᠎ᠠ᠎ᠲᠠᠢ ᠡᠭᠦᠷᠭᠡ ᠵᠢ ᠵᠤᠷᠪᠤᠰ ᠳᠠᠷᠠᠭ᠋ᠠᠯᠠᠨ ᠨᠠᠷᠢᠯᠢᠬ᠍ᠵᠢᠭᠤᠯᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠣᠳᠠᠳᠤ ᠠᠵᠢᠯ᠎ᠤᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ᠃ ᠵᠣᠬᠢᠶᠠᠨ ᠪᠠᠶ᠋ᠢᠭᠤᠯᠵᠤ ᠤᠳᠤᠷᠢᠳᠬᠤ ᠪᠠ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠱᠠᠯᠠᠪᠲᠠᠭᠤᠯᠤᠨ ᠪᠠᠶ᠋ᠢᠴᠠᠭ᠋ᠠᠬᠤ ᠵᠢ ᠴᠢᠩᠭ᠋ᠠᠷᠠᠭᠤᠯᠬᠤ ᠬᠡᠷᠡᠭᠲᠡᠶ᠃ ᠪᠠᠶᠠᠯᠢᠭ ᠰᠠᠶ᠋ᠢᠬᠠᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠨ ᠱᠠᠲᠤᠨ᠎ᠳᠤ ᠭᠦᠨᠵᠡᠭᠡᠶ᠋ᠢᠷᠡᠭᠦᠯᠬᠦ᠂ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠪᠡᠭᠡᠵᠢᠩ᠎ᠳᠤ ᠪᠠᠢ᠌ᠭ᠎ᠠ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ ᠪᠠᠢ᠍ᠢ᠍ᠴᠠᠭ᠋ᠠᠬᠤ ᠳᠠᠷᠤᠭ᠎ᠠ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠪᠠ᠃
      ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ ᠪᠣᠯᠤᠨ ᠡᠯ᠎ᠡ ᠲᠤᠰᠬᠠᠢ ᠤᠷᠤᠨ ᠵᠧᠤ ᠬᠣᠲᠠ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ ᠪᠣᠯᠤᠨ ᠡᠯ᠎ᠡ ᠳ᠋ᠢᠸᠢᠽᠢ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ᠂ ᠪᠤᠰᠤᠳ ᠡᠯ᠎ᠡ ᠮᠣᠵᠢ ᠣᠷᠣᠨ ᠬᠣᠲᠠ ᠵᠢᠨ ᠬᠠᠷᠢᠭᠤᠴᠠᠯᠭ᠋ᠠᠲᠠᠨ ᠨᠥᠬᠥᠳ᠂ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠦᠬᠦᠳ᠂ ᠬᠣᠯᠪᠣᠭᠳᠠᠯ ᠪᠦᠬᠦᠢ ᠠᠷᠠᠳ᠎ᠤᠨ ᠪᠦᠯᠬᠦᠮ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠲᠥᠪ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠥᠳ᠂ ᠴᠡᠷᠢᠭ ᠠᠩᠬᠢ ᠵᠢᠨ ᠬᠣᠯᠪᠣᠭᠳᠠᠯ ᠪᠦᠬᠦᠢ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠱᠧᠨᠵᠧᠨ᠎ᠤ ᠠᠵᠤ ᠠᠬᠤᠢ ᠵᠢᠨ ᠤᠨᠴᠠᠭ᠋ᠠᠢ ᠤᠷᠤᠨ ᠪᠠᠶ᠋ᠢᠭᠤᠯᠤᠭᠳᠠᠭᠰᠠᠨ 40 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠦᠪᠡᠳᠡᠭᠰᠢ ᠶᠡᠭᠡ᠎ᠪᠠᠷ ᠶᠠᠪᠤᠭᠳᠠᠪᠠ
ᠰᠢ ᠵᠢᠨ ᠫᠢᠩ ᠲᠤᠮᠳᠠᠳᠤ ᠤᠯᠤᠰ — ᠠᠷᠠᠪ᠎ᠤᠨ ᠤᠯᠤᠰ᠎ᠤᠳ᠎ᠤᠨ ᠬᠠᠮᠳᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠤᠨ ᠶᠢᠰᠦᠳᠦᠬᠡᠷ ᠬᠣᠭᠣᠴᠠᠭ᠎ᠠ ᠵᠢᠨ ᠰᠠᠢ᠍ᠢ᠍ᠳ᠎ᠤᠨ ᠲᠡᠰ᠎ᠤᠨ ᠬᠤᠷᠡᠯ᠎ᠳᠤ ᠪᠠᠶᠠᠷ᠎ᠤᠨ ᠵᠠᠬᠢᠳᠠᠯ ᠢᠯᠡᠬᠡᠪᠡ
ᠰᠢ ᠵᠢᠨ ᠫᠢᠩ ᠳᠦᠪ᠎ᠤᠨ ᠦᠬᠡᠷᠡᠴᠢᠯᠡᠯᠳᠡ ᠵᠢ ᠪᠦᠬᠦ ᠳᠠᠯ᠎ᠠ᠎ᠪᠠᠷ ᠬᠦᠨᠵᠡᠬᠡᠢ᠍ᠢ᠍ᠷᠡᠬᠦᠯᠬᠦ ᠵᠦᠪᠯᠡᠯ᠎ᠤᠨ ᠠᠷᠪᠠᠨ ᠳᠠᠪᠤᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠬᠰᠠᠨ᠎ᠨᠢ ᠨᠡᠩ ᠬᠦᠨ ᠳᠠᠪᠬᠤᠷᠭ᠎ᠠ ᠵᠢᠨ ᠦᠬᠡᠷᠡᠴᠢᠯᠡᠯᠳᠡ ᠵᠢ ᠠᠬᠢᠭᠤᠯᠵᠥ ᠨᠡᠩ ᠦᠨᠳᠤᠷ ᠳᠦᠪᠰᠢᠨ᠎ᠤ ᠨᠡᠬᠡᠬᠡᠯᠳᠡ ᠵᠢ ᠬᠡᠷᠡᠭᠵᠢᠬᠦᠯᠵᠥ ᠰᠢᠨ᠎ᠡ ᠬᠦᠭᠵᠢᠯᠳᠡ ᠵᠢᠨ ᠪᠠᠢ᠍ᠢ᠍ᠷᠢᠰᠢᠯ᠎ᠢ ᠴᠤᠭᠴᠠᠯᠠᠬᠤ᠎ᠳᠤ ᠬᠦᠴᠦᠷᠬᠡᠭ ᠶᠡᠬᠡ ᠬᠦᠳᠡᠯᠬᠡᠬᠦ ᠬᠦᠴᠦᠨ ᠬᠠᠩᠭ᠋ᠠᠬᠤ ᠬᠡᠷᠡᠭᠳᠡᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠠᠯᠪᠠᠨ ᠮᠡᠳᠡᠭᠡ
ᠪᠦᠬᠦ ᠤᠯᠤᠰ᠎ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠭᠰᠡᠨ ᠬᠦᠬᠢᠬᠦᠯᠦᠨ ᠰᠠᠢ᠍ᠢ᠍ᠰᠢᠶᠠᠬᠤ ᠶᠡᠭᠡ ᠬᠤᠷᠠᠯ ᠪᠡᠭᠡᠵᠢᠩ᠎ᠳᠤ ᠦᠪᠡᠳᠡᠭᠰᠢ ᠶᠡᠭᠡ᠎ᠪᠠᠷ ᠶᠠᠪᠤᠬᠳᠠᠪᠠ
 
            