ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠬᠤᠷᠠᠯᠳᠤᠭᠤᠯᠵᠤ ᠰᠢᠨ᠎ᠡ ᠵᠢᠯ ᠴᠠᠭ᠋ᠠᠨ ᠰᠠᠷ᠎ᠠ 《ᠬᠣᠣᠰ ᠪᠠᠶᠠᠷ》᠎ᠤᠨ ᠬᠤᠭᠤᠴᠠᠭ᠋ᠠᠨ᠎ᠳᠤ ᠬᠢᠵᠢᠭ ᠭᠠᠮᠰᠢᠭ᠎ᠤᠨ ᠪᠠᠢ᠌ᠳᠠᠯ᠎ᠳᠤ ᠨᠥᠯᠥᠭᠡᠯᠡᠭᠳᠡᠭᠰᠡᠨ ᠶᠠᠳᠠᠭᠤ ᠬᠦᠴᠢᠷᠳᠡᠯᠲᠡᠢ ᠣᠯᠠᠨ ᠲᠦᠮᠡᠨ ᠪᠠ ᠳᠣᠣᠷ᠎ᠠ ᠪᠠᠲᠤᠯᠠᠭ᠋ᠠᠲᠤ ᠣᠯᠠᠨ ᠲᠦᠮᠡᠨ᠎ᠤ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠠᠵᠢᠯ᠎ᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2021-01-18

      ᠯᠢ ᠺᠸ ᠴᠢᠶᠠᠩ 1 ᠳ᠋ᠦ᠍ᠭᠡᠷ ᠰᠠᠷ᠎ᠠ ᠵᠢᠨ 15᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠪᠠ
      ᠰᠢᠨ᠎ᠡ ᠵᠢᠯ ᠴᠠᠭ᠋ᠠᠨ ᠰᠠᠷ᠎ᠠ 《ᠬᠣᠣᠰ ᠪᠠᠶᠠᠷ》᠎ᠤᠨ ᠬᠤᠭᠤᠴᠠᠭ᠋ᠠᠨ᠎ᠳᠤ ᠬᠢᠵᠢᠭ ᠭᠠᠮᠰᠢᠭ᠎ᠤᠨ ᠪᠠᠢ᠌ᠳᠠᠯ᠎ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭ᠋ᠠᠲᠤ ᠣᠯᠠᠨ ᠲᠦᠮᠡᠨ᠎ᠤ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠲᠤᠬᠠᠢ ᠪᠠᠢ᠌ᠷᠢᠯᠠᠭᠤᠯᠪᠠ
      ᠡᠮ᠎ᠤᠨ ᠵᠦᠢᠯ᠎ᠢ ᠲᠥᠪᠯᠡᠷᠡᠭᠦᠯᠵᠦ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ᠎ᠪᠠᠷ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠬᠦ ᠲᠤᠬᠠᠶ ᠪᠠᠢ᠌ᠷᠢᠯᠠᠭᠤᠯᠪᠠ

      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠸ ᠴᠢᠶᠠᠩ 1 ᠳ᠋ᠦ᠍ᠭᠡᠷ ᠰᠠᠷ᠎ᠠ ᠵᠢᠨ 15᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠢᠨ᠎ᠡ ᠵᠢᠯ ᠴᠠᠭ᠋ᠠᠨ ᠰᠠᠷ᠎ᠠ 《ᠬᠣᠣᠰ ᠪᠠᠶᠠᠷ》᠎ᠤᠨ ᠬᠤᠭᠤᠴᠠᠭ᠋ᠠᠨ᠎ᠳᠤ ᠬᠢᠵᠢᠭ ᠭᠠᠮᠰᠢᠭ᠎ᠤᠨ ᠪᠠᠢ᠌ᠳᠠᠯ᠎ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭ᠋ᠠᠲᠤ ᠣᠯᠠᠨ ᠲᠦᠮᠡᠨ᠎ᠤ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠲᠤᠬᠠᠢ ᠪᠠᠢ᠌ᠷᠢᠯᠠᠭᠤᠯᠪᠠ; ᠡᠮ᠎ᠤᠨ ᠵᠦᠢᠯ᠎ᠢ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ᠎ᠪᠠᠷ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠬᠦ ᠲᠤᠬᠠᠶ ᠪᠠᠢ᠌ᠷᠢᠯᠠᠭᠤᠯᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠶᠣᠰᠣᠭ᠋ᠠᠷ᠂ ᠡᠯ᠎ᠡ ᠭᠠᠵᠠᠷ ᠣᠷᠣᠨ ᠪᠣᠯᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠵᠦ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢᠯ᠎ᠢ ᠪᠠᠲᠤᠯᠠᠬᠤ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠭᠠᠮᠰᠢᠭᠳᠠᠭᠰᠠᠨ ᠬᠥᠮᠦᠰ᠎ᠤᠨ ᠠᠮᠢᠳᠤᠷᠠᠯ᠎ᠢ ᠠᠪᠤᠷᠠᠨ ᠲᠤᠰᠠᠯᠠᠬᠤ ᠠᠵᠢᠯ᠎ᠢ ᠰᠠᠢ᠌ᠲᠤᠷ ᠬᠢᠵᠦ᠂ ᠳᠣᠣᠷ᠎ᠠ ᠪᠠᠲᠤᠯᠠᠭ᠋ᠠᠲᠤ ᠣᠯᠠᠨ ᠲᠦᠮᠡᠨ᠎ᠳᠤ ᠠᠮᠢᠳᠤᠷᠠᠯ ᠪᠣᠯᠤᠨ ᠦᠨ᠎ᠡ ᠬᠠᠩᠰᠢ ᠵᠢᠨ ᠨᠥᠬᠥᠪᠥᠷᠢ ᠨᠡᠮᠡᠨ ᠣᠯᠭᠣᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ᠎ᠳᠤ ᠴᠢᠬᠤᠯᠠ ᠦᠢᠯᠡᠳᠦᠯ ᠦᠵᠡᠭᠦᠯᠪᠡ᠃ ᠴᠠᠭ᠋ᠠᠨ ᠰᠠᠷ᠎ᠠ ᠣᠢ᠌ᠷᠠᠲᠤᠭᠰᠠᠨ ᠲᠤᠯᠠ᠂ ᠠᠪᠤᠷᠠᠨ ᠲᠤᠰᠠᠯᠠᠵᠤ ᠪᠠᠲᠤᠯᠠᠬᠤ ᠴᠢᠬᠤᠯᠠᠲᠠᠢ ᠶᠠᠳᠠᠭᠤ ᠬᠦᠴᠢᠷᠳᠡᠯᠲᠡᠢ ᠣᠯᠠᠨ ᠲᠦᠮᠡᠨ᠎ᠢ ᠬᠠᠪᠰᠤᠷᠤᠨ ᠲᠡᠳᠬᠦᠬᠦ ᠠᠵᠢᠯ᠎ᠢ ᠤᠯᠠᠮ ᠨᠢᠭᠡ ᠠᠯᠬᠤᠮ ᠣᠨᠣᠪᠴᠢᠲᠠᠢ ᠰᠠᠢ᠌ᠲᠤᠷ ᠬᠢᠬᠦ ᠬᠡᠷᠡᠭᠲᠡᠢ᠃ ᠨᠢᠭᠡ᠎ᠳᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠭᠦᠢ᠍ᠴᠡᠳ ᠪᠠᠢ᠌ᠯᠭ᠋ᠠᠬᠤ ᠪᠠ ᠦᠨ᠎ᠡ ᠬᠠᠩᠰᠢ ᠵᠢ ᠲᠣᠭᠲᠠᠭᠤᠨ ᠪᠠᠢ᠌ᠯᠭ᠋ᠠᠬᠤ ᠵᠢ ᠪᠠᠲᠤᠯᠠᠵᠤ᠂ ᠨᠡᠢ᠌ᠭᠡᠮ᠎ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ ᠵᠢ ᠪᠠᠷᠠᠭ᠋ᠠᠨ᠎ᠤ ᠦᠨ᠎ᠡ ᠵᠢᠨ ᠥᠰᠥᠯᠲᠡ᠎ᠲᠠᠢ ᠬᠣᠯᠪᠣᠭᠳᠠᠭᠤᠯᠬᠤ ᠲᠣᠭᠲᠠᠴᠠ ᠵᠢ ᠡᠬᠢᠯᠡᠭᠦᠯᠵᠦ᠂ ᠳᠣᠣᠷ᠎ᠠ ᠪᠠᠲᠤᠯᠠᠭ᠋ᠠᠲᠤ ᠣᠯᠠᠨ ᠲᠦᠮᠡᠨ᠎ᠳᠤ ᠬᠣᠯᠪᠣᠭᠳᠠᠯ ᠪᠦᠬᠦᠢ ᠨᠥᠬᠥᠪᠥᠷᠢ ᠵᠢ ᠴᠠᠭ ᠲᠤᠬᠠᠢ᠎ᠳᠤ᠎ᠨᠢ ᠣᠯᠭᠣᠵᠤ᠂ ᠦᠨᠳᠦᠰᠦᠨ ᠠᠮᠢᠳᠤᠷᠠᠯ᠎ᠢ᠎ᠨᠢ ᠰᠠᠢ᠌ᠲᠤᠷ ᠪᠠᠲᠤᠯᠠᠬᠤ ᠬᠡᠷᠡᠭᠲᠡᠢ᠃ ᠬᠣᠶᠠᠷ᠎ᠲᠤ᠂ ᠨᠢᠭᠡᠨᠲᠡ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ ᠬᠦᠴᠢᠷᠳᠡᠯ᠎ᠤᠨ ᠵᠠᠭ᠋ᠠᠭ᠎ᠤᠨ ᠬᠥᠮᠦᠨ ᠠᠮᠠ ᠵᠢ ᠬᠢᠨᠠᠨ ᠰᠢᠨᠵᠢᠯᠡᠵᠦ ᠢᠯᠭ᠋ᠠᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠨᠡᠢ᠌ᠭᠡᠮ᠎ᠤᠨ ᠠᠪᠤᠷᠠᠨ ᠲᠤᠰᠠᠯᠠᠬᠤ ᠪᠠᠲᠤᠯᠠᠭ᠎ᠠ ᠵᠢ ᠣᠷᠬᠢᠭᠳᠠᠭᠤᠯᠬᠤ ᠥᠬᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠡᠯ᠎ᠡ ᠭᠠᠵᠠᠷ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠰᠢᠮᠳᠠᠭᠤᠯᠵᠤ ᠪᠠᠢ᠌ᠭ᠋ᠠᠳ ᠲᠤᠬᠠᠶ ᠵᠢᠨ ᠭᠠᠵᠠᠷ᠎ᠲᠤ᠎ᠪᠠᠨ ᠦᠯᠡᠳᠡᠭᠰᠡᠨ ᠬᠥᠯᠥᠰᠥᠨ ᠠᠵᠢᠯᠴᠢᠨ ᠪᠠ ᠰᠤᠷᠭ᠋ᠠᠭᠤᠯᠢ᠎ᠳᠤ᠎ᠪᠠᠨ ᠦᠯᠡᠳᠡᠭᠰᠡᠨ ᠰᠤᠷᠤᠭᠴᠢᠳ᠎ᠤᠨ ᠠᠮᠢᠳᠤᠷᠠᠯ᠎ᠤᠨ ᠬᠣᠯᠪᠣᠭᠳᠠᠯ ᠪᠦᠬᠦᠢ ᠲᠣᠬᠢᠷᠠᠭᠤᠯᠤᠯᠲᠠ ᠵᠢ ᠰᠠᠢ᠌ᠲᠤᠷ ᠬᠢᠵᠦ᠂ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠨᠠᠰᠤᠲᠠᠢ᠌ᠴᠤᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡ ᠵᠢ ᠴᠢᠩᠭ᠋ᠠᠳᠬᠠᠬᠤ ᠬᠡᠷᠡᠭᠲᠡᠶ᠃ ᠳᠥᠷᠪᠡ᠎ᠳᠤ᠂ ᠪᠠᠢ᠌ᠳᠠᠯ᠎ᠢ ᠣᠢ᠌ᠯᠠᠭ᠋ᠠᠵᠤ ᠢᠯᠭ᠋ᠠᠨ ᠪᠠᠢ᠌ᠴᠠᠭ᠋ᠠᠵᠤ᠂ ᠥᠨᠥᠴᠢᠨ ᠬᠡᠦᠬᠡᠳ᠂ ᠵᠡᠮᠳᠡᠭᠴᠦᠳ᠂ ᠮᠡᠳᠡᠷᠡᠯ᠎ᠤᠨ ᠡᠪᠡᠳᠴᠢᠲᠡᠨ ᠵᠡᠷᠭᠡ ᠶᠠᠳᠠᠭᠤ ᠬᠦᠴᠢᠷᠳᠡᠯᠲᠡᠶ ᠣᠨᠴᠠᠭ᠋ᠠᠢ ᠬᠥᠮᠦᠰ᠎ᠢ ᠬᠠᠪᠰᠤᠷᠤᠨ ᠠᠮᠢᠳᠤᠷᠠᠯ᠎ᠤᠨ ᠬᠦᠴᠢᠷᠳᠡᠯ᠎ᠢ᠎ᠨᠢ ᠰᠢᠢᠳᠪᠦᠷᠢᠯᠡᠵᠦ᠂ ᠲᠦᠷ ᠴᠠᠭ᠎ᠤᠨ ᠠᠮᠢᠳᠤᠷᠠᠯ᠎ᠨᠢ ᠬᠦᠴᠢᠷᠳᠡᠯᠲᠡᠶ ᠣᠯᠠᠨ ᠲᠦᠮᠡᠨ᠎ᠢ ᠴᠢᠭᠯᠡᠯᠲᠦ ᠴᠢᠨᠠᠷᠲᠠᠶ᠎ᠪᠠᠷ ᠬᠠᠪᠰᠤᠷᠤᠨ ᠲᠡᠳᠬᠦᠬᠦ ᠬᠡᠷᠡᠭᠲᠡᠶ᠃ ᠲᠠᠪᠤ᠎ᠳᠤ᠂ ᠦᠶᠡᠷ ᠤᠰᠤᠲᠤᠯ᠎ᠳᠤ ᠭᠠᠮᠰᠢᠭᠳᠠᠭᠰᠠᠨ ᠣᠯᠠᠨ ᠲᠦᠮᠡᠨ ᠢᠯᠠᠩᠭᠤᠶ᠎ᠠ ᠲᠦᠷ ᠴᠠᠭ ᠲᠥᠪᠬᠢᠨᠡᠭᠦᠯᠦᠭᠰᠡᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠢ᠌ᠲᠤᠷ ᠪᠠᠲᠤᠯᠠᠬᠤ ᠬᠡᠷᠡᠭᠲᠡᠶ᠃ ᠵᠢᠷᠭᠤᠭ᠎ᠠ᠎ᠳᠤ᠂ ᠠᠷᠠᠳ᠎ᠤᠨ ᠠᠮᠢᠳᠤᠷᠠᠯ᠎ᠢ ᠳᠡᠮᠵᠢᠬᠦ᠂ ᠠᠷᠠᠳ᠎ᠤᠨ ᠠᠮᠢᠳᠤᠷᠠᠯ᠎ᠢ ᠪᠠᠲᠤᠯᠠᠬᠤ ᠵᠢᠨ ᠲᠣᠭᠣᠷᠢᠨ᠎ᠳᠤ᠂ ᠲᠥᠪ᠎ᠤᠨ ᠡᠳ᠋᠎ᠤᠨ ᠵᠠᠰᠠᠭ᠎ᠠᠴᠠ ᠤᠷᠢᠳᠴᠢᠯᠠᠨ ᠪᠠᠭᠤᠯᠭ᠋ᠠᠭᠰᠠᠨ 1000 ᠳ᠋ᠦᠩᠰᠢᠭᠤᠷ ᠲᠥᠭᠥᠷᠢᠭ᠎ᠤᠨ ᠠᠪᠤᠷᠠᠨ ᠲᠤᠰᠠᠯᠠᠬᠤ ᠨᠥᠬᠥᠪᠥᠷᠢ ᠵᠢᠨ ᠪᠡᠯᠡ ᠮᠥᠩᠭᠥ ᠵᠢ ᠰᠠᠢ᠌ᠲᠤᠷ ᠬᠡᠷᠡᠭᠯᠡᠵᠦ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠨᠡᠭᠦᠯᠭᠡᠨ ᠬᠡᠷᠡᠭᠯᠡᠬᠦ᠎ᠠᠴᠠ ᠰᠡᠷᠭᠡᠢ᠌ᠯᠡᠬᠦ ᠬᠡᠷᠡᠭᠲᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠡᠯᠡ ᠮᠥᠩᠭᠥ ᠵᠢ ᠭᠦᠢ᠍ᠴᠡᠳ ᠬᠡᠮᠵᠢᠶ᠎ᠡ᠎ᠪᠠᠷ ᠣᠷᠣᠭᠤᠯᠵᠤ᠂ ᠪᠡᠯᠡ ᠮᠥᠩᠭᠥ ᠵᠢ ᠰᠢᠭᠤᠳ ᠬᠦᠷᠭᠡᠬᠦ ᠱᠠᠭ᠋ᠠᠷᠳᠠᠯᠭ᠎ᠠ ᠶᠣᠰᠣᠭ᠋ᠠᠷ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ ᠲᠦᠮᠡᠨ᠎ᠳᠤ ᠴᠠᠭ ᠲᠤᠬᠠᠢ᠎ᠳᠤ᠎ᠨᠢ ᠭᠦᠢ᠍ᠴᠡᠳ ᠣᠯᠭᠣᠬᠤ ᠬᠡᠷᠡᠭᠲᠡᠢ ᠭᠡᠵᠡᠢ᠃ ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠣᠳᠣᠬᠠᠨ᠎ᠤ ᠬᠡᠰᠡᠭ ᠭᠠᠵᠠᠷ᠎ᠤᠨ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠢ᠌ᠳᠠᠯ᠎ᠳᠤ ᠴᠢᠭᠯᠡᠭᠦᠯᠦᠨ ᠬᠠᠮᠢᠶᠠᠷᠤᠯᠲᠠ ᠡᠵᠡᠮᠳᠡᠯ ᠵᠶ᠋ᠡᠨ ᠴᠢᠩᠭ᠋ᠠᠳᠬᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠵᠢ ᠵᠡᠷᠭᠡ᠎ᠳᠤ᠎ᠨᠢ ᠠᠬᠢᠭᠤᠯᠵᠤ᠂ ᠠᠮᠤ ᠪᠤᠳᠠᠭ᠎ᠠ ᠭᠤᠯᠢᠷ ᠲᠣᠰᠣ᠂ ᠢᠳᠡᠰᠢᠨ ᠨᠣᠭᠣᠭ᠎ᠠ᠂ ᠮᠢᠬ᠎ᠠ ᠥᠨᠳᠡᠭᠡ ᠰᠦ ᠵᠡᠷᠭᠡ ᠠᠮᠢᠳᠤᠷᠠᠯ᠎ᠤᠨ ᠡᠳ᠋ ᠪᠣᠳᠠᠰ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠰᠠᠢ᠌ᠲᠤᠷ ᠪᠠᠲᠤᠯᠠᠵᠤ᠂ ᠣᠯᠠᠨ ᠲᠦᠮᠡᠨ᠎ᠢ ᠰᠡᠳᠬᠢᠯ ᠠᠮᠤᠷ ᠰᠢᠨᠡᠯᠡᠭᠦᠯᠬᠦ ᠬᠡᠷᠡᠭᠲᠡᠶ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠡᠷᠡᠭᠦᠯ ᠮᠡᠨᠳᠦ ᠪᠣᠯ ᠠᠷᠠᠳ ᠤᠯᠠᠨ᠎ᠤ ᠠᠮᠢ ᠪᠡᠶ᠎ᠡ᠎ᠳᠤ ᠬᠣᠯᠪᠣᠭᠳᠠᠭᠰᠠᠨ ᠶᠡᠬᠡ ᠶᠠᠪᠤᠳᠠᠯ ᠮᠥᠨ᠃ ᠡᠪᠡᠳᠴᠢᠨ ᠦᠵᠡᠭᠦᠯᠬᠦ᠎ᠳᠤ ᠦᠨ᠎ᠡ ᠲᠥᠯᠥᠪᠦᠷᠢ ᠶᠡᠬᠡ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢᠳᠪᠦᠷᠢᠯᠡᠬᠦ ᠵᠢᠨ ᠲᠥᠯᠥᠭᠡ᠂ ᠣᠢ᠌ᠷ᠎ᠠ ᠵᠢᠨ ᠵᠢᠯ᠎ᠳᠤ ᠤᠯᠤᠰ᠎ᠠᠴᠠ ᠡᠮ᠎ᠤᠨ ᠵᠦᠢᠯ᠎ᠢ ᠲᠥᠪᠯᠡᠷᠡᠭᠦᠯᠵᠦ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠪᠠ ᠬᠡᠷᠡᠭᠯᠡᠬᠦ ᠴᠢᠬᠤᠯᠠ ᠶᠡᠬᠡ ᠥᠭᠡᠷᠡᠴᠢᠯᠡᠯᠲᠡ ᠵᠢ ᠠᠬᠢᠭᠤᠯᠵᠤ᠂ ᠨᠢᠳᠤᠨᠤᠨ᠎ᠤ ᠵᠢᠯ᠎ᠤᠨ ᠰᠡᠭᠦᠯᠴᠢ ᠪᠣᠯᠲᠠᠯ᠎ᠠ ᠨᠢᠭᠡᠨᠲᠡ ᠭᠤᠷᠪᠠᠨ ᠪᠦᠯᠦᠭ᠎ᠢ ᠲᠥᠪᠯᠡᠷᠡᠭᠦᠯᠦᠨ ᠬᠤᠳᠠᠯᠳᠤᠨ ᠠᠪᠴᠤ᠂ ᠬᠠᠮᠤᠷᠤᠭᠰᠠᠨ ᠡᠮ᠎ᠤᠨ ᠵᠦᠢᠯ᠎ᠤᠨ ᠦᠨ᠎ᠡ ᠵᠢ ᠳᠤᠮᠳᠠᠴᠢ᠎ᠪᠠᠷ 54%᠎ᠪᠠᠷ ᠪᠠᠭᠤᠷᠠᠭᠤᠯᠵᠤ᠂ ᠵᠢᠯ ᠪᠦᠷᠢ 530 ᠭᠠᠷᠤᠶ ᠳ᠋ᠦᠩᠰᠢᠭᠤᠷ ᠲᠥᠭᠥᠷᠢᠭ᠎ᠤᠨ ᠵᠠᠷᠤᠳᠠᠯ ᠠᠷᠪᠢᠯᠠᠵᠤ᠂ ᠲᠦᠭ ᠲᠦᠮᠡᠨ ᠡᠪᠡᠳᠴᠢᠲᠡᠨ᠎ᠳᠤ ᠠᠰᠢᠭ ᠬᠦᠷᠲᠡᠭᠡᠪᠡ᠃ ᠣᠢ᠌ᠷ᠎ᠠ᠎ᠳᠤ ᠪᠠᠰᠠ ᠳᠥᠷᠪᠡᠳᠦᠭᠡᠷ ᠪᠦᠯᠦᠭ᠎ᠢ ᠲᠥᠪᠯᠡᠷᠡᠭᠦᠯᠵᠦ ᠬᠤᠳᠠᠯᠳᠤᠨ ᠠᠪᠬᠤ ᠠᠵᠢᠯ᠎ᠢ ᠥᠷᠨᠢᠭᠦᠯᠬᠦ ᠵᠢᠨ ᠬᠠᠮᠲᠤ ᠡᠮᠴᠢᠯᠡᠭᠡᠨ᠎ᠤ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠬᠡᠪᠴᠢᠶ᠎ᠡ ᠵᠢ ᠥᠷᠭᠡᠳᠬᠡᠨ᠎ᠡ ᠭᠡᠵᠡᠢ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠬᠣᠯᠪᠣᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠡᠮ᠎ᠤᠨ ᠵᠦᠢᠯ᠎ᠢ ᠲᠥᠪᠯᠡᠷᠡᠭᠦᠯᠵᠦ ᠬᠤᠳᠠᠯᠳᠤᠨ ᠠᠪᠬᠤ ᠵᠢ ᠬᠡᠪᠰᠢᠭᠦᠯᠦᠨ ᠳᠦᠷᠢᠮᠵᠢᠭᠦᠯᠬᠦ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠨᠢᠭᠡ᠎ᠳᠤ᠂ ᠦᠨᠳᠦᠰᠦᠨ ᠵᠦᠢᠯ᠎ᠢ ᠪᠠᠲᠤᠯᠠᠬᠤ᠂ ᠡᠮᠴᠢᠯᠡᠭᠡ ᠵᠢ ᠪᠠᠲᠤᠯᠠᠬᠤ ᠵᠠᠷᠴᠢᠮ ᠶᠣᠰᠣᠭ᠋ᠠᠷ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠡᠮ᠎ᠤᠨ ᠵᠦᠢᠯ᠎ᠤᠨ ᠭᠠᠷᠴᠠᠭ᠎ᠲᠠᠬᠢ ᠬᠡᠷᠡᠭᠯᠡᠬᠦ ᠬᠡᠮᠵᠢᠶ᠎ᠡ᠎ᠪᠠᠷ ᠶᠡᠬᠡ᠂ ᠬᠤᠳᠠᠯᠳᠤᠨ ᠠᠪᠬᠤ ᠵᠣᠭᠣᠰ᠎ᠤᠨ ᠲᠣᠭ᠎ᠠ᠎ᠨᠢ ᠶᠡᠬᠡ ᠡᠮ᠎ᠤᠨ ᠵᠦᠢᠯ᠎ᠢ ᠭᠣᠣᠯᠳᠠᠯᠭ᠎ᠠ᠎ᠲᠠᠢ᠎ᠪᠠᠷ ᠬᠤᠳᠠᠯᠳᠤᠨ ᠠᠪᠬᠤ ᠬᠡᠪᠴᠢᠶᠡᠨ᠎ᠳᠤ ᠣᠷᠣᠭᠤᠯᠵᠤ᠂ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠡᠮᠴᠢᠯᠡᠭᠡᠨ᠎ᠳᠤ ᠵᠠᠪᠠᠯ ᠬᠡᠷᠡᠭᠰᠡᠬᠦ᠂ ᠶᠠᠰᠤ ᠴᠢᠨᠠᠷ᠎ᠨᠢ ᠨᠠᠢ᠌ᠳᠠᠪᠤᠷᠢᠲᠠᠶ ᠡᠯ᠎ᠡ ᠲᠥᠷᠥᠯ᠎ᠤᠨ ᠡᠮ ᠪᠠ ᠬᠣᠷᠣᠭᠳᠠᠯ ᠮᠠᠲ᠋ᠧᠷᠢᠶᠠᠯ᠎ᠢ ᠠᠯᠬᠤᠮ ᠠᠯᠬᠤᠮ ᠵᠶ᠋ᠠᠷ ᠬᠠᠮᠢᠶᠠᠷᠤᠭᠤᠯᠬᠤ ᠬᠡᠷᠡᠭᠲᠡᠢ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠪᠦᠬᠦᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠬᠤ ᠬᠡᠷᠡᠭᠲᠡᠶ᠃ ᠬᠣᠪᠣᠷ ᠲᠣᠬᠢᠶᠠᠯᠳᠤᠬᠤ ᠡᠪᠡᠳᠴᠢᠨ᠎ᠢ ᠵᠠᠰᠠᠬᠤ 《ᠬᠣᠪᠣᠷ ᠨᠠᠨᠳᠢᠨ ᠡᠮ》᠎ᠢ ᠬᠤᠳᠠᠯᠳᠤᠨ ᠠᠪᠬᠤ᠎ᠳᠤ ᠣᠨᠴᠠᠭ᠋ᠠᠶ ᠲᠣᠬᠢᠷᠠᠭᠤᠯᠤᠯᠲᠠ ᠬᠢᠬᠦ ᠲᠤᠬᠠᠢ ᠰᠤᠳᠤᠯᠬᠤ ᠬᠡᠷᠡᠭᠲᠡᠢ᠃ ᠬᠣᠶᠠᠷ᠎ᠲᠤ᠂ ᠨᠥᠬᠥᠴᠡᠯ᠎ᠳᠤ ᠨᠡᠢ᠌ᠴᠡᠬᠦ ᠳᠠᠭᠤᠷᠢᠶᠠᠮᠠᠯ ᠡᠮ᠂ ᠤᠤᠯ᠎ᠤᠨ ᠨᠠᠢ᠌ᠷᠠᠯᠭ᠎ᠠ ᠡᠮ ᠪᠠ ᠬᠠᠷᠢᠴᠠᠭᠤᠯᠬᠤ ᠨᠠᠢ᠌ᠷᠠᠯᠭ᠎ᠠ ᠵᠢ ᠴᠥᠮ ᠨᠡᠢ᠌ᠳᠡᠮ ᠬᠡᠷᠡᠭᠯᠡᠬᠦ ᠨᠡᠷ᠎ᠡ᠎ᠪᠠᠷ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠭᠤᠯᠵᠤ᠂ ᠶᠠᠰᠤ ᠴᠢᠨᠠᠷ ᠪᠠ ᠦᠨ᠎ᠡ ᠬᠠᠩᠰᠢ ᠵᠢᠨ ᠭᠣᠤᠯᠴᠢ ᠥᠷᠢᠰᠥᠯᠳᠦᠭᠡᠨ ᠵᠶ᠋ᠡᠷ ᠳᠠᠮᠵᠢᠭᠤᠯᠤᠨ ᠰᠣᠩᠭᠣᠭᠳᠠᠭᠰᠠᠨ ᠠᠵᠤ ᠠᠬᠤᠢ᠌ᠯᠠᠯ ᠪᠠ ᠡᠮ᠎ᠤᠨ ᠵᠦᠢᠯ᠂ ᠬᠣᠷᠣᠭᠳᠠᠯ ᠮᠠᠲ᠋ᠧᠷᠢᠶᠠᠯ᠎ᠢ ᠪᠣᠶ ᠪᠣᠯᠭ᠋ᠠᠨ᠎ᠠ᠃ ᠡᠮᠴᠢᠯᠡᠭᠡᠨ᠎ᠤ ᠪᠠᠢ᠌ᠭᠤᠯᠤᠮᠵᠢ᠎ᠨᠤᠭᠤᠳ᠎ᠠᠴᠠ ᠰᠣᠩᠭᠣᠭᠳᠠᠭᠰᠠᠨ ᠡᠮ᠎ᠤᠨ ᠵᠦᠢᠯ᠎ᠢ ᠡᠩ ᠲᠡᠷᠢᠭᠦᠨ᠎ᠳᠤ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠬᠤᠳᠠᠯᠳᠤᠨ ᠠᠪᠬᠤ ᠬᠡᠮᠵᠢᠶ᠎ᠡ᠎ᠪᠠᠨ ᠠᠯᠢ ᠴᠢᠳᠠᠬᠤ᠎ᠪᠠᠷ ᠳᠡᠭᠡᠭᠰᠢᠯᠡᠭᠦᠯᠬᠦ ᠬᠡᠷᠡᠭᠲᠡᠶ᠃ ᠰᠣᠩᠭᠣᠭᠳᠠᠭᠰᠠᠨ ᠠᠵᠤ ᠠᠬᠤᠢ᠌ᠯᠠᠯ᠎ᠠᠴᠠ ᠦᠨ᠎ᠡ᠎ᠪᠠᠨ ᠪᠠᠭᠤᠷᠠᠭᠤᠯᠪᠠᠴᠤ ᠶᠠᠰᠤ ᠴᠢᠨᠠᠷ ᠵᠶ᠋ᠠᠨ ᠪᠠᠭᠤᠷᠠᠭᠤᠯᠬᠤ ᠥᠬᠡᠶ᠂ ᠡᠮᠴᠢᠯᠡᠭᠡᠨ᠎ᠤ ᠦᠷ᠎ᠡ ᠪᠦᠲᠦᠮᠵᠢ ᠵᠢ ᠪᠠᠭᠤᠷᠠᠭᠤᠯᠬᠤ ᠥᠬᠡᠶ ᠪᠠᠢ᠌ᠵᠤ᠂ ᠬᠠᠩᠭ᠋ᠠᠯᠭ᠎ᠠ ᠵᠢ ᠪᠠᠲᠤᠯᠠᠬᠤ ᠬᠡᠷᠡᠭᠲᠡᠶ᠃ ᠰᠣᠩᠭᠣᠭᠳᠠᠭᠰᠠᠨ ᠡᠮ᠎ᠤᠨ ᠵᠦᠢᠯ ᠪᠠ ᠬᠣᠷᠣᠭᠳᠠᠯ ᠮᠠᠲ᠋ᠧᠷᠢᠶᠠᠯ᠎ᠤᠨ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠯᠲᠡ ᠵᠢᠨ ᠪᠥᠬᠥ ᠬᠡᠯᠬᠢᠶᠡᠰᠦ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠭᠤᠷᠪᠠ᠎ᠳᠤ᠂ ᠲᠥᠪᠯᠡᠷᠡᠭᠦᠯᠦᠨ ᠬᠤᠳᠠᠯᠳᠤᠨ ᠠᠪᠬᠤ᠎ᠳᠤ᠎ᠪᠠᠨ ᠡᠪᠡᠳᠴᠢᠲᠡᠨ᠎ᠤ ᠳᠠᠷᠤᠭ᠋ᠠᠰᠤ ᠵᠢ ᠬᠥᠩᠭᠡᠷᠡᠭᠦᠯᠬᠦ ᠵᠢᠨ ᠬᠠᠮᠲᠤ᠂ ᠠᠵᠤ ᠠᠬᠤᠢ᠌ᠯᠠᠯ᠎ᠤᠨ ᠵᠦᠶ ᠵᠣᠬᠢᠰᠲᠠᠶ ᠠᠰᠢᠭ ᠬᠣᠨᠵᠢᠪᠣᠷᠢ ᠵᠢ ᠬᠠᠮᠲᠤ᠎ᠳᠤ᠎ᠨᠢ ᠬᠠᠷᠠᠭ᠋ᠠᠯᠵᠠᠵᠤ᠂ ᠡᠮ᠎ᠤᠨ ᠵᠦᠢᠯ᠂ ᠬᠣᠷᠣᠭᠳᠠᠯ ᠮᠠᠲ᠋ᠧᠷᠢᠶᠠᠯ᠎ᠤᠨ ᠠᠵᠢᠯ ᠲᠥᠷᠥᠯ᠎ᠤᠨ ᠥᠷᠢᠰᠥᠯᠳᠦᠭᠡᠨ᠎ᠤ ᠳᠤᠮᠳᠠ ᠲᠥᠪᠯᠡᠷᠡᠭᠦᠯᠬᠦ ᠬᠡᠮᠵᠢᠶ᠎ᠡ᠎ᠪᠠᠨ ᠳᠡᠭᠡᠭᠰᠢᠯᠡᠭᠦᠯᠬᠦ ᠵᠢ ᠠᠬᠢᠭᠤᠯᠵᠤ᠂ ᠦᠢᠯᠡᠳᠬᠦᠨ᠎ᠤ ᠰᠢᠨ᠎ᠡ ᠵᠢ ᠡᠭᠦᠳᠦᠨ ᠲᠠᠰ ᠳᠡᠪᠰᠢᠬᠦ ᠵᠢ ᠠᠬᠢᠭᠤᠯᠵᠤ᠂ ᠠᠷᠪᠢᠯᠠᠭᠰᠠᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠪᠠᠢ᠌ᠭᠤᠯᠤᠮᠵᠢ ᠵᠢᠨ ᠦᠯᠡᠳᠡᠪᠦᠷᠢ ᠪᠣᠯᠭ᠋ᠠᠨ ᠦᠯᠡᠳᠡᠭᠡᠨ ᠬᠡᠷᠡᠭᠯᠡᠬᠦ ᠵᠢ ᠤᠷᠮᠠᠰᠢᠭᠤᠯᠵᠤ᠂ ᠡᠨᠡ ᠬᠦ᠌ ᠥᠭᠡᠷᠡᠴᠢᠯᠡᠯᠲᠡ᠎ᠳᠤ ᠡᠪᠡᠳᠴᠢᠲᠡᠨ ᠪᠠ ᠠᠵᠤ ᠠᠬᠤᠢ᠌ᠯᠠᠯ᠂ ᠡᠮᠴᠢᠯᠡᠭᠡᠨ᠎ᠤ ᠪᠠᠢ᠌ᠭᠤᠯᠤᠮᠵᠢ᠎ᠳᠤ ᠴᠥᠮ ᠠᠰᠢᠭ ᠬᠦᠷᠲᠡᠭᠡᠬᠦ᠎ᠪᠠᠷ ᠴᠢᠷᠮᠠᠢ᠌ᠬᠤ ᠬᠡᠷᠡᠭᠲᠡᠶ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ ᠠᠷᠭ᠎ᠠ ᠬᠡᠮᠵᠢᠶ᠎ᠡ ᠵᠢ ᠴᠢᠩᠭ᠋ᠠᠳᠬᠠᠨ ᠳᠦᠷᠢᠮ᠎ᠢ ᠲᠡᠭᠦᠯᠳᠡᠷᠵᠢᠭᠦᠯᠵᠦ ᠠᠵᠤ ᠠᠬᠤᠢ᠌ᠯᠠᠯ᠎ᠳᠤ ᠬᠣᠯᠪᠣᠭᠳᠠᠭᠰᠠᠨ ᠳᠤᠷ᠎ᠠ᠎ᠪᠠᠷ ᠰᠦᠢ᠍ᠳᠬᠡᠯ ᠬᠤᠷᠢᠶᠠᠬᠤ ᠶᠠᠪᠤᠳᠠᠯ᠎ᠢ ᠡᠷᠡᠰ ᠬᠣᠷᠢᠭᠯᠠᠬᠤ ᠵᠡᠷᠭᠡ ᠠᠵᠢᠯ᠎ᠢ ᠪᠠᠢ᠌ᠷᠢᠯᠠᠭᠤᠯᠪᠠ
ᠴᠡᠴᠡᠭ᠎ᠤᠨ ᠳᠡᠯᠪᠢᠰ᠎ᠨᠢ ᠥᠪᠡᠷ ᠥᠪᠡᠷ᠎ᠤᠨ ᠥᠩᠭᠡ᠎ᠪᠠᠷ ᠵᠶ᠋ᠡᠨ ᠰᠣᠯᠣᠩᠭ᠋ᠠᠷᠠᠪᠠᠴᠤ ᠴᠢᠩ ᠰᠡᠳᠬᠢᠯ᠎ᠨᠢ ᠲᠥᠪ ᠵᠦᠭ ᠵᠶ᠋ᠡᠨ ᠲᠡᠮᠡᠦᠯᠦᠨ᠎ᠡ
ᠰᠢ ᠵᠢᠨ ᠫᠢᠩ ᠲᠡᠯᠡᠭᠡᠢ ᠵᠢᠨ ᠠᠵᠦ ᠠᠬᠤᠢ ᠵᠢᠨ ᠶᠠᠷᠢᠶᠠᠠ᠎ᠤ ᠲᠡᠪᠴᠠᠩ᠎ᠤᠨ 《ᠳ᠋ᠠᠤᠢ᠍ᠰ᠎ᠤᠨ ᠵᠦᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠎ᠳᠤ ᠤᠷᠤᠯᠴᠠᠬᠰᠠᠨ ᠪᠦᠭᠡᠳ ᠤᠨᠴᠠᠭ᠋ᠠᠢ ᠪᠠᠶᠠᠷ᠎ᠤᠨ ᠦᠭᠡ ᠬᠡᠯᠡᠪᠠ
ᠰᠢ ᠵᠢᠨ ᠫᠢᠩ ᠡᡁᠸ ᠢ ᠴᠸᠩ᠎ᠤᠨ ᠲᠤᠰᠢᠶᠠᠯ ᠵᠶ᠋ᠠᠨ ᠭᠦᠢ᠍ᠴᠡᠳᠭᠡᠭᠰᠡᠨ ᠮᠡᠳᠡᠬᠦᠯᠦᠯᠳᠡ ᠵᠢ ᠰᠤᠨᠤᠰᠪᠠ
ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ
 
            