ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ ᠠᠷᠭ᠎ᠠ ᠬᠡᠮᠵᠢᠶ᠎ᠡ ᠵᠢ ᠴᠢᠩᠭ᠋ᠠᠳᠬᠠᠨ ᠳᠦᠷᠢᠮ᠎ᠢ ᠲᠡᠭᠦᠯᠳᠡᠷᠵᠢᠭᠦᠯᠵᠦ ᠠᠵᠤ ᠠᠬᠤᠢ᠌ᠯᠠᠯ᠎ᠳᠤ ᠬᠣᠯᠪᠣᠭᠳᠠᠭᠰᠠᠨ ᠳᠤᠷ᠎ᠠ᠎ᠪᠠᠷ ᠰᠦᠢ᠍ᠳᠬᠡᠯ ᠬᠤᠷᠢᠶᠠᠬᠤ ᠶᠠᠪᠤᠳᠠᠯ᠎ᠢ ᠡᠷᠡᠰ ᠬᠣᠷᠢᠭᠯᠠᠬᠤ ᠵᠡᠷᠭᠡ ᠠᠵᠢᠯ᠎ᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2021-01-22

      ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠪᠠ
      ᠠᠷᠭ᠎ᠠ ᠬᠡᠮᠵᠢᠶ᠎ᠡ ᠵᠢ ᠴᠢᠩᠭ᠋ᠠᠳᠬᠠᠨ ᠳᠦᠷᠢᠮ᠎ᠢ ᠲᠡᠭᠦᠯᠳᠡᠷᠵᠢᠭᠦᠯᠵᠦ ᠠᠵᠤ ᠠᠬᠤᠢ᠌ᠯᠠᠯ᠎ᠳᠤ ᠬᠣᠯᠪᠣᠭᠳᠠᠭᠰᠠᠨ ᠳᠤᠷ᠎ᠠ᠎ᠪᠠᠷ ᠰᠦᠢ᠍ᠳᠬᠡᠯ ᠬᠤᠷᠢᠶᠠᠬᠤ ᠶᠠᠪᠤᠳᠠᠯ᠎ᠢ ᠡᠷᠡᠰ ᠬᠣᠷᠢᠭᠯᠠᠬᠤ ᠲᠤᠬᠠᠶ ᠪᠠᠢ᠌ᠷᠢᠯᠠᠭᠤᠯᠪᠠ
      ᠬᠠᠤᠯᠢ᠎ᠪᠠᠷ ᠲᠣᠭᠲᠠᠭ᠋ᠠᠭᠰᠠᠨ ᠭᠠᠢ᠌ᠯᠢ ᠰᠦᠢᠳᠬᠡᠯ ᠲᠠᠲᠠᠪᠤᠷᠢᠯᠠᠨ ᠲᠤᠰᠢᠶᠠᠬᠤ ᠠᠵᠢᠯ᠎ᠢ ᠡᠮᠬᠢ ᠵᠢᠷᠤᠮ᠎ᠲᠠᠢ ᠰᠠᠢ᠌ᠲᠤᠷ ᠬᠢᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠵᠣᠬᠢᠰ ᠥᠬᠡᠶ ᠳᠠᠷᠤᠭ᠋ᠠᠰᠤ ᠵᠢ ᠨᠡᠮᠡᠭᠳᠡᠭᠦᠯᠬᠦ ᠥᠬᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ

     1 ᠳ᠋ᠦ᠍ᠭᠡᠷ ᠰᠠᠷ᠎ᠠ ᠵᠢᠨ 20᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠠᠷᠭ᠎ᠠ ᠬᠡᠮᠵᠢᠶ᠎ᠡ ᠵᠢ ᠴᠢᠩᠭ᠋ᠠᠳᠬᠠᠨ ᠳᠦᠷᠢᠮ᠎ᠢ ᠲᠡᠭᠦᠯᠳᠡᠷᠵᠢᠭᠦᠯᠵᠦ ᠠᠵᠤ ᠠᠬᠤᠢ᠌ᠯᠠᠯ᠎ᠳᠤ ᠬᠣᠯᠪᠣᠭᠳᠠᠭᠰᠠᠨ ᠳᠤᠷ᠎ᠠ᠎ᠪᠠᠷ ᠰᠦᠢ᠍ᠳᠬᠡᠯ ᠬᠤᠷᠢᠶᠠᠬᠤ ᠶᠠᠪᠤᠳᠠᠯ᠎ᠢ ᠡᠷᠡᠰ ᠬᠣᠷᠢᠭᠯᠠᠬᠤ ᠲᠤᠬᠠᠶ ᠪᠠᠢ᠌ᠷᠢᠯᠠᠭᠤᠯᠵᠤ᠂ ᠬᠠᠤᠯᠢ᠎ᠪᠠᠷ ᠲᠣᠭᠲᠠᠭ᠋ᠠᠭᠰᠠᠨ ᠭᠠᠢ᠌ᠯᠢ ᠰᠦᠢᠳᠬᠡᠯ ᠲᠠᠲᠠᠪᠤᠷᠢᠯᠠᠨ ᠲᠤᠰᠢᠶᠠᠬᠤ ᠠᠵᠢᠯ᠎ᠢ ᠡᠮᠬᠢ ᠵᠢᠷᠤᠮ᠎ᠲᠠᠢ ᠰᠠᠢ᠌ᠲᠤᠷ ᠬᠢᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠵᠣᠬᠢᠰ ᠥᠬᠡᠶ ᠳᠠᠷᠤᠭ᠋ᠠᠰᠤ ᠵᠢ ᠨᠡᠮᠡᠭᠳᠡᠭᠦᠯᠬᠦ ᠥᠬᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠥᠷᠭᠡᠨ ᠤᠯᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠨᠡᠢ᠌ᠭᠡᠮ ᠵᠢᠷᠤᠮᠲᠤ ᠵᠠᠬ᠎ᠠ ᠳᠡᠯᠭᠡᠭᠦᠷ᠎ᠤᠨ ᠠᠵᠤ ᠠᠬᠤᠢ ᠵᠢ ᠬᠥᠭᠵᠢᠭᠦᠯᠬᠦ ᠬᠦᠴᠦᠨ ᠴᠢᠳᠠᠯ᠎ᠤᠨ ᠡᠬᠢ ᠰᠤᠷᠪᠤᠯᠵᠢ ᠪᠠᠢ᠌ᠵᠤ᠂ ᠲᠦᠮᠡᠨ ᠤᠯᠠᠨ᠎ᠤ ᠠᠰᠢᠭ ᠲᠤᠰᠠ᠎ᠳᠤ ᠰᠢᠭᠤᠳ ᠬᠣᠯᠪᠣᠭᠳᠠᠵᠤ ᠪᠠᠢ᠌ᠳᠠᠭ᠃ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠢ ᠳᠡᠮᠵᠢᠬᠦ ᠪᠠ ᠦᠢ᠍ᠯᠡᠴᠢᠯᠡᠬᠦ ᠵᠢᠨ ᠲᠣᠭᠣᠷᠢᠨ᠎ᠳᠤ᠂ ᠤᠯᠠᠨ ᠪᠣᠳᠠᠲᠠᠢ ᠠᠷᠭ᠎ᠠ ᠬᠡᠮᠵᠢᠢ᠎ᠡ ᠠᠪᠴᠤ ᠪᠠᠢ᠌ᠭ᠋ᠠᠳ ᠲᠡᠳᠡᠨ᠎ᠢ ᠬᠠᠪᠰᠤᠷᠤᠨ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠨ᠂ ᠵᠤᠬᠢᠰ ᠦᠭᠡᠢ ᠳᠠᠷᠤᠭ᠋ᠠᠰᠤ ᠵᠢ᠎ᠨᠢ ᠬᠥᠩᠭᠡᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠬᠦ ᠬᠡᠷᠡᠭᠲᠡᠢ᠃ ᠣᠢ᠌ᠷ᠎ᠠ ᠵᠢᠨ ᠵᠢᠯ᠎ᠤᠳ᠎ᠲᠤ᠂ ᠡᠯ᠎ᠡ ᠭᠠᠵᠠᠷ ᠣᠷᠣᠨ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠰᠦᠢ᠍ᠳᠬᠡᠯ᠎ᠢ ᠶᠡᠬᠡ᠎ᠪᠠᠷ ᠴᠡᠭᠴᠡᠯᠡᠨ ᠵᠢᠷᠤᠮᠵᠢᠭᠤᠯᠵᠤ᠂ ᠲᠥᠪ᠎ᠠᠴᠠ ᠲᠣᠬᠢᠷᠠᠭᠤᠯᠤᠭᠰᠠᠨ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠪᠠ ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠥ ᠵᠢ ᠲᠤᠰ ᠲᠤᠰ 70% ᠪᠠ 30%᠎ᠠᠴᠠ ᠳᠡᠭᠡᠭᠰᠢ ᠬᠡᠮᠵᠢᠶ᠎ᠡ᠎ᠪᠠᠷ ᠬᠠᠰᠤᠵᠤ᠂ ᠡᠯ᠎ᠡ ᠭᠠᠵᠠᠷ᠎ᠤᠨ᠎ᠬᠢᠨ ᠴᠦ᠍ ᠨᠢᠭᠡ ᠪᠦᠯᠦᠭ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠬᠦᠴᠦᠨ ᠦᠭᠡᠶ ᠪᠣᠯᠭ᠋ᠠᠪᠠ᠃ ᠢᠯᠠᠩᠭᠤᠶ᠎ᠠ ᠨᠢᠳᠤᠨᠤᠨ᠎ᠤ ᠨᠡᠢ᠌ᠲᠡᠯᠡᠭᠰᠡᠨ ᠭᠠᠢ᠌ᠯᠢ ᠵᠢ ᠬᠥᠩᠭᠡᠯᠡᠵᠦ ᠰᠦᠢᠳᠬᠡᠯ᠎ᠢ ᠪᠠᠭᠤᠷᠠᠭᠤᠯᠬᠤ᠂ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ᠎ᠢ ᠱᠠᠲᠤᠴᠢ ᠴᠢᠨᠠᠷᠲᠠᠶ᠎ᠪᠠᠷ ᠬᠠᠰᠤᠵᠤ ᠭᠡᠯᠳᠦᠷᠢᠭᠦᠯᠬᠦ ᠵᠡᠷᠭᠡ ᠲᠥᠷᠥ ᠵᠢᠨ ᠪᠣᠳᠣᠯᠭ᠎ᠠ᠎ᠨᠢ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠪᠠᠲᠤᠯᠠᠬᠤ᠂ ᠠᠵᠤ ᠠᠬᠤᠶ ᠵᠢᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠬᠤ᠎ᠳᠤ ᠵᠠᠩᠭᠢᠯᠠᠭ᠎ᠠ ᠵᠢᠨ ᠦᠢᠯᠡᠳᠦᠯ ᠦᠵᠡᠭᠦᠯᠪᠡ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠣᠳᠣᠬᠠᠨ᠎ᠳᠤ ᠬᠢᠵᠢᠭ᠎ᠤᠨ ᠪᠠᠢ᠌ᠳᠠᠯ ᠪᠣᠯᠤᠨ ᠠᠵᠤ ᠠᠬᠤᠢ ᠵᠢᠨ ᠪᠠᠢ᠌ᠳᠠᠯ ᠨᠠᠷᠢᠨ ᠪᠤᠳᠤᠯᠢᠶᠠᠨᠲᠠᠢ ᠪᠠᠢ᠌ᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠮᠥᠨ ᠬᠦ᠌ ᠴᠥᠭᠡᠨ ᠪᠤᠰᠤ ᠬᠦᠴᠢᠷᠳᠡᠯ ᠲᠤᠯᠭ᠋ᠠᠷᠠᠵᠤ᠂ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠡᠷᠭᠡ᠎ᠳᠤ᠎ᠨᠢ ᠵᠠᠰᠠᠵᠤ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠦᠷᠭᠦᠯᠵᠢᠯᠡᠨ ᠵᠠᠰᠠᠵᠤ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠠᠵᠤ ᠠᠬᠤᠢ ᠵᠢᠨ ᠲᠣᠭᠲᠠᠭᠤᠨ ᠵᠶ᠋ᠠᠷ ᠰᠡᠷᠭᠦᠬᠦ ᠰᠠᠭᠤᠷᠢ ᠵᠢ ᠪᠡᠬᠢᠵᠢᠭᠦᠯᠬᠦ ᠬᠡᠷᠡᠭᠲᠡᠢ᠃ ᠨᠢᠭᠡ᠎ᠳᠤ᠂ ᠪᠦᠬᠦ ᠤᠯᠤᠰ᠎ᠲᠤ ᠠᠵᠤ ᠠᠬᠤᠢ᠌ᠯᠠᠯ᠎ᠳᠤ ᠬᠣᠯᠪᠣᠭᠳᠠᠬᠤ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ ᠪᠠᠢ᠌ᠳᠠᠯ᠎ᠳᠤ ᠲᠤᠰᠬᠠᠶ ᠵᠦᠢ᠍ᠯ᠎ᠤᠨ ᠪᠠᠢ᠌ᠴᠠᠭ᠋ᠠᠯᠲᠠ ᠬᠢᠬᠦ ᠵᠢ ᠥᠷᠨᠢᠭᠦᠯᠵᠦ᠂ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠳᠤᠷ᠎ᠠ᠎ᠪᠠᠷ ᠲᠣᠬᠢᠷᠠᠭᠤᠯᠬᠤ᠂ ᠲᠠᠲᠠᠪᠤᠷᠢᠯᠠᠬᠤ ᠪᠠᠷᠢᠮᠵᠢᠶ᠎ᠠ᠎ᠪᠠᠨ ᠳᠡᠭᠡᠭᠰᠢᠯᠡᠭᠦᠯᠬᠦ᠂ ᠲᠠᠲᠠᠪᠤᠷᠢᠯᠠᠬᠤ ᠬᠡᠪᠴᠢᠶ᠎ᠡ᠎ᠪᠠᠨ ᠥᠷᠭᠡᠳᠬᠡᠬᠦ᠂ ᠳᠤᠷ᠎ᠠ᠎ᠪᠠᠷ ᠲᠡᠰᠬᠡᠬᠦ ᠵᠡᠷᠭᠡ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢᠳᠪᠦᠷᠢᠯᠡᠵᠦ᠂ ᠠᠵᠤ ᠠᠬᠤᠢ᠌ᠯᠠᠯ᠎ᠤᠨ ᠲᠤᠰᠬᠠᠯ ᠴᠢᠩᠭ᠎ᠠ᠂ ᠨᠡᠢ᠌ᠭᠡᠮ᠎ᠳᠤ ᠮᠠᠭᠤ ᠨᠥᠯᠥᠭᠡ ᠪᠦᠬᠦᠢ ᠳᠤᠷ᠎ᠠ᠎ᠪᠠᠷ ᠰᠦᠢ᠍ᠳᠬᠡᠯ ᠬᠤᠷᠢᠶᠠᠬᠤ ᠦᠢ᠍ᠯᠡ ᠠᠵᠢᠯᠯᠠᠭ᠎ᠠ ᠵᠢ ᠢᠯᠡᠴᠢᠯᠡᠬᠦ ᠬᠡᠷᠡᠭᠲᠡᠶ᠃ ᠠᠵᠢᠯ ᠲᠥᠷᠥᠯ᠎ᠤᠨ ᠨᠡᠢ᠌ᠭᠡᠮᠯᠢᠭ ᠪᠠ ᠬᠤᠳᠠᠯᠳᠤᠭ᠋ᠠᠴᠢᠨ᠎ᠤ ᠡᠪᠯᠡᠯ᠎ᠤᠨ ᠰᠦᠢᠳᠬᠡᠯ ᠬᠤᠷᠢᠶᠠᠬᠤ ᠠᠵᠢᠯᠯᠠᠭ᠎ᠠ᠎ᠳᠤ ᠥᠪᠡᠰᠦᠪᠡᠨ ᠪᠠᠢ᠌ᠴᠠᠭ᠋ᠠᠵᠤ ᠰᠤᠭᠤᠴᠢᠨ ᠪᠠᠢ᠌ᠴᠠᠭ᠋ᠠᠬᠤ ᠵᠢ ᠪᠥᠬᠥ ᠲᠠᠯ᠎ᠠ᠎ᠪᠠᠷ ᠥᠷᠨᠢᠭᠦᠯᠬᠦ ᠬᠡᠷᠡᠭᠲᠡᠢ᠃ ᠬᠣᠶᠠᠷ᠎ᠲᠤ᠂ ᠵᠠᠮ ᠬᠠᠷᠢᠯᠴᠠᠭ᠎ᠠ᠂ ᠭᠠᠢ᠌ᠯᠢ ᠵᠢᠨ ᠶᠠᠪᠤᠳᠠᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠬᠦᠷᠢᠶᠡᠨ᠎ᠳᠠᠬᠢ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠵᠤ᠂ ᠲᠠᠰᠤᠯᠤᠯᠲᠠ ᠬᠢᠬᠦ ᠰᠠᠭᠤᠷᠢ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠬᠥᠩᠭᠡᠪᠲᠦᠷ ᠬᠡᠷᠡᠭ᠂ ᠵᠠᠮ ᠬᠠᠷᠢᠯᠴᠠᠭ᠋ᠠᠨ᠎ᠤ ᠬᠠᠤᠯᠢ᠎ᠠᠴᠠ ᠠᠩᠬ᠎ᠠ ᠤᠳᠠᠭ᠎ᠠ ᠵᠥᠷᠢᠴᠡᠭᠰᠡᠨ᠂ ᠰᠠᠨᠠᠮᠰᠠᠷ ᠦᠭᠡᠢ ᠵᠥᠷᠢᠴᠡᠭᠰᠡᠨ ᠵᠡᠷᠭᠡ ᠬᠡᠷᠡᠭ᠎ᠲᠤ ᠴᠢᠳᠠᠬᠤ᠎ᠳᠤ᠎ᠪᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠠᠪᠴᠤ᠂ ᠵᠣᠭᠣᠰ ᠵᠶ᠋ᠠᠷ ᠲᠣᠷᠭ᠋ᠠᠬᠤ ᠵᠢ ᠪᠣᠯᠭᠣᠮᠵᠢᠲᠠᠶ ᠬᠡᠷᠡᠭᠯᠡᠬᠦ ᠪᠤᠶᠤ ᠬᠡᠷᠡᠭᠯᠡᠬᠦ ᠥᠬᠡᠶ ᠪᠠᠢ᠌ᠵᠤ᠂ ᠭᠠᠢ᠌ᠯᠢ ᠵᠢᠨ ᠶᠠᠪᠤᠳᠠᠯ᠎ᠤᠨ ᠬᠠᠤᠯᠢ ᠬᠡᠷᠡᠭᠵᠢᠭᠦᠯᠬᠦ ᠬᠦᠷᠢᠶᠡᠨ᠎ᠳᠤ 《ᠠᠩᠬ᠎ᠠ ᠤᠳᠠᠭ᠎ᠠ ᠵᠥᠷᠢᠴᠡᠭᠰᠡᠨ ᠪᠣᠯ ᠲᠣᠷᠭ᠋ᠠᠬᠤ ᠥᠬᠡᠶ》 ᠨᠠᠷᠢᠨ ᠬᠠᠭᠤᠳᠠᠰᠤ ᠵᠢᠨ ᠲᠦᠷᠢᠮ᠎ᠢ ᠰᠤᠳᠤᠯᠤᠨ ᠳᠡᠯᠭᠡᠷᠡᠭᠦᠯᠬᠦ ᠬᠡᠷᠡᠭᠲᠡᠢ᠃ ᠲᠣᠷᠭ᠋ᠠᠵᠤ ᠬᠤᠷᠢᠶᠠᠬᠤ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠤᠨ ᠲᠡᠭᠦᠯᠳᠡᠷᠵᠢᠭᠦᠯᠵᠦ᠂ ᠲᠣᠷᠭ᠋ᠠᠵᠤ ᠬᠤᠷᠢᠶᠠᠭᠰᠠᠨ ᠪᠦᠬᠦ ᠣᠷᠣᠯᠭ᠎ᠠ ᠵᠢ ᠤᠯᠤᠰ᠎ᠤᠨ ᠬᠥᠮᠥᠷᠭᠡ᠎ᠳᠤ ᠲᠤᠰᠢᠶᠠᠵᠤ᠂ 《ᠣᠷᠣᠯᠭ᠎ᠠ ᠵᠠᠷᠤᠯᠭ᠎ᠠ ᠵᠢ ᠠᠰ᠎ᠲᠤ᠎ᠨᠢ ᠪᠠᠢ᠌ᠯᠭ᠋ᠠᠬᠤ》 ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ᠃ ᠭᠤᠷᠪᠠ᠎ᠳᠤ᠂ ᠭᠣᠤᠯᠳᠠᠯᠭ᠎ᠠ᠎ᠲᠠᠢ ᠬᠦᠷᠢᠶᠡᠨ᠎ᠤ ᠰᠦᠢᠳᠬᠡᠯ ᠬᠤᠷᠢᠶᠠᠬᠤ ᠵᠢ ᠦᠷᠭᠦᠯᠵᠢᠯᠡᠨ ᠴᠡᠭᠴᠡᠯᠡᠨ ᠵᠢᠷᠤᠮᠵᠢᠭᠤᠯᠤᠨ᠎ᠠ᠃ ᠠᠵᠤ ᠠᠬᠤᠢ᠌ᠯᠠᠯ᠎ᠠᠴᠠ ᠰᠦᠢ᠍ᠳᠬᠡᠯ ᠬᠤᠷᠢᠶᠠᠬᠤ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ ᠵᠢ ᠰᠢᠨ᠎ᠡ᠎ᠪᠠᠷ ᠲᠣᠬᠢᠷᠠᠭᠤᠯᠬᠤ᠎ᠳᠤ ᠡᠷᠬᠡᠪᠰᠢ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠴᠢᠩᠭ᠎ᠠ ᠵᠢᠷᠤᠮᠯᠠᠵᠤ᠂ ᠬᠤᠭᠤᠴᠠᠭ᠎ᠠ᠎ᠨᠢ ᠲᠤᠯᠤᠭᠰᠠᠨ ᠰᠠᠭᠤᠷᠢ ᠮᠥᠩᠭᠥ ᠵᠢ ᠬᠦᠴᠦᠨ ᠦᠭᠡᠢ ᠪᠣᠯᠭ᠋ᠠᠬᠤ ᠴᠢᠬᠤᠯᠠᠲᠠᠢ ᠵᠢ᠎ᠨᠢ ᠴᠥᠮ ᠬᠦᠴᠦᠨ ᠦᠭᠡᠢ ᠪᠣᠯᠭ᠋ᠠᠵᠤ᠂ ᠲᠦᠷ ᠴᠠᠭ ᠬᠦᠴᠦᠨ ᠦᠭᠡᠢ ᠪᠣᠯᠭ᠋ᠠᠬᠤ᠎ᠳᠤ ᠪᠡᠷᠬᠡᠲᠡᠢ ᠵᠢ᠎ᠨᠢ ᠲᠠᠲᠠᠪᠤᠷᠢᠯᠠᠬᠤ ᠪᠠᠷᠢᠮᠵᠢᠶ᠎ᠠ ᠵᠢ᠎ᠨᠢ ᠪᠠᠭᠤᠷᠠᠭᠤᠯᠬᠤ ᠬᠡᠷᠡᠭᠲᠡᠢ᠃ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ᠎ᠨᠢ ᠢᠯᠡᠷᠬᠡᠶ ᠥᠨᠳᠥᠷ ᠪᠠᠢ᠌ᠭ᠎ᠠ᠎ᠳᠤ᠎ᠨᠢ ᠪᠠᠷᠢᠮᠵᠢᠶ᠎ᠠ ᠵᠢ ᠪᠠᠭᠤᠷᠠᠭᠤᠯᠬᠤ ᠠᠷᠭ᠎ᠠ ᠬᠡᠮᠵᠢᠶ᠎ᠡ ᠠᠪᠴᠤ᠂ ᠡᠩ᠎ᠤᠨ ᠴᠢᠨᠠᠷᠲᠠᠶ ᠬᠠᠮᠢᠶᠠᠷᠤᠯᠲᠠ ᠵᠢᠨ ᠡᠭᠦᠷᠭᠡ ᠴᠢᠳᠠᠪᠬᠢ ᠵᠢ ᠬᠠᠷᠠᠭᠤᠯᠤᠭᠰᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠬᠦᠴᠦᠨ ᠦᠭᠡᠶ ᠪᠣᠯᠭ᠋ᠠᠬᠤ ᠬᠡᠷᠡᠭᠲᠡᠶ᠃ ᠳᠥᠷᠪᠡ᠎ᠳᠤ᠂ ᠳᠠᠯᠠᠢ ᠵᠢᠨ ᠲᠡᠭᠡᠭᠡᠪᠦᠷᠢ ᠪᠠ ᠪᠣᠭᠣᠮᠲᠠ ᠵᠢᠨ ᠰᠦᠢ᠍ᠳᠬᠡᠯ ᠬᠤᠷᠢᠶᠠᠬᠤ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠣᠭᠣᠮᠲᠠ᠎ᠳᠤ ᠮᠡᠳᠡᠭᠦᠯᠬᠦ᠂ ᠪᠠᠷᠠᠭ᠎ᠠ ᠵᠢᠨ ᠭᠦᠢ᠍ᠯᠭᠡᠭᠡᠨ᠂ ᠬᠥᠮᠥᠷᠭᠡᠯᠡᠨ ᠬᠠᠳᠠᠭ᠋ᠠᠯᠠᠬᠤ᠂ ᠪᠠᠷᠠᠭ᠎ᠠ ᠠᠴᠢᠶᠠᠯᠠᠵᠤ ᠪᠠᠭᠤᠯᠭ᠋ᠠᠬᠤ ᠵᠡᠷᠭᠡ ᠭᠣᠭᠴᠣᠭ᠎ᠠ ᠵᠢᠨ ᠠᠯᠪᠠᠳᠠᠯᠭ᠎ᠠ ᠵᠢᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠ ᠦᠨ᠎ᠡ ᠬᠠᠩᠰᠢ ᠵᠢ ᠢᠯᠡ ᠬᠠᠳᠠᠭᠰᠠᠨ᠎ᠨᠢ ᠵᠢᠷᠤᠮᠵᠢᠯ ᠦᠭᠡᠢ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠲᠠᠪᠤ᠎ᠳᠤ᠂ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠥᠭᠬᠦ ᠵᠡᠷᠭᠡ ᠲᠠᠯ᠎ᠠ ᠵᠢᠨ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠵᠢ ᠲᠦᠷᠭᠡᠳᠬᠡᠵᠦ᠂ ᠵᠦᠢ ᠵᠣᠬᠢᠰ ᠦᠭᠡᠶ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠥᠭᠬᠦ ᠵᠦᠢ᠍ᠯᠡᠰ᠎ᠲᠤ ᠴᠠᠭ ᠲᠤᠬᠠᠶ᠎ᠳᠤ᠎ᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ ᠪᠣᠯᠭ᠋ᠠᠵᠤ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠳᠤᠷ᠎ᠠ᠎ᠪᠠᠷ ᠰᠦᠢ᠍ᠳᠬᠡᠯ ᠬᠤᠷᠢᠶᠠᠬᠤ ᠵᠢ ᠳᠦᠷᠢᠮ᠎ᠤᠨ ᠲᠠᠯ᠎ᠠ᠎ᠠᠴᠠ ᠰᠡᠷᠭᠡᠢ᠌ᠯᠡᠨ ᠬᠣᠷᠢᠭᠯᠠᠬᠤ ᠬᠡᠷᠡᠭᠲᠡᠶ ᠭᠡᠵᠡᠢ᠃
      ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠬᠠᠤᠯᠢ᠎ᠪᠠᠷ ᠲᠣᠭᠲᠠᠭ᠋ᠠᠭᠰᠠᠨ ᠭᠠᠢ᠌ᠯᠢ ᠰᠦᠢᠳᠬᠡᠯ᠎ᠢ ᠬᠡᠪ ᠵᠶ᠋ᠠᠷ ᠲᠠᠲᠠᠪᠤᠷᠢᠯᠠᠨ ᠲᠤᠰᠢᠶᠠᠬᠤ ᠠᠵᠢᠯ᠎ᠢ ᠰᠠᠢ᠌ᠲᠤᠷ ᠬᠢᠵᠦ᠂ ᠲᠡᠦᠬᠡᠨ᠎ᠠᠴᠠ ᠥᠷᠢᠲᠦᠵᠦ ᠪᠠᠢ᠌ᠭᠰᠠᠨ ᠰᠦᠢᠳᠬᠡᠯ᠎ᠢ ᠥᠪᠡᠰᠦᠪᠡᠨ ᠲᠥᠪᠯᠡᠷᠡᠭᠦᠯᠵᠦ ᠪᠠᠢ᠌ᠭ᠋ᠠᠳ ᠢᠯᠭ᠋ᠠᠨ ᠲᠤᠰᠢᠶᠠᠵᠤ ᠪᠣᠯᠬᠤ ᠥᠬᠡᠶ᠂ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ᠎ᠢ ᠲᠠᠲᠠᠪᠤᠷᠢᠯᠠᠬᠤ ᠡᠭᠦᠷᠭᠡ ᠲᠤᠰᠢᠶᠠᠯ᠎ᠢ ᠬᠤᠪᠢᠶᠠᠷᠢᠯᠠᠨ ᠰᠢᠯᠵᠢᠭᠦᠯᠦᠭᠰᠡᠨ᠎ᠠᠴᠠ ᠪᠣᠯᠵᠤ ᠠᠵᠤ ᠠᠬᠤᠢ᠌ᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠤᠨ ᠰᠦᠢᠳᠬᠡᠯ ᠲᠤᠰᠢᠶᠠᠬᠤ ᠳᠠᠷᠤᠭ᠋ᠠᠰᠤ ᠵᠢ ᠨᠡᠮᠡᠭᠳᠡᠭᠦᠯᠵᠦ ᠪᠣᠯᠬᠤ ᠥᠬᠡᠶ᠃ ᠡᠨᠡ ᠵᠢᠯ ᠪᠤᠢ ᠪᠦᠬᠦᠢ ᠮᠤᠵᠢ ᠣᠷᠣᠨ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ᠎ᠢ ᠲᠠᠲᠠᠪᠤᠷᠢᠯᠠᠬᠤ ᠠᠷᠭ᠎ᠠ ᠬᠡᠯᠪᠡᠷᠢ᠎ᠪᠠᠨ ᠬᠤᠪᠢᠷᠠᠭᠤᠯᠬᠤ ᠥᠬᠡᠶ ᠪᠠᠢ᠌ᠬᠤ ᠵᠢ ᠪᠠᠲᠤᠯᠠᠬᠤ ᠬᠡᠷᠡᠭᠲᠡᠶ᠃ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ ᠲᠤᠰᠢᠶᠠᠬᠤ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠦᠨ᠂ 《ᠥᠯᠥ ᠬᠦᠷᠦᠯᠴᠡᠬᠦ ᠬᠡᠯᠪᠡᠷᠢ》 ᠵᠢᠨ ᠦᠢᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠵᠦ᠂ 7 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠤ ᠠᠬᠤᠢ᠌ᠯᠠᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ ᠲᠤᠰᠢᠶᠠᠬᠤ᠎ᠳᠤ ᠦᠨᠳᠦᠰᠦᠨ᠎ᠳᠤ᠎ᠪᠠᠨ ᠰᠦᠯᠵᠢᠶᠡᠨ ᠳᠡᠭᠡᠷ᠎ᠡ ᠭᠦᠢ᠍ᠴᠡᠳᠬᠡᠵᠦ ᠴᠢᠳᠠᠬᠤ ᠵᠢ ᠪᠡᠶᠡᠯᠡᠭᠦᠯᠵᠦ᠂ ᠵᠢᠯ᠎ᠤᠨ ᠰᠡᠭᠦᠯᠴᠢ᠎ᠠᠴᠠ ᠡᠮᠦᠨ᠎ᠡ ᠬᠤᠪᠢ ᠬᠥᠮᠦᠨ᠎ᠤ ᠰᠦᠢᠳᠬᠡᠯ ᠲᠤᠰᠢᠶᠠᠬᠤ᠎ᠳᠤ ᠦᠨᠳᠦᠰᠦᠨ᠎ᠳᠤ᠎ᠪᠠᠨ 《ᠭᠠᠷ ᠤᠲᠠᠰᠤᠨ ᠳᠡᠭᠡᠷ᠎ᠡ ᠭᠦᠢᠴᠡᠳᠬᠡᠬᠦ》 ᠵᠢ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ᠎ᠳᠤ ᠰᠢᠨ᠎ᠡ ᠵᠢ ᠡᠭᠦᠳᠴᠦ᠂ ᠨᠠᠰᠤᠲᠠᠢ᠌ᠴᠤᠳ᠂ ᠬᠦᠨᠳᠦ ᠵᠡᠮᠳᠡᠭᠴᠦᠳ ᠵᠡᠷᠭᠡ ᠣᠨᠴᠠᠭ᠋ᠠᠢ ᠬᠥᠮᠦᠰ᠎ᠤᠨ ᠰᠦᠢᠳᠬᠡᠯ ᠲᠤᠰᠢᠶᠠᠬᠤ᠎ᠳᠤ ᠰᠠᠭ᠋ᠠᠳ ᠥᠬᠡᠶ ᠪᠥᠭᠡᠳ ᠳᠥᠭᠥᠮ ᠳᠥᠲᠡ ᠪᠠᠢ᠌ᠯᠭ᠋ᠠᠬᠤ ᠵᠢ ᠭᠦᠢᠴᠡᠳ ᠪᠠᠲᠤᠯᠠᠬᠤ ᠬᠡᠷᠡᠭᠲᠡᠢ᠃ ᠨᠡᠢ᠌ᠭᠡᠮ᠎ᠤᠨ ᠳᠠᠭ᠋ᠠᠳᠬᠠᠯ᠎ᠤᠨ ᠰᠦᠢᠳᠬᠡᠯ᠎ᠢ ᠲᠠᠲᠠᠪᠤᠷᠢᠯᠠᠭᠰᠠᠨ ᠪᠠᠢ᠌ᠳᠠᠯ᠎ᠢ ᠬᠢᠨᠠᠨ ᠰᠢᠨᠵᠢᠯᠡᠵᠦ ᠵᠠᠳᠠᠯᠤᠯᠲᠠ ᠬᠢᠬᠦ ᠵᠢ ᠴᠢᠩᠭ᠋ᠠᠳᠬᠠᠵᠤ᠂ ᠠᠰᠠᠭᠤᠳᠠᠯ᠎ᠢ ᠰᠡᠷᠡᠵᠦ ᠮᠡᠳᠡᠪᠡᠯ ᠴᠠᠭ ᠲᠤᠬᠠᠶ᠎ᠳᠤ᠎ᠨᠢ ᠰᠢᠢᠳᠪᠦᠷᠢᠯᠡᠬᠦ ᠬᠡᠷᠡᠭᠲᠡᠶ᠃ ᠬᠢᠨᠠᠯᠲᠠ ᠪᠠᠢ᠌ᠴᠠᠭ᠋ᠠᠯᠲᠠ᠎ᠪᠠᠨ ᠴᠢᠩᠭ᠋ᠠᠷᠠᠭᠤᠯᠵᠤ᠂ ᠲᠦᠷᠢᠮ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ᠎ᠳᠤ ᠰᠠᠬᠢᠯᠭ᠎ᠠ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠣᠯ᠎ᠤᠨ ᠵᠠᠰᠠᠭ ᠎ᠤᠨ ᠣᠷᠳᠣᠨ
          
ᠬᠠᠮᠢᠶ᠎ᠡ ᠪᠦᠬᠦᠢ ᠰᠣᠨᠢᠨ
ᠴᠡᠴᠡᠭ᠎ᠤᠨ ᠳᠡᠯᠪᠢᠰ᠎ᠨᠢ ᠥᠪᠡᠷ ᠥᠪᠡᠷ᠎ᠤᠨ ᠥᠩᠭᠡ᠎ᠪᠠᠷ ᠵᠶ᠋ᠡᠨ ᠰᠣᠯᠣᠩᠭ᠋ᠠᠷᠠᠪᠠᠴᠤ ᠴᠢᠩ ᠰᠡᠳᠬᠢᠯ᠎ᠨᠢ ᠲᠥᠪ ᠵᠦᠭ ᠵᠶ᠋ᠡᠨ ᠲᠡᠮᠡᠦᠯᠦᠨ᠎ᠡ
ᠰᠢ ᠵᠢᠨ ᠫᠢᠩ ᠲᠡᠯᠡᠭᠡᠢ ᠵᠢᠨ ᠠᠵᠦ ᠠᠬᠤᠢ ᠵᠢᠨ ᠶᠠᠷᠢᠶᠠᠠ᠎ᠤ ᠲᠡᠪᠴᠠᠩ᠎ᠤᠨ 《ᠳ᠋ᠠᠤᠢ᠍ᠰ᠎ᠤᠨ ᠵᠦᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠎ᠳᠤ ᠤᠷᠤᠯᠴᠠᠬᠰᠠᠨ ᠪᠦᠭᠡᠳ ᠤᠨᠴᠠᠭ᠋ᠠᠢ ᠪᠠᠶᠠᠷ᠎ᠤᠨ ᠦᠭᠡ ᠬᠡᠯᠡᠪᠠ
ᠰᠢ ᠵᠢᠨ ᠫᠢᠩ ᠡᡁᠸ ᠢ ᠴᠸᠩ᠎ᠤᠨ ᠲᠤᠰᠢᠶᠠᠯ ᠵᠶ᠋ᠠᠨ ᠭᠦᠢ᠍ᠴᠡᠳᠭᠡᠭᠰᠡᠨ ᠮᠡᠳᠡᠬᠦᠯᠦᠯᠳᠡ ᠵᠢ ᠰᠤᠨᠤᠰᠪᠠ
ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ᠄ 《ᠮᠡᠳᠡᠯᠬᠡ ᠵᠢᠨ ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠢ ᠪᠦᠬᠦ ᠳᠠᠯ᠎ᠠ᠎ᠪᠠᠷ ᠴᠢᠩᠭ᠋ᠠᠳᠬᠠᠵᠥ ᠰᠢᠨ᠎ᠡ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠬᠡᠨ ᠰᠢᠨ᠎ᠡ ᠬᠦᠭᠵᠢᠯᠳᠡ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠤᠶ᠎ᠠ》
 
            