ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠴᠡᠴᠡᠭ᠎ᠤᠨ ᠳᠡᠯᠪᠢᠰ᠎ᠨᠢ ᠥᠪᠡᠷ ᠥᠪᠡᠷ᠎ᠤᠨ ᠥᠩᠭᠡ᠎ᠪᠠᠷ ᠵᠶ᠋ᠡᠨ ᠰᠣᠯᠣᠩᠭ᠋ᠠᠷᠠᠪᠠᠴᠤ ᠴᠢᠩ ᠰᠡᠳᠬᠢᠯ᠎ᠨᠢ ᠲᠥᠪ ᠵᠦᠭ ᠵᠶ᠋ᠡᠨ ᠲᠡᠮᠡᠦᠯᠦᠨ᠎ᠡ
ᠨᠡᠶ᠋ᠢᠲᠡᠯᠡᠭᠰᠡᠨ ᠴᠠᠭ᠄ 2021-01-26


     2019 ᠣᠨ᠎ᠤ 1 ᠳ᠋ᠦ᠍ᠭᠡᠷ ᠰᠠᠷ᠎ᠠ ᠵᠢᠨ 16᠎ᠤ ᠡᠳᠦᠷ᠎ᠠᠴᠠ 18᠎ᠤ ᠡᠳᠦᠷ ᠪᠣᠯᠲᠠᠯ᠎ᠠ᠂ ᠰᠢ ᠵᠢᠨ ᠫᠢᠩ ᠪᠡᠭᠡᠵᠢᠩ ᠲᠢᠶᠠᠨᠵᠢᠨ ᠾᠧᠪᠧᠢ᠎ᠳᠤ ᠠᠵᠢᠯ᠎ᠤᠨ ᠪᠠᠢ᠌ᠴᠠᠭ᠋ᠠᠯᠲᠠ ᠬᠢᠵᠦ᠂ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠶᠠᠷᠢᠯᠴᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠤᠭᠰᠠᠨ᠎ᠤ ᠬᠠᠮᠲᠤ ᠴᠢᠬᠤᠯᠠ ᠶᠠᠷᠢᠶ᠎ᠠ ᠲᠠᠯᠪᠢᠵᠠᠢ᠃
     《ᠪᠡᠭᠡᠵᠢᠩ ᠲᠢᠶᠠᠨᠵᠢᠨ ᠾᠧᠪᠧᠢ ᠪᠣᠯ ᠨᠢᠭᠡᠨ ᠬᠦᠢ᠍ᠰ ᠴᠡᠴᠡᠭ᠎ᠤᠨ ᠳᠡᠯᠪᠢᠰ ᠮᠡᠲᠦ ᠪᠠᠢ᠌ᠵᠤ᠂ ᠳᠡᠯᠪᠢ ᠪᠦᠷᠢ᠎ᠨᠢ ᠥᠪᠡᠷ ᠥᠪᠡᠷ᠎ᠤᠨ ᠥᠩᠭᠡ᠎ᠪᠠᠷ ᠵᠶ᠋ᠡᠨ ᠰᠣᠯᠣᠩᠭ᠋ᠠᠷᠠᠪᠠᠴᠤ᠂ ᠴᠢᠩ ᠰᠡᠳᠬᠢᠯ᠎ᠨᠢ ᠲᠥᠪ ᠵᠦᠭ ᠵᠶ᠋ᠡᠨ ᠲᠡᠮᠡᠦᠯᠵᠦ ᠪᠠᠢ᠌ᠳᠠᠭ᠃》 2019 ᠣᠨ᠎ᠤ 1 ᠳ᠋ᠦ᠍ᠭᠡᠷ ᠰᠠᠷ᠎ᠠ ᠵᠢᠨ 18᠎ᠤ ᠡᠳᠦᠷ᠂ ᠪᠡᠭᠡᠵᠢᠩ ᠲᠢᠶᠠᠨᠵᠢᠨ ᠾᠧᠪᠧᠢ᠎ᠢ ᠵᠣᠬᠢᠴᠠᠭᠤᠯᠤᠨ ᠬᠥᠭᠵᠢᠭᠦᠯᠬᠦ ᠶᠠᠷᠢᠯᠴᠠᠭ᠋ᠠᠨ᠎ᠤ ᠬᠤᠷᠠᠯ ᠳᠡᠭᠡᠷ᠎ᠡ᠂ ᠪᠡᠭᠡᠵᠢᠩ ᠲᠢᠶᠠᠨᠵᠢᠨ ᠾᠧᠪᠧᠢ᠎ᠠᠴᠠ ᠬᠦᠷᠦᠯᠴᠡᠨ ᠢᠷᠡᠭᠰᠡᠨ ᠣᠯᠠᠨ ᠬᠠᠷᠢᠭᠤᠴᠠᠯᠭ᠋ᠠᠲᠠᠨ᠎ᠳᠤ ᠬᠠᠨᠳᠤᠵᠤ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ᠎ᠤᠨ ᠬᠠᠷᠢᠴᠠᠭ᠎ᠠ ᠵᠢ ᠳᠦᠷᠰᠦᠯᠢᠭ ᠵᠶ᠋ᠡᠷ ᠲᠣᠭ᠋ᠠᠴᠢᠨ ᠥᠭᠦᠯᠡᠵᠡᠢ᠃
      ᠶᠡᠷᠦᠩᠬᠡᠢ ᠱᠦᠵᠢ ᠰᠢ ᠵᠢᠨ ᠫᠢᠩ ᠠᠯᠤᠰ ᠬᠡᠳᠦ ᠵᠢᠨ ᠬᠥᠭᠵᠢᠯᠲᠡ᠎ᠠᠴᠠ ᠡᠭᠦᠰᠦᠨ᠂ ᠴᠠᠭ᠎ᠤᠨ ᠪᠠᠢ᠌ᠳᠠᠯ᠎ᠢ ᠰᠢᠨᠵᠢᠨ ᠠᠵᠢᠭᠯᠠᠵᠤ᠂ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ᠎ᠤᠨ ᠬᠥᠭᠵᠢᠯᠲᠡ ᠵᠢᠨ ᠵᠢᠷᠤᠭ ᠲᠥᠰᠥᠪ᠎ᠢ ᠵᠢᠷᠤᠭᠯᠠᠨ ᠭᠠᠷᠭ᠋ᠠᠪᠠ᠃ 《ᠪᠡᠭᠡᠵᠢᠩ ᠲᠢᠶᠠᠨᠵᠢᠨ ᠾᠧᠪᠧᠢ ᠵᠢᠨ ᠬᠥᠮᠥᠨ ᠠᠮᠠ ᠵᠢ ᠨᠡᠮᠡᠪᠡᠯ 1 ᠳ᠋ᠦᠩᠰᠢᠭᠤᠷ ᠭᠠᠷᠤᠢ᠂ ᠭᠠᠵᠠᠷ ᠨᠤᠲᠤᠭ᠎ᠤᠨ ᠲᠠᠯᠠᠪᠠᠢ᠎ᠨᠢ 21.6 ᠺᠦᠸᠠᠳ᠋ ᠺᠢᠯᠣᠮᠧᠲᠷ ᠪᠠᠢ᠌ᠵᠤ᠂ ᠪᠡᠭᠡᠵᠢᠩ ᠲᠢᠶᠠᠨᠵᠢᠨ ᠾᠧᠪᠧᠢ ᠬᠠᠷᠢᠯᠴᠠᠨ ᠵᠠᠬ᠎ᠠ ᠨᠡᠢ᠌ᠯᠡᠵᠦ᠂ ᠬᠥᠮᠥᠨ ᠠᠷᠠᠳ᠎ᠨᠢ ᠣᠢ᠌ᠷ᠎ᠠ ᠲᠥᠷᠥᠯ᠂ ᠣᠷᠣᠨ ᠪᠦᠰᠡ᠎ᠨᠢ ᠨᠢᠭᠡ ᠴᠣᠭᠴᠠᠵᠢᠨ᠂   ᠰᠣᠶᠣᠯ ᠤᠯᠠᠮᠵᠢᠯᠠᠯ ᠨᠢᠭᠡᠲᠡᠢ᠂ ᠲᠡᠦᠬᠡ ᠵᠢᠨ ᠡᠬᠢ ᠰᠤᠷᠪᠤᠯᠵᠢ᠎ᠨᠢ ᠭᠦᠨ ᠵᠤᠵᠠᠭ᠋ᠠᠨ᠂ ᠬᠠᠷᠢᠯᠴᠠᠭ᠋ᠠᠨ᠎ᠤ ᠬᠦᠷᠢᠶ᠎ᠡ᠎ᠨᠢ ᠬᠠᠷᠢᠯᠴᠠᠨ ᠠᠰᠢᠭᠲᠠᠢ ᠪᠠᠢ᠌ᠵᠤ᠂ ᠬᠠᠷᠢᠯᠴᠠᠨ ᠠᠭᠤᠰᠤᠯᠴᠠᠵᠤ᠂ ᠵᠣᠬᠢᠴᠠᠩᠭᠤᠢ᠎ᠪᠠᠷ ᠬᠥᠭᠵᠢᠵᠦ ᠴᠢᠳᠠᠨ᠎ᠠ᠃》 ᠭᠡᠵᠦ 2014 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠶᠠᠷᠢᠯᠴᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠤᠭᠰᠠᠨ᠎ᠤ ᠬᠠᠮᠲᠤ ᠴᠢᠬᠤᠯᠠ ᠶᠠᠷᠢᠶ᠎ᠠ ᠲᠠᠯᠪᠢᠵᠤ᠂ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠠᠰᠠᠭᠤᠳᠠᠯ᠎ᠢ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠥᠨᠳᠥᠷᠴᠡ᠎ᠳᠤ ᠬᠦᠷᠲᠡᠯ᠎ᠡ ᠳᠡᠭᠡᠭᠰᠢᠯᠡᠭᠦᠯᠦᠭᠰᠡᠨ ᠪᠠᠢ᠌ᠨ᠎ᠠ᠃
      ᠵᠠᠩᠭᠢᠯᠠᠭ᠎ᠠ ᠵᠢᠨ ᠭᠠᠵᠠᠷ᠎ᠲᠤ ᠰᠢᠲᠠᠷ᠎ᠠ ᠪᠠᠭᠤᠯᠭ᠋ᠠᠪᠠᠯ᠂ ᠬᠥᠯᠭᠡ ᠰᠢᠲᠠᠷ᠎ᠠ ᠠᠮᠢᠯᠠᠨ᠎ᠠ᠃   ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ᠎ᠨᠢ ᠭᠤᠷᠪᠠᠨ ᠭᠠᠵᠠᠷ᠎ᠤᠨ ᠴᠢᠳᠠᠪᠬᠢ᠎ᠪᠠᠨ ᠬᠠᠷᠢᠯᠴᠠᠨ ᠨᠥᠬᠥᠪᠥᠷᠢᠯᠡᠬᠦ᠂ ᠪᠠᠶ᠋ᠢᠷᠢ ᠰᠤᠯᠢᠨ ᠬᠥᠭᠵᠢᠬᠦ᠂ ᠬᠠᠷᠢᠯᠴᠠᠨ ᠨᠥᠬᠥᠴᠡᠯᠳᠦᠬᠦ ᠰᠢᠨ᠎ᠡ ᠠᠶᠠᠯᠠᠯ᠎ᠢ ᠡᠬᠢᠯᠡᠭᠦᠯᠵᠡᠢ᠃

      ᠴᠡᠴᠡᠭ᠎ᠤᠨ ᠳᠡᠯᠪᠢᠰ᠎ᠨᠢ ᠥᠪᠡᠷ ᠥᠪᠡᠷ᠎ᠤᠨ ᠥᠩᠭᠡ᠎ᠪᠠᠷ ᠵᠶ᠋ᠡᠨ ᠰᠣᠯᠤᠩᠭ᠋ᠠᠷᠠᠨ᠎ᠠ

ᠪᠡᠭᠡᠵᠢᠩ ᠬᠣᠲᠠ
      ᠪᠦᠬᠦ ᠤᠯᠤᠰ᠎ᠤᠨ ᠤᠯᠤᠰ ᠲᠥᠷᠥ ᠵᠢᠨ ᠲᠥᠪ᠂ ᠰᠣᠶᠣᠯ᠎ᠤᠨ ᠲᠥᠪ᠂ ᠣᠯᠠᠨ ᠤᠯᠤᠰ᠎ᠤᠨ ᠰᠣᠯᠢᠯᠴᠠᠭ᠋ᠠᠨ᠎ᠤ ᠲᠥᠪ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ
ᠲᠢᠶᠠᠨᠵᠢᠨ ᠬᠣᠲᠠ
      ᠪᠦᠬᠦ ᠤᠯᠤᠰ᠎ᠤᠨ ᠲᠡᠷᠢᠭᠦᠨ᠎ᠤ ᠦᠢ᠍ᠯᠡᠳᠪᠦᠷᠢᠯᠡᠵᠦ ᠰᠤᠳᠤᠯᠤᠨ ᠬᠥᠭᠵᠢᠭᠦᠯᠬᠦ ᠰᠠᠭᠤᠷᠢᠨ ᠭᠠᠵᠠᠷ
      ᠤᠮᠠᠷᠠᠲᠤ ᠣᠷᠣᠨ᠎ᠤ ᠣᠯᠠᠨ ᠤᠯᠤᠰ᠎ᠤᠨ ᠠᠭ᠋ᠠᠷ᠎ᠤᠨ ᠵᠥᠭᠡᠭᠡᠪᠦᠷᠢ ᠵᠢᠨ ᠭᠣᠣᠯ ᠣᠷᠣᠨ
      ᠮᠥᠩᠭᠥᠨ ᠭᠦᠢ᠍ᠯᠭᠡᠭᠡᠨ᠎ᠤ ᠰᠢᠨ᠎ᠡ ᠵᠢ ᠡᠭᠦᠳᠴᠦ ᠠᠵᠢᠯᠯᠠᠭᠤᠯᠤᠨ ᠡᠵᠡᠩᠨᠡᠬᠦ ᠵᠢᠱ᠌ᠢᠶ᠎ᠡ ᠦᠵᠡᠭᠦᠯᠬᠦ ᠣᠷᠣᠨ
      ᠥᠭᠡᠷᠡᠴᠢᠯᠡᠯᠲᠡ ᠨᠡᠭᠡᠭᠡᠯᠲᠡ ᠵᠢᠨ ᠳᠠᠭ᠋ᠠᠭᠤᠯᠤᠭᠴᠢ ᠣᠷᠣᠨ
ᠾᠧᠪᠧᠢ ᠮᠤᠵᠢ
      ᠪᠦᠬᠦ ᠤᠯᠤᠰ᠎ᠤᠨ ᠣᠳᠣ ᠦᠶ᠎ᠡ ᠵᠢᠨ ᠬᠤᠳᠠᠯᠳᠤᠭ᠎ᠠ ᠠᠷᠠᠯᠵᠢᠶ᠎ᠠ ᠪᠠᠷᠠᠭ᠋ᠠᠨ᠎ᠤ ᠭᠦᠢ᠍ᠯᠭᠡᠭᠡ ᠵᠢᠨ ᠴᠢᠬᠤᠯᠠ ᠰᠠᠭᠤᠷᠢᠨ ᠭᠠᠵᠠᠷ
      ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠲᠤᠷᠰᠢᠯᠲᠠ ᠵᠢᠨ ᠣᠷᠣᠨ
      ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠬᠢᠭᠡᠳ ᠬᠣᠲᠠ ᠬᠥᠳᠡᠭᠡ ᠵᠢᠨ ᠨᠢᠭᠡᠳᠦᠯᠲᠡᠢ ᠲᠥᠯᠥᠪᠵᠢᠭᠦᠯᠦᠨ ᠵᠢᠱ᠌ᠢᠶ᠎ᠡ ᠦᠵᠡᠭᠦᠯᠬᠦ ᠣᠷᠣᠨ
      ᠪᠡᠭᠡᠵᠢᠩ ᠲᠢᠶᠠᠨᠵᠢᠨ ᠾᠧᠪᠧᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠤᠯᠭ᠋ᠠᠭᠤᠷᠢᠯᠠᠯ᠎ᠤᠨ ᠣᠷᠣᠨ
                    --- 2015 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ᠂ ᠰᠢ ᠵᠢᠨ ᠫᠢᠩ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ᠎ᠢ ᠡᠷᠬᠢᠯᠡᠨ 《ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠲᠥᠯᠥᠪᠵᠢᠭᠦᠯᠭᠡ ᠵᠢᠨ ᠬᠥᠲᠥᠯᠪᠦᠷᠢ》 ᠵᠢ ᠬᠢᠨᠠᠨ ᠵᠥᠪᠯᠡᠵᠦ ᠪᠠᠲᠤᠯᠠᠪᠠ

 

     《ᠳᠡᠯᠪᠢ》 ᠭᠡᠬᠦ ᠨᠢᠭᠡᠯᠡ ᠦᠰᠦᠭ᠎ᠲᠤ ᠬᠡᠴᠢᠨᠡᠭᠡᠨ ᠤᠯᠠᠨ ᠵᠣᠪᠠᠭᠤᠷᠢ ᠵᠦᠳᠡᠭᠦᠷᠢ᠂ ᠬᠡᠴᠢᠨᠡᠭᠡᠨ ᠤᠯᠠᠨ ᠰᠢᠷᠭ᠋ᠠᠭᠤ ᠬᠦᠳᠡᠯᠮᠦᠷᠢ ᠠᠭᠤᠯᠤᠭᠳᠠᠵᠤ ᠪᠠᠶ᠋ᠢᠳᠠᠭ᠃
      ᠳᠣᠯᠣᠭ᠋ᠠᠨ ᠵᠢᠯ᠎ᠤᠨ ᠲᠤᠷᠰᠢ᠂ ᠪᠡᠭᠡᠵᠢᠩ ᠲᠢᠶᠠᠨᠵᠢᠨ ᠾᠧᠪᠧᠢ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠶᠠᠪᠤᠳᠠᠯ᠎ᠢ ᠶᠡᠷᠦᠩᠬᠡᠢ ᠱᠦᠵᠢ ᠰᠢ ᠵᠢᠨ ᠫᠢᠩ ᠢᠮᠠᠭᠲᠠ ᠠᠩᠬᠠᠷᠤᠨ ᠬᠠᠯᠠᠮᠵᠢᠯᠠᠭᠰᠠᠭ᠋ᠠᠷ ᠢᠷᠡᠵᠡᠢ᠃

2013 ᠣᠨ᠎ᠤ 5 ᠳ᠋ᠤᠭ᠋ᠠᠷ ᠰᠠᠷ᠎ᠠ
      ᠰᠢ ᠵᠢᠨ ᠫᠢᠩ ᠲᠢᠶᠠᠨᠵᠢᠨ᠎ᠳᠤ ᠠᠵᠢᠯ᠎ᠤᠨ ᠪᠠᠢ᠌ᠴᠠᠭ᠋ᠠᠯᠲᠠ ᠬᠢᠬᠦ ᠦᠶ᠎ᠡ᠎ᠳᠤ᠂ ᠰᠢᠨ᠎ᠡ ᠴᠠᠭ ᠬᠤᠭᠤᠴᠠᠭ᠋ᠠᠨ᠎ᠤ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠪᠡᠭᠡᠵᠢᠩ ᠲᠢᠶᠠᠨᠵᠢᠨ 《ᠬᠣᠶᠠᠷ ᠬᠣᠲᠠ ᠵᠢᠨ ᠲᠡᠮᠳᠡᠭᠯᠡᠯ》᠎ᠢ ᠪᠢᠴᠢᠭᠯᠡᠬᠦ ᠬᠡᠷᠡᠭᠲᠡᠢ ᠭᠡᠵᠡᠢ᠃
2013 ᠣᠨ᠎ᠤ 8 ᠳ᠋ᠤᠭ᠋ᠠᠷ ᠰᠠᠷ᠎ᠠ
      ᠰᠢ ᠵᠢᠨ ᠫᠢᠩ ᠪᠡᠢ ᠳ᠋ᠠᠢ ᠾᠧ᠎ᠳᠤ ᠾᠧᠪᠧᠢ ᠵᠢᠨ ᠬᠥᠭᠵᠢᠯᠲᠡ ᠵᠢᠨ ᠠᠰᠠᠭᠤᠳᠠᠯ᠎ᠢ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠬᠦ ᠦᠶ᠎ᠡ᠎ᠳᠤ᠂ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠬᠡᠷᠡᠭᠲᠡᠢ ᠭᠡᠵᠦ ᠳᠤᠷᠠᠳᠤᠨ ᠭᠠᠷᠭ᠋ᠠᠪᠠ᠃
2014 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ
      ᠰᠢ ᠵᠢᠨ ᠫᠢᠩ ᠪᠡᠭᠡᠵᠢᠩ᠎ᠳᠤ ᠶᠠᠷᠢᠯᠴᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠡᠭᠡᠵᠢᠩ ᠲᠢᠶᠠᠨᠵᠢᠨ ᠾᠧᠪᠧᠢ ᠵᠢᠨ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠬᠦ ᠬᠢᠭᠡᠳ ᠵᠣᠬᠢᠴᠠᠭᠤᠯᠤᠨ ᠬᠥᠭᠵᠢᠭᠦᠯᠬᠦ ᠠᠰᠠᠭᠤᠳᠠᠯ᠎ᠢ ᠣᠨᠴᠠᠭ᠋ᠠᠢ᠌ᠯᠠᠨ ᠴᠢᠬᠤᠯᠠᠴᠢᠯᠠᠭᠰᠠᠨ᠎ᠤ ᠬᠠᠮᠲᠤ ᠠᠩᠬ᠎ᠠ ᠤᠳᠠᠭ᠎ᠠ ᠤᠯᠤᠰ᠎ᠤᠨ ᠪᠠᠢ᠌ᠯᠳᠤᠬᠤ ᠪᠣᠳᠣᠯᠭ᠎ᠠ ᠪᠣᠯᠭ᠋ᠠᠨ ᠳᠡᠪᠰᠢᠭᠦᠯᠵᠡᠢ᠃
2015 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ
      ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠤᠳᠤᠷᠢᠳᠬᠤ ᠳᠤᠭᠤᠢ᠌ᠯᠠᠩ᠎ᠤᠨ ᠶᠢᠰᠦᠳᠦᠭᠡᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠲᠥᠯᠥᠪᠵᠢᠭᠦᠯᠭᠡ ᠵᠢᠨ ᠬᠥᠲᠥᠯᠪᠦᠷᠢ》 ᠵᠢ ᠬᠢᠨᠠᠨ ᠵᠥᠪᠯᠡᠵᠦ ᠰᠤᠳᠤᠯᠤᠨ ᠶᠠᠷᠢᠯᠴᠠᠪᠠ᠃
2015 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ
      ᠰᠢ ᠵᠢᠨ ᠫᠢᠩ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ᠎ᠢ ᠡᠷᠬᠢᠯᠡᠵᠦ᠂ 《ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠲᠥᠯᠥᠪᠵᠢᠭᠦᠯᠭᠡ ᠵᠢᠨ ᠬᠥᠲᠥᠯᠪᠦᠷᠢ》 ᠵᠢ ᠬᠢᠨᠠᠨ ᠵᠥᠪᠯᠡᠵᠦ ᠪᠠᠲᠤᠯᠠᠪᠠ᠃
2016 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ
      ᠰᠢ ᠵᠢᠨ ᠫᠢᠩ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠪᠡᠭᠡᠵᠢᠩ ᠬᠣᠲᠠ ᠵᠢᠨ ᠵᠠᠰᠠᠭ ᠵᠠᠬᠢᠷᠭ᠋ᠠᠨ᠎ᠤ ᠳᠡᠳ᠋ ᠲᠥᠪ ᠪᠠ ᠪᠡᠭᠡᠵᠢᠩ᠎ᠤᠨ ᠨᠡᠢ᠌ᠰᠯᠡᠯ᠎ᠤᠨ ᠪᠤᠰᠤ ᠴᠢᠳᠠᠮᠵᠢ ᠵᠢ ᠲᠥᠪᠯᠡᠷᠡᠭᠦᠯᠦᠨ ᠠᠴᠢᠶᠠᠯᠠᠬᠤ ᠭᠠᠵᠠᠷ᠎ᠢ ᠵᠢᠯᠣᠭᠣᠳᠤᠨ ᠨᠡᠪᠲᠡᠷᠡᠭᠦᠯᠬᠦ ᠬᠣᠯᠪᠣᠭᠳᠠᠯ ᠪᠦᠬᠦᠢ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ》 ᠵᠢ ᠬᠢᠨᠠᠨ ᠵᠥᠪᠯᠡᠭᠰᠡᠨ᠎ᠤ ᠬᠠᠮᠲᠤ ᠵᠠᠷᠴᠢᠮ᠎ᠤᠨ ᠲᠠᠯ᠎ᠠ᠎ᠪᠠᠷ ᠪᠠᠲᠤᠯᠠᠪᠠ᠃
2017 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠾᠧᠪᠧᠢ ᠵᠢᠨ ᠰᠢᠶᠦ᠋ᠩ ᠠᠨ ᠰᠢᠨ᠎ᠡ ᠲᠣᠭᠣᠷᠢᠭ᠎ᠢ ᠪᠠᠢ᠌ᠭᠤᠯᠬᠤ᠎ᠪᠠᠷ ᠲᠣᠭᠲᠠᠵᠠᠢ᠃


      ᠨᠢᠭᠡ ᠦᠷᠦᠭ ᠰᠢᠲᠠᠷ᠎ᠠ᠂ ᠨᠢᠭᠡ ᠴᠣᠭᠴᠠᠵᠢᠭᠤᠯᠤᠯᠲᠠ᠂ ᠨᠢᠭᠡᠨ ᠵᠢᠷᠤᠭ ᠲᠥᠰᠥᠪ᠎ᠨᠢ ᠪᠡᠭᠡᠵᠢᠩ ᠲᠢᠶᠠᠨᠵᠢᠨ ᠾᠧᠪᠧᠢ ᠵᠢᠨ ᠵᠣᠬᠢᠴᠠᠩᠭᠤᠢ ᠬᠥᠭᠵᠢᠯᠲᠡ ᠵᠢ ᠭᠦᠢ᠍ᠴᠡᠳ ᠬᠠᠷᠠᠭᠤᠯᠵᠤ ᠪᠠᠢ᠌ᠨ᠎ᠠ᠃
      ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠪᠣᠯ ᠨᠢᠭᠡᠨ ᠰᠢᠰᠲ᠋ᠧᠮᠲᠦ ᠢᠨᠵᠧᠨᠧᠷᠢᠩ ᠪᠠᠢ᠌ᠵᠤ᠂ ᠨᠢᠭᠡ ᠯᠡ ᠠᠯᠬᠤᠮ ᠵᠶ᠋ᠠᠷ ᠪᠡᠶᠡᠯᠡᠭᠦᠯᠵᠦ ᠴᠢᠳᠠᠬᠤ ᠪᠣᠯᠣᠯᠴᠠᠭ᠎ᠠ ᠦᠭᠡᠢ᠃ 《ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠪᠣᠯ ᠲᠡᠦᠬᠡᠲᠦ ᠴᠢᠨᠠᠷᠲᠠᠢ ᠢᠨᠵᠧᠨᠧᠷᠢᠩ ᠪᠠᠢ᠌ᠵᠤ᠂ ᠡᠷᠬᠡᠪᠰᠢ ᠨᠢᠭᠡ ᠨᠢᠭᠡ ᠠᠵᠢᠯ ᠵᠶ᠋ᠠᠷ ᠬᠢᠵᠦ᠂ ᠨᠢᠭᠡ ᠨᠢᠭᠡ ᠡᠭᠡᠯᠵᠢ᠎ᠪᠠᠷ ᠵᠠᠯᠭ᠋ᠠᠨ ᠬᠢᠬᠦ ᠬᠡᠷᠡᠭᠲᠡᠢ》 ᠭᠡᠵᠦ ᠰᠢ ᠵᠢᠨ ᠫᠢᠩ ᠣᠯᠠᠨ᠎ᠳᠤ ᠳᠠᠬᠢᠨ ᠳᠠᠪᠲᠠᠨ ᠰᠠᠨᠠᠭᠤᠯᠬᠤ᠎ᠳᠤ᠎ᠪᠠᠨ᠂

《ᠤᠷᠲᠤ ᠬᠤᠭᠤᠴᠠᠭ᠎ᠠ᠎ᠪᠠᠷ ᠴᠢᠷᠮᠠᠢ᠌ᠨ ᠲᠡᠮᠡᠴᠡᠬᠦ ᠦᠵᠡᠯ ᠰᠠᠨᠠᠭ᠋ᠠᠨ᠎ᠤ ᠪᠡᠯᠡᠳᠬᠡᠯ᠎ᠲᠠᠢ ᠪᠠᠢ᠌ᠬᠤ ᠬᠡᠷᠡᠭᠲᠡᠢ》 ᠭᠡᠵᠡᠢ᠃
      ᠳᠣᠯᠣᠭ᠋ᠠᠨ ᠵᠢᠯ᠎ᠤᠨ ᠲᠤᠷᠰᠢ᠂ ᠴᠢᠬᠤᠯᠠ ᠬᠤᠷᠠᠯ᠎ᠢ ᠣᠯᠠᠨ ᠳᠠᠬᠢᠨ ᠬᠤᠷᠠᠯᠳᠤᠭᠤᠯᠤᠨ᠂ ᠲᠤᠬᠠᠢ ᠵᠢᠨ ᠭᠠᠵᠠᠷ᠎ᠲᠤ ᠳᠠᠬᠢᠨ ᠳᠠᠪᠲᠠᠨ ᠪᠠᠢ᠌ᠴᠠᠭ᠋ᠠᠯᠲᠠ ᠬᠢᠬᠦ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠵᠢᠨ ᠲᠤᠰᠠᠳᠠ ᠠᠵᠢᠯ᠎ᠤᠨ ᠰᠡᠳᠬᠢᠮᠵᠢ ᠵᠢ ᠲᠠᠰᠤᠷᠠᠯᠲᠠ ᠦᠭᠡᠢ ᠰᠦᠪᠡᠭᠴᠢᠯᠡᠨ᠂ ᠰᠠᠭᠤᠷᠢ ᠵᠢ ᠪᠠᠲᠤ ᠴᠣᠭᠴᠠᠯᠠᠵᠤ᠂ ᠰᠢᠪᠲᠤᠯᠤᠯᠲᠠ ᠵᠢᠨ ᠵᠠᠮ᠎ᠢ ᠬᠠᠢ᠌ᠭᠰᠠᠭ᠋ᠠᠷ ᠢᠷᠡᠪᠡ᠃

      ᠴᠢᠩ ᠰᠡᠳᠬᠢᠯ᠎ᠨᠢ ᠲᠥᠪ ᠵᠦᠭ ᠵᠶ᠋ᠡᠨ ᠲᠡᠮᠡᠦᠯᠦᠨ᠎ᠡ

      ᠲᠠᠪᠤᠨ ᠲᠠᠯ᠎ᠠ᠎ᠪᠠᠷ 《ᠨᠢᠭᠡ ᠴᠣᠭᠴᠠᠵᠢᠭᠤᠯᠤᠯᠲᠠ》 ᠵᠢ ᠠᠬᠢᠭᠤᠯᠪᠠ
      ᠦᠵᠦ ᠳᠠᠪᠬᠤᠷᠭ᠎ᠠ ᠵᠢᠨ ᠲᠥᠯᠥᠪᠯᠡᠭᠡ ᠵᠢ ᠬᠦᠴᠦᠯᠡᠨ ᠴᠢᠩᠭ᠋ᠠᠳᠬᠠᠵᠤ᠂ ᠨᠡᠢ᠌ᠰᠯᠡᠯ᠎ᠤᠨ ᠠᠵᠤ ᠠᠬᠤᠢ ᠵᠢᠨ ᠲᠣᠭᠣᠷᠢᠭ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠬᠠᠮᠢᠶ᠎ᠠ ᠪᠦᠬᠦᠢ ᠲᠥᠯᠥᠪᠵᠢᠭᠦᠯᠭᠡ ᠵᠢ ᠴᠠᠭ᠎ᠢ ᠠᠮᠵᠢᠵᠤ ᠨᠠᠢ᠌ᠷᠠᠭᠤᠯᠤᠨ ᠵᠣᠬᠢᠶᠠᠬᠤ ᠬᠡᠷᠡᠭᠲᠡᠢ
      ᠣᠷᠣᠨ ᠪᠦᠰᠡ ᠵᠢᠨ ᠰᠠᠭᠤᠷᠢ ᠪᠡᠯᠡᠳᠬᠡᠮᠵᠢ ᠵᠢ ᠨᠢᠭᠡ ᠴᠣᠭᠴᠠᠵᠢᠭᠤᠯᠬᠤ ᠪᠠ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ᠎ᠪᠠᠷ ᠤᠷᠢᠳ ᠵᠶ᠋ᠠᠷ ᠬᠡᠷᠡᠭᠵᠢᠭᠦᠯᠬᠦ ᠬᠦᠷᠢᠶ᠎ᠡ ᠴᠠᠷᠠᠭ᠎ᠠ ᠪᠣᠯᠭ᠋ᠠᠵᠤ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠪᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢ ᠪᠡᠶᠡᠯᠡᠭᠦᠯᠬᠦ᠎ᠪᠠᠷ ᠬᠠᠮᠲᠤᠷᠠᠨ ᠠᠵᠢᠯᠯᠠᠬᠤ ᠭᠣᠣᠯᠳᠠᠯᠭ᠎ᠠ   ᠪᠣᠯᠭ᠋ᠠᠬᠤ ᠬᠡᠷᠡᠭᠲᠡᠢ
      ᠵᠠᠬ᠎ᠠ ᠳᠡᠯᠭᠡᠭᠦᠷ᠎ᠤᠨ ᠨᠢᠭᠡ ᠴᠣᠭᠴᠠᠵᠢᠭᠤᠯᠤᠯᠲᠠ ᠵᠢᠨ ᠠᠬᠢᠴᠠ ᠵᠢ ᠲᠦᠷᠭᠡᠳᠬᠡᠨ ᠠᠬᠢᠭᠤᠯᠬᠤ᠎ᠪᠠᠷ ᠬᠦᠴᠦᠯᠡᠬᠦ ᠬᠡᠷᠡᠭᠲᠡᠢ
      ᠬᠣᠲᠠ ᠵᠢᠨ ᠪᠠᠢ᠌ᠷᠢᠰᠢᠭᠤᠯᠤᠯᠲᠠ ᠪᠠ ᠣᠷᠣᠨ ᠵᠠᠢ ᠵᠢᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠬᠣᠲᠠ ᠵᠢᠨ ᠠᠵᠢᠯ᠎ᠤᠨ ᠬᠤᠪᠢᠶᠠᠷᠢᠯᠠᠯ ᠪᠠ ᠬᠠᠮᠵᠢᠯᠴᠠᠯᠭ᠎ᠠ ᠵᠢ ᠠᠬᠢᠭᠤᠯᠵᠤ᠂ ᠬᠣᠲᠠ ᠵᠢᠨ ᠪᠦᠯᠦᠭᠯᠡᠯ᠎ᠤᠨ ᠨᠢᠭᠡ ᠴᠣᠭᠴᠠᠵᠢᠭᠤᠯᠤᠯᠲᠠ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ
      ᠣᠳᠣᠬᠢᠴᠢᠯᠠᠭᠰᠠᠨ ᠵᠠᠮ ᠬᠠᠷᠢᠯᠴᠠᠭ᠋ᠠᠨ᠎ᠤ ᠲᠣᠣᠷ᠎ᠤᠨ ᠰᠢᠰᠲ᠋ᠧᠮ᠎ᠢ ᠬᠦᠴᠦᠯᠡᠨ ᠪᠠᠢ᠌ᠭᠤᠯᠵᠤ᠂ ᠵᠠᠮ ᠬᠠᠷᠢᠯᠴᠠᠭ᠋ᠠᠨ᠎ᠤ ᠨᠢᠭᠡ ᠴᠣᠭᠴᠠᠵᠢᠭᠤᠯᠤᠯᠲᠠ᠎ᠪᠠᠷ ᠤᠷᠢᠳ ᠵᠶ᠋ᠠᠷ ᠬᠡᠷᠡᠭᠵᠢᠭᠦᠯᠬᠦ ᠬᠦᠷᠢᠶ᠎ᠡ ᠴᠠᠷᠠᠭ᠎ᠠ ᠪᠣᠯᠭ᠋ᠠᠨ᠎ᠠ
                 ----2014 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ᠂ ᠰᠢ ᠵᠢᠨ ᠫᠢᠩ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ᠎ᠳᠤ ᠴᠢᠬᠤᠯᠠᠴᠢᠯᠠᠪᠠ

     

     《ᠥᠪᠡᠷ ᠥᠪᠡᠷ᠎ᠤᠨ ᠭᠠᠵᠠᠷ ᠨᠤᠲᠤᠭ ᠵᠶ᠋ᠠᠨ ᠵᠠᠬᠢᠷᠬᠤ》 ᠰᠡᠳᠬᠢᠬᠦᠢ ᠵᠢ ᠡᠪᠳᠡᠬᠦ ᠬᠡᠷᠡᠭᠲᠡᠢ
      ᠵᠣᠬᠢᠴᠠᠩᠭᠤᠢ ᠬᠥᠭᠵᠢᠯᠲᠡ ᠵᠢ ᠠᠬᠢᠭᠤᠯᠬᠤ ᠡᠷᠴᠢᠮ᠎ᠢ ᠬᠦᠴᠦᠯᠡᠨ ᠴᠢᠩᠭ᠋ᠠᠷᠠᠭᠤᠯᠵᠤ᠂ ᠥᠪᠡᠷ ᠥᠪᠡᠷ᠎ᠤᠨ 《ᠭᠠᠵᠠᠷ ᠨᠤᠲᠤᠭ ᠵᠶ᠋ᠠᠨ ᠵᠠᠬᠢᠷᠬᠤ》 ᠰᠡᠳᠬᠢᠬᠦᠢ ᠵᠢ ᠤᠬᠠᠮᠰᠠᠷ᠎ᠠᠴᠠ᠎ᠪᠠᠨ ᠡᠪᠳᠡᠵᠦ᠂ ᠭᠠᠷ ᠵᠶ᠋ᠠᠨ ᠬᠣᠯᠪᠣᠯᠴᠠᠨ ᠰᠡᠳᠬᠢᠯ ᠵᠶ᠋ᠡᠨ ᠨᠢᠭᠡᠳᠬᠡᠵᠦ ᠦᠵᠦ ᠳᠠᠪᠬᠤᠷᠭ᠎ᠠ ᠵᠢᠨ ᠬᠠᠷᠠᠯᠲᠠ ᠲᠡᠢ᠌ᠰᠢ ᠲᠡᠮᠡᠦᠯᠵᠦ᠂ ᠪᠦᠧᠧᠬᠠᠢ ᠲᠠᠩᠭᠢᠰ᠎ᠢ ᠲᠣᠭᠣᠷᠢᠭᠰᠠᠨ ᠭᠠᠵᠠᠷ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠎ᠠ ᠬᠥᠭᠵᠢᠯᠲᠡ ᠵᠢ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃
                 --- 2014 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ᠂ ᠰᠢ ᠵᠢᠨ ᠫᠢᠩ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ᠎ᠳᠤ ᠴᠢᠬᠤᠯᠠᠴᠢᠯᠠᠪᠠ

      ᠬᠠᠷᠠᠯᠲᠠ᠎ᠪᠠᠨ ᠲᠣᠳᠣᠷᠬᠠᠢ᠌ᠯᠠᠨ᠂ ᠪᠡᠭᠡᠵᠢᠩ᠎ᠤᠨ ᠨᠡᠢ᠌ᠰᠯᠡᠯ᠎ᠤᠨ ᠪᠤᠰᠤ ᠴᠢᠳᠠᠮᠵᠢ ᠵᠢ ᠵᠢᠯᠣᠭᠣᠳᠤᠨ ᠨᠡᠪᠲᠡᠷᠡᠭᠦᠯᠬᠦ᠎ᠪᠠᠷ ᠳᠠᠮᠵᠢᠭᠤᠯᠵᠤ᠂ ᠠᠵᠤ ᠠᠬᠤᠢ ᠵᠢᠨ ᠪᠦᠲᠦᠴᠡ ᠪᠠ ᠣᠷᠣᠨ ᠵᠠᠢ ᠵᠢᠨ ᠪᠦᠲᠦᠴᠡ᠎ᠳᠤ ᠲᠣᠬᠢᠷᠠᠭᠤᠯᠤᠯᠲᠠ ᠬᠢᠵᠦ᠂ ᠳᠣᠲᠣᠭ᠋ᠠᠳᠤ᠎ᠳᠤ᠎ᠪᠠᠨ ᠡᠷᠴᠢᠮᠵᠢᠭᠦᠯᠦᠭᠰᠡᠨ ᠬᠥᠭᠵᠢᠯᠲᠡ ᠵᠢ ᠠᠭᠤᠯᠤᠭᠰᠠᠨ ᠰᠢᠨ᠎ᠡ ᠵᠠᠮ ᠵᠶ᠋ᠠᠷ  ᠵᠠᠮᠨᠠᠵᠤ᠂ ᠬᠥᠮᠥᠨ ᠠᠮᠠ ᠠᠵᠤ ᠠᠬᠤᠢ ᠴᠢᠭᠵᠢᠭᠦᠦ ᠭᠠᠵᠠᠷ ᠣᠷᠣᠨ᠎ᠢ ᠰᠢᠯᠢᠳᠡᠭᠵᠢᠭᠦᠯᠵᠦ ᠨᠡᠭᠡᠭᠡᠨ ᠬᠥᠭᠵᠢᠭᠦᠯᠬᠦ ᠵᠠᠭᠪᠤᠷ᠎ᠢ ᠰᠦᠪᠡᠭᠴᠢᠯᠡᠨ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠰᠢᠨ᠎ᠡ ᠨᠡᠮᠡᠭᠳᠡᠯ᠎ᠤᠨ ᠲᠤᠢ᠌ᠯ᠎ᠢ ᠪᠦᠷᠢᠯᠳᠦᠭᠦᠯᠬᠦ ᠬᠡᠷᠡᠭᠲᠡᠢ᠃
                 ---- 2015 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠤᠳᠤᠷᠢᠳᠬᠤ ᠳᠤᠭᠤᠢ᠌ᠯᠠᠩ᠎ᠤᠨ ᠶᠢᠰᠦᠳᠦᠭᠡᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ ᠵᠢᠨ ᠶᠠᠷᠢᠶ᠎ᠠ

      ᠾᠧᠪᠧᠢ ᠮᠤᠵᠢ᠂ ᠴᠢᠭᠤᠯᠠᠯᠲᠤ ᠬᠠᠭ᠋ᠠᠯᠭ᠎ᠠ ᠬᠣᠲᠠ ᠲᠡᠦᠬᠡ ᠵᠢᠨ ᠠᠵᠠ ᠲᠣᠬᠢᠶᠠᠯ᠎ᠢ ᠡᠵᠡᠮᠳᠡᠨ᠂ 《13 · 5》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ᠎ᠲᠠᠢ ᠨᠢᠭᠲᠠ ᠤᠶᠠᠯᠳᠤᠭᠤᠯᠤᠨ᠂ ᠪᠡᠭᠡᠵᠢᠩ ᠲᠢᠶᠠᠨᠵᠢᠨ ᠾᠧᠪᠧᠢ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠴᠤᠭᠯᠠᠭ᠋ᠠᠨ᠎ᠢ ᠡᠷᠬᠢᠯᠡᠬᠦ᠎ᠪᠠᠷ ᠳᠠᠮᠵᠢᠭᠤᠯᠤᠨ ᠡᠯ᠎ᠡ ᠲᠠᠯ᠎ᠠ ᠵᠢᠨ᠎ᠬᠢᠨ᠎ᠤ ᠪᠠᠢ᠌ᠭᠤᠯᠤᠯᠲᠠ ᠵᠢ ᠳᠠᠢ᠌ᠴᠢᠯᠠᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠴᠤᠭᠯᠠᠭ᠋ᠠᠨ᠎ᠢ ᠡᠷᠬᠢᠯᠡᠬᠦ ᠪᠠ ᠲᠤᠰ ᠭᠠᠵᠠᠷ᠎ᠤᠨ ᠬᠥᠭᠵᠢᠯᠲᠡ ᠵᠢ ᠠᠬᠢᠭᠤᠯᠬᠤ ᠬᠣᠶᠠᠷ ᠲᠠᠯ᠎ᠠ᠎ᠪᠠᠷ ᠰᠢᠯᠢᠳᠡᠭ ᠬᠢᠷᠢ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ᠃
                 --- 2017 ᠣᠨ᠎ᠤ 1 ᠳ᠋ᠦ᠍ᠭᠡᠷ ᠰᠠᠷ᠎ᠠ ᠵᠢᠨ 23᠎ᠤ ᠡᠳᠦᠷ᠂ ᠰᠢ ᠵᠢᠨ ᠫᠢᠩ ᠴᠢᠭᠤᠯᠠᠯᠲᠤ ᠬᠠᠭ᠋ᠠᠯᠭ᠎ᠠ ᠬᠣᠲᠠ᠎ᠳᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠴᠤᠭᠯᠠᠭ᠋ᠠᠨ᠎ᠢ ᠡᠷᠬᠢᠯᠡᠬᠦ᠎ᠪᠠᠷ ᠪᠡᠯᠡᠳᠬᠡᠵᠦ ᠪᠠᠢ᠌ᠭ᠎ᠠ ᠠᠵᠢᠯ᠎ᠳᠤ ᠪᠠᠢ᠌ᠴᠠᠭ᠋ᠠᠯᠲᠠ ᠬᠢᠬᠦ ᠦᠶ᠎ᠡ᠎ᠳᠤ ᠴᠢᠬᠤᠯᠠᠴᠢᠯᠠᠪᠠ

      ᠠᠵᠤ ᠠᠬᠤᠢ ᠵᠢ ᠬᠥᠭᠵᠢᠭᠦᠯᠦᠨ᠂ ᠤᠯᠤᠰ ᠵᠶ᠋ᠠᠨ ᠬᠦᠴᠦᠷᠬᠡᠭᠵᠢᠭᠦᠯᠬᠦ ᠬᠡᠷᠡᠭᠲᠡᠢ᠂ ᠵᠠᠮ ᠬᠠᠷᠢᠯᠴᠠᠭ᠎ᠠ ᠣᠨᠴᠠᠭ᠋ᠠᠢ᠌ᠯᠠᠨ ᠳᠠᠯᠠᠢ ᠵᠢᠨ ᠲᠡᠭᠡᠭᠡᠪᠦᠷᠢ ᠵᠢ ᠡᠩ ᠲᠡᠷᠢᠭᠦᠨ᠎ᠳᠤ ᠬᠦᠴᠦᠷᠬᠡᠭᠵᠢᠭᠦᠯᠬᠦ ᠬᠡᠷᠡᠭᠲᠡᠢ᠃ ᠠᠯᠤᠰ ᠬᠡᠳᠦ ᠵᠢᠨ ᠬᠠᠷᠠᠯᠲᠠ ᠵᠢ ᠲᠣᠭᠲᠠᠭ᠋ᠠᠨ᠂ ᠳᠡᠯᠡᠬᠡᠢ ᠵᠢᠨ ᠲᠡᠷᠢᠭᠦᠨ᠎ᠤ ᠣᠶᠤᠨᠴᠢ ᠭᠠᠷᠠᠮ᠂ ᠪᠣᠬᠢᠷᠲᠤᠯ ᠦᠭᠡᠢ ᠭᠠᠷᠠᠮ᠎ᠢ ᠴᠢᠷᠮᠠᠢ᠌ᠨ ᠪᠠᠢ᠌ᠭᠤᠯᠵᠤ᠂ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠪᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢ᠌ᠭᠤᠯᠬᠤ᠎ᠳᠤ ᠨᠡᠩ ᠰᠠᠢ᠌ᠨ ᠦᠢ᠍ᠯᠡᠴᠢᠯᠡᠬᠦ ᠬᠡᠷᠡᠭᠲᠡᠢ᠃
                 ---- 2019 ᠣᠨ᠎ᠤ 1 ᠳ᠋ᠦ᠍ᠭᠡᠷ ᠰᠠᠷ᠎ᠠ ᠵᠢᠨ 17᠎ᠤ ᠡᠳᠦᠷ᠂ ᠰᠢ ᠵᠢᠨ ᠫᠢᠩ ᠲᠢᠶᠠᠨᠵᠢᠨ᠎ᠳᠤ ᠠᠵᠢᠯ᠎ᠤᠨ ᠪᠠᠢ᠌ᠴᠠᠭ᠋ᠠᠯᠲᠠ ᠬᠢᠬᠦ ᠦᠶ᠎ᠡ᠎ᠳᠤ ᠴᠢᠬᠤᠯᠠᠴᠢᠯᠠᠪᠠ

      ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ᠎ᠤᠨ᠎ᠬᠢᠨ ᠠᠵᠠ ᠲᠣᠬᠢᠶᠠᠯ᠎ᠢ ᠡᠵᠡᠮᠳᠡᠵᠦ᠂ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠭᠠᠵᠠᠷ ᠣᠷᠣᠨ᠎ᠤ ᠴᠢᠨᠠᠷᠯᠢᠭ ᠬᠥᠭᠵᠢᠯᠲᠡ ᠵᠢ ᠲᠦᠷᠭᠡᠳᠬᠡᠨ ᠠᠬᠢᠭᠤᠯᠬᠤ ᠬᠡᠷᠡᠭᠲᠡᠢ᠃
                 ---- 2019 ᠣᠨ᠎ᠤ 9 ᠳ᠋ᠦ᠍ᠭᠡᠷ ᠰᠠᠷ᠎ᠠ ᠵᠢᠨ 25᠎ᠤ ᠡᠳᠦᠷ᠂ ᠰᠢ ᠵᠢᠨ ᠫᠢᠩ ᠪᠡᠭᠡᠵᠢᠩ᠎ᠤᠨ ᠳ᠋ᠠ ᠰᠢᠩ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠢ ᠠᠰᠢᠭᠯᠠᠯᠲᠠ᠎ᠳᠤ ᠣᠷᠣᠭᠤᠯᠬᠤ ᠶᠣᠰᠣᠯᠠᠯ᠎ᠳᠤ ᠣᠷᠣᠯᠴᠠᠬᠤ ᠦᠶ᠎ᠡ᠎ᠳᠤ ᠵᠢᠭ᠋ᠠᠵᠤ ᠭᠠᠷᠭ᠋ᠠᠪᠠ

     

      ᠪᠠᠢ᠌ᠭᠤᠯᠤᠯ ᠲᠣᠭᠲᠠᠴᠠ ᠵᠢᠨ ᠰᠠᠭ᠋ᠠᠳ᠎ᠢ ᠠᠷᠢᠯᠭ᠋ᠠᠬᠤ ᠬᠡᠷᠡᠭᠲᠡᠢ
      ᠵᠣᠬᠢᠴᠠᠩᠭᠤᠢ᠎ᠪᠠᠷ ᠬᠥᠭᠵᠢᠭᠦᠯᠬᠦ᠂ ᠭᠣᠣᠯᠳᠠᠯᠭ᠎ᠠ᠎ᠲᠠᠢ᠎ᠪᠠᠷ ᠰᠢᠪᠲᠤᠯᠤᠯᠲᠠ ᠬᠢᠬᠦ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠠᠯᠬᠤᠮ ᠳᠠᠷᠠᠭ᠋ᠠᠯᠠᠯ᠎ᠲᠠᠢ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃
                 ---- 2015 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ᠂ ᠰᠢ ᠵᠢᠨ ᠫᠢᠩ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ᠎ᠳᠤ ᠴᠢᠬᠤᠯᠠᠴᠢᠯᠠᠪᠠ
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠣᠷᠢᠭ᠎ᠤᠨ ᠪᠠᠢ᠌ᠭᠤᠯᠤᠯ ᠲᠣᠭᠲᠠᠴᠠ ᠵᠢᠨ ᠰᠢᠨᠡᠴᠢᠯᠡᠯᠲᠡ ᠵᠢ ᠭᠦᠨᠵᠡᠭᠡᠢ᠌ᠷᠡᠭᠦᠯᠦᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠪᠡᠭᠡᠵᠢᠩ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠨᠡᠩ ᠤᠯᠠᠨ ᠡᠬᠢ ᠪᠠᠶᠠᠯᠢᠭ᠎ᠢ ᠬᠦᠷᠢᠶᠡᠯᠡᠩ ᠲᠣᠭᠣᠷᠢᠭ᠎ᠤᠨ ᠪᠡᠯᠡ ᠣᠷᠣᠭᠤᠯᠤᠯᠲᠠ ᠪᠤᠶᠤ ᠲᠤᠬᠠᠢ᠌ᠯᠠᠭᠰᠠᠨ ᠠᠵᠢᠯ᠎ᠤᠨ ᠰᠤᠩᠭ᠋ᠠᠯᠲᠠ᠎ᠳᠤ ᠲᠠᠲᠠᠨ ᠣᠷᠣᠭᠤᠯᠵᠤ᠂ ᠪᠡᠭᠡᠵᠢᠩ ᠲᠢᠶᠠᠨᠵᠢᠨ ᠬᠣᠶᠠᠷ ᠬᠣᠲᠠ ᠵᠢᠨ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠵᠦ᠂ ᠬᠠᠷᠢᠯᠴᠠᠨ ᠬᠣᠯᠪᠣᠭ᠋ᠠᠯᠠᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠡᠢ᠃
                 ----2019 ᠣᠨ᠎ᠤ 1 ᠳ᠋ᠦ᠍ᠭᠡᠷ ᠰᠠᠷ᠎ᠠ ᠵᠢᠨ 17᠎ᠤ ᠡᠳᠦᠷ᠂ ᠰᠢ ᠵᠢᠨ ᠫᠢᠩ ᠲᠢᠶᠠᠨᠵᠢᠨ᠎ᠳᠤ ᠠᠵᠢᠯ᠎ᠤᠨ ᠪᠠᠢ᠌ᠴᠠᠭ᠋ᠠᠯᠲᠠ ᠬᠢᠬᠦ ᠦᠶ᠎ᠡ᠎ᠳᠤ ᠴᠢᠬᠤᠯᠠᠴᠢᠯᠠᠪᠠ
      ᠵᠣᠬᠢᠴᠠᠩᠭᠤᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠵᠠᠰᠠᠭ ᠵᠠᠬᠢᠷᠭ᠋ᠠᠨ᠎ᠤ ᠪᠡᠬᠢᠯᠡᠯᠲᠡ ᠪᠠ ᠪᠠᠢ᠌ᠭᠤᠯᠤᠯ ᠲᠣᠭᠲᠠᠴᠠ ᠵᠢᠨ ᠰᠠᠭ᠋ᠠᠳ᠎ᠢ ᠡᠪᠳᠡᠵᠦ᠂ ᠵᠣᠬᠢᠴᠠᠩᠭᠤᠢ ᠬᠥᠭᠵᠢᠯᠲᠡ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠳᠦᠷᠢᠮ᠎ᠤᠨ ᠪᠠᠲᠤᠯᠠᠭ᠎ᠠ ᠵᠢ ᠪᠦᠷᠢᠯᠳᠦᠭᠦᠯᠬᠦ ᠬᠡᠷᠡᠭᠲᠡᠢ᠃
                 ----2019 ᠣᠨ᠎ᠤ 1 ᠳ᠋ᠦ᠍ᠭᠡᠷ ᠰᠠᠷ᠎ᠠ ᠵᠢᠨ 18᠎ᠤ ᠡᠳᠦᠷ᠂ ᠰᠢ ᠵᠢᠨ ᠫᠢᠩ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ ᠶᠠᠷᠢᠯᠴᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ᠎ᠳᠤ ᠴᠢᠬᠤᠯᠠᠴᠢᠯᠠᠪᠠ

      ᠳᠣᠯᠣᠭ᠋ᠠᠨ ᠵᠢᠯ᠎ᠤᠨ ᠲᠤᠷᠰᠢ᠂ ᠶᠡᠷᠦᠩᠬᠡᠢ ᠱᠦᠵᠢ ᠰᠢ ᠵᠢᠨ ᠫᠢᠩ᠎ᠤᠨ ᠤᠳᠤᠷᠢᠳᠤᠯᠭ᠎ᠠ ᠳᠣᠣᠷ᠎ᠠ᠂ ᠪᠡᠭᠡᠵᠢᠩ ᠲᠢᠶᠠᠨᠵᠢᠨ ᠾᠧᠪᠧᠢ ᠵᠢᠨ ᠠᠮᠢᠵᠢᠷᠠᠯ᠎ᠤᠨ ᠬᠦᠴᠦᠨ ᠨᠡᠩ ᠥᠷᠨᠢᠨ ᠪᠠᠳᠠᠷᠠᠵᠤ᠂ ᠨᠡᠩ ᠶᠡᠬᠡ ᠦᠷ᠎ᠡ ᠪᠦᠲᠦᠮᠵᠢ ᠣᠯᠣᠭᠰᠠᠨ ᠪᠠᠢ᠌ᠨ᠎ᠠ᠃



     2020 ᠣᠨ᠎ᠤ 12 ᠳ᠋ᠤᠭ᠋ᠠᠷ ᠰᠠᠷ᠎ᠠ ᠵᠢᠨ 27᠎ᠤ ᠡᠳᠦᠷ᠂ ᠪᠡᠭᠡᠵᠢᠩ ᠰᠢᠶᠦ᠋ᠩ ᠠᠨ᠎ᠤ ᠬᠣᠭᠣᠷᠣᠨᠳᠤᠬᠢ ᠲᠡᠮᠦᠷ ᠵᠠᠮ᠎ᠢ ᠵᠢᠩᠬᠢᠨᠢ᠎ᠪᠠᠷ ᠨᠡᠪᠲᠡᠷᠡᠭᠦᠯᠦᠨ ᠠᠵᠢᠯᠯᠠᠭᠤᠯᠵᠤ᠂ ᠰᠢᠶᠦ᠋ᠩ ᠠᠨ ᠥᠷᠲᠡᠭᠡ᠎ᠨᠢ ᠵᠢᠩᠬᠢᠨᠢ᠎ᠪᠠᠷ ᠠᠰᠢᠭᠯᠠᠯᠲᠠ᠎ᠳᠤ ᠣᠷᠣᠪᠠ᠃ ᠪᠡᠭᠡᠵᠢᠩ᠎ᠤᠨ ᠪᠠᠷᠠᠭᠤᠨ ᠥᠷᠲᠡᠭᠡ᠎ᠠᠴᠠ ᠰᠢᠶᠦ᠋ᠩ ᠠᠨ ᠰᠢᠨ᠎ᠡ ᠲᠣᠭᠣᠷᠢᠭ᠎ᠤᠨ ᠬᠣᠭᠣᠷᠣᠨᠳᠤ ᠬᠠᠮᠤᠭ᠎ᠤᠨ ᠲᠦᠷᠭᠡᠨ ᠠᠶᠠᠯᠠᠯ᠎ᠤᠨ ᠴᠠᠭ᠎ᠨᠢ 50 ᠮᠢᠨᠦ᠋ᠲ ᠪᠠᠢ᠌ᠵᠤ᠂ ᠪᠡᠭᠡᠵᠢᠩ᠎ᠤᠨ ᠳ᠋ᠠ ᠰᠢᠩ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠠᠴᠠ ᠰᠢᠶᠦ᠋ᠩ ᠠᠨ ᠰᠢᠨ᠎ᠡ ᠲᠣᠭᠣᠷᠢᠭ ᠬᠦᠷᠲᠡᠯ᠎ᠡ ᠬᠠᠮᠤᠭ᠎ᠤᠨ ᠬᠤᠷᠳᠤᠨ᠎ᠳᠤ᠎ᠪᠠᠨ 19 ᠮᠢᠨᠦ᠋ᠲ ᠬᠡᠷᠡᠭᠰᠡᠬᠦ ᠪᠣᠯᠵᠠᠢ᠃



     2020 ᠣᠨ᠎ᠤ 12 ᠳ᠋ᠤᠭ᠋ᠠᠷ ᠰᠠᠷ᠎ᠠ ᠵᠢᠨ 12᠎ᠤᠨ ᠡᠳᠦᠷ᠂ ᠪᠡᠭᠡᠵᠢᠩ᠎ᠤᠨ ᠶᠦᠩ ᠳ᠋ᠢᠩ ᠾᠧ ᠭᠣᠣᠯ᠎ᠳᠤ ᠠᠩᠬ᠎ᠠ ᠤᠳᠠᠭ᠎ᠠ ᠡᠪᠦᠯ᠎ᠤᠨ ᠤᠯᠠᠷᠢᠯ᠎ᠤᠨ ᠠᠮᠢ ᠠᠬᠤᠢ ᠵᠢᠨ ᠤᠰᠤ ᠨᠥᠬᠥᠪᠦᠷᠢᠯᠡᠪᠡ᠃ 25 ᠵᠢᠯ᠎ᠤᠨ ᠲᠤᠷᠰᠢ᠂ ᠶᠦᠩ ᠳ᠋ᠢᠩ ᠾᠧ ᠭᠣᠣᠯ ᠵᠶ᠋ᠠᠷ ᠪᠡᠭᠡᠵᠢᠩ ᠲᠢᠶᠠᠨᠵᠢᠨ ᠾᠧᠪᠧᠢ ᠵᠢᠨ ᠣᠷᠣᠨ ᠪᠦᠰᠡ ᠵᠢ ᠬᠣᠯᠪᠣᠯᠳᠤᠭᠤᠯᠤᠨ ᠨᠡᠪᠲᠡᠷᠡᠭᠦᠯᠬᠦ ᠬᠠᠷᠠᠯᠲᠠ ᠵᠢ ᠠᠩᠬ᠎ᠠ ᠤᠳᠠᠭ᠎ᠠ ᠪᠡᠶᠡᠯᠡᠭᠦᠯᠪᠡ᠃



     2020 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ᠂ ᠾᠧᠪᠧᠢ ᠵᠢᠨ ᠴᠢᠭᠤᠯᠠᠯᠲᠤ ᠬᠠᠭ᠋ᠠᠯᠭ᠎ᠠ᠎ᠳᠤ᠂ ᠴᠠᠰᠤᠨ᠎ᠤ ᠳᠠᠷᠠᠭ᠋ᠠᠬᠢ ᠡᠪᠦᠯ᠎ᠤᠨ ᠤᠯᠠᠷᠢᠯ᠎ᠤᠨ ᠣᠯᠢᠮᠫᠢᠺ᠎ᠤᠨ ᠴᠤᠭᠯᠠᠭ᠋ᠠᠨ᠎ᠤ ᠲᠠᠢ᠌ᠰᠠᠨ᠎ᠠᠴᠠ ᠦᠰᠦᠷᠦᠨ ᠴᠠᠰᠤᠨ᠎ᠳᠤ ᠭᠤᠯᠭᠤᠬᠤ ᠲᠥᠪ 《ᠴᠠᠰᠤᠨ ᠴᠢᠨᠳᠠᠮᠤᠨᠢ》 ᠵᠢ ᠪᠠᠷᠢᠵᠤ ᠳᠠᠭᠤᠰᠬᠠᠪᠠ᠃ ᠤᠳᠠᠯ ᠦᠭᠡᠢ ᠪᠣᠯᠬᠤ ᠭᠡᠵᠦ ᠪᠠᠢ᠌ᠭ᠎ᠠ 2022 ᠣᠨ᠎ᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠴᠤᠭᠯᠠᠭ᠋ᠠᠨ᠎ᠨᠢ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ᠎ᠤᠨ ᠠᠵᠤ ᠠᠬᠤᠢ ᠨᠡᠢ᠌ᠭᠡᠮ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ 1+ 1+ 1>3 ᠵᠢᠨ ᠦᠷ᠎ᠡ ᠪᠦᠲᠦᠮᠵᠢ ᠭᠠᠷᠭ᠋ᠠᠵᠠᠢ᠃

     

     《13 · 5》᠎ᠤᠨ ᠬᠤᠭᠤᠴᠠᠭ᠋ᠠᠨ᠎ᠳᠤ᠂ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ᠎ᠤᠨ᠎ᠬᠢᠨ ᠲᠦᠷᠭᠡᠨ᠂ ᠳᠥᠭᠥᠮ ᠳᠥᠲᠡ᠂ ᠥᠨᠳᠥᠷ ᠪᠦᠲᠦᠮᠵᠢᠲᠡᠢ᠂ ᠠᠮᠤᠷ ᠲᠦᠪᠰᠢᠨ᠂ ᠪᠠᠭᠲᠠᠭ᠋ᠠᠮᠵᠢ ᠶᠡᠬᠡᠲᠡᠢ᠂ ᠥᠪᠡᠷ᠎ᠤᠨ ᠥᠷᠲᠡᠭ ᠳᠣᠣᠷ᠎ᠠ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠭᠰᠡᠨ ᠵᠠᠮ ᠬᠠᠷᠢᠯᠴᠠᠭ᠋ᠠᠨ᠎ᠤ ᠶᠡᠷᠦᠩᠬᠡᠢ᠌ᠯᠡᠭᠰᠡᠨ ᠲᠣᠣᠷ᠎ᠢ ᠲᠦᠷᠭᠡᠳᠬᠡᠨ ᠪᠠᠢ᠌ᠭᠤᠯᠵᠤ᠂ ᠪᠡᠭᠡᠵᠢᠩ ᠲᠢᠶᠠᠨᠵᠢᠨ ᠾᠧᠪᠧᠢ ᠵᠢᠨ ᠭᠣᠣᠯ ᠣᠷᠣᠨ᠎ᠤ 1 ᠴᠠᠭ᠎ᠤᠨ ᠵᠠᠮ ᠬᠠᠷᠢᠯᠴᠠᠭ᠋ᠠᠨ᠎ᠤ ᠲᠣᠭᠣᠷᠢᠭ᠂ ᠬᠥᠷᠰᠢ ᠵᠡᠷᠭᠡᠯᠡᠳᠡᠭᠡ ᠬᠣᠲᠠ ᠵᠢᠨ ᠬᠣᠭᠣᠷᠣᠨᠳᠤᠬᠢ 1.5 ᠴᠠᠭ᠎ᠤᠨ ᠵᠠᠮ ᠬᠠᠷᠢᠯᠴᠠᠭ᠋ᠠᠨ᠎ᠤ ᠲᠣᠭᠣᠷᠢᠭ᠎ᠢ ᠦᠨᠳᠦᠰᠦᠨ᠎ᠳᠤ᠎ᠪᠠᠨ ᠪᠦᠷᠢᠯᠳᠦᠭᠦᠯᠬᠦ ᠬᠡᠷᠡᠭᠲᠡᠢ᠃
      ᠪᠡᠭᠡᠵᠢᠩ ᠲᠢᠶᠠᠨᠵᠢᠨ ᠾᠧᠪᠧᠢ ᠵᠢᠨ ᠣᠷᠣᠨ ᠪᠦᠰᠡ ᠵᠢᠨ ᠪᠣᠬᠢᠷᠲᠤᠯ ᠦᠭᠡᠢ ᠬᠥᠭᠵᠢᠯᠲᠡ ᠵᠢᠨ ᠭᠦᠢ᠍ᠴᠡᠳᠬᠡᠯ ᠲᠣᠭ᠎ᠠ᠎ᠨᠢ 2019 ᠣᠨ᠎ᠳᠤ 164.65᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 17.81 ᠵᠠᠭᠤᠨ᠎ᠤ ᠴᠡᠭ ᠵᠶ᠋ᠡᠷ ᠳᠡᠭᠡᠭᠰᠢᠯᠡᠵᠦ᠂ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠠᠯ᠎ᠠ᠎ᠪᠠᠷ᠎ᠬᠢ ᠬᠠᠮᠵᠢᠯᠴᠠᠯᠭ᠎ᠠ ᠬᠣᠯᠪᠣᠭ᠋ᠠᠯᠠᠯ ᠪᠠ ᠰᠡᠷᠭᠡᠢ᠌ᠯᠡᠯᠲᠡ ᠵᠠᠰᠠᠯᠲᠠ᠎ᠨᠢ ᠤᠯᠠᠮ ᠨᠢᠭᠡ ᠠᠯᠬᠤᠮ ᠴᠢᠩᠭ᠋ᠠᠷᠠᠵᠤ᠂ ᠬᠠᠮᠵᠢᠯᠴᠠᠨ ᠠᠵᠢᠯᠯᠠᠬᠤ ᠲᠣᠭᠲᠠᠴᠠ᠎ᠨᠢ ᠠᠯᠬᠤᠮ ᠠᠯᠬᠤᠮ ᠵᠶ᠋ᠠᠷ ᠲᠡᠭᠦᠯᠳᠡᠷᠵᠢᠵᠦ᠂ ᠠᠮᠢ ᠠᠬᠤᠢ ᠵᠢᠨ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠵᠠᠰᠠᠯᠲᠠ᠎ᠨᠢ ᠦᠷ᠎ᠡ ᠪᠦᠲᠦᠮᠵᠢ ᠣᠯᠣᠭᠰᠠᠨ᠎ᠢ ᠬᠠᠷᠠᠭᠤᠯᠵᠤ ᠪᠠᠢ᠌ᠨ᠎ᠠ᠃
     《  ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠰᠢᠨ᠎ᠡ ᠵᠢ ᠡᠭᠦᠳᠦᠭᠰᠡᠨ ᠭᠦᠢ᠍ᠴᠡᠳᠬᠡᠯ ᠲᠣᠭ᠎ᠠ (2020)》 ᠵᠢ ᠲᠦᠷᠦᠭᠦᠬᠡᠨ ᠨᠡᠢ᠌ᠲᠡᠯᠡᠵᠦ᠂ ᠮᠡᠳᠡᠭᠦᠯᠦᠯᠲᠡ ᠵᠢᠨ ᠢᠯᠡᠷᠡᠭᠦᠯᠦᠭᠰᠡᠨ ᠵᠶ᠋ᠡᠷ᠂ 2013 ᠣᠨ᠎ᠠᠴᠠ 2018 ᠣᠨ ᠪᠣᠯᠲᠠᠯ᠎ᠠ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠰᠢᠨ᠎ᠡ ᠵᠢ ᠡᠭᠦᠳᠦᠭᠰᠡᠨ ᠭᠦᠢ᠍ᠴᠡᠳᠬᠡᠯ ᠲᠣᠭ᠎ᠠ᠎ᠨᠢ 16.18᠎ᠠᠴᠠ 8099 ᠪᠣᠯᠲᠠᠯ᠎ᠠ ᠨᠡᠮᠡᠭᠳᠡᠵᠦ᠂ 4 ᠭᠠᠷᠤᠢ ᠳᠠᠬᠢᠨ ᠵᠶ᠋ᠠᠷ ᠨᠡᠮᠡᠭᠳᠡᠪᠡ᠃ ᠡᠨᠡ᠎ᠨᠢ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠰᠢᠨ᠎ᠡ ᠵᠢ ᠡᠭᠦᠳᠬᠦ ᠠᠵᠢᠯ᠎ᠨᠢ ᠢᠯᠡᠳᠲᠡ ᠦᠷ᠎ᠡ ᠪᠦᠲᠦᠮᠵᠢ ᠣᠯᠣᠭᠰᠠᠨ᠎ᠢ ᠲᠣᠳᠣᠷᠬᠠᠢ᠌ᠯᠠᠵᠤ ᠪᠠᠢ᠌ᠨ᠎ᠠ᠃

     2021 ᠣᠨ᠎ᠤ ᠡᠬᠢᠨ᠎ᠳᠤ᠂ ᠾᠧᠪᠧᠢ᠎ᠳᠤ ᠬᠡᠰᠡᠭ ᠬᠡᠮᠵᠢᠶᠡᠨ᠎ᠤ ᠴᠤᠭᠯᠠᠷᠠᠯ᠎ᠤᠨ ᠴᠢᠨᠠᠷᠲᠠᠢ ᠬᠢᠵᠢᠭ᠎ᠤᠨ ᠪᠠᠢ᠌ᠳᠠᠯ ᠢᠯᠡᠷᠡᠪᠡ᠃
      ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠴᠠᠭ ᠲᠤᠬᠠᠢ᠎ᠳᠤ᠎ᠨᠢ ᠾᠧᠪᠧᠢ ᠮᠤᠵᠢ᠎ᠳᠤ 29 ᠨᠡᠷ᠎ᠡ ᠬᠦᠨᠳᠦᠲᠦ ᠲᠤᠰᠬᠠᠢ ᠮᠡᠷᠭᠡᠵᠢᠯᠲᠡᠨ᠎ᠢ ᠲᠣᠮᠢᠯᠠᠨ ᠣᠴᠢᠭᠤᠯᠵᠤ᠂ ᠴᠡᠭ ᠲᠣᠭᠲᠠᠭ᠋ᠠᠭᠰᠠᠨ ᠡᠮᠨᠡᠯᠭᠡ ᠵᠢᠨ ᠬᠣᠷᠢᠶ᠎ᠠ ᠪᠣᠯᠬᠤ ᠾᠧᠪᠧᠢ ᠮᠤᠵᠢ ᠵᠢᠨ ᠴᠡᠭᠡᠵᠢᠨ᠎ᠤ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ᠎ᠳᠤ ᠰᠠᠭᠤᠯᠭ᠋ᠠᠨ ᠲᠤᠬᠠᠢ ᠵᠢᠨ ᠲᠠᠯᠠᠪᠤᠷ᠎ᠤᠨ ᠨᠢᠭᠡᠳᠦᠭᠡᠷ ᠹᠷᠣᠨᠲ᠎ᠲᠤ ᠠᠪᠤᠷᠠᠨ ᠵᠠᠰᠠᠬᠤ ᠠᠵᠢᠯ᠎ᠢ ᠥᠷᠨᠢᠭᠦᠯᠪᠡ ; ᠪᠡᠭᠡᠵᠢᠩ᠎ᠤᠨ ᠲᠢᠶᠠᠨ ᠲᠠᠨ ᠡᠮᠨᠡᠯᠭᠡ ᠵᠢᠨ ᠬᠣᠷᠢᠶ᠎ᠠ ᠵᠢᠨ 20 ᠡᠮᠴᠢ ᠰᠤᠪᠢᠯᠠᠭᠴᠢ᠎ᠪᠠᠷ ᠪᠦᠷᠢᠯᠳᠦᠭᠰᠡᠨ ᠠᠩᠬᠠᠳᠠᠭᠴᠢ ᠰᠠᠯᠠᠭ᠎ᠠ ᠾᠧᠪᠧᠢ ᠵᠢ ᠲᠤᠰᠠᠯᠠᠨ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠬᠢᠬᠦ ᠡᠮᠴᠢᠯᠡᠭᠡ ᠵᠢᠨ ᠠᠩᠭᠢ ᠾᠧᠪᠧᠢ᠎ᠳᠤ ᠬᠦᠷᠴᠡᠢ᠃ ᠲᠢᠶᠠᠨᠵᠢᠨ ᠬᠣᠲᠠ᠎ᠠᠴᠠ ᠳᠠᠷᠤᠯᠲᠠᠳᠤ ᠲᠦᠷᠭᠡᠨ ᠠᠪᠤᠷᠠᠯᠲᠠ ᠵᠢᠨ 20 ᠲᠡᠷᠭᠡ ᠪᠠ ᠡᠮᠦᠨ᠎ᠡ ᠹᠷᠣᠨᠲ᠎ᠤᠨ ᠠᠪᠤᠷᠠᠨ ᠲᠤᠰᠠᠯᠠᠬᠤ 80 ᠠᠵᠢᠯᠲᠠᠨ ᠲᠣᠮᠢᠯᠠᠨ ᠾᠧᠪᠧᠢ᠎ᠳᠤ ᠠᠪᠤᠷᠠᠨ ᠲᠤᠰᠠᠯᠠᠬᠤ ᠠᠵᠢᠯ ᠥᠷᠨᠢᠭᠦᠯᠪᠡ᠃
      ᠴᠢᠩ ᠰᠡᠳᠬᠢᠯ᠎ᠨᠢ ᠲᠥᠪ ᠵᠦᠭ ᠵᠶ᠋ᠡᠨ ᠲᠡᠮᠡᠦᠯᠵᠦ᠂ ᠪᠦᠬᠦ ᠤᠯᠤᠰ ᠵᠶ᠋ᠠᠷ ᠵᠶ᠋ᠠᠨ ᠰᠡᠳᠬᠢᠯ ᠨᠢᠭᠡᠳᠦᠨ ᠴᠢᠷᠮᠠᠢ᠌ᠨ᠎ᠠ᠃ 1 ᠳ᠋ᠦ᠍ᠭᠡᠷ ᠰᠠᠷ᠎ᠠ ᠵᠢᠨ 12᠎ᠤᠨ ᠡᠳᠦᠷ᠂ 12 ᠰᠠᠯᠠᠭ᠎ᠠ ᠪᠠᠢ᠌ᠴᠠᠭ᠋ᠠᠨ ᠰᠢᠨᠵᠢᠯᠡᠬᠦ ᠠᠩᠭᠢ ᠾᠧᠪᠧᠢ᠎ᠳᠤ ᠬᠦᠷᠴᠦ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠬᠦ ᠠᠵᠢᠯ᠎ᠳᠤ ᠲᠤᠰᠠᠯᠠᠮᠵᠢ ᠦᠵᠡᠭᠦᠯᠵᠦ᠂   ᠵᠢᠶᠠᠩᠰᠤ᠂ ᠵᠢᠶᠠᠩᠰᠢ ᠵᠡᠷᠭᠡ ᠲᠠᠪᠤᠨ ᠮᠤᠵᠢ ᠵᠢᠨ ᠰᠢᠯᠵᠢᠭᠦᠯᠦᠨ ᠲᠣᠬᠢᠷᠠᠭᠤᠯᠤᠭᠰᠠᠨ ᠵᠠᠭᠤᠨ ᠨᠡᠷᠡᠰ ᠲᠤᠰᠬᠠᠢ ᠮᠡᠷᠭᠡᠵᠢᠯᠲᠡᠨ ᠾᠧᠪᠧᠢ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠣᠷᠣᠯᠴᠠᠵᠠᠢ᠃
      ᠰᠡᠳᠬᠢᠯ ᠨᠢᠭᠡᠳᠦᠨ 《ᠾᠧᠪᠧᠢ》 ᠵᠢ ᠲᠤᠰᠠᠯᠠᠵᠤ᠂ ᠬᠠᠮᠲᠤ᠎ᠪᠠᠷ 《ᠱ᠌ᠢ ᠵᠢᠶᠠ ᠵᠤᠸᠠᠩ》᠎ᠤᠨ ᠬᠦᠴᠢᠷ᠎ᠢ ᠲᠤᠭᠤᠯᠤᠨ᠎ᠠ᠃ ᠨᠢᠭᠡ ᠬᠦᠢ᠍ᠰ ᠴᠡᠴᠡᠭ᠎ᠤᠨ ᠳᠡᠯᠪᠢᠰ᠎ᠨᠢ ᠰᠡᠳᠬᠢᠯ ᠨᠢᠭᠡᠳᠦᠨ ᠲᠥᠪ ᠵᠦᠭ ᠵᠶ᠋ᠡᠨ ᠲᠡᠮᠡᠦᠯᠵᠦ᠂ ᠬᠥᠮᠥᠨ ᠨᠡᠢ᠌ᠭᠡᠮ᠎ᠤᠨ ᠬᠠᠮᠤᠭ᠎ᠤᠨ ᠭᠣᠶᠣ ᠦᠵᠡᠮᠵᠢ ᠵᠢ ᠦᠵᠡᠭᠦᠯᠵᠦ ᠪᠠᠢ᠌ᠨ᠎ᠠ᠃







ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠡᠯᠡᠭᠡᠢ ᠵᠢᠨ ᠠᠵᠦ ᠠᠬᠤᠢ ᠵᠢᠨ ᠶᠠᠷᠢᠶᠠᠠ᠎ᠤ ᠲᠡᠪᠴᠠᠩ᠎ᠤᠨ 《ᠳ᠋ᠠᠤᠢ᠍ᠰ᠎ᠤᠨ ᠵᠦᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠎ᠳᠤ ᠤᠷᠤᠯᠴᠠᠬᠰᠠᠨ ᠪᠦᠭᠡᠳ ᠤᠨᠴᠠᠭ᠋ᠠᠢ ᠪᠠᠶᠠᠷ᠎ᠤᠨ ᠦᠭᠡ ᠬᠡᠯᠡᠪᠠ
ᠰᠢ ᠵᠢᠨ ᠫᠢᠩ ᠡᡁᠸ ᠢ ᠴᠸᠩ᠎ᠤᠨ ᠲᠤᠰᠢᠶᠠᠯ ᠵᠶ᠋ᠠᠨ ᠭᠦᠢ᠍ᠴᠡᠳᠭᠡᠭᠰᠡᠨ ᠮᠡᠳᠡᠬᠦᠯᠦᠯᠳᠡ ᠵᠢ ᠰᠤᠨᠤᠰᠪᠠ
ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ᠄ 《ᠮᠡᠳᠡᠯᠬᠡ ᠵᠢᠨ ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠢ ᠪᠦᠬᠦ ᠳᠠᠯ᠎ᠠ᠎ᠪᠠᠷ ᠴᠢᠩᠭ᠋ᠠᠳᠬᠠᠵᠥ ᠰᠢᠨ᠎ᠡ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠬᠡᠨ ᠰᠢᠨ᠎ᠡ ᠬᠦᠭᠵᠢᠯᠳᠡ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠤᠶ᠎ᠠ》
ᠰᠢ ᠵᠢᠨ ᠫᠢᠩ ᠨᠠᠮ᠎ᠤᠨ ᠭᠠᠳᠠᠨᠠᠬᠢ ᠬᠦᠮᠦᠰ᠎ᠲᠠᠢ ᠬᠠᠮᠳᠦ᠎ᠪᠠᠷ ᠴᠠᠭ᠋ᠠᠨ ᠰᠠᠷ᠎ᠠ ᠵᠢ ᠤᠬᠳᠤᠪᠠ
 
            