ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠡᠯᠡᠭᠡᠢ ᠵᠢᠨ ᠠᠵᠦ ᠠᠬᠤᠢ ᠵᠢᠨ ᠶᠠᠷᠢᠶᠠᠠ᠎ᠤ ᠲᠡᠪᠴᠠᠩ᠎ᠤᠨ 《ᠳ᠋ᠠᠤᠢ᠍ᠰ᠎ᠤᠨ ᠵᠦᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠎ᠳᠤ ᠤᠷᠤᠯᠴᠠᠬᠰᠠᠨ ᠪᠦᠭᠡᠳ ᠤᠨᠴᠠᠭ᠋ᠠᠢ ᠪᠠᠶᠠᠷ᠎ᠤᠨ ᠦᠭᠡ ᠬᠡᠯᠡᠪᠠ
ᠨᠡᠶ᠋ᠢᠲᠡᠯᠡᠭᠰᠡᠨ ᠴᠠᠭ᠄ 2021-01-27


      ᠰᠢ ᠵᠢᠨ ᠫᠢᠩ ᠲᠡᠯᠡᠭᠡᠢ ᠵᠢᠨ ᠠᠵᠦ ᠠᠬᠤᠢ ᠵᠢᠨ ᠶᠠᠷᠢᠶᠠᠠ᠎ᠤ ᠲᠡᠪᠴᠠᠩ᠎ᠤᠨ 《ᠳ᠋ᠠᠤᠢ᠍ᠰ᠎ᠤᠨ ᠵᠦᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠎ᠳᠤ ᠤᠷᠤᠯᠴᠠᠬᠰᠠᠨ ᠪᠦᠭᠡᠳ ᠤᠨᠴᠠᠭ᠋ᠠᠢ ᠪᠠᠶᠠᠷ᠎ᠤᠨ ᠦᠭᠡ ᠬᠡᠯᠡᠪᠠ
      ᠴᠠᠭ ᠦᠶ᠎ᠡ ᠵᠢᠨ ᠰᠡᠳᠦᠪ᠎ᠢ ᠰᠢᠢ᠍ᠳᠪᠦᠷᠢᠯᠡᠬᠦ᠎ᠳᠤ ᠡᠷᠭᠡᠪᠰᠢ ᠤᠯᠠᠨ ᠳᠠᠯᠠᠳᠤ ᠦᠵᠡᠯ᠎ᠢ ᠬᠠᠮᠠᠭ᠋ᠠᠯᠠᠨ ᠦᠢ᠍ᠯᠡᠳᠦᠯᠬᠡᠵᠢᠬᠦᠯᠵᠥ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠴᠤᠬ᠍ᠴᠠ ᠵᠢᠨ ᠪᠠᠢ᠍ᠢ᠍ᠭᠤᠯᠤᠯᠳᠠ ᠵᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠢ


      ᠰᠢᠨᠬᠤᠸᠠ ᠬᠤᠷᠢᠶᠠᠨ᠎ᠤ ᠪᠡᠬᠡᠵᠢᠩ᠎ᠤᠨ 1 ᠰᠠᠷ᠎ᠠ ᠵᠢᠨ 25᠎ᠤ ᠴᠠᠬᠢᠯᠭ᠋ᠠᠨ ᠮᠡᠳᠡᠬᠡ   ᠤᠯᠤᠰ᠎ᠤᠨ ᠳᠡᠷᠢᠬᠦᠯᠡᠭᠴᠢ ᠰᠢ ᠵᠢᠨ ᠫᠢᠩ 25᠎ᠤ ᠤᠷᠤᠢ ᠪᠡᠬᠡᠵᠢᠩ᠎ᠳᠤ ᠸᠢᠳᠢᠣ᠋ ᠬᠡᠯᠪᠡᠷᠢ᠎ᠪᠠᠷ ᠳᠡᠯᠡᠬᠡᠢ ᠵᠢᠨ ᠠᠵᠥ ᠠᠬᠤᠢ ᠵᠢᠨ ᠶᠠᠷᠢᠶᠠᠨ᠎ᠤ ᠳᠠᠪᠴᠠᠩ᠎ᠤᠨ 《ᠳ᠋ᠠᠦ᠋ᠰ᠎ᠤᠨ ᠵᠦᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠎ᠳᠤ ᠤᠷᠤᠯᠴᠠᠭᠰᠠᠨ ᠪᠦᠭᠡᠳ 《ᠤᠯᠠᠨ ᠳᠠᠯᠠᠳᠤ ᠦᠵᠡᠯ᠎ᠤᠨ ᠭᠠᠯ ᠪᠠᠮᠪᠠᠷ ᠵᠶ᠋ᠠᠷ ᠬᠦᠮᠦᠨ ᠳᠦᠷᠦᠯᠬᠢᠳᠡᠨ᠎ᠤ ᠤᠷᠤᠬᠰᠢᠯᠠᠯᠳᠠ ᠵᠢᠨ ᠵᠠᠮ᠎ᠢ ᠬᠡᠷᠡᠯᠳᠦᠬᠦᠯᠦᠶ᠎ᠠ》 ᠬᠡᠬᠦ ᠰᠡᠳᠦᠪ ᠵᠶ᠋ᠡᠷ ᠤᠨᠴᠠᠭ᠋ᠠᠢ ᠪᠠᠶᠠᠷ᠎ᠤᠨ ᠦᠬᠡ ᠬᠡᠯᠡᠪᠡ᠃ ᠰᠢ ᠵᠢᠨ ᠫᠢᠩ᠂ ᠡᠨᠡ ᠬᠦ᠌ ᠴᠠᠬ ᠦᠶ᠎ᠡ᠎ᠳᠤ ᠲᠤᠯᠭ᠋ᠠᠷᠠᠭᠰᠠᠨ ᠰᠡᠳᠤᠪ᠎ᠢ ᠰᠠᠢ᠍ᠢ᠍ᠳᠤᠷ ᠰᠢᠢ᠍ᠳᠪᠦᠷᠢᠯᠡᠬᠦ᠎ᠳᠤ᠂ ᠤᠯᠠᠨ ᠳᠠᠯᠠᠳᠤ ᠦᠵᠡᠯ᠎ᠢ ᠬᠠᠮᠠᠭ᠋ᠠᠯᠠᠨ ᠦᠢ᠍ᠯᠡᠳᠦᠯᠬᠡᠵᠢᠬᠦᠯᠵᠥ᠂ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠴᠤᠬ᠍ᠴᠠ ᠵᠢᠨ ᠪᠠᠢ᠍ᠢ᠍ᠭᠤᠯᠤᠯᠳᠠ ᠵᠢ ᠠᠬᠢᠭᠤᠯᠬᠤ ᠪᠤᠯ ᠭᠠᠷᠬᠤ ᠵᠠᠮ ᠮᠦᠨ᠃ 21 ᠳ᠋ᠤᠬᠡᠷ ᠵᠠᠭᠤᠨ᠎ᠤ ᠤᠯᠠᠨ ᠳᠠᠯᠠᠳᠤ ᠦᠵᠡᠯ ᠳᠦᠪ ᠶᠤᠰᠤ ᠵᠢ ᠪᠠᠷᠢᠮᠳᠠᠯᠠᠨ ᠰᠢᠨ᠎ᠡ ᠵᠢ ᠪᠦᠲᠦᠭᠡᠵᠦ᠂ ᠢᠷᠡᠬᠡᠳᠤᠢ᠎ᠳᠤ ᠬᠠᠨᠳᠤᠨ᠂ ᠤᠯᠠᠨ ᠳᠠᠯᠠᠳᠤ ᠦᠵᠡᠯ᠎ᠤᠨ ᠭᠤᠤᠯᠯᠠᠬ᠍ᠴᠢ ᠦᠷᠳᠡᠭ ᠪᠤᠯᠤᠨ ᠦᠨᠳᠦᠰᠦᠨ ᠵᠠᠷᠴᠢᠮ᠎ᠢ ᠪᠠᠷᠢᠮᠳᠠᠯᠠᠬᠤ ᠬᠡᠷᠡᠭᠳᠡᠢ ᠪᠦᠬᠡᠳ ᠪᠠᠰᠠ ᠳᠡᠯᠡᠬᠡᠢ ᠵᠢᠨ ᠪᠠᠢ᠍ᠢ᠍ᠷᠢᠰᠢᠯ᠎ᠤᠨ ᠬᠤᠪᠢᠷᠠᠯᠳᠠ᠎ᠳᠤ ᠰᠠᠭᠤᠷᠢᠯᠠᠨ᠂ ᠪᠦᠬᠦ ᠪᠦᠮᠪᠦᠷᠴᠡᠭ᠎ᠤᠨ ᠴᠢᠨᠠᠷᠳᠠᠢ ᠦᠷᠢᠰᠦᠯᠳᠦᠬᠡᠨ᠎ᠢ ᠠᠷᠭ᠋ᠠᠴᠠᠭ᠋ᠠᠬᠤ ᠬᠡᠷᠡᠭᠴᠡᠭᠡ ᠵᠢ ᠠᠩᠬᠠᠷᠬᠤ ᠬᠡᠷᠡᠭᠳᠡᠢ᠃ ᠨᠡᠬᠡᠬᠡᠯᠳᠡᠳᠤ ᠪᠠᠬᠳᠠᠭ᠋ᠠᠮᠵᠢᠳᠠᠢ ᠪᠠᠢ᠍ᠢ᠍ᠬᠤ ᠵᠢ ᠪᠠᠷᠢᠮᠳᠠᠯᠠᠵᠥ᠂ ᠤᠯᠠᠨ ᠤᠯᠤᠰ᠎ᠤᠨ ᠬᠠᠤᠯᠢ ᠳᠦᠷᠢᠮ ᠵᠶ᠋ᠡᠷ ᠰᠠᠭᠤᠷᠢ ᠪᠤᠯᠭ᠋ᠠᠬᠤ ᠵᠢ ᠪᠠᠷᠢᠮᠳᠠᠯᠠᠨ᠂ ᠵᠦᠪᠳᠡᠯᠴᠡᠵᠤ ᠬᠠᠮᠵᠢᠯᠴᠠᠬᠤ ᠵᠢ ᠪᠠᠷᠢᠮᠳᠠᠯᠠᠨ᠂ ᠴᠠᠭ ᠦᠶ᠎ᠠ᠎ᠲᠠᠢ ᠵᠡᠷᠭᠡ᠎ᠪᠠᠷ ᠤᠷᠤᠭᠰᠢᠯᠠᠬᠤ ᠵᠢ ᠪᠠᠷᠢᠮᠳᠠᠯᠠᠬᠤ ᠬᠡᠷᠡᠭᠳᠡᠢ᠃ ᠳᠤᠮᠳᠠᠳᠤ ᠤᠯᠤᠰ ᠳᠡᠯᠡᠬᠡᠢ ᠳ᠋ᠠᠬᠢᠨ᠎ᠤ ᠬᠢᠵᠢᠭ᠎ᠲᠠᠢ ᠳᠡᠮᠡᠴᠡᠬᠦ ᠬᠠᠮᠳᠤᠷᠠᠯᠴᠠᠭ᠎ᠠ᠎ᠳᠤ ᠦᠷᠭᠦᠯᠵᠢᠯᠡᠨ ᠢᠳᠡᠪᠬᠢᠳᠡᠢ ᠤᠷᠤᠯᠴᠠᠵᠥ᠂ ᠬᠠᠷᠢᠯᠴᠠᠨ ᠠᠰᠢᠬᠳᠠᠢ ᠬᠠᠮᠳᠤ᠎ᠪᠠᠷ ᠠᠰᠢᠬ ᠬᠦᠷᠳᠡᠬᠦ ᠨᠡᠬᠡᠬᠡᠯᠳᠡᠳᠤ ᠪᠠᠢ᠍ᠢ᠍ᠯᠳᠤᠬᠤ ᠪᠤᠳᠤᠯᠭ᠎ᠠ ᠵᠢ ᠬᠡᠷᠡᠭᠵᠢᠬᠦᠯᠤᠨ᠂ ᠦᠷᠬᠦᠯᠵᠢᠯᠡᠬᠦ ᠬᠦᠭᠵᠢᠯᠳᠡ ᠵᠢ ᠠᠬᠢᠭᠤᠯᠵᠥ᠂ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠰᠢᠨ᠎ᠡ ᠵᠢ ᠡᠬᠦᠳᠬᠦ ᠵᠢ ᠠᠬᠢᠭᠤᠯᠤᠨ᠂ ᠰᠢᠨ᠎ᠡ ᠬᠡᠯᠪᠡᠷᠢ ᠵᠢᠨ ᠤᠯᠠᠨ ᠤᠯᠤᠰ᠎ᠤᠨ ᠬᠠᠷᠢᠯᠴᠠᠭ᠎ᠠ ᠵᠢ ᠪᠠᠢ᠍ᠢ᠍ᠭᠤᠯᠬᠤ ᠵᠢ ᠠᠬᠢᠭᠤᠯᠵᠥ᠂ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠴᠤᠬ᠍ᠴᠠ ᠵᠢ ᠪᠠᠢ᠍ᠢ᠍ᠭᠤᠯᠬᠤ᠎ᠪᠠᠷ ᠴᠤᠴᠠᠯᠳᠠ ᠦᠬᠡᠢ ᠤᠷᠤᠬᠰᠢᠯᠠᠨ᠎ᠡ ᠬᠡᠵᠥ ᠴᠢᠬᠤᠯᠠᠴᠢᠯᠠᠪᠠ᠃



     1 ᠰᠠᠷ᠎ᠠ ᠵᠢᠨ 25᠎ᠤ ᠡᠳᠤᠷ᠂ ᠤᠯᠤᠰ᠎ᠤᠨ ᠳᠡᠷᠢᠬᠦᠯᠡᠭᠴᠢ ᠰᠢ ᠵᠢᠨ ᠫᠢᠩ ᠪᠡᠬᠡᠵᠢᠩ᠎ᠳᠤ ᠸᠢᠳᠢᠣ᠋ ᠬᠡᠯᠪᠡᠷᠢ᠎ᠪᠠᠷ ᠳᠡᠯᠡᠬᠡᠢ ᠵᠢᠨ ᠠᠵᠥ ᠠᠬᠤᠢ ᠵᠢᠨ ᠶᠠᠷᠢᠶᠠᠨ᠎ᠤ ᠳᠠᠪᠴᠠᠩ᠎ᠤᠨ 《ᠳ᠋ᠠᠦ᠋ᠰ᠎ᠤᠨ ᠵᠦᠪᠯᠡᠬᠦ ᠵᠦᠢ᠍ᠯ》᠎ᠤᠨ ᠶᠠᠷᠢᠯᠴᠠᠭ᠋ᠠᠨ᠎ᠤ ᠬᠤᠷᠠᠯ᠎ᠳᠤ ᠤᠷᠤᠯᠴᠠᠭᠰᠠᠨ ᠪᠦᠭᠡᠳ ᠤᠨᠴᠠᠭ᠋ᠠᠢ ᠪᠠᠶᠠᠷ᠎ᠤᠨ ᠦᠬᠡ ᠬᠡᠯᠡᠵᠠᠢ᠃   ᠰᠢᠨᠬᠤᠸᠠ ᠬᠤᠷᠢᠶᠠᠨ᠎ᠤ ᠰᠤᠷᠪᠤᠯᠵᠢᠯᠠᠭᠴᠢ   ᠯᠢ ᠰᠢᠤᠸᠠᠢ ᠷᠸᠨ   ᠰᠡᠬᠦᠳᠡᠷᠯᠡᠪᠡ

      ᠰᠢ ᠵᠢᠨ ᠫᠢᠩ᠂ ᠦᠩᠭᠡᠷᠡᠭᠰᠡᠨ ᠨᠢᠭᠡ ᠵᠢᠯ᠎ᠳᠤ ᠭᠡᠨᠡᠳᠳᠡ᠎ᠪᠠᠷ ᠳᠠᠭ᠋ᠠᠷᠢᠨ ᠢᠷᠡᠭᠰᠡᠨ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ ᠪᠦᠬᠦ ᠳᠡᠯᠡᠬᠡᠢ᠎ᠳᠤ ᠦᠷᠪᠢᠰᠦᠨ ᠳᠡᠯᠭᠡᠷᠡᠵᠦ᠂ ᠪᠦᠬᠦ ᠳᠡᠯᠡᠬᠡᠢ ᠵᠢᠨ ᠤᠯᠠᠨ ᠨᠡᠢ᠍ᠢ᠍ᠳᠡ ᠵᠢᠨ ᠡᠷᠡᠭᠦᠯ ᠬᠠᠮᠠᠭ᠋ᠠᠯᠠᠯ ᠬᠦᠨᠳᠤ ᠨᠤᠴᠢᠳᠠᠢ ᠰᠦᠷᠳᠡᠭᠦᠯᠦᠯ᠎ᠳᠤ ᠤᠴᠠᠷᠠᠵᠤ᠂ ᠳᠡᠯᠡᠬᠡᠢ ᠵᠢᠨ ᠠᠵᠤ ᠠᠬᠤᠢ ᠶᠡᠬᠡ᠎ᠪᠠᠷ ᠮᠠᠭᠤᠳᠠᠵᠤ᠂ ᠬᠦᠮᠦᠨ ᠲᠦᠷᠦᠯᠬᠢᠳᠡᠨ ᠲᠡᠦᠬᠡᠨ᠎ᠳᠤ ᠬᠤᠪᠤᠷ ᠳᠤᠬᠢᠶᠠᠯᠳᠤᠬᠤ ᠤᠯᠠᠨ ᠠᠷᠪᠢᠨ ᠬᠢᠮᠤᠷᠠᠯ᠎ᠢ ᠦᠩᠭᠡᠷᠡᠭᠦᠯᠪᠡ᠃ ᠤᠳᠤᠬᠠᠨ᠎ᠳᠤ ᠬᠢᠵᠢᠭ ᠬᠠᠷᠠᠬᠠᠨ ᠳᠠᠭᠤᠰᠤᠭ᠎ᠠ ᠦᠭᠡᠢ᠂ ᠬᠢᠵᠢᠭ᠎ᠲᠠᠢ ᠳᠡᠮᠡᠴᠡᠬᠦ ᠲᠡᠮᠡᠴᠡᠯ ᠮᠦᠨ ᠬᠦ᠌ ᠦᠷᠬᠦᠯᠵᠢᠯᠡᠭᠰᠡᠬᠡᠷ᠂ ᠬᠡᠪᠡᠴᠤ ᠬᠠᠬᠢᠷ ᠡᠪᠦᠯ ᠤᠷᠢᠬᠠᠨ ᠬᠠᠪᠤᠷ᠎ᠤᠨ ᠬᠦᠷᠴᠤ ᠢᠷᠡᠬᠦ ᠵᠢ ᠬᠤᠷᠢᠬᠯᠠᠵᠥ ᠳᠡᠢ᠍ᠢ᠍ᠯᠬᠦ ᠦᠬᠡᠢ᠂ ᠦᠨᠡᠬᠡᠨ ᠬᠠᠷᠠᠩᠭᠤᠢ ᠦᠥᠷ᠎ᠤᠨ ᠬᠡᠬᠡ ᠵᠢ ᠬᠠᠯᠬᠠᠯᠠᠵᠥ ᠳᠡᠢ᠍ᠢ᠍ᠯᠬᠦ ᠦᠬᠡᠢ ᠭᠡᠳᠡᠭ᠎ᠢ ᠪᠢᠳᠡ ᠪᠠᠳᠤ ᠢᠳᠡᠭᠡᠨ᠎ᠠ᠃ ᠬᠦᠮᠦᠨ ᠳᠦᠷᠦᠯᠬᠢᠳᠡᠨ ᠯᠠᠪᠳᠠᠶ᠎ᠠ ᠬᠢᠵᠢᠭ᠎ᠢ ᠢᠯᠠᠵᠥ᠂ ᠭᠠᠢ ᠭᠠᠮᠰᠢᠬ᠎ᠲᠠᠢ ᠳᠡᠮᠡᠴᠡᠬᠦ ᠳᠤᠮᠳᠠ ᠦᠰᠦᠨ ᠪᠤᠢ᠍ᠢ᠍ᠵᠢᠵᠤ ᠤᠷᠤᠬᠰᠢᠯᠠᠨ ᠳᠠᠪᠰᠢᠵᠥ᠂ ᠰᠢᠨ᠎ᠡ ᠠᠮᠢᠯᠠᠯ ᠵᠶ᠋ᠠᠨ ᠤᠯᠵᠥ ᠴᠢᠳᠠᠬᠤ ᠶᠤᠮ ᠬᠡᠵᠥ ᠵᠢᠭ᠋ᠠᠵᠥ ᠭᠠᠷᠭ᠋ᠠᠪᠠ᠃
      ᠰᠢ ᠵᠢᠨ ᠫᠢᠩ᠂ ᠪᠢᠳᠡ ᠡᠨᠡ ᠬᠦ᠌ ᠴᠠᠬ ᠦᠶ᠎ᠡ᠎ᠳᠤ ᠳᠤᠯᠭ᠋ᠠᠷᠠᠬᠰᠠᠨ ᠳᠦᠷᠪᠡᠨ ᠶᠡᠬᠡ ᠰᠡᠳᠦᠪ᠎ᠢ ᠰᠠᠢ᠍ᠢ᠍ᠳᠤᠷ ᠰᠢᠢ᠍ᠳᠪᠦᠷᠢᠯᠡᠬᠦ ᠬᠡᠷᠡᠭᠳᠡᠢ᠄
      ᠨᠢᠭᠡᠲᠦᠭᠡᠷ᠎ᠲᠤ᠂ ᠬᠤᠷᠸ᠎ᠠ ᠠᠵᠦ ᠠᠬᠤᠢ ᠵᠢᠨ ᠲᠦᠷᠦ ᠵᠢᠨ ᠪᠤᠲᠤᠯᠭ᠎ᠠ ᠵᠢᠨ ᠵᠤᠬᠢᠴᠠᠭᠤᠯᠭ᠎ᠠ ᠵᠢ ᠴᠢᠩᠭ᠋ᠠᠳᠬᠠᠵᠦ᠂ ᠲᠡᠯᠡᠭᠡᠢ ᠵᠢᠨ ᠠᠵᠦ ᠠᠬᠤᠢ ᠵᠢᠨ ᠴᠢᠩᠭ᠎ᠠ ᠡᠷᠴᠢᠮ᠎ᠲᠠᠢ᠂ ᠦᠷᠭᠦᠯᠵᠢᠯᠡᠬᠦ᠂ ᠲᠡᠩᠴᠡᠬᠦᠷᠢᠲᠠᠢ᠂ ᠪᠠᠭᠲᠠᠭ᠋ᠠᠮᠵᠢᠲᠠᠢ ᠨᠡᠮᠡᠭᠲᠡᠯ᠎ᠢ ᠬᠠᠮᠲᠤ᠎ᠪᠠᠷ ᠠᠬᠢᠭᠤᠯᠬᠤ ᠬᠡᠷᠡᠭᠳᠠᠢ᠃ ᠤᠳᠤᠬᠢ ᠪᠠᠢ᠍ᠢ᠍ᠲᠠᠯ᠎ᠢ ᠡᠵᠡᠮᠲᠡᠨ᠂ ᠬᠢᠵᠢᠭ᠎ᠤᠨ ᠪᠠᠢ᠍ᠢ᠍ᠲᠠᠯ᠎ᠢ ᠰᠡᠷᠭᠡᠢ᠍ᠢ᠍ᠯᠡᠡ ᠡᠵᠡᠮᠲᠡᠬᠦ ᠪᠠ ᠠᠵᠦ ᠠᠬᠤᠢ ᠵᠢᠨ ᠬᠦᠭᠵᠢᠯᠲᠠ ᠵᠢ ᠨᠢᠭᠡᠲᠦᠯᠲᠡᠢ ᠲᠦᠯᠦᠪᠵᠢᠭᠦᠯᠵᠤ᠂ ᠬᠤᠷᠸ᠎ᠠ ᠠᠵᠦ ᠠᠬᠤᠢ ᠵᠢᠨ ᠲᠦᠷᠦ ᠵᠢᠨ ᠪᠤᠲᠤᠯᠭ᠎ᠠ ᠵᠢᠨ ᠲᠡᠮᠵᠢᠯᠭᠡ ᠵᠢ ᠴᠢᠩᠭ᠋ᠠᠳᠬᠠᠨ᠂ ᠲᠡᠯᠡᠭᠡᠢ ᠵᠢᠨ ᠠᠵᠦ ᠠᠬᠤᠢ ᠵᠢᠨ ᠡᠷᠲᠡ ᠨᠢᠭᠡᠡ ᠡᠲᠦᠷ ᠬᠢᠮᠤᠷᠠᠯ᠎ᠤᠨ ᠪᠠᠷᠠᠭ᠋ᠠᠠ ᠰᠡᠬᠦᠲᠡᠷ᠎ᠠᠴᠠ᠎ᠪᠠᠨ ᠭᠠᠷᠬᠤ ᠵᠢ ᠠᠬᠢᠭᠤᠯᠬᠤ ᠬᠡᠷᠡᠭᠳᠠᠢ ᠪᠦᠭᠡᠳ ᠨᠡᠩ ᠴᠤ᠌ ᠠᠯᠤᠰ᠎ᠢ ᠪᠠᠷᠠᠯᠠᠵᠦ᠂ ᠳᠡᠯᠡᠬᠡᠢ ᠵᠢᠨ ᠠᠵᠤ ᠠᠬᠤᠢ ᠵᠢᠨ ᠬᠦᠳᠡᠯᠭᠡᠬᠦ ᠬᠦᠴᠦᠨ᠎ᠤ ᠬᠤᠪᠢᠷᠠᠭᠤᠯᠤᠯᠳᠠ᠂ ᠠᠷᠭ᠎ᠠ ᠬᠡᠯᠪᠡᠷᠢ ᠵᠢᠨ ᠬᠤᠪᠢᠷᠠᠭᠤᠯᠤᠯᠳᠠ᠂ ᠪᠦᠲᠦᠴᠡ ᠵᠢᠨ ᠳᠤᠬᠢᠷᠠᠭᠤᠯᠤᠯᠳᠠ ᠵᠢ ᠵᠤᠷᠢᠭ ᠰᠢᠭᠤᠳᠤᠨ ᠠᠬᠢᠭᠤᠯᠵᠤ᠂ ᠲᠡᠯᠡᠭᠡᠢ ᠵᠢᠨ ᠠᠵᠦ ᠠᠬᠤᠢ ᠵᠢ ᠤᠷᠲᠤ ᠬᠤᠭᠤᠴᠠᠭ᠎ᠠ᠎ᠪᠠᠷ ᠡᠷᠡᠭᠦᠯ ᠲᠤᠭᠲᠠᠭᠤᠨ ᠪᠠᠢ᠍ᠢ᠍ᠬᠤ ᠬᠦᠭᠵᠢᠯᠳᠡ ᠵᠢᠨ ᠵᠠᠮ᠎ᠳᠤ ᠤᠷᠤᠭᠤᠯᠬᠤ ᠬᠡᠷᠡᠭᠳᠠᠢ᠃
      ᠬᠤᠶᠠᠲᠤᠭ᠋ᠠᠷ᠎ᠲᠤ᠂ ᠦᠵᠡᠯ ᠤᠬᠠᠮᠰᠠᠷ᠎ᠤᠨ ᠬᠡᠯᠪᠡᠷᠢ ᠵᠢᠨ ᠬᠡᠯᠪᠡᠢ᠍ᠢ᠍ᠭᠦᠦ ᠦᠵᠡᠯᠲᠡ ᠵᠢ ᠲᠠᠶᠠᠭᠲᠠᠵᠦ᠂ ᠨᠠᠢ᠍ᠢ᠍ᠷᠠᠮᠲᠠᠯ ᠵᠶ᠋ᠠᠷ ᠵᠡᠷᠭᠡᠴᠡᠡ ᠤᠷᠤᠰᠢᠬᠤ᠂ ᠬᠠᠷᠢᠯᠴᠠᠠ ᠠᠰᠢᠭᠲᠠᠢ ᠬᠠᠮᠲᠤ᠎ᠪᠠᠷ ᠠᠰᠢᠭ ᠬᠦᠷᠲᠡᠬᠦ ᠵᠠᠮ ᠵᠶ᠋ᠠᠷ ᠬᠠᠮᠳᠤ᠎ᠪᠠᠷ ᠵᠠᠮᠨᠠᠬᠤ ᠬᠡᠷᠡᠭᠳᠠᠢ᠃ ᠡᠯ᠎ᠠ ᠤᠯᠤᠰ᠎ᠤᠨ ᠲᠡᠤᠬᠡ ᠰᠤᠶᠤᠯ ᠪᠤᠯᠤᠨ ᠨᠡᠢ᠍ᠢ᠍ᠭᠡᠮ᠎ᠤᠨ ᠪᠠᠢ᠍ᠢ᠍ᠭᠤᠯᠤᠯ ᠠᠳᠠᠯᠢ ᠪᠤᠰᠤ ᠪᠠᠢ᠍ᠢ᠍ᠳᠠᠭ ᠴᠤ᠌ ᠳᠡᠬᠡᠳᠤ ᠳᠤᠤᠷᠠᠳᠤ ᠰᠢᠯᠢᠳᠡᠭ ᠮᠠᠭᠤ ᠵᠢᠨ ᠢᠯᠭ᠋ᠠᠭ᠎ᠠ ᠭᠡᠵᠦ ᠦᠭᠡᠢ ᠶᠤᠮ᠂ ᠵᠠᠩᠭᠢᠯᠠᠭ᠎ᠠ᠎ᠨᠢ ᠲᠤᠰ ᠤᠯᠤᠰ᠎ᠤᠨ ᠵᠶ᠋ᠠᠨ ᠪᠠᠢ᠍ᠢ᠍ᠲᠠᠯ᠎ᠳᠤ ᠨᠡᠢ᠍ᠢ᠍ᠴᠡᠬᠦ ᠡᠰᠡᠬᠦ᠂ ᠠᠷᠠᠳ ᠤᠯᠠᠠ᠎ᠤ ᠬᠦᠷᠢᠶᠡᠯᠡᠯ ᠪᠠ ᠲᠡᠮᠵᠢᠯᠭᠡ ᠵᠢ ᠤᠯᠬᠤ ᠡᠰᠡᠬᠦ᠂ ᠤᠯᠤᠰ ᠲᠦᠷᠦ ᠵᠢᠨ ᠲᠤᠭᠲᠠᠭᠤᠨ ᠨᠡᠢ᠍ᠢ᠍ᠭᠡᠮ᠎ᠤᠨ ᠳᠠᠪᠰᠢᠯᠲᠠ ᠠᠷᠠᠳ᠎ᠤᠨ ᠠᠮᠢᠲᠤᠷᠠᠯ᠎ᠤᠨ ᠰᠠᠢ᠍ᠢ᠍ᠵᠢᠷᠠᠯᠳᠠ ᠵᠢ ᠠᠪᠴᠢᠷᠠᠵᠤ ᠲᠡᠢ᠍ᠢ᠍ᠯᠬᠦ ᠡᠰᠡᠬᠦ᠂ ᠬᠦᠮᠦᠨ ᠲᠦᠷᠦᠯᠬᠢᠲᠠᠠ᠎ᠤ ᠲᠠᠪᠰᠢᠯᠲᠠ ᠵᠢᠨ ᠦᠢ᠍ᠯᠡᠰ᠎ᠲᠤ ᠬᠤᠪᠢ ᠨᠡᠮᠡᠷᠢ ᠦᠵᠡᠭᠦᠯᠵᠦ ᠲᠡᠢ᠍ᠢ᠍ᠯᠬᠦ ᠡᠰᠡᠬᠦ᠎ᠳᠤ ᠪᠠᠢ᠍ᠢ᠍ᠨ᠎ᠠ᠃ ᠤᠯᠠᠨ ᠶᠠᠩᠵᠤᠳᠤ ᠴᠢᠨᠠᠷ ᠦᠭᠡᠢ ᠪᠤᠯ ᠬᠦᠮᠦᠨ ᠲᠦᠷᠦᠯᠬᠢᠳᠡᠨ᠎ᠤ ᠪᠤᠯᠪᠠᠰᠤᠨ ᠭᠡᠵᠦ ᠦᠭᠡᠢ ᠶᠤᠮ᠃ ᠵᠦᠷᠢᠶ᠎ᠠ᠎ᠲᠠᠢ ᠪᠠᠢ᠍ᠢ᠍ᠬᠤ᠎ᠨᠢ ᠠᠶᠤᠮᠰᠢᠠᠠᠲᠠᠢ ᠪᠢᠰᠢ᠂ ᠬᠠᠷᠢᠨ ᠤᠮᠤᠷᠬᠠᠭ ᠲᠡᠭᠡᠷᠡᠩᠭᠦᠢ᠂ ᠭᠡᠯᠪᠡᠢ᠍ᠢ᠍ᠭᠦᠦ ᠦᠵᠡᠯᠲᠡ᠎ᠲᠠᠢ᠂ ᠦᠰᠢᠶᠡᠷᠬᠡᠨ ᠳᠠᠢ᠍ᠢ᠍ᠰᠦᠩᠨᠠᠬᠤ᠎ᠨᠢ ᠰᠠᠶᠢ ᠠᠶᠤᠮᠰᠢᠠᠠᠲᠠᠢ᠂ ᠬᠦᠮᠦᠨ ᠲᠦᠷᠦᠯᠬᠢᠲᠠᠠ᠎ᠤ ᠪᠤᠯᠪᠠᠰᠤᠨ᠎ᠢ ᠤᠯᠠᠨ ᠲᠡᠰ ᠵᠦᠢ᠍ᠯ᠎ᠳᠤ ᠢᠯᠭ᠋ᠠᠨ ᠬᠤᠪᠢᠶᠠᠬᠤ ᠪᠤᠳᠤᠯ ᠰᠠᠶᠢ ᠠᠶᠤᠮᠰᠢᠠᠠᠲᠠᠢ᠂ ᠦᠪᠡᠷ᠎ᠤᠨ ᠲᠡᠤᠬᠡ ᠰᠤᠶᠤᠯ ᠪᠤᠯᠤᠨ ᠨᠡᠢ᠍ᠢ᠍ᠭᠡᠮ᠎ᠤᠨ ᠪᠠᠢ᠍ᠢ᠍ᠭᠤᠯᠤᠯ ᠵᠶ᠋ᠠᠨ ᠪᠤᠰᠤᠳ᠎ᠲᠤ ᠠᠯᠪᠠ᠎ᠪᠠᠷ ᠲᠤᠯᠭ᠋ᠠᠬᠤ᠎ᠨᠢ ᠰᠠᠶᠢ ᠠᠶᠤᠮᠰᠢᠠᠠᠲᠠᠢ ᠶᠤᠮ᠃ ᠡᠯ᠎ᠠ ᠤᠯᠤᠰ ᠬᠠᠷᠢᠯᠴᠠᠠ ᠬᠦᠨᠲᠦᠳᠭᠡᠬᠦ᠂ ᠠᠲᠠᠯᠢ ᠲᠠᠯ᠎ᠠ᠎ᠪᠠᠨ ᠡᠷᠢᠵᠦ ᠵᠦᠷᠢᠶ᠎ᠠ᠎ᠪᠠᠨ ᠦᠯᠡᠲᠡᠭᠡᠬᠦ ᠰᠠᠭᠤᠷᠢᠠ ᠲᠡᠭᠡᠷ᠎ᠠ ᠨᠠᠢ᠍ᠢ᠍ᠷᠠᠮᠲᠠᠯ ᠵᠶ᠋ᠠᠷ ᠵᠡᠷᠭᠡᠴᠡᠡ ᠤᠷᠤᠰᠢᠬᠤ ᠵᠢ ᠪᠡᠶᠡᠯᠡᠭᠦᠯᠵᠦ᠂ ᠬᠠᠷᠢᠯᠴᠠᠠ ᠰᠤᠯᠢᠯᠴᠠᠵᠤ ᠬᠠᠷᠢᠯᠴᠠᠨ ᠲᠤᠯᠢᠳᠠᠬᠤ ᠵᠢ ᠠᠬᠢᠭᠤᠯᠤᠨ᠂ ᠬᠦᠮᠦᠨ ᠲᠦᠷᠦᠯᠬᠢᠲᠠᠠ᠎ᠤ ᠪᠤᠯᠪᠠᠰᠤᠨ᠎ᠤ ᠲᠠᠪᠰᠢᠯᠲᠠ᠎ᠳᠤ ᠬᠦᠲᠡᠯᠭᠡᠬᠦ ᠬᠦᠴᠤᠨ ᠨᠡᠮᠡᠷᠢᠯᠡᠪᠠᠯ ᠵᠤᠬᠢᠨ᠎ᠠ᠃
      ᠭᠤᠷᠪᠠᠲᠤᠭ᠋ᠠᠷ᠎ᠲᠤ᠂ ᠬᠦᠭᠵᠢᠭᠰᠡᠡ ᠤᠯᠤᠰ ᠪᠠ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠤᠭᠤᠷᠤᠨᠳᠤᠬᠢ ᠬᠦᠭᠵᠢᠯᠲᠠ ᠵᠢᠨ ᠵᠦᠷᠢᠶ᠎ᠠ ᠵᠢ ᠢᠯᠠᠠ ᠲᠠᠪᠠᠵᠦ᠂ ᠡᠯ᠎ᠠ ᠤᠯᠤᠰ᠎ᠤᠨ ᠬᠦᠭᠵᠢᠯ ᠴᠡᠴᠡᠭᠯᠡᠯ᠎ᠢ ᠬᠠᠮᠲᠤ᠎ᠪᠠᠷ ᠠᠬᠢᠭᠤᠯᠬᠤ ᠬᠡᠷᠡᠭᠳᠠᠢ᠃ ᠬᠦᠭᠵᠢᠵᠦ ᠪᠠᠢ᠍ᠢ᠍ᠭ᠎ᠠ ᠤᠯᠤᠰ᠎ᠤᠳ ᠬᠦᠭᠵᠢᠭᠡᠳ ᠢᠷᠡᠴᠢᠬᠡᠪᠡᠯ ᠪᠦᠬᠦ ᠳᠡᠯᠡᠭᠡᠢ ᠵᠢᠨ ᠬᠦᠭᠵᠢᠯ ᠴᠡᠴᠡᠭᠯᠡᠯ ᠲᠤᠭᠲᠠᠭᠤᠨ᠎ᠲᠤ ᠨᠡᠩ ᠪᠠᠲᠤ ᠰᠠᠭᠤᠷᠢ᠎ᠲᠠᠢ ᠪᠤᠯᠴᠢᠬᠠᠬᠤ ᠶᠤᠮ᠃ ᠲᠡᠯᠡᠭᠡᠢ ᠨᠡᠢ᠍ᠢ᠍ᠳᠡ᠎ᠪᠠᠷ ᠵᠶ᠋ᠠᠨ ᠠᠮᠠᠯᠠᠯᠲᠠ᠎ᠪᠠᠨ ᠨᠠᠢ᠍ᠢ᠍ᠲᠠᠪᠤᠷᠢᠵᠢᠭᠤᠯᠵᠦ᠂ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠬᠦᠭᠵᠢᠯᠳᠡ᠎ᠳᠤ ᠴᠢᠬᠤᠯᠠ ᠪᠦᠬᠦᠢ ᠲᠡᠮᠵᠢᠯᠭᠡ ᠬᠠᠩᠭ᠋ᠠᠨ᠂ ᠬᠦᠭᠵᠢᠵᠦ ᠪᠠᠢ᠍ᠢ᠍ᠭ᠎ᠠ ᠤᠯᠤᠰ᠎ᠤᠳ᠎ᠤᠨ ᠵᠦᠢ ᠶᠤᠰᠤᠨ᠎ᠤ ᠬᠦᠭᠵᠢᠯᠲᠠ ᠵᠢᠨ ᠡᠷᠭᠡ ᠠᠰᠢᠭ᠎ᠢ ᠪᠠᠳᠤᠯᠠᠵᠤ᠂ ᠡᠷᠭᠡ ᠵᠢᠨ ᠡᠷᠭᠡ ᠲᠡᠭᠰᠢ᠂ ᠠᠵᠠ ᠲᠤᠬᠢᠶᠠᠯ᠎ᠤᠨ ᠡᠷᠭᠡ ᠲᠡᠭᠰᠢ᠂ ᠲᠦᠷᠢᠮ᠎ᠤᠨ ᠡᠷᠭᠡ ᠲᠡᠭᠰᠢ ᠪᠠᠢ᠍ᠢ᠍ᠬᠤ ᠵᠢ ᠠᠬᠢᠭᠤᠯᠵᠦ᠂ ᠡᠯ᠎ᠠ ᠤᠯᠤᠰ᠎ᠤᠨ ᠠᠷᠠᠳ ᠲᠦᠮᠠᠠ᠎ᠳᠤ ᠬᠦᠭᠵᠢᠯᠲᠠ ᠵᠢᠨ ᠠᠵᠠ ᠲᠤᠬᠢᠶᠠᠯ ᠪᠤᠯᠤᠨ ᠦᠷ᠎ᠠ ᠪᠦᠲᠦᠭᠡᠯ᠎ᠢ ᠬᠠᠮᠳᠤ᠎ᠪᠠᠷ ᠡᠳ᠋ᠯᠡᠭᠦᠯᠪᠡᠯ ᠵᠤᠬᠢᠨ᠎ᠠ᠃
      ᠲᠦᠷᠪᠡᠲᠦᠭᠡᠷ᠎ᠲᠤ᠂ ᠪᠦᠬᠦ ᠲᠡᠯᠡᠭᠡᠢ ᠵᠢᠨ ᠴᠢᠨᠠᠷᠲᠠᠢ ᠦᠷᠢᠰᠦᠯᠲᠦᠭᠡᠡ᠎ᠢ ᠬᠠᠮᠳᠤ᠎ᠪᠠᠷ ᠠᠷᠭ᠋ᠠᠴᠠᠭ᠋ᠠᠵᠦ᠂ ᠬᠦᠮᠦᠨ ᠲᠦᠷᠦᠯᠬᠢᠲᠠᠠ᠎ᠤ ᠰᠠᠢ᠍ᠢ᠍ᠨ ᠰᠠᠢ᠍ᠢ᠍ᠬᠠᠠ ᠢᠷᠡᠭᠡᠲᠦᠢ ᠵᠢ ᠬᠠᠮᠲᠤ᠎ᠪᠠᠷ ᠴᠤᠭᠴᠠᠯᠠᠬᠤ ᠬᠡᠷᠡᠭᠳᠠᠢ᠃ ᠰᠢᠨ᠎ᠠ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠮᠡᠲᠦ ᠵᠢᠨ ᠭᠡᠨᠡᠳᠲᠡ ᠵᠢᠨ ᠤᠯᠠᠠ ᠨᠡᠢ᠍ᠢ᠍ᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ ᠡᠨᠡᠭᠦᠬᠡᠨ ᠵᠶ᠋ᠡᠷ ᠵᠤᠭᠰᠤᠬᠤ ᠪᠢᠰᠢ᠂ ᠪᠦᠬᠦ ᠲᠡᠯᠡᠭᠡᠢ ᠵᠢᠨ ᠤᠯᠠᠠ ᠨᠡᠢ᠍ᠢ᠍ᠲᠡ ᠵᠢᠨ ᠡᠷᠡᠭᠦᠯ ᠬᠠᠮᠠᠭ᠋ᠠᠯᠠᠯ᠎ᠤᠨ ᠵᠠᠰᠠᠯᠲᠠ ᠵᠢ ᠴᠢᠩᠭ᠋ᠠᠳᠬᠠᠬᠤ ᠴᠢᠬᠤᠯᠠᠲᠠᠢ ᠪᠠᠢ᠍ᠢ᠍ᠨ᠎ᠠ᠃ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠴᠢᠩᠭ᠋ᠠᠳᠬᠠᠵᠦ᠂ ᠦᠷᠭᠦᠯᠵᠢᠯᠡᠬᠦ ᠬᠦᠭᠵᠢᠯᠲᠠ ᠵᠢ ᠠᠬᠢᠭᠤᠯᠬᠤ᠎ᠨᠢ ᠬᠦᠮᠦᠨ ᠲᠦᠷᠦᠯᠬᠢᠲᠠᠠ᠎ᠤ ᠠᠯᠤᠰ ᠢᠷᠡᠭᠡᠲᠦᠢ᠎ᠳᠤ ᠬᠤᠯᠪᠤᠭᠲᠠᠨ᠎ᠠ᠃ ᠬᠦᠮᠦᠨ ᠲᠦᠷᠦᠯᠬᠢᠲᠠᠠ᠎ᠳᠤ ᠲᠤᠯᠭ᠋ᠠᠷᠠᠵᠦ ᠪᠠᠢ᠍ᠢ᠍ᠭ᠎ᠠ ᠪᠤᠢ ᠪᠦᠬᠦᠢ ᠪᠦᠬᠦ ᠳᠡᠯᠡᠬᠡᠢ ᠵᠢᠨ ᠴᠢᠨᠠᠷᠲᠠᠢ ᠠᠰᠠᠭᠤᠲᠠᠯ᠎ᠳᠤ ᠡᠷᠭᠡᠪᠰᠢ ᠪᠦᠬᠦ ᠲᠡᠯᠡᠭᠡᠢ ᠵᠢᠨ ᠴᠢᠨᠠᠷᠳᠠᠢ ᠠᠵᠢᠯᠯᠠᠭ᠎ᠠ ᠦᠷᠨᠢᠭᠦᠯᠵᠦ᠂ ᠪᠦᠬᠦ ᠲᠡᠯᠡᠭᠡᠢ᠎ᠪᠠᠷ ᠵᠶ᠋ᠠᠨ ᠠᠷᠭ᠋ᠠᠴᠠᠭ᠋ᠠᠵᠦ᠂ ᠪᠦᠬᠦ ᠲᠡᠯᠡᠭᠡᠢ᠎ᠪᠠᠷ ᠵᠶ᠋ᠠᠨ ᠬᠠᠮᠲᠤᠷᠠᠯᠴᠠᠬᠤ ᠭᠡᠷᠡᠭᠲᠡᠢ ᠭᠡᠵᠦ ᠴᠢᠬᠤᠯᠠᠴᠢᠯᠠᠵᠠᠢ᠃
      ᠰᠢ ᠵᠢᠨ ᠫᠢᠩ᠂ ᠲᠡᠯᠡᠭᠡᠢ ᠳ᠋ᠠᠬᠢᠨ᠎ᠤ ᠠᠰᠠᠭᠤᠲᠠᠯ ᠡᠭᠡᠲᠡᠷᠡᠭᠡᠡ ᠪᠤᠲᠤᠯᠢᠶᠠᠠᠲᠠᠢ ᠪᠠᠢ᠍ᠢ᠍ᠵᠤ᠂ ᠤᠯᠠᠠ ᠲᠠᠯᠠᠲᠦ ᠦᠵᠡᠯ᠎ᠢ ᠬᠠᠮᠠᠭ᠋ᠠᠯᠠᠠ ᠦᠢ᠍ᠯᠡᠲᠦᠯᠭᠡᠵᠢᠭᠦᠯᠵᠦ᠂ ᠬᠦᠮᠦᠨ ᠲᠦᠷᠦᠯᠬᠢᠲᠠᠠ᠎ᠤ ᠬᠤᠪᠢ ᠵᠠᠶᠠᠭ᠋ᠠᠠ᠎ᠤ ᠬᠠᠮᠲᠤ ᠴᠤᠭᠴᠠ ᠵᠢᠨ ᠪᠠᠢ᠍ᠢ᠍ᠭᠤᠯᠤᠯᠳᠠ ᠵᠢ ᠠᠬᠢᠭᠤᠯᠬᠤ ᠪᠤᠯ ᠠᠰᠠᠭᠤᠳᠠᠯ᠎ᠢ ᠰᠢᠢ᠍ᠳᠪᠤᠷᠢᠯᠡᠬᠦ ᠵᠢᠨ ᠭᠠᠷᠬᠤ ᠵᠠᠮ ᠪᠤᠯᠤᠨ᠎ᠠ᠃      — ᠨᠡᠭᠡᠭᠡᠯᠲᠡᠳᠤ ᠪᠠᠭᠲᠠᠭ᠋ᠠᠮᠵᠢᠲᠠᠢ ᠪᠠᠢ᠍ᠢ᠍ᠬᠤ ᠵᠢ ᠪᠠᠷᠢᠮᠲᠠᠯᠠᠵᠦ᠂ ᠪᠢᠳᠡᠭᠦᠮᠵᠢᠯᠡᠨ ᠲᠦᠭᠵᠢᠵᠦ ᠪᠤᠰᠤᠳ᠎ᠢ ᠭᠠᠲᠠᠭᠤᠷᠴᠢᠯᠠᠵᠦ ᠪᠤᠯᠬᠤ ᠦᠭᠡᠢ᠃ ᠤᠯᠠᠠ ᠲᠠᠯᠠᠲᠦ ᠦᠵᠡᠯ᠎ᠤᠨ ᠭᠤᠤᠯ ᠤᠳᠬ᠎ᠠ ᠰᠠᠨᠠᠭ᠎ᠠ ᠪᠤᠯ ᠤᠯᠠᠠ ᠤᠯᠤᠰ᠎ᠤᠨ ᠶᠠᠪᠤᠲᠠᠯ᠎ᠢ ᠤᠯᠠᠠ ᠵᠶ᠋ᠠᠷ ᠵᠶ᠋ᠡᠨ ᠬᠠᠮᠳᠤ᠎ᠪᠠᠷ ᠵᠦᠪᠲᠡᠵᠦ ᠪᠠᠢ᠍ᠢ᠍ᠭ᠋ᠠᠳ ᠬᠢᠵᠦ᠂ ᠲᠡᠯᠡᠭᠡᠢ ᠵᠢᠨ ᠠᠯᠤᠰ ᠢᠷᠡᠭᠡᠲᠦᠢ ᠬᠤᠪᠢ ᠵᠠᠶᠠᠭ᠎ᠠ ᠵᠢ ᠡᠯ᠎ᠠ ᠤᠯᠤᠰ ᠬᠠᠮᠲᠤ᠎ᠪᠠᠷ ᠡᠵᠡᠮᠳᠡᠬᠦ᠎ᠳᠤ ᠪᠠᠢ᠍ᠢ᠍ᠨ᠎ᠠ᠃ ᠲᠡᠯᠡᠭᠡᠢ ᠳᠡᠭᠡᠷ᠎ᠠ 《ᠵᠢᠵᠢᠭ ᠪᠦᠯᠬᠦᠮ》 ᠪᠠᠢ᠍ᠢ᠍ᠭᠤᠯᠵᠤ᠂ 《ᠰᠢᠨ᠎ᠡ ᠬᠦᠢ᠍ᠳᠡᠨ ᠲᠠᠢ᠍ᠢ᠍ᠨ》 ᠬᠢᠵᠤ᠂ ᠪᠤᠰᠤᠳ᠎ᠢ ᠭᠠᠳᠠᠭᠤᠷᠴᠢᠯᠠᠵᠤ ᠰᠦᠷᠳᠡᠬᠦᠯᠤᠨ ᠠᠶᠤᠯᠭ᠋ᠠᠵᠤ᠂ ᠬᠠᠯᠳᠤᠰᠬᠢᠪᠡᠯ ᠬᠠᠷᠢᠯᠴᠠᠭ᠎ᠡ ᠬᠤᠯᠪᠤᠭ᠎ᠡ᠎ᠪᠠᠨ ᠲᠠᠰᠤᠯᠬᠤ᠂ ᠬᠠᠨᠭ᠌ᠭ᠋ᠠᠯᠭ᠎ᠡ᠎ᠪᠠᠨ ᠲᠠᠰᠤᠯᠬᠤ᠂ ᠵᠠᠯᠬᠠᠭ᠋ᠠᠯ ᠦᠵᠡᠬᠦᠯᠬᠦ ᠭᠡᠮᠡᠵᠤ᠂ ᠵᠤᠷᠢᠭᠤᠳᠠ ᠬᠠᠷᠢᠯᠴᠠᠨ ᠲᠤᠰᠠᠭ᠋ᠠᠷᠯᠠᠭᠤᠯᠵᠤ ᠴᠢᠨᠠᠬᠰᠢᠯᠡᠨ ᠬᠦᠨᠳᠠᠢ᠍ᠢ᠍ᠷᠠᠭᠦᠯᠪᠡᠯ᠂ ᠲᠠᠯᠠᠭᠡᠢ ᠶᠢᠷᠳᠢᠨᠴᠤ ᠵᠢ ᠬᠠᠭ᠋ᠠᠴᠠᠯ ᠵᠠᠳᠠᠷᠠᠯ ᠴᠢᠨᠠᠬᠰᠢᠯᠡᠨ ᠡᠰᠡᠷᠬᠦᠴᠡᠯᠳᠤᠯ ᠲᠠᠢ᠍ᠢ᠍ᠰᠢ ᠬᠠᠨᠳᠤᠭᠤᠯᠬᠤ ᠯᠡ ᠪᠤᠯᠤᠨ᠎ᠡ᠃ ᠨᠢᠭᠡᠨ ᠬᠠᠭ᠋ᠠᠴᠠᠬᠰᠡᠨ ᠲᠠᠯᠠᠭᠡᠢ ᠶᠢᠷᠳᠢᠨᠴᠤ ᠬᠦᠮᠦᠨ ᠲᠦᠷᠦᠯᠬᠢᠳᠠᠨ᠎ᠤ ᠲᠤᠯᠭ᠋ᠠᠷᠠᠵᠤ ᠪᠠᠢ᠍ᠢ᠍ᠭ᠎ᠡ ᠬᠠᠮᠳᠤ ᠵᠢᠨ ᠦᠷᠢᠰᠦᠯᠳᠤᠭᠡᠨ᠎ᠢ ᠠᠷᠭ᠋ᠠᠴᠠᠭ᠋ᠠᠵᠤ ᠲᠠᠢ᠍ᠢ᠍ᠯᠬᠦ ᠦᠭᠡᠢ ᠶᠤᠮ᠂ ᠡᠰᠡᠷᠬᠦᠴᠡᠯᠳᠤᠯ᠎ᠨᠢ ᠬᠦᠮᠦᠨ ᠲᠦᠷᠤᠯᠬᠢᠳᠠᠨ᠎ᠢ ᠮᠤᠬᠤᠷᠳᠠᠯ᠎ᠤᠨ ᠵᠠᠮ᠎ᠳᠤ ᠤᠷᠤᠭᠤᠯᠬᠤ ᠪᠤᠯᠤᠨ᠎ᠡ᠃ ᠡᠨᠭᠭᠡ ᠲᠠᠢ᠍ᠢ᠍ᠪᠤᠩ᠂ ᠬᠦᠭᠵᠢᠯᠳᠠ᠂ ᠲᠦᠪ ᠭᠤᠤᠯᠴᠢ᠂ ᠰᠢᠳᠤᠷᠭᠤ ᠶᠤᠰᠤ᠂ ᠠᠷᠠᠳᠴᠢᠯᠡᠯ᠂ ᠡᠷᠭᠡ ᠴᠢᠯᠦᠭᠡ᠎ᠲᠠᠢ ᠪᠠᠢ᠍ᠢ᠍ᠬᠤ ᠪᠦᠬᠦ ᠬᠦᠮᠦᠨ ᠲᠦᠷᠦᠯᠬᠢᠳᠠᠨ᠎ᠤ ᠬᠠᠮᠳᠤ ᠵᠢᠨ ᠦᠷᠳᠡᠭ᠎ᠤᠨ ᠦᠵᠡᠯᠳᠠ ᠵᠢ ᠪᠠᠳᠤ ᠪᠠᠷᠢᠮᠳᠠᠯᠠᠨ᠂ ᠲᠡᠯᠡᠭᠡᠢ ᠵᠢᠨ ᠡᠨᠭᠭᠡ ᠲᠠᠢ᠍ᠢ᠍ᠪᠤᠩ ᠲᠤᠬᠳᠠᠭᠤᠨ᠎ᠢ ᠬᠠᠮᠳᠤ᠎ᠪᠠᠷ ᠬᠠᠮᠠᠭ᠋ᠠᠯᠠᠵᠤ᠂ ᠨᠡᠭᠡᠭᠡᠯᠳᠡᠳᠤ ᠬᠡᠯᠪᠡᠷᠢ ᠵᠢᠨ ᠲᠡᠯᠡᠭᠡᠢ ᠵᠢᠨ ᠠᠵᠤ ᠠᠬᠤᠢ ᠵᠢ ᠪᠠᠢ᠍ᠢ᠍ᠭᠤᠯᠤᠶ᠎ᠡ᠃
     — ᠤᠯᠠᠨ ᠤᠯᠤᠰ᠎ᠤᠨ ᠬᠠᠤᠯᠢ ᠳᠦᠷᠢᠮ ᠵᠶ᠋ᠡᠷ ᠰᠠᠭᠤᠷᠢ ᠪᠤᠯᠭ᠋ᠠᠬᠤ ᠵᠢ ᠪᠠᠷᠢᠮᠳᠠᠯᠠᠵᠤ᠂ ᠪᠢ ᠬᠡᠮᠡᠨ ᠰᠠᠬᠰᠠᠭᠤᠷᠠᠨ ᠠᠭ᠋ᠠᠰᠢᠯᠠᠵᠤ ᠪᠤᠯᠬᠤ ᠦᠭᠡᠢ᠃ ᠲᠡᠯᠡᠭᠡᠢ ᠨᠡᠢ᠍ᠢ᠍ᠳᠡ᠎ᠪᠠᠷ ᠵᠶ᠋ᠠᠨ ᠡᠯ᠎ᠡ ᠤᠯᠤᠰ᠎ᠤᠨ ᠬᠠᠮᠳᠤ᠎ᠪᠠᠷ ᠲᠤᠬᠢᠷᠠᠯᠴᠠᠬᠰᠡᠨ ᠲᠦᠷᠢᠮ ᠪᠠ ᠬᠠᠮᠳᠤ ᠵᠢᠨ ᠲᠠᠨᠢᠯᠳᠠ ᠶᠤᠰᠤᠭ᠋ᠠᠷ ᠵᠠᠰᠠᠬᠤ᠎ᠠᠴᠠ ᠪᠢᠰᠢ ᠬᠠᠷᠢᠨ ᠨᠢᠭᠡ ᠪᠤᠶᠤ ᠭᠡᠳᠤᠨ ᠤᠯᠤᠰ᠎ᠠᠴᠠ ᠵᠢᠭ᠋ᠠᠵᠤ ᠵᠠᠬᠢᠷᠬᠤ ᠦᠭᠡᠢ ᠪᠠᠢ᠍ᠢ᠍ᠪᠡᠯ ᠵᠤᠬᠢᠨ᠎ᠡ᠃ ᠤᠯᠠᠨ ᠤᠯᠤᠰ᠎ᠤᠨ ᠬᠤᠯᠪᠤᠭ᠋ᠠᠳᠤ ᠪᠠᠢ᠍ᠢ᠍ᠭᠤᠯᠭ᠎ᠡ ᠵᠢᠨ ᠦᠨᠳᠤᠰᠤᠨ ᠲᠦᠷᠢᠮ ᠪᠤᠯ ᠨᠡᠢ᠍ᠢ᠍ᠳᠡ᠎ᠳᠤ ᠮᠡᠳᠡᠷᠡᠭᠳᠡᠭᠰᠡᠨ ᠤᠯᠤᠰ᠎ᠤᠨ ᠬᠤᠭᠤᠷᠤᠨᠳᠤᠬᠢ ᠬᠠᠷᠢᠯᠴᠠᠭ᠋ᠠᠨ᠎ᠤ ᠦᠨᠳᠤᠰᠤᠨ ᠳᠦᠷᠢᠮ ᠮᠦᠨ᠂ ᠤᠯᠠᠨ ᠤᠯᠤᠰ᠎ᠤᠨ ᠬᠤᠯᠪᠤᠭ᠋ᠠᠳᠤ ᠪᠠᠢ᠍ᠢ᠍ᠭᠤᠯᠭ᠎ᠡ᠎ᠪᠠᠷ ᠭᠤᠤᠯ ᠪᠤᠯᠭ᠋ᠠᠬᠰᠡᠨ ᠳᠡᠯᠡᠬᠡᠢ ᠵᠢᠨ ᠰᠢᠰᠲ᠋ᠧᠮ᠂ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠡᠨ ᠤᠯᠠᠨ ᠤᠯᠤᠰ᠎ᠤᠨ ᠡᠮᠬᠢ ᠲᠢᠭᠯᠢᠮ᠎ᠢ ᠬᠠᠮᠠᠭ᠋ᠠᠯᠠᠵᠤ᠂ ᠤᠯᠠᠨ ᠲᠠᠯᠠᠳᠤ ᠪᠠᠢ᠍ᠢ᠍ᠭᠤᠯᠤᠮᠵᠢ ᠵᠢᠨ ᠡᠷᠭᠡ ᠰᠦᠷᠳᠤ ᠴᠢᠨᠠᠷ ᠪᠤᠯᠤᠨ ᠪᠦᠳᠦᠮᠵᠢᠳᠤ ᠴᠢᠨᠠᠷ᠎ᠢ ᠬᠠᠮᠠᠭ᠋ᠠᠯᠠᠶ᠎ᠡ᠃ ᠪᠠᠢ᠍ᠢ᠍ᠭᠤᠯᠤᠮᠵᠢ ᠪᠠ ᠲᠦᠷᠢᠮ ᠵᠶ᠋ᠠᠷ ᠲᠠᠮᠵᠢᠨ ᠡᠯ᠎ᠡ ᠤᠯᠤᠰ᠎ᠤᠨ ᠬᠠᠷᠢᠯᠴᠠᠭ᠎ᠡ ᠵᠢ ᠵᠤᠬᠢᠴᠠᠭᠤᠯᠤᠨ ᠵᠢᠷᠤᠮᠵᠢᠭᠤᠯᠵᠤ᠂ ᠬᠦᠴᠦᠷᠭᠡᠭ᠎ᠲᠡᠭᠡᠨ ᠡᠷᠳᠤᠵᠤ ᠪᠠᠭᠤᠷᠠᠢ ᠵᠢ ᠲᠠᠷᠤᠯᠠᠬᠤ ᠵᠢ ᠡᠰᠡᠷᠬᠦᠴᠡᠵᠤ᠂ ᠤᠯᠠᠨ ᠲᠠᠯᠠᠳᠤ ᠦᠵᠡᠯ᠎ᠤᠨ ᠨᠠᠷ᠎ᠡ᠎ᠪᠠᠷ ᠭᠠᠬ᠍ᠴᠠ ᠲᠠᠯᠠᠳᠤ ᠦᠵᠡᠯ᠎ᠢ ᠭᠡᠷᠡᠭᠵᠢᠬᠦᠯᠬᠦ ᠦᠭᠡᠢ ᠪᠠᠢ᠍ᠢ᠍ᠶ᠎ᠡ᠃ ᠲᠦᠷᠢᠮ᠎ᠢ ᠲᠤᠬᠳᠠᠭ᠋ᠠᠴᠢᠬᠠᠪᠡᠯ ᠤᠯᠠᠨ ᠵᠶ᠋ᠠᠷ ᠵᠶ᠋ᠠᠨ ᠴᠦᠮ ᠪᠦᠳᠦᠮᠵᠢᠳᠠᠢ ᠵᠢᠷᠤᠮᠯᠠᠶ᠎ᠡ᠃

《ᠰᠤᠨᠭ᠌ᠭᠤᠯᠳᠠ᠎ᠲᠠᠢ ᠤᠯᠠᠨ ᠲᠠᠯᠠᠳᠤ ᠦᠵᠡᠯ》᠎ᠨᠢ ᠪᠢᠳᠠᠨ᠎ᠤ ᠰᠤᠨᠭ᠌ᠭᠤᠯᠳᠠ ᠪᠤᠯᠬᠤ ᠦᠭᠡᠢ ᠪᠠᠢ᠍ᠢ᠍ᠪᠡᠯ ᠵᠤᠬᠢᠨ᠎ᠡ᠃
     — ᠵᠦᠪᠳᠡᠯᠴᠡᠵᠤ ᠬᠠᠮᠳᠤᠷᠠᠯᠴᠠᠬᠤ ᠵᠢ ᠪᠠᠷᠢᠮᠳᠠᠯᠠᠨ᠂ ᠮᠦᠷᠬᠦᠯᠳᠦᠵᠤ ᠡᠰᠡᠷᠬᠦᠴᠡᠯᠳᠤᠵᠤ ᠪᠤᠯᠬᠤ ᠦᠭᠡᠢ᠃ ᠬᠦᠢ᠍ᠳᠠᠨ ᠲᠠᠢ᠍ᠢ᠍ᠨ᠂ ᠬᠠᠯᠠᠭᠤᠨ ᠲᠠᠢ᠍ᠢ᠍ᠨ ᠭᠡᠰᠡᠨ ᠴᠤ᠌ ᠲᠡᠷᠡ᠂ ᠡᠰᠡᠭᠦᠯ᠎ᠠ ᠠᠷᠠᠯᠵᠢᠶᠠᠨ᠎ᠤ ᠲᠠᠢ᠍ᠢ᠍ᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠢ᠍ᠢ᠍ᠨ ᠭᠡᠰᠡᠨ ᠴᠤ᠌ ᠲᠡᠷᠡ᠂ ᠬᠠᠮᠤᠭ᠎ᠤᠨ ᠰᠡᠬᠦᠯ᠎ᠳᠤ ᠪᠦᠷ ᠡᠯ᠎ᠡ ᠤᠯᠤᠰ᠎ᠤᠨ ᠠᠰᠢᠭ ᠲᠤᠰᠠ ᠵᠢ ᠬᠤᠬᠢᠷᠠᠭᠤᠯᠵᠤ᠂ ᠠᠷᠠᠳ ᠲᠦᠮᠡᠨ᠎ᠤ ᠪᠤᠶᠠᠨ ᠵᠢᠷᠭ᠋ᠠᠯ᠎ᠢ ᠦᠷᠡᠭᠳᠡᠬᠦᠯᠬᠦ ᠪᠤᠯᠤᠨ᠎ᠡ᠃ ᠵᠦᠷᠢᠶ᠎ᠡ ᠵᠢ ᠬᠦᠨᠳᠤᠳᠭᠡᠨ ᠪᠠᠬᠳᠠᠭ᠋ᠠᠵᠤ᠂ ᠪᠤᠰᠤᠳ ᠤᠯᠤᠰ᠎ᠤᠨ ᠲᠤᠳᠤᠭ᠋ᠠᠳᠤ ᠵᠠᠰᠠᠭ᠎ᠲᠤ ᠭᠠᠷ ᠲᠦᠷᠦᠬᠦ ᠦᠭᠡᠢ ᠪᠠᠢ᠍ᠢ᠍ᠵᠤ᠂ ᠵᠦᠪᠳᠡᠯᠴᠡᠨ ᠶᠠᠷᠢᠯᠴᠠᠬᠤ᠎ᠪᠠᠷ ᠲᠠᠮᠵᠢᠨ ᠵᠦᠷᠢᠯᠳᠦᠭᠡᠨ ᠵᠶ᠋ᠠᠨ ᠰᠢᠢ᠍ᠳᠪᠤᠷᠢᠯᠡᠶ᠎ᠡ᠃ ᠬᠦᠢ᠍ᠳᠡᠨ ᠲᠠᠢ᠍ᠢ᠍ᠨ᠎ᠤ ᠰᠡᠳᠬᠢᠬᠦᠢ᠂ ᠡᠪᠯᠡᠷᠡᠰᠢ ᠦᠭᠡᠢ ᠦᠵᠡᠯᠴᠡᠭᠡᠨ᠎ᠤ ᠬᠠᠭᠤᠴᠢᠨ ᠤᠢ᠍ᠢ᠍ᠯᠠᠭ᠋ᠠᠬᠳᠠᠬᠤᠨ᠎ᠢ ᠲᠠᠶᠠᠬᠳᠠᠵᠤ᠂ ᠬᠠᠷᠢᠯᠴᠠᠨ ᠬᠦᠨᠳᠤᠳᠭᠡᠵᠤ ᠬᠠᠷᠢᠯᠴᠠᠨ ᠠᠭᠤᠴᠢᠯᠠᠬᠤ᠂ ᠬᠠᠷᠢᠯᠴᠠᠨ ᠠᠰᠢᠬᠳᠠᠢ ᠬᠠᠮᠳᠤ᠎ᠪᠠᠷ ᠠᠰᠢᠭ ᠬᠦᠷᠳᠡᠬᠦ ᠬᠠᠮᠳᠤᠷᠠᠯᠴᠠᠭ᠋ᠠᠨ᠎ᠤ ᠦᠵᠡᠯᠳᠠ ᠵᠢ ᠪᠠᠷᠢᠮᠳᠠᠯᠠᠶ᠎ᠡ᠃ ᠠᠮᠢᠨᠴᠢᠷ ᠬᠤᠪᠢᠨᠴᠢᠷ ᠢᠪᠴᠤᠤ ᠲᠦᠷᠦ ᠵᠢᠨ ᠪᠤᠳᠤᠯᠭ᠎ᠡ ᠵᠢ ᠲᠠᠪᠴᠢᠵᠤ᠂ ᠡᠷᠭᠡ ᠲᠡᠭᠰᠢ ᠲᠦᠪ ᠭᠤᠤᠯᠴᠢ ᠦᠷᠢᠰᠦᠯᠳᠤᠭᠡᠨ᠎ᠢ ᠰᠠᠨᠠᠭ᠋ᠠᠴᠢᠯᠠᠨ᠂ ᠬᠠᠷᠢᠯᠴᠠᠨ ᠤᠷᠤᠯᠳᠤᠵᠤ ᠬᠠᠮᠳᠤ᠎ᠪᠠᠷ ᠳᠡᠭᠡᠭᠰᠢᠯᠡᠬᠦ ᠤᠷᠤᠯᠳᠤᠭ᠋ᠠᠨ ᠦᠷᠨᠢᠬᠦᠯᠬᠦ᠎ᠠᠴᠠ ᠪᠢᠰᠢ ᠬᠠᠷᠢᠯᠴᠠᠨ ᠲᠠᠭ᠋ᠠᠷᠢᠵᠤ᠂ ᠦᠬᠦᠵᠤ ᠰᠡᠭᠡᠬᠦ ᠵᠢᠨ ᠦᠵᠡᠯᠴᠡᠭᠡᠨ ᠬᠢᠬᠦ ᠦᠭᠡᠢ ᠪᠠᠢ᠍ᠢ᠍ᠶ᠎ᠡ᠃
     — ᠴᠠᠭ ᠦᠶ᠎ᠡ᠎ᠲᠠᠢ ᠵᠡᠷᠭᠡ᠎ᠪᠠᠷ ᠤᠷᠤᠬᠰᠢᠯᠠᠬᠤ ᠵᠢ ᠪᠠᠷᠢᠮᠳᠠᠯᠠᠵᠤ᠂ ᠬᠠᠭᠤᠴᠢᠨ ᠵᠶ᠋ᠠᠨ ᠪᠠᠷᠢᠮᠳᠠᠯᠠᠵᠤ ᠪᠤᠯᠬᠤ ᠦᠭᠡᠢ᠃ 21 ᠳ᠋ᠤᠭᠡᠷ ᠵᠠᠭᠤᠨ᠎ᠤ ᠤᠯᠠᠨ ᠲᠠᠯᠠᠳᠤ ᠦᠵᠡᠯ ᠲᠦᠪ ᠶᠤᠰᠤ ᠵᠢ ᠪᠠᠷᠢᠮᠳᠠᠯᠠᠨ ᠰᠢᠨ᠎ᠡ ᠵᠢ ᠪᠦᠳᠦᠭᠡᠵᠤ᠂ ᠢᠷᠡᠭᠡᠳᠤᠢ᠎ᠳᠤ ᠬᠠᠨᠳᠤᠨ᠂ ᠤᠯᠠᠨ ᠲᠠᠯᠠᠳᠤ ᠦᠵᠡᠯ᠎ᠤᠨ ᠭᠣᠣᠯᠯᠠᠭᠴᠢ ᠥᠷᠲᠡᠭ᠎ᠤᠨ ᠦᠵᠡᠯᠲᠡ ᠪᠠ ᠦᠨᠳᠦᠰᠦᠨ ᠵᠠᠷᠴᠢᠮ᠎ᠢ ᠪᠠᠷᠢᠮᠳᠠᠯᠠᠬᠤ ᠬᠡᠷᠡᠭᠳᠠᠢ ᠪᠦᠭᠡᠳ ᠪᠠᠰᠠ ᠲᠡᠯᠡᠭᠡᠢ ᠵᠢᠨ ᠪᠠᠢ᠍ᠢ᠍ᠷᠢᠰᠢᠯ᠎ᠤᠨ ᠬᠤᠪᠢᠷᠠᠯᠳᠠ᠎ᠳᠤ ᠰᠠᠭᠤᠷᠢᠯᠠᠨ᠂ ᠪᠦᠬᠦ ᠪᠦᠮᠪᠦᠷᠴᠡᠭ᠎ᠤᠨ ᠴᠢᠨᠠᠷᠳᠠᠢ ᠦᠷᠢᠰᠤᠯᠳᠤᠭᠡᠨ᠎ᠢ ᠠᠷᠭ᠋ᠠᠴᠠᠭ᠋ᠠᠬᠤ ᠭᠡᠷᠡᠭᠴᠡᠭᠡ ᠵᠢ ᠠᠩᠬᠠᠷᠴᠤ᠂ ᠦᠷᠭᠡᠨ ᠲᠠᠯᠭᠡᠷ ᠵᠦᠪᠳᠡᠯᠴᠡᠬᠦ᠂ ᠬᠠᠮᠳᠤ ᠵᠢᠨ ᠲᠠᠨᠢᠯᠳᠠ ᠵᠢ ᠨᠢᠬᠳᠠᠷᠠᠭᠤᠯᠬᠤ ᠰᠠᠭᠤᠷᠢᠨ ᠲᠠᠬᠡᠷ᠎ᠠ ᠪᠦᠬᠦ ᠪᠦᠮᠪᠦᠷᠴᠡᠭ᠎ᠤᠨ ᠵᠠᠰᠠᠯᠳᠠ ᠵᠢᠨ ᠰᠢᠰᠲ᠋ᠧᠮ᠎ᠢ ᠦᠭᠡᠷᠡᠴᠢᠯᠡᠨ ᠲᠡᠬᠦᠯᠳᠡᠷᠵᠢᠬᠦᠯᠬᠦ ᠬᠡᠷᠡᠭᠳᠠᠢ᠃ ᠲᠡᠯᠡᠭᠡᠢ ᠵᠢᠨ ᠡᠷᠡᠬᠦᠯ ᠬᠠᠮᠠᠭ᠋ᠠᠯᠠᠯ᠎ᠤᠨ ᠵᠤᠬᠢᠶᠠᠨ ᠪᠠᠢ᠍ᠢ᠍ᠭᠤᠯᠤᠯᠳᠠ ᠵᠢᠨ ᠦᠢ᠍ᠯᠡᠳᠤᠯ᠎ᠢ ᠪᠠᠳᠠᠷᠠᠭᠤᠯᠵᠤ᠂ ᠬᠦᠮᠦᠨ ᠲᠦᠷᠦᠯᠬᠢᠳᠠᠨ᠎ᠤ ᠡᠷᠡᠬᠦᠯ ᠬᠠᠮᠠᠭ᠋ᠠᠯᠠᠯ ᠡᠷᠡᠬᠦᠯ ᠮᠠᠨᠳᠤ ᠵᠢᠨ ᠬᠠᠮᠳᠤ ᠴᠤᠬ᠍ᠴᠠ ᠵᠢ ᠪᠠᠢ᠍ᠢ᠍ᠭᠤᠯᠤᠶ᠎ᠡ᠃ ᠲᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠍ᠢ᠍ᠭᠤᠯᠤᠯᠳᠠ ᠪᠤᠯᠤᠨ ᠤᠯᠠᠨ ᠤᠯᠤᠰ᠎ᠤᠨ ᠮᠦᠨᠭᠭᠦᠨ ᠬᠦᠢ᠍ᠯᠭᠡᠭᠡᠨ ᠵᠤᠭᠤᠰᠤᠨ᠎ᠤ ᠰᠢᠰᠲ᠋ᠧᠮ᠎ᠤᠨ ᠦᠭᠡᠷᠡᠴᠢᠯᠡᠯᠳᠠ ᠵᠢ ᠠᠬᠢᠭᠤᠯᠵᠤ᠂ ᠪᠦᠬᠦ ᠪᠦᠮᠪᠦᠷᠴᠡᠭ᠎ᠤᠨ ᠲᠤᠭ᠋ᠠᠴᠢᠯᠠᠭᠰᠠᠨ ᠵᠠᠰᠠᠯᠳᠠ ᠵᠢᠨ ᠲᠦᠷᠢᠮ᠎ᠢ ᠶᠠᠷᠢᠯᠴᠠᠨ ᠲᠤᠬᠳᠠᠭ᠋ᠠᠵᠤ᠂ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ 《ᠫᠠᠷᠢᠰ᠎ᠤᠨ ᠬᠡᠯᠡᠯᠴᠡᠭᠡᠷ》᠎ᠢ ᠨᠠᠢ᠍ᠢ᠍ᠳᠠᠪᠤᠷᠢᠵᠢᠭᠤᠯᠤᠨ᠂ ᠤᠯᠠᠨ ᠤᠯᠤᠰ᠎ᠤᠨ ᠬᠤᠯᠪᠤᠭ᠋ᠠᠳᠤ ᠪᠠᠢ᠍ᠢ᠍ᠭᠤᠯᠭ᠎ᠡ ᠵᠢᠨ 2030 ᠣᠨ᠎ᠤ ᠦᠷᠬᠦᠯᠵᠢᠯᠡᠬᠦ ᠬᠦᠭᠵᠢᠯᠳᠠ ᠵᠢᠨ ᠵᠦᠪᠯᠡᠬᠦ ᠵᠦᠢ᠍ᠯ᠎ᠢ ᠨᠠᠢ᠍ᠢ᠍ᠳᠠᠪᠤᠷᠢᠵᠢᠭᠤᠯᠤᠶ᠎ᠡ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠲᠤᠮᠳᠠᠳᠤ ᠤᠯᠤᠰ ᠨᠡᠢ᠍ᠢ᠍ᠭᠡᠮ ᠵᠢᠷᠤᠮᠳᠤ ᠤᠳᠤᠬᠢᠴᠢᠯᠠᠬᠰᠡᠨ ᠤᠯᠤᠰ᠎ᠢ ᠪᠦᠬᠦ ᠲᠠᠯ᠎ᠡ᠎ᠪᠠᠷ ᠪᠦᠳᠦᠭᠡᠨ ᠪᠠᠢ᠍ᠢ᠍ᠭᠤᠯᠬᠤ ᠰᠢᠨ᠎ᠡ ᠠᠶᠠᠨ ᠵᠠᠮ ᠵᠶ᠋ᠠᠨ ᠡᠬᠢᠯᠡᠬᠦᠯᠪᠠ᠃ ᠪᠢᠳᠠ ᠰᠢᠨ᠎ᠡ ᠬᠦᠭᠵᠢᠯᠳᠠ ᠵᠢᠨ ᠱᠠᠳᠤᠨ᠎ᠳᠤ ᠰᠠᠭᠤᠷᠢᠯᠠᠨ᠂ ᠰᠢᠨ᠎ᠡ ᠬᠦᠭᠵᠢᠯᠳᠠ ᠵᠢᠨ ᠤᠢ᠍ᠢ᠍ᠯᠠᠭ᠋ᠠᠬᠳᠠᠬᠤᠨ᠎ᠢ ᠲᠤᠭᠤᠰᠢᠯᠠᠭᠤᠯᠵᠤ᠂ ᠰᠢᠨ᠎ᠡ ᠬᠦᠭᠵᠢᠯᠳᠠ ᠵᠢᠨ ᠪᠠᠢ᠍ᠢ᠍ᠷᠢᠰᠢᠯ᠎ᠢ ᠢᠳᠡᠪᠬᠢᠳᠠᠢ ᠴᠤᠭᠴᠠᠯᠠᠵᠤ᠂ ᠡᠯ᠎ᠡ ᠤᠯᠤᠰ᠎ᠯᠤᠭ᠎ᠠ ᠬᠠᠮᠳᠤ᠎ᠪᠠᠷ ᠦᠨᠢᠳᠠ ᠡᠨᠭᠭᠡ ᠲᠠᠢ᠍ᠢ᠍ᠪᠤᠩ᠂ ᠨᠠᠢ᠍ᠢ᠍ᠳᠠᠮ ᠠᠮᠤᠷ ᠲᠦᠪᠰᠢᠨ᠂ ᠬᠠᠮᠳᠤ᠎ᠪᠠᠷ ᠴᠡᠴᠡᠭᠯᠡᠨ ᠬᠦᠭᠵᠢᠭᠰᠡᠨ᠂ ᠨᠡᠭᠡᠭᠡᠯᠳᠠᠳᠤ ᠪᠠᠬᠳᠠᠭ᠋ᠠᠮᠵᠢᠳᠠᠢ᠂ ᠠᠷᠢᠭᠤᠨ ᠴᠡᠪᠡᠷ ᠦᠵᠡᠰᠬᠦᠯᠡᠨᠭᠳᠤ ᠰᠠᠢ᠍ᠢ᠍ᠬᠠᠨ ᠲᠡᠯᠡᠭᠡᠢ ᠶᠢᠷᠳᠢᠨᠴᠤ ᠵᠢ ᠬᠠᠮᠳᠤ᠎ᠪᠠᠷ ᠪᠠᠢ᠍ᠢ᠍ᠭᠤᠯᠬᠤ ᠪᠤᠯᠤᠨ᠎ᠡ᠃
     — ᠳᠤᠮᠳᠠᠳᠤ ᠤᠯᠤᠰ ᠤᠯᠠᠨ ᠤᠯᠤᠰ᠎ᠤᠨ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ᠎ᠳᠤ ᠦᠷᠭᠦᠯᠵᠢᠯᠡᠨ ᠢᠳᠡᠪᠬᠢᠳᠠᠢ ᠤᠷᠤᠯᠴᠠᠨ᠎ᠠ᠃ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠰᠢᠭᠳᠠᠢ ᠲᠤᠷᠰᠢᠯᠭ᠎ᠠ᠎ᠪᠠᠨ ᠡᠯ᠎ᠠ ᠤᠯᠤᠰ᠎ᠤᠨ᠎ᠬᠢᠨ᠎ᠲᠠᠢ ᠬᠤᠪᠢᠶᠠᠯᠴᠠᠵᠤ᠂ ᠬᠢᠵᠢᠭ᠎ᠤᠨ ᠪᠠᠢ᠍ᠢ᠍ᠳᠠᠯ᠎ᠢ ᠠᠷᠭ᠋ᠠᠴᠠᠭ᠋ᠠᠬᠤ ᠴᠢᠳᠠᠪᠤᠷᠢ ᠪᠠᠭᠤᠷᠠᠢ ᠪᠠᠢ᠍ᠢ᠍ᠭ᠎ᠠ ᠤᠯᠤᠰ ᠪᠠ ᠭᠠᠵᠠᠷ ᠤᠷᠤᠨ᠎ᠳᠤ ᠴᠢᠳᠠᠯ᠎ᠤᠨ ᠵᠶ᠋ᠠᠨ ᠬᠢᠷᠢ᠎ᠪᠠᠷ ᠬᠠᠪᠰᠤᠷᠤᠯᠭ᠎ᠠ ᠬᠠᠩᠭ᠋ᠠᠨ᠎ᠠ᠃ ᠸᠠᠺᠼᠢᠨ᠎ᠤ ᠬᠠᠮᠳᠤᠷᠠᠯᠴᠠᠭ᠎ᠠ ᠵᠢ ᠴᠢᠩᠭ᠋ᠠᠳᠬᠠᠵᠤ᠂ ᠸᠠᠺᠼᠢᠨ᠎ᠢ ᠦᠨᠡᠨ ᠬᠦ᠌ ᠡᠯ᠎ᠠ ᠤᠯᠤᠰ᠎ᠤᠨ ᠠᠷᠠᠳ ᠲᠦᠮᠡᠨ᠎ᠤ ᠬᠡᠷᠡᠭᠯᠡᠵᠤ ᠪᠤᠯᠬᠤ᠂ ᠬᠡᠷᠡᠭᠯᠡᠵᠤ ᠳᠡᠢ᠍ᠢ᠍ᠯᠬᠦ ᠤᠯᠠᠨ ᠨᠡᠢ᠍ᠢ᠍ᠳᠡ ᠵᠢᠨ ᠪᠦᠲᠦᠭᠡᠭᠳᠡᠭᠦᠨ ᠪᠤᠯᠭ᠋ᠠᠨ᠎ᠠ᠃
     — ᠳᠤᠮᠳᠠᠳᠤ ᠤᠯᠤᠰ ᠬᠠᠷᠢᠯᠴᠠᠨ ᠠᠰᠢᠭᠳᠠᠢ ᠬᠠᠮᠳᠦ᠎ᠪᠠᠷ ᠠᠰᠢᠭ ᠬᠦᠷᠳᠡᠬᠦ ᠨᠡᠬᠡᠬᠡᠯᠳᠡᠳᠤ ᠪᠠᠢ᠍ᠢ᠍ᠯᠳᠤᠬᠤ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠠ᠃ ᠬᠢᠵᠢᠭ᠎ᠤᠨ ᠪᠠᠢ᠍ᠢ᠍ᠳᠠᠯ᠎ᠢ ᠠᠰᠢᠡᠡᠯᠠᠨ 《ᠳᠡᠯᠡᠬᠡᠢ᠍ᠢ᠍ᠵᠢᠯᠳᠡ ᠵᠢ ᠦᠭᠡᠢ᠍ᠢ᠍ᠰᠭᠡᠬᠦ》 ᠠᠵᠢᠯᠯᠠᠭ᠎ᠠ ᠦᠷᠨᠢᠭᠦᠯᠵᠦ᠂ ᠪᠢᠲᠡᠭᠦᠮᠵᠢᠯᠡᠨ ᠲᠦᠭᠵᠢᠵᠦ ᠬᠠᠷᠢᠯᠴᠠᠭ᠎ᠠ ᠬᠤᠯᠪᠤᠭ᠎ᠠ᠎ᠪᠠᠨ ᠲᠠᠰᠤᠯᠬᠤ᠎ᠨᠢ ᠠᠯᠢ ᠲᠠᠯ᠎ᠠ ᠵᠢᠨ ᠠᠰᠢᠭ ᠲᠤᠰᠠ᠎ᠳᠤ ᠴᠤ᠌ ᠨᠡᠢ᠍ᠢ᠍ᠴᠡᠬᠦ ᠦᠭᠡᠢ ᠶᠤᠮ᠃ ᠳᠤᠮᠳᠠᠳᠤ ᠤᠯᠤᠰ ᠠᠵᠤ ᠠᠬᠤᠢ ᠵᠢᠨ ᠳᠡᠯᠡᠬᠡᠢ᠍ᠢ᠍ᠵᠢᠯᠳᠡ ᠵᠢ ᠢᠮᠠᠭᠳᠠ ᠳᠡᠮᠵᠢᠵᠤ᠂ ᠭᠠᠳᠠᠭ᠋ᠠᠳᠤ ᠨᠡᠬᠡᠬᠡᠯᠳᠡ ᠵᠢᠨ ᠦᠨᠳᠦᠰᠦᠨ ᠲᠦᠷᠦ ᠵᠢᠨ ᠪᠤᠳᠤᠯᠭ᠎ᠠ᠎ᠪᠠᠨ ᠡᠷᠡᠰ ᠬᠡᠷᠡᠭᠵᠢᠭᠦᠯᠦᠨ᠎ᠠ᠃ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠵᠢ ᠴᠢᠯᠦᠭᠡᠳᠠᠢ ᠪᠤᠯᠭ᠋ᠠᠬᠤ ᠳᠦᠭᠦᠮ ᠳᠦᠳᠡ ᠪᠤᠯᠭ᠋ᠠᠬᠤ ᠵᠢ ᠠᠬᠢᠭᠤᠯᠵᠤ᠂ ᠪᠦᠬᠦ ᠳᠡᠯᠡᠬᠡᠢ ᠵᠢᠨ ᠠᠵᠤ ᠦᠢ᠍ᠯᠡᠰ᠎ᠤᠨ ᠬᠡᠯᠬᠢᠶ᠎ᠠ ᠬᠠᠩᠭ᠋ᠠᠯᠭ᠎ᠠ ᠵᠢᠨ ᠬᠡᠯᠬᠢᠶ᠎ᠠ ᠵᠢᠨ ᠰᠢᠭᠤᠳ ᠰᠢᠯᠤᠭᠤᠨ ᠲᠤᠭᠳᠠᠭᠤᠨ ᠪᠠᠢ᠍ᠢ᠍ᠬᠤ ᠵᠢ ᠬᠠᠮᠠᠭ᠋ᠠᠯᠠᠵᠤ᠂ 《ᠨᠢᠭᠡ ᠪᠦᠰᠡ ᠨᠢᠭᠡ ᠵᠠᠮ》᠎ᠢ ᠬᠠᠮᠳᠦ᠎ᠪᠠᠷ ᠴᠢᠨᠠᠷ ᠰᠠᠢ᠍ᠢ᠍ᠳᠠᠢ ᠪᠦᠲᠦᠭᠡᠨ ᠪᠠᠢ᠍ᠢ᠍ᠭᠤᠯᠬᠤ ᠵᠢ ᠠᠬᠢᠭᠤᠯᠵᠤ᠂ ᠵᠠᠬ᠎ᠠ ᠳᠡᠯᠭᠡᠭᠦᠷᠵᠢᠭᠰᠡᠨ᠂ ᠬᠠᠤᠯᠢᠵᠢᠭᠰᠠᠨ᠂ ᠳᠡᠯᠡᠬᠡᠢ᠍ᠢ᠍ᠵᠢᠭᠰᠡᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠢ ᠦᠷᠭᠦᠯᠵᠢᠯᠡᠨ ᠪᠠᠢ᠍ᠢ᠍ᠭᠤᠯᠵᠤ᠂ ᠯᠤᠳᠤ ᠶᠡᠬᠡ ᠵᠠᠬ᠎ᠠ ᠳᠡᠯᠭᠡᠭᠦᠷ᠎ᠤᠨ ᠳᠠᠪᠠᠭᠤᠯᠢᠭ ᠪᠠ ᠳᠤᠳᠤᠭ᠋ᠠᠳᠤ ᠬᠡᠷᠡᠭᠴᠡᠭᠡᠨ᠎ᠤ ᠳᠠᠯᠳᠠ ᠬᠦᠴᠦ᠎ᠪᠠᠨ ᠪᠠᠳᠠᠷᠠᠭᠤᠯᠵᠤ᠂ ᠳᠡᠯᠡᠬᠡᠢ ᠵᠢᠨ ᠠᠵᠤ ᠠᠬᠤᠢ ᠵᠢᠨ ᠰᠡᠷᠭᠦᠯᠳᠡ ᠪᠤᠯᠤᠨ ᠨᠡᠮᠡᠭᠳᠡᠯ᠎ᠳᠤ ᠨᠡᠩ ᠤᠯᠠᠨ ᠬᠦᠳᠡᠯᠭᠡᠬᠦ ᠬᠦᠴᠦᠨ ᠨᠡᠮᠡᠷᠢᠯᠡᠨ᠎ᠠ᠃
     — ᠳᠤᠮᠳᠠᠳᠤ ᠤᠯᠤᠰ ᠦᠷᠭᠦᠯᠵᠢᠯᠡᠬᠦ ᠬᠦᠭᠵᠢᠯᠳᠡ ᠵᠢ ᠦᠷᠭᠦᠯᠵᠢᠯᠡᠨ ᠠᠬᠢᠭᠤᠯᠤᠨ᠎ᠠ᠃ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠨ᠂ 2030 ᠣᠨ᠎ᠠᠴᠠ ᠡᠮᠦᠨ᠎ᠠ ᠨᠡᠭᠦᠷᠡᠰᠦᠳᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠳᠠ ᠵᠢ ᠤᠷᠬᠢᠯ ᠬᠡᠮᠵᠢᠭᠳᠡᠯ᠎ᠳᠤ ᠬᠦᠷᠭᠡᠵᠤ᠂ 2060 ᠣᠨ᠎ᠠᠴᠠ ᠡᠮᠦᠨ᠎ᠠ ᠨᠡᠭᠦᠷᠡᠰᠦᠳᠦ᠋ᠷᠦᠭᠴᠢ ᠵᠢ ᠰᠠᠭ᠋ᠠᠷᠮᠠᠭᠵᠢᠭᠤᠯᠬᠤ ᠬᠠᠷᠠᠯᠳᠠ ᠵᠢ ᠪᠡᠶᠡᠯᠡᠭᠦᠯᠬᠦ ᠵᠢ ᠪᠠᠳᠤᠯᠠᠨ᠎ᠠ᠃ ᠪᠦᠬᠦ ᠬᠦᠮᠦᠨ ᠲᠦᠷᠦᠯᠬᠢᠳᠡᠨ᠎ᠳᠤ ᠠᠰᠢᠭᠳᠠᠢ ᠶᠠᠪᠤᠳᠠᠯ ᠶᠤᠮ ᠪᠤᠯ ᠳᠤᠮᠳᠠᠳᠤ ᠤᠯᠤᠰ ᠡᠷᠡᠭᠡᠯᠵᠡᠯ ᠦᠭᠡᠢ ᠬᠢᠬᠦ ᠪᠦᠭᠡᠳ ᠰᠠᠢ᠍ᠢ᠍ᠳᠤᠷ ᠬᠢᠵᠤ᠂ ᠪᠤᠳᠠᠳᠠᠢ ᠠᠵᠢᠯᠯᠠᠭ᠎ᠠ᠎ᠪᠠᠷ ᠵᠶ᠋ᠠᠨ ᠤᠯᠠᠨ ᠲᠠᠯᠠᠳᠤ ᠦᠵᠡᠯ᠎ᠢ ᠦᠢ᠍ᠯᠡᠳᠦᠯᠭᠡᠵᠢᠭᠦᠯᠦᠨ᠎ᠠ᠃
     — ᠳᠤᠮᠳᠠᠳᠤ ᠤᠯᠤᠰ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠠ ᠵᠢ ᠡᠬᠦᠳᠬᠦ ᠵᠢ ᠦᠷᠭᠦᠯᠵᠢᠯᠡᠨ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠤᠷᠤᠭᠤᠯᠤᠯᠳᠠ ᠵᠢ ᠨᠡᠮᠡᠭᠳᠡᠭᠦᠯᠵᠦ᠂ ᠮᠡᠳᠡᠯᠭᠡ ᠵᠢᠨ ᠦᠮᠴᠢᠯᠡᠯ᠎ᠤᠨ ᠡᠷᠭᠡ ᠵᠢᠨ ᠬᠠᠮᠠᠭ᠋ᠠᠯᠠᠯᠳᠠ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠠ ᠪᠦᠲᠦᠭᠡᠯ ᠵᠶ᠋ᠠᠷ ᠪᠦᠬᠦ ᠬᠦᠮᠦᠨ ᠲᠦᠷᠦᠯᠬᠢᠳᠡᠨ᠎ᠳᠤ ᠪᠤᠶᠠᠨ ᠦᠢ᠍ᠯᠡᠳᠪᠡᠯ ᠳᠠᠭ᠋ᠠᠷᠠᠨ᠎ᠠ᠂ ᠬᠠᠷᠢᠨ ᠲᠡᠭᠦᠨ ᠵᠶ᠋ᠡᠷ ᠪᠤᠰᠤᠳ ᠤᠯᠤᠰ᠎ᠤᠨ ᠬᠦᠭᠵᠢᠯᠳᠡ ᠵᠢ ᠬᠢᠵᠠᠭ᠋ᠠᠷᠯᠠᠬᠤ᠂ ᠬᠤᠷᠢᠡᠡᠯᠠᠬᠤ ᠠᠷᠭ᠎ᠠ ᠪᠠᠷᠢᠯ ᠵᠶ᠋ᠠᠨ ᠪᠤᠯᠭ᠋ᠠᠬᠤ ᠦᠭᠡᠢ ᠪᠤᠯ ᠵᠤᠬᠢᠨ᠎ᠠ᠃ ᠳᠤᠮᠳᠠᠳᠤ ᠤᠯᠤᠰ ᠨᠡᠩ ᠨᠡᠬᠡᠬᠡᠯᠳᠡᠳᠤ ᠰᠡᠳᠭᠢᠬᠦᠢ ᠪᠤᠯᠤᠨ ᠠᠷᠭ᠎ᠠ ᠬᠡᠮᠵᠢᠶ᠎ᠠ᠎ᠪᠠᠷ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠯᠢᠯᠴᠠᠭ᠎ᠠ ᠬᠠᠮᠳᠤᠷᠠᠯᠴᠠᠭ᠎ᠠ ᠵᠢ ᠠᠬᠢᠭᠤᠯᠵᠤ᠂ ᠡᠯ᠎ᠠ ᠤᠯᠤᠰ᠎ᠲᠠᠢ ᠬᠠᠮᠳᠤ᠎ᠪᠠᠷ ᠨᠡᠬᠡᠬᠡᠯᠳᠡᠳᠤ᠂ ᠲᠦᠪ ᠭᠤᠤᠯᠴᠢ᠂ ᠡᠷᠬᠡ ᠲᠡᠭᠰᠢ᠂ ᠭᠠᠳᠠᠭᠤᠷᠴᠢᠯᠠᠯ ᠦᠭᠡᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠭᠵᠢᠯᠳᠡ ᠵᠢᠨ ᠤᠷᠴᠢᠨ ᠨᠦᠬᠦᠴᠡᠯ᠎ᠢ ᠡᠭᠦᠳᠦᠨ᠎ᠠ᠃
     — ᠳᠤᠮᠳᠠᠳᠤ ᠤᠯᠤᠰ ᠰᠢᠨ᠎ᠠ ᠬᠡᠯᠪᠡᠷᠢ ᠵᠢᠨ ᠤᠯᠠᠨ ᠤᠯᠤᠰ᠎ᠤᠨ ᠬᠠᠷᠢᠯᠴᠠᠭ᠎ᠠ ᠪᠠᠢ᠍ᠢ᠍ᠭᠤᠯᠬᠤ ᠵᠢ ᠦᠷᠭᠦᠯᠵᠢᠯᠡᠨ ᠠᠬᠢᠭᠤᠯᠤᠨ᠎ᠠ᠃ ᠢᠯᠠᠵᠤ ᠢᠯᠠᠭᠳᠠᠬᠤ᠎ᠪᠠᠨ ᠦᠵᠡᠯᠴᠡᠬᠦ᠂ ᠢᠯᠠᠭᠰᠠᠨ᠎ᠨᠢ ᠪᠦᠬᠦᠨ᠎ᠢ ᠡᠵᠡᠷᠬᠡᠬᠦ ᠪᠤᠯ ᠳᠤᠮᠳᠠᠳᠤᠴᠤᠳ᠎ᠤᠨ ᠠᠮᠢᠳᠤᠷᠠᠯ᠎ᠤᠨ ᠭᠦᠨ ᠤᠬᠠᠭ᠋ᠠᠨ ᠪᠢᠰᠢ ᠶᠤᠮ᠃ ᠳᠤᠮᠳᠠᠳᠤ ᠤᠯᠤᠰ ᠪᠡᠶ᠎ᠠ᠎ᠪᠠᠨ ᠳᠠᠭ᠋ᠠᠭ᠋ᠠᠵᠤ ᠡᠵᠡᠨ ᠮᠡᠳᠡᠬᠦ ᠨᠠᠢ᠍ᠢ᠍ᠷᠠᠮᠳᠠᠯ᠎ᠤᠨ ᠭᠠᠳᠠᠭ᠋ᠠᠳᠤ ᠬᠠᠷᠢᠯᠴᠠᠭ᠋ᠠᠨ᠎ᠤ ᠲᠦᠷᠦ ᠵᠢᠨ ᠪᠤᠳᠤᠯᠭ᠎ᠠ ᠵᠢ ᠡᠷᠡᠰ ᠪᠠᠷᠢᠮᠳᠠᠯᠠᠵᠤ᠂ ᠡᠯ᠎ᠠ ᠤᠯᠤᠰ᠎ᠯᠤᠭ᠎ᠠ ᠵᠢᠨ ᠨᠦᠬᠦᠷᠰᠡᠭ ᠬᠠᠮᠳᠤᠷᠠᠯᠴᠠᠭ᠋ᠠᠨ᠎ᠤ ᠬᠠᠷᠢᠯᠴᠠᠭ᠎ᠠ ᠵᠢ ᠢᠳᠡᠪᠬᠢᠳᠠᠢ ᠬᠦᠭᠵᠢᠭᠦᠯᠵᠤ᠂ ᠬᠦᠭᠵᠢᠵᠤ ᠪᠠᠢ᠍ᠢ᠍ᠭ᠎ᠠ ᠤᠯᠤᠰ᠎ᠤᠳ᠎ᠤᠨ ᠬᠠᠮᠳᠤᠷᠠᠯᠴᠠᠭ᠎ᠠ ᠵᠢ ᠲᠠᠰᠤᠷᠠᠯᠳᠠ ᠦᠭᠡᠢ ᠭᠦᠨᠵᠡᠭᠡᠢ᠍ᠢ᠍ᠷᠡᠭᠦᠯᠤᠨ᠂ ᠪᠦᠬᠦ ᠳᠡᠯᠡᠭᠡᠢ ᠵᠢᠨ ᠠᠵᠤ ᠠᠬᠤᠢ ᠵᠢᠨ ᠵᠠᠰᠠᠯᠳᠠ᠎ᠳᠤ ᠨᠡᠩ ᠢᠳᠡᠪᠬᠢᠳᠠᠢ ᠤᠷᠤᠯᠴᠠᠵᠤ᠂ ᠠᠵᠤ ᠠᠬᠤᠢ ᠵᠢᠨ ᠳᠡᠯᠡᠬᠡᠢ᠍ᠢ᠍ᠵᠢᠯᠳᠡ ᠵᠢᠨ ᠨᠡᠩ ᠨᠡᠬᠡᠬᠡᠯᠳᠡᠳᠡᠢ᠂ ᠪᠠᠭᠳᠠᠭ᠋ᠠᠮᠵᠢᠳᠠᠢ᠂ ᠲᠦᠭᠡᠮᠡᠯ ᠠᠰᠢᠭ ᠬᠦᠷᠳᠡᠭᠡᠬᠦ᠂ ᠲᠡᠩᠴᠡᠭᠦᠷᠢᠳᠠᠢ᠂ ᠬᠠᠮᠳᠦ᠎ᠪᠠᠷ ᠠᠰᠢᠭ ᠬᠦᠷᠳᠡᠬᠦ ᠴᠢᠭᠯᠡᠯ ᠵᠶ᠋ᠡᠷ ᠬᠦᠭᠵᠢᠬᠦ ᠵᠢ ᠠᠬᠢᠭᠤᠯᠤᠨ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ ᠬᠠᠮᠤᠭ᠎ᠤᠨ ᠰᠡᠭᠦᠯ᠎ᠳᠤ᠂ ᠬᠦᠮᠦᠨ ᠲᠦᠷᠦᠯᠬᠢᠳᠡᠨ᠎ᠳᠤ ᠭᠠᠭᠴᠠᠬᠠᠨ ᠳᠡᠯᠡᠭᠡᠢ ᠵᠢᠨ ᠪᠦᠮᠪᠦᠷᠴᠡᠭ᠎ᠲᠠᠢ ᠪᠦᠭᠡᠳ ᠴᠤᠷ᠎ᠤᠨ ᠭᠠᠭᠴᠠ ᠬᠠᠮᠳᠦ ᠵᠢᠨ ᠢᠷᠡᠭᠡᠳᠦᠢ᠎ᠲᠠᠢ ᠶᠤᠮ᠃ ᠨᠢᠳᠦᠨ ᠡᠮᠦᠨᠡᠬᠢ ᠬᠢᠮᠤᠷᠠᠯ᠎ᠢ ᠠᠷᠭ᠋ᠠᠴᠠᠭ᠋ᠠᠬᠤ ᠭᠡᠰᠡᠨ ᠦᠬᠡᠢ᠂ ᠡᠰᠡᠭᠦᠯ᠎ᠠ ᠰᠠᠢ᠍ᠢ᠍ᠨ ᠰᠠᠢ᠍ᠢ᠍ᠬᠠᠨ ᠢᠷᠡᠭᠡᠳᠦᠢ ᠵᠢ ᠬᠠᠮᠳᠦ᠎ᠪᠠᠷ ᠴᠤᠭᠴᠠᠯᠠᠬᠤ ᠭᠡᠰᠡᠨ ᠦᠬᠡᠢ᠂ ᠬᠦᠮᠦᠨ ᠲᠦᠷᠦᠯᠬᠢᠳᠡᠨ ᠪᠦᠷ ᠵᠢᠷᠭ᠋ᠠᠯ ᠵᠤᠪᠠᠯᠠᠩ ᠵᠶ᠋ᠠᠨ ᠬᠠᠮᠳᠤᠳᠬᠠᠵᠤ᠂ ᠪᠦᠯᠬᠦᠮᠳᠡᠨ ᠬᠠᠮᠳᠤᠷᠠᠯᠴᠠᠬᠤ ᠴᠢᠬᠤᠯᠠᠳᠠᠢ᠃ ᠠᠶᠤᠯ ᠲᠤᠯᠭ᠋ᠠᠷᠠᠬᠤ᠎ᠳᠤ ᠠᠢ᠍ᠢ᠍ᠯ ᠰᠠᠭ᠋ᠠᠬᠠᠯᠳᠠ᠎ᠪᠠᠨ ᠡᠮᠦᠨ᠎ᠠ᠎ᠪᠠᠨ ᠪᠠᠷᠢᠬᠤ ᠠᠷᠭ᠎ᠠ ᠬᠢᠳᠡᠯ ᠪᠦᠬᠦᠨ᠂ ᠬᠤᠪᠢ᠎ᠪᠠᠨ ᠬᠦᠭᠡᠭᠡᠵᠦ ᠭᠠᠭᠴᠠᠭ᠋ᠠᠷ ᠪᠠᠢ᠍ᠢ᠍ᠯᠳᠤᠬᠤ ᠰᠡᠳᠬᠢᠮᠵᠢ ᠪᠦᠬᠦᠨ᠂ ᠪᠢ ᠬᠡᠮᠡᠨ ᠤᠮᠤᠷᠬᠠᠭ ᠰᠠᠭᠰᠠᠭᠤ ᠠᠭ᠋ᠠᠰᠢᠯᠠᠬᠤ ᠶᠠᠪᠤᠳᠠᠯ ᠪᠦᠬᠦᠨ᠂ ᠡᠴᠤᠰ᠎ᠲᠡᠭᠡᠨ ᠪᠦᠷ ᠢᠯᠠᠭᠳᠠᠯ᠎ᠳᠤ ᠤᠴᠠᠷᠠᠬᠤ ᠵᠢ ᠦᠢ᠍ᠯᠡᠳᠦᠯᠭᠡ ᠳᠠᠬᠢᠨ ᠳᠠᠪᠳᠠᠨ ᠭᠡᠷᠡᠴᠢᠯᠡᠵᠠᠢ᠃ ᠪᠢᠳᠡ ᠭᠠᠷ ᠬᠤᠯᠪᠤᠯᠴᠠᠨ ᠤᠯᠠᠨ ᠲᠠᠯᠠᠳᠤ ᠦᠵᠡᠯ᠎ᠤᠨ ᠭᠠᠯ ᠪᠠᠮᠪᠠᠷ ᠵᠶ᠋ᠠᠷ ᠬᠦᠮᠦᠨ ᠲᠦᠷᠦᠯᠬᠢᠳᠡᠨ᠎ᠤ ᠤᠷᠤᠭᠰᠢᠯᠠᠯᠳᠠ ᠵᠢᠨ ᠵᠠᠮ᠎ᠢ ᠭᠡᠷᠡᠯᠳᠦᠭᠦᠯᠵᠤ᠂ ᠬᠦᠮᠦᠨ ᠲᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠴᠤᠭᠴᠠ ᠵᠢ ᠪᠠᠢ᠍ᠢ᠍ᠭᠤᠯᠬᠤ᠎ᠪᠠᠷ ᠴᠤᠴᠠᠯᠳᠠ ᠦᠭᠡᠢ ᠤᠷᠤᠭᠰᠢᠯᠠᠶ᠎ᠠ ᠭᠡᠵᠤ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠡᡁᠸ ᠢ ᠴᠸᠩ᠎ᠤᠨ ᠲᠤᠰᠢᠶᠠᠯ ᠵᠶ᠋ᠠᠨ ᠭᠦᠢ᠍ᠴᠡᠳᠭᠡᠭᠰᠡᠨ ᠮᠡᠳᠡᠬᠦᠯᠦᠯᠳᠡ ᠵᠢ ᠰᠤᠨᠤᠰᠪᠠ
ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ᠄ 《ᠮᠡᠳᠡᠯᠬᠡ ᠵᠢᠨ ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠢ ᠪᠦᠬᠦ ᠳᠠᠯ᠎ᠠ᠎ᠪᠠᠷ ᠴᠢᠩᠭ᠋ᠠᠳᠬᠠᠵᠥ ᠰᠢᠨ᠎ᠡ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠬᠡᠨ ᠰᠢᠨ᠎ᠡ ᠬᠦᠭᠵᠢᠯᠳᠡ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠤᠶ᠎ᠠ》
ᠰᠢ ᠵᠢᠨ ᠫᠢᠩ ᠨᠠᠮ᠎ᠤᠨ ᠭᠠᠳᠠᠨᠠᠬᠢ ᠬᠦᠮᠦᠰ᠎ᠲᠠᠢ ᠬᠠᠮᠳᠦ᠎ᠪᠠᠷ ᠴᠠᠭ᠋ᠠᠨ ᠰᠠᠷ᠎ᠠ ᠵᠢ ᠤᠬᠳᠤᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ᠎ᠢ ᠬᠦᠴᠦᠨ᠎ᠲᠠᠢ ᠪᠣᠯᠭ᠋ᠠᠵᠤ ᠬᠡᠷᠡᠭᠵᠢᠭᠦᠯᠬᠦ ᠲᠤᠬᠠᠢ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠦᠬᠦᠢ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ
 
            