ᠰᠢᠨᠬᠤᠸᠠ ᠬᠤᠷᠢᠶᠠᠨ᠎ᠤ ᠪᠡᠬᠡᠵᠢᠩ᠎ᠤᠨ 1 ᠰᠠᠷ᠎ᠠ ᠵᠢᠨ 27᠎ᠤ ᠴᠠᠬᠢᠯᠭ᠋ᠠᠨ ᠮᠡᠳᠡᠬᠡ ᠤᠯᠤᠰ᠎ᠤᠨ ᠲᠡᠷᠢᠬᠦᠯᠡᠭᠴᠢ ᠰᠢ ᠵᠢᠨ ᠫᠢᠩ 27᠎ᠤ ᠦᠳᠡ ᠵᠢᠨ ᠬᠤᠢ᠍ᠢ᠍ᠨ᠎ᠠ ᠪᠡᠬᠡᠵᠢᠩ᠎ᠳᠤ ᠸᠢᠳᠢᠣ᠋ ᠬᠡᠯᠪᠡᠷᠢ᠎ᠪᠠᠷ ᠤᠤᠮᠸᠨ ᠤᠨᠴᠠᠭ᠋ᠠᠢ ᠵᠠᠰᠠᠬ ᠵᠠᠬᠢᠷᠭ᠋ᠠᠨ᠎ᠤ ᠤᠷᠤᠨ᠎ᠤ ᠵᠠᠰᠠᠬ ᠵᠠᠬᠢᠷᠭ᠋ᠠᠨ᠎ᠤ ᠲᠠᠷᠤᠭ᠎ᠠ ᠡᡁᠸ ᠢ ᠴᠸᠩ᠎ᠤᠨ 2020 ᠤᠨ᠎ᠤ ᠲᠤᠰᠢᠶᠠᠯ ᠵᠶ᠋ᠠᠨ ᠭᠦᠢ᠍ᠴᠡᠳᠭᠡᠭᠰᠡᠨ ᠮᠡᠳᠡᠬᠦᠯᠦᠯᠳᠡ ᠵᠢ ᠰᠤᠨᠤᠰᠪᠠ᠃ ᠡᡁᠸ ᠢ ᠴᠸᠩ ᠤᠤᠮᠸᠨ ᠤᠨᠴᠠᠭ᠋ᠠᠢ ᠵᠠᠰᠠᠬ ᠵᠠᠬᠢᠷᠭ᠋ᠠᠨ᠎ᠤ ᠤᠷᠤᠨ᠎ᠤ ᠵᠠᠰᠠᠬ᠎ᠤᠨ ᠤᠷᠳᠤᠨ᠎ᠤ ᠦᠩᠬᠡᠷᠡᠭᠰᠡᠨ ᠨᠢᠬᠡ ᠵᠢᠯ᠎ᠤᠨ ᠠᠵᠢᠯ ᠪᠤᠯᠤᠨ ᠤᠳᠤᠬᠠᠨ᠎ᠤ ᠪᠠᠢ᠍ᠢ᠍ᠳᠠᠯ᠎ᠢ ᠬᠠᠷᠢᠭᠤ ᠮᠡᠳᠡᠬᠦᠯᠵᠠᠢ᠃

ᠰᠢ ᠵᠢᠨ ᠫᠢᠩ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠭᠡᠷᠡᠭᠴᠡᠬᠡ᠎ᠠᠴᠠ ᠪᠤᠯᠵᠤ᠂ ᠡᠨᠡ ᠤᠳᠠᠭ᠎ᠠ ᠸᠢᠳᠢᠣ᠋ ᠬᠡᠯᠪᠡᠷᠢ᠎ᠪᠠᠷ ᠲᠠᠨ᠎ᠤ 2020 ᠤᠨ᠎ᠤ ᠠᠵᠢᠯ᠎ᠤᠨ ᠲᠤᠰᠢᠶᠠᠯ ᠵᠶ᠋ᠠᠨ ᠭᠦᠢ᠍ᠴᠡᠳᠭᠡᠭᠰᠡᠨ ᠮᠡᠳᠡᠬᠦᠯᠦᠯᠳᠡ ᠵᠢ ᠰᠤᠨᠤᠰᠤᠯ᠎ᠠ᠃ 2020 ᠤᠨ ᠪᠤᠯ ᠲᠠ ᠪᠤᠯᠤᠨ ᠰᠢᠨ᠎ᠠ ᠨᠢᠬᠡ ᠬᠤᠭᠤᠴᠠᠭ᠋ᠠᠨ᠎ᠤ ᠤᠨᠴᠠᠭ᠋ᠠᠢ ᠵᠠᠰᠠᠬ ᠵᠠᠬᠢᠷᠭ᠋ᠠᠨ᠎ᠤ ᠤᠷᠤᠨ᠎ᠤ ᠵᠠᠰᠠᠬ᠎ᠤᠨ ᠤᠷᠳᠤᠨ᠎ᠤ ᠰᠢᠨ᠎ᠠ ᠡᠬᠢᠯᠠᠯᠳᠠ ᠵᠢᠨ ᠵᠢᠯ ᠪᠤᠯᠤᠨ᠎ᠠ᠃ ᠬᠡᠨᠡᠳᠳᠡ ᠡᠭᠦᠰᠦᠭᠰᠡᠨ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠡᠮᠦᠨ᠎ᠠ᠂ ᠲᠠ ᠨᠠᠷ ᠲᠠᠷᠤᠢ ᠲᠦᠷᠬᠡᠨ ᠲᠤᠰᠬᠠᠯ ᠭᠠᠷᠭ᠋ᠠᠨ ᠬᠦᠴᠤᠨ ᠪᠦᠬᠦᠢ ᠠᠷᠭ᠎ᠠ ᠬᠡᠮᠵᠢᠶ᠎ᠠ ᠠᠪᠴᠤ᠂ ᠤᠬᠤᠷᠬᠠᠨ ᠬᠤᠭᠤᠴᠠᠭ᠋ᠠᠨ᠎ᠳᠤ ᠬᠢᠵᠢᠭ᠎ᠤᠨ ᠪᠠᠢ᠍ᠢ᠍ᠳᠠᠯ᠎ᠢ ᠬᠢᠵᠠᠭ᠋ᠠᠷᠯᠠᠵᠤ᠂ ᠤᠳᠤᠬᠠᠨ ᠪᠤᠯᠳᠠᠯ᠎ᠠ ᠵᠠᠯᠭ᠋ᠠᠭ᠎ᠠ᠎ᠪᠠᠷ 300 ᠭᠠᠷᠤᠢ ᠡᠳᠤᠷ ᠲᠤᠬᠠᠢ ᠵᠢᠨ ᠭᠠᠵᠠᠷ᠎ᠤᠨ ᠰᠢᠨ᠎ᠠ᠎ᠪᠠᠷ ᠨᠡᠮᠡᠭᠳᠡᠭᠰᠡᠨ ᠤᠨᠤᠰᠢᠯᠠᠬᠰᠠᠨ ᠡᠪᠡᠳᠴᠢᠨ᠎ᠤ ᠵᠢᠱ᠌ᠢᠶ᠎ᠠ ᠭᠠᠷᠤᠬᠰᠠᠨ ᠦᠬᠡᠢ ᠪᠠᠢ᠍ᠢ᠍ᠵᠤ᠂ ᠤᠤᠮᠸᠨ᠎ᠤ ᠬᠤᠳᠠ ᠵᠢᠨ ᠠᠷᠠᠳ ᠪᠤᠯᠤᠨ ᠬᠤᠯᠪᠤᠬᠳᠠᠯ ᠪᠦᠬᠦᠢ ᠲᠠᠯ᠎ᠠ ᠵᠢᠨ᠎ᠬᠢᠨ᠎ᠤ ᠲᠡᠭᠡᠳᠤ ᠬᠡᠮᠵᠢᠶᠠᠨ᠎ᠤ ᠮᠠᠭᠳᠠᠭ᠋ᠠᠯ ᠰᠠᠢ᠍ᠢ᠍ᠰᠢᠶᠠᠯᠢ ᠤᠯᠪᠠ᠃ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠵᠢᠨ ᠬᠠᠮᠳᠤ᠂ ᠲᠠ ᠨᠠᠷ ᠬᠦᠴᠤᠨ ᠪᠦᠬᠦᠢ ᠠᠷᠭ᠎ᠠ ᠬᠡᠮᠵᠢᠶ᠎ᠠ ᠠᠪᠴᠤ ᠠᠵᠤ ᠠᠬᠤᠢ᠎ᠪᠠᠨ ᠰᠡᠷᠬᠦᠬᠡᠵᠤ ᠠᠷᠠᠳ᠎ᠤᠨ ᠬᠦᠴᠢᠷᠳᠠᠯ᠎ᠢ ᠰᠢᠢ᠍ᠳᠪᠤᠷᠢᠯᠠᠨ᠂ ᠢᠳᠡᠪᠬᠢᠳᠠᠢ ᠦᠷ᠎ᠠ ᠪᠦᠳᠤᠮᠵᠢ ᠤᠯᠵᠤ᠂ ᠤᠤᠮᠸᠨ᠎ᠤ ᠨᠡᠢ᠍ᠢ᠍ᠬᠡᠮ᠎ᠤᠨ ᠡᠶ᠎ᠠ ᠵᠤᠬᠢᠴᠠᠯ᠎ᠢ ᠠᠬᠢᠭᠤᠯᠪᠠ᠃ ᠨᠠᠮ᠎ᠤᠨ ᠲᠦᠪ ᠬᠤᠷᠢᠶᠠᠨ᠎ᠠᠴᠠ ᠲᠠ ᠪᠤᠯᠤᠨ ᠤᠨᠴᠠᠭ᠋ᠠᠢ ᠵᠠᠰᠠᠭ ᠵᠠᠬᠢᠷᠭ᠋ᠠᠨ᠎ᠤ ᠤᠷᠤᠨ᠎ᠤ ᠵᠠᠰᠠᠬ᠎ᠤᠨ ᠤᠷᠳᠤᠨ᠎ᠤ ᠠᠵᠢᠯ᠎ᠢ ᠬᠦᠢ᠍ᠴᠡᠳ ᠨᠤᠳᠠᠯᠠᠵᠤ ᠪᠠᠢ᠍ᠢ᠍ᠨ᠎ᠠ ᠬᠡᠵᠤ ᠬᠡᠯᠡᠪᠡ᠃

ᠰᠢ ᠵᠢᠨ ᠫᠢᠩ᠂ ᠨᠠᠮ᠎ᠤᠨ ᠲᠦᠪ ᠬᠤᠷᠢᠶ᠎ᠠ ᠤᠤᠮᠸᠨ᠎ᠤ ᠠᠬ᠎ᠠ ᠳᠡᠭᠦᠦ ᠨᠠᠷ᠎ᠤᠨ ᠠᠵᠠ ᠵᠢᠷᠭ᠋ᠠᠯ᠎ᠢ ᠢᠮᠠᠭᠳᠠ ᠬᠠᠯᠠᠮᠵᠢᠯᠠᠵᠤ᠂ ᠤᠤᠮᠸᠨ᠎ᠤ ᠬᠦᠭᠵᠢᠯᠳᠠ ᠵᠢ ᠢᠮᠠᠭᠳᠠ ᠬᠠᠯᠠᠮᠵᠢᠯᠠᠬᠰᠠᠭ᠋ᠠᠷ ᠢᠷᠡᠵᠠᠢ᠃ ᠪᠢᠳᠠ ᠤᠤᠮᠸᠨ᠎ᠤ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠠ ᠠᠵᠤ ᠠᠬᠤᠢ ᠨᠡᠢ᠍ᠢ᠍ᠬᠡᠮ᠎ᠤᠨ ᠬᠦᠭᠵᠢᠯᠳᠠ ᠵᠢ ᠨᠢᠬᠡᠳᠤᠯᠳᠠᠢ ᠲᠦᠯᠤᠪᠵᠢᠬᠦᠯᠬᠦ ᠵᠢ ᠦᠷᠬᠦᠯᠵᠢᠯᠠᠨ ᠪᠦᠬᠦ ᠬᠦᠴᠤᠨ ᠵᠶ᠋ᠠᠷ ᠲᠡᠮᠵᠢᠵᠤ᠂ ᠤᠤᠮᠸᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠤᠯᠢ ᠲᠦᠷᠢᠮ ᠪᠤᠯᠤᠨ ᠭᠡᠷᠡᠭᠵᠢᠬᠦᠯᠬᠦ ᠲᠤᠭᠳᠠᠴᠠ᠎ᠪᠠᠨ ᠲᠡᠬᠦᠯᠳᠡᠷᠵᠢᠬᠦᠯᠬᠦ ᠵᠢ ᠲᠡᠮᠵᠢᠵᠤ᠂ ᠤᠤᠮᠸᠨ᠎ᠤ ᠠᠵᠤ ᠠᠬᠤᠢ᠎ᠪᠠᠨ ᠵᠤᠬᠢᠰᠳᠠᠢ᠎ᠪᠠᠷ ᠤᠯᠠᠨ ᠡᠰᠢᠵᠢᠬᠦᠯᠦᠨ ᠬᠦᠭᠵᠢᠬᠦᠯᠬᠦ᠎ᠪᠠᠨ ᠲᠦᠷᠭᠡᠳᠭᠡᠬᠦ ᠵᠢ ᠲᠡᠮᠵᠢᠵᠤ᠂ ᠤᠤᠮᠸᠨ᠎ᠤ ᠤᠯᠤᠰ᠎ᠤᠨ ᠬᠦᠭᠵᠢᠯᠳᠠ ᠵᠢᠨ ᠶᠡᠬᠡ ᠲᠠᠯ᠎ᠠ᠎ᠳᠤ ᠨᠡᠩ ᠰᠠᠢ᠍ᠢ᠍ᠨ ᠠᠭᠤᠰᠤᠯᠴᠠᠬᠤ ᠵᠢ ᠲᠡᠮᠵᠢᠵᠤ᠂ ᠤᠤᠮᠸᠨ᠎ᠤ ᠤᠨᠴᠠᠯᠢᠬ ᠪᠦᠬᠦᠢ 《ᠨᠢᠬᠡ ᠤᠯᠤᠰ᠎ᠲᠤ ᠬᠤᠶᠠᠷ ᠪᠠᠢ᠍ᠢ᠍ᠭᠤᠯᠤᠯ᠎ᠢ ᠭᠡᠷᠡᠭᠵᠢᠬᠦᠯᠬᠦ》 ᠠᠮᠵᠢᠯᠳᠠ᠎ᠲᠠᠢ ᠤᠢ᠍ᠢ᠍ᠯᠡᠳᠤᠯᠬᠡ ᠵᠢ ᠲᠠᠰᠤᠷᠠᠯᠳᠠ ᠦᠬᠡᠢ ᠤᠷᠤᠬᠰᠢ ᠠᠬᠢᠭᠤᠯᠤᠨ᠎ᠠ ᠬᠡᠵᠤ ᠢᠯᠡᠳᠬᠡᠪᠡ᠃

ᠡᡁᠸ ᠢ ᠴᠸᠩ᠂ ᠨᠠᠮ᠎ᠤᠨ ᠲᠦᠪ ᠬᠤᠷᠢᠶᠠᠨ᠎ᠠᠴᠠ ᠤᠤᠮᠸᠨᠢ ᠬᠠᠯᠠᠮᠵᠢᠯᠠᠨ ᠲᠡᠮᠵᠢᠵᠤ ᠪᠠᠢ᠍ᠢ᠍ᠬᠤ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠍ᠢ᠍ᠨ᠎ᠠ᠃ ᠪᠢ ᠤᠤᠮᠸᠨ᠎ᠤ ᠨᠡᠢ᠍ᠢ᠍ᠬᠡᠮ᠎ᠤᠨ ᠡᠯ᠎ᠠ ᠡᠳᠡᠬᠡᠳ᠎ᠤᠨ ᠬᠦᠮᠤᠰ᠎ᠢ ᠦᠷᠭᠦᠯᠵᠢᠯᠡᠨ ᠪᠦᠯᠬᠦᠮᠳᠡᠬᠦᠯᠤᠨ ᠲᠠᠭ᠋ᠠᠭᠤᠯᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠦᠭᠵᠢᠯᠳᠠ ᠵᠢᠨ ᠠᠰᠢᠬ ᠲᠤᠰᠠ ᠵᠢ ᠬᠠᠮᠠᠭ᠋ᠠᠯᠠᠬᠤ ᠦᠨᠳᠤᠰᠤᠨ ᠬᠠᠤᠯᠢ᠎ᠳᠤ ᠳᠤᠭᠳᠠᠭ᠋ᠠᠭᠰᠠᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠵᠦ᠂ ᠤᠯᠤᠰ᠎ᠤᠨ
《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠪᠤᠯᠤᠨ ᠤᠯᠤᠰ᠎ᠤᠨ ᠰᠢᠨ᠎ᠠ ᠬᠦᠭᠵᠢᠯᠳᠠ ᠵᠢᠨ ᠪᠠᠢ᠍ᠢ᠍ᠷᠢᠰᠢᠯᠲᠠᠢ ᠵᠤᠯᠭ᠋ᠠᠯᠴᠠᠭᠤᠯᠤᠨ᠂ ᠤᠤᠮᠸᠨ᠎ᠤ ᠤᠨᠴᠠᠯᠢᠬ ᠪᠦᠬᠦᠢ 《ᠨᠢᠬᠡ ᠤᠯᠤᠰ᠎ᠲᠤ ᠬᠤᠶᠠᠷ ᠪᠠᠢ᠍ᠢ᠍ᠭᠤᠯᠤᠯ᠎ᠢ ᠭᠡᠷᠡᠭᠵᠢᠬᠦᠯᠬᠦ》 ᠤᠢ᠍ᠢ᠍ᠯᠡᠳᠤᠯᠬᠡ ᠵᠢᠨ ᠰᠢᠨ᠎ᠠ ᠪᠠᠢ᠍ᠢ᠍ᠳᠠᠯ᠎ᠢ ᠡᠭᠦᠳᠬᠦ᠎ᠪᠠᠷ ᠴᠢᠷᠮᠠᠢ᠍ᠢ᠍ᠨ᠎ᠠ ᠬᠡᠵᠤ ᠢᠯᠡᠳᠬᠡᠵᠠᠢ᠃
ᠬᠠᠨ ᠵᠸᠩ᠂ ᠳ᠋ᠢᠩ ᠰᠢᠤᠸᠠᠢ ᠰᠢᠶᠠᠩ᠂ ᠬᠦᠸᠸ ᠱᠸᠩ ᠺᠦᠨ᠂ ᠶᠢᠦ ᠴᠢᠤᠸᠠᠨ᠂ ᠰᠢᠶᠠ ᠪᠤᠤ ᠯᠦᠩ ᠨᠠᠷ ᠳᠡᠭᠡᠷᠡᠬᠢ ᠠᠵᠢᠯᠯᠠᠭ᠎ᠠ᠎ᠳᠤ ᠤᠷᠤᠯᠴᠠᠵᠠᠢ᠃