ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠬᠤᠷᠢᠨ ᠲᠤᠯᠤᠳᠤᠭ᠋ᠠᠷ ᠤᠳᠠᠭ᠎ᠠ ᠵᠢᠨ ᠬᠠᠮᠳᠦ ᠵᠢᠨ ᠰᠤᠷᠤᠯᠴᠠᠯᠭ᠎ᠠ ᠳᠡᠭᠡᠷ᠎ᠠ ᠴᠢᠬᠤᠯᠠᠴᠢᠯᠠᠬᠰᠠᠨ᠎ᠨᠢ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠪᠦᠳᠦᠨ ᠵᠦᠪ ᠤᠨᠤᠪᠴᠢᠳᠠᠢ ᠪᠦᠬᠦ ᠲᠠᠯ᠎ᠠ᠎ᠪᠠᠷ ᠲᠤᠭᠤᠰᠢᠯᠠᠭᠤᠯᠵᠦ 《ᠠᠷᠪᠡᠨ ᠲᠦᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠦᠭᠵᠢᠯᠳᠠ ᠰᠠᠢ᠍ᠢ᠍ᠨ ᠡᠬᠢᠯᠡᠯᠳᠠ᠎ᠲᠠᠢ ᠪᠠᠢ᠍ᠢ᠍ᠬᠤ ᠵᠢ ᠦᠨᠡᠨ ᠬᠦ᠌ ᠪᠠᠳᠤᠯᠠᠬᠤ ᠭᠡᠷᠡᠭᠲᠡᠢ
ᠰᠢᠨᠬᠤᠸᠠ ᠬᠤᠷᠢᠶᠠᠨ᠎ᠤ ᠪᠡᠭᠡᠵᠢᠩ᠎ᠤᠨ 1 ᠰᠠᠷ᠎ᠠ ᠵᠢᠨ 29᠎ᠤ ᠴᠠᠬᠢᠯᠭ᠋ᠠᠨ ᠮᠡᠳᠡᠭᠡ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ 1 ᠰᠠᠷ᠎ᠠ ᠵᠢᠨ 28᠎ᠤ ᠦᠳᠡ ᠵᠢᠨ ᠬᠤᠢ᠍ᠢ᠍ᠨ᠎ᠠ 《ᠠᠷᠪᠡᠨ ᠲᠦᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠦᠭᠵᠢᠯᠳᠠ ᠵᠢ ᠰᠠᠢ᠍ᠢ᠍ᠨ ᠡᠬᠢᠯᠡᠯᠳᠠ᠎ᠲᠠᠢ ᠪᠠᠢ᠍ᠢ᠍ᠯᠭ᠋ᠠᠬᠤ ᠭᠤᠤᠯᠳᠠᠯᠭ᠎ᠠ᠎ᠲᠠᠢ ᠠᠵᠢᠯ᠎ᠢ ᠰᠠᠢ᠍ᠢ᠍ᠳᠤᠷ ᠬᠢᠬᠦ ᠲᠤᠬᠠᠢ ᠬᠤᠷᠢᠨ ᠲᠤᠯᠤᠳᠤᠭ᠋ᠠᠷ ᠤᠳᠠᠭ᠎ᠠ ᠵᠢᠨ ᠬᠠᠮᠳᠦ ᠵᠢᠨ ᠰᠤᠷᠤᠯᠴᠠᠯᠭ᠎ᠠ ᠬᠢᠵᠠᠢ᠃ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ ᠪᠤᠯ ᠨᠢᠬᠡᠨ ᠰᠢᠰᠲᠸᠮ᠎ᠲᠠᠢ ᠤᠨᠤᠯ᠎ᠤᠨ ᠰᠢᠰᠲᠸᠮ ᠪᠠᠢ᠍ᠢ᠍ᠵᠤ᠂ ᠬᠦᠭᠵᠢᠯᠳᠠ ᠵᠢᠨ ᠲᠤᠬᠠᠢ ᠬᠠᠷᠠᠯᠳᠠ᠂ ᠬᠦᠳᠡᠯᠭᠡᠬᠦ ᠬᠦᠴᠦᠨ᠂ ᠠᠷᠭ᠎ᠠ ᠭᠡᠯᠪᠡᠷᠢ ᠪᠠ ᠠᠷᠭ᠎ᠠ ᠵᠠᠮ ᠵᠡᠷᠭᠡ ᠵᠢᠨ ᠠᠯᠢ ᠤᠯᠠᠨ ᠤᠨᠤᠯ ᠪᠤᠯᠤᠨ ᠦᠢ᠍ᠯᠡᠳᠦᠯᠭᠡ ᠵᠢᠨ ᠠᠰᠠᠭᠤᠳᠠᠯ᠎ᠢ ᠬᠠᠷᠢᠭᠤᠯᠵᠦ᠂ ᠮᠠᠨ᠎ᠤ ᠨᠠᠮ᠎ᠤᠨ ᠬᠦᠭᠵᠢᠯᠳᠠ ᠵᠢᠨ ᠲᠤᠬᠠᠢ ᠤᠯᠤᠰ ᠲᠦᠷᠦ ᠵᠢᠨ ᠵᠤᠬᠰᠤᠯᠳᠠ᠂ ᠦᠷᠳᠡᠭ᠎ᠤᠨ ᠤᠳᠤᠷᠢᠳᠤᠮᠵᠢ᠂ ᠬᠦᠭᠵᠢᠯᠳᠠ ᠵᠢᠨ ᠵᠠᠬ᠍ᠪᠤᠷ ᠪᠠ ᠬᠦᠭᠵᠢᠯᠳᠠ ᠵᠢᠨ ᠵᠠᠮ ᠵᠡᠷᠭᠡ ᠵᠢᠨ ᠴᠢᠬᠤᠯᠠ ᠶᠡᠭᠡ ᠤᠯᠤᠰ ᠲᠦᠷᠦ ᠵᠢᠨ ᠠᠰᠠᠭᠤᠳᠠᠯ᠎ᠢ ᠳᠤᠳᠤᠷᠬᠠᠢ᠍ᠢ᠍ᠯᠠᠨ ᠦᠬᠦᠯᠡᠵᠡᠢ᠃ ᠪᠦᠬᠦ ᠨᠠᠮ ᠵᠶ᠋ᠠᠷ ᠵᠶ᠋ᠠᠨ ᠡᠷᠬᠡᠪᠰᠢ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠦ᠂ 《ᠠᠷᠪᠡᠨ ᠲᠦᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠦᠭᠵᠢᠯᠳᠠ ᠰᠠᠢ᠍ᠢ᠍ᠨ ᠡᠬᠢᠯᠡᠯᠳᠠ᠎ᠲᠠᠢ ᠪᠠᠢ᠍ᠢ᠍ᠬᠤ ᠵᠢ ᠦᠨᠡᠨ ᠬᠦ᠌ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃
ᠲᠤᠰ ᠤᠳᠠᠭ᠎ᠠ ᠵᠢᠨ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠬᠠᠮᠳᠦ ᠵᠢᠨ ᠰᠤᠷᠤᠯᠴᠠᠯᠭ᠎ᠠ᠎ᠳᠤ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠨᠦᠬᠦᠳ ᠦᠪᠡᠷ ᠵᠶ᠋ᠠᠨ ᠰᠤᠷᠤᠯᠴᠠᠭᠰᠠᠨ᠎ᠤ ᠬᠠᠮᠳᠦ ᠠᠵᠢᠯ᠎ᠤᠨ ᠤᠯᠤᠯᠳᠠ᠎ᠪᠠᠨ ᠰᠤᠯᠢᠯᠴᠠᠵᠦ᠂ ᠯᠢᠦ ᠾᠸ᠂ ᠰᠦᠨ ᠴᠦᠨ ᠯᠠᠨ᠂ ᠬᠤ᠌ ᠴᠦᠨ ᠬᠤᠸᠠ᠂ ᠼᠠᠢ ᠴᠢ ᠨᠦᠬᠦᠷ ᠬᠤᠪᠢᠳᠠᠨ ᠬᠠᠮᠢᠶᠠᠷᠴᠦ ᠪᠠᠢ᠍ᠢ᠍ᠭ᠎ᠠ ᠬᠦᠷᠢᠶ᠎ᠠ ᠴᠠᠷᠠᠭ᠎ᠠ ᠪᠠ ᠤᠷᠤᠨ ᠨᠤᠳᠤᠭ᠎ᠤᠨ ᠠᠵᠢᠯ᠎ᠲᠠᠢ᠎ᠪᠠᠨ ᠤᠶᠠᠯᠳᠤᠭᠤᠯᠤᠨ ᠦᠭᠡ ᠭᠡᠯᠡᠵᠦ᠂ ᠤᠯᠠᠨ ᠵᠶ᠋ᠠᠷ ᠵᠶ᠋ᠠᠨ ᠰᠠᠨᠠᠯ ᠵᠶ᠋ᠠᠨ ᠰᠤᠯᠢᠯᠴᠠᠵᠠᠢ᠃
ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ ᠶᠠᠷᠢᠶ᠎ᠠ ᠲᠠᠯᠪᠢᠪᠠ᠃ ᠲᠡᠷᠡ᠂ ᠡᠨᠡ ᠵᠢᠯ ᠪᠤᠯ 《ᠠᠷᠪᠡᠨ ᠲᠦᠷᠪᠡᠳᠦᠭᠡᠷ ᠲᠠᠪᠤᠨ ᠵᠢᠯ》᠎ᠤᠨ ᠡᠬᠢᠯᠡᠯᠳᠠ ᠵᠢᠨ ᠵᠢᠯ᠂ ᠪᠠᠰᠠ ᠴᠦ᠍ ᠮᠠᠨ᠎ᠤ ᠨᠠᠮ ᠪᠠᠢ᠍ᠢ᠍ᠭᠤᠯᠤᠭᠳᠠᠭᠰᠠᠨ 100 ᠵᠢᠯ᠎ᠤᠨ ᠤᠢ ᠪᠤᠯᠤᠨ᠎ᠠ᠃ ᠡᠨᠡ ᠵᠢᠯ᠎ᠤᠨ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢᠨ ᠠᠵᠢᠯ᠎ᠢ ᠰᠠᠢ᠍ᠢ᠍ᠳᠤᠷ ᠬᠢᠵᠤ᠂ 《ᠠᠷᠪᠡᠨ ᠲᠦᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠮᠠᠨ᠎ᠤ ᠤᠯᠤᠰ᠎ᠤᠨ ᠬᠦᠭᠵᠢᠯᠳᠠ ᠵᠢᠨ ᠲᠦᠷᠦᠭᠦᠦ ᠠᠯᠬᠤᠮ᠎ᠢ ᠰᠠᠢ᠍ᠢ᠍ᠳᠦᠷ ᠠᠯᠬᠤᠬᠤ᠎ᠨᠢ ᠲᠤᠢ᠍ᠢ᠍ᠯ᠎ᠤᠨ ᠴᠢᠬᠤᠯᠠ ᠶᠤᠮ᠃ ᠲᠦᠷᠦᠬᠦᠦ ᠠᠯᠬᠤᠮ ᠵᠶ᠋ᠠᠨ ᠤᠨᠤᠪᠴᠢᠳᠠᠢ ᠮᠦᠷᠳᠡᠬᠡᠨ ᠯᠠᠪᠳᠠᠭᠤᠨ ᠠᠯᠬᠤᠵᠦ᠂ ᠰᠢᠨ᠎ᠠ ᠲᠦᠷᠰᠦ ᠪᠠᠢ᠍ᠢ᠍ᠳᠠᠯ᠎ᠢ ᠪᠤᠢ ᠪᠤᠯᠭ᠋ᠠᠨ᠂ ᠰᠢᠨ᠎ᠠ ᠠᠮᠵᠢᠯᠳᠠ ᠪᠦᠳᠦᠮᠵᠢ ᠭᠠᠷᠭ᠋ᠠᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ ᠪᠤᠯ ᠨᠢᠭᠡᠨ ᠪᠦᠬᠦᠯᠢ ᠴᠤᠬ᠍ᠴᠠ ᠮᠦᠨ᠂ ᠰᠢᠨ᠎ᠠ ᠵᠢ ᠡᠬᠦᠳᠬᠦ ᠬᠦᠭᠵᠢᠯᠳᠠ᠂ ᠵᠤᠬᠢᠴᠠᠩᠭᠤᠢ ᠬᠦᠭᠵᠢᠯᠳᠠ᠂ ᠪᠤᠬᠢᠷᠳᠤᠯ ᠦᠭᠡᠢ ᠬᠦᠭᠵᠢᠯᠳᠠ᠂ ᠨᠡᠭᠡᠭᠡᠯᠳᠡᠳᠦ ᠬᠦᠭᠵᠢᠯᠳᠠ᠂ ᠬᠠᠮᠳᠤ᠎ᠪᠠᠷ ᠡᠳ᠋ᠯᠡᠬᠦ ᠬᠦᠭᠵᠢᠯᠳᠠ ᠵᠢ ᠪᠠᠷᠢᠮᠳᠠᠯᠠᠬᠤ᠎ᠳᠤ᠂ ᠪᠦᠬᠦ ᠨᠠᠮ ᠪᠦᠬᠦ ᠤᠯᠤᠰ ᠵᠶ᠋ᠠᠷ ᠵᠶ᠋ᠠᠨ ᠦᠵᠡᠯ ᠰᠠᠨᠠᠭ᠎ᠠ᠎ᠪᠠᠨ ᠨᠢᠭᠡᠳᠭᠡᠨ᠂ ᠬᠠᠮᠵᠢᠯᠴᠠᠨ ᠠᠵᠢᠯᠯᠠᠵᠤ᠂ ᠵᠠᠮ ᠨᠡᠭᠡᠭᠡᠨ ᠤᠷᠤᠬᠰᠢᠯᠠᠬᠤ ᠭᠡᠷᠡᠭᠲᠡᠢ᠃ ᠲᠦᠪ᠎ᠤᠨ ᠲᠠᠪᠬᠤᠷᠭ᠎ᠠ ᠴᠦ᠍ ᠲᠡᠷᠡ ᠰᠠᠯᠠᠭ᠎ᠠ ᠮᠦᠴᠢᠷ᠎ᠤᠨ ᠲᠠᠪᠬᠤᠷᠭ᠎ᠠ ᠴᠦ᠍ ᠲᠡᠷᠡ᠂ ᠮᠤᠵᠢ ᠵᠢᠨ ᠱᠠᠳᠤᠨ᠎ᠤ ᠲᠠᠪᠬᠤᠷᠭ᠎ᠠ ᠴᠦ᠍ ᠲᠡᠷᠡ᠂ ᠮᠤᠵᠢ᠎ᠠᠴᠠ ᠲᠤᠷᠤᠬᠰᠢᠬᠢ ᠡᠯ᠎ᠠ ᠱᠠᠳᠤᠨ᠎ᠤ ᠲᠠᠪᠬᠤᠷᠭ᠎ᠠ ᠴᠦ᠍ ᠲᠡᠷᠡ᠂ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠲᠤᠮᠳᠠ ᠴᠦᠮ ᠪᠦᠷᠢᠨ ᠪᠦᠳᠦᠨ ᠵᠶ᠋ᠠᠷ ᠡᠵᠡᠮᠳᠡᠵᠦ ᠵᠦᠪ ᠤᠨᠤᠪᠴᠢᠳᠠᠢ ᠤᠢ᠍ᠢ᠍ᠯᠠᠭ᠋ᠠᠨ ᠪᠦᠬᠦ ᠲᠠᠯ᠎ᠠ᠎ᠪᠠᠷ ᠨᠠᠢ᠍ᠢ᠍ᠳᠠᠪᠤᠷᠢᠵᠢᠭᠤᠯᠵᠤ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢᠨ ᠪᠦᠬᠦ ᠶᠠᠪᠤᠴᠠ ᠪᠠ ᠡᠯ᠎ᠠ ᠬᠦᠷᠢᠶᠡᠨ᠎ᠳᠤ ᠲᠤᠭᠤᠰᠢᠯᠠᠭᠤᠯᠬᠤ ᠭᠡᠷᠡᠭᠲᠡᠢ᠃ ᠭᠤᠤᠯ ᠵᠦᠷᠢᠴᠡᠯ ᠪᠠ ᠵᠤᠢ᠍ᠷᠢᠴᠡᠯᠤᠨ ᠭᠤᠤᠯ ᠲᠠᠯ᠎ᠠ ᠵᠢ ᠠᠳᠬᠤᠨ᠂ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠬᠤ᠂ ᠴᠢᠨᠠᠷ ᠰᠠᠢ᠍ᠢ᠍ᠳᠠᠢ ᠬᠦᠭᠵᠢᠯᠳᠠ ᠵᠢ ᠪᠡᠶᠡᠯᠡᠬᠦᠯᠬᠦ ᠵᠢ ᠨᠦᠯᠦᠭᠡᠯᠡᠵᠦ ᠪᠠᠢ᠍ᠢ᠍ᠭ᠎ᠠ ᠲᠤᠪᠤᠢ᠍ᠢ᠍ᠮ᠎ᠠ ᠠᠰᠠᠭᠤᠳᠠᠯ᠎ᠢ ᠦᠨᠡᠨ ᠬᠦ᠌ ᠰᠢᠢ᠍ᠳᠪᠤᠷᠢᠯᠡᠵᠦ᠂ ᠠᠷᠠᠳ ᠤᠯᠠᠨ᠎ᠤ ᠦᠢ᠍ᠯᠡᠳᠪᠤᠷᠢᠯᠡᠯ ᠠᠮᠢᠳᠤᠷᠠᠯ᠎ᠢ ᠨᠦᠯᠦᠭᠡᠯᠡᠵᠦ ᠪᠠᠢ᠍ᠢ᠍ᠭ᠎ᠠ ᠲᠤᠪᠤᠢ᠍ᠢ᠍ᠮ᠎ᠠ ᠠᠰᠠᠭᠤᠳᠠᠯ᠎ᠢ ᠦᠨᠡᠨ ᠬᠦ᠌ ᠰᠢᠢ᠍ᠳᠪᠤᠷᠢᠯᠡᠬᠦ ᠭᠡᠷᠡᠭᠲᠡᠢ᠃ ᠠᠵᠢᠯ᠎ᠤᠨ ᠲᠤᠮᠳᠠ᠎ᠪᠠᠨ ᠰᠢᠨ᠎ᠠ ᠵᠢ ᠡᠬᠦᠳᠬᠦ ᠬᠦᠭᠵᠢᠯᠳᠠ᠂ ᠵᠤᠬᠢᠴᠠᠩᠭᠤᠢ ᠬᠦᠭᠵᠢᠯᠳᠠ᠂ ᠪᠤᠬᠢᠷᠳᠤᠯ ᠦᠭᠡᠢ ᠬᠦᠭᠵᠢᠯᠳᠠ᠂ ᠨᠡᠭᠡᠭᠡᠯᠳᠠᠳᠦ ᠬᠦᠭᠵᠢᠯᠳᠠ᠂ ᠬᠠᠮᠳᠤ᠎ᠪᠠᠷ ᠡᠳ᠋ᠯᠡᠬᠦ ᠬᠦᠭᠵᠢᠯᠳᠠ ᠵᠢ ᠴᠦᠮ ᠠᠩᠬᠠᠷᠴᠦ᠂ ᠡᠳᠡᠭᠡᠷ᠎ᠢ ᠬᠠᠮᠵᠢᠯᠴᠠᠭᠤᠯᠤᠨ ᠬᠦᠴᠦᠯᠡᠬᠦᠯᠵᠦ ᠬᠠᠮᠳᠤᠷᠠᠯ ᠬᠦᠴᠦᠨ᠎ᠢ ᠪᠦᠷᠢᠯᠳᠦᠬᠦᠯᠬᠦ ᠭᠡᠷᠡᠭᠲᠡᠢ᠂ ᠵᠠᠷᠢᠮ᠎ᠢ᠎ᠨᠢ ᠬᠡᠳᠦ ᠬᠦᠩᠬᠡᠪᠴᠢᠯᠡᠵᠦ ᠵᠠᠷᠢᠮ᠎ᠢ᠎ᠨᠢ ᠬᠡᠳᠦ ᠴᠢᠬᠤᠯᠠᠴᠢᠯᠠᠵᠤ ᠪᠤᠯᠬᠤ ᠦᠭᠡᠢ᠂ ᠬᠡᠰᠡᠭ ᠲᠠᠯ᠎ᠠ᠎ᠪᠠᠷ ᠪᠦᠬᠦ ᠲᠠᠯ᠎ᠠ ᠵᠢ ᠤᠷᠤᠯᠠᠭᠤᠯᠵᠤ ᠪᠤᠯᠬᠤ ᠦᠭᠡᠢ᠃ ᠲᠦᠪ᠎ᠤᠨ ᠲᠠᠪᠬᠤᠷᠭ᠎ᠠ ᠵᠢᠨ ᠬᠤᠪᠢ᠎ᠳᠤ᠂ ᠲᠦᠯᠦᠪᠵᠢᠬᠦᠯᠭᠡ ᠲᠦᠯᠦᠪᠯᠡᠭᠡ᠂ ᠬᠤᠷᠸ᠎ᠠ ᠵᠢᠯᠤᠭᠤᠳᠤᠯᠭ᠎ᠠ᠂ ᠲᠦᠷᠦ ᠵᠢᠨ ᠪᠤᠳᠤᠯᠭ᠎ᠠ ᠬᠠᠤᠯᠢ ᠴᠠᠭ᠋ᠠᠵᠠ᠂ ᠡᠳ᠋᠎ᠤᠨ ᠵᠠᠰᠠᠭ᠎ᠤᠨ ᠤᠷᠤᠭᠤᠯᠤᠯᠳᠠ᠂ ᠠᠵᠢᠯ᠎ᠤᠨ ᠲᠤᠬᠢᠷᠠᠭᠤᠯᠤᠯᠳᠠ ᠵᠡᠷᠭᠡ ᠲᠠᠯ᠎ᠠ᠎ᠪᠠᠷ ᠪᠦᠬᠦ ᠨᠠᠮ ᠪᠦᠬᠦ ᠤᠯᠤᠰ᠎ᠢ ᠵᠢᠯᠤᠭᠤᠳᠴᠤ᠂ ᠵᠠᠩᠬᠢᠯᠠᠭ᠎ᠠ ᠵᠢᠨ ᠭᠤᠭᠴᠤᠭ᠎ᠠ ᠵᠢ ᠰᠠᠢ᠍ᠢ᠍ᠳᠤᠷ ᠠᠳᠬᠤᠨ᠂ ᠭᠤᠤᠯᠳᠠᠯᠭ᠎ᠠ᠎ᠲᠠᠢ ᠰᠢᠪᠳᠤᠯᠤᠯᠳᠠ ᠬᠢᠬᠦ᠎ᠪᠠᠷ ᠳᠠᠮᠵᠢᠨ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ ᠪᠦᠬᠦᠯᠢ ᠴᠤᠬ᠍ᠴᠠ ᠵᠢᠨ ᠲᠦᠪᠰᠢᠨ᠎ᠢ ᠳᠡᠭᠡᠭᠰᠢᠯᠡᠬᠦᠯᠬᠦ ᠵᠢ ᠳᠠᠢ᠍ᠢ᠍ᠴᠢᠯᠠᠵᠤ᠂ ᠪᠦᠬᠦ ᠨᠠᠮ ᠪᠦᠬᠦ ᠤᠯᠤᠰ᠎ᠤᠨ᠎ᠬᠢᠨ᠎ᠤ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠴᠢᠳᠠᠪᠤᠷᠢ ᠪᠠ ᠲᠦᠪᠰᠢᠨ᠎ᠢ ᠪᠦᠬᠦ ᠲᠠᠯ᠎ᠠ᠎ᠠᠴᠠ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ᠃ ᠡᠯ᠎ᠠ ᠰᠠᠯᠠᠭ᠎ᠠ ᠮᠦᠴᠢᠷ᠎ᠤᠨ᠎ᠬᠢᠨ ᠦᠪᠡᠷ᠎ᠤᠨ ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ᠂ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠤ ᠲᠤᠰ ᠰᠠᠯᠠᠭ᠎ᠠ ᠮᠦᠴᠢᠷ᠎ᠲᠤ ᠬᠤᠯᠪᠤᠭᠳᠠᠬᠤ ᠭᠤᠤᠯᠳᠠᠯᠭ᠎ᠠ᠎ᠲᠠᠢ ᠠᠵᠢᠯ᠎ᠢ ᠰᠠᠢ᠍ᠢ᠍ᠳᠤᠷ ᠠᠳᠬᠤᠬᠤ ᠮᠦᠷᠳᠡᠬᠡᠨ ᠪᠠᠰᠠ ᠲᠤᠰ ᠰᠠᠯᠠᠭ᠎ᠠ ᠮᠦᠴᠢᠷ᠎ᠤᠨ ᠠᠵᠢᠯ᠎ᠨᠢ ᠪᠦᠬᠦ ᠨᠠᠮ ᠪᠦᠬᠦ ᠤᠯᠤᠰ᠎ᠤᠨ᠎ᠬᠢᠨ᠎ᠤ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠎ᠳᠤ ᠦᠵᠡᠭᠦᠯᠬᠦ ᠦᠢ᠍ᠯᠡᠳᠦᠯ ᠪᠠ ᠨᠦᠯᠦᠭᠡ ᠵᠢ ᠶᠡᠷᠦᠩᠬᠡᠢ᠍ᠢ᠍ᠯᠡᠨ ᠪᠤᠳᠤᠯᠬᠢᠯᠠᠬᠤ ᠬᠡᠷᠡᠭᠳᠠᠢ᠃ ᠡᠯ᠎ᠠ ᠭᠠᠵᠠᠷ ᠤᠷᠤᠨ᠎ᠤ᠎ᠬᠢᠨ ᠲᠤᠰ ᠲᠤᠰ᠎ᠤᠨ ᠨᠦᠬᠦᠴᠡᠯ ᠪᠤᠯᠤᠮᠵᠢ᠎ᠪᠠᠨ ᠦᠨᠳᠦᠰᠦᠯᠡᠨ᠂ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠬᠡᠷᠡᠭᠳᠠᠢ ᠪᠦᠭᠡᠳ ᠪᠠᠰᠠ ᠳᠤᠳᠠᠭᠤᠳᠠᠯ ᠪᠠ ᠬᠦᠷᠦᠯᠴᠡᠬᠦ ᠦᠭᠡᠢ ᠲᠠᠯ᠎ᠠ᠎ᠪᠠᠨ ᠤᠯᠵᠤ ᠭᠤᠤᠯᠳᠠᠯᠭ᠎ᠠ᠎ᠲᠠᠢ᠎ᠪᠠᠷ ᠠᠬᠢᠭᠤᠯᠬᠤ ᠭᠡᠷᠡᠭᠲᠡᠢ᠂ ᠪᠤᠳᠠᠳᠠᠢ ᠪᠠᠢ᠍ᠢ᠍ᠳᠠᠯ᠎ᠠᠴᠠ ᠰᠠᠯᠤᠩᠭᠢᠷᠠᠨ ᠴᠦᠯ᠎ᠳᠤ ᠮᠦᠯᠳᠤ ᠬᠢᠵᠤ ᠪᠤᠯᠬᠤ ᠦᠭᠡᠢ᠂ ᠨᠡᠩ ᠴᠤ᠌ ᠠᠵᠢᠯ᠎ᠤᠨ ᠪᠦᠲᠦᠮᠵᠢ ᠭᠠᠷᠭ᠋ᠠᠬᠤ ᠵᠢᠨ ᠲᠦᠯᠦᠭᠡ ᠨᠦᠬᠦᠴᠡᠯ ᠪᠠᠢ᠍ᠢ᠍ᠳᠠᠯ᠎ᠢ ᠪᠤᠳᠤᠯᠬᠢᠯᠠᠬᠤ ᠦᠭᠡᠢ᠎ᠪᠠᠷ ᠰᠠᠨᠠᠭ᠋ᠠᠨ ᠳᠤᠷ᠎ᠠ᠎ᠪᠠᠷ ᠵᠶ᠋ᠡᠨ ᠬᠢᠵᠦ ᠪᠤᠯᠬᠤ ᠦᠭᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠰᠢᠨ᠎ᠠ ᠬᠦᠭᠵᠢᠯᠳᠡ ᠵᠢᠨ ᠱᠠᠳᠤᠨ᠎ᠳᠤ ᠤᠷᠤᠵᠤ᠂ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠭᠦᠢ᠍ᠴᠡᠳ᠂ ᠵᠦᠪ ᠤᠨᠤᠪᠴᠢᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ᠎ᠳᠤ ᠡᠷᠬᠡᠪᠰᠢ ᠬᠠᠮᠳᠦ᠎ᠪᠠᠷ ᠴᠢᠨᠡᠭᠡᠯᠢᠭᠵᠢᠬᠦ ᠠᠰᠠᠭᠤᠳᠠᠯ᠎ᠢ ᠨᠡᠩ ᠴᠢᠬᠤᠯᠠᠴᠢᠯᠠᠬᠤ ᠬᠡᠷᠡᠭᠳᠠᠢ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠠᠴᠠ ᠨᠡᠩ ᠠᠯᠤᠰ ᠭᠡᠳᠦ ᠵᠢᠨ ᠬᠠᠷᠠᠯᠳᠠ ᠵᠢ ᠪᠤᠳᠤᠯᠬᠢᠯᠠᠨ ᠬᠠᠮᠳᠤ ᠵᠢᠨ ᠴᠢᠨᠡᠭᠡᠯᠢᠭᠵᠢᠯᠯᠢ ᠲᠦᠯᠦᠪᠵᠢᠭᠦᠯᠵᠤ᠂ 《ᠪᠦᠬᠦ ᠠᠷᠠᠳ ᠵᠶ᠋ᠠᠷ ᠵᠶ᠋ᠡᠨ ᠬᠠᠮᠳᠤ᠎ᠪᠠᠷ ᠴᠢᠨᠡᠭᠡᠯᠢᠭᠵᠢᠬᠦ ᠲᠠᠯ᠎ᠠ᠎ᠪᠠᠷ ᠨᠡᠩ ᠢᠯᠡᠷᠬᠡᠢ ᠪᠤᠳᠠᠳᠠᠢ ᠠᠮᠵᠢᠯᠳᠠ ᠤᠯᠬᠤ》 ᠬᠠᠷᠠᠯᠳᠠ ᠵᠢ ᠳᠤᠷᠠᠳᠴᠠᠢ᠃ ᠬᠠᠮᠳᠤ ᠵᠢᠨ ᠴᠢᠨᠡᠭᠡᠯᠢᠭᠵᠢᠯᠯᠤᠨ ᠲᠤᠰ ᠪᠡᠶ᠎ᠠ᠎ᠨᠢ ᠳᠠᠷᠤᠢ ᠨᠡᠢ᠍ᠢ᠍ᠭᠡᠮ ᠵᠢᠷᠤᠮᠳᠤ ᠤᠳᠤᠬᠢᠴᠢᠯᠠᠯᠳᠠ ᠵᠢᠨ ᠨᠢᠭᠡᠨ ᠴᠢᠬᠤᠯᠠ ᠬᠠᠷᠠᠯᠳᠠ ᠮᠦᠨ᠃ ᠪᠢᠳᠡ ᠢᠮᠠᠭᠳᠠ ᠠᠷᠠᠳ ᠲᠦᠮᠡᠨ᠎ᠤ ᠰᠠᠢ᠍ᠢ᠍ᠨ ᠰᠠᠢ᠍ᠢ᠍ᠬᠠᠨ ᠠᠮᠢᠳᠤᠷᠠᠯ᠎ᠤᠨ ᠲᠤᠬᠠᠢ ᠰᠢᠨ᠎ᠠ ᠬᠦᠰᠡᠯ ᠡᠷᠡᠮᠡᠯᠵᠡᠯ᠎ᠢ ᠬᠠᠩᠭ᠋ᠠᠬᠤ᠎ᠪᠠᠷ ᠬᠦᠭᠵᠢᠯᠳᠡ ᠵᠢᠨ ᠵᠤᠷᠢᠯᠳᠠ ᠪᠠ ᠳᠤᠰᠤᠯᠳᠠ᠎ᠪᠠᠨ ᠪᠤᠯᠭ᠋ᠠᠵᠤ᠂ ᠤᠳᠤᠬᠢᠴᠢᠯᠠᠯᠳᠠ ᠵᠢ ᠪᠡᠶᠡᠯᠡᠭᠦᠯᠬᠦ ᠶᠠᠪᠤᠴᠠ ᠳᠤᠮᠳᠠ ᠡᠨᠡ ᠬᠦ᠌ ᠠᠰᠠᠭᠤᠳᠠᠯ᠎ᠢ ᠲᠠᠰᠤᠷᠠᠯᠳᠠ ᠦᠭᠡᠢ᠂ ᠠᠯᠬᠤᠮ ᠠᠯᠬᠤᠮ ᠵᠶ᠋ᠠᠷ ᠰᠠᠢ᠍ᠢ᠍ᠳᠤᠷ ᠰᠢᠢ᠍ᠳᠪᠦᠷᠢᠯᠡᠬᠦ ᠬᠡᠷᠡᠭᠳᠠᠢ᠃ ᠭᠠᠵᠠᠷ ᠤᠷᠤᠨ᠎ᠤ ᠬᠤᠭᠤᠷᠤᠨᠳᠤᠬᠢ ᠵᠦᠷᠢᠶ᠎ᠠ᠂ ᠬᠤᠳᠠ ᠬᠦᠳᠡᠭᠡ ᠵᠢᠨ ᠵᠦᠷᠢᠶ᠎ᠠ᠂ ᠤᠷᠤᠯᠭ᠎ᠠ ᠵᠢᠨ ᠵᠦᠷᠢᠶ᠎ᠠ ᠵᠡᠷᠭᠡ ᠠᠰᠠᠭᠤᠳᠠᠯ᠎ᠢ ᠤᠬᠠᠮᠰᠠᠷ᠎ᠠᠴᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠵᠤ᠂ ᠬᠦᠭᠵᠢᠭᠦᠯᠬᠦ ᠳᠤᠮᠳᠠ ᠠᠷᠠᠳ᠎ᠤᠨ ᠠᠮᠢᠳᠤᠷᠠᠯ᠎ᠢ ᠪᠠᠳᠤᠯᠠᠨ ᠰᠠᠢ᠍ᠢ᠍ᠵᠢᠷᠠᠭᠤᠯᠬᠤ ᠵᠢ ᠪᠠᠷᠢᠮᠳᠠᠯᠠᠨ᠂ ᠠᠵᠢᠯ ᠤᠯᠭᠤᠯᠳᠠ᠂ ᠤᠷᠤᠯᠭ᠎ᠠ ᠵᠢᠨ ᠬᠤᠪᠢᠶᠠᠷᠢᠯᠠᠯᠳᠠ᠂ ᠰᠤᠷᠭ᠋ᠠᠨ ᠬᠦᠮᠦᠵᠢᠯ᠂ ᠨᠡᠢ᠍ᠢ᠍ᠭᠡᠮ᠎ᠤᠨ ᠪᠠᠳᠤᠯᠠᠭ᠎ᠠ᠂ ᠡᠮᠴᠢᠯᠡᠭᠡᠨ᠂ ᠤᠷᠤᠨ ᠰᠠᠭᠤᠴᠠ᠂ ᠨᠠᠰᠤᠵᠢᠯ᠎ᠤᠨ ᠠᠰᠠᠷᠠᠮᠵᠢ᠂ ᠨᠢᠯᠬᠠᠰ᠎ᠢ ᠬᠠᠷᠠᠭ᠋ᠠᠯᠵᠠᠬᠤ ᠵᠡᠷᠭᠡ ᠡᠯ᠎ᠠ ᠲᠠᠯ᠎ᠠ ᠵᠢᠨ ᠠᠵᠢᠯ᠎ᠢ ᠨᠢᠭᠡᠳᠦᠯᠳᠠᠢ ᠲᠦᠯᠦᠪᠵᠢᠭᠦᠯᠦᠨ ᠰᠠᠢ᠍ᠢ᠍ᠳᠤᠷ ᠬᠢᠵᠤ᠂ ᠬᠦᠳᠡᠭᠡ ᠲᠤᠰᠬᠤᠨ᠂ ᠦᠨᠳᠦᠰᠦᠨ ᠱᠠᠳᠤ᠂ ᠬᠦᠭᠵᠢᠭᠡᠳᠦᠢ ᠭᠠᠵᠠᠷ ᠤᠷᠤᠨ ᠲᠡᠢ᠍ᠢ᠍ᠰᠢ ᠬᠡᠯᠪᠡᠢ᠍ᠢ᠍ᠯᠭᠡᠬᠦ᠂ ᠬᠦᠴᠢᠷᠳᠡᠯᠳᠠᠢ ᠤᠯᠠᠨ ᠲᠦᠮᠡᠨ ᠲᠡᠢ᠍ᠢ᠍ᠰᠢ ᠬᠡᠯᠪᠡᠢ᠍ᠢ᠍ᠯᠭᠡᠬᠦ ᠵᠢ ᠨᠡᠩ ᠴᠢᠬᠤᠯᠠᠴᠢᠯᠠᠨ᠂ ᠨᠡᠢ᠍ᠢ᠍ᠭᠡᠮ᠎ᠤᠨ ᠲᠦᠪ ᠭᠤᠤᠯᠴᠢ ᠰᠢᠳᠤᠷᠭᠤ ᠶᠤᠰᠤ ᠵᠢ ᠠᠬᠢᠭᠤᠯᠵᠤ᠂ ᠬᠦᠭᠵᠢᠯᠳᠡ ᠵᠢᠨ ᠦᠷ᠎ᠠ ᠪᠦᠲᠦᠭᠡᠯ᠎ᠢ ᠪᠦᠬᠦ ᠠᠷᠠᠳ ᠲᠦᠮᠡᠨ᠎ᠳᠤ ᠨᠡᠩ ᠤᠯᠠᠨ ᠨᠡᠩ ᠡᠷᠬᠡ ᠲᠡᠭᠰᠢ᠎ᠪᠠᠷ ᠬᠦᠷᠳᠡᠭᠡᠬᠦ ᠬᠡᠷᠡᠭᠳᠠᠢ᠃ ᠪᠦᠬᠦ ᠠᠷᠠᠳ᠎ᠤᠨ ᠬᠠᠮᠳᠤ ᠵᠢᠨ ᠴᠢᠨᠡᠭᠡᠯᠢᠭᠵᠢᠯᠯᠢ ᠠᠬᠢᠭᠤᠯᠬᠤ ᠪᠤᠯ ᠨᠢᠭᠡᠨ ᠤᠷᠳᠤ ᠬᠤᠭᠤᠴᠠᠭ᠋ᠠᠨ᠎ᠤ ᠡᠭᠦᠷᠭᠡ ᠪᠤᠯᠬᠤ ᠪᠦᠭᠡᠳ ᠪᠤᠳᠠᠳᠤ ᠡᠭᠦᠷᠭᠡ ᠪᠤᠯᠤᠨ᠎ᠠ᠂ ᠡᠷᠬᠡᠪᠰᠢ ᠨᠡᠩ ᠴᠢᠬᠤᠯᠠ ᠪᠠᠢ᠍ᠢ᠍ᠷᠢᠨ᠎ᠳᠤ ᠲᠠᠯᠪᠢᠵᠤ᠂ ᠯᠠᠪᠳᠠᠭᠤᠨ ᠪᠠᠳᠤᠳᠠᠢ ᠤᠷᠳᠤ ᠬᠤᠭᠤᠴᠠᠭ᠎ᠠ᠎ᠪᠠᠷ ᠵᠢᠳᠭᠦᠨ ᠴᠢᠷᠮᠠᠢ᠍ᠢ᠍ᠵᠤ᠂ ᠡᠨᠡ ᠬᠦ᠌ ᠬᠠᠷᠠᠯᠳᠠ ᠵᠢ ᠴᠢᠭᠯᠡᠨ ᠨᠡᠩ ᠢᠳᠡᠪᠬᠢᠳᠠᠢ ᠵᠢᠳᠭᠦᠯ ᠴᠢᠷᠮᠠᠢ᠍ᠢ᠍ᠯᠭ᠎ᠠ ᠭᠠᠷᠭ᠋ᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠭᠦᠢ᠍ᠴᠡᠳ᠂ ᠵᠦᠪ ᠤᠨᠤᠪᠴᠢᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ᠎ᠳᠤ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ ᠵᠶ᠋ᠠᠷ ᠦᠭᠡᠷᠡᠴᠢᠯᠡᠯᠳᠡ ᠵᠢ ᠪᠦᠬᠦ ᠲᠠᠯ᠎ᠠ᠎ᠪᠠᠷ ᠭᠦᠨᠵᠡᠭᠡᠢ᠍ᠢ᠍ᠷᠡᠭᠦᠯᠬᠦ ᠵᠢ ᠬᠦᠲᠦᠯᠦᠨ ᠵᠢᠯᠤᠭᠤᠳᠤᠭᠤᠯᠬᠤ ᠬᠡᠷᠡᠭᠳᠠᠢ ᠮᠦᠷᠳᠡᠬᠡᠨ ᠦᠭᠡᠷᠡᠴᠢᠯᠡᠯᠳᠡ ᠵᠢ ᠭᠦᠨᠵᠡᠭᠡᠢ᠍ᠢ᠍ᠷᠡᠭᠦᠯᠬᠦ᠎ᠪᠠᠷ ᠳᠠᠮᠵᠢᠨ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠭᠦᠢ᠍ᠴᠡᠳ᠂ ᠵᠦᠪ ᠤᠨᠤᠪᠴᠢᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ᠎ᠳᠤ ᠪᠠᠢ᠍ᠢ᠍ᠭᠤᠯᠤᠮᠵᠢ ᠲᠤᠭᠳᠠᠴᠠ ᠵᠢᠨ ᠪᠠᠳᠤᠯᠠᠭ᠎ᠠ ᠬᠠᠩᠭ᠋ᠠᠬᠤ ᠬᠡᠷᠡᠭᠳᠠᠢ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ᠎ᠤᠨ ᠭᠤᠤᠯ ᠬᠦᠷᠢᠶ᠎ᠠ ᠴᠠᠷᠠᠭ᠋ᠠᠨ᠎ᠳᠠᠬᠢ ᠦᠭᠡᠷᠡᠴᠢᠯᠡᠯᠳᠡ ᠵᠢᠨ ᠭᠤᠤᠯ ᠴᠤᠭᠴᠠ ᠵᠢᠨ ᠪᠤᠷᠤ ᠲᠦᠯᠦᠪ ᠦᠨᠳᠦᠰᠦᠨ᠎ᠳᠡᠭᠡᠨ ᠲᠤᠭᠳᠠᠪᠠ᠂ ᠤᠳᠤ ᠬᠦᠴᠦᠯᠡᠴᠡ ᠵᠢᠨ ᠴᠡᠭ ᠵᠶ᠋ᠠᠨ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠭᠦᠢ᠍ᠴᠡᠳ᠂ ᠵᠦᠪ ᠤᠨᠤᠪᠴᠢᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠰᠲᠸᠮ᠎ᠲᠠᠢ᠎ᠪᠠᠷ ᠡᠷᠴᠢᠮᠵᠢᠭᠦᠯᠬᠦ᠂ ᠤᠨᠤᠴᠠᠳᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠳᠡᠭᠡᠷ᠎ᠠ ᠲᠠᠯᠪᠢᠬᠤ ᠬᠡᠷᠡᠭᠳᠠᠢ᠃ ᠤᠳᠤᠬᠢ ᠦᠭᠡᠷᠡᠴᠢᠯᠡᠯᠳᠡ ᠵᠢᠨ ᠰᠠᠭᠤᠷᠢᠨ ᠳᠡᠭᠡᠷ᠎ᠠ᠂ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠠ ᠬᠦᠭᠵᠢᠯᠳᠡ ᠵᠢᠨ ᠪᠠᠢ᠍ᠢ᠍ᠷᠢᠰᠢᠯ᠎ᠢ ᠴᠤᠭᠴᠠᠯᠠᠬᠤ᠎ᠳᠤ ᠰᠠᠭᠤᠷᠢᠯᠠᠨ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠰᠢᠨ᠎ᠠ ᠵᠢ ᠡᠭᠦᠳᠬᠦ ᠴᠢᠳᠠᠪᠤᠷᠢ ᠵᠢ ᠴᠢᠩᠭ᠋ᠠᠳᠬᠠᠬᠤ᠂ ᠲᠡᠩᠴᠡᠭᠦᠷᠢᠳᠠᠢ ᠬᠦᠭᠵᠢᠯᠳᠡ ᠵᠢ ᠠᠬᠢᠭᠤᠯᠬᠤ᠂ ᠠᠮᠢ ᠠᠬᠤᠢ ᠤᠷᠴᠢᠨ ᠲᠤᠭᠤᠷᠢᠨ᠎ᠢ ᠰᠠᠢ᠍ᠢ᠍ᠵᠢᠷᠠᠭᠤᠯᠬᠤ᠂ ᠨᠡᠬᠡᠬᠡᠯᠳᠡ ᠬᠢᠬᠦ ᠲᠦᠪᠰᠢᠨ᠎ᠢ ᠳᠡᠭᠡᠭᠰᠢᠯᠡᠭᠦᠯᠬᠦ᠂ ᠬᠠᠮᠳᠦ᠎ᠪᠠᠷ ᠡᠳ᠋ᠯᠡᠬᠦ ᠬᠦᠭᠵᠢᠯᠳᠡ ᠵᠢ ᠠᠬᠢᠭᠤᠯᠬᠤ ᠵᠡᠷᠭᠡ ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ ᠪᠠ ᠵᠠᠩᠭᠢᠯᠠᠭ᠎ᠠ ᠵᠢᠨ ᠭᠤᠭᠴᠤᠭ᠎ᠠ ᠵᠢᠨ ᠲᠤᠭᠤᠷᠢᠨ᠎ᠳᠤ ᠦᠭᠡᠷᠡᠴᠢᠯᠡᠯᠳᠠ ᠵᠢ ᠦᠷᠬᠦᠯᠵᠢᠯᠡᠨ ᠭᠦᠨᠵᠡᠭᠡᠢ᠍ᠢ᠍ᠷᠡᠭᠦᠯᠵᠤ᠂ ᠦᠭᠡᠷᠡᠴᠢᠯᠡᠯᠳᠡ ᠵᠢᠨ ᠲᠦᠰᠦᠯ᠎ᠢ ᠨᠡᠩ ᠤᠨᠤᠴᠠᠳᠠᠢ ᠲᠤᠭᠳᠠᠭ᠋ᠠᠨ᠂ ᠳᠦᠷᠢᠮ᠎ᠤᠨ ᠰᠢᠰᠲᠸᠮ᠎ᠢ ᠨᠡᠩ ᠪᠦᠬᠦ ᠲᠠᠯ᠎ᠠ᠎ᠪᠠᠷ ᠲᠡᠭᠦᠯᠳᠡᠷᠵᠢᠭᠦᠯᠬᠦ ᠬᠡᠷᠡᠭᠳᠠᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠰᠢᠨ᠎ᠠ ᠬᠦᠭᠵᠢᠯᠲᠠ ᠵᠢᠨ ᠤᠢ᠍ᠢ᠍ᠯᠠᠭ᠋ᠠᠭᠲᠠᠬᠤᠨᠢ ᠪᠦᠷᠢᠠ ᠪᠦᠳᠦᠨ᠂ ᠵᠦᠪ ᠤᠨᠤᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ᠎ᠳᠤ ᠡᠷᠬᠡᠪᠰᠢ ᠰᠢᠰᠲᠸᠮᠲᠦ ᠦᠵᠡᠯᠲᠡ ᠵᠢ ᠪᠠᠷᠢᠮᠲᠠᠯᠠᠵᠦ᠂ ᠤᠯᠤᠰ᠎ᠤᠨ ᠲᠤᠲᠤᠭ᠋ᠠᠲᠤ ᠭᠠᠳᠠᠭ᠋ᠠᠳᠦ ᠵᠢᠨ ᠬᠤᠶᠠᠷ ᠶᠡᠬᠡ ᠲᠠᠯ᠎ᠠ ᠵᠢ ᠨᠢᠭᠡᠲᠦᠯᠲᠡᠢ ᠲᠦᠯᠦᠪᠵᠢᠭᠦᠯᠤᠨ᠂
《ᠲᠠᠪᠤ ᠵᠢ ᠨᠢᠭᠡ ᠴᠤᠭᠴᠠᠵᠢᠭᠤᠯᠬᠤ》 ᠶᠡᠷᠦᠩᠭᠡᠢ ᠪᠠᠢ᠍ᠢ᠍ᠷᠢᠰᠢᠭᠤᠯᠤᠯᠳᠠ ᠪᠤᠯᠤᠨ 《ᠲᠦᠷᠪᠡᠡ ᠪᠦᠬᠦ ᠲᠠᠯ᠎ᠠ》 ᠵᠢᠨ ᠪᠠᠢ᠍ᠢ᠍ᠯᠲᠤᠬᠤ ᠪᠤᠲᠤᠯᠭ᠎ᠠ ᠵᠢᠨ ᠪᠠᠢ᠍ᠢ᠍ᠷᠢᠰᠢᠭᠤᠯᠤᠯᠳᠠ ᠵᠢ ᠨᠢᠭᠡᠲᠦᠯᠲᠡᠢ ᠲᠦᠯᠦᠪᠵᠢᠭᠦᠯᠵᠦ᠂ ᠤᠷᠢᠳᠠᠴᠢ ᠴᠢᠨᠠᠷᠳᠠᠢ ᠪᠤᠳᠤᠯᠬᠢᠯᠠᠯ᠂ ᠪᠦᠬᠦ ᠲᠠᠯ᠎ᠠ ᠵᠢᠨ ᠴᠢᠨᠠᠷᠲᠠᠢ ᠲᠦᠯᠦᠪᠵᠢᠭᠦᠯᠭᠡ᠂ ᠪᠠᠢ᠍ᠢ᠍ᠯᠲᠤᠬᠤ ᠪᠤᠲᠤᠯᠭ᠎ᠠ ᠵᠢᠨ ᠴᠢᠨᠠᠷᠲᠠᠢ ᠪᠠᠢ᠍ᠢ᠍ᠷᠢᠰᠢᠭᠤᠯᠤᠯᠳᠠ᠂ ᠪᠦᠬᠦᠯᠢ ᠴᠤᠭᠴᠠ ᠵᠢᠨ ᠴᠢᠨᠠᠷᠳᠠᠢ ᠠᠬᠢᠭᠤᠯᠤᠯᠳᠠ ᠵᠢ ᠴᠢᠩᠭ᠋ᠠᠳᠬᠠᠬᠤ ᠭᠡᠷᠡᠭᠲᠡᠢ᠃ ᠲᠤᠮᠲᠠᠲᠤ ᠵᠢᠨ ᠦᠨᠲᠦᠰᠦᠲᠠᠠ᠎ᠤ ᠠᠭᠤᠤ ᠶᠡᠬᠡ ᠰᠡᠷᠭᠦᠠ ᠮᠡᠡᠲᠤᠯᠲᠠ ᠵᠢᠨ ᠪᠠᠢ᠍ᠢ᠍ᠯᠲᠤᠬᠤ ᠪᠤᠲᠤᠯᠭ᠎ᠠ ᠵᠢᠨ ᠪᠦᠬᠦ ᠲᠠᠯ᠎ᠠ ᠪᠤᠯᠤᠨ ᠲᠡᠯᠡᠭᠡᠢ ᠳ᠋ᠠᠬᠢᠨ᠎ᠤ ᠵᠠᠭᠤᠠ ᠵᠢᠯ᠎ᠳᠤ ᠲᠤᠬᠢᠶᠠᠯᠲᠤᠭ᠎ᠠ ᠦᠭᠡᠢ ᠶᠡᠬᠡ ᠬᠤᠪᠢᠰᠤᠯᠲᠠ ᠵᠢ ᠨᠢᠭᠡᠲᠦᠯᠲᠡᠢ ᠲᠦᠯᠦᠪᠵᠢᠭᠦᠯᠵᠦ᠂ ᠤᠯᠤᠰ᠎ᠤᠨ ᠲᠤᠲᠤᠭ᠋ᠠᠲᠤ᠎ᠳᠠᠭᠠᠨ ᠰᠠᠭᠤᠷᠢᠯᠠᠠ᠂ ᠲᠡᠯᠡᠭᠡᠢ ᠳ᠋ᠠᠬᠢᠨ᠎ᠢ ᠪᠠᠷᠠᠯᠠᠵᠦ᠂ ᠨᠠᠷᠢᠨ ᠪᠤᠳᠤᠯᠢᠶᠠᠨᠳᠠᠢ ᠳᠡᠯᠡᠬᠡᠢ ᠵᠢᠨ ᠪᠠᠢ᠍ᠢ᠍ᠲᠠᠯ᠎ᠤᠨ ᠮᠠᠠ᠎ᠤ ᠤᠯᠤᠰ᠎ᠲᠤ ᠦᠵᠡᠭᠦᠯᠬᠦ ᠨᠦᠯᠦᠭᠡ ᠵᠢ ᠬᠦᠨᠵᠡᠭᠡᠢ ᠲᠠᠨᠢᠵᠦ᠂ ᠪᠠᠢ᠍ᠢ᠍ᠯᠲᠤᠬᠤ ᠪᠤᠲᠤᠯᠭ᠎ᠠ ᠵᠢᠨ ᠲᠤᠭᠲᠠᠯ ᠬᠦᠴᠤ᠎ᠪᠠᠨ ᠪᠠᠳᠤᠯᠠᠬᠤ ᠪᠦᠭᠡᠳ ᠢᠲᠡᠪᠬᠢᠲᠠᠢ ᠠᠷᠭ᠋ᠠᠴᠠᠭ᠋ᠠᠬᠤ᠎ᠳᠠᠭᠠᠨ ᠴᠢᠲᠠᠮᠠᠭ᠋ᠠᠢ ᠪᠠᠢ᠍ᠢ᠍ᠵᠦ᠂ ᠬᠦᠴᠦ᠎ᠪᠠᠨ ᠲᠦᠪᠯᠡᠷᠡᠬᠦᠯᠦᠨ ᠦᠪᠡᠷ᠎ᠤᠨ ᠶᠠᠪᠤᠳᠠᠯ ᠵᠶ᠋ᠠᠨ ᠰᠠᠢ᠍ᠢ᠍ᠳᠤᠷ ᠬᠢᠬᠦ᠎ᠪᠠᠷ ᠪᠠᠷᠠᠬᠤ ᠦᠭᠡᠢ ᠪᠠᠰᠠ ᠪᠦᠬᠦ ᠲᠡᠯᠡᠭᠡᠢ ᠵᠢᠨ ᠵᠠᠰᠠᠯᠲᠠ᠎ᠳᠤ ᠢᠲᠡᠪᠬᠢᠲᠠᠢ ᠤᠷᠤᠯᠴᠠᠵᠦ᠂ ᠤᠯᠤᠰ᠎ᠤᠨ ᠲᠤᠲᠤᠭ᠋ᠠᠲᠤ ᠵᠢᠨ ᠬᠦᠭᠵᠢᠯᠲᠠ᠎ᠳᠤ ᠰᠠᠢ᠍ᠢ᠍ᠨ ᠰᠠᠢ᠍ᠢ᠍ᠬᠠᠠ ᠤᠷᠴᠢᠨ ᠲᠤᠭᠤᠷᠢᠨ᠎ᠢ ᠡᠭᠦᠳᠴᠤ ᠦᠭᠬᠦ ᠭᠡᠷᠡᠭᠲᠡᠢ᠃ ᠰᠢᠨ᠎ᠠ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠲᠠᠯ᠎ᠢ ᠰᠡᠷᠭᠡᠢ᠍ᠢ᠍ᠯᠡᠡ ᠡᠵᠡᠮᠲᠡᠬᠦ ᠪᠠ ᠠᠵᠦ ᠠᠬᠤᠢ ᠨᠡᠢ᠍ᠢ᠍ᠭᠡᠮ᠎ᠤᠨ ᠬᠦᠭᠵᠢᠯᠲᠠ ᠵᠢ ᠨᠢᠭᠡᠲᠦᠯᠲᠡᠢ ᠲᠦᠯᠦᠪᠵᠢᠭᠦᠯᠵᠦ᠂ 《ᠭᠠᠲᠠᠨ᠎ᠠ᠎ᠠᠴᠠ ᠬᠠᠯᠲᠠᠪᠤᠷᠢᠯᠠᠠ ᠤᠷᠤᠵᠦ ᠢᠷᠡᠬᠦ ᠵᠢ ᠰᠡᠷᠭᠡᠢ᠍ᠢ᠍ᠯᠡᠬᠦ᠂ ᠲᠤᠲᠤᠭ᠋ᠠᠲᠤ᠎ᠳᠠᠭᠠᠨ ᠲᠠᠬᠢᠨ ᠳᠡᠯᠭᠡᠷᠡᠬᠦ ᠵᠢ ᠰᠡᠷᠭᠡᠢ᠍ᠢ᠍ᠯᠡᠬᠦ》 ᠠᠵᠢᠯ᠎ᠢ ᠦᠴᠤᠭᠡᠡ ᠴᠤ᠌ ᠰᠤᠯᠠᠷᠠᠭᠤᠯᠤᠯ ᠦᠭᠡᠢ᠎ᠪᠠᠷ ᠰᠠᠢ᠍ᠢ᠍ᠳᠦᠷ ᠠᠳᠬᠤᠨ᠂ ᠬᠡᠪᠴᠢᠶᠡᠵᠢᠭᠰᠡᠨ ᠴᠢᠨᠠᠷᠲᠠᠢ ᠭᠠᠳᠠᠨ᠎ᠠ᠎ᠠᠴᠠ ᠬᠠᠯᠲᠠᠪᠤᠷᠢᠯᠠᠠ ᠤᠷᠤᠵᠦ ᠢᠷᠡᠬᠦ ᠪᠠ ᠲᠤᠳᠤᠭ᠋ᠠᠳᠤ᠎ᠳᠠᠭᠠᠨ ᠲᠠᠬᠢᠨ ᠳᠡᠯᠭᠡᠷᠡᠬᠦ ᠪᠠᠢ᠍ᠢ᠍ᠲᠠᠯ ᠦᠯᠦ ᠭᠠᠷᠬᠤ ᠵᠢ ᠪᠠᠲᠤᠯᠠᠬᠤ ᠭᠡᠷᠡᠭᠲᠡᠢ᠃ ᠬᠦᠭᠵᠢᠯᠲᠠ ᠪᠠ ᠠᠮᠤᠷ ᠲᠦᠪᠰᠢᠨ᠎ᠢ ᠨᠢᠭᠡᠲᠦᠯᠲᠡᠢ ᠲᠦᠯᠦᠪᠵᠢᠭᠦᠯᠵᠦ᠂ ᠡᠯ᠎ᠠ ᠵᠦᠢ᠍ᠯ᠎ᠤᠨ ᠠᠶᠤᠯ ᠲᠦᠭᠰᠢᠬᠦᠷᠢ ᠵᠢ ᠤᠷᠢᠳᠴᠢᠯᠠᠨ ᠮᠠᠭ᠋ᠠᠳᠯᠠᠬᠤ᠎ᠳᠠᠭᠠᠨ ᠴᠢᠲᠠᠮᠠᠭ᠋ᠠᠢ ᠪᠠᠢ᠍ᠢ᠍ᠵᠦ᠂ ᠡᠯ᠎ᠠ ᠵᠦᠢ᠍ᠯ᠎ᠤᠨ ᠭᠡᠨᠡᠳᠳᠡ ᠵᠢᠨ ᠪᠠᠢ᠍ᠢ᠍ᠳᠠᠯ᠎ᠢ ᠠᠷᠭ᠋ᠠᠴᠠᠭ᠋ᠠᠬᠤ ᠲᠦᠰᠦᠯ᠎ᠢ ᠰᠠᠢ᠍ᠢ᠍ᠲᠤᠷ ᠬᠢᠵᠦ᠂ ᠬᠦᠭᠵᠢᠯᠲᠠ ᠵᠢᠨ ᠠᠮᠤᠷ ᠲᠦᠪᠰᠢᠨ᠎ᠤ ᠴᠢᠨᠠᠷ᠎ᠢ ᠲᠠᠰᠤᠷᠠᠯᠲᠠ ᠦᠭᠡᠢ ᠴᠢᠩᠭ᠋ᠠᠳᠬᠠᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠰᠢᠨ᠎ᠠ ᠬᠦᠭᠵᠢᠯᠲᠠ ᠵᠢᠨ ᠤᠢ᠍ᠢ᠍ᠯᠠᠭ᠋ᠠᠭᠲᠠᠬᠤᠨᠢ ᠪᠦᠷᠢᠠ ᠪᠦᠳᠦᠨ᠂ ᠵᠦᠪ ᠤᠨᠤᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ ᠪᠤᠯ ᠠᠵᠦ ᠠᠬᠤᠢ ᠨᠡᠢ᠍ᠢ᠍ᠭᠡᠮ᠎ᠤᠨ ᠬᠦᠭᠵᠢᠯᠲᠠ ᠵᠢᠨ ᠠᠵᠢᠯ᠎ᠤᠨ ᠱᠠᠭ᠋ᠠᠷᠲᠠᠯᠭ᠎ᠠ ᠪᠤᠯᠬᠤ ᠪᠦᠭᠡᠳ ᠪᠠᠰᠠ ᠲᠤᠢ᠍ᠢ᠍ᠯ᠎ᠤᠨ ᠴᠢᠬᠤᠯᠠ ᠤᠯᠤᠰ ᠲᠦᠷᠦ ᠵᠢᠨ ᠱᠠᠭ᠋ᠠᠷᠲᠠᠯᠭ᠎ᠠ ᠪᠤᠯᠬᠤ ᠶᠤᠮ᠃ ᠪᠠᠢ᠍ᠢ᠍ᠲᠠᠯ ᠭᠡᠲᠦᠢ ᠨᠠᠷᠢᠨ ᠪᠤᠲᠤᠯᠢᠶᠠᠠᠲᠠᠢ᠂ ᠡᠬᠦᠷᠭᠡ ᠭᠡᠲᠦᠢ ᠰᠢᠷᠭ᠋ᠠᠭᠤ ᠬᠠᠲᠠᠭᠤᠵᠢᠯᠲᠠᠢ ᠪᠤᠯᠬᠤ ᠲᠤᠲᠤᠮ ᠨᠠᠮ᠎ᠤᠨ ᠪᠦᠬᠦ ᠲᠠᠯ᠎ᠠ ᠵᠢᠨ ᠤᠲᠤᠷᠢᠲᠤᠯᠭ᠎ᠠ ᠪᠤᠯᠤᠨ ᠨᠠᠮ᠎ᠤᠨ ᠲᠦᠪ ᠬᠤᠷᠢᠶᠠᠠ᠎ᠤ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠵᠢ ᠲᠡᠲᠦᠢ ᠪᠠᠷᠢᠮᠲᠠᠯᠠᠵᠦ᠂ ᠰᠢᠨ᠎ᠠ ᠬᠦᠭᠵᠢᠯᠲᠠ ᠵᠢᠨ ᠤᠢ᠍ᠢ᠍ᠯᠠᠭ᠋ᠠᠭᠲᠠᠬᠤᠨᠢ ᠲᠤᠭᠤᠰᠢᠯᠠᠭᠤᠯᠬᠤ ᠲᠤᠬᠠᠢ ᠨᠠᠮ᠎ᠤᠨ ᠲᠦᠪ ᠬᠤᠷᠢᠶᠠᠠ᠎ᠤ ᠱᠠᠭ᠋ᠠᠷᠲᠠᠯᠭ᠎ᠠ ᠵᠢ ᠪᠤᠳᠠᠳᠤ ᠠᠵᠢᠯ᠎ᠳᠠᠭᠠᠨ ᠨᠠᠢ᠍ᠢ᠍ᠲᠠᠪᠤᠷᠢᠵᠢᠭᠤᠯᠬᠤ ᠭᠡᠷᠡᠭᠲᠡᠢ᠃ ᠭᠠᠭᠴᠡ ᠬᠦ᠌ ᠤᠯᠤᠰ ᠲᠦᠷᠦ ᠵᠢᠨ ᠦᠨᠲᠦᠷᠴᠡ᠎ᠳᠤ ᠵᠤᠭᠰᠤᠪᠠᠯ ᠰᠠᠶᠢ ᠨᠠᠮ᠎ᠤᠨ ᠲᠦᠪ ᠬᠤᠷᠢᠶᠠᠠ᠎ᠤ ᠴᠢᠬᠤᠯᠠ ᠶᠡᠬᠡ ᠲᠦᠷᠦ ᠵᠢᠨ ᠪᠤᠲᠤᠯᠭ᠎ᠠ ᠴᠢᠭᠯᠡᠯᠲᠡ ᠪᠤᠯᠤᠨ ᠰᠢᠢ᠍ᠳᠪᠦᠷᠢᠲᠦ ᠪᠤᠲᠤᠯᠭ᠎ᠠ ᠪᠠᠢ᠍ᠢ᠍ᠷᠢᠯᠠᠭᠤᠯᠤᠯᠲᠠ ᠵᠢ ᠨᠡᠩ ᠨᠡᠪᠲᠡᠷᠡᠲᠡᠯ᠎ᠠ ᠤᠢ᠍ᠢ᠍ᠯᠠᠭ᠋ᠠᠵᠦ᠂ ᠪᠤᠳᠠᠳᠤ ᠠᠵᠢᠯ᠎ᠳᠠᠭᠠᠨ ᠰᠠᠶᠢ ᠨᠡᠩ ᠤᠷᠢᠳᠴᠢᠯᠠᠠ ᠮᠡᠲᠡᠬᠦ ᠴᠢᠨᠠᠷ ᠪᠠ ᠰᠠᠨᠠᠭ᠋ᠠᠴᠢᠯᠠᠭ᠋ᠠᠲᠦ ᠴᠢᠨᠠᠷᠲᠠᠢ ᠪᠠᠢ᠍ᠢ᠍ᠵᠦ ᠴᠢᠲᠠᠨ᠎ᠠ᠃ ᠡᠯ᠎ᠠ ᠱᠠᠲᠤᠨ᠎ᠤ ᠤᠲᠤᠷᠢᠳᠬᠤ ᠺᠠᠳ᠋ᠷᠴᠤᠳ᠂ ᠢᠯᠠᠩᠭᠤᠶ᠎ᠠ ᠲᠡᠭᠡᠲᠦ ᠳᠡᠰ᠎ᠤᠨ ᠤᠲᠤᠷᠢᠳᠬᠤ ᠺᠠᠳ᠋ᠷᠴᠤᠳ ᠤᠯᠤᠰ ᠲᠦᠷᠦ ᠵᠢᠨ ᠮᠠᠭ᠋ᠠᠳᠯᠠᠬᠤ ᠴᠢᠲᠠᠪᠤᠷᠢ᠂ ᠤᠯᠤᠰ ᠲᠦᠷᠦ ᠵᠢᠨ ᠤᠬᠠᠪᠤᠷᠢᠯᠠᠬᠤ ᠴᠢᠲᠠᠪᠤᠷᠢ᠂ ᠤᠯᠤᠰ ᠲᠦᠷᠦ ᠵᠢᠨ ᠭᠦᠢ᠍ᠴᠡᠳᠭᠡᠬᠦ ᠴᠢᠲᠠᠪᠤᠷᠢ᠎ᠪᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂
《ᠤᠯᠤᠰ᠎ᠤᠨ ᠶᠡᠬᠡ ᠶᠠᠪᠤᠲᠠᠯ》᠎ᠳᠤ ᠲᠤᠲᠤᠷ᠎ᠠ᠎ᠪᠠᠨ ᠲᠤᠭ᠎ᠠ᠎ᠲᠠᠢ ᠪᠠᠢ᠍ᠢ᠍ᠵᠦ᠂ ᠨᠠᠮ᠎ᠤᠨ ᠲᠦᠪ ᠬᠤᠷᠢᠶᠠᠠ᠎ᠤ ᠵᠤᠷᠢᠭ ᠰᠠᠨᠠᠭ᠎ᠠ ᠵᠢ ᠲᠤᠭᠤᠰᠢᠯᠠᠭᠤᠯᠬᠤ ᠵᠢ ᠴᠢᠬᠤᠯᠡ ᠶᠡᠬᠡ ᠪᠠᠢ᠍ᠢ᠍ᠯᠲᠤᠬᠤ ᠪᠤᠲᠤᠯᠭ᠎ᠠ ᠵᠢ ᠲᠦᠯᠦᠪᠵᠢᠭᠦᠯᠬᠦ᠂ ᠴᠢᠬᠤᠯᠠ ᠶᠡᠬᠡ ᠲᠦᠷᠦ ᠵᠢᠨ ᠪᠤᠲᠤᠯᠭ᠎ᠠ ᠵᠢ ᠲᠤᠭᠲᠠᠭ᠋ᠠᠬᠤ᠂ ᠴᠢᠬᠤᠯᠠ ᠶᠡᠬᠡ ᠡᠬᠦᠷᠭᠡ ᠵᠢ ᠪᠠᠢ᠍ᠢ᠍ᠷᠢᠯᠠᠭᠤᠯᠬᠤ᠂ ᠴᠢᠬᠤᠯᠠ ᠶᠡᠬᠡ ᠠᠵᠢᠯ᠎ᠢ ᠠᠬᠢᠭᠤᠯᠬᠤ ᠦᠢ᠍ᠯᠡᠲᠦᠯᠭᠡ ᠲᠤᠮᠲᠠ ᠢᠯᠡᠷᠡᠭᠦᠯᠵᠦ᠂ ᠦᠷᠬᠦᠯᠵᠢ ᠪᠠᠷᠢᠮᠵᠢᠶᠠᠯᠠᠨ ᠬᠠᠷᠭᠤᠭᠤᠯᠵᠤ᠂ ᠠᠯᠳᠠᠭ᠎ᠠ ᠪᠤᠷᠤᠭᠤ᠎ᠪᠠᠨ ᠴᠠᠭ ᠲᠤᠬᠠᠢᠳᠤᠨᠢ ᠵᠠᠯᠠᠷᠠᠭᠤᠯᠤᠨ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠯ᠎ᠠ ᠱᠠᠲᠤᠨ᠎ᠤ ᠨᠠᠮ᠎ᠤᠨ ᠵᠤᠬᠢᠶᠠᠠ ᠪᠠᠢ᠍ᠢ᠍ᠭᠤᠯᠤᠯᠲᠠ ᠪᠤᠯᠤᠨ ᠤᠲᠤᠷᠢᠳᠬᠤ ᠺᠠᠳ᠋ᠷᠴᠤᠳ ᠮᠠᠰᠢ ᠴᠢᠩᠭ᠎ᠠ ᠬᠠᠷᠢᠭᠤᠴᠠᠯᠭ᠋ᠠᠲᠦ ᠤᠬᠠᠮᠰᠠᠷ᠎ᠲᠠᠢ ᠪᠠᠢ᠍ᠢ᠍ᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠳᠠᠯᠠᠵᠦ ᠠᠵᠢᠯ᠎ᠤᠨ ᠬᠠᠷᠢᠭᠤᠴᠠᠯᠭ᠎ᠠ᠎ᠪᠠᠨ ᠰᠠᠬᠢᠨ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠶᠠᠮᠠᠷᠪᠠ ᠦᠶ᠎ᠠ᠎ᠳᠤ ᠴᠦ᠍ ᠭᠡᠳ ᠭᠦᠢ᠍ᠴᠡᠳᠭᠡᠪᠡᠰᠤ ᠵᠤᠬᠢᠬᠤ ᠤᠴᠢᠷ ᠶᠠᠪᠤᠳᠠᠯ᠎ᠤᠨ ᠵᠶ᠋ᠠᠨ ᠡᠬᠦᠷᠭᠡ ᠬᠦᠨᠳᠦ ᠴᠢᠬᠤᠯᠠ ᠬᠡᠳᠡᠭ᠎ᠢ ᠮᠡᠳᠡᠬᠦ ᠵᠢᠨ ᠬᠠᠮᠳᠤ ᠵᠤᠷᠢᠭᠳᠠᠢ ᠡᠬᠦᠷᠭᠡᠯᠡᠵᠦ᠂ ᠬᠦᠴᠢᠷ᠎ᠢ ᠲᠤᠭᠤᠯᠤᠨ ᠪᠡᠷᠭᠡ ᠵᠢ ᠲᠠᠪᠠᠵᠤ᠂ ᠳᠠᠷᠤᠯᠳᠠ ᠵᠢ ᠰᠦᠷᠦᠨ ᠠᠵᠢᠯᠯᠠᠬᠤ ᠭᠡᠷᠡᠭᠲᠡᠢ; ᠡᠭᠦᠷᠭᠡᠯᠡᠪᠡᠰᠤ ᠵᠤᠬᠢᠬᠤ ᠬᠠᠷᠢᠭᠤᠴᠠᠯᠭ᠎ᠠ᠎ᠪᠠᠨ ᠴᠡᠭᠡᠵᠢ ᠲᠦᠷᠢᠨ ᠡᠭᠦᠷᠭᠡᠯᠡᠵᠦ ᠤᠯᠠᠨ᠎ᠤ ᠡᠮᠦᠨ᠎ᠠ ᠭᠠᠪᠰᠢᠭ᠋ᠠᠢ᠍ᠢ᠍ᠯᠠᠵᠦ᠂ ᠠᠶᠤᠯ ᠲᠦᠭᠰᠢᠬᠦᠷᠢ ᠵᠢ ᠰᠦᠷᠦᠭᠰᠡᠨ ᠴᠦ᠍ ᠡᠭᠦᠷᠭᠡᠯᠡᠬᠦ ᠭᠡᠷᠡᠭᠲᠡᠢ᠃ ᠠᠰᠠᠭᠤᠲᠠᠯ᠎ᠢ ᠢᠯᠡᠷᠡᠭᠦᠯᠵᠦ ᠠᠰᠠᠭᠤᠲᠠᠯ᠎ᠤᠨ ᠬᠠᠨᠳᠤᠰᠢ ᠵᠢ ᠢᠯᠡᠷᠡᠭᠦᠯᠪᠡᠯ ᠴᠠᠭ ᠲᠤᠬᠠᠢᠳᠤᠨᠢ ᠰᠢᠢ᠍ᠳᠪᠦᠷᠢᠯᠡᠵᠦ᠂ ᠠᠯᠮᠠᠢ᠍ᠢ᠍ᠷᠠᠨ ᠴᠠᠯᠠᠭ᠋ᠠᠢ᠍ᠢ᠍ᠳᠠᠵᠤ ᠪᠤᠯᠬᠤ ᠦᠭᠡᠢ᠂ ᠬᠠᠷᠢᠭᠤᠴᠠᠯᠭ᠎ᠠ᠎ᠠᠴᠠ ᠵᠠᠢ᠍ᠢ᠍ᠯᠠᠰᠬᠢᠵᠦ ᠪᠤᠯᠬᠤ ᠦᠭᠡᠢ᠃ ᠡᠯ᠎ᠠ ᠱᠠᠲᠤᠨ᠎ᠤ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠲᠤᠨ ᠡᠯ᠎ᠠ ᠵᠦᠢ᠍ᠯ᠎ᠤᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠢ᠍ᠢ᠍ᠲᠠᠪᠤᠷᠢᠵᠢᠭᠤᠯᠵᠦ᠂ ᠰᠢᠨᠵᠢᠯᠡᠬᠦ ᠤᠠᠬᠭ᠋ᠠᠠᠴᠢᠪᠠᠷ ᠬᠦᠴᠦᠨ ᠵᠶ᠋ᠠᠨ ᠳᠤᠬᠢᠷᠠᠭᠤᠯᠵᠤ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠤᠲᠠᠲᠠᠢ᠍ᠢ᠍ᠵᠢᠭᠤᠯᠵᠤ᠂ ᠡᠯ᠎ᠠ ᠱᠠᠲᠤᠨ᠎ᠤ ᠨᠠᠮ᠎ᠤᠨ ᠵᠤᠬᠢᠶᠠᠠ ᠪᠠᠢ᠍ᠢ᠍ᠭᠤᠯᠤᠯᠲᠠ᠂ ᠡᠯ᠎ᠠ ᠰᠠᠯᠠᠭ᠎ᠠ ᠮᠦᠴᠢᠷ᠂ ᠡᠯ᠎ᠠ ᠹᠷᠤᠨᠲ᠂ ᠡᠯ᠎ᠠ ᠠᠵᠢᠯ ᠲᠦᠷᠦᠯ᠎ᠤᠨ᠎ᠬᠢᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠭᠡᠨ᠂ ᠰᠠᠨᠠᠭ᠋ᠠᠴᠢᠯᠠᠭ᠎ᠠ᠎ᠠᠴᠠ᠎ᠪᠠᠨ ᠵᠢᠳᠭᠦᠯ ᠴᠢᠷᠮᠠᠢ᠍ᠢ᠍ᠯᠭ᠎ᠠ ᠭᠠᠷᠭ᠋ᠠᠵᠦ᠂ ᠨᠠᠮ ᠪᠠᠢ᠍ᠢ᠍ᠭᠤᠯᠤᠭᠲᠠᠭᠰᠠᠠ 100 ᠵᠢᠯ᠎ᠤᠨ ᠤᠢ ᠵᠢ ᠪᠡᠯᠭᠡᠯᠡᠬᠦ᠎ᠳᠤ ᠰᠠᠢ᠍ᠢ᠍ᠨ ᠰᠠᠢ᠍ᠢ᠍ᠬᠠᠠ ᠨᠡᠢ᠍ᠢ᠍ᠭᠡᠮ᠎ᠤᠨ ᠤᠷᠴᠢᠨ ᠠᠬᠤᠢ ᠵᠢ ᠪᠤᠢ ᠪᠤᠯᠭ᠋ᠠᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃