ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
2020 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠤᠰᠪᠠ
ᠤᠯᠠᠨ᠎ᠤ ᠤᠶᠤᠨ ᠤᠬᠠᠭ᠋ᠠᠨ᠎ᠢ ᠨᠢᠭᠲᠠᠷᠠᠭᠤᠯᠤᠨ ᠵᠠᠰᠠᠭ᠎ᠤᠨ ᠣᠷᠳᠣᠨ᠎ᠤ ᠠᠵᠢᠯ᠎ᠢ ᠰᠠᠢ᠌ᠲᠤᠷ ᠬᠢᠬᠦ ᠵᠢ ᠠᠬᠢᠭᠤᠯᠵᠤ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 2 ᠳ᠋ᠤᠭ᠋ᠠᠷ ᠰᠠᠷ᠎ᠠ ᠵᠢᠨ 18᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 2020 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠤᠯᠠᠨ᠎ᠤ ᠤᠶᠤᠨ ᠤᠬᠠᠭ᠋ᠠᠨ᠎ᠢ ᠨᠢᠭᠲᠠᠷᠠᠭᠤᠯᠤᠨ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ ᠵᠢ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠦᠭᠵᠢᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠪᠣᠯ ᠵᠠᠰᠠᠭ᠎ᠤᠨ ᠣᠷᠳᠣᠨ ᠠᠷᠠᠳ᠎ᠤᠨ ᠲᠦᠯᠦᠭᠡ ᠡᠭᠦᠷᠭᠡ ᠲᠤᠰᠢᠶᠠᠯ ᠭᠦᠢ᠍ᠴᠡᠳᠬᠡᠬᠦ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ ᠵᠢᠨ ᠲᠦᠷᠢᠮ᠎ᠤᠨ ᠴᠢᠨᠠᠷᠲᠠᠢ ᠲᠤᠬᠢᠷᠠᠭᠤᠯᠤᠯᠳᠠ ᠮᠥᠨ᠃ ᠨᠢᠳᠤᠨᠤᠨ᠂ ᠰᠠᠨᠠᠭᠤᠯᠭ᠎ᠠ ᠰᠠᠨᠠᠯ ᠳᠤᠷᠠᠳᠤᠯᠭ᠎ᠠ ᠵᠢᠨ ᠲᠣᠭ᠎ᠠ ᠨᠡᠮᠡᠭᠳᠡᠵᠦ᠂ ᠭᠦᠢ᠍ᠴᠡᠳᠬᠡᠬᠦ ᠴᠠᠭ᠎ᠨᠢ ᠣᠬᠣᠷ ᠵᠡᠷᠭᠡ ᠪᠠᠶ᠋ᠢᠳᠠᠯ᠎ᠳᠤ ᠬᠠᠨᠳᠤᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠬᠢᠵᠢᠭ᠎ᠤᠨ ᠪᠠᠢ᠌ᠳᠠᠯ᠎ᠤᠨ ᠨᠥᠯᠥᠭᠡ ᠵᠡᠷᠭᠡ ᠣᠯᠠᠨ ᠳᠠᠪᠬᠤᠷ ᠬᠦᠴᠢᠷᠳᠡᠯ᠎ᠢ ᠢᠯᠠᠨ ᠳᠠᠪᠠᠵᠤ᠂ ᠭᠦᠢ᠍ᠴᠡᠳᠬᠡᠬᠦ ᠠᠵᠢᠯ᠎ᠤᠨ ᠲᠣᠭᠲᠠᠴᠠ ᠵᠢ ᠰᠢᠨ᠎ᠡ ᠵᠢ ᠡᠭᠦᠳᠦᠨ ᠪᠦᠷᠢᠨᠰᠢᠭᠦᠯᠵᠦ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠨᠡᠶ᠋ᠢᠲᠡ 8108 ᠬᠤᠪᠢ᠂ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠨᠡᠶ᠋ᠢᠲᠡ 4115 ᠬᠤᠪᠢ ᠲᠦᠷᠦᠭᠦᠯᠡᠨ ᠭᠦᠢ᠍ᠴᠡᠳᠬᠡᠵᠦ᠂ ᠡᠨᠡ᠎ᠨᠢ ᠲᠤᠰ ᠲᠤᠰ ᠰᠠᠨᠠᠭᠤᠯᠭ᠎ᠠ ᠰᠠᠨᠠᠯ ᠳᠤᠷᠠᠳᠤᠯᠭ᠎ᠠ ᠵᠢᠨ ᠪᠥᠬᠥ ᠲᠣᠭ᠋ᠠᠨ᠎ᠤ
88.3% ᠪᠠ 84.9% ᠵᠢ ᠡᠵᠡᠯᠡᠪᠡ᠃ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ᠎ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ᠎ᠤᠨ᠎ᠬᠢᠨ ᠲᠥᠯᠥᠭᠡᠯᠡᠭᠴᠢ ᠭᠡᠰᠢᠭᠦᠨ᠎ᠤ ᠰᠠᠨᠠᠯ ᠰᠠᠨᠠᠭᠤᠯᠭ᠎ᠠ ᠵᠢ ᠨᠡᠶ᠋ᠢᠲᠡ 3700 ᠭᠠᠷᠤᠢ ᠵᠤᠷᠪᠤᠰ ᠬᠦᠯᠢᠶᠡᠨ ᠠᠪᠴᠤ᠂ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ 1500 ᠭᠠᠷᠤᠢ ᠵᠦᠢ᠍ᠯ ᠨᠡᠶ᠋ᠢᠲᠡᠯᠡᠵᠦ᠂ 《ᠵᠢᠷᠭᠤᠭ᠎ᠠ ᠵᠢ ᠲᠣᠭᠲᠠᠪᠤᠷᠢᠵᠢᠭᠤᠯᠬᠤ》 《ᠵᠢᠷᠭᠤᠭ᠎ᠠ ᠵᠢ ᠪᠠᠲᠤᠯᠠᠬᠤ》 ᠠᠵᠢᠯ᠎ᠢ ᠬᠦᠴᠦᠲᠡᠶ ᠳᠥᠯᠭᠢᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠬᠦ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠪᠡᠷᠬᠡ ᠠᠰᠠᠭᠤᠳᠠᠯ᠎ᠢ ᠰᠢᠢ᠍ᠳᠪᠦᠷᠢᠯᠡᠬᠦ ᠵᠡᠷᠭᠡ ᠬᠠᠮᠢᠶ᠎ᠠ ᠪᠥᠬᠥᠶ ᠠᠵᠢᠯ᠎ᠢ ᠠᠬᠢᠭᠤᠯᠤᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ᠂ ᠪᠥᠬᠥ ᠵᠢᠯ᠎ᠤᠨ ᠬᠠᠷᠠᠯᠲᠠᠲᠤ ᠡᠭᠦᠷᠭᠡ ᠵᠢ ᠪᠡᠶᠡᠯᠡᠭᠦᠯᠬᠦ᠎ᠳᠤ ᠢᠳᠡᠪᠬᠢᠲᠡᠶ ᠦᠢ᠍ᠯᠡᠳᠦᠯ ᠦᠵᠡᠭᠦᠯᠪᠡ ᠭᠡᠪᠡ᠃ ᠬᠤᠷᠠᠯ᠎ᠠᠴᠠ ᠱᠠᠭ᠋ᠠᠷᠳᠠᠭᠰᠠᠨ᠎ᠨᠢ᠂ ᠨᠢᠭᠡᠨᠲᠡ ᠬᠦᠯᠢᠶᠡᠨ ᠠᠪᠤᠭᠰᠠᠨ ᠰᠠᠨᠠᠯ ᠰᠠᠨᠠᠭᠤᠯᠭ᠎ᠠ ᠵᠢ ᠦᠷᠭᠦᠯᠵᠢᠯᠡᠨ ᠦᠷ᠎ᠡ ᠪᠦᠲᠦᠮᠵᠢ ᠭᠠᠷᠲᠠᠯ᠎ᠠ ᠠᠳᠬᠣᠬᠣ ᠬᠡᠷᠡᠭᠲᠡᠢ ᠭᠡᠪᠡ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ ᠤᠳᠠᠯ ᠦᠭᠡᠢ ᠪᠣᠯᠬᠤ ᠭᠡᠵᠦ ᠪᠠᠢ᠌ᠨ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠬᠤ ᠵᠢᠨ ᠲᠣᠭᠤᠷᠢᠨ᠎ᠳᠤ᠂ ᠲᠥᠯᠥᠭᠡᠯᠡᠭᠴᠢ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠰᠣᠨᠣᠰᠬᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠵᠢ ᠵᠠᠰᠠᠭ᠎ᠤᠨ ᠣᠷᠳᠣᠨ᠎ᠤ ᠠᠵᠢᠯ᠎ᠤᠨ ᠴᠢᠬᠤᠯᠠ ᠠᠭᠤᠯᠭ᠎ᠠ ᠪᠣᠯᠭ᠋ᠠᠵᠤ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠤᠳᠤᠯᠭ᠎ᠠ ᠪᠣᠯᠤᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠯᠲᠠ᠎ᠳᠤ ᠠᠭᠤᠰᠤᠯᠴᠠᠭᠤᠯᠵᠤ᠂ ᠨᠡᠶ᠋ᠢᠭᠡᠮ ᠵᠢᠷᠦᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠬᠡᠨ ᠪᠠᠶ᠋ᠢᠭᠤᠯᠬᠤ ᠵᠢ ᠰᠠᠶ᠋ᠢᠲᠤᠷ ᠡᠬᠢᠯᠡᠭᠦᠯᠵᠦ᠂ ᠰᠠᠢ᠍ᠢ᠍ᠨ ᠡᠬᠢᠯᠡᠯᠲᠡ᠎ᠲᠠᠢ ᠪᠣᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃ ᠨᠢᠭᠡ᠎ᠳᠤ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠠᠬᠢ ᠰᠠᠨᠠᠯ ᠰᠠᠨᠠᠭᠤᠯᠭ᠎ᠠ ᠵᠢ ᠰᠣᠨᠣᠰᠬᠤ ᠪᠠ ᠴᠤᠭᠯᠠᠭᠤᠯᠬᠤ ᠬᠣᠯᠪᠤᠭᠳᠠᠯ ᠪᠦᠬᠦᠢ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠰᠤᠯᠠ ᠣᠷᠤᠯᠴᠠᠨ ᠰᠤᠯᠠ ᠰᠣᠨᠣᠰᠬᠤ᠎ᠳᠤ ᠣᠷᠤᠯᠴᠠᠬᠤ᠎ᠳᠤ᠎ᠪᠠᠨ ᠲᠥᠯᠥᠭᠡᠯᠡᠭᠴᠢ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠎ᠤᠨ᠎ᠬᠢᠨ ᠰᠦᠯᠵᠢᠶ᠎ᠡ᠂ ᠬᠠᠯᠠᠮᠰᠢᠯ ᠤᠲᠠᠰᠤ ᠵᠢᠵᠢᠭᠦᠷᠯᠡᠬᠦ ᠤᠲᠠᠰᠤ᠂ ᠸᠢᠳᠢᠣ᠋᠎ᠪᠠᠷ ᠬᠣᠯᠪᠣᠬᠤ ᠵᠡᠷᠭᠡ ᠤᠯᠠᠨ ᠵᠦᠢ᠍ᠯ᠎ᠤᠨ ᠠᠷᠭ᠎ᠠ ᠬᠡᠯᠪᠡᠷᠢ ᠵᠢ ᠢᠳᠡᠪᠬᠢᠲᠡᠢ ᠥᠷᠭᠡᠳᠬᠡᠵᠦ᠂ ᠲᠥᠯᠥᠭᠡᠯᠡᠭᠴᠢ ᠭᠡᠰᠢᠭᠦᠳ᠎ᠲᠠᠢ ᠰᠠᠭ᠋ᠠᠳ ᠦᠭᠡᠢ ᠰᠣᠯᠢᠯᠴᠠᠭ᠎ᠠ ᠬᠢᠬᠦ ᠬᠡᠷᠡᠭᠲᠡᠢ᠃ ᠬᠣᠶᠠᠷ᠎ᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠶᠠᠪᠤᠳᠠᠯ᠎ᠢ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠲᠦᠯᠬᠢᠨ ᠠᠬᠢᠭᠤᠯᠬᠤ᠎ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠶ ᠰᠤᠳᠤᠯᠵᠤ᠂ ᠵᠠᠷᠢᠮ᠎ᠢ᠎ᠨᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠣᠷᠤᠭᠤᠯᠬᠤ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠦᠲᠦᠯᠪᠦᠷᠢ᠎ᠳᠤ ᠵᠠᠰᠠᠪᠤᠷᠢ ᠣᠷᠣᠭᠤᠯᠬᠤ ᠶᠠᠪᠤᠴᠠ᠎ᠳᠤ ᠣᠷᠣᠭᠤᠯᠵᠤ᠂ ᠵᠠᠷᠢᠮ᠎ᠢ᠎ᠨᠢ ᠬᠣᠶ᠋ᠢᠰᠢᠳᠠ ᠵᠢᠨ ᠬᠠᠮᠢᠶ᠎ᠠ ᠪᠦᠬᠦᠢ ᠠᠵᠢᠯ ᠪᠤᠶᠤ ᠲᠦᠷᠦ ᠵᠢᠨ ᠪᠤᠳᠤᠯᠭ᠎ᠠ ᠵᠢᠨ ᠨᠥᠭᠡᠴᠡ᠎ᠳᠤ ᠣᠷᠤᠭᠤᠯᠤᠨ᠂ ᠲᠥᠯᠥᠭᠡᠯᠡᠭᠴᠢ ᠭᠡᠰᠢᠭᠦᠳ᠎ᠤᠨ ᠦᠨᠡᠨ ᠮᠡᠳᠡᠯᠭᠡ ᠨᠡᠪᠲᠡᠷᠬᠡᠶ ᠦᠵᠡᠯᠲᠡ ᠵᠢ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ ᠵᠢᠨ ᠪᠣᠳᠠᠲᠠᠶ ᠠᠷᠭ᠎ᠠ ᠮᠡᠷᠭᠡᠨ ᠠᠷᠭ᠎ᠠ ᠪᠣᠯᠭ᠋ᠠᠨ ᠤᠯᠠᠷᠢᠭᠤᠯᠬᠤ ᠬᠡᠷᠡᠭᠲᠡᠶ᠃ ᠭᠤᠷᠪᠠ᠎ᠳᠤ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠣᠣᠯᠳᠠᠯᠭ᠎ᠠ᠎ᠲᠠᠢ ᠠᠵᠢᠯ᠎ᠢ ᠰᠣᠳᠤᠯᠬᠤ᠂ ᠲᠤᠰᠬᠠᠢ ᠰᠡᠳᠦᠪᠲᠦ ᠪᠠᠶ᠋ᠢᠴᠠᠭ᠋ᠠᠨ ᠰᠤᠳᠤᠯᠤᠯᠲᠠ ᠬᠢᠬᠦ᠎ᠳᠤ᠎ᠪᠠᠨ ᠰᠠᠨᠠᠭ᠋ᠠᠴᠢᠯᠠᠭ᠎ᠠ᠎ᠠᠴᠠ᠎ᠪᠠᠨ ᠬᠠᠮᠢᠶ᠎ᠠ ᠪᠦᠬᠦᠢ ᠲᠥᠯᠥᠭᠡᠯᠡᠭᠴᠢ ᠭᠡᠰᠢᠭᠦᠳ᠎ᠢ ᠤᠷᠢᠨ ᠣᠷᠣᠯᠴᠠᠭᠤᠯᠵᠤ᠂ ᠭᠦᠢ᠍ᠴᠡᠳᠬᠡᠬᠦ ᠠᠵᠢᠯ᠎ᠲᠠᠢ ᠤᠶᠠᠯᠳᠤᠭᠤᠯᠤᠨ ᠭᠣᠣᠯᠳᠠᠯᠭ᠎ᠠ᠎ᠲᠠᠢ ᠬᠦᠴᠢᠷᠲᠡᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠢ᠃ ᠲᠥᠯᠥᠭᠡᠯᠡᠬᠦ ᠴᠢᠨᠠᠷ ᠵᠶ᠋ᠠᠷ ᠴᠢᠩᠭ᠎ᠠ᠂ ᠠᠩᠬᠠᠷᠬᠤ ᠬᠡᠮᠵᠢᠶ᠎ᠡ᠎ᠪᠠᠷ ᠥᠨᠳᠥᠷ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠬᠦᠴᠦᠨ ᠵᠶ᠋ᠠᠨ ᠲᠥᠪᠯᠡᠷᠡᠭᠦᠯᠦᠨ ᠰᠤᠳᠤᠯᠤᠨ ᠭᠦᠢ᠍ᠴᠡᠳᠬᠡᠵᠦ᠂ ᠭᠣᠣᠯᠳᠠᠯᠭ᠎ᠠ᠎ᠲᠠᠢ᠎ᠪᠠᠷ ᠰᠢᠪᠲᠤᠯᠬᠤ ᠬᠡᠷᠡᠭᠲᠡᠶ᠃ ᠰᠠᠨᠠᠭᠤᠯᠭ᠎ᠠ ᠰᠠᠨᠠᠯ ᠳᠤᠷᠠᠳᠤᠯᠭ᠎ᠠ᠎ᠳᠤ ᠬᠣᠯᠪᠣᠭᠳᠠᠭᠰᠠᠨ ᠣᠯᠠᠨᠲᠠ ᠳᠤᠷᠠᠳᠤᠭᠰᠠᠨ ᠴᠤ᠌ ᠭᠦᠢ᠍ᠴᠡᠳᠬᠡᠬᠦ᠎ᠳᠤ ᠪᠡᠷᠬᠡᠲᠡᠶ ᠲᠤᠪᠤᠢ᠍ᠢ᠍ᠮ᠎ᠠ ᠠᠰᠠᠭᠤᠳᠠᠯ᠎ᠳᠤ ᠠᠵᠢᠯ᠎ᠤᠨ ᠲᠤᠰᠬᠠᠢ ᠲᠦᠰᠦᠯ ᠲᠣᠭᠲᠠᠭ᠋ᠠᠵᠤ ᠲᠥᠪᠯᠡᠷᠡᠭᠦᠯᠦᠨ ᠰᠢᠪᠲᠤᠯᠬᠤ ᠬᠡᠷᠡᠭᠲᠡᠶ᠃ ᠭᠦᠢ᠍ᠴᠡᠳᠬᠡᠬᠦ᠎ᠳᠤ ᠬᠦᠴᠢᠷᠲᠡᠢ᠂ ᠣᠷᠣᠨ ᠨᠤᠲᠤᠭ᠎ᠲᠤ ᠬᠣᠯᠪᠤᠭᠳᠠᠭᠰᠠᠨ ᠰᠠᠨᠠᠭᠤᠯᠭ᠎ᠠ ᠰᠠᠨᠠᠯ ᠳᠤᠷᠠᠳᠤᠯᠭ᠎ᠠ᠎ᠳᠤ ᠰᠠᠯᠠᠭ᠎ᠠ ᠮᠥᠴᠢᠷ ᠪᠣᠯᠤᠨ ᠲᠥᠯᠥᠭᠡᠯᠡᠭᠴᠢ ᠭᠡᠰᠢᠭᠦᠨ᠂ ᠣᠷᠣᠨ ᠨᠤᠲᠤᠭ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠭᠦᠢ᠍ᠴᠡᠳᠬᠡᠬᠦ ᠵᠢ ᠬᠠᠮᠲᠤ᠎ᠪᠠᠷ ᠠᠬᠢᠭᠤᠯᠬᠤ ᠬᠡᠷᠡᠭᠲᠡᠢ᠃ ᠳᠥᠷᠪᠡ᠎ᠳᠤ ᠬᠠᠷᠢᠭᠤᠴᠠᠯᠭ᠎ᠠ ᠵᠢ ᠪᠤᠲᠠᠲᠠᠢ᠌ᠵᠢᠭᠤᠯᠤᠨ ᠴᠢᠩᠭ᠋ᠠᠳᠬᠠᠵᠤ᠂ ᠭᠦᠢ᠍ᠴᠡᠳᠬᠡᠬᠦ ᠡᠬᠡ ᠲᠠᠩᠰᠠ ᠪᠠᠶ᠋ᠢᠭᠤᠯᠤᠨ᠂ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠵᠤ᠂ ᠴᠠᠭ ᠲᠤᠬᠠᠶ᠎ᠳᠤᠨᠢ ᠭᠦᠢ᠍ᠴᠡᠳᠬᠡᠵᠦ ᠳᠠᠭᠤᠰᠬᠠᠬᠤ ᠬᠡᠷᠡᠭᠲᠡᠶ᠃ ᠭᠦᠢ᠍ᠴᠡᠳᠬᠡᠬᠦ ᠶᠠᠪᠤᠴᠠ᠎ᠳᠤ ᠰᠠᠨᠠᠭ᠋ᠠᠴᠢᠯᠠᠭ᠎ᠠ᠎ᠠᠴᠠ᠎ᠪᠠᠨ ᠲᠥᠯᠥᠭᠡᠯᠡᠭᠴᠢ ᠭᠡᠰᠢᠭᠦᠳ᠎ᠲᠤ ᠠᠵᠢᠯ᠎ᠤᠨ ᠠᠬᠢᠴᠠ ᠵᠢ ᠲᠠᠨᠢᠯᠴᠠᠭᠤᠯᠵᠤ᠂ ᠴᠠᠭ ᠲᠤᠬᠠᠶ᠎ᠳᠤᠨᠢ ᠬᠠᠷᠢᠭᠤ ᠲᠤᠰᠬᠠᠬᠤ ᠪᠠ ᠬᠠᠷᠢᠭᠤᠯᠲᠠ ᠵᠢᠨ ᠠᠭᠤᠯᠭ᠎ᠠ ᠵᠢ ᠲᠠᠶ᠋ᠢᠯᠪᠤᠷᠢᠯᠠᠵᠤ ᠥᠭᠬᠦ ᠬᠡᠷᠡᠭᠲᠡᠶ᠃ ᠲᠠᠪᠤ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠭᠦᠢ᠍ᠴᠡᠳᠬᠡᠬᠦ ᠠᠵᠢᠯ᠎ᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠣᠳᠬᠤ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠎ᠤᠨ᠎ᠬᠢᠨ ᠪᠦᠲᠦᠮᠵᠢᠲᠡᠶ ᠲᠤᠷᠰᠢᠯᠭ᠎ᠠ ᠬᠢᠳᠡᠯ ᠵᠶ᠋ᠠᠨ ᠨᠠᠷᠢᠨ ᠬᠢᠨᠠᠮᠠᠭ᠋ᠠᠶ ᠳ᠋ᠦᠩᠨᠡᠵᠦ᠂ ᠭᠦᠢ᠍ᠴᠡᠳᠬᠡᠬᠦ ᠠᠵᠢᠯ᠎ᠤᠨ ᠳᠦᠷᠢᠮᠵᠢᠯᠲᠡ ᠪᠠ ᠵᠢᠷᠤᠮᠵᠢᠯᠲᠠ ᠵᠢ ᠠᠬᠢᠭᠤᠯᠬᠤ ᠬᠡᠷᠡᠭᠲᠡᠶ᠃ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠲᠥᠯᠥᠭᠡᠯᠡᠭᠴᠢ ᠭᠡᠰᠢᠭᠦᠳ ᠪᠠ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ ᠭᠡᠵᠡᠢ᠃