ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠮ᠎ᠤᠨ ᠭᠠᠳᠠᠨᠠᠬᠢ ᠬᠦᠮᠦᠰ᠎ᠲᠠᠢ ᠬᠠᠮᠳᠦ᠎ᠪᠠᠷ ᠴᠠᠭ᠋ᠠᠨ ᠰᠠᠷ᠎ᠠ ᠵᠢ ᠤᠬᠳᠤᠪᠠ
ᠨᠡᠶ᠋ᠢᠲᠡᠯᠡᠭᠰᠡᠨ ᠴᠠᠭ᠄ 2021-02-03

                        ᠰᠢ ᠵᠢᠨ ᠫᠢᠩ ᠨᠠᠮ᠎ᠤᠨ ᠭᠠᠳᠠᠨᠠᠬᠢ ᠬᠦᠮᠦᠰ᠎ᠲᠠᠢ ᠬᠠᠮᠳᠦ᠎ᠪᠠᠷ ᠴᠠᠭ᠋ᠠᠨ ᠰᠠᠷ᠎ᠠ ᠵᠢ ᠤᠬᠳᠤᠪᠠ
          ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ ᠵᠢ ᠲᠦᠯᠦᠭᠡᠯᠡᠨ ᠡᠯ᠎ᠠ ᠠᠷᠠᠳᠴᠢᠯᠠᠬᠰᠠᠨ ᠨᠠᠮ ᠪᠦᠯᠦᠭ᠂ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠠ ᠨᠠᠮ ᠪᠦᠯᠦᠭ᠎ᠤᠨ ᠪᠤᠰᠤ ᠬᠦᠮᠦᠰ᠎ᠲᠤ᠂ ᠨᠢᠭᠡᠳᠦᠮᠡᠯ ᠹᠷᠤᠨᠲ᠎ᠤᠨ ᠦᠷᠭᠡᠨ ᠤᠯᠠᠨ ᠭᠡᠰᠢᠬᠦᠳ᠎ᠲᠤ ᠴᠢᠩ ᠰᠡᠳᠬᠢᠯ᠎ᠤᠨ ᠮᠡᠨᠳᠤᠴᠢᠯᠠᠯ ᠪᠠ ᠰᠢᠨ᠎ᠠ ᠵᠢᠯ᠎ᠤᠨ ᠵᠦᠩᠨᠡᠯ ᠲᠡᠪᠰᠢᠬᠦᠯᠵᠡᠢ
                                    ᠸᠠᠩ ᠶᠠᠩ   ᠬᠠᠨ ᠵᠸᠩ ᠤᠷᠤᠯᠴᠠᠪᠠ

      ᠰᠢᠨᠬᠤᠸᠠ ᠬᠤᠷᠢᠶᠠᠨ᠎ᠤ ᠪᠡᠭᠡᠵᠢᠩ᠎ᠤᠨ 2 ᠰᠠᠷ᠎ᠠ ᠵᠢᠨ 1᠎ᠤ ᠴᠠᠬᠢᠯᠭ᠋ᠠᠨ ᠮᠡᠳᠡᠭᠡ   ᠳᠤᠮᠳᠠᠳᠤ ᠵᠢᠨ ᠦᠨᠳᠦᠰᠦᠳᠡᠨ᠎ᠤ ᠤᠯᠠᠮᠵᠢᠯᠠᠯᠳᠦ ᠪᠠᠶᠠᠷ ᠪᠤᠯᠬᠤ ᠴᠠᠭ᠋ᠠᠬ᠍ᠴᠢᠨ ᠦᠭᠡᠷ ᠵᠢᠯ᠎ᠤᠨ ᠴᠠᠭ᠋ᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠵᠶ᠋ᠠᠷ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ 1᠎ᠤ ᠦᠳᠡ ᠵᠢᠨ ᠬᠤᠢ᠍ᠢ᠍ᠨ᠎ᠠ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠯ᠎ᠠ ᠠᠷᠠᠳᠴᠢᠯᠠᠬᠰᠠᠨ ᠨᠠᠮ ᠪᠦᠯᠦᠭ᠎ᠤᠨ ᠲᠦᠪ ᠬᠤᠷᠢᠶ᠎ᠠ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠵᠢᠨ ᠬᠠᠷᠢᠭᠤᠴᠠᠯᠭ᠋ᠠᠳᠠᠨ ᠪᠠ ᠨᠠᠮ ᠪᠦᠯᠦᠭ᠎ᠤᠨ ᠪᠤᠰᠤ ᠬᠦᠮᠦᠰ᠎ᠤᠨ ᠲᠦᠯᠦᠭᠡᠯᠡᠭᠴᠢᠳ᠎ᠲᠠᠢ ᠨᠢᠭᠡ ᠲᠠᠩᠬᠢᠮ᠎ᠳᠤ ᠬᠤᠷᠠᠨ ᠴᠤᠬᠯᠠᠷᠠᠵᠦ᠂ ᠬᠠᠮᠳᠤ᠎ᠪᠠᠷ ᠴᠠᠭ᠋ᠠᠨ ᠰᠠᠷ᠎ᠠ ᠵᠢ ᠤᠬᠳᠤᠪᠠ᠃ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ ᠵᠢ ᠲᠦᠯᠦᠭᠡᠯᠡᠨ ᠡᠯ᠎ᠠ ᠠᠷᠠᠳᠴᠢᠯᠠᠭᠰᠠᠠ ᠨᠠᠮ ᠪᠦᠯᠦᠭ᠂ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠠ ᠨᠠᠮ ᠪᠦᠯᠦᠭ᠎ᠤᠨ ᠪᠤᠰᠤ ᠬᠦᠮᠦᠰ᠎ᠲᠤ᠂ ᠨᠢᠭᠡᠳᠦᠮᠡᠯ ᠹᠷᠤᠨᠲ᠎ᠤᠨ ᠦᠷᠭᠡᠨ ᠤᠯᠠᠨ ᠭᠡᠰᠢᠬᠦᠳ᠎ᠲᠤ ᠴᠢᠩ ᠰᠡᠳᠬᠢᠯ᠎ᠤᠨ ᠮᠡᠨᠳᠤᠴᠢᠯᠠᠯ ᠪᠠ ᠰᠢᠨ᠎ᠠ ᠵᠢᠯ᠎ᠤᠨ ᠵᠦᠩᠨᠡᠯ ᠲᠡᠪᠰᠢᠬᠦᠯᠵᠡᠢ᠃
      ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠭᠡᠰᠢᠬᠦᠨ᠂ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠲᠡᠷᠢᠬᠦᠯᠡᠭᠴᠢ ᠸᠠᠩ ᠶᠠᠩ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠭᠡᠰᠢᠬᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠍ᠢ᠍ᠳ ᠬᠠᠨ ᠵᠸᠩ ᠤᠷᠤᠯᠴᠠᠪᠠ᠃



      ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠳᠦ ᠬᠤᠷᠢᠶ᠎ᠠ ᠵᠢᠨ ᠲᠦᠪ ᠬᠤᠷᠢᠶᠠᠨ᠎ᠤ ᠲᠡᠷᠢᠬᠦᠯᠡᠭᠴᠢ ᠸᠠᠨ ᠡᠸ ᠰᠢᠶᠠᠩ᠂ ᠳᠤᠮᠳᠠᠳᠤ ᠤᠯᠤᠰ᠎ᠤᠨ ᠠᠷᠠᠳᠴᠢᠯᠠᠬᠰᠠᠨ ᠬᠤᠯᠪᠤᠭ᠎ᠠ ᠵᠢᠨ ᠲᠦᠪ ᠬᠤᠷᠢᠶᠠᠨ᠎ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ ᠤᠯᠤᠰ᠎ᠤᠨ ᠠᠷᠠᠳᠴᠢᠯᠠᠯ ᠵᠶ᠋ᠠᠷ ᠤᠯᠤᠰ ᠵᠶ᠋ᠠᠨ ᠪᠠᠢ᠍ᠢ᠍ᠭᠤᠯᠬᠤ ᠬᠤᠷᠠᠯ᠎ᠤᠨ ᠲᠦᠪ ᠬᠤᠷᠢᠶᠠᠨ᠎ᠤ ᠲᠡᠷᠢᠬᠦᠯᠡᠭᠴᠢ ᠬᠤᠤ ᠮᠢᠩ ᠵᠢᠨ᠂ ᠳᠤᠮᠳᠠᠳᠤ ᠤᠯᠤᠰ᠎ᠤᠨ ᠠᠷᠠᠳᠴᠢᠯᠠᠯ ᠵᠶ᠋ᠠᠷ ᠠᠬᠢᠭᠤᠯᠬᠤ ᠬᠤᠷᠠᠯ᠎ᠤᠨ ᠲᠦᠪ ᠬᠤᠷᠢᠶᠠᠨ᠎ᠤ ᠲᠡᠷᠢᠬᠦᠯᠡᠭᠴᠢ ᠼᠠᠢ ᠳ᠋ᠠ ᠹᠸᠩ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠬᠰᠠᠨ ᠨᠠᠮ᠎ᠤᠨ ᠲᠦᠪ ᠬᠤᠷᠢᠶᠠᠨ᠎ᠤ ᠲᠡᠷᠢᠬᠦᠯᠡᠭᠴᠢ ᠴᠸᠨ ᠵᠦ᠍᠂ ᠳᠤᠮᠳᠠᠳᠤ ᠤᠯᠤᠰ᠎ᠤᠨ ᡁᠢᠬᠦᠢ᠍ᠩᠳᠠᠩ ᠨᠠᠮ᠎ᠤᠨ ᠲᠦᠪ ᠬᠤᠷᠢᠶᠠᠨ᠎ᠤ ᠲᠡᠷᠢᠬᠦᠯᠡᠭᠴᠢ ᠸᠠᠨ ᠭᠠᠩ᠂ 《9 · 3》᠎ᠤ ᠡᠷᠳᠡᠮ ᠰᠢᠨᠵᠢᠯᠡᠭᠡᠨ᠎ᠤ ᠨᠡᠢ᠍ᠢ᠍ᠭᠡᠮᠯᠢᠭ᠎ᠤᠨ ᠲᠦᠪ ᠬᠤᠷᠢᠶᠠᠨ᠎ᠤ ᠲᠡᠷᠢᠬᠦᠯᠡᠭᠴᠢ ᠡᠤ ᠸᠧᠢ ᠬᠤᠸᠠ᠂ ᠲᠠᠢ᠍ᠢ᠍ᠸᠠᠨ᠎ᠤ ᠠᠷᠠᠳᠴᠢᠯᠠᠯ ᠵᠶ᠋ᠠᠷ ᠦᠪᠡᠷᠲᠡᠭᠡᠨ ᠵᠠᠰᠠᠬᠤ ᠬᠤᠯᠪᠤᠭ᠎ᠠ ᠵᠢᠨ ᠲᠦᠪ ᠬᠤᠷᠢᠶᠠᠨ᠎ᠤ ᠲᠡᠷᠢᠬᠦᠯᠡᠭᠴᠢ ᠰᠤ᠌ ᠬᠤᠢ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠵᠢᠨ ᠲᠡᠷᠢᠬᠦᠯᠡᠭᠴᠢ ᠭᠤᠤ ᠶᠦᠨ ᠯᠦᠩ ᠪᠠ ᠨᠠᠮ ᠪᠦᠯᠦᠭ᠎ᠤᠨ ᠪᠤᠰᠤ ᠬᠦᠮᠦᠰ᠎ᠤᠨ ᠲᠦᠯᠦᠭᠡᠯᠡᠭᠴᠢ ᠴᠸᠨ ᠫᠢᠩ ᠶᠤᠸᠠᠨ᠂ ᠶᠸ ᠰᠢᠶᠤᠤ ᠭᠠᠩ ᠨᠠᠷ ᠤᠷᠢᠯᠭ᠎ᠠ᠎ᠪᠠᠷ ᠤᠷᠤᠯᠴᠠᠵᠠᠢ᠃ ᠤᠷᠢᠯᠭ᠎ᠠ᠎ᠪᠠᠷ ᠤᠷᠤᠯᠴᠠᠭᠰᠠᠳ᠎ᠲᠤ ᠪᠠᠰᠠ ᠤᠳᠤᠷᠢᠳᠬᠤ ᠪᠠᠢ᠍ᠢ᠍ᠷᠢᠨ᠎ᠠᠴᠠ᠎ᠪᠠᠨ ᠪᠠᠭᠤᠭᠰᠠᠨ ᠡᠯ᠎ᠠ ᠠᠷᠠᠳᠴᠢᠯᠠᠬᠰᠠᠨ ᠨᠠᠮ ᠪᠦᠯᠦᠭ᠎ᠤᠨ ᠲᠦᠪ ᠬᠤᠷᠢᠶ᠎ᠠ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠵᠢᠨ ᠤᠤᠯ᠎ᠤᠨ ᠲᠡᠷᠢᠬᠦᠯᠡᠭᠴᠢ᠂ ᠨᠢᠭᠡᠳᠦᠭᠡᠷ ᠳᠡᠳ᠋ ᠲᠡᠷᠢᠬᠦᠯᠡᠭᠴᠢ ᠪᠠ ᠪᠠᠢ᠍ᠢ᠍ᠩᠭᠤ ᠵᠢᠨ ᠳᠡᠳ᠋ ᠲᠡᠷᠢᠬᠦᠯᠡᠭᠴᠢ ᠨᠠᠷ ᠪᠤᠢ᠃
      ᠸᠠᠨ ᠡᠸ ᠰᠢᠶᠠᠩ ᠡᠯ᠎ᠠ ᠠᠷᠠᠳᠴᠢᠯᠠᠬᠰᠠᠨ ᠨᠠᠮ ᠪᠦᠯᠦᠭ᠎ᠤᠨ ᠲᠦᠪ ᠬᠤᠷᠢᠶ᠎ᠠ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠠ ᠨᠠᠮ ᠪᠦᠯᠦᠭ᠎ᠤᠨ ᠪᠤᠰᠤ ᠬᠦᠮᠦᠰ᠎ᠢ ᠲᠦᠯᠦᠭᠡᠯᠡᠨ ᠪᠠᠶᠠᠷ᠎ᠤᠨ ᠦᠭᠡ ᠭᠡᠯᠡᠪᠡ᠃ ᠲᠡᠷᠡ᠂ 2020 ᠣᠨ ᠪᠤᠯ ᠰᠢᠨ᠎ᠠ ᠳᠤᠮᠳᠠᠳᠤ ᠤᠯᠤᠰ᠎ᠤᠨ ᠲᠡᠦᠭᠡᠨ ᠳᠡᠭᠡᠷᠡᠬᠢ ᠲᠤᠢ᠍ᠢ᠍ᠯ᠎ᠤᠨ ᠶᠡᠷᠦ ᠪᠤᠰᠤ ᠵᠢᠨ᠂ ᠬᠦᠰᠢᠶ᠎ᠠ ᠲᠤᠷᠠᠰᠬᠠᠯ᠎ᠤᠨ ᠠᠴᠢ ᠬᠤᠯᠪᠤᠭᠳᠠᠯ᠎ᠲᠠᠢ ᠨᠢᠭᠡ ᠵᠢᠯ ᠮᠦᠨ᠃ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠭᠰᠠᠨ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ ᠨᠠᠮ ᠪᠤᠯᠤᠨ ᠤᠯᠤᠰ᠎ᠤᠨ ᠡᠯ᠎ᠠ ᠵᠦᠢ᠍ᠯ᠎ᠤᠨ ᠠᠵᠢᠯ ᠦᠢ᠍ᠯᠡᠰ᠎ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠂ ᠠᠷᠠᠳ ᠲᠦᠮᠡᠨ ᠬᠠᠨᠤᠮᠵᠢᠳᠠᠢ᠂ ᠳᠡᠯᠡᠭᠡᠢ ᠳ᠋ᠠᠬᠢᠨ᠎ᠤ ᠠᠩᠬᠠᠷᠤᠯ᠎ᠢ ᠳᠠᠳᠠᠭᠰᠠᠨ᠂ ᠲᠡᠦᠭᠡ ᠰᠤᠳᠤᠷ᠎ᠲᠤ ᠳᠡᠮᠳᠡᠭᠯᠡᠭᠳᠡᠬᠦ ᠠᠭᠤᠤ ᠶᠡᠭᠡ ᠠᠮᠵᠢᠯᠳᠠ ᠵᠢ ᠤᠯᠵᠠᠢ᠃ ᠰᠢᠨ᠎ᠠ ᠨᠢᠭᠡ ᠵᠢᠯ᠎ᠳᠤ᠂ ᠡᠯ᠎ᠠ ᠠᠷᠠᠳᠴᠢᠯᠠᠬᠰᠠᠨ ᠨᠠᠮ ᠪᠦᠯᠦᠭ᠂ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠠ ᠨᠠᠮ ᠪᠦᠯᠦᠭ᠎ᠤᠨ ᠪᠤᠰᠤ ᠬᠦᠮᠦᠰ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠭᠰᠠᠨ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠠᠨ᠎ᠤ ᠲᠤᠭᠤᠷᠢᠨ᠎ᠳᠤ ᠨᠡᠩ ᠨᠢᠬᠳᠠᠷᠠᠨ ᠪᠦᠯᠬᠦᠮᠳᠡᠵᠦ᠂ ᠬᠠᠮᠳᠤᠷᠠᠯᠴᠠᠬᠤ ᠤᠬ ᠰᠠᠨᠠᠭ᠎ᠠ᠎ᠪᠠᠨ ᠦᠯᠦ ᠮᠠᠷᠳᠠᠨ᠂ ᠬᠦᠴᠢᠷ᠎ᠢ ᠰᠦᠷᠦᠨ ᠲᠠᠪᠰᠢᠵᠦ᠂ ᠵᠠᠮ ᠨᠡᠭᠡᠭᠡᠨ ᠤᠷᠤᠬᠰᠢᠯᠠᠵᠦ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠠᠴᠠ ᠵᠢᠭ᠋ᠠᠨ ᠳᠤᠳᠤᠷᠬᠠᠢ᠍ᠢ᠍ᠯᠠᠬᠰᠠᠨ ᠴᠢᠭᠯᠡᠯ ᠶᠤᠰᠤᠭ᠋ᠠᠷ᠂ ᠨᠡᠢ᠍ᠢ᠍ᠭᠡᠮ ᠵᠢᠷᠤᠮᠳᠦ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠍ᠢ᠍ᠭᠤᠯᠬᠤ ᠰᠢᠨ᠎ᠠ ᠢᠯᠠᠯᠳᠠ ᠵᠢ ᠲᠡᠮᠡᠴᠡᠨ ᠤᠯᠬᠤ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠳᠤᠮᠳᠠᠳᠤ ᠵᠢᠨ ᠵᠡᠬᠦᠳᠦ ᠵᠢ ᠳᠡᠷᠭᠡᠯᠰᠢᠬᠦᠯᠬᠦ ᠵᠢᠨ ᠲᠦᠯᠦᠭᠡ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠬᠦᠨ᠎ᠠ ᠭᠡᠵᠦ ᠢᠯᠡᠳᠭᠡᠪᠡ᠃
      ᠸᠠᠨ ᠡᠸ ᠰᠢᠶᠠᠩ᠎ᠤᠨ ᠪᠠᠶᠠᠷ᠎ᠤᠨ ᠦᠭᠡ ᠵᠢ ᠰᠤᠨᠤᠰᠤᠬᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ 2020 ᠣᠨ ᠪᠤᠯ ᠰᠢᠨ᠎ᠠ ᠳᠤᠮᠳᠠᠳᠤ ᠤᠯᠤᠰ᠎ᠤᠨ ᠲᠡᠦᠭᠡᠨ ᠳᠡᠭᠡᠷᠡᠬᠢ ᠲᠤᠢ᠍ᠢ᠍ᠯ᠎ᠤᠨ ᠶᠡᠷᠦ ᠪᠤᠰᠤ ᠵᠢᠨ ᠨᠢᠭᠡ ᠵᠢᠯ ᠮᠦᠨ᠃ ᠬᠦᠨᠳᠦ ᠭᠡᠴᠡᠬᠦᠦ ᠨᠠᠷᠢᠨ ᠪᠤᠳᠤᠯᠢᠶᠠᠨᠳᠠᠢ ᠪᠠᠢ᠍ᠢ᠍ᠳᠠᠯ ᠡᠬᠦᠷᠭᠡ᠂ ᠤᠷᠢᠳ ᠡᠮᠦᠨ᠎ᠠ ᠪᠠᠢ᠍ᠢ᠍ᠭ᠎ᠠ ᠦᠭᠡᠢ ᠠᠶᠦᠯ ᠲᠦᠭᠰᠢᠬᠦᠷᠢ ᠦᠷᠢᠰᠦᠯᠳᠦᠭᠡᠨ᠎ᠤ ᠡᠮᠦᠨ᠎ᠠ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠬᠦᠯᠦᠨ ᠳᠠᠭ᠋ᠠᠭᠤᠯᠵᠦ ᠰᠡᠳᠬᠢᠯ ᠨᠢᠭᠡᠳᠦᠨ ᠬᠦᠴᠦ᠎ᠪᠠᠨ ᠬᠠᠮᠳᠤᠳᠬᠠᠵᠦ᠂ ᠬᠦᠴᠢᠷ᠎ᠢ ᠰᠦᠷᠦᠨ ᠤᠷᠤᠬᠰᠢᠯᠠᠵᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢ ᠨᠢᠭᠡᠳᠦᠯᠳᠠᠢ ᠲᠦᠯᠦᠪᠵᠢᠬᠦᠯᠦᠨ᠂ ᠦᠭᠡᠷᠡᠴᠢᠯᠡᠯᠳᠠ ᠨᠡᠭᠡᠭᠡᠯᠳᠠ ᠵᠢ ᠬᠦᠨᠵᠡᠭᠡᠢ᠍ᠢ᠍ᠷᠡᠬᠦᠯᠬᠦ ᠪᠠ ᠭᠠᠳᠠᠷ ᠤᠷᠴᠢᠨ᠎ᠤ ᠳᠠᠷᠤᠯᠳᠠ ᠵᠢ ᠠᠷᠭ᠋ᠠᠴᠠᠭ᠋ᠠᠬᠤ ᠵᠢ ᠨᠢᠭᠡᠳᠦᠯᠳᠠᠢ ᠲᠦᠯᠦᠪᠵᠢᠬᠦᠯᠵᠦ᠂ 《ᠵᠢᠷᠭᠤᠭ᠎ᠠ ᠵᠢ ᠲᠤᠬᠳᠠᠪᠤᠷᠢᠵᠢᠭᠤᠯᠬᠤ》 ᠠᠵᠢᠯ᠎ᠢ ᠰᠠᠢ᠍ᠢ᠍ᠳᠤᠷ ᠠᠳᠬᠤᠬᠤ ᠪᠠ 《ᠵᠢᠷᠭᠤᠭ᠎ᠠ ᠵᠢ ᠪᠠᠳᠤᠯᠠᠬᠤ》 ᠡᠬᠦᠷᠭᠡ ᠵᠢ ᠨᠠᠢ᠍ᠢ᠍ᠳᠠᠪᠤᠷᠢᠵᠢᠭᠤᠯᠬᠤ ᠵᠢ ᠨᠢᠭᠡᠳᠦᠯᠳᠠᠢ ᠲᠦᠯᠦᠪᠵᠢᠬᠦᠯᠦᠨ᠂ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠦ ᠢᠯᠠᠯᠳᠠ ᠵᠢ ᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠦ ᠲᠠᠢ᠍ᠢ᠍ᠯᠠᠯᠳᠤᠭ᠋ᠠᠨ᠎ᠢ ᠬᠢᠵᠠᠢ᠃ ᠬᠠᠳᠠᠭᠤᠵᠢᠯᠳᠠᠢ ᠴᠢᠷᠮᠠᠢ᠍ᠢ᠍ᠯᠭ᠎ᠠ᠎ᠪᠠᠷ ᠳᠠᠮᠵᠢᠵᠦ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠠᠵᠢᠯ ᠴᠢᠬᠤᠯᠠ ᠶᠡᠬᠡ ᠪᠠᠢ᠍ᠢ᠍ᠯᠳᠤᠬᠤ ᠪᠤᠳᠤᠯᠭ᠎ᠠ ᠵᠢᠨ ᠠᠮᠵᠢᠯᠳᠠ ᠪᠦᠳᠤᠮᠵᠢ ᠤᠯᠵᠤ᠂ ᠠᠵᠤ ᠠᠬᠤᠢ ᠵᠢᠨ ᠨᠡᠮᠡᠭᠳᠡᠯ ᠲᠡᠯᠡᠬᠡᠢ ᠳ᠋ᠠᠬᠢᠨ᠎ᠳᠤ ᠲᠦᠷᠦᠬᠦᠯᠡᠨ ᠰᠦᠬᠡᠷᠬᠦ᠎ᠠᠴᠠ ᠡᠶᠡᠷᠬᠦ ᠪᠤᠯᠵᠤ᠂ ᠶᠠᠳᠠᠭᠤ᠎ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠡᠬᠦᠷᠬᠡ ᠵᠢ ᠲᠤᠭᠳᠠᠬᠰᠠᠨ ᠬᠤᠭᠤᠴᠠᠭ᠋ᠠᠨ᠎ᠳᠠᠭᠠᠨ ᠪᠡᠶᠡᠯᠡᠬᠦᠯᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》 ᠲᠡᠬᠦᠰ ᠠᠮᠵᠢᠯᠳᠠ᠎ᠲᠠᠢ ᠰᠡᠬᠦᠯ ᠬᠤᠷᠢᠶᠠᠵᠤ᠂ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠦᠪᠵᠢᠬᠦᠯᠬᠡ ᠵᠢ ᠪᠦᠬᠦ ᠲᠠᠯ᠎ᠠ᠎ᠪᠠᠷ ᠵᠢᠷᠤᠭᠯᠠᠵᠤ᠂ ᠴᠢᠨᠡᠭᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠠᠵᠢᠯ ᠠᠭᠤᠤ ᠶᠡᠬᠡ ᠲᠡᠤᠬᠡᠳᠤ ᠴᠢᠨᠠᠷ᠎ᠲᠠᠢ ᠠᠮᠵᠢᠯᠳᠠ ᠪᠦᠳᠤᠮᠵᠢ ᠤᠯᠤᠬᠰᠠᠨ ᠪᠠᠢ᠍ᠢ᠍ᠨ᠎ᠠ᠃ ᠡᠨᠡ ᠪᠤᠯ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠪᠠᠳᠤ ᠴᠢᠩᠭ᠎ᠠ ᠤᠳᠤᠷᠢᠳᠤᠯᠭ᠎ᠠ ᠵᠢᠨ ᠦᠷ᠎ᠠ ᠳ᠋ᠦᠩ᠂ ᠮᠦᠨ ᠴᠤ᠌ ᠡᠯ᠎ᠠ ᠠᠷᠠᠳᠴᠢᠯᠠᠬᠰᠠᠨ ᠨᠠᠮ ᠪᠦᠯᠦᠭ᠂ ᠤᠢ᠍ᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠤᠯᠤᠨ ᠨᠠᠮ ᠪᠦᠯᠦᠭ᠎ᠤᠨ ᠪᠤᠰᠤ ᠬᠦᠮᠤᠰ᠎ᠢ ᠪᠠᠬᠳᠠᠭ᠋ᠠᠬᠰᠠᠨ ᠪᠦᠬᠦ ᠤᠯᠤᠰ᠎ᠤᠨ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠤ ᠲᠦᠮᠡᠨ ᠤᠯᠠᠨ ᠵᠶ᠋ᠠᠷ ᠵᠶ᠋ᠠᠨ ᠰᠡᠳᠬᠢᠯ ᠨᠢᠭᠡᠲᠦᠨ᠂ ᠴᠦᠬᠦᠷᠡᠰᠢ ᠦᠬᠡᠢ ᠡᠷᠡᠯᠬᠡᠭᠯᠡᠨ ᠲᠡᠮᠡᠴᠡᠭᠰᠡᠨ᠎ᠤ ᠦᠷ᠎ᠠ ᠳ᠋ᠦᠩ ᠪᠤᠯᠤᠨ᠎ᠠ ᠬᠡᠵᠤ ᠴᠢᠬᠤᠯᠠᠴᠢᠯᠠᠪᠠ᠃



      ᠰᠢ ᠵᠢᠨ ᠫᠢᠩ᠂ ᠨᠢᠬᠡ ᠵᠢᠯ᠎ᠤᠨ ᠲᠤᠷᠰᠢ᠂ ᠡᠯ᠎ᠠ ᠠᠷᠠᠳᠴᠢᠯᠠᠬᠰᠠᠨ ᠨᠠᠮ ᠪᠦᠯᠦᠭ᠂ ᠤᠢ᠍ᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠤᠯᠤᠨ ᠨᠠᠮ ᠪᠦᠯᠦᠭ᠎ᠤᠨ ᠪᠤᠰᠤ ᠬᠦᠮᠤᠰ ᠨᠠᠮ᠎ᠤᠨ ᠲᠦᠪ ᠬᠤᠷᠢᠶᠠᠨ᠎ᠤ ᠤᠷᠢᠶᠠᠯᠠᠭ᠎ᠠ ᠵᠢ ᠴᠤᠤᠷᠢᠶᠠᠳᠤᠨ ᠲᠠᠭ᠋ᠠᠵᠤ᠂ ᠨᠠᠮ ᠪᠤᠯᠤᠨ ᠤᠯᠤᠰ᠎ᠤᠨ ᠭᠤᠤᠯ ᠠᠵᠢᠯ᠎ᠳᠤ ᠠᠩᠬᠠᠷᠤᠯ ᠵᠶ᠋ᠠᠨ ᠲᠦᠪᠯᠡᠷᠡᠬᠦᠯᠤᠨ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠬᠡᠵᠤ᠂ ᠰᠢᠨ᠎ᠠ ᠪᠠᠢ᠍ᠢ᠍ᠳᠠᠯ ᠰᠢᠨ᠎ᠠ ᠡᠬᠦᠷᠬᠡ ᠵᠢᠨ ᠱᠠᠭ᠋ᠠᠷᠳᠠᠯᠭ᠎ᠠ᠎ᠳᠤ ᠵᠤᠬᠢᠴᠠᠨ ᠲᠤᠰ ᠪᠠᠶ᠎ᠠ ᠵᠢᠨ ᠪᠠᠢ᠍ᠢ᠍ᠭᠤᠯᠤᠯᠳᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠵᠤ᠂ ᠰᠢᠨ᠎ᠠ ᠠᠮᠵᠢᠯᠳᠠ ᠪᠦᠳᠤᠮᠵᠢ ᠤᠯᠪᠠ᠃ ᠬᠢᠵᠢᠭ᠎ᠲᠠᠢ ᠲᠡᠮᠡᠴᠡᠬᠦ ᠶᠠᠷᠤ ᠪᠤᠰᠤ ᠵᠢᠨ ᠴᠠᠬ ᠮᠦᠴᠠ᠎ᠳᠤ᠂ ᠡᠯ᠎ᠠ ᠠᠷᠠᠳᠴᠢᠯᠠᠬᠰᠠᠨ ᠨᠠᠮ ᠪᠦᠯᠦᠭ᠂ ᠤᠢ᠍ᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠪᠤᠯᠤᠨ ᠨᠠᠮ ᠪᠦᠯᠦᠭ᠎ᠤᠨ ᠪᠤᠰᠤ ᠬᠦᠮᠤᠰ ᠳᠤᠮᠳᠠᠳᠤ ᠤᠯᠤᠰ᠎ᠤᠨ ᠡᠪ ᠬᠠᠮᠳᠦ ᠨᠠᠮ᠎ᠲᠠᠢ ᠰᠡᠳᠬᠢᠯ ᠵᠶ᠋ᠠᠨ ᠨᠢᠭᠡᠳᠭᠡᠨ᠂ ᠬᠠᠮᠳᠤ ᠵᠤᠬᠰᠤᠵᠤ᠂ ᠬᠠᠮᠳᠤ ᠠᠵᠢᠯᠯᠠᠵᠤ᠂ ᠬᠠᠳᠠᠭᠤ ᠪᠡᠷᠬᠡᠰᠢᠶᠠᠯ᠎ᠢ ᠬᠠᠮᠳᠤ᠎ᠪᠠᠷ ᠲᠤᠭᠤᠯᠵᠤ᠂ ᠰᠡᠳᠬᠢᠯ ᠰᠠᠨᠠᠭ᠎ᠠ᠎ᠪᠠᠨ ᠮᠡᠳᠡᠯᠴᠠᠵᠤ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠬᠤᠷᠢᠬᠯᠠᠯᠳᠠ ᠵᠢᠨ ᠲᠠᠢ᠍ᠢ᠍ᠯᠠᠯᠳᠤᠭ᠋ᠠᠨ᠎ᠤ ᠢᠯᠠᠯᠳᠠ ᠵᠢ ᠤᠯᠬᠤ᠎ᠳᠤ ᠠᠷᠭ᠎ᠠ ᠤᠬᠠᠭ᠋ᠠᠨ ᠭᠠᠷᠭ᠋ᠠᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠤᠷᠢᠳᠤ ᠪᠤᠳᠤᠯᠭ᠎ᠠ ᠲᠤᠭᠲᠠᠭ᠋ᠠᠬᠤ᠂ ᠠᠷᠠᠳᠴᠢᠯᠠᠯ ᠵᠶ᠋ᠠᠷ ᠰᠢᠢ᠍ᠳᠪᠤᠷᠢᠳᠤ ᠪᠤᠳᠤᠯᠭ᠎ᠠ ᠲᠤᠭᠳᠠᠭ᠋ᠠᠬᠤ᠎ᠳᠤ ᠴᠢᠬᠤᠯᠠ ᠯᠠᠪᠯᠠᠯᠳᠠ ᠬᠠᠩᠭ᠋ᠠᠬᠰᠠᠨ ᠪᠠᠢ᠍ᠢ᠍ᠨ᠎ᠠ᠃ ᠤᠯᠠᠨ ᠵᠶ᠋ᠠᠷ ᠵᠶ᠋ᠠᠨ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠲᠦᠷᠤ ᠵᠢᠨ ᠶᠠᠪᠤᠳᠠᠯ᠎ᠳᠤ ᠤᠷᠤᠯᠴᠠᠬᠤ ᠨᠠᠮ᠎ᠤᠨ ᠪᠠᠢ᠍ᠢ᠍ᠭᠤᠯᠤᠯᠳᠠ ᠵᠢ ᠠᠬᠢᠭᠤᠯᠤᠨ ᠰᠢᠨ᠎ᠠ ᠲᠦᠷᠢ ᠲᠦᠷᠬᠦ ᠵᠢ ᠭᠠᠢ᠍ᠢ᠍ᠬᠠᠭᠤᠯᠪᠠ᠃ ᠤᠯᠠᠨ ᠵᠶ᠋ᠠᠷ ᠵᠶ᠋ᠠᠨ ᠬᠢᠵᠢᠭ᠎ᠤᠨ ᠪᠠᠢ᠍ᠢ᠍ᠳᠠᠯ᠎ᠤᠨ ᠠᠰᠢᠬ ᠦᠬᠡᠢ ᠨᠦᠯᠤᠬᠡ ᠵᠢ ᠲᠡᠪᠴᠢᠵᠦ᠂ ᠤᠯᠠᠨ ᠵᠤᠢ᠍ᠢ᠍ᠯ᠎ᠤᠨ ᠬᠡᠯᠪᠡᠷᠢ᠎ᠪᠠᠷ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠎ᠳᠤ ᠠᠷᠠᠳᠴᠢᠯᠠᠯ ᠵᠶ᠋ᠠᠷ ᠬᠢᠨᠠᠯᠳᠠ ᠲᠠᠯᠪᠢᠬᠤ ᠵᠢ ᠬᠦᠨᠵᠡᠬᠡᠢ ᠦᠷᠨᠢᠬᠦᠯᠵᠤ᠂ ᠠᠵᠢᠯ ᠲᠦᠷᠤᠯ ᠵᠶ᠋ᠠᠷ ᠲᠡᠮᠵᠢᠬᠦ ᠮᠤᠵᠢ ᠦᠪᠡᠷᠳᠡᠬᠡᠨ ᠵᠠᠰᠠᠬᠤ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠬᠡ᠎ᠪᠠᠨ ᠪᠡᠶᠡᠯᠡᠬᠦᠯᠬᠦ᠎ᠳᠤ ᠤᠶᠤᠨ ᠤᠬᠠᠭ᠋ᠠᠨ ᠪᠤᠯᠤᠨ ᠬᠦᠴᠤᠨ ᠴᠢᠳᠠᠯ ᠵᠶ᠋ᠠᠨ ᠨᠡᠮᠡᠷᠢᠯᠡᠭᠰᠡᠨ ᠪᠠᠢ᠍ᠢ᠍ᠨ᠎ᠠ ᠬᠡᠵᠤ ᠵᠢᠭ᠋ᠠᠵᠤ ᠭᠠᠷᠭ᠋ᠠᠪᠠ᠃ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠠ ᠵᠢ ᠲᠦᠯᠤᠬᠡᠯᠠᠵᠤ᠂ ᠤᠯᠠᠨ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠲᠡᠪᠰᠢᠬᠦᠯᠪᠠ᠃
      ᠰᠢ ᠵᠢᠨ ᠫᠢᠩ᠂ 2021 ᠣᠨ ᠪᠤᠯ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠭᠡᠷᠡᠭᠵᠢᠬᠦᠯᠬᠦ᠂ ᠨᠡᠢ᠍ᠢ᠍ᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠤᠬᠡᠨ ᠪᠠᠢ᠍ᠢ᠍ᠭᠤᠯᠬᠤ ᠰᠢᠨ᠎ᠠ ᠠᠶᠠᠨ᠎ᠢ ᠡᠬᠢᠯᠡᠬᠦᠯᠬᠦ ᠠᠩᠬᠠᠳᠤᠭ᠋ᠠᠷ ᠵᠢᠯ ᠮᠦᠨ᠂ ᠪᠢᠳᠠ ᠳᠤᠮᠳᠠᠳᠤ ᠤᠯᠤᠰ᠎ᠤᠨ ᠡᠪ ᠬᠠᠮᠳᠤ ᠨᠠᠮ ᠪᠠᠢ᠍ᠢ᠍ᠭᠤᠯᠤᠬᠳᠠᠬᠰᠠᠨ 100 ᠵᠢᠯ᠎ᠤᠨ ᠤᠢ ᠵᠢ ᠦᠪᠡᠳᠡᠭᠰᠢ ᠶᠡᠬᠡ᠎ᠪᠠᠷ ᠪᠡᠯᠬᠡᠯᠡᠬᠦ ᠪᠤᠯᠤᠨ᠎ᠠ᠃ ᠤᠯᠠᠨ ᠵᠶ᠋ᠠᠷ ᠵᠶ᠋ᠠᠨ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠ ᠶᠢᠰᠤᠳᠤᠭᠡᠷ ᠶᠡᠬᠡ ᠬᠤᠷᠠᠯ ᠪᠤᠯᠤᠨ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠ ᠶᠢᠰᠤᠳᠤᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠲᠦᠷᠪᠡᠳᠤᠭᠡᠷ᠂ ᠲᠠᠪᠤᠳᠤᠭ᠋ᠠᠷ ᠪᠦᠬᠦᠳᠠ ᠬᠤᠷᠠᠯ᠎ᠤᠨ ᠵᠤᠷᠢᠬ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠯᠤᠭ᠎ᠠ ᠪᠦᠯᠬᠦᠮᠳᠡᠨ ᠲᠡᠮᠡᠴᠡᠵᠤ᠂ ᠵᠢᠷᠭ᠋ᠠᠯ ᠵᠤᠪᠠᠯᠠᠩ ᠵᠶ᠋ᠠᠨ ᠬᠠᠮᠳᠤᠳᠬᠠᠬᠰᠠᠨ ᠭᠡᠷᠡᠯ ᠰᠠᠴᠤᠷᠠᠩᠭᠤᠢ ᠦᠩᠬᠡᠷᠡᠯᠳᠠ᠎ᠪᠠᠨ ᠪᠦᠬᠦ ᠲᠠᠯ᠎ᠠ᠎ᠪᠠᠷ ᠳ᠋ᠦᠩᠨᠡᠬᠦ ᠪᠠ ᠢᠯᠡᠷᠡᠬᠦᠯᠵᠤ᠂ ᠦᠷᠬᠡᠨ ᠤᠯᠠᠨ ᠪᠦᠷᠢᠯᠳᠤᠬᠦᠨ᠎ᠢ ᠬᠦᠳᠤᠯᠤᠨ ᠲᠠᠭ᠋ᠠᠭᠤᠯᠵᠤ ᠢᠷᠠᠭᠤ ᠠᠯᠲᠠᠷᠲᠦ ᠤᠯᠠᠮᠵᠢᠯᠠᠯ ᠵᠶ᠋ᠠᠨ ᠵᠠᠯᠭ᠋ᠠᠮᠵᠢᠯᠠᠨ ᠪᠠᠳᠠᠷᠠᠭᠤᠯᠵᠤ᠂ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢ᠍ᠢ᠍ᠬᠡᠮ ᠵᠢᠷᠤᠮ᠎ᠤᠨ ᠬᠦᠰᠡᠯᠠᠩ ᠢᠳᠡᠬᠡᠯ ᠪᠢᠰᠢᠷᠠᠯ ᠵᠶ᠋ᠠᠨ ᠪᠠᠳᠤᠳᠬᠠᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠬᠰᠠᠨ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠤ ᠵᠢᠨ ᠵᠦᠪᠯᠡᠯᠭᠡ ᠬᠢᠬᠦ ᠪᠠᠢ᠍ᠢ᠍ᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠵᠤ᠂ ᠰᠢᠨ᠎ᠠ ᠬᠦᠭᠵᠢᠯᠳᠠ ᠵᠢᠨ ᠱᠠᠳᠤ ᠵᠢ ᠡᠵᠡᠮᠳᠡᠬᠦ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠪᠠᠢ᠍ᠢ᠍ᠭᠤᠯᠬᠤ᠎ᠪᠠᠷ ᠭᠤᠤᠯᠯᠠᠭᠤᠯᠵᠤ᠂ ᠢᠳᠡᠪᠬᠢᠳᠠᠢ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠨ᠂ ᠬᠠᠮᠳᠤ ᠵᠢᠨ ᠲᠠᠨᠢᠯᠳᠠ ᠵᠢ ᠦᠷᠬᠡᠨ ᠵᠶ᠋ᠠᠷ ᠨᠢᠬᠳᠠᠷᠠᠭᠤᠯᠵᠦ᠂ ᠡᠷᠡᠮᠡᠬᠡᠢ᠍ᠢ᠍ᠯᠡᠨ ᠲᠡᠮᠡᠴᠡᠬᠦ ᠲᠡᠮᠡᠴᠡᠯ᠎ᠤᠨ ᠲᠦᠷᠢ ᠪᠠᠢ᠍ᠢ᠍ᠳᠠᠯ᠂ ᠴᠤᠴᠠᠯᠳᠠ ᠦᠬᠡᠢ ᠤᠷᠤᠬᠰᠢᠯᠠᠬᠤ ᠤᠶᠤᠨ ᠰᠠᠨᠠᠭ᠋ᠠᠨ᠎ᠤ ᠲᠦᠷᠢ ᠪᠠᠢ᠍ᠢ᠍ᠳᠠᠯ ᠵᠶ᠋ᠠᠷ ᠰᠢᠨ᠎ᠠ ᠴᠠᠬ ᠦᠶ᠎ᠠ ᠵᠢᠨ ᠤᠯᠠᠨ ᠨᠠᠮ ᠬᠠᠮᠳᠤᠷᠠᠨ ᠠᠵᠢᠯᠯᠠᠬᠰᠠᠨ ᠠᠤᠭ᠎ᠠ ᠤᠢ᠍ᠢ᠍ᠯᠡᠰ᠎ᠤᠨ ᠰᠢᠨ᠎ᠠ ᠬᠠᠭᠤᠳᠠᠰᠤ ᠵᠢ ᠪᠢᠴᠢᠭᠯᠡᠬᠦ ᠵᠢ ᠬᠦᠰᠡᠵᠦ ᠪᠠᠢ᠍ᠢ᠍ᠨ᠎ᠠ ᠬᠡᠵᠤ ᠴᠢᠬᠤᠯᠠᠴᠢᠯᠠᠪᠠ᠃
      ᠰᠢ ᠵᠢᠨ ᠫᠢᠩ᠂ ᠡᠯ᠎ᠡ ᠠᠷᠠᠳᠴᠢᠯᠠᠬᠰᠡᠨ ᠨᠠᠮ ᠪᠦᠯᠦᠭ᠂ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠡ ᠪᠠ ᠨᠠᠮ ᠪᠦᠯᠦᠭ᠎ᠤᠨ ᠪᠤᠰᠤ ᠬᠦᠮᠦᠰ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠡᠵᠡᠮᠰᠢᠬᠦ ᠴᠢᠳᠠᠪᠤᠷᠢ᠂ ᠤᠯᠤᠰ ᠲᠦᠷᠦ ᠵᠢᠨ ᠬᠦᠢ᠍ᠴᠡᠳᠭᠡᠬᠦ ᠴᠢᠳᠠᠪᠤᠷᠢ᠎ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠦᠷᠭᠡᠨ ᠤᠯᠠᠨ ᠭᠡᠰᠢᠬᠦᠨ ᠪᠠ ᠬᠠᠷᠢᠯᠴᠠᠵᠦ ᠪᠠᠢ᠍ᠢ᠍ᠭ᠎ᠠ ᠤᠯᠠᠨ ᠲᠦᠮᠡᠨ᠎ᠢ ᠬᠦᠳᠤᠯᠤᠨ ᠲᠠᠭ᠋ᠠᠭᠤᠯᠵᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠬᠰᠡᠨ ᠪᠠ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠲᠤᠬᠠᠢ ᠤᠯᠤᠰ ᠲᠦᠷᠤ ᠵᠢᠨ ᠬᠠᠮᠳᠦ ᠵᠢᠨ ᠲᠠᠨᠢᠯᠳᠠ᠂ ᠦᠵᠡᠯ ᠰᠠᠨᠠᠭ᠋ᠠᠨ᠎ᠤ ᠬᠠᠮᠳᠦ ᠵᠢᠨ ᠲᠠᠨᠢᠯᠳᠠ᠂ ᠤᠨᠤᠯ᠎ᠤᠨ ᠬᠠᠮᠳᠦ ᠵᠢᠨ ᠲᠠᠨᠢᠯᠳᠠ᠂ ᠬᠠᠢ᠍ᠢ᠍ᠷ᠎ᠡ ᠰᠡᠳᠬᠢᠯᠭᠡ ᠵᠢᠨ ᠬᠠᠮᠳᠦ ᠵᠢᠨ ᠲᠠᠨᠢᠯᠳᠠ᠎ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠢᠮᠠᠬᠳᠠ ᠲᠤᠮᠳᠠᠳᠤ ᠤᠯᠤᠰ᠎ᠤᠨ ᠡᠪ ᠬᠠᠮᠳᠤ ᠨᠠᠮ᠎ᠯᠤᠭ᠎ᠠ ᠰᠡᠳᠬᠢᠯ ᠵᠢᠷᠤᠭᠡ᠎ᠪᠠᠨ ᠬᠤᠯᠪᠤᠵᠤ᠂ ᠪᠦᠯᠬᠦᠮᠳᠡᠨ ᠲᠡᠮᠡᠴᠡᠬᠦ ᠤᠯᠤᠰ ᠲᠦᠷᠦ ᠵᠢᠨ ᠤᠬ ᠴᠢᠨᠠᠷ ᠵᠶ᠋ᠠᠨ ᠪᠠᠳᠤᠯᠠᠬᠤ ᠭᠡᠷᠡᠭᠳᠠᠢ᠃ ᠤᠯᠠᠨ ᠨᠠᠮ ᠬᠠᠮᠳᠤᠷᠠᠨ ᠠᠵᠢᠯᠯᠠᠬᠤ ᠦᠢ᠍ᠯᠡᠰ᠎ᠤᠨ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠢᠨ᠎ᠡ ᠪᠠᠢ᠍ᠢ᠍ᠷᠢᠯᠠᠭᠤᠯᠤᠯᠳᠠ ᠰᠢᠨ᠎ᠡ ᠱᠠᠭ᠋ᠠᠷᠳᠠᠯᠭ᠎ᠡ ᠵᠢ ᠬᠦᠨᠵᠡᠭᠡᠢ ᠡᠵᠡᠮᠰᠢᠵᠦ᠂ ᠠᠵᠢᠯ᠎ᠢ ᠰᠤᠳᠤᠯᠤᠨ ᠲᠦᠯᠦᠪᠵᠢᠬᠦᠯᠬᠦ ᠤᠯᠤᠰ ᠲᠦᠷᠦ ᠵᠢᠨ ᠵᠤᠬᠰᠤᠯᠳᠠ᠂ ᠤᠨᠤᠯ᠎ᠤᠨ ᠵᠤᠬᠰᠤᠯᠳᠠ᠂ ᠴᠠᠭ ᠦᠶ᠎ᠡ ᠵᠢᠨ ᠵᠤᠬᠰᠤᠯᠳᠠ᠎ᠪᠠᠨ ᠲᠡᠭᠡᠭᠰᠢᠯᠡᠬᠦᠯᠤᠨ᠂ ᠠᠵᠢᠯ᠎ᠤᠨ ᠴᠢᠳᠠᠪᠤᠷᠢ᠎ᠪᠠᠨ ᠲᠡᠭᠡᠭᠰᠢᠯᠡᠬᠦᠯᠵᠤ᠂ ᠵᠤᠷᠢᠬᠳᠠᠢ᠎ᠪᠠᠷ ᠬᠠᠷᠢᠭᠤᠴᠠᠯᠭ᠎ᠡ ᠡᠬᠦᠷᠭᠡᠯᠡᠨ ᠵᠢᠳᠬᠦᠯ ᠴᠢᠷᠮᠠᠢ᠍ᠢ᠍ᠯᠭ᠎ᠡ ᠭᠠᠷᠭ᠋ᠠᠨ᠂ ᠤᠬᠠᠮᠰᠠᠷ᠎ᠠᠴᠠ᠎ᠪᠠᠨ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠢ᠍ᠢ᠍ᠨ ᠵᠦᠪᠯᠡᠭᠴᠢ᠂ ᠰᠠᠢ᠍ᠢ᠍ᠨ ᠬᠠᠪᠰᠤᠷᠤᠬ᠍ᠴᠢ᠂ ᠰᠠᠢ᠍ᠢ᠍ᠨ ᠬᠠᠮᠳᠤ ᠠᠵᠢᠯᠯᠠᠬ᠍ᠴᠢ ᠪᠤᠯᠵᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠢ᠍ᠯᠡᠰ᠎ᠤᠨ ᠪᠡᠶ᠎ᠡ᠎ᠪᠠᠷ ᠵᠶ᠋ᠠᠨ ᠦᠨᠭᠭᠡᠷᠡᠬᠦᠯᠦᠭᠴᠢ᠂ ᠦᠢ᠍ᠯᠡᠳᠤᠯᠭᠡᠵᠢᠬᠦᠯᠦᠭᠴᠢ᠂ ᠬᠠᠮᠠᠭ᠋ᠠᠯᠠᠬ᠍ᠴᠢ᠂ ᠰᠠᠬᠢᠬ᠍ᠴᠢ ᠪᠤᠯᠬᠤ ᠭᠡᠷᠡᠭᠳᠠᠢ᠃ ᠨᠠᠮ ᠪᠠ ᠵᠠᠰᠠᠭ᠎ᠤᠨ ᠤᠷᠳᠤᠨ᠎ᠲᠠᠢ ᠬᠠᠮᠵᠢᠯᠴᠠᠵᠤ ᠬᠠᠮᠳᠤ ᠵᠢᠨ ᠲᠠᠨᠢᠯᠳᠠ ᠵᠢ ᠨᠢᠬᠳᠠᠷᠠᠭᠤᠯᠬᠤ᠂ ᠵᠦᠷᠢᠴᠡᠯ᠎ᠢ ᠰᠢᠢ᠍ᠳᠪᠤᠷᠢᠯᠡᠬᠦ᠂ ᠰᠠᠨᠠᠯ᠎ᠢ ᠲᠤᠰᠬᠠᠬᠤ᠂ ᠲᠤᠬᠳᠠᠭᠤᠨ᠎ᠢ ᠬᠠᠮᠠᠭ᠋ᠠᠯᠠᠬᠤ ᠵᠡᠷᠭᠡ ᠠᠵᠢᠯ᠎ᠢ ᠰᠠᠢ᠍ᠢ᠍ᠳᠤᠷ ᠬᠢᠵᠤ᠂ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠢ ᠪᠠᠷᠢᠮᠳᠠᠯᠠᠨ ᠬᠦᠭᠵᠢᠬᠦᠯᠬᠦ᠎ᠳᠤ ᠨᠡᠩ ᠰᠠᠢ᠍ᠢ᠍ᠨ ᠵᠶ᠋ᠠᠷ ᠰᠡᠳᠬᠢᠯ ᠨᠢᠭᠡᠳᠤᠨ ᠬᠦᠴᠤᠨ ᠵᠶ᠋ᠠᠨ ᠬᠠᠮᠳᠤᠳᠬᠠᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠡ ᠶᠢᠰᠤᠳᠤᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠠᠴᠠ ᠮᠠᠨ᠎ᠤ ᠤᠯᠤᠰ᠎ᠤᠨ ᠬᠤᠢ᠍ᠢ᠍ᠰᠢᠳᠠ ᠵᠢᠨ 5 ᠵᠢᠯ ᠵᠢᠴᠢ 15 ᠵᠢᠯ᠎ᠤᠨ ᠬᠦᠭᠵᠢᠯᠳᠠ᠎ᠳᠤ ᠴᠢᠭᠯᠡᠯ᠎ᠢ ᠲᠤᠳᠤᠷᠬᠠᠢ ᠵᠢᠭ᠋ᠠᠵᠤ᠂ ᠨᠡᠢ᠍ᠢ᠍ᠭᠡᠮ ᠵᠢᠷᠤᠮᠳᠤ ᠤᠳᠤᠬᠢᠴᠢᠯᠠᠬᠰᠡᠨ ᠤᠯᠤᠰ᠎ᠢ ᠪᠦᠬᠦ ᠲᠠᠯ᠎ᠡ᠎ᠪᠠᠷ ᠪᠦᠳᠦᠭᠡᠨ ᠪᠠᠢ᠍ᠢ᠍ᠭᠤᠯᠬᠤ ᠠᠤᠭ᠎ᠡ ᠠᠯᠤᠰ᠎ᠤᠨ ᠲᠦᠰᠦᠪ᠎ᠢ ᠵᠢᠷᠤᠬᠯᠠᠪᠠ᠃ ᠤᠯᠠᠨ ᠵᠶ᠋ᠠᠷ ᠵᠶ᠋ᠠᠨ ᠴᠢᠳᠠᠪᠤᠷᠢᠳᠠᠨ ᠬᠤᠷᠠᠨ ᠴᠤᠬᠯᠠᠷᠠᠬᠰᠡᠨ᠂ ᠤᠶᠤᠨ ᠤᠬᠠᠭ᠋ᠠᠨ ᠲᠦᠪᠯᠡᠷᠡᠭᠰᠡᠨ ᠲᠠᠪᠠᠭᠤᠯᠢᠭ ᠵᠶ᠋ᠠᠨ ᠬᠦᠢ᠍ᠴᠡᠳ ᠪᠠᠳᠠᠷᠠᠭᠤᠯᠵᠤ᠂ ᠪᠠᠢ᠍ᠢ᠍ᠯᠳᠤᠬᠤ ᠪᠤᠳᠤᠯᠭ᠎ᠡ ᠵᠢᠨ ᠴᠢᠨᠠᠷᠳᠠᠢ᠂ ᠬᠤᠷᠸ᠎ᠡ ᠴᠢᠨᠠᠷᠳᠠᠢ ᠰᠤᠳᠤᠯᠭ᠋ᠠᠨ᠎ᠢ ᠦᠷᠨᠢᠬᠦᠯᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠲᠤᠬᠳᠠᠭ᠋ᠠᠬᠤ᠎ᠳᠤ ᠨᠡᠩ ᠤᠯᠠᠨ ᠪᠤᠳᠠᠳᠠᠢ ᠵᠢ ᠡᠷᠬᠢᠮᠯᠡᠭᠰᠡᠨ ᠲᠤᠰᠠᠳᠠᠢ ᠠᠷᠭ᠎ᠡ ᠪᠤᠳᠤᠯᠭ᠎ᠡ ᠰᠠᠨᠠᠭᠤᠯᠭ᠎ᠡ ᠲᠤᠷᠠᠳᠬᠤ ᠵᠢ ᠬᠦᠰᠡᠵᠦ ᠪᠠᠢ᠍ᠢ᠍ᠨ᠎ᠠ᠃ ᠶᠠᠳᠠᠭᠤ᠎ᠠᠴᠠ ᠠᠨᠭ᠌ᠭᠢᠵᠢᠷᠠᠭᠤᠯᠬᠤ ᠪᠤᠭᠤᠮᠳᠠ ᠰᠢᠪᠳᠤᠯᠬᠤ᠎ᠳᠤ ᠠᠷᠠᠳᠴᠢᠯᠡᠯ ᠵᠶ᠋ᠠᠷ ᠬᠢᠨᠠᠯᠲᠠ ᠲᠠᠯᠪᠢᠭᠰᠠᠠ ᠰᠠᠢ᠍ᠢ᠍ᠨ ᠲᠤᠷᠰᠢᠯᠭ᠎ᠡ᠂ ᠰᠠᠢ᠍ᠢ᠍ᠨ ᠠᠷᠭ᠎ᠡ ᠬᠢᠳᠠᠯ ᠵᠶ᠋ᠠᠨ ᠲᠤᠯᠢᠯᠠᠵᠤ᠂ ᠰᠢᠨ᠎ᠡ ᠲᠤᠰᠬᠠᠢ ᠲᠦᠷᠦᠯ᠎ᠤᠨ ᠠᠷᠠᠳᠴᠢᠯᠠᠯ ᠵᠶ᠋ᠠᠷ ᠬᠢᠨᠡᠯᠳᠠ ᠲᠠᠯᠪᠢᠬᠤ ᠠᠵᠢᠯ᠎ᠢ ᠰᠠᠢ᠍ᠢ᠍ᠳᠤᠷ ᠲᠦᠯᠦᠪᠵᠢᠬᠦᠯᠤᠨ ᠪᠠᠢ᠍ᠢ᠍ᠷᠢᠯᠠᠭᠤᠯᠬᠤ ᠭᠡᠷᠡᠭᠳᠠᠢ᠃ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠡ ᠨᠠᠢ᠍ᠢ᠍ᠳᠠ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠡᠷᠡᠬᠦᠯ ᠵᠶ᠋ᠠᠷ ᠬᠦᠭᠵᠢᠬᠦ ᠪᠠ ᠨᠠᠢ᠍ᠢ᠍ᠳᠠ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠬᠦᠮᠦᠰ᠎ᠤᠨ ᠡᠷᠡᠬᠦᠯ ᠵᠶ᠋ᠠᠷ ᠦᠰᠤᠨ ᠪᠤᠢ᠍ᠢ᠍ᠵᠢᠬᠤ ᠵᠢ ᠠᠬᠢᠭᠤᠯᠬᠤ ᠭᠤᠤᠯ ᠰᠡᠳᠦᠪ᠎ᠤᠨ ᠲᠤᠭᠤᠷᠢᠨ᠎ᠳᠤ ᠲᠤᠰᠢᠶᠠᠯ ᠬᠠᠷᠢᠭᠤᠴᠠᠯᠭ᠎ᠡ᠎ᠪᠠᠨ ᠬᠦᠢ᠍ᠴᠡᠳᠭᠡᠵᠤ᠂ ᠦᠢ᠍ᠯᠡᠳᠤᠯ ᠵᠶ᠋ᠠᠨ ᠪᠠᠳᠠᠷᠠᠭᠤᠯᠵᠤ᠂ ᠤᠯᠤᠰ ᠲᠦᠷᠦ᠎ᠪᠠᠷ ᠬᠦᠳᠤᠯᠤᠨ ᠲᠠᠭ᠋ᠠᠭᠤᠯᠬᠤ ᠪᠠ ᠦᠵᠡᠯ ᠰᠠᠨᠠᠭ᠎ᠡ᠎ᠪᠠᠷ ᠬᠦᠳᠤᠯᠤᠨ ᠲᠠᠭ᠋ᠠᠭᠤᠯᠬᠤ ᠵᠢ ᠴᠢᠨᠭ᠌ᠭ᠋ᠠᠳᠬᠠᠬᠤ ᠭᠡᠷᠡᠭᠳᠠᠢ᠃ ᠨᠠᠮ᠎ᠤᠨ ᠭᠠᠳᠠᠨᠠᠬᠢ ᠰᠡᠭᠡᠭᠡᠳᠠᠨ᠎ᠤ ᠲᠤᠰᠬᠠᠢ ᠮᠡᠷᠭᠡᠵᠢᠯ᠎ᠤᠨ ᠲᠠᠪᠠᠭᠤᠯᠢᠭ᠎ᠢ ᠪᠠᠳᠠᠷᠠᠭᠤᠯᠵᠤ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠢ ᠰᠠᠢ᠍ᠢ᠍ᠳᠤᠷ ᠬᠢᠬᠦ ᠪᠠ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢ ᠠᠬᠢᠭᠤᠯᠬᠤ ᠵᠡᠷᠭᠡ ᠲᠠᠯ᠎ᠡ᠎ᠪᠠᠷ ᠰᠢᠨ᠎ᠡ ᠬᠤᠪᠢ ᠨᠡᠮᠡᠷᠢ ᠦᠵᠡᠭᠦᠯᠬᠦ ᠭᠡᠷᠡᠭᠳᠠᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠡ᠎ᠠᠴᠠ᠂ ᠡᠨᠡ ᠵᠢᠯ ᠪᠦᠬᠦ ᠨᠠᠮ᠎ᠳᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠡᠤᠭᠡ ᠵᠢ ᠰᠤᠷᠤᠯᠴᠠᠬᠤ ᠬᠦᠮᠦᠵᠢᠯ ᠦᠷᠨᠢᠬᠦᠯᠵᠤ᠂ ᠪᠦᠬᠦ ᠨᠠᠮ᠎ᠤᠨ᠎ᠬᠢᠨ᠎ᠤ ᠤᠭ ᠰᠠᠨᠠᠭ᠎ᠡ᠎ᠪᠠᠨ ᠦᠯᠤ ᠮᠡᠷᠳᠡᠵᠤ᠂ ᠡᠬᠦᠷᠭᠡ ᠬᠠᠷᠢᠭᠤᠴᠠᠯᠭ᠎ᠡ᠎ᠪᠠᠨ ᠪᠠᠳᠤ ᠴᠡᠭᠡᠵᠢᠯᠡᠵᠤ᠂ ᠰᠢᠨ᠎ᠡ ᠴᠠᠭ ᠦᠶ᠎ᠡ᠎ᠳᠤ ᠨᠠᠮ᠎ᠤᠨ ᠪᠠᠢ᠍ᠢ᠍ᠭᠤᠯᠤᠯᠳᠠ ᠵᠢ ᠲᠠᠰᠤᠷᠠᠯᠳᠠ ᠦᠭᠡᠢ ᠴᠢᠨᠭ᠌ᠭ᠋ᠠᠳᠬᠠᠬᠤ ᠵᠢ ᠤᠷᠮᠠᠰᠢᠭᠤᠯᠤᠨ ᠵᠤᠷᠢᠬ᠍ᠵᠢᠭᠤᠯᠬᠤ᠎ᠪᠠᠷ ᠲᠤᠬᠳᠠᠪᠠ᠃ ᠡᠯ᠎ᠡ ᠠᠷᠠᠳᠴᠢᠯᠠᠬᠰᠡᠨ ᠨᠠᠮ ᠪᠦᠯᠦᠭ ᠪᠠ ᠨᠠᠮ ᠪᠦᠯᠦᠭ᠎ᠤᠨ ᠪᠤᠰᠤ ᠬᠦᠮᠤᠰ ᠲᠤᠮᠳᠠᠳᠤ ᠤᠯᠤᠰ᠎ᠤᠨ ᠡᠪ ᠬᠠᠮᠳᠤ ᠨᠠᠮ ᠪᠠᠢ᠍ᠢ᠍ᠭᠤᠯᠤᠬᠳᠠᠬᠰᠡᠨ 100 ᠵᠢᠯ᠎ᠤᠨ ᠤᠢ ᠵᠢ ᠪᠠᠯᠭᠡᠯᠡᠬᠦ᠎ᠯᠦᠭᠡ ᠤᠶᠠᠯᠳᠤᠭᠤᠯᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠯᠤᠭ᠎ᠠ ᠪᠦᠯᠬᠦᠮᠳᠠᠵᠤ ᠬᠠᠮᠳᠤᠷᠠᠨ ᠠᠵᠢᠯᠯᠠᠬᠰᠡᠨ ᠲᠡᠮᠡᠴᠡᠯ᠎ᠤᠨ ᠲᠡᠤᠭᠡᠨ ᠶᠠᠪᠤᠴᠠ ᠵᠢ ᠪᠦᠬᠦ ᠲᠠᠯ᠎ᠡ᠎ᠪᠠᠷ ᠡᠷᠬᠢᠴᠡᠬᠦᠯᠵᠤ᠂ ᠢᠷᠠᠭᠤ ᠠᠯᠳᠠᠷᠳᠤ ᠤᠯᠠᠮᠵᠢᠯᠠᠯ ᠵᠶ᠋ᠠᠨ ᠪᠠᠳᠠᠷᠠᠭᠤᠯᠵᠤ᠂ ᠬᠠᠮᠳᠤᠷᠠᠯᠴᠠᠬᠤ ᠤᠭ ᠰᠠᠨᠠᠭ᠎ᠡ᠎ᠪᠠᠨ ᠪᠠᠳᠤ ᠰᠠᠬᠢᠵᠤ᠂ ᠲᠤᠰ ᠪᠡᠶ᠎ᠡ ᠵᠢᠨ ᠪᠠᠢ᠍ᠢ᠍ᠭᠤᠯᠤᠯᠳᠠ᠎ᠪᠠᠨ ᠴᠢᠨᠭ᠌ᠭ᠋ᠠᠳᠬᠠᠬᠤ ᠭᠡᠷᠡᠭᠳᠠᠢ᠃ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠲᠦᠷᠦ ᠵᠢᠨ ᠶᠠᠪᠤᠲᠠᠯ᠎ᠳᠤ ᠤᠷᠤᠯᠴᠠᠬᠤ ᠨᠠᠮ᠎ᠤᠨ ᠪᠠᠢ᠍ᠢ᠍ᠭᠤᠯᠤᠯᠳᠠ ᠵᠢᠨ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠠᠯᠢ ᠤᠯᠠᠨ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠦᠷᠬᠦᠯᠵᠢᠯᠡᠨ ᠲᠤᠭᠤᠰᠢᠯᠠᠭᠤᠯᠵᠤ᠂ ᠦᠵᠡᠯ ᠰᠠᠨᠠᠭ᠎ᠡ ᠤᠯᠤᠰ ᠲᠦᠷᠦ ᠵᠢᠨ ᠪᠠᠢ᠍ᠢ᠍ᠭᠤᠯᠤᠯᠳᠠ ᠵᠢ ᠨᠡᠩ ᠲᠤᠪᠤᠢ᠍ᠢ᠍ᠮ᠎ᠡ ᠪᠠᠢ᠍ᠢ᠍ᠷᠢᠨ᠎ᠳᠤ ᠲᠠᠯᠪᠢᠵᠤ᠂ ᠤᠨᠤᠯ᠎ᠤᠨ ᠵᠡᠪᠰᠡᠭᠯᠡᠯ ᠵᠶ᠋ᠠᠨ ᠦᠷᠬᠦᠯᠵᠢᠯᠡᠨ ᠴᠢᠨᠭ᠌ᠭ᠋ᠠᠳᠬᠠᠬᠤ ᠭᠡᠷᠡᠭᠳᠠᠢ᠃ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠡ ᠵᠢᠨ ᠲᠤᠰ ᠪᠡᠶ᠎ᠡ ᠵᠢᠨ ᠪᠠᠢ᠍ᠢ᠍ᠭᠤᠯᠤᠯᠳᠠ ᠪᠠ ᠨᠠᠮ ᠪᠦᠯᠦᠭ᠎ᠤᠨ ᠪᠤᠰᠤ ᠬᠦᠮᠦᠰ᠎ᠤᠨ ᠲᠦᠯᠦᠭᠡᠯᠡᠭᠴᠢᠳ᠎ᠤᠨ ᠡᠨᠭᠨᠡᠭᠡᠨ᠎ᠤ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ᠂ ᠶᠡᠭᠡ ᠲᠠᠯ᠎ᠡ᠎ᠳᠤ ᠦᠢ᠍ᠯᠡᠴᠢᠯᠡᠬᠦ ᠲᠤᠮᠳᠠ ᠲᠤᠰᠢᠶᠠᠯ ᠬᠠᠷᠢᠭᠤᠴᠠᠯᠭ᠎ᠡ᠎ᠪᠠᠨ ᠨᠡᠩ ᠰᠠᠢ᠍ᠢ᠍ᠨ ᠬᠦᠢ᠍ᠴᠡᠳᠭᠡᠬᠦ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠳ᠋ᠢᠩ ᠰᠢᠤᠸᠠᠢ ᠰᠢᠶᠠᠩ᠂ ᠶᠢᠤ ᠴᠢᠤᠸᠠᠨ᠂ ᠡᠯ᠎ᠡ ᠠᠷᠠᠳᠴᠢᠯᠠᠬᠰᠡᠨ ᠨᠠᠮ ᠪᠦᠯᠦᠭ᠎ᠤᠨ ᠲᠦᠪ ᠬᠤᠷᠢᠶ᠎ᠡ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠡ ᠵᠢᠨ ᠬᠤᠯᠪᠤᠬᠳᠠᠯ ᠪᠦᠬᠦᠢ ᠬᠠᠷᠢᠭᠤᠴᠠᠯᠭ᠋ᠠᠳᠠᠨ᠂ ᠲᠦᠪ᠎ᠤᠨ ᠬᠤᠯᠪᠤᠬᠳᠠᠯ ᠪᠦᠬᠦᠢ ᠰᠠᠯᠠᠭ᠎ᠡ ᠮᠦᠴᠢᠷ᠎ᠤᠨ ᠬᠠᠷᠢᠭᠤᠴᠠᠯᠭ᠋ᠠᠳᠠᠨ ᠨᠦᠬᠦᠳ ᠠᠵᠢᠯᠯᠠᠭ᠎ᠡ᠎ᠳᠤ ᠤᠷᠤᠯᠴᠠᠵᠠᠢ᠃


ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ᠎ᠢ ᠬᠦᠴᠦᠨ᠎ᠲᠠᠢ ᠪᠣᠯᠭ᠋ᠠᠵᠤ ᠬᠡᠷᠡᠭᠵᠢᠭᠦᠯᠬᠦ ᠲᠤᠬᠠᠢ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠦᠬᠦᠢ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ
ᠰᠢ ᠵᠢᠨ ᠫᠢᠩ ᠠᠮᠸᠷᠢᠺᠠ ᠵᠢᠨ ᠶᠡᠷᠤᠨᠭ᠌ᠭᠡᠢ᠍ᠢ᠍ᠯᠡᠭᠴᠢ ᠪᠠᠢ᠍ᠢ᠍ᠳ᠋ᠸᠨ᠎ᠲᠠᠢ ᠤᠳᠠᠰᠤ᠎ᠪᠠᠷ ᠶᠠᠷᠢᠯᠴᠠᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 2020 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠤᠰᠪᠠ
ᠰᠢ ᠵᠢᠨ ᠫᠢᠩ᠄ ᠨᠠᠮ᠎ᠤᠨ ᠳᠡᠥᠬᠡ ᠵᠢ ᠰᠤᠷᠤᠯᠴᠠᠵᠥ ᠦᠵᠡᠯ ᠰᠠᠨᠠᠭ᠎ᠠ᠎ᠪᠠᠨ ᠰᠡᠭᠡᠭᠡᠷᠡᠭᠦᠯᠵᠦ ᠪᠤᠳᠠᠳᠤ ᠶᠠᠪᠤᠳᠠᠯ ᠬᠢᠵᠥ ᠰᠢᠨ᠎ᠡ ᠪᠠᠢ᠍ᠢ᠍ᠳᠠᠯ᠎ᠢ ᠡᠬᠦᠳᠴᠤ ᠰᠢᠯᠢᠳᠡᠭ ᠠᠮᠵᠢᠯᠳᠠ᠎ᠪᠠᠷ ᠨᠠᠮ ᠪᠠᠢ᠍ᠢ᠍ᠭᠤᠯᠤᠬᠳᠠᠬᠰᠠᠨ ᠵᠠᠭᠤᠨ ᠵᠢᠯ᠎ᠤᠨ ᠤᠢ ᠵᠢ ᠤᠬᠳᠤᠬᠤ ᠬᠡᠷᠡᠭᠳᠡᠢ
ᠰᠢ ᠵᠢᠨ ᠫᠢᠩ᠄ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠨᠳᠦᠷ ᠤᠷᠭᠢᠯ᠎ᠳᠤ ᠵᠤᠷᠢᠭᠳᠠᠢ ᠠᠪᠠᠷᠢᠨ ᠤᠯᠤᠰ᠎ᠤᠨ ᠬᠦᠭᠵᠢᠯᠳᠡ ᠵᠢᠨ ᠶᠡᠬᠡ ᠲᠠᠯ᠎ᠠ᠎ᠳᠤ ᠦᠢ᠍ᠯᠡᠴᠢᠯᠡᠵᠤ ᠬᠦᠮᠦᠨ ᠲᠦᠷᠦᠯᠬᠢᠳᠡᠨ᠎ᠤ ᠰᠠᠨᠰᠠᠷ ᠤᠭᠳᠠᠷᠭᠤᠢ ᠵᠢ ᠡᠩᠬᠡ ᠲᠠᠢ᠍ᠢ᠍ᠪᠤᠩ ᠵᠶ᠋ᠠᠷ ᠠᠰᠢᠡᠡᠯᠠᠬᠤ᠎ᠳᠤ ᠨᠡᠩ ᠶᠡᠬᠡ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠠᠢ
 
            