ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠪᠠ
ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ᠎ᠢ ᠬᠦᠴᠦᠨ᠎ᠲᠠᠢ ᠪᠣᠯᠭ᠋ᠠᠵᠤ ᠬᠡᠷᠡᠭᠵᠢᠭᠦᠯᠬᠦ ᠲᠤᠬᠠᠢ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠦᠬᠦᠢ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠤᠰᠪᠠ
ᠥᠭᠡᠷᠡᠴᠢᠯᠡᠯᠲᠡ ᠨᠡᠬᠡᠬᠡᠯᠳᠡ ᠵᠢ ᠭᠦᠨᠵᠡᠭᠡᠢ᠌ᠷᠡᠭᠦᠯᠬᠦ᠎ᠪᠠᠷ ᠠᠵᠤ ᠦᠢ᠍ᠯᠡᠰ᠎ᠤᠨ ᠳᠡᠰ ᠳᠡᠪᠰᠢᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ
ᠠᠵᠤ ᠠᠬᠤᠢ᠌ᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠪᠤᠴᠠᠨ ᠭᠠᠷᠬᠤ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠪᠦᠷᠢᠨᠰᠢᠭᠦᠯᠦᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠳᠡᠪᠬᠢᠵᠢᠯ᠎ᠢ ᠳᠡᠭᠡᠭᠰᠢᠯᠡᠭᠦᠯᠬᠦ ᠲᠤᠬᠠᠶ ᠪᠠᠢ᠌ᠷᠢᠯᠠᠭᠤᠯᠪᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢ᠌ᠳ ᠯᠢ ᠺᠸ ᠴᠢᠶᠠᠩ 2 ᠳ᠋ᠤᠭ᠋ᠠᠷ ᠰᠠᠷ᠎ᠠ ᠵᠢᠨ 3᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠣᠷᠣᠨ ᠪᠦᠰᠡ ᠵᠢᠨ ᠪᠥᠬᠥ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠢ ᠬᠦᠴᠦᠨ᠎ᠲᠠᠢ ᠪᠣᠯᠭ᠋ᠠᠵᠤ ᠬᠡᠷᠡᠭᠵᠢᠭᠦᠯᠬᠦ ᠲᠤᠬᠠᠢ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠥᠬᠥᠶ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ᠎ᠪᠠᠷ ᠠᠵᠤ ᠦᠢᠯᠡᠰ᠎ᠤᠨ ᠲᠠᠰ ᠳᠡᠪᠰᠢᠬᠦ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ; ᠠᠵᠤ ᠠᠬᠤᠢ᠌ᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠪᠤᠴᠠᠨ ᠭᠠᠷᠬᠤ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠪᠦᠷᠢᠨᠰᠢᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠳᠡᠪᠬᠢᠵᠢᠯ᠎ᠢ ᠳᠡᠭᠡᠭᠰᠢᠯᠡᠭᠦᠯᠬᠦ ᠲᠤᠬᠠᠶ ᠪᠠᠢ᠌ᠷᠢᠯᠠᠭᠤᠯᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ᠎ᠢ ᠪᠤᠲᠠᠲᠠᠢ᠌ᠵᠢᠭᠤᠯᠤᠨ ᠬᠡᠷᠡᠭᠵᠢᠭᠦᠯᠬᠦ ᠵᠢ ᠠᠬᠢᠭᠤᠯᠬᠤ ᠪᠣᠯ ᠨᠡᠭᠡᠭᠡᠯᠳᠠ ᠵᠢ ᠥᠷᠭᠡᠳᠬᠡᠬᠦ ᠵᠢᠨ ᠤᠯᠠᠮ ᠵᠶ᠋ᠠᠷ ᠥᠭᠡᠷᠡᠴᠢᠯᠡᠯᠲᠡ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠬᠡᠯᠡᠯᠴᠡᠭᠡᠷ᠎ᠢ ᠬᠦᠴᠦᠨ᠎ᠲᠠᠢ ᠪᠣᠯᠭ᠋ᠠᠭᠰᠠᠨ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠥᠬᠥᠶ ᠵᠣᠯᠭ᠋ᠠᠭᠤᠯᠬᠤ ᠪᠡᠯᠡᠳᠬᠡᠯ ᠠᠵᠢᠯ᠎ᠢ ᠲᠦᠷᠭᠡᠳᠬᠡᠬᠦ ᠬᠡᠷᠡᠭᠲᠡᠢ᠃ ᠣᠳᠣᠬᠠᠨ᠎ᠳᠤ ᠬᠡᠯᠡᠯᠴᠡᠭᠡᠷ᠎ᠤᠨ ᠵᠦᠢ᠍ᠯ ᠵᠤᠷᠪᠤᠰ᠎ᠲᠤ ᠬᠠᠤᠯᠢ ᠴᠠᠭ᠋ᠠᠵᠠ ᠵᠢᠨ ᠬᠢᠨᠠᠨ ᠪᠠᠢ᠌ᠴᠠᠭ᠋ᠠᠯᠲᠠ ᠬᠢᠬᠦ᠂ ᠪᠠᠷᠠᠭ᠋ᠠᠨ᠎ᠤ ᠠᠷᠠᠯᠵᠢᠶᠠᠨ᠎ᠤ ᠪᠣᠭᠣᠮᠲᠠ ᠵᠢᠨ ᠭᠠᠢ᠌ᠯᠢ ᠵᠢ ᠬᠦᠩᠭᠡᠯᠡᠬᠦ ᠠᠮᠠᠯᠠᠯᠲᠠ ᠵᠢᠨ ᠬᠦᠰᠦᠨᠦᠭᠲᠦ ᠵᠢ ᠬᠤᠪᠢᠷᠠᠭᠤᠯᠬᠤ ᠲᠥᠰᠦᠯ᠎ᠢ ᠨᠢᠭᠡᠨᠲᠡ ᠲᠣᠭᠲᠠᠭ᠋ᠠᠵᠤ ᠳᠠᠭᠤᠰᠬᠠᠭ᠋ᠠᠳ᠂ ᠣᠬ ᠭᠠᠷᠤᠯᠲᠠ ᠵᠢᠨ ᠭᠠᠵᠠᠷ᠎ᠤᠨ ᠬᠤᠷᠠᠮᠳᠤᠭᠤᠯᠭ᠎ᠠ ᠵᠢᠨ ᠲᠦᠷᠢᠮ᠎ᠢ ᠬᠡᠷᠡᠭᠵᠢᠭᠦᠯᠬᠦ ᠮᠡᠷᠭᠡᠵᠢᠯ᠎ᠤᠨ ᠪᠡᠯᠡᠳᠬᠡᠯ᠎ᠨᠢ ᠮᠥᠨ ᠴᠢᠨᠠᠷ᠎ᠤᠨ ᠠᠬᠢᠯᠲᠠ᠎ᠲᠠᠢ ᠪᠤᠯᠵᠤ᠂ ᠬᠡᠯᠡᠯᠴᠡᠭᠡᠷ᠎ᠲᠤ ᠬᠣᠯᠪᠣᠭᠳᠠᠭᠰᠠᠨ 701 ᠵᠦᠢ᠍ᠯ᠎ᠤᠨ ᠬᠢᠵᠠᠭ᠋ᠠᠷᠯᠠᠬᠤ ᠴᠢᠨᠠᠷᠲᠠᠢ ᠡᠭᠦᠷᠭᠡ ᠵᠢᠨ 85%᠎ᠨᠢ ᠨᠢᠭᠡᠨᠲᠡ ᠭᠦᠢ᠍ᠴᠡᠳᠬᠡᠬᠦ ᠪᠡᠯᠡᠳᠬᠡᠯ ᠵᠶ᠋ᠠᠨ ᠰᠠᠢ᠌ᠲᠤᠷ ᠬᠢᠭᠰᠡᠨ ᠪᠠᠢ᠌ᠨ᠎ᠠ᠃ ᠳᠠᠷᠠᠭ᠋ᠠᠴᠢ ᠵᠢᠨ ᠠᠯᠬᠤᠮ᠎ᠳᠤ᠂ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠢ ᠠᠷᠭ᠋ᠠᠴᠠᠭ᠋ᠠᠬᠤ ᠬᠡᠷᠡᠭᠲᠡᠢ᠃ ᠨᠢᠭᠡ᠎ᠳᠤ ᠣᠬ ᠭᠠᠷᠤᠯᠲᠠ ᠵᠢᠨ ᠭᠠᠵᠠᠷ᠎ᠤᠨ ᠬᠤᠷᠠᠮᠳᠤᠭᠤᠯᠭ᠎ᠠ ᠵᠢᠨ ᠲᠦᠷᠢᠮ᠎ᠢ ᠬᠡᠷᠡᠭᠵᠢᠭᠦᠯᠬᠦ᠎ᠨᠢ ᠪᠣᠭᠣᠮᠲᠠ ᠵᠢᠨ ᠭᠠᠢ᠌ᠯᠢ ᠵᠢᠨ ᠬᠠᠷᠠᠭ᠋ᠠᠯᠵᠠᠯ᠎ᠢ ᠬᠦᠷᠲᠡᠬᠦ ᠪᠠᠷᠢᠮᠵᠢᠶ᠎ᠠ ᠵᠢ ᠪᠠᠭᠤᠷᠠᠭᠤᠯᠬᠤ᠂ ᠣᠷᠣᠨ ᠪᠦᠰᠡ ᠵᠢᠨ ᠳᠣᠲᠣᠷᠠᠬᠢ ᠠᠷᠠᠯᠵᠢᠶᠠᠨ᠎ᠤ ᠬᠠᠮᠲᠤᠷᠠᠯᠴᠠᠭ᠎ᠠ ᠵᠢ ᠠᠬᠢᠭᠤᠯᠬᠤ᠂ ᠣᠷᠣᠨ ᠪᠦᠰᠡ ᠵᠢᠨ ᠠᠵᠤ ᠦᠢᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠬᠤ ᠪᠠ ᠴᠢᠩᠭ᠋ᠠᠳᠬᠠᠬᠤ᠎ᠳᠤ ᠠᠰᠢᠭᠲᠠᠢ ᠪᠠᠢ᠌ᠬᠤ ᠵᠢ ᠭᠦᠢ᠍ᠴᠡᠳ ᠲᠠᠨᠢᠵᠦ᠂ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠥᠬᠥᠶ ᠬᠠᠮᠢᠶᠠᠷᠤᠯᠲᠠ ᠵᠢᠨ ᠲᠦᠷᠢᠮ᠎ᠤᠨ ᠥᠭᠡᠷᠡᠴᠢᠯᠡᠯᠲᠡ ᠵᠢ ᠱᠠᠯᠠᠪᠳᠠᠨ ᠠᠬᠢᠭᠤᠯᠵᠤ᠂ ᠣᠬ ᠭᠠᠷᠤᠯᠲᠠ ᠵᠢᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ ᠪᠣᠯᠤᠨ ᠬᠡᠷᠡᠭᠵᠢᠭᠦᠯᠬᠦ ᠵᠢᠯᠣᠭᠣᠳᠤᠮᠵᠢ ᠵᠢ ᠲᠣᠭᠲᠠᠭ᠋ᠠᠨ᠂ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠪᠦᠷᠢᠨᠰᠢᠭᠦᠯᠵᠦ᠂ ᠬᠠᠮᠢᠶ᠎ᠠ ᠪᠥᠬᠥᠶ ᠮᠡᠷᠭᠡᠵᠢᠯ᠎ᠤᠨ ᠪᠡᠯᠡᠳᠬᠡᠯ᠎ᠢ ᠬᠠᠨᠳᠤᠯᠭ᠋ᠠᠲᠤ ᠴᠢᠨᠠᠷᠲᠠᠶ᠎ᠪᠠᠷ ᠰᠠᠢ᠌ᠲᠤᠷ ᠬᠢᠵᠦ᠂ ᠬᠡᠯᠡᠯᠴᠡᠭᠡᠷ ᠬᠦᠴᠦᠨ᠎ᠲᠠᠢ ᠪᠣᠯᠤᠮᠠᠭᠴᠠ ᠳᠠᠷᠤᠢ᠌ᠬᠠᠨ ᠪᠤᠲᠠᠲᠠᠢ᠌ᠵᠢᠭᠤᠯᠤᠨ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠣᠶᠠᠷ᠎ᠲᠤ ᠬᠡᠯᠡᠯᠴᠡᠭᠡᠷ᠎ᠢ ᠬᠡᠷᠡᠭᠵᠢᠭᠦᠯᠦᠭᠰᠡᠨ᠎ᠤ ᠳᠠᠷᠠᠭ᠋ᠠᠬᠢ ᠨᠡᠩ ᠨᠡᠭᠡᠭᠡᠯᠲᠡᠲᠡᠢ ᠣᠷᠴᠢᠨ ᠨᠥᠬᠥᠴᠡᠯ ᠪᠠ ᠥᠷᠢᠰᠥᠯᠳᠦᠭᠡᠨ ᠨᠡᠩ ᠬᠠᠩᠭ᠋ᠠᠯᠲᠠᠲᠠᠢ ᠪᠣᠯᠬᠤ ᠰᠢᠨ᠎ᠡ ᠪᠠᠢ᠌ᠳᠠᠯ᠎ᠳᠤ ᠵᠣᠬᠢᠴᠠᠭᠤᠯᠤᠨ᠂ ᠳᠡᠯᠡᠬᠡᠢ ᠵᠢᠨ ᠲᠡᠷᠢᠭᠦᠨ᠎ᠤ ᠠᠵᠤ ᠦᠢ᠍ᠯᠡᠰ᠎ᠤᠨ ᠬᠢᠷᠢ ᠲᠦᠪᠰᠢᠨ ᠵᠶ᠋ᠡᠷ ᠪᠠᠷᠢᠮᠵᠢᠶᠠᠯᠠᠵᠤ᠂ ᠮᠠᠨ᠎ᠤ ᠤᠯᠤᠰ᠎ᠤᠨ ᠦᠢ᠍ᠯᠡᠳᠬᠦ ᠦᠢ᠍ᠯᠡᠰ᠎ᠤᠨ ᠶᠠᠰᠤ ᠴᠢᠨᠠᠷ᠎ᠤᠨ ᠪᠠᠷᠢᠮᠵᠢᠶ᠎ᠠ᠂ ᠲᠦᠷᠢᠮ ᠵᠡᠷᠭᠡ ᠵᠢ ᠡᠮᠬᠢᠯᠡᠨ ᠪᠦᠷᠢᠨᠰᠢᠭᠦᠯᠵᠦ᠂ ᠦᠢ᠍ᠯᠡᠳᠬᠦ ᠦᠢ᠍ᠯᠡᠰ᠎ᠤᠨ ᠳᠤᠮᠳᠠ ᠳᠡᠭᠡᠳᠦ ᠦᠵᠦᠭᠦᠷ ᠲᠡᠢ᠌ᠰᠢ ᠳᠠᠪᠰᠢᠬᠤ ᠵᠢ ᠠᠬᠢᠭᠤᠯᠵᠤ᠂ ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ᠵᠠᠬ᠎ᠠ ᠳᠡᠯᠭᠡᠭᠦᠷ᠎ᠤᠨ ᠦᠷᠢᠰᠤᠯᠳᠤᠬᠥ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠡᠭᠦᠨ᠎ᠤ ᠬᠠᠮᠲᠤ ᠦᠢ᠍ᠯᠡᠴᠢᠯᠡᠭᠡᠨ᠎ᠤ ᠦᠢ᠍ᠯᠡᠰ᠎ᠤᠨ ᠨᠡᠭᠡᠭᠡᠯᠲᠡ ᠵᠢ ᠤᠯᠠᠮ ᠨᠢᠭᠡ ᠠᠯᠬᠤᠮ ᠥᠷᠭᠡᠳᠬᠡᠬᠦ ᠵᠢᠨ ᠲᠣᠭᠣᠷᠢᠨ᠎ᠳᠤ᠂ ᠪᠠᠷᠢᠮᠵᠢᠶ᠎ᠠ ᠵᠢ ᠳᠡᠭᠡᠭᠰᠢᠯᠡᠭᠦᠯᠬᠦ᠂ ᠳᠦᠷᠢᠮ᠎ᠢ ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠪᠡᠯᠡᠳᠬᠡᠯ᠎ᠢ ᠰᠠᠢ᠌ᠲᠤᠷ ᠬᠢᠬᠦ ᠬᠡᠷᠡᠭᠲᠡᠢ᠃ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠡᠯᠡᠯᠴᠡᠭᠡᠷ᠎ᠤᠨ ᠲᠣᠭᠲᠠᠭ᠋ᠠᠯ᠎ᠲᠠᠢ ᠬᠠᠷᠢᠴᠠᠭᠤᠯᠤᠨ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠦᠷᠦ ᠵᠢᠨ ᠪᠤᠳᠤᠯᠭ᠎ᠠ ᠵᠢ ᠱᠠᠯᠠᠪᠳᠠᠨ ᠪᠦᠷᠢᠨᠰᠢᠭᠦᠯᠵᠦ᠂ ᠭᠣᠣᠯᠳᠠᠯᠭ᠎ᠠ᠎ᠲᠠᠢ ᠬᠦᠷᠢᠶ᠎ᠡ ᠵᠢ ᠰᠣᠩᠭᠣᠵᠤ ᠠᠵᠢᠯ ᠲᠦᠷᠦᠯ ᠬᠤᠪᠢᠶᠠᠨ ᠬᠡᠷᠡᠭᠵᠢᠭᠦᠯᠬᠦ ᠲᠥᠰᠦᠯ ᠲᠣᠭᠲᠠᠭ᠋ᠠᠬᠤ ᠵᠢᠨ ᠬᠠᠮᠲᠤ ᠪᠦᠷᠢᠯᠳᠦᠬᠦᠨ ᠤᠯᠤᠰ᠎ᠤᠨ ᠪᠣᠭᠣᠮᠲᠠ ᠵᠢᠨ ᠭᠠᠢ᠌ᠯᠢ ᠵᠢᠨ ᠠᠮᠠᠯᠠᠯᠲᠠ ᠵᠢᠨ ᠬᠦᠰᠦᠨᠦᠭᠲᠦ᠎ᠪᠠᠨ ᠬᠤᠪᠢᠷᠠᠭᠤᠯᠬᠤ᠂ ᠦᠢ᠍ᠯᠡᠳᠬᠦᠨ᠎ᠤ ᠣᠨᠴᠠᠭ᠋ᠠᠢ ᠣᠬ ᠭᠠᠷᠤᠯᠲᠠ ᠵᠢᠨ ᠭᠠᠵᠠᠷ᠎ᠤᠨ ᠲᠦᠷᠢᠮ᠎ᠢ ᠬᠤᠪᠢᠷᠠᠭᠤᠯᠤᠨ ᠭᠡᠪᠯᠡᠬᠦ᠂ ᠣᠬ ᠭᠠᠷᠤᠯᠲᠠ ᠵᠢᠨ ᠭᠠᠵᠠᠷ᠎ᠤᠨ ᠲᠦᠷᠢᠮ᠎ᠢ ᠬᠡᠷᠡᠭᠵᠢᠭᠦᠯᠬᠦ ᠵᠢ ᠵᠢᠯᠣᠭᠣᠳᠤᠨ ᠵᠥᠪᠳᠡᠯᠴᠡᠬᠦ᠎ᠪᠠᠨ ᠲᠦᠷᠭᠡᠯᠡᠨ ᠦᠷᠨᠢᠭᠦᠯᠬᠦ ᠵᠢ ᠠᠬᠢᠭᠤᠯᠵᠤ᠂ ᠬᠡᠯᠡᠯᠴᠡᠭᠡᠷ᠎ᠢ ᠬᠦᠴᠦᠨ᠎ᠲᠠᠢ ᠪᠣᠯᠭ᠋ᠠᠵᠤ ᠬᠡᠷᠡᠭᠵᠢᠭᠦᠯᠬᠦ ᠲᠦᠷᠢᠮ᠎ᠤᠨ ᠪᠠᠲᠤᠯᠠᠭ᠎ᠠ ᠵᠢ ᠣᠯᠭᠤᠬᠤ ᠬᠡᠷᠡᠭᠲᠡᠢ᠃ ᠭᠤᠷᠪᠠ᠎ᠳᠤ ᠬᠡᠯᠡᠯᠴᠡᠭᠡᠷ᠎ᠢ ᠬᠡᠷᠡᠭᠵᠢᠭᠦᠯᠬᠦ ᠬᠠᠮᠢᠶ᠎ᠠ ᠪᠦᠬᠦᠢ ᠪᠣᠯᠪᠠᠰᠤᠷᠠᠭᠤᠯᠤᠯ᠎ᠤᠨ ᠡᠷᠴᠢᠮ᠎ᠢ ᠴᠢᠩᠭ᠋ᠠᠷᠠᠭᠤᠯᠵᠤ᠂ ᠠᠵᠤ ᠠᠬᠤᠢ᠌ᠯᠠᠯ ᠢᠯᠠᠩᠭᠤᠶ᠎ᠠ ᠵᠢᠵᠢᠭ ᠪᠢᠴᠢᠯ ᠠᠵᠤ ᠠᠬᠤᠢ᠌ᠯᠠᠯ᠎ᠢ ᠬᠠᠪᠰᠤᠷᠤᠨ ᠬᠡᠯᠡᠯᠴᠡᠭᠡᠷ᠎ᠤᠨ ᠲᠦᠷᠢᠮ᠎ᠤᠨ ᠠᠭᠤᠯᠭ᠎ᠠ ᠪᠠ ᠪᠦᠷᠢᠯᠳᠦᠬᠦᠨ ᠤᠯᠤᠰ᠎ᠤᠨ ᠪᠣᠭᠣᠮᠲᠠ ᠵᠢᠨ ᠭᠠᠢ᠌ᠯᠢ ᠵᠢ ᠬᠦᠩᠭᠡᠯᠡᠬᠦ ᠪᠠᠢ᠌ᠳᠠᠯ᠎ᠢ ᠣᠢ᠌ᠯᠠᠭ᠋ᠠᠭᠤᠯᠵᠤ᠂ ᠣᠬ ᠭᠠᠷᠤᠯᠲᠠ ᠵᠢᠨ ᠭᠠᠵᠠᠷ᠎ᠤᠨ ᠦᠨᠡᠮᠯᠡᠯ ᠭᠤᠶᠤᠴᠢᠯᠠᠨ ᠠᠪᠬᠤ ᠳᠡᠰ ᠳᠠᠷᠠᠭ᠋ᠠᠯᠠᠯ᠂ ᠭᠡᠷᠡᠴᠢᠯᠡᠬᠦ ᠮᠠᠲ᠋ᠧᠷᠢᠶᠠᠯ ᠵᠡᠷᠭᠡ ᠱᠠᠭ᠋ᠠᠷᠳᠠᠯᠭ᠎ᠠ ᠵᠢ ᠪᠣᠯᠪᠠᠰᠤᠷᠠᠩᠭᠤᠢ ᠡᠵᠡᠮᠰᠢᠭᠦᠯᠬᠦ ᠬᠡᠷᠡᠭᠲᠡᠢ᠃ ᠠᠵᠤ ᠠᠬᠤᠢ᠌ᠯᠠᠯ᠎ᠢ ᠬᠥᠲᠥᠯᠦᠨ ᠵᠢᠯᠣᠭᠣᠳᠴᠤ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠲᠤᠯᠭ᠋ᠠᠮ ᠰᠡᠳᠬᠢᠯᠭᠡ ᠵᠢ᠎ᠨᠢ ᠴᠢᠩᠭ᠋ᠠᠷᠠᠭᠤᠯᠵᠤ᠂ ᠲᠤᠰᠬᠠᠶ ᠮᠡᠷᠭᠡᠵᠢᠯ᠎ᠤᠨ ᠵᠣᠷᠢᠭ ᠰᠠᠨᠠᠭ᠎ᠠ ᠪᠠ ᠨᠢᠭᠲᠠ᠎ᠠᠴᠠ ᠨᠢᠭᠲᠠ ᠪᠠᠢ᠌ᠬᠤ ᠦᠵᠡᠯ ᠤᠬᠠᠮᠰᠠᠷ᠎ᠢ᠎ᠨᠢ ᠴᠢᠩᠭ᠋ᠠᠷᠠᠭᠤᠯᠤᠨ᠂ ᠬᠠᠮᠢᠶᠠᠷᠤᠯᠲᠠ ᠵᠢᠨ ᠬᠢᠷᠢ ᠲᠦᠪᠰᠢᠨ᠎ᠢ᠎ᠨᠢ ᠳᠡᠭᠡᠭᠰᠢᠯᠡᠭᠦᠯᠵᠦ᠂ ᠣᠯᠠᠨ ᠤᠯᠤᠰ᠎ᠤᠨ ᠬᠠᠮᠲᠤᠷᠠᠯᠴᠠᠭ᠎ᠠ ᠬᠢᠭᠡᠳ ᠥᠷᠢᠰᠥᠯᠳᠦᠭᠡᠨ᠎ᠳᠤ ᠣᠷᠣᠯᠴᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠠᠵᠤ ᠠᠬᠤᠢ᠌ᠯᠠᠯ᠎ᠤᠨ ᠰᠢᠯᠢᠳᠡᠭ᠎ᠨᠢ ᠰᠢᠯᠢᠭᠳᠡᠵᠦ ᠰᠢᠭ᠋ᠠᠷᠤ᠎ᠨᠢ ᠰᠢᠭᠰᠢᠭᠳᠡᠬᠦ ᠪᠣᠯ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠬᠡᠪ᠎ᠤᠨ ᠦᠵᠡᠭᠳᠡᠯ ᠪᠣᠯᠤᠨ᠎ᠠ᠃ ᠳᠠᠮᠫᠤᠷᠠᠬᠤ ᠶᠣᠰᠣᠲᠠᠶ ᠠᠵᠤ ᠠᠬᠤᠢ᠌ᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠪᠤᠴᠠᠨ ᠭᠠᠷᠬᠤ ᠢᠵᠢ ᠪᠦᠷᠢᠳᠦᠭᠦᠯᠦᠯ᠎ᠤᠨ ᠲᠥᠷᠥ ᠵᠢᠨ ᠪᠣᠳᠣᠯᠭ᠎ᠠ ᠵᠢ ᠲᠦᠷᠭᠡᠯᠡᠨ ᠪᠦᠷᠢᠨᠰᠢᠭᠦᠯᠵᠦ᠂ ᠪᠤᠴᠠᠨ ᠭᠠᠷᠬᠤ᠎ᠳᠤ ᠬᠦᠴᠢᠷᠲᠡᠶ ᠪᠠᠢ᠌ᠬᠤ ᠠᠰᠠᠭᠤᠳᠠᠯ᠎ᠢ ᠰᠢᠢᠳᠪᠦᠷᠢᠯᠡᠬᠦ᠎ᠨᠢ ᠬᠦᠴᠦᠨ ᠵᠦᠢ᠍ᠯ᠎ᠤᠨ ᠲᠣᠬᠢᠷᠠᠭᠤᠯᠤᠯᠲᠠ ᠪᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠴᠢᠬᠤᠯᠠ ᠠᠷᠭ᠎ᠠ ᠪᠠᠷᠢᠯ ᠮᠥᠨ᠃ ᠨᠢᠭᠡ᠎ᠳᠤ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠢ ᠳᠦᠭᠦᠮ ᠠᠪᠰᠠᠷᠬᠠᠨ ᠵᠶ᠋ᠠᠷ ᠬᠦᠴᠦᠨ ᠥᠬᠡᠶ ᠪᠣᠯᠭ᠋ᠠᠬᠤ ᠲᠦᠷᠢᠮ᠎ᠢ ᠪᠦᠷᠢᠨᠰᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠢ ᠡᠷᠭᠢᠯᠡᠬᠦ᠎ᠳᠤ ᠲᠥᠬᠥᠮ ᠲᠦᠳᠡ ᠪᠠᠢ᠌ᠬᠤ ᠵᠢᠨ ᠬᠠᠮᠲᠤ ᠪᠤᠴᠠᠨ ᠭᠠᠷᠬᠤ᠎ᠳᠤ ᠴᠦ᠍ ᠲᠥᠬᠥᠮ ᠪᠣᠯᠭ᠋ᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠪᠦᠲᠦᠴᠡ ᠵᠢ ᠰᠠᠢ᠌ᠵᠢᠷᠠᠭᠤᠯᠬᠤ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠳᠡᠪᠬᠢᠵᠢᠯ᠎ᠢ ᠳᠡᠭᠡᠭᠰᠢᠯᠡᠭᠦᠯᠬᠦ ᠬᠡᠷᠡᠭᠲᠡᠶ᠃ ᠬᠣᠶᠠᠷ᠎ᠲᠤ ᠠᠵᠤ ᠠᠬᠤᠢ᠌ᠯᠠᠯ᠎ᠤᠨ ᠳᠠᠮᠫᠤᠷᠠᠬᠤ ᠪᠠ ᠪᠤᠴᠠᠨ ᠭᠠᠷᠬᠤ ᠪᠠᠢ᠌ᠳᠠᠯ᠎ᠢ ᠢᠯᠡ ᠨᠡᠢ᠌ᠲᠡᠯᠡᠬᠦ ᠳᠦᠷᠢᠮ᠎ᠢ ᠪᠠᠢ᠌ᠭᠤᠯᠵᠤ᠂ ᠠᠵᠤ ᠠᠬᠤᠢ᠌ᠯᠠᠯ᠎ᠤᠨ ᠳᠠᠮᠫᠤᠷᠠᠬᠤ ᠪᠠ ᠪᠤᠴᠠᠨ ᠭᠠᠷᠬᠤ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢᠳᠤᠨᠢ ᠢᠯᠡ᠎ᠪᠠᠷ ᠬᠠᠢ᠌ᠨ ᠯᠠᠪᠯᠠᠵᠤ ᠪᠣᠯᠬᠤ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ᠎ᠳᠤ ᠣᠷᠣᠭᠤᠯᠵᠤ᠂ ᠢᠲᠡᠭᠡᠮᠵᠢ ᠵᠢᠨ ᠲᠣᠭᠲᠠᠴᠠ ᠵᠢᠨ ᠪᠠᠢ᠌ᠭᠤᠯᠤᠯᠲᠠ ᠵᠢ ᠪᠦᠷᠢᠨᠰᠢᠭᠦᠯᠦᠨ᠂ ᠡᠷᠬᠡ ᠲᠡᠭᠰᠢ᠎ᠪᠠᠷ ᠥᠷᠢᠰᠥᠯᠳᠦᠬᠦ ᠵᠢ ᠠᠬᠢᠭᠤᠯᠬᠤ ᠬᠡᠷᠡᠭᠲᠡᠶ᠃ ᠭᠤᠷᠪᠠ᠎ᠳᠤ ᠳᠠᠮᠫᠤᠷᠠᠯ᠎ᠤᠨ ᠳᠡᠰ ᠳᠠᠷᠠᠭ᠋ᠠᠯᠠᠯ᠎ᠢ ᠬᠠᠤᠯᠢ ᠶᠣᠰᠣᠭ᠋ᠠᠷ ᠵᠢᠷᠤᠮᠵᠢᠭᠤᠯᠤᠨ ᠠᠬᠢᠭᠤᠯᠬᠤ ᠵᠢ ᠪᠠᠲᠤᠯᠠᠵᠤ᠂ ᠬᠠᠮᠢᠶᠠᠷᠤᠭᠴᠢ ᠵᠢᠨ ᠲᠦᠷᠢᠮ᠎ᠢ ᠪᠦᠷᠢᠨᠰᠢᠭᠦᠯᠦᠨ᠂ ᠬᠠᠮᠢᠶᠠᠷᠤᠭᠴᠢ ᠵᠢᠨ ᠬᠠᠤᠯᠢ ᠶᠣᠰᠣᠭ᠋ᠠᠷ ᠲᠤᠰᠢᠶᠠᠯ ᠵᠶ᠋ᠠᠨ ᠭᠦᠢ᠍ᠴᠡᠳᠬᠡᠬᠦ ᠡᠭᠦᠷᠭᠡ ᠵᠢ ᠴᠢᠩᠭ᠋ᠠᠳᠬᠠᠵᠤ᠂ ᠠᠪᠴᠠᠭ᠋ᠠᠲᠠᠨᠤ ᠺᠣᠮᠢᠰ᠂ ᠵᠢᠭᠡᠯᠡᠯᠭᠡ ᠵᠢᠨ ᠲᠡᠮᠳᠡᠭ ᠡᠵᠡᠮᠰᠢᠭᠴᠢ ᠵᠢᠨ ᠬᠤᠷᠠᠯᠳᠤᠭ᠋ᠠᠨ ᠵᠡᠷᠭᠡ ᠵᠢᠨ ᠵᠣᠬᠢᠴᠠᠭᠤᠯᠤᠨ ᠵᠥᠪᠳᠡᠯᠴᠡᠬᠦ ᠦᠢ᠍ᠯᠡᠳᠦᠯ᠎ᠢ᠎ᠨᠢ ᠪᠠᠳᠠᠷᠠᠭᠤᠯᠤᠨ᠂ ᠠᠵᠢᠯᠳᠠᠨ ᠠᠵᠢᠯᠴᠢᠨ ᠪᠠ ᠠᠪᠴᠠᠭ᠋ᠠᠲᠠᠨ᠂ ᠪᠡᠯᠡ ᠣᠷᠣᠭᠤᠯᠤᠭᠴᠢ ᠵᠡᠷᠭᠡ ᠵᠢᠨ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠠᠵᠤ ᠠᠬᠤᠢ᠌ᠯᠠᠯ᠎ᠤᠨ ᠳᠠᠮᠫᠤᠷᠠᠬᠤ ᠪᠤᠶᠤ ᠪᠤᠴᠠᠨ ᠭᠠᠷᠬᠤ ᠳᠤᠮᠳᠠᠬᠢ ᠮᠠᠭᠤ ᠰᠠᠨᠠᠭ᠋ᠠᠯᠠᠵᠤ ᠥᠷᠢ᠎ᠠᠴᠠ ᠵᠠᠢ᠌ᠯᠠᠬᠤ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠢ ᠭᠡᠵᠡᠢ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃