ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ᠎ᠤ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠬᠠᠷᠢᠴᠠᠯ᠎ᠢ ᠨᠡᠮᠡᠭᠳᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠪᠠᠢ᠌ᠷᠢᠯᠠᠭᠤᠯᠵᠤ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠴᠦ ᠠᠵᠤ ᠦᠢ᠍ᠯᠡᠰ᠎ᠤᠨ ᠳᠡᠰ ᠳᠡᠪᠰᠢᠭᠦᠯᠬᠦ ᠵᠢ ᠠᠬᠢᠭᠤᠯᠬᠤ ᠵᠢ᠎ᠨᠢ ᠤᠷᠮᠠᠰᠢᠭᠤᠯᠪᠠ
ᠨᠡᠶ᠋ᠢᠳᠡᠮ ᠠᠰᠢᠭ ᠬᠦᠷᠲᠡᠬᠦ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠡᠬᠡ ᠬᠦᠤ ᠮᠥᠩᠭᠥ᠎ᠪᠠᠨ ᠪᠤᠴᠠᠭ᠋ᠠᠬᠤ ᠬᠤᠭᠤᠴᠠᠭ᠎ᠠ ᠵᠢ ᠤᠷᠲᠤᠳᠬᠠᠬᠤ ᠲᠥᠷᠥ ᠵᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠲᠥᠯᠥᠪᠯᠡᠭᠡ ᠵᠢ ᠵᠢᠯ᠎ᠤᠨ ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠬᠤ᠎ᠪᠠᠷ ᠲᠣᠭᠲᠠᠪᠠ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 3 ᠳ᠋ᠤᠭ᠋ᠠᠷ ᠰᠠᠷ᠎ᠠ ᠵᠢᠨ 24᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ᠎ᠤ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠬᠠᠷᠢᠴᠠᠯ᠎ᠢ ᠨᠡᠮᠡᠭᠳᠡᠭᠦᠯᠬᠦ ᠵᠡᠷᠭᠡ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠵᠢ ᠪᠠᠢ᠌ᠷᠢᠯᠠᠭᠤᠯᠵᠤ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠵᠢ᠎ᠨᠢ ᠵᠣᠷᠢᠭᠵᠢᠭᠤᠯᠵᠤ᠂ ᠠᠵᠤ ᠦᠢ᠍ᠯᠡᠰ᠎ᠤᠨ ᠳᠡᠰ ᠳᠡᠪᠰᠢᠬᠦ ᠵᠢ ᠠᠬᠢᠭᠤᠯᠬᠤ᠎ᠪᠠᠷ ᠪᠣᠯᠪᠠ; ᠨᠡᠶ᠋ᠢᠳᠡᠮ ᠠᠰᠢᠭ ᠬᠦᠷᠲᠡᠬᠦ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠡᠬᠡ ᠬᠦᠦ ᠮᠥᠩᠭᠥ᠎ᠪᠠᠨ ᠪᠤᠴᠠᠭ᠋ᠠᠬᠤ ᠬᠤᠭᠤᠴᠠᠭ᠎ᠠ ᠵᠢ ᠤᠷᠲᠤᠳᠬᠠᠬᠤ ᠲᠥᠷᠥ ᠵᠢᠨ ᠪᠣᠳᠣᠯᠭ᠎ᠠ ᠪᠣᠯᠤᠨ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠲᠥᠯᠥᠪᠯᠡᠭᠡ ᠵᠢ ᠵᠢᠯ᠎ᠤᠨ ᠡᠴᠦᠰ ᠪᠣᠯᠲᠠᠯ᠎ᠠ ᠤᠷᠲᠤᠳᠬᠠᠬᠤ᠎ᠪᠠᠷ ᠲᠣᠭᠲᠠᠪᠠ; 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠪᠠ᠃
ᠬᠤᠷᠠᠯ᠎ᠠᠴᠠ ᠵᠢᠭ᠋ᠠᠬᠤ᠎ᠳᠤ᠎ᠪᠠᠨ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠦᠢ᠍ᠯᠡᠳᠦᠯ᠎ᠢ᠎ᠨᠢ ᠨᠡᠩ ᠰᠠᠢ᠌ᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ᠂ ᠡᠷᠬᠡ ᠲᠡᠭᠰᠢ ᠨᠡᠶ᠋ᠢᠳᠡᠮ ᠠᠰᠢᠭ ᠬᠦᠷᠲᠡᠬᠦ ᠤᠷᠮᠠᠰᠢᠭᠤᠯᠤᠯ᠎ᠤᠨ ᠲᠦᠷᠦ ᠵᠢᠨ ᠪᠤᠳᠤᠯᠭ᠎ᠠ ᠵᠢ ᠨᠡᠩ ᠢᠯᠡᠭᠦᠦ ᠬᠡᠷᠡᠭᠯᠡᠵᠦ᠂ ᠠᠵᠤ ᠠᠬᠤᠶ᠋ᠢᠯᠠᠯ ᠪᠣᠯᠤᠨ ᠪᠦᠬᠦ ᠨᠡᠶ᠋ᠢᠭᠡᠮ᠎ᠤᠨ ᠰᠤᠳᠤᠯᠭ᠋ᠠᠨ᠎ᠤ ᠣᠷᠣᠭᠤᠯᠤᠯᠲᠠ ᠵᠢ ᠨᠡᠮᠡᠭᠳᠡᠭᠦᠯᠵᠦ᠂ ᠠᠵᠤ ᠠᠬᠤᠢ ᠵᠢᠨ ᠬᠥᠭᠵᠢᠯᠲᠡ ᠵᠢᠨ ᠰᠡᠯᠭᠦᠬᠦ ᠬᠦᠴᠦᠨ᠎ᠢ ᠴᠢᠩᠭ᠋ᠠᠷᠠᠭᠤᠯᠵᠤ᠂ ᠠᠵᠤ ᠠᠬᠤᠢ ᠵᠢᠨ ᠪᠦᠲᠦᠴᠡ ᠵᠢᠨ ᠰᠢᠯᠢᠳᠡᠭᠵᠢᠯᠲᠡ ᠵᠢ ᠠᠬᠢᠭᠤᠯᠬᠤ ᠬᠡᠷᠡᠭᠲᠡᠢ᠃ ᠣᠶ᠋ᠢᠷ᠎ᠠ ᠵᠢᠨ ᠵᠢᠯ᠎ᠤᠳ᠎ᠲᠤ᠂ ᠰᠤᠳᠤᠯᠭ᠋ᠠᠨ᠎ᠤ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠡᠷᠴᠢᠮ ᠲᠠᠰᠤᠷᠠᠯᠲᠠ ᠥᠬᠡᠶ ᠴᠢᠩᠭ᠋ᠠᠷᠠᠵᠤ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠵᠢ ᠬᠦᠴᠦᠲᠡᠶ ᠠᠬᠢᠭᠤᠯᠤᠭᠰᠠᠨ ᠪᠠᠶ᠋ᠢᠨ᠎ᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠠᠬᠢ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠬᠣᠯᠪᠣᠭᠳᠠᠯ ᠪᠥᠬᠥᠶ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠬᠤᠷᠠᠯ᠎ᠠᠴᠠ ᠲᠣᠭᠲᠠᠭ᠋ᠠᠭᠰᠠᠨ᠎ᠨᠢ᠂ ᠨᠢᠭᠡ᠎ᠳᠤ᠂ ᠡᠨᠡ ᠵᠢᠯ᠎ᠤᠨ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ᠎ᠤ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠬᠠᠷᠢᠴᠠᠯ᠎ᠢ 75% ᠪᠠᠶ᠋ᠢᠭᠰᠠᠨ᠎ᠠᠴᠠ 100% ᠪᠣᠯᠭ᠋ᠠᠨ ᠳᠡᠭᠡᠭᠰᠢᠯᠡᠭᠦᠯᠦᠨ᠎ᠡ᠂ ᠡᠨᠡ᠎ᠨᠢ ᠠᠵᠤ ᠠᠬᠤᠶ᠋ᠢᠯᠠᠯ 100 ᠲᠦᠮᠡᠨ ᠲᠥᠭᠥᠷᠢᠭ᠎ᠤᠨ ᠰᠤᠳᠤᠯᠭ᠋ᠠᠨ᠎ᠤ ᠵᠠᠷᠤᠳᠠᠯ ᠣᠷᠣᠭᠤᠯᠬᠤ ᠪᠦᠷᠢ ᠭᠠᠶ᠋ᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠵᠢᠨ ᠲᠣᠭ᠎ᠠ᠎ᠠᠴᠠ 200 ᠲᠦᠮᠡᠨ ᠲᠥᠭᠥᠷᠢᠭ ᠰᠠᠭᠤᠯᠭ᠋ᠠᠨ ᠠᠪᠤᠭᠰᠠᠨ᠎ᠲᠠᠢ ᠲᠡᠩᠴᠡᠨ᠎ᠡ᠃ ᠡᠨᠡ ᠬᠦ᠌ ᠲᠦᠷᠦ ᠵᠢᠨ ᠪᠤᠳᠤᠯᠭ᠎ᠠ ᠵᠢ ᠬᠡᠷᠡᠭᠵᠢᠭᠦᠯᠪᠡᠯ᠂ ᠵᠢᠱ᠌ᠢᠯᠲᠡ᠎ᠪᠠᠷ ᠨᠢᠳᠤᠨᠤᠨ᠎ᠤ ᠭᠠᠶ᠋ᠢᠯᠢ ᠵᠢ ᠬᠥᠩᠭᠡᠯᠡᠭᠰᠡᠨ ᠬᠡᠮᠵᠢᠶ᠎ᠡ 3600 ᠳ᠋ᠦᠩᠰᠢᠭᠤᠷ ᠲᠥᠭᠥᠷᠢᠭ᠎ᠢ ᠳᠠᠪᠠᠭᠰᠠᠨ ᠰᠠᠭᠤᠷᠢᠨ ᠳᠡᠭᠡᠷ᠎ᠡ᠂ ᠡᠨᠡ ᠵᠢᠯ ᠠᠵᠤ ᠠᠬᠤᠶ᠋ᠢᠯᠠᠯ᠎ᠳᠤ ᠲᠠᠬᠢᠭ᠋ᠠᠳ 800 ᠳ᠋ᠦᠩᠰᠢᠭᠤᠷ ᠲᠥᠭᠥᠷᠢᠭ᠎ᠤᠨ ᠭᠠᠶ᠋ᠢᠯᠢ ᠵᠢ ᠰᠢᠨ᠎ᠡ᠎ᠪᠠᠷ ᠬᠠᠰᠤᠵᠤ ᠥᠭᠬᠦ ᠪᠣᠯᠤᠨ᠎ᠠ᠃ ᠡᠨᠡ ᠬᠦ᠌ ᠲᠦᠷᠢᠮ᠎ᠤᠨ ᠴᠢᠨᠠᠷᠲᠠᠶ ᠲᠣᠬᠢᠷᠠᠭᠤᠯᠤᠯᠲᠠ ᠪᠣᠯ ᠡᠨᠡ ᠵᠢᠯ᠎ᠤᠨ ᠪᠦᠲᠦᠴᠡ ᠵᠢᠨ ᠴᠢᠨᠠᠷᠲᠠᠶ᠎ᠪᠠᠷ ᠭᠠᠶ᠋ᠢᠯᠢ ᠬᠥᠩᠭᠡᠯᠡᠬᠦ ᠠᠵᠢᠯ᠎ᠤᠨ ᠳᠤᠮᠳᠠᠬᠢ ᠡᠷᠴᠢᠮ ᠵᠶ᠋ᠠᠷ ᠬᠠᠮᠤᠭ᠎ᠤᠨ ᠶᠡᠬᠡ ᠲᠥᠷᠥ ᠵᠢᠨ ᠪᠣᠳᠣᠯᠭ᠎ᠠ ᠪᠣᠯᠤᠨ᠎ᠠ᠃ ᠬᠣᠶᠠᠷ᠎ᠲᠤ᠂ ᠰᠤᠳᠤᠯᠭ᠋ᠠᠨ᠎ᠤ ᠵᠠᠷᠤᠳᠠᠯ᠎ᠢ ᠨᠡᠮᠡᠨ ᠪᠤᠳᠤᠵᠤ ᠢᠯᠭ᠋ᠠᠷᠠᠭᠤᠯᠤᠨ ᠲᠤᠰᠢᠶᠠᠬᠤ ᠲᠣᠭ᠋ᠠᠴᠠᠭ᠎ᠠ ᠬᠢᠬᠦ ᠠᠷᠭ᠎ᠠ ᠮᠠᠶᠢᠭ᠎ᠲᠤ ᠥᠭᠡᠷᠡᠴᠢᠯᠡᠯᠲᠡ ᠬᠢᠵᠦ᠂ ᠠᠵᠤ ᠠᠬᠤᠶ᠋ᠢᠯᠠᠯ ᠥᠪᠡᠰᠦᠪᠡᠨ ᠡᠵᠡᠨ ᠮᠡᠳᠡᠵᠦ ᠬᠠᠭ᠋ᠠᠰ ᠵᠢᠯ ᠵᠶ᠋ᠠᠷ ᠨᠡᠮᠡᠨ ᠪᠤᠳᠤᠵᠤ ᠰᠠᠭᠤᠯᠭ᠋ᠠᠨ ᠠᠪᠬᠤ ᠬᠠᠷᠠᠭ᠋ᠠᠯᠵᠠᠯ ᠭᠥᠷᠳᠡᠬᠦ ᠵᠢ᠎ᠨᠢ ᠵᠥᠪᠰᠢᠶᠡᠷᠡᠵᠦ᠂ ᠳᠡᠭᠡᠷ᠎ᠡ ᠬᠠᠭ᠋ᠠᠰ ᠵᠢᠯ᠎ᠤᠨ ᠰᠤᠳᠤᠯᠭ᠋ᠠᠨ᠎ᠤ ᠵᠠᠷᠤᠳᠠᠯ᠎ᠢ ᠳᠠᠷᠠᠭ᠎ᠠ ᠵᠢᠯ᠎ᠤᠨ ᠠᠰᠢᠭ ᠣᠷᠣᠯᠭ᠎ᠠ ᠵᠢᠨ ᠭᠠᠶ᠋ᠢᠯᠢ ᠵᠢ ᠬᠤᠷᠢᠶᠠᠩᠭᠤᠶ᠋ᠢᠯᠠᠨ ᠪᠤᠳᠤᠵᠤ ᠢᠯᠭ᠋ᠠᠷᠠᠭᠤᠯᠤᠨ ᠲᠤᠰᠢᠶᠠᠬᠤ ᠦᠶ᠎ᠡ᠎ᠳᠤ ᠰᠠᠭᠤᠯᠭ᠋ᠠᠨ ᠠᠪᠴᠤ ᠪᠠᠶ᠋ᠢᠭᠰᠠᠨ᠎ᠢ ᠲᠤᠬᠠᠶ ᠵᠢᠨ ᠵᠢᠯ᠎ᠤᠨ 10 ᠳ᠋ᠤᠭ᠋ᠠᠷ ᠰᠠᠷ᠎ᠠ᠎ᠳᠤ ᠤᠷᠢᠳᠴᠢᠯᠠᠨ ᠲᠤᠰᠢᠶᠠᠬᠤ ᠦᠶ᠎ᠡ᠎ᠳᠤ ᠳᠠᠷᠤᠶ ᠰᠠᠭᠤᠯᠭ᠋ᠠᠨ ᠠᠪᠴᠤ᠂ ᠠᠵᠤ ᠠᠬᠤᠶ᠋ᠢᠯᠠᠯ᠎ᠳᠤ ᠡᠷᠲᠡᠬᠡᠨ ᠠᠰᠢᠭ ᠬᠦᠷᠲᠡᠭᠡᠨ᠎ᠡ᠃ ᠡᠭᠦᠨ᠎ᠤ ᠬᠠᠮᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠦᠢ᠍ᠯᠡᠴᠢᠯᠡᠭᠡᠨ᠎ᠤ ᠠᠵᠤ ᠠᠬᠤᠶ᠋ᠢᠯᠠᠯ᠂ 《ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ》 ᠠᠵᠤ ᠠᠬᠤᠶ᠋ᠢᠯᠠᠯ᠎ᠳᠤ ᠭᠠᠶ᠋ᠢᠯᠢ ᠲᠠᠲᠠᠪᠤᠷᠢ ᠵᠢᠨ ᠳᠡᠮᠵᠢᠯᠭᠡ ᠦᠵᠡᠭᠦᠯᠬᠦ ᠲᠥᠷᠥ ᠵᠢᠨ ᠪᠣᠳᠣᠯᠭ᠎ᠠ ᠵᠢ ᠰᠤᠳᠤᠯᠬᠤ ᠬᠡᠷᠡᠭᠲᠡᠶ ᠭᠡᠵᠡᠢ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠨᠢᠯᠴᠠᠭᠤᠯᠬᠤ ᠲᠠᠶ᠋ᠢᠯᠪᠤᠷᠢᠯᠠᠬᠤ ᠵᠢ ᠴᠢᠩᠭ᠋ᠠᠳᠬᠠᠵᠤ᠂ ᠭᠠᠶ᠋ᠢᠯᠢ ᠭᠦᠢ᠍ᠴᠡᠳᠬᠡᠬᠦ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠬᠢᠨᠠᠨ ᠬᠠᠷᠭᠤᠭᠤᠯᠬᠤ ᠶᠠᠪᠤᠴᠠ ᠵᠢ ᠳᠥᠭᠥᠮᠴᠢᠯᠡᠵᠦ᠂ ᠠᠵᠤ ᠠᠬᠤᠶ᠋ᠢᠯᠠᠯ᠎ᠤᠨ ᠲᠦᠷᠦ ᠵᠢᠨ ᠪᠤᠳᠤᠯᠭ᠎ᠠ ᠵᠢᠨ ᠬᠠᠷᠠᠭ᠋ᠠᠯᠵᠠᠯ ᠬᠦᠷᠲᠡᠬᠦ᠎ᠳᠤ ᠲᠦᠬᠦᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠵᠦ᠂ ᠰᠠᠢ᠍ᠢ᠍ᠨ ᠶᠠᠪᠤᠳᠠᠯ᠎ᠢ ᠰᠠᠶ᠋ᠢᠲᠤᠷ ᠬᠢᠬᠦ ᠬᠡᠷᠡᠭᠲᠡᠢ ᠭᠡᠵᠡᠢ᠃
ᠬᠤᠷᠠᠯ᠎ᠠᠴᠠ ᠵᠢᠭ᠋ᠠᠬᠤ᠎ᠳᠤ᠎ᠪᠠᠨ᠂ ᠨᠢᠳᠤᠨᠤᠨ᠎ᠠᠴᠠ ᠨᠠᠭ᠋ᠠᠰᠢ ᠬᠡᠷᠡᠭᠵᠢᠭᠦᠯᠦᠭᠰᠡᠨ ᠵᠢᠵᠢᠭ ᠪᠢᠴᠢᠯ ᠠᠵᠤ ᠠᠬᠤᠶ᠋ᠢᠯᠠᠯ᠎ᠢ ᠳᠡᠮᠵᠢᠬᠦ ᠵᠣᠭᠣᠰᠣᠨ᠎ᠤ ᠲᠦᠷᠦ ᠵᠢᠨ ᠪᠤᠳᠤᠯᠭ᠎ᠠ᠎ᠳᠤ ᠰᠢᠭᠤᠳ ᠬᠦᠷᠬᠦ ᠬᠣᠶᠠᠷ ᠵᠦᠢ᠍ᠯ᠎ᠤᠨ ᠪᠠᠭ᠋ᠠᠵᠢ᠂ ᠲᠤᠬᠠᠶ᠋ᠢᠯᠠᠪᠠᠯ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠪᠠᠩᠬᠢ᠎ᠳᠤ ᠨᠡᠶ᠋ᠢᠳᠡᠮ ᠬᠠᠷᠠᠭ᠋ᠠᠯᠵᠠᠯ ᠬᠦᠷᠲᠡᠬᠦ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠡᠬᠡ ᠬᠦᠦ ᠮᠥᠩᠭᠥ᠎ᠪᠠᠨ ᠪᠤᠴᠠᠭ᠋ᠠᠬᠤ ᠬᠤᠭᠤᠴᠠᠭ᠎ᠠ ᠵᠢ ᠤᠷᠲᠤᠳᠬᠠᠬᠤ ᠭᠠᠷᠳᠠᠮ ᠭᠦᠢ᠍ᠴᠡᠳᠬᠡᠬᠦ ᠵᠢ᠎ᠨᠢ ᠤᠷᠮᠠᠰᠢᠭᠤᠯᠤᠨ ᠵᠣᠷᠢᠭᠵᠢᠭᠤᠯᠵᠤ᠂ ᠲᠡᠭᠦᠨ᠎ᠳᠤ ᠵᠢᠵᠢᠭ ᠪᠢᠴᠢᠯ ᠢᠲᠡᠭᠡᠮᠵᠢᠲᠦ ᠵᠢᠭᠡᠯᠡᠯᠭᠡ ᠲᠠᠯᠪᠢᠬᠤ᠎ᠳᠤ ᠬᠠᠷᠠᠭ᠋ᠠᠯᠵᠠᠯᠲᠤ ᠪᠡᠯᠡ ᠮᠥᠩᠭᠥ ᠵᠢᠨ ᠳᠡᠮᠵᠢᠯᠭᠡ ᠬᠠᠩᠭ᠋ᠠᠵᠤ᠂ ᠵᠢᠵᠢᠭ ᠪᠢᠴᠢᠯ ᠠᠵᠤ ᠠᠬᠤᠶ᠋ᠢᠯᠠᠯ᠎ᠢ ᠬᠠᠪᠰᠤᠷᠤᠨ ᠬᠦᠴᠢᠷ ᠪᠣᠭᠣᠮᠲᠠ ᠵᠢ ᠲᠤᠭᠤᠯᠬᠤ᠂ ᠠᠵᠢᠯ ᠣᠯᠭᠣᠯᠲᠠ ᠵᠢ ᠪᠠᠲᠤᠯᠠᠬᠤ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠵᠤ ᠠᠬᠤᠶ ᠵᠢᠨ ᠦᠨᠳᠦᠰᠦᠨ ᠦᠨ᠎ᠡ ᠵᠢ ᠲᠣᠭᠲᠠᠪᠤᠷᠢᠵᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠦᠭᠰᠡᠨ ᠪᠠᠶ᠋ᠢᠨ᠎ᠠ ᠭᠡᠵᠡᠢ᠃ ᠵᠢᠵᠢᠭ ᠪᠢᠴᠢᠯ ᠠᠵᠤ ᠠᠬᠤᠶ᠋ᠢᠯᠠᠯ᠎ᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠡᠷᠴᠢᠮ ᠵᠶ᠋ᠠᠨ ᠰᠤᠯᠠᠷᠠᠭᠤᠯᠬᠤ ᠦᠭᠡᠶ ᠪᠠᠶ᠋ᠢᠬᠤ ᠵᠢ ᠪᠠᠲᠤᠯᠠᠬᠤ ᠵᠢᠨ ᠲᠥᠯᠥᠭᠡ᠂ ᠵᠢᠵᠢᠭ ᠪᠢᠴᠢᠯ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠬᠤ᠎ᠳᠤ ᠨᠠᠩ ᠲᠥᠬᠥᠮ ᠦᠵᠡᠭᠦᠯᠵᠦ᠂ ᠶᠡᠷᠦᠩᠬᠡᠶ᠋ᠢᠯᠡᠭᠰᠡᠨ ᠪᠠᠯᠠ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠪᠠᠭᠤᠷᠠᠭᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠬᠤᠷᠠᠯ᠎ᠠᠴᠠ ᠲᠣᠭᠲᠠᠭ᠋ᠠᠭᠰᠠᠨ᠎ᠨᠢ᠂ ᠡᠮᠦᠨ᠎ᠡ ᠬᠤᠭᠤᠴᠠᠭ᠋ᠠᠨ᠎ᠳᠤ ᠵᠣᠭᠣᠰᠣᠨ᠎ᠤ ᠲᠥᠷᠥ ᠵᠢᠨ ᠪᠣᠳᠣᠯᠭ᠎ᠠ᠎ᠳᠤ ᠰᠢᠭᠤᠳ ᠬᠥᠷᠬᠥ ᠬᠣᠶᠠᠷ ᠵᠦᠢ᠍ᠯ᠎ᠤᠨ ᠪᠠᠭ᠋ᠠᠵᠢ ᠵᠢ ᠡᠨᠡ ᠵᠢᠯ᠎ᠤᠨ ᠨᠢᠭᠡᠳᠦᠭᠡᠷ ᠤᠯᠠᠷᠢᠯ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠡᠷᠡᠭᠵᠢᠭᠦᠯᠬᠦ ᠬᠤᠭᠤᠴᠠᠭ᠎ᠠ ᠵᠢ ᠡᠨᠡ ᠵᠢᠯ᠎ᠤᠨ ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠵᠤ᠂ ᠵᠢᠵᠢᠭ ᠪᠢᠴᠢᠯ ᠠᠵᠤ ᠠᠬᠤᠶ᠋ᠢᠯᠠᠯ᠎ᠢ ᠳᠠᠬᠢᠨ ᠨᠢᠭᠡ ᠤᠳᠠᠭ᠎ᠠ ᠬᠠᠪᠰᠤᠷᠤᠨ ᠲᠡᠳᠬᠦᠵᠦ᠂ ᠲᠡᠳᠡᠨ᠎ᠤ ᠲᠣᠭᠲᠠᠭᠤᠨ ᠠᠵᠢᠯ ᠣᠯᠭᠣᠯᠲᠠ ᠵᠢᠨ ᠳᠤᠮᠳᠠᠬᠢ ᠴᠢᠬᠤᠯᠠ ᠦᠢ᠍ᠯᠡᠳᠦᠯ᠎ᠢ᠎ᠨᠢ ᠨᠠᠩ ᠰᠠᠶ᠋ᠢᠨ ᠪᠠᠳᠠᠷᠠᠭᠤᠯᠬᠤ ᠬᠡᠷᠡᠭᠲᠡᠢ᠃ ᠨᠢᠭᠡ᠎ᠳᠤ᠂ 2021 ᠣᠨ᠎ᠤ ᠵᠢᠯ᠎ᠤᠨ ᠡᠴᠦᠰ᠎ᠠᠴᠠ ᠡᠮᠦᠨ᠎ᠡ ᠬᠤᠭᠤᠴᠠᠭ᠎ᠠ᠎ᠨᠢ ᠲᠤᠯᠤᠭᠰᠠᠨ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ᠎ᠳᠤ᠂ ᠠᠵᠤ ᠠᠬᠤᠶ᠋ᠢᠯᠠᠯ ᠪᠠ ᠪᠠᠩᠬᠢ ᠡᠵᠡᠨ ᠮᠡᠳᠡᠵᠦ ᠵᠥᠪᠳᠡᠯᠴᠡᠵᠦ ᠪᠠᠶ᠋ᠢᠭ᠋ᠠᠳ ᠡᠬᠡ ᠮᠥᠩᠭᠥ ᠵᠢ ᠪᠤᠴᠠᠭ᠋ᠠᠬᠤ ᠬᠤᠭᠤᠴᠠᠭ᠎ᠠ ᠵᠢ᠎ᠨᠢ ᠤᠷᠲᠤᠳᠬᠠᠬᠤ ᠵᠢᠨ ᠬᠠᠮᠲᠤ ᠵᠢᠭᠡᠯᠡᠯᠭᠡ ᠵᠢᠨ ᠡᠬᠡ ᠮᠥᠩᠭᠥ᠎ᠪᠠᠨ ᠪᠤᠴᠠᠭ᠋ᠠᠬᠤ ᠬᠤᠭᠤᠴᠠᠭ᠎ᠠ ᠵᠢ ᠤᠷᠲᠤᠳᠬᠠᠬᠤ ᠭᠠᠷᠳᠠᠮ ᠭᠦᠢ᠍ᠴᠡᠳᠬᠡᠬᠦ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠢ ᠪᠠᠩᠬᠢ᠎ᠠᠴᠠ ᠦᠷᠭᠦᠯᠵᠢᠯᠡᠨ ᠲᠣᠭᠲᠠᠭ᠋ᠠᠯ ᠶᠣᠰᠣᠭ᠋ᠠᠷ ᠤᠷᠮᠠᠰᠢᠭᠤᠯᠵᠤ᠂ ᠵᠢᠭᠡᠯᠡᠯᠭᠡ ᠵᠢᠨ ᠡᠬᠡ ᠮᠥᠩᠭᠥ ᠵᠢᠨ 1%᠎ᠪᠠᠷ ᠤᠷᠮᠠᠰᠢᠭᠤᠯᠬᠤ ᠬᠠᠷᠢᠴᠠᠯ ᠪᠣᠯᠭ᠋ᠠᠬᠤ ᠬᠡᠷᠡᠭᠲᠡᠢ᠃ ᠬᠣᠶᠠᠷ᠎ᠲᠤ᠂ ᠨᠥᠬᠥᠴᠡᠯ᠎ᠳᠤ ᠨᠡᠶ᠋ᠢᠴᠡᠬᠦ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠳᠤ ᠪᠠᠩᠬᠢ᠎ᠠᠴᠠ ᠵᠢᠵᠢᠭ ᠪᠢᠴᠢᠯ ᠢᠲᠡᠭᠡᠮᠵᠢ ᠵᠢᠨ ᠵᠢᠭᠡᠯᠡᠯᠭᠡ ᠲᠠᠯᠪᠢᠬᠤ᠎ᠳᠤ᠎ᠪᠠᠨ᠂ ᠦᠷᠭᠦᠯᠵᠢᠯᠡᠨ ᠡᠬᠡ ᠮᠥᠩᠭᠥ ᠵᠢᠨ 40%᠎ᠪᠠᠷ ᠬᠠᠷᠠᠭ᠋ᠠᠯᠵᠠᠯ᠎ᠤᠨ ᠪᠠᠯᠠ ᠮᠥᠩᠭᠥ ᠵᠢᠨ ᠳᠡᠮᠵᠢᠯᠭᠡ ᠦᠵᠡᠭᠦᠯᠬᠦ ᠬᠡᠷᠡᠭᠲᠡᠢ᠃ ᠡᠭᠦᠨ᠎ᠤ ᠵᠡᠷᠭᠡᠴᠡᠭᠡᠪᠡᠷ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ᠎ᠳᠤ ᠦᠵᠡᠭᠦᠯᠬᠦ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠨᠡᠮᠡᠭᠳᠡᠭᠦᠯᠬᠦ ᠵᠢ ᠰᠤᠳᠤᠯᠬᠤ ᠬᠡᠷᠡᠭᠲᠡᠶ ᠭᠡᠵᠡᠢ᠃
ᠬᠤᠷᠠᠯ᠎ᠠᠴᠠ ᠵᠢᠭ᠋ᠠᠬᠤ᠎ᠳᠤ᠎ᠪᠠᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ᠎ᠳᠤ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠠᠵᠢᠯ ᠣᠯᠭᠣᠯᠲᠠ ᠵᠢᠨ ᠤᠳᠤᠷᠢᠳᠤᠮᠵᠢ ᠵᠢ ᠲᠤᠪᠤᠢ᠍ᠢ᠍ᠯᠭ᠋ᠠᠵᠤ᠂ ᠠᠵᠢᠯ ᠣᠯᠭᠣᠯᠲᠠ ᠵᠢᠨ ᠪᠦᠲᠦᠴᠡ ᠵᠢᠨ ᠴᠢᠨᠠᠷᠲᠠᠢ ᠵᠥᠷᠢᠴᠡᠯ᠎ᠢ ᠨᠠᠮᠳᠠᠭᠤᠯᠬᠤ ᠪᠠ ᠠᠵᠢᠯ ᠣᠯᠭᠣᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ᠬᠤᠷᠠᠯ᠎ᠠᠴᠠ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠵᠤ᠂ ᠦᠢ᠍ᠯᠡᠳᠪᠦᠷᠢᠯᠡᠬᠦ ᠪᠠ ᠵᠢᠭ᠋ᠠᠨ ᠰᠤᠷᠭ᠋ᠠᠬᠤ ᠵᠢ ᠠᠭᠤᠰᠤᠯᠴᠠᠭᠤᠯᠬᠤ ᠪᠠ ᠰᠤᠷᠭ᠋ᠠᠭᠤᠯᠢ ᠠᠵᠤ ᠠᠬᠤᠶ᠋ᠢᠯᠠᠯ ᠬᠠᠮᠲᠤᠷᠠᠯᠴᠠᠬᠤ᠂ ᠨᠡᠶ᠋ᠢᠭᠡᠮ᠎ᠤᠨ ᠬᠦᠴᠦᠨ᠎ᠠᠴᠠ ᠠᠵᠢᠯ ᠮᠡᠷᠭᠡᠵᠢᠯ᠎ᠤᠨ ᠰᠤᠷᠭ᠋ᠠᠭᠤᠯᠢ ᠡᠷᠬᠢᠯᠡᠬᠦ ᠵᠢ᠎ᠨᠢ ᠳᠡᠮᠵᠢᠬᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠡᠩ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠦᠷ᠎ᠡ ᠪᠦᠲᠦᠭᠡᠯ᠎ᠢ ᠠᠭᠤᠰᠤᠯᠴᠠᠭᠤᠯᠤᠨ ᠬᠠᠷᠢᠯᠴᠠᠨ ᠮᠡᠳᠡᠷᠡᠬᠦ ᠵᠢ ᠠᠬᠢᠭᠤᠯᠬᠤ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃ ᠬᠤᠷᠠᠯ᠎ᠠᠴᠠ ᠲᠥᠰᠦᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠠᠯ᠎ᠳᠤ ᠳᠡᠪᠰᠢᠭᠦᠯᠦᠨ ᠬᠢᠨᠠᠨ ᠵᠥᠪᠯᠡᠭᠦᠯᠬᠦ᠎ᠪᠠᠷ ᠲᠣᠭᠲᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃