ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠺᠦᠪᠠ ᠵᠢᠨ ᠤᠳᠤᠷᠢᠳᠬᠤ ᠬᠥᠮᠤᠰ᠎ᠯᠦᠭᠡ ᠬᠠᠷᠢᠯᠴᠠᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-03-29

      ᠤᠢ᠍ᠢ᠍ᠷ᠎ᠠ᠎ᠳᠤ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠺᠦᠪᠠ ᠵᠢᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠢᠭᠡᠳᠦᠭᠡᠷ ᠱᠦᠵᠢ ᠷᠠᠦ᠋ᠯ · ᠺᠠᠰᠲᠷᠣ᠋ ᠪᠣᠯᠤᠨ ᠪᠦᠬᠦᠳᠡ ᠨᠠᠶ᠋ᠢᠷᠠᠮᠳᠠᠬᠤ ᠺᠦᠪᠠ ᠤᠯᠤᠰ᠎ᠤᠨ ᠲᠡᠷᠢᠭᠦᠯᠡᠭᠴᠢ ᠳ᠋ᠢᠶᠠᠰ — ᠺᠠᠨ᠋ᠸᠯ᠎ᠳᠤ ᠬᠠᠷᠢᠭᠤ ᠵᠠᠬᠢᠳᠠᠯ ᠢᠯᠡᠭᠡᠵᠦ᠂ ᠺᠦᠪᠠ ᠵᠢᠨ ᠤᠳᠤᠷᠢᠳᠬᠤ ᠬᠥᠮᠦᠰ᠎ᠤᠨ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠣᠯᠤᠭᠰᠠᠨ᠎ᠳᠤ ᠪᠠᠶᠠᠷ ᠬᠦᠷᠭᠡᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃
      ᠰᠢ ᠵᠢᠨ ᠫᠢᠩ᠂ ᠳᠤᠮᠳᠠᠳᠤ ᠺᠦᠪᠠ ᠪᠣᠯ ᠰᠠᠢ᠍ᠢ᠍ᠨ ᠨᠠᠶ᠋ᠢᠵᠠ᠂ ᠰᠠᠢ᠍ᠢ᠍ᠨ ᠨᠥᠬᠥᠷ᠂ ᠰᠠᠢ᠍ᠢ᠍ᠨ ᠠᠬ᠎ᠠ ᠳᠡᠭᠦᠦ ᠮᠥᠨ᠃ ᠣᠶ᠋ᠢᠷ᠎ᠠ ᠵᠢᠨ ᠵᠢᠯ᠎ᠠᠴᠠ᠂ ᠳᠤᠮᠳᠠᠳᠤ ᠺᠦᠪᠠ ᠵᠢᠨ ᠤᠯᠠᠮᠵᠢᠯᠠᠯᠲᠤ ᠨᠥᠬᠥᠷᠯᠡᠯ ᠶᠠᠪᠤᠬᠤ ᠲᠤᠳᠤᠮ ᠭᠦᠨᠵᠡᠭᠡᠶ᠋ᠢᠷᠡᠵᠦ᠂ ᠨᠥᠬᠥᠷᠰᠡᠭ ᠬᠠᠮᠳᠤᠷᠠᠯᠴᠠᠭ᠎ᠠ ᠪᠦᠬᠦ ᠲᠠᠯ᠎ᠠ᠎ᠪᠠᠷ ᠬᠥᠭᠵᠢᠵᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠶᠠᠪᠤᠴᠠ᠎ᠳᠤ᠂ ᠳᠤᠮᠳᠠᠳᠤ ᠺᠦᠪᠠ ᠬᠠᠲᠠᠭᠤ ᠪᠡᠷᠬᠡᠰᠢᠶᠠᠯ᠎ᠢ ᠬᠠᠮᠲᠤ᠎ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠣᠶᠠᠷ ᠤᠯᠤᠰ᠎ᠤᠨ ᠨᠥᠬᠥᠷᠯᠡᠯ᠎ᠢ ᠰᠢᠨ᠎ᠠ ᠲᠦᠪᠰᠢᠨ᠎ᠳᠤ ᠬᠦᠷᠭᠡᠪᠡ᠃ ᠳᠤᠮᠳᠠᠳᠤ ᠤᠯᠤᠰ ᠥᠩᠭᠡᠷᠡᠭᠰᠡᠨ᠎ᠲᠠᠢ᠎ᠪᠠᠨ ᠠᠳᠠᠯᠢ᠎ᠪᠠᠷ ᠺᠦᠪᠠ ᠵᠢᠨ ᠨᠡᠶ᠋ᠢᠭᠡᠮ ᠵᠢᠷᠤᠮ᠎ᠤᠨ ᠵᠠᠮ ᠵᠶ᠋ᠠᠷ ᠵᠠᠮᠨᠠᠬᠤ ᠵᠢ ᠪᠠᠷᠢᠮᠲᠠᠯᠠᠬᠤ ᠵᠢ ᠳᠡᠮᠵᠢᠵᠥ᠂ ᠳᠤᠮᠳᠠᠳᠤ ᠺᠦᠪᠠ ᠵᠢᠨ ᠬᠠᠷᠢᠯᠴᠠᠭ᠎ᠠ ᠲᠠᠰᠤᠷᠠᠯᠲᠠ ᠥᠬᠡᠶ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ ᠬᠡᠵᠥ ᠢᠯᠡᠳᠬᠡᠪᠡ᠃
      ᠲᠦᠷᠦᠭᠦᠬᠡᠨ᠂ ᠷᠠᠦ᠋ᠯ · ᠺᠠᠰᠲᠷᠣ᠋ ᠪᠣᠯᠤᠨ ᠳ᠋ᠢᠶᠠᠰ — ᠺᠠᠨ᠋ᠸᠯ ᠰᠢ ᠵᠢᠨ ᠫᠢᠩ᠎ᠳᠤ ᠵᠠᠬᠢᠳᠠᠯ ᠢᠯᠡᠭᠡᠵᠦ᠂ ᠺᠦᠪᠠ ᠵᠢᠨ ᠡᠪ ᠬᠠᠮᠲᠤ ᠨᠠᠮ᠂ ᠺᠦᠪᠠ ᠵᠢᠨ ᠵᠠᠰᠠᠭ᠎ᠤᠨ ᠣᠷᠳᠣᠨ ᠪᠣᠯᠤᠨ ᠠᠷᠠᠳ ᠲᠦᠮᠡᠨ᠎ᠤ ᠡᠮᠦᠨ᠎ᠡ᠎ᠠᠴᠠ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠣᠯᠤᠭᠰᠠᠨ᠎ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ᠎ᠤᠨ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠲᠤᠶ᠋ᠢᠯ᠎ᠤᠨ ᠶᠠᠳᠠᠭᠤ ᠬᠦᠴᠢᠷᠳᠡᠯ᠎ᠢ ᠠᠷᠢᠯᠭ᠋ᠠᠬᠤ ᠲᠡᠮᠡᠴᠡᠯ᠎ᠳᠤ ᠠᠭᠤᠤ ᠶᠡᠬᠡ ᠠᠮᠵᠢᠯᠲᠠ ᠤᠯᠵᠥ᠂ ᠠᠷᠪᠠᠨ ᠵᠢᠯ ᠤᠷᠢᠳᠴᠢᠯᠠᠨ 《ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ》᠎ᠳᠤ ᠲᠣᠭᠲᠠᠭ᠋ᠠᠭᠰᠠᠨ ᠶᠠᠳᠠᠭᠤ ᠬᠦᠴᠢᠷᠳᠡᠯ᠎ᠢ ᠠᠷᠢᠯᠭ᠋ᠠᠬᠤ ᠬᠠᠷᠠᠯᠲᠠ ᠵᠢ ᠪᠡᠶᠡᠯᠡᠭᠦᠯᠦᠭᠰᠡᠨ᠎ᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ᠂ ᠺᠦᠪᠠ ᠵᠢᠨ᠎ᠬᠢᠨ ᠳᠤᠷᠠᠲᠠᠶ᠎ᠠ ᠬᠣᠶᠠᠷ ᠤᠯᠤᠰ᠎ᠤᠨ ᠨᠥᠬᠥᠷᠰᠡᠭ ᠬᠠᠮᠲᠤᠷᠠᠯᠴᠠᠭ᠋ᠠᠨ᠎ᠤ ᠬᠠᠷᠢᠯᠴᠠᠭ᠎ᠠ ᠵᠢ ᠡᠷᠡᠰ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠦᠨ᠎ᠡ ᠭᠡᠵᠦ ᠢᠯᠡᠳᠬᠡᠭᠰᠡᠨ ᠪᠠᠢ᠍ᠢ᠍ᠨ᠎ᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠡᠪᠰᠡᠭᠲᠦ ᠴᠠᠭᠳᠠᠭ᠎ᠠ ᠵᠢᠨ ᠬᠤᠶᠠᠳᠤᠭ᠋ᠠᠷ ᠪᠡᠯᠡᠳᠬᠡᠯ ᠶᠡᠷᠦᠩᠬᠡᠶ ᠠᠩᠭᠢ ᠵᠢ ᠪᠠᠶ᠋ᠢᠴᠠᠭ᠋ᠠᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠴᠡᠷᠢᠭ ᠪᠣᠯᠪᠠᠰᠤᠷᠠᠭᠤᠯᠵᠤ ᠲᠡᠶ᠋ᠢᠨ᠎ᠳᠤ ᠪᠡᠯᠡᠳᠬᠡᠬᠦ ᠵᠢ ᠪᠥᠬᠦ ᠲᠠᠯ᠎ᠠ᠎ᠪᠠᠷ ᠴᠢᠩᠭ᠋ᠠᠳᠬᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠳᠠᠪᠤᠷᠢ᠎ᠪᠠᠨ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠳᠡᠢ
ᠰᠢ ᠵᠢᠨ ᠫᠢᠩ ᠪᠦᠬᠦ ᠤᠯᠤᠰ᠎ᠤᠨ ᠬᠠᠷ᠎ᠠ ᠪᠦᠯᠦᠭᠲᠡᠡ ᠬᠠᠷᠬᠢᠰ ᠬᠦᠴᠤᠠ᠎ᠢ ᠠᠷᠢᠯᠭ᠋ᠠᠬᠤ ᠲᠤᠰᠬᠠᠢ ᠲᠡᠮᠡᠴᠡᠯ᠎ᠢ ᠳ᠋ᠦᠩᠨᠡᠵᠥ ᠬᠦᠬᠢᠭᠦᠯᠦᠨ ᠰᠠᠢ᠍ᠢ᠍ᠰᠢᠶᠠᠬᠤ ᠶᠡᠬᠡ ᠬᠤᠷᠠᠯ᠎ᠳᠤ ᠤᠷᠤᠯᠴᠠᠭᠰᠠᠠ ᠲᠦᠯᠦᠭᠡᠯᠡᠭᠴᠢᠳ᠎ᠲᠠᠢ ᠠᠭᠤᠯᠵᠠᠵᠠᠢ ᠸᠠᠩ ᠬᠤ᠌ ᠨᠢᠩ ᠵᠤᠤ ᠯᠸ ᠵᠢᠢ ᠠᠭᠤᠯᠵᠠᠯᠲᠠ᠎ᠳᠤ ᠤᠷᠤᠯᠴᠠᠪᠠ
ᠰᠢ ᠵᠢᠨ ᠫᠢᠩ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠡᠢ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠡ ᠬᠤᠷᠠᠯ ᠬᠤᠷᠠᠯᠳᠤᠭᠤᠯᠵᠤ ᠰᠢ ᠵᠢᠨ ᠫᠢᠩ ᠬᠤᠷᠠᠯ᠎ᠢ ᠡᠷᠬᠢᠯᠡᠵᠠᠢ
《ᠦᠨᠡᠨ》 ᠰᠡᠳᠭᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ 《ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠤᠨ ᠳᠠᠢ᠍ᠢ᠍ᠴᠢᠯᠠᠯᠳᠠ ᠵᠢᠨ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠢ᠍ᠢ᠍ᠳᠡᠯᠡᠪᠠ
 
            